| ᠠᠪᠠᠭ᠎ᠠ ᠵᠠᠰᠠᠭ ᠦᠰᠦᠭ ﹇2019﹈ 45 ᠳ᠋ᠤᠭᠠᠷ ᠲᠤᠭᠠᠳᠤ | 2019 ᠤᠨ ᠤ ᠲᠡᠬᠡᠷ᠎ᠠ ᠬᠠᠭᠠᠰ ᠵᠢᠯ ᠤᠨ ᠤᠯᠤᠰ ᠠᠷᠡᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ | ᠲᠦᠯᠤᠪᠵᠢᠬᠦᠯᠬᠡ | ᠶᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ | ᠮᠡᠳᠡᠬᠦᠯᠤᠯᠳᠠ | | ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ᠄ | ᠤᠳᠤ ᠠᠪᠠᠭ᠎ᠠ ᠬᠤᠰᠢᠭᠤᠨ ᠤ 2019 ᠤᠨ ᠤ ᠲᠡᠬᠡᠷ᠎ᠠ ᠬᠠᠭᠠᠰ ᠵᠢᠯ ᠤᠨ ᠤᠯᠤᠰ ᠠᠷᠡᠳ ᠤᠨ ᠠᠵᠤ ᠠᠬᠤᠢ | ᠪᠠ ᠨᠠᠶᠢᠬᠡᠮ ᠤᠨ ᠬᠦᠭᠵᠢᠯᠳᠠ ᠶᠢᠨ ᠲᠦᠯᠤᠪᠵᠢᠬᠦᠯᠬᠡ ᠶᠢ ᠬᠡᠷᠡᠭᠵᠢᠬᠦᠯᠦᠭᠰᠡᠨ ᠪᠠᠶᠢᠳᠠᠯ ᠢ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠮᠡᠳᠡᠬᠦᠯᠪᠠ᠂ ᠬᠢᠨᠠᠨ ᠵᠦᠪᠯᠡᠬᠦ ᠪᠤᠯᠪᠠᠤ᠃ | 2019 ᠤᠨ ᠤ 11 ᠰᠠᠷ᠎ᠠ ᠶᠢᠨ 1 ᠤ ᠡᠳᠤᠷ | 2019 ᠤᠨ ᠤ ᠲᠡᠬᠡᠷ᠎ᠠ ᠬᠠᠭᠠᠰ ᠵᠢᠯ ᠤᠨ ᠤᠯᠤᠰ ᠠᠷᠡᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ | ᠲᠦᠯᠤᠪᠵᠢᠬᠦᠯᠬᠡ | ᠶᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ | ᠮᠡᠳᠡᠬᠦᠯᠤᠯᠳᠠ | | ᠦᠨᠤ ᠵᠢᠯ᠂ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠡᠢ ᠤᠳᠤᠷᠢᠳᠤᠯᠭ᠎ᠠ ᠲᠤᠤᠷ᠎ᠠ᠂ ᠬᠤᠰᠢᠭᠤ | ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠬᠢᠨᠠᠯᠳᠠ | ᠲᠤᠤᠷ᠎ᠠ᠂ ᠬᠤᠰᠢᠭᠤ ᠲᠠᠶᠠᠭᠠᠷ ᠨᠠᠮ ᠤᠨ ᠱᠤᠭᠤᠮ ᠴᠢᠭᠯᠡᠯᠳᠡ ᠲᠦᠷᠤ ᠶᠢᠨ ᠪᠤᠳᠤᠯᠭ᠎ᠠ ᠶᠢ ᠬᠦᠡᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠦᠭᠵᠢᠯᠳᠠ ᠶᠢᠨ ᠦᠵᠡᠯᠳᠡ ᠶᠢ ᠦᠢᠯᠡᠳᠤᠯᠬᠡᠵᠢᠬᠦᠯᠵᠤ᠂ | ︽ᠠᠷᠡᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠤᠷᠬᠡᠭᠵᠢᠬᠦᠯᠬᠦ︾ ᠪᠠᠶᠢᠯᠳᠤᠬᠤ ᠪᠤᠳᠤᠯᠭ᠎ᠠ ᠶᠢ ᠨᠠᠷᠢᠨ ᠨᠢᠮᠪᠠᠢ | ᠬᠡᠷᠡᠭᠵᠢᠬᠦᠯᠵᠤ᠂ ᠬᠦᠭᠵᠢᠯᠳᠠ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠢᠳᠡᠪᠬᠢᠳᠡᠢ ᠠᠬᠢᠭᠤᠯᠵᠤ᠂ ᠬᠦᠭᠵᠢᠯᠳᠠ | ᠶᠢᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠦᠭᠰᠡᠨ ᠠᠴᠠ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ | ᠬᠦᠭᠵᠢᠯᠳᠠ ᠰᠢᠨ᠎ᠠ ᠦᠷ᠎ᠠ ᠪᠦᠳᠤᠮᠵᠢ ᠤᠯᠵᠤ᠂ ᠡᠯ᠎ᠠ ᠲᠦᠷᠤᠯ ᠤᠨ ᠠᠵᠢᠯ ᠢ ᠡᠮᠬᠢ ᠲᠠᠷᠠᠭ᠎ᠠ ᠲᠠᠢ ᠲᠦᠯᠬᠢᠨ | ᠠᠬᠢᠭᠤᠯᠪᠠ᠃ | ᠨᠢᠬᠡ᠂ ᠤᠯᠤᠰ ᠠᠷᠡᠳ ᠤᠨ ᠠᠵᠤ ᠠᠬᠤᠢ ᠪᠠ ᠨᠠᠶᠢᠬᠡᠮ ᠤᠨ ᠬᠦᠭᠵᠢᠯᠳᠠ ᠶᠢᠨ ᠲᠦᠯᠤᠪᠵᠢᠬᠦᠯᠬᠡ ᠶᠢ | ᠬᠡᠷᠡᠭᠵᠢᠬᠦᠯᠦᠭᠰᠡᠨ ᠪᠠᠶᠢᠳᠠᠯ | ︵ᠨᠢᠬᠡ︶ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠶᠢ ᠪᠠᠶᠠᠯᠠᠬᠦᠯᠦᠭᠰᠡᠨ ᠪᠠᠶᠢᠳᠠᠯ | 2019 ᠤᠨ ᠤ ᠲᠡᠬᠡᠷ᠎ᠠ ᠬᠠᠭᠠᠰ ᠵᠢᠯ᠂ ᠪᠦᠬᠦ ᠬᠤᠰᠢᠭᠤᠨ ᠤ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ | ᠦᠷᠳᠡᠭ 0.9% ᠪᠠᠷ ᠨᠡᠮᠡᠭᠳᠡᠵᠤ᠂ ᠪᠦᠬᠦ ᠠᠶᠢᠮᠠᠭ ᠲᠤ 8 ᠳᠤ ᠵᠢᠭᠰᠠᠭᠠᠭᠳᠠᠪᠠ᠃ ᠡᠬᠦᠨ ᠤ ᠲᠤᠳᠤᠷ᠎ᠠ᠂ | ᠨᠢᠬᠡᠳᠤᠬᠡᠷ ᠠᠵᠤ ᠦᠢᠯᠡᠰ ᠤᠨ ᠨᠠᠮᠡᠭᠳᠡᠯ ᠦᠷᠳᠡᠭ 1.9% ᠪᠠᠷ ᠨᠡᠮᠡᠭᠳᠡᠵᠤ᠂ ᠪᠦᠬᠦ ᠠᠶᠢᠮᠠᠭ ᠳᠤ 5 ᠳᠤ | ᠵᠢᠭᠰᠠᠭᠠᠭᠳᠠᠵᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 3.0% ᠪᠠᠷ ᠲᠤᠷᠤᠭᠰᠢᠯᠠᠵᠤ᠂ ᠪᠦᠬᠦ | ᠠᠶᠢᠮᠠᠭ ᠲᠤ 9 ᠳᠤ ᠵᠢᠭᠰᠠᠭᠠᠭᠳᠠᠵᠤ ︵ᠡᠬᠦᠨ ᠤ ᠲᠤᠳᠤᠷ᠎ᠠ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 8.3% | ᠪᠠᠷ ᠲᠤᠷᠤᠭᠰᠢᠯᠠᠵᠤ᠂ ᠪᠦᠬᠦ ᠠᠶᠢᠮᠠᠭ ᠲᠤ 10 ᠳ᠋ᠤᠭᠠᠷ︶︔ ᠭᠤᠷᠪᠡᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ 6.1% ᠪᠠᠷ ᠨᠡᠮᠡᠭᠳᠡᠵᠤ᠂ ᠪᠦᠬᠦ ᠠᠶᠢᠮᠠᠭ ᠲᠤ 8 ᠳᠤ ᠵᠢᠭᠰᠠᠭᠠᠭᠳᠠᠪᠠ᠃ ᠡᠩ ᠤᠨ ᠤᠯᠠᠨ ᠨᠠᠶᠢᠳᠠ ᠶᠢᠨ | ᠲᠦᠰᠤᠪᠯᠡᠨ ᠪᠤᠳᠤᠯᠳᠠ ᠶᠢᠨ ᠤᠷᠤᠯᠭ᠎ᠠ 8301 ᠲᠦᠮᠡᠨ ᠲᠦᠬᠦᠷᠢᠭ᠂ ᠪᠦᠬᠦ ᠠᠶᠢᠮᠠᠭ ᠲᠤ 11 ᠳᠤ | ᠵᠢᠭᠰᠠᠭᠠᠭᠳᠠᠵᠤ᠂ 1.2% ᠪᠠᠷ ᠨᠡᠮᠡᠭᠳᠡᠵᠤ᠂ ᠪᠦᠬᠦ ᠠᠶᠢᠮᠠᠭ ᠲᠤ 7 ᠳᠤ ᠵᠢᠭᠰᠠᠭᠠᠭᠳᠠᠪᠠ᠃ ᠠᠷᠡᠳ ᠤᠨ | ᠠᠮᠢᠳᠤᠷᠡᠯ ᠤᠨ ᠬᠢᠷᠢ ᠲᠦᠪᠰᠢᠨ ᠲᠠᠰᠤᠷᠠᠯᠳᠠ ᠦᠬᠡᠢ ᠲᠡᠬᠡᠭᠰᠢᠯᠡᠵᠤ᠂ ᠪᠦᠬᠦ ᠰᠠᠭᠤᠭᠠᠯᠢ ᠠᠷᠡᠳ ᠤᠨ ᠬᠦᠮᠤᠨ | ᠪᠦᠷᠢ ᠳᠤ ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ 14568 ᠲᠦᠬᠦᠷᠢᠭ ᠲᠤ ᠬᠦᠷᠴᠤ᠂ ᠪᠦᠬᠦ | ᠠᠶᠢᠮᠠᠭ ᠲᠤ 7 ᠳᠤ ᠵᠢᠭᠰᠠᠭᠠᠭᠳᠠᠵᠤ᠂ 8.6% ᠪᠠᠷ ᠨᠡᠮᠡᠭᠳᠡᠵᠤ᠂ ᠪᠦᠬᠦ ᠠᠶᠢᠮᠠᠭ ᠲᠤ 4 ᠳᠤ ᠵᠢᠭᠰᠠᠭᠠᠭᠳᠠᠪᠠ᠃ | ᠡᠬᠦᠨ ᠤ ᠲᠤᠳᠤᠷ᠎ᠠ᠂ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠪᠦᠷᠢ ᠳᠤ | ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ 19763 ᠲᠦᠬᠦᠷᠢᠭ ᠲᠤ ᠬᠦᠷᠴᠤ᠂ ᠪᠦᠬᠦ ᠠᠶᠢᠮᠠᠭ ᠳᠤ | 8 ᠳᠤ ᠵᠢᠭᠰᠠᠭᠠᠭᠳᠠᠵᠤ᠂ 6.7% ᠪᠠᠷ ᠨᠡᠮᠡᠭᠳᠡᠵᠤ᠂ ᠪᠦᠬᠦ ᠠᠶᠢᠮᠠᠭ ᠲᠤ 4 ᠳᠤ ᠵᠢᠭᠰᠠᠭᠠᠭᠳᠠᠪᠠ᠃ ᠮᠠᠯᠵᠢᠬᠤ | ᠤᠷᠤᠨ ᠤ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠪᠦᠷᠢ ᠳᠤ ᠲᠡᠭᠰᠢᠳᠬᠡᠭᠰᠡᠨ ᠲᠤᠬᠢᠷᠠᠭᠤᠯᠵᠤ | ᠪᠤᠯᠬᠤᠶᠢᠴᠠ ᠤᠷᠤᠯᠭ᠎ᠠ 9961 ᠲᠦᠬᠦᠷᠢᠭ ᠲᠤ ᠬᠦᠷᠴᠤ᠂ ᠪᠦᠬᠦ ᠠᠶᠢᠮᠠᠭ ᠲᠤ 3 ᠳᠤ ᠵᠢᠭᠰᠠᠭᠠᠭᠳᠠᠵᠤ᠂ 8. | 6% ᠪᠠᠷ ᠨᠡᠮᠡᠭᠳᠡᠵᠤ᠂ ᠪᠦᠬᠦ ᠠᠶᠢᠮᠠᠭ ᠲᠤ 6 ᠳᠤ ᠵᠢᠭᠰᠠᠭᠠᠭᠳᠠᠪᠠ᠃ | ︵ᠬᠤᠶᠡᠷ︶ ᠠᠵᠤ ᠠᠬᠤᠢ ᠶᠢᠨ ᠵᠤᠬᠢᠴᠠᠩᠭᠤᠢ ᠬᠦᠭᠵᠢᠯᠳᠠ ᠶᠢ ᠲᠠᠰᠤᠷᠠᠯᠳᠠ ᠦᠬᠡᠢ ᠠᠬᠢᠭᠤᠯᠪᠠ | ⒈ ᠠᠵᠤ ᠦᠢᠯᠡᠰ ᠤᠨ ᠪᠦᠳᠤᠴᠠ ᠶᠢ ᠬᠦᠴᠤᠯᠠᠨ ᠰᠢᠯᠢᠳᠡᠭᠵᠢᠬᠦᠯᠪᠠ | ᠮᠠᠯ ᠠᠵᠤ ᠠᠬᠤᠢ ᠶᠢᠨ ᠰᠠᠭᠤᠷᠢ ᠶᠢ ᠤᠯᠠᠮ ᠨᠢᠬᠡ ᠠᠯᠬᠤᠮ ᠪᠠᠬᠢᠵᠢᠬᠦᠯᠪᠠ᠃ ᠮᠠᠯ ᠤᠨ ᠲᠤᠭ᠎ᠠ ᠲᠤᠯᠤᠭᠠᠢ ᠶᠢ | ᠵᠤᠬᠢᠰᠳᠡᠢ ᠬᠢᠵᠠᠭᠠᠷᠯᠠᠵᠤ᠂ ᠮᠠᠯ ᠤᠨ ᠪᠦᠳᠤᠴᠠ ᠶᠢ ᠲᠤᠬᠢᠷᠠᠭᠤᠯᠵᠤ᠂ ᠮᠠᠯ ᠤᠨ ᠡᠬᠦᠯᠳᠡᠷ ᠢ ᠰᠠᠶᠢᠵᠢᠷᠠᠭᠤᠯᠪᠠ᠃ | ᠮᠠᠯᠵᠢᠯ ᠤᠨ ᠤᠨ ᠤ ᠮᠠᠯ ᠤᠨ ᠭᠠᠷᠭᠠᠯᠳᠠ 185 ᠲᠦᠮᠡᠨ ᠲᠤᠯᠤᠭᠠᠢ ᠳᠤ ᠬᠦᠷᠴᠤ᠂ ᠠᠳᠠᠯᠢ ᠬᠤᠭᠤᠴᠠᠭᠠᠨ ᠠᠴᠠ | 12.5 ᠲᠦᠮᠡᠨ ᠲᠤᠯᠤᠭᠠᠢ ᠪᠠᠭᠠᠰᠴᠤ᠂ 6.3% ᠪᠠᠷ ᠲᠤᠷᠤᠭᠰᠢᠯᠠᠵᠤ᠂ ᠬᠤᠨᠢ ᠶᠢ ᠴᠦᠬᠡᠴᠢᠯᠡᠨ ᠦᠬᠡᠷ ᠢ | ᠨᠡᠮᠡᠭᠳᠡᠬᠦᠯᠵᠤ ᠠᠩᠬ᠎ᠠ ᠠᠯᠬᠤᠮ ᠤᠨ ᠦᠷ᠎ᠠ ᠪᠦᠳᠤᠮᠵᠢ ᠶᠢ ᠤᠯᠪᠠ᠃ ᠡᠬᠦᠨ ᠤ ᠲᠤᠳᠤᠷ᠎ᠠ᠄ ᠬᠤᠨᠢ ᠶᠢ 14.3 | ᠲᠦᠮᠡᠨ ᠲᠤᠯᠤᠭᠠᠢ ᠪᠠᠭᠠᠰᠴᠤ᠂ 8.0% ᠪᠠᠷ ᠲᠤᠷᠤᠭᠰᠢᠯᠠᠪᠠ︔ ᠦᠬᠡᠷ ᠢ 2 ᠲᠦᠮᠡᠨ ᠲᠤᠯᠤᠭᠠᠢ ᠨᠡᠮᠡᠭᠳᠡᠬᠦᠯᠵᠤ᠂ | 12.1% ᠪᠠᠷ ᠨᠡᠮᠡᠭᠳᠡᠪᠠ᠃ ᠨᠠᠶᠢᠳᠠ 85.7 ᠲᠦᠮᠡᠨ ᠲᠦᠯ ᠮᠠᠯ ᠲᠤᠰᠴᠤ ︵ᠡᠬᠦᠨ ᠤ ᠲᠤᠳᠤᠷ᠎ᠠ ᠲᠤᠭᠤᠯ 6. | 3 ᠲᠦᠮᠨ︶᠂ ᠠᠳᠠᠯᠢ ᠬᠤᠭᠤᠴᠠᠭᠠᠨ ᠠᠴᠠ 2.3 ᠲᠦᠮᠡᠨ ᠲᠤᠯᠤᠭᠠᠢ ᠪᠠᠭᠠᠰᠴᠤ᠂ ᠲᠦᠯᠤᠪᠯᠡᠭᠡ ᠪᠠᠨ 107% | ᠪᠠᠷ ᠪᠠᠶᠠᠯᠠᠬᠦᠯᠪᠠ᠃ ᠰᠢᠯᠢᠳᠡᠭ ᠡᠬᠦᠯᠳᠡᠷ ᠤᠨ ᠮᠢᠬᠠᠨ ᠤ ᠦᠬᠡᠷ1949 ᠲᠤᠯᠤᠭᠠᠢ ᠤᠷᠤᠭᠤᠯᠵᠤ᠂ 3.1 ᠲᠦᠮᠡᠨ | ᠲᠤᠯᠤᠭᠠᠢ ᠰᠢᠮᠧᠨ᠋ᠲ᠋ᠧᠷ ᠦᠬᠡᠷ ᠲᠤ ᠡᠬᠦᠯᠳᠡᠷ ᠰᠠᠶᠢᠵᠢᠷᠠᠭᠤᠯᠵᠤ᠂ ᠮᠢᠬᠠᠨ ᠤ ᠦᠬᠡᠷ ᠤᠨ 28 ᠭᠤᠤᠯᠳᠠᠯᠭᠠᠳᠤ | ᠰᠦᠷᠦᠭ ᠳᠤ ᠬᠢᠨᠡᠨ ᠲᠤᠭᠳᠠᠭᠠᠯᠳᠠ ᠬᠢᠵᠤ᠂ ᠪᠡᠯᠡᠳᠬᠡᠯ ᠬᠤᠴᠠ ᠶᠢ ᠰᠢᠭᠰᠢᠨ ᠰᠢᠯᠭᠠᠷᠠᠭᠤᠯᠬᠤ ᠠᠵᠢᠯ ᠢ | ᠦᠷᠨᠢᠬᠦᠯᠵᠤ᠂ 5380 ᠪᠡᠯᠡᠳᠬᠡᠯ ᠬᠤᠴᠠ ᠶᠢ ᠰᠢᠭᠰᠢᠨ ᠦᠯᠡᠳᠡᠬᠡᠵᠤ᠂ ᠮᠢᠬᠠᠨ ᠤ ᠬᠤᠨᠢᠨ ᠤ ᠭᠤᠤᠯᠳᠠᠯᠭᠠᠳᠤ | ᠰᠦᠷᠦᠭ 111 ᠡᠷᠤᠬᠡ᠂ ᠰᠢᠨ᠎ᠠ ᠪᠠᠷ ᠮᠢᠬᠠᠨ ᠤ ᠬᠤᠨᠢᠨ ᠤ ᠭᠤᠤᠯᠳᠠᠯᠭᠠᠳᠤ ᠰᠦᠷᠦᠭ 10 ᠶᠢ ᠪᠠᠶᠢᠭᠤᠯᠪᠠ᠃ | ᠨᠠᠷᠠ ᠲᠡᠮᠳᠡᠭᠳᠤ ᠶᠢᠨ ᠪᠠᠶᠢᠭᠤᠯᠤᠯᠳᠠ ᠪᠠ ︽ ᠤᠷᠢᠶᠠᠩᠬᠠᠢ ᠬᠤᠨᠢ︾ ᠶᠢᠨ ᠤᠷᠭᠠᠨᠢᠭ ᠪᠦᠳᠤᠬᠡᠭᠳᠡᠬᠦᠨ ᠢ ᠬᠢᠨᠡᠨ | ᠲᠤᠳᠤᠯᠠᠬᠤ ᠠᠵᠢᠯ ᠢ ᠠᠬᠢᠭᠤᠯᠵᠤ᠂ ᠮᠢᠬᠠᠨ ᠤ ᠬᠤᠨᠢᠨ ᠤ ᠰᠠᠭᠤᠷᠢᠨ ᠭᠠᠵᠡᠷ ᠪᠠᠶᠢᠭᠤᠯᠵᠤ᠂ ᠤᠷᠢᠶᠠᠩᠬᠠᠢ ᠡᠬᠦᠯᠳᠡᠷ | ᠤᠨ ᠬᠤᠨᠢ ᠶᠢ ᠬᠢᠨᠡᠨ ᠲᠤᠳᠤᠯᠠᠬᠤ ᠪᠠᠷᠢᠮᠵᠢᠶ᠎ᠠ ᠲᠤᠭᠳᠠᠭᠠᠵᠤ᠂ ︽ᠤᠷᠢᠶᠠᠩᠬᠠᠢ ᠬᠤᠨᠢ︾ ᠶᠢᠨ ᠦᠷ᠎ᠠ ᠶᠢᠨ ᠮᠠᠯ ᠤᠨ | ᠰᠠᠭᠤᠷᠢᠨ 3 ᠶᠢ ᠪᠠᠶᠢᠭᠤᠯᠵᠤ᠂ ᠭᠤᠤᠯᠳᠠᠯᠭᠠᠳᠤ ᠰᠦᠷᠦᠭ 45 ᠶᠢ ᠪᠤᠶᠢᠵᠢᠭᠤᠯᠪᠠ᠃ ᠦᠪᠡᠷᠳᠡᠬᠡᠨ ᠵᠠᠰᠠᠬᠤ | ᠤᠷᠤᠨ ᠤ ᠨᠠᠷᠠ ᠲᠡᠮᠳᠡᠭᠳᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠨᠠᠶᠢᠬᠡᠮᠯᠢᠭ ᠳᠤ ︽ᠤᠷᠢᠶᠠᠩᠬᠠᠢ ᠬᠤᠨᠢ︾ ︽ | ᠤᠷᠢᠶᠠᠩᠬᠠᠢ ᠬᠤᠨᠢᠨ ᠮᠢᠬ᠎ᠠ︾ ︽ᠠᠪᠠᠭ᠎ᠠ ᠬᠠᠷ᠎ᠠ ᠠᠳᠤᠭᠤ︾ ︽ᠠᠪᠠᠭ᠎ᠠ ᠴᠡᠭᠡ︾ ᠶᠢ ᠠᠮᠢ ᠠᠬᠤᠢ ᠶᠢᠨ | ᠪᠠᠶᠢᠭᠠᠯᠢᠯᠢᠭ ᠪᠦᠳᠤᠬᠡᠭᠳᠡᠬᠦᠨ ᠤ ᠵᠢᠱᠢᠶ᠎ᠠ ᠦᠵᠡᠬᠦᠯᠬᠦ ᠲᠤᠭᠤᠷᠢᠭ ᠪᠠᠷ ᠡᠷᠡᠮᠡᠯᠵᠡᠯᠡᠨ ᠮᠡᠳᠡᠬᠦᠯᠵᠤ᠂ ᠤᠳᠤ ᠠᠶᠢᠮᠠᠭ | ᠤᠨ ᠠᠵᠢᠯ ᠮᠠᠷᠬᠡᠵᠢᠯ ᠤᠨ ᠲᠡᠬᠡᠳᠤ ᠰᠤᠷᠭᠠᠭᠤᠯᠢ ᠳᠤ ᠠᠪᠠᠭ᠎ᠠ ᠴᠡᠭᠡ ᠶᠢᠨ ᠭᠠᠵᠡᠷ ᠵᠦᠢ ᠶᠢᠨ ᠲᠡᠮᠳᠡᠭᠳᠤ | ᠬᠠᠮᠠᠭᠠᠯᠠᠯᠳᠠ ᠶᠢᠨ ᠲᠠᠸᠡᠷ ᠤᠨ ᠪᠦᠳᠤᠬᠡᠭᠳᠡᠬᠦᠨ ᠢᠶᠠᠷ ᠡᠷᠡᠮᠡᠯᠵᠡᠯᠡᠬᠦ ᠮᠠᠲ᠋ᠧᠷᠢᠶᠠᠯ ᠢ ᠲᠠᠪᠰᠢᠬᠦᠯᠦᠭᠰᠡᠨ ᠪᠠᠶᠢᠨ᠎ᠠ᠃ | ᠤᠯᠠᠭᠠᠡᠬᠠᠳᠠ ᠶᠢᠨ ᠪᠠᠶᠢᠭᠠᠯᠢᠯᠢᠭ ᠪᠦᠳᠤᠬᠡᠭᠳᠡᠬᠦᠨ ᠤ ᠬᠢᠵᠠᠭᠠᠷᠳᠤ ᠺᠤᠮᠫᠠᠨᠢ ᠲᠠᠢ ᠬᠠᠮᠳᠤᠷᠴᠠᠨ ᠡᠯᠧᠺᠲᠷᠤᠨ | ᠠᠷᠠᠯᠵᠢᠶᠠᠨ ᠤ ᠲᠠᠪᠴᠠᠩ ᠪᠠᠶᠢᠭᠤᠯᠪᠠ᠃ ᠠᠮᠢᠳᠤ ᠮᠠᠯ ᠤᠨ ᠠᠷᠠᠯᠵᠢᠶᠠᠨ ᠤ ᠵᠠᠬ᠎ᠠ ᠤᠨ ᠪᠠᠶᠢᠭᠤᠯᠤᠯᠳᠠ ᠪᠡᠯᠡᠳᠬᠡᠯ | ᠬᠤᠭᠤᠴᠠᠭᠠᠨ ᠤ ᠠᠵᠢᠯ ᠢ ᠡᠬᠢᠯᠡᠬᠦᠯᠪᠠ᠃ ᠬᠠᠪᠤᠷ ᠤᠨ ᠤᠯᠠᠷᠢᠯ ᠤᠨ ᠬᠢᠵᠢᠭ ᠰᠡᠷᠬᠡᠶᠢᠯᠡᠬᠦ ᠲᠠᠷᠢᠯᠭ᠎ᠠ 100% ᠳᠤ | ᠬᠦᠷᠪᠡ᠃ ᠡᠵᠡᠩᠨᠡᠯᠳᠡ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠵᠤ᠂ ᠰᠢᠨ᠎ᠠ | ᠪᠠᠷ 3 ᠬᠤᠷᠰᠢᠶᠠᠵᠢᠯ ᠢ ᠲᠦᠷᠢᠮᠵᠢᠬᠦᠯᠵᠤ᠂ 3 ᠬᠤᠷᠰᠢᠶᠠᠵᠢᠯ᠂ ᠬᠡᠷ ᠪᠦᠯᠢ ᠶᠢᠨ ᠮᠠᠯᠵᠢᠯ ᠤᠨ ᠲᠠᠯᠠᠪᠠᠢ 17 ᠶᠢ | ᠲᠠᠩᠰᠠᠯᠠᠭᠰᠡᠨ ᠪᠠᠶᠢᠨ᠎ᠠ᠃ ᠡᠷᠳᠡᠨᠢ ᠤᠯᠠᠭᠠᠨ ᠢᠳᠡᠬᠡᠨ ᠤ ᠡᠳ᠋ᠰᠢᠬᠦᠯᠬᠦ ᠬᠢᠵᠠᠭᠠᠷᠳᠤ ᠺᠤᠮᠫᠠᠨᠢ ᠪᠠᠷ | ᠲᠤᠯᠤᠭᠠᠶᠢᠯᠠᠭᠤᠯᠵᠤ᠂ ᠮᠢᠬᠠᠨ ᠤ ᠬᠤᠨᠢᠨ ᠤ ᠪᠠᠷᠢᠮᠵᠢᠶᠠᠵᠢᠭᠰᠡᠨ ᠲᠠᠵᠢᠬᠡᠨ ᠠᠷᠴᠢᠯᠠᠬᠤ ᠰᠠᠭᠤᠷᠢᠨ ᠢ ᠪᠠᠶᠢᠭᠤᠯᠵᠤ᠂ | ᠤᠯᠠᠷᠢᠯ ᠰᠤᠯᠪᠢᠴᠠᠨ ᠮᠠᠯ ᠭᠠᠷᠭᠠᠬᠤ ᠶᠢ ᠠᠯᠬᠤᠮ ᠠᠯᠬᠤᠮ ᠢᠶᠠᠷ ᠠᠬᠢᠭᠤᠯᠪᠠ᠃ ᠡᠰᠬᠡ 5 ᠲᠤᠨ ᠴᠡᠬᠡᠨ ᠲᠠᠯᠬ᠎ᠠ | ᠡᠳ᠋ᠰᠢᠬᠦᠯᠤᠨ ᠪᠤᠷᠤᠯᠠᠭᠤᠯᠵᠤ᠂ ᠮᠠᠯᠴᠢᠳ ᠤᠨ ᠲᠤᠷᠡᠰᠤᠮᠵᠢ 152 ᠲᠤᠨ ᠴᠠᠭᠠᠨ ᠢᠳᠡᠭᠡ ᠡᠳ᠋ᠰᠢᠬᠦᠯᠵᠤ | ᠪᠤᠷᠤᠯᠠᠭᠤᠯᠪᠠ᠃ ᠪᠦᠬᠦ ᠬᠤᠰᠢᠭᠤᠨ ᠤ ᠮᠠᠯ ᠤᠨ ᠡᠮᠴᠢ᠂ ᠭᠠᠴᠠᠭᠠᠨ ᠤ ᠬᠢᠵᠢᠭ ᠰᠡᠷᠬᠡᠶᠢᠯᠡᠭᠴᠢ᠂ ᠦᠡᠳᠤᠰᠤᠨ | ᠱᠠᠳᠤᠨ` ᠤ ᠮᠠᠯ ᠡᠮᠨᠡᠯᠬᠡ ᠶᠢᠨ ᠦᠷᠳᠡᠭᠡ ᠶᠢᠨ ᠠᠵᠢᠯᠳᠠᠳ ᠢ ᠵᠤᠬᠢᠶᠠᠨ ᠪᠠᠶᠢᠭᠤᠯᠵᠤ᠂ ᠮᠠᠯ ᠤᠨ ᠡᠮᠴᠢ ᠶᠢᠨ | ᠮᠡᠳᠡᠯᠬᠡ ᠴᠢᠳᠠᠪᠤᠷᠢ ᠶᠢᠨ ᠪᠤᠯᠪᠠᠰᠤᠷᠠᠯ ᠢ 2 ᠬᠤᠭᠤᠴᠠᠭ᠎ᠠ ᠨᠠᠶᠢᠳᠠ 220 ᠢᠯᠡᠬᠦᠦ ᠬᠦᠮᠤᠨ ᠤᠳᠠᠭ᠎ᠠ ᠪᠤᠯᠪᠠᠰᠤᠷᠠᠯ | ᠬᠦᠷᠳᠡᠬᠡᠪᠡ᠃ ᠬᠠᠪᠤᠷ ᠤᠨ ᠤᠯᠠᠷᠢᠯ ᠤᠨ ᠠᠮᠢᠳᠠᠨ ᠤ ᠬᠢᠵᠢᠭ ᠰᠡᠷᠬᠡᠶᠢᠯᠡᠬᠦ ᠠᠵᠢᠯ ᠢ ᠰᠠᠶᠢᠳᠤᠷ ᠬᠢᠵᠤ᠂ 308.5 | ᠲᠦᠮᠡᠨ ᠮᠤ᠋ ᠨᠤᠳᠤᠭ ᠲᠤ ᠬᠤᠯᠤᠭᠠᠨ᠎ᠠ ᠬᠤᠷᠤᠬᠠᠢ ᠶᠢᠨ ᠬᠢᠵᠢᠭ ᠠᠴᠠ ᠤᠷᠢᠳᠴᠢᠯᠡᠨ ᠰᠡᠷᠬᠡᠶᠢᠯᠡᠪᠠ᠃ | ᠠᠵᠤ ᠦᠢᠯᠡᠳᠪᠤᠷᠢ ᠶᠢᠨ ᠠᠵᠤ ᠠᠬᠤᠢ ᠶᠢ ᠢᠳᠡᠪᠬᠢᠳᠡᠢ ᠠᠬᠢᠭᠤᠯᠵᠤ᠂ ᠡᠷᠳᠡᠨᠢ ᠺᠤᠮᠫᠠᠨᠢ ᠠᠩᠬᠢᠰ ᠦᠬᠡᠷ ᠤᠨ | ᠮᠢᠬ᠎ᠠ ᠡᠳ᠋ᠰᠢᠬᠦᠯᠵᠤ᠂ ᠮᠠᠨ ᠤ ᠬᠤᠰᠢᠭᠤᠨ ᠤ ᠴᠢᠨᠠᠷ ᠰᠠᠶᠢᠳᠡᠢ ᠮᠢᠬᠠᠨ ᠤ ᠦᠬᠡᠷ ᠡᠳ᠋ᠰᠢᠬᠦᠯᠬᠦ᠂ ᠵᠢᠴᠢ ᠤᠯᠠᠷᠢᠯ | ᠰᠤᠯᠪᠢᠴᠠᠨ ᠡᠳ᠋ᠰᠢᠬᠦᠯᠬᠦ ᠵᠠᠬ᠎ᠠ ᠲᠡᠯᠬᠡᠬᠦᠷ ᠨᠠᠬᠡᠬᠡᠭᠰᠡᠨ ᠠᠴᠠ᠂ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ | ᠴᠢᠨᠠᠷ ᠴᠢᠡᠰᠠᠭ᠎ᠠ ᠵᠢᠴᠢ ᠲᠦᠷᠪᠡᠨ ᠤᠯᠠᠷᠢᠯ ᠳᠤ ᠡᠳ᠋ᠰᠢᠬᠦᠯᠤᠨ ᠪᠤᠷᠤᠯᠠᠭᠤᠯᠬᠤ ᠳᠤ ᠮᠠᠰᠢ ᠶᠡᠭᠡ ᠲᠠᠶᠢᠴᠢᠯᠠᠬᠤ | ᠦᠢᠯᠡᠳᠤᠯ ᠦᠵᠡᠬᠦᠯᠦᠭᠰᠡᠨ ᠪᠠᠶᠢᠨ᠎ᠠ᠃ ᠮᠠᠨᠢᠳᠤ ᠠᠭᠤᠷᠬᠠᠢ ᠶᠢᠨ ᠲᠤᠭᠤᠷᠢᠭ ᠤᠨ 3 ᠨᠠᠬᠦᠷᠡᠰᠤᠨ ᠠᠭᠤᠷᠬᠠᠢ ᠶᠢ | ᠨᠢᠬᠡᠳᠬᠡᠵᠤ ᠵᠠᠳᠠᠭᠠᠢ ᠨᠡᠬᠦᠷᠡᠰᠤᠨ ᠠᠭᠤᠷᠬᠠᠢ ᠪᠤᠯᠭᠠᠬᠤ ᠠᠵᠢᠯ ᠢ ᠠᠬᠢᠭᠤᠯᠵᠤ᠂ ᠨᠢᠬᠡᠳᠬᠡᠬᠦ ᠲᠦᠰᠤᠪ ᠦᠪᠡᠷᠳᠡᠬᠡᠨ | ᠵᠠᠰᠠᠬᠤ ᠤᠷᠤᠨ ᠤ ᠡᠬᠢ ᠪᠠᠶᠠᠯᠢᠭ ᠤᠨ ᠲᠤᠪᠴᠢᠶ᠎ᠠ ᠶᠢᠨ ᠵᠦᠪᠰᠢᠶᠠᠷᠡᠯ ᠢ ᠤᠯᠵᠤ᠂ ᠠᠭᠤᠷᠬᠠᠢ ᠶᠢᠨ ᠦᠢᠯᠡᠰ ᠤᠨ | ᠡᠷᠬᠡ ᠶᠢᠨ ᠲᠤᠬᠢᠷᠠᠭᠤᠯᠤᠯᠳᠠ ᠶᠢᠨ ᠲᠤᠭᠤᠷᠢᠭ ᠬᠤᠪᠢᠶᠠᠬᠤ ᠲᠦᠰᠤᠪ ᠳᠤ ᠵᠠᠰᠠᠪᠤᠷᠢ ᠤᠷᠤᠭᠤᠯᠬᠤ ᠠᠵᠢᠯ ᠢ | ᠡᠬᠢᠯᠡᠬᠦᠯᠪᠠ᠃ ᠰᠠᠯᠬᠢᠨ ᠤ ᠡᠨᠧᠷᠬᠢ ᠤᠨ ᠴᠢᠳᠠᠪᠬᠢ ᠲᠤᠷᠤᠭᠰᠢᠯᠠᠬᠤ ᠪᠠ ᠤᠯᠠᠨ ᠲᠠᠯ᠎ᠠ ᠶᠢᠨ ᠰᠤᠯᠢᠯᠴᠠᠭ᠎ᠠ ᠶᠢ | ᠤᠷᠢᠳᠴᠢᠯᠡᠨ ᠬᠠᠷᠭᠤᠭᠤᠯᠤᠨ ᠪᠤᠳᠤᠭᠰᠡᠨ ᠠᠴᠠ᠂ ᠰᠠᠯᠬᠢᠨ ᠴᠠᠬᠢᠯᠭᠠᠨ ᠤ ᠦᠢᠯᠡᠳᠪᠤᠷᠢᠯᠡᠯ ᠤᠨ ᠦᠷᠳᠡᠭ ᠨᠠᠯᠢᠶᠠᠳ | ᠬᠡᠮᠵᠢᠶ᠎ᠠ ᠪᠠᠷ ᠲᠤᠷᠤᠭᠰᠢᠯᠠᠵᠤ᠂ 1.0 ᠳ᠋ᠦᠩᠰᠢᠭᠤᠷ ᠲᠦᠬᠦᠷᠢᠭ ᠪᠠᠭᠠᠰᠴᠤ᠂ ᠠᠳᠠᠯᠢ ᠬᠤᠭᠤᠴᠠᠭᠠᠨ ᠠᠴᠠ 22. | 0% ᠪᠠᠷ ᠲᠤᠷᠤᠭᠰᠢᠯᠠᠪᠠ᠃ ᠰᠢᠨ᠎ᠠ ᠪᠠᠷ ᠪᠠᠶᠢᠭᠤᠯᠤᠭᠰᠡᠨ ᠭᠤᠷᠴᠢ ᠶᠢᠨ ᠠᠭᠤᠷᠬᠠᠢ ᠶᠢᠨ ᠦᠢᠯᠡᠰ ᠤᠨ ᠬᠦᠳᠡᠷ | ᠰᠢᠯᠢᠬᠦ ᠦᠢᠯᠡᠳᠪᠤᠷᠢ ᠲᠤᠭᠳᠠᠭᠰᠡᠨ ᠬᠤᠭᠤᠴᠠᠭᠠᠨ ᠳᠤ ᠪᠠᠷᠢᠯᠭ᠎ᠠ ᠰᠡᠷᠬᠦᠬᠡᠭᠰᠡᠨ ᠦᠬᠡᠢ ᠠᠴᠠ᠂ ᠦᠢᠯᠡᠳᠪᠤᠷᠢᠯᠡᠯ | ᠤᠨ ᠦᠷᠳᠡᠭ ᠨᠢ ᠤᠤᠯ ᠤᠨ ᠲᠦᠯᠤᠪᠯᠡᠭᠡ ᠠᠴᠠ 1.5 ᠳ᠋ᠦᠩᠰᠢᠭᠤᠷ ᠲᠦᠬᠦᠷᠢᠭ ᠪᠠᠭᠠᠰᠴᠤ᠂ ᠡᠬᠦᠨ ᠠᠴᠠ ᠪᠤᠯᠵᠤ | ᠠᠵᠤ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠠ ᠨᠠᠯᠢᠶᠡᠳ ᠬᠦᠴᠢᠷᠳᠡᠯ ᠳᠤ ᠲᠤᠯᠭᠠᠷᠠᠵᠤ᠂ ᠬᠡᠳᠤᠶᠢᠪᠡᠷ | ᠶᠢᠨ ᠳ᠋ᠢ᠂ ᠵᠢᠢ ᠳ᠋ᠦᠡᠭ ᠤᠨ ᠦᠢᠯᠡᠳᠪᠤᠷᠢᠯᠡᠯ ᠤᠨ ᠦᠷᠳᠡᠭ ᠨᠠᠯᠢᠶᠡᠳ ᠶᠡᠭᠡ ᠬᠡᠮᠵᠢᠶ᠎ᠠ ᠪᠠᠷ ᠲᠡᠬᠡᠭᠰᠢᠯᠡᠭᠰᠡᠨ | ᠪᠤᠯᠪᠠᠴᠤ᠂ ︵ᠲᠤᠰ ᠲᠤᠰ17.2% ᠂12.4% ᠪᠠᠷ ᠨᠡᠮᠡᠭᠳᠡᠪᠠ︶᠂ ᠲᠠᠶᠢᠴᠢᠯᠠᠬᠤ ᠦᠢᠯᠡᠳᠤᠯ ᠬᠢᠵᠠᠭᠠᠷ ᠲᠠᠢ ︵ | 0.2 ᠳ᠋ᠦᠩᠰᠢᠭᠤᠷ ᠲᠦᠬᠦᠷᠢᠭ ᠨᠡᠮᠡᠭᠳᠡᠪᠡ︶ ᠲᠡᠬᠡᠷ᠎ᠠ ᠬᠠᠭᠠᠰ ᠵᠢᠯ ᠬᠡᠪᠴᠢᠶᠠᠵᠢᠯ ᠠᠴᠠ ᠲᠡᠬᠡᠭᠰᠢ ᠠᠵᠤ | ᠦᠢᠯᠡᠳᠪᠤᠷᠢ ᠶᠢᠨ ᠠᠵᠤ ᠠᠬᠤᠶᠢᠯᠡᠯ ᠤᠨ ᠦᠷᠳᠡᠭ 6.0% ᠲᠤᠷᠤᠭᠰᠢᠯᠠᠵᠤ᠂ ᠨᠡᠮᠡᠭᠳᠡᠯ ᠦᠷᠳᠡᠭ ᠨᠢ 10.4% | ᠪᠠᠷ ᠲᠤᠷᠤᠭᠰᠢᠯᠠᠵᠤ᠂ ᠪᠦᠬᠦ ᠠᠶᠢᠮᠠᠭ ᠲᠤ 9 ᠳᠤ ᠵᠢᠭᠰᠠᠭᠠᠭᠳᠠᠪᠠ᠃ ᠪᠦᠬᠦ ᠠᠵᠤ ᠦᠢᠯᠡᠳᠪᠤᠷᠢ ᠶᠢᠨ ᠨᠡᠮᠡᠭᠳᠡᠯ | ᠦᠷᠳᠡᠭ 8.3% ᠲᠤᠷᠤᠭᠰᠢᠯᠠᠵᠤ᠂ ᠪᠦᠬᠦ ᠠᠶᠢᠮᠠᠭ ᠲᠤ 10 ᠳᠤ ᠵᠢᠰᠠᠭᠠᠭᠳᠠᠪᠠ᠃ ᠨᠠᠬᠦᠷᠡᠰᠤᠨ ᠤ | ᠦᠢᠯᠡᠳᠪᠤᠷᠢᠯᠡᠯ ᠪᠠ ᠪᠤᠷᠤᠯᠠᠭᠤᠯᠤᠯᠳᠠ ᠶᠢᠨ ᠬᠡᠮᠵᠢᠶ᠎ᠠ ᠨᠡᠮᠡᠭᠳᠡᠵᠤ᠂ ᠲᠡᠬᠡᠷ᠎ᠠ ᠬᠠᠭᠠᠰ ᠵᠢᠯ 35.8 ᠲᠦᠮᠡᠨ ᠲᠤᠨ | ᠦᠢᠯᠡᠳᠪᠤᠷᠢᠯᠡᠵᠤ᠂ 86.2 ᠲᠦᠮᠡᠨ ᠲᠤᠨ ᠪᠤᠷᠤᠯᠠᠭᠤᠯᠪᠠ᠃ ᠲᠤᠤᠷ᠎ᠠ ᠬᠠᠭᠠᠰ ᠵᠢᠯ ᠰᠠᠯᠬᠢᠨ ᠴᠠᠬᠢᠯᠭᠠᠨ ᠤ ᠠᠵᠤ | ᠦᠢᠯᠡᠰ ᠤᠨ ᠲᠤᠭᠳᠠᠭᠤᠨ ᠬᠦᠭᠵᠢᠯᠳᠠ ᠶᠢ ᠲᠠᠭᠠᠯᠳᠤᠨ᠂ ᠠᠵᠤ ᠦᠢᠯᠡᠳᠪᠤᠷᠢ ᠶᠢᠨ ᠠᠵᠤ ᠠᠬᠤᠢ ᠶᠢᠨ ᠨᠡᠮᠡᠭᠳᠡᠯ | ᠦᠷᠳᠡᠭ ᠲᠡᠬᠡᠭᠰᠢᠯᠡᠬᠦ ᠬᠠᠨᠳᠤᠰᠢ ᠲᠠᠢ᠃ | ᠦᠢᠯᠡᠴᠢᠯᠡᠬᠡᠨ ᠤ ᠦᠢᠯᠡᠰ ᠢᠳᠡᠷᠬᠦᠨ ᠬᠦᠭᠵᠢᠪᠡ᠃ 2019 ᠤᠨ ᠳᠤ ᠲᠡᠬᠡᠷ᠎ᠠ ᠬᠠᠭᠠᠰ ᠵᠢᠯ ᠵᠤᠭᠠᠴᠠᠭᠰᠡᠳ ᠢ | 11 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ ᠵᠤᠭᠠᠴᠠᠯ ᠤᠨ ᠤᠷᠤᠯᠭ᠎ᠠ 5720 ᠲᠦᠮᠡᠨ ᠲᠦᠬᠦᠷᠢᠭ | ᠲᠤ ᠬᠦᠷᠴᠤ᠂ ᠠᠳᠠᠯᠢ ᠬᠤᠭᠤᠴᠠᠭᠠᠨ ᠠᠴᠠ ᠲᠤᠰ ᠲᠤᠰ 16% ᠪᠠ 21% ᠪᠠᠷ ᠨᠡᠮᠡᠭᠳᠡᠪᠡ᠃ ︽ᠠᠪᠠᠭ᠎ᠠ | ᠠᠶᠢᠯ︾ ︽ᠬᠠᠷ᠎ᠠ ᠠᠳᠤᠭᠤᠨ ᠠᠶᠢᠯ︾ ᠤᠨ ᠡᠵᠡᠩᠨᠡᠯᠳᠡ ᠶᠢ ᠡᠬᠢᠯᠡᠬᠦᠯᠵᠤ᠂ ᠤᠳᠤ ᠲᠤᠰ ᠲᠤᠰ 20 ᠡᠷᠤᠬᠡ᠂ | 15 ᠡᠷᠤᠬᠡ ᠳᠤ ᠬᠦᠷᠦᠭᠰᠡᠨ ᠪᠠᠶᠢᠨ᠎ᠠ᠃ ᠰᠢᠯᠢ ᠶᠢᠨ ᠭᠤᠤᠯ ᠮᠢᠩᠭᠠᠨ ᠭᠠᠵᠡᠷ ᠤᠨ ᠦᠵᠡᠮᠵᠢ ᠶᠢᠨ ᠵᠤᠭᠠᠴᠠᠯ ᠤᠨ | ᠵᠠᠮ ᠱᠤᠭᠤᠮ ᠲᠠᠢ ᠢᠳᠡᠪᠬᠢᠳᠡᠢ ᠵᠤᠯᠭᠠᠴᠠᠭᠤᠯᠵᠤ᠂ ᠤᠳᠤ ᠶᠠᠭ ᠵᠤᠭᠠᠴᠠᠯ ᠤᠨ ᠵᠠᠮ ᠱᠤᠭᠤᠮ ᠢ ᠲᠦᠯᠤᠪᠵᠢᠬᠦᠯᠵᠤ | ᠪᠤᠢ᠃ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ 5.7 | ᠳ᠋ᠦᠩᠰᠢᠭᠤᠷ ᠲᠦᠬᠦᠷᠢᠭ ᠲᠤ ᠬᠦᠷᠴᠤ᠂ 3.0% ᠪᠠᠷ ᠨᠡᠮᠡᠭᠳᠡᠵᠤ᠂ ᠠᠶᠢᠮᠠᠭ ᠤᠨ 9 ᠳᠤ ᠵᠢᠭᠰᠠᠭᠠᠭᠳᠠᠪᠠ᠃ | ᠬᠠᠳᠠᠭᠠᠯᠠᠮᠵᠢ ᠵᠢᠬᠡᠯᠡᠯᠬᠡ ᠶᠢᠨ ᠶᠠᠷᠤᠩᠬᠡᠢ ᠬᠡᠮᠵᠢᠶ᠎ᠠ 20.7 ᠳ᠋ᠦᠩᠰᠢᠭᠤᠷ ᠲᠦᠬᠦᠷᠢᠭ ᠪᠠ 15.4 ᠳ᠋ᠦᠩᠰᠢᠭᠤᠷ | ᠲᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠠᠴᠠ ᠲᠤᠰ ᠲᠤᠰ 0.48% ᠪᠠ 18.3% ᠪᠠᠷ ᠨᠡᠮᠡᠭᠳᠡᠪᠠ᠃ | ᠠᠶᠠᠡᠴᠢᠳ ᠤᠨ ᠲᠡᠬᠡᠬᠡᠪᠤᠷᠢ ᠶᠢᠨ ᠬᠡᠮᠵᠢᠶ᠎ᠠ 19 ᠲᠦᠮᠡᠨ ᠬᠦᠮᠤᠨ ᠤᠳᠠᠭ᠎ᠠ᠂ ᠠᠶᠠᠡᠴᠢᠳ ᠤᠨ ᠠᠶᠠᠯᠠᠯ ᠤᠨ ᠵᠠᠮ | ᠤᠨ ᠤᠷᠳᠤ 3041 ᠲᠦᠮᠡᠨ ᠬᠦᠮᠤᠨ ᠺᠢᠯᠤᠮᠧᠲᠷ ᠢ ᠪᠠᠶᠠᠯᠠᠬᠦᠯᠵᠤ᠂ ᠠᠳᠠᠯᠢ ᠬᠤᠭᠤᠴᠠᠭᠠᠨ ᠠᠴᠠ 2.1% ᠪᠠ | 0.2% ᠪᠠᠷ ᠲᠤᠷᠤᠭᠰᠢᠯᠠᠪᠠ᠃ ᠪᠠᠷᠠᠭ᠎ᠠ ᠶᠢᠨ ᠵᠦᠬᠡᠬᠡᠪᠤᠷᠢ ᠶᠢᠨ ᠬᠡᠮᠵᠢᠶ᠎ᠠ 36.4 ᠲᠦᠮᠡᠨ ᠲᠤᠨ᠂ ᠵᠦᠬᠡᠬᠡᠪᠤᠷᠢ | ᠶᠢᠨ ᠡᠷᠬᠢᠯᠳᠠ ᠶᠢᠨ ᠬᠡᠮᠵᠢᠶ᠎ᠠ 755 ᠲᠦᠮᠡᠨ ᠲᠤᠨ ᠺᠢᠯᠤᠮᠧᠲᠷ ᠳᠤ ᠬᠦᠷᠴᠤ᠂ ᠠᠳᠠᠯᠢ ᠬᠤᠭᠤᠴᠠᠭᠠᠨ ᠠᠴᠠ 1. | 4% ᠪᠠ 0.5% ᠪᠠᠷ ᠲᠤᠷᠤᠭᠰᠢᠯᠠᠪᠠ᠃ ᠠᠮᠢᠳᠤᠷᠡᠯ ᠤᠨ ᠦᠢᠯᠡᠴᠢᠯᠡᠬᠡᠨ ᠤ ᠦᠢᠯᠡᠰ ᠢ ᠢᠳᠡᠪᠬᠢᠳᠡᠢ | ᠠᠬᠢᠭᠤᠯᠵᠤ᠂ ᠨᠠᠩ ᠢᠯᠠᠩᠭᠤᠶ᠎ᠠ ᠠᠳᠡᠯ ᠠᠬᠤᠢ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢᠯᠡᠳᠳᠡ ᠲᠡᠬᠡᠭᠰᠢᠯᠡᠪᠠ | ᠃ ᠨᠠᠶᠢᠳᠠ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠭᠵᠢᠬᠦᠯᠵᠤ᠂ ᠠᠷᠡᠳ ᠠᠴᠠ ᠡᠷᠬᠢᠯᠡᠭᠰᠡᠨ ᠠᠵᠤ ᠠᠬᠤᠢ | ᠶᠢᠨ ᠬᠦᠭᠵᠢᠯᠳᠠ ᠶᠢ ᠢᠳᠡᠪᠬᠢᠳᠡᠢ ᠲᠠᠮᠵᠢᠪᠠ᠃ ᠲᠦᠰᠤᠪᠯᠡᠨ ᠪᠤᠳᠤᠯᠳᠠ ᠳᠤ ᠠᠷᠡᠳ ᠠᠴᠠ ᠡᠷᠬᠢᠯᠡᠭᠰᠡᠨ ᠠᠵᠤ | ᠠᠬᠤᠢ ᠶᠢᠨ ᠬᠦᠭᠵᠢᠯᠳᠠ ᠶᠢᠨ ᠰᠠᠭᠤᠷᠢ ᠮᠦᠩᠬᠦ 200 ᠲᠦᠮᠡᠨ ᠲᠦᠬᠦᠷᠢᠭ ᠲᠤᠬᠢᠷᠠᠭᠤᠯᠵᠤ᠂ ᠮᠤᠩᠭᠤᠯ ᠺᠣᠮᠫᠠᠨᠢ᠂ | ᠨᠤᠮᠢᠨ ᠲᠠᠯᠠᠬᠡᠢ ᠶᠢ ᠬᠠᠮᠵᠢᠵᠤ᠂ ᠢᠳᠡᠬᠡᠮᠵᠢ ᠶᠢᠨ ᠬᠤᠯᠪᠤᠭᠠᠳᠤ ᠬᠤᠷᠰᠢᠶ᠎ᠠ ᠠᠴᠠ 1700 ᠲᠦᠮᠡᠨ ᠲᠦᠬᠦᠷᠢᠭ | ᠪᠠ1400 ᠲᠦᠮᠡᠨ ᠲᠦᠬᠦᠷᠢᠭ ᠵᠢᠬᠡᠯᠡᠯᠬᠡ ᠵᠤᠬᠢᠴᠠᠭᠤᠯᠵᠤ᠂ ᠡᠷᠳᠡᠨᠢ ᠺᠤᠮᠫᠠᠨᠢ ᠳᠤ ᠫᠦ᠋ ᠳ᠋ᠦᠡᠭ ᠪᠠᠩᠬᠢ ᠠᠴᠠ | 4000 ᠲᠦᠮᠡᠨ ᠲᠦᠬᠦᠷᠢᠭ ᠵᠢᠬᠡᠯᠡᠯᠬᠡ ᠤᠯᠭᠤᠪᠠ᠃ | ᠰᠠᠭᠤᠷᠢ ᠲᠤᠭ᠎ᠠ ᠪᠦᠷᠢᠳᠬᠡᠯ ᠤᠨ ᠪᠠᠶᠢᠴᠠᠭᠠᠯᠳᠠ ᠶᠢᠨ ᠠᠵᠢᠯ ᠢ ᠰᠠᠶᠢᠳᠤᠷ ᠬᠢᠪᠠ᠃ 2019 ᠤᠨ ᠤ ᠵᠤᠨ ᠤ | ᠤᠯᠠᠷᠢᠯ ᠤᠨ ᠮᠠᠯ ᠠᠵᠤ ᠠᠬᠤᠢ ᠶᠢᠨ ᠨᠠᠶᠢᠳᠠᠮ ᠪᠠᠶᠢᠴᠠᠭᠠᠯᠳᠠ ᠶᠢᠨ ᠠᠵᠢᠯ ᠢ ᠪᠠᠶᠠᠯᠠᠬᠦᠯᠵᠤ᠂ ᠲᠦᠷᠪᠡᠳᠤᠬᠡᠷ | ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ ᠶᠢᠨ ᠠᠵᠢᠯ ᠢ ᠦᠷᠬᠦᠯᠵᠢᠯᠡᠨ | ᠬᠡᠷᠡᠭᠵᠢᠬᠦᠯᠪᠠ᠃ ᠭᠤᠷᠪᠡᠳᠤᠭᠠᠷ ᠤᠳᠠᠭᠠᠨ ᠤ ᠪᠦᠬᠦ ᠤᠯᠤᠰ ᠤᠨ ᠭᠠᠵᠡᠷ ᠰᠢᠷᠥᠢ ᠶᠢᠨ ᠪᠠᠶᠢᠴᠠᠭᠠᠯᠳᠠ ᠶᠢ | ᠦᠷᠨᠢᠬᠦᠯᠵᠤ᠂ ᠲᠤᠳᠤᠭᠠᠳᠤ ᠦᠢᠯᠡᠰ ᠤᠨ ᠸᠧᠺᠲ᠋ᠤᠷ ᠠᠯᠳᠠᠬᠤ᠂ ᠭᠠᠳᠠᠭᠠᠳᠤ ᠦᠢᠯᠡᠰ ᠢ ᠲᠤᠬᠠᠢ ᠶᠢᠨ ᠭᠠᠵᠡᠷ | ᠲᠤᠨᠢ ᠪᠠᠶᠢᠴᠠᠭᠠᠨ ᠬᠠᠷᠭᠤᠭᠤᠯᠬᠤ ᠪᠠ ᠲᠤᠭ᠎ᠠ ᠪᠠᠷᠢᠮᠳᠠ ᠶᠢᠨ ᠪᠠᠶᠢᠭᠤᠯᠤᠯᠳᠠ ᠶᠢᠨ ᠠᠵᠢᠯ ᠢ ᠪᠠᠶᠠᠯᠠᠬᠦᠯᠪᠠ᠃ ᠪᠦᠬᠦ | ᠤᠯᠤᠰ ᠤᠨ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ ᠶᠢ ᠨᠠᠶᠢᠳᠠᠮ ᠪᠠᠶᠢᠴᠠᠭᠠᠬᠤ ᠠᠵᠢᠯ ᠢ ᠨᠠᠷᠢᠨ ᠨᠢᠮᠪᠠᠢ | ᠦᠷᠨᠢᠬᠦᠯᠵᠤ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢ ᠨᠠᠶᠢᠳᠠᠮ ᠪᠠᠶᠢᠴᠠᠭᠠᠵᠤ | ᠡᠷᠤᠬᠡ ᠳᠤ ᠬᠦᠡᠵᠡᠬᠡᠶᠢᠷᠡᠬᠦ ᠪᠠᠶᠢᠴᠠᠭᠠᠯᠳᠠ ᠶᠢᠨ ᠴᠢᠨᠠᠷ ᠴᠢᠡᠰᠠᠭ᠎ᠠ ᠶᠢ ᠬᠠᠷᠭᠤᠭᠤᠯᠤᠨ ᠪᠠᠶᠢᠴᠠᠭᠠᠬᠤ ᠠᠵᠢᠯ ᠢ | ᠪᠠᠶᠠᠯᠠᠬᠦᠯᠦᠭᠰᠡᠨ ᠪᠠᠶᠢᠨ᠎ᠠ᠃ | ⒉ ᠭᠤᠤᠯᠳᠠᠯᠭ᠎ᠠ ᠲᠠᠢ ᠲᠦᠷᠤᠯ ᠵᠥᠢᠯ ᠤᠨ ᠪᠠᠶᠢᠭᠤᠯᠤᠯᠳᠠ ᠶᠢ ᠬᠦᠴᠤᠯᠡᠨ ᠠᠬᠢᠭᠤᠯᠪᠠ | 2019 ᠤᠨ ᠳᠤ ᠲᠤᠬᠢᠷᠠᠭᠤᠯᠤᠭᠰᠡᠨ 500 ᠲᠦᠮᠡᠨ ᠲᠦᠬᠦᠷᠢᠭ ᠠᠴᠠ ᠲᠡᠬᠡᠭᠰᠢ ᠭᠤᠤᠯᠳᠠᠯᠭ᠎ᠠ ᠲᠠᠢ ᠲᠦᠷᠤᠯ | ᠵᠥᠢᠯ 30 ᠲᠦᠷᠤᠯ᠂ ᠪᠠᠷᠢᠯᠭ᠎ᠠ ᠡᠬᠢᠯᠡᠭᠰᠡᠨ ᠪᠠ ᠰᠡᠷᠬᠦᠬᠡᠭᠰᠡᠨ ᠨᠤᠷᠮ᠎ᠠ 86.7% ᠳᠤ ᠬᠦᠷᠴᠤ᠂ 20 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠠᠯᠠᠬᠦᠯᠪᠠ᠃ ᠡᠬᠦᠨ ᠤ ᠲᠤᠳᠤᠷ᠎ᠠ ᠠᠶᠢᠮᠠᠭ ᠤᠨ ᠲᠡᠰ | ᠤᠨ ᠭᠤᠤᠯᠳᠠᠯᠭᠠᠳᠤ ᠲᠦᠷᠤᠯ ᠵᠥᠢᠯ ᠶᠢ ᠪᠦᠬᠦᠨ ᠢ ᠪᠠᠷᠢᠯᠭ᠎ᠠ ᠡᠬᠢᠯᠡᠵᠤ ᠪᠠᠷᠢᠯᠭ᠎ᠠ ᠰᠡᠷᠬᠦᠬᠡᠵᠤ᠂ 18 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠠᠯᠠᠬᠦᠯᠪᠠ᠃ ᠬᠤᠰᠢᠭᠤ ᠲᠡᠰ ᠤᠨ ᠲᠦᠷᠤᠯ ᠵᠥᠢᠯ19 ᠲᠦᠷᠤᠯ᠂ | ᠪᠠᠷᠢᠯᠭ᠎ᠠ ᠡᠬᠢᠯᠡᠵᠤ ᠪᠠᠷᠢᠯᠭ᠎ᠠ ᠰᠡᠷᠬᠦᠬᠡᠭᠰᠡᠨ ᠨᠢ 15 ᠲᠦᠷᠤᠯ᠂ ᠪᠠᠷᠢᠯᠭ᠎ᠠ ᠡᠬᠢᠯᠡᠵᠤ ᠪᠠᠷᠢᠯᠭ᠎ᠠ ᠰᠡᠷᠬᠦᠬᠡᠭᠰᠡᠨ | ᠨᠤᠷᠮ᠎ᠠ 79% ᠳᠤ ᠬᠦᠷᠴᠤ᠂ 2 ᠳ᠋ᠦ᠋ᠩᠰᠢᠭᠤᠷ ᠲᠦᠬᠦᠷᠢᠭ ᠢ ᠪᠠᠶᠠᠯᠠᠬᠦᠯᠦᠭᠰᠡᠨ ᠪᠠᠶᠢᠨ᠎ᠠ᠃ ᠴᠠᠭᠠᠡᠨᠠᠭᠤᠷ | ᠴᠠᠬᠢᠯᠭᠠᠨ ᠦᠢᠯᠡᠳᠪᠤᠷᠢ᠂ ᠮᠠᠰᠢᠨ ᠴᠤᠭᠴᠠᠯᠠᠪᠤᠷᠢ ᠲᠤᠨᠤᠭ ᠲᠦᠬᠦᠬᠡᠷᠤᠮᠵᠢ ᠲᠠᠭᠠᠭᠠᠴᠢᠯᠠᠯᠳᠠ ᠵᠠᠷᠯᠠᠬᠤ ᠠᠵᠢᠯ ᠢ | ᠨᠢᠬᠡᠨᠳᠡ ᠪᠠᠶᠠᠯᠠᠬᠦᠯᠵᠤ᠂ ᠬᠤᠪᠢ ᠤᠷᠤᠭᠰᠡᠨ ᠡᠷᠬᠡ ᠶᠢ ᠰᠢᠯᠵᠢᠬᠦᠯᠬᠦ ᠠᠵᠢᠯ ᠢ ᠢᠳᠡᠪᠬᠢᠳᠡᠢ ᠠᠬᠢᠭᠤᠯᠵᠤ ᠪᠤᠢ᠃ | 130 ᠲᠦᠮᠡᠨ ᠺᠢᠯᠤᠸᠠᠲ ᠤᠨ ᠤᠡᠴᠠ ᠦᠡᠳᠤᠷ ᠬᠦᠴᠤᠳᠠᠯᠳᠤ ᠴᠠᠬᠢᠯᠭᠠᠨ ᠢ ᠭᠠᠳᠠᠭᠰᠢ ᠬᠦᠷᠬᠡᠬᠦ ᠰᠠᠯᠬᠢᠨ | ᠴᠠᠬᠢᠯᠭᠠᠨ ᠤ ᠲᠦᠷᠤᠯ ᠤᠨ 9 ᠤᠡᠴᠠ ᠦᠡᠳᠤᠷ ᠬᠦᠴᠤᠳᠠᠯᠳᠤ ᠰᠠᠯᠬᠢᠨ ᠴᠠᠬᠢᠯᠭᠠᠨ ᠢ ᠭᠠᠳᠠᠭᠰᠢ ᠬᠦᠷᠬᠡᠬᠦ ᠲᠦᠷᠤᠯ | ᠵᠥᠢᠯ ᠤᠨ ᠨᠤᠳᠤᠭ ᠪᠠᠯᠴᠢᠬᠡᠷ ᠲᠠᠳᠠᠪᠤᠷᠢᠯᠠᠨ ᠬᠡᠷᠡᠭᠯᠡᠬᠦ᠂ ︽ᠲᠠᠯ᠎ᠠ ᠨᠤᠳᠤᠭ ᠲᠤ ᠲᠦᠷ ᠴᠠᠭ ᠦᠢᠯᠡᠳᠪᠤᠷᠢᠯᠡᠯ ᠬᠢᠬᠦ | ᠵᠦᠪᠰᠢᠶᠠᠷᠡᠯ ᠤᠨ ᠦᠨᠡᠮᠯᠡᠯ︾ ᠤᠨ ᠵᠦᠪᠰᠢᠶᠠᠷᠡᠯ ᠤᠨ ᠭᠠᠷ ᠬᠦᠢᠴᠡᠳᠬᠡᠯ ᠬᠢᠯᠬᠡᠬᠦ ᠶᠢᠨ ᠬᠠᠮᠳᠤ ᠪᠠᠷᠢᠯᠭ᠎ᠠ | ᠡᠬᠢᠯᠡᠬᠦᠯᠦᠭᠰᠡᠨ ᠪᠠᠶᠢᠨ᠎ᠠ᠃ ᠤᠳᠤ ᠪᠦᠬᠦ ᠲᠠᠯ᠎ᠠ ᠪᠠᠷ ᠪᠦᠳᠤᠬᠡᠨ ᠪᠠᠶᠢᠭᠤᠯᠤᠯᠳᠠ ᠳᠤ ᠭᠠᠵᠡᠷ ᠬᠡᠷᠡᠭᠯᠡᠬᠦ ᠭᠠᠷ | ᠬᠦᠢᠴᠡᠳᠬᠡᠯ ᠢ ᠠᠬᠢᠭᠤᠯᠵᠤ᠂ 1 ᠲᠦᠷᠤᠯ ᠵᠥᠢᠯ ︵ᠰᠢᠨ ᠢ 10 ᠲᠦᠮᠡᠨ ᠺᠢᠯᠤᠸᠠᠲ︶ ᠨᠢᠬᠡᠨᠳᠡ ᠵᠦᠪᠰᠢᠶᠠᠷᠡᠯ | ᠤᠨ ᠭᠠᠷ ᠬᠦᠢᠴᠡᠳᠬᠡᠯ ᠬᠢᠯᠬᠡᠵᠤ᠂ 1 ᠲᠦᠷᠤᠯ ᠵᠥᠢᠯ ︵ᠪᠠᠶᠠᠨ 5 ᠲᠦᠮᠡᠨ ᠺᠢᠯᠸᠠᠲ︶ ᠵᠦᠪᠰᠢᠶᠠᠷᠡᠯ ᠢᠶᠠᠨ | ᠬᠦᠯᠢᠶᠠᠵᠤ᠂ 2 ᠲᠦᠷᠤᠯ ᠵᠥᠢᠯ ︵ᠯᠢᠥᠢ ᠨᠸᠡᠭ 22.5 ᠲᠦᠮᠡᠨ ᠺᠢᠯᠤᠸᠠᠲ᠂ ᠵᠦᠡᠭ ᠨᠸᠡᠭ 22.5 ᠲᠦᠮᠡᠨ | ᠺᠢᠯᠤᠸᠠᠲ︶ ᠢ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠠᠩᠬᠢᠮ ᠳᠤ ᠮᠡᠳᠡᠬᠦᠯᠵᠤ᠂ 4 | ᠲᠦᠷᠤᠯ ᠵᠥᠢᠯ ︵ᠰᠧ ᠨᠸᠡᠭ 15 ᠲᠦᠮᠡᠨ ᠺᠢᠯᠤᠸᠠᠲ᠂ ᠲᠢᠶᠠᠨ ᠯᠦᠨ ᠨᠢᠬᠡᠳᠤᠬᠡᠷ ᠬᠤᠭᠤᠴᠠᠭ᠎ᠠ 12.5 | ᠲᠦᠮᠡᠨ ᠺᠢᠯᠤᠸᠠᠲ᠂ ᠬᠤᠸᠠ ᠨᠸᠡᠭ ᠰᠢᠨ᠎ᠠ ᠡᠨᠧᠷᠬᠢ ᠶᠢᠨ ᠰᠤᠷᠪᠤᠯᠵᠢ ᠶᠢᠨ 20 ᠲᠦᠮᠡᠨ ᠺᠢᠯᠤᠸᠠᠲ︶ ᠢ ᠠᠶᠢᠮᠠᠭ | ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠳᠤ ᠮᠡᠳᠡᠬᠦᠯᠵᠤ᠂ 1 ᠲᠦᠷᠤᠯ ᠵᠥᠢᠯ ︵ᠬᠤᠸᠠ ᠨᠸᠡᠭ | ᠬᠤᠸᠠ ᠪᠸᠢ︶ ᠶᠠᠭ ᠰᠠᠶ᠋ᠢᠬᠠᠨ ᠪᠡᠯᠡᠳᠬᠡᠯ ᠬᠤᠭᠤᠴᠠᠭᠠᠨ ᠤ ᠠᠵᠢᠯ ᠢᠶᠠᠨ ᠬᠦᠢᠴᠡᠳᠬᠡᠵᠤ ᠪᠤᠢ᠃ ᠭᠤᠷᠪᠡ᠂ | ᠭᠠᠳᠠᠭᠰᠢ ᠬᠦᠷᠬᠡᠬᠦ ᠢᠡᠵᠧᠨᠧᠷᠢᠩ 500 ᠲᠦᠮᠡᠨ ᠺᠢᠯᠤᠸᠠᠲ ᠤᠨ ᠬᠦᠴᠤᠳᠠᠯ ᠬᠤᠪᠢᠰᠬᠠᠬᠤ ᠪᠠᠷᠢᠯᠭ᠎ᠠ ᠶᠢᠨ | ᠦᠷᠳᠡᠭᠡ ᠨᠢᠬᠡᠨᠳᠡ ᠭᠠᠵᠡᠷ ᠲᠠᠳᠠᠪᠤᠷᠢᠯᠠᠬᠤ ᠬᠡᠯᠡᠯᠴᠡᠬᠡᠷ ᠲᠤ ᠭᠠᠷ ᠤᠨ ᠦᠰᠦᠭ ᠵᠢᠷᠤᠬᠤ ᠶᠢᠨ ᠬᠠᠮᠳᠤ ᠲᠠᠯ᠎ᠠ | ᠨᠤᠳᠤᠭ ᠤᠨ ᠭᠠᠵᠡᠷ ᠲᠠᠳᠠᠪᠤᠷᠢᠯᠡᠨ ᠬᠡᠷᠡᠭᠯᠡᠬᠦ ᠬᠢᠨᠡᠨ ᠬᠠᠷᠭᠤᠭᠤᠯᠤᠭᠰᠡᠨ ᠵᠦᠪᠰᠢᠶᠠᠷᠡᠯ ᠤᠨ ᠪᠢᠴᠢᠭ ᠪᠠ ᠲᠠᠯ᠎ᠠ | ᠨᠤᠳᠤᠭ ᠲᠤ ᠲᠦᠷ ᠴᠠᠭ ᠦᠢᠯᠡᠳᠪᠤᠷᠢᠯᠡᠯ ᠬᠢᠬᠦ ᠵᠦᠪᠰᠢᠶᠠᠷᠡᠯ ᠤᠨ ᠦᠨᠡᠮᠯᠡᠯ ᠤᠯᠵᠤ᠂ ᠤᠳᠤ ᠪᠦᠳᠤᠬᠡᠨ | ᠪᠠᠶᠢᠭᠤᠯᠤᠯᠳᠠ ᠳᠤ ᠭᠠᠵᠡᠷ ᠬᠡᠷᠡᠭᠯᠡᠬᠦ ᠵᠦᠪᠰᠢᠶᠠᠷᠡᠯ ᠤᠨ ᠭᠠᠷ ᠬᠦᠢᠴᠡᠳᠬᠡᠯ ᠬᠢᠯᠬᠡᠵᠤ᠂ ᠪᠦᠳᠤᠬᠡᠨ ᠪᠠᠶᠢᠭᠤᠯᠬᠤ | ᠪᠡᠯᠡᠳᠬᠡᠯ ᠱᠠᠳᠤᠨ ᠳᠤ ᠤᠷᠤᠭᠤᠰᠡᠨ ᠪᠠᠶᠢᠨ᠎ᠠ᠃ ᠵᠠᠮ ᠱᠤᠭᠤᠮ ᠤᠨ ᠪᠠᠷᠢᠯᠭ᠎ᠠ ᠳᠤ ᠬᠤᠯᠪᠤᠭᠳᠠᠬᠤ 4 ᠮᠠᠯᠴᠢᠨ | ᠡᠷᠤᠬᠡ ᠶᠢᠨ 8 ᠰᠤᠪᠤᠷᠭᠠᠨ ᠦᠷᠳᠡᠭᠡ᠂ ᠬᠠᠶᠢᠨ ᠰᠢᠡᠵᠢᠯᠡᠯᠳᠡ ᠶᠢᠨ ᠲᠠᠷᠠᠭ᠎ᠠ ᠭᠠᠵᠡᠷ ᠲᠠᠳᠠᠪᠤᠷᠢᠯᠠᠬᠤ ᠠᠵᠢᠯ ᠢ | ᠪᠡᠶᠠᠯᠠᠬᠦᠯᠵᠤ᠂ ᠤᠳᠤ ᠦᠪᠡᠷᠳᠡᠬᠡᠨ ᠵᠠᠰᠠᠬᠤ ᠤᠷᠤᠨ ᠳᠤ ᠠᠭᠤᠷᠬᠠᠢ ᠲᠠᠷᠤᠬᠤ ᠭᠠᠷ ᠬᠦᠢᠴᠡᠳᠬᠡᠯ ᠬᠢᠯᠬᠡᠵᠤ᠂ 9 | ᠰᠠᠷ᠎ᠠ ᠶᠢᠨ ᠡᠬᠢ ᠪᠠᠷ ᠭᠠᠷ ᠬᠦᠢᠴᠡᠳᠬᠡᠯ ᠢᠶᠠᠨ ᠪᠠᠶᠠᠯᠠᠬᠦᠯᠤᠨ᠎ᠠ᠃ ᠢᠵᠢ ᠪᠦᠷᠢᠨ ᠰᠢᠨ᠎ᠠ ᠡᠨᠧᠷᠬᠢ ᠶᠢᠨ 220 | ᠺᠢᠯᠤᠸᠠᠲ ᠤᠨ ᠭᠠᠳᠠᠭᠰᠢ ᠬᠦᠷᠬᠡᠬᠦ ᠢᠡᠵᠧᠨᠧᠷᠢᠩ ᠲᠤ ᠬᠤᠯᠪᠤᠭᠳᠠᠬᠤ 52 ᠡᠷᠤᠬᠡ ᠶᠢᠨ 274 ᠰᠤᠪᠤᠷᠭᠠᠨ | ᠰᠠᠭᠤᠷᠢᠨ᠂ ᠤᠳᠤ ᠨᠢᠬᠡᠨᠳᠡ 19 ᠡᠷᠤᠬᠡ ᠪᠠ 2 ᠭᠠᠵᠡᠷ ᠤᠨ ᠬᠠᠮᠳᠤ ᠶᠢᠨ ᠨᠤᠳᠤᠭ ᠲᠤ ᠨᠠᠶᠢᠳᠠ 76 ᠰᠤᠪᠤᠷᠭ᠎ᠠ | ᠶᠢᠨ ᠰᠠᠭᠤᠷᠢ ᠶᠢᠨ ᠬᠡᠯᠡᠯᠴᠡᠬᠡᠷ ᠲᠤ ᠭᠠᠷ ᠤᠨ ᠦᠰᠦᠭ ᠵᠢᠷᠤᠵᠤ᠂ 9 ᠰᠠᠷ᠎ᠠ ᠶᠢᠨ ᠲᠤᠮᠳᠠᠴᠢ ᠪᠠᠷ ᠨᠦᠬᠦᠪᠤᠷᠢ | ᠬᠡᠯᠡᠯᠴᠡᠬᠡᠷ ᠲᠤ ᠭᠠᠷ ᠤᠨ ᠦᠰᠦᠭ ᠵᠢᠷᠤᠬᠤ ᠠᠵᠢᠯ ᠢ ᠪᠠᠶᠠᠯᠠᠬᠦᠯᠤᠨ᠎ᠠ᠃ ᠰᠦᠨᠢᠳ ᠵᠠᠬᠦᠨ ᠬᠤᠰᠢᠭᠤᠨ ᠤ 500 | ᠺᠢᠯᠤᠸᠠᠲ ᠤᠨ ᠦᠷᠳᠡᠭᠡ ᠶᠢᠨ ᠵᠠᠮ ᠱᠤᠭᠤᠮ ᠤᠨ ᠪᠠᠷᠢᠯᠭ᠎ᠠ ᠳᠤ ᠬᠤᠯᠪᠤᠭᠳᠠᠬᠤ ᠮᠠᠨ ᠤ ᠬᠤᠰᠢᠭᠤᠨ ᠤ 65 | ᠮᠠᠯᠴᠢᠨ ᠡᠷᠤᠬᠡ᠂ 226 ᠰᠤᠪᠤᠷᠭ᠎ᠠ ᠶᠢᠨ ᠰᠠᠭᠤᠷᠢ ᠶᠢᠨ ᠪᠠᠶᠢᠭᠤᠯᠤᠯᠳᠠ ᠤᠳᠤ 7 ᠡᠷᠤᠬᠡ 1 ᠭᠠᠵᠡᠷ ᠤᠨ ᠬᠠᠮᠳᠤ | ᠶᠢᠨ ᠨᠤᠳᠤᠭ ᠤᠨ 22 ᠰᠤᠪᠤᠷᠭ᠎ᠠ ᠶᠢᠨ ᠰᠠᠭᠤᠷᠢ ᠶᠢᠨ ᠬᠡᠯᠡᠯᠴᠡᠬᠡᠷ ᠲᠤ ᠭᠠᠷ ᠤᠨ ᠦᠰᠦᠭ ᠵᠢᠷᠤᠭᠰᠡᠨ ᠪᠠᠶᠢᠨ᠎ᠠ᠃ | 220 ᠺᠢᠯᠤᠸᠠᠲ ᠤᠨ ᠬᠦᠴᠤᠳᠠᠯ ᠬᠤᠪᠢᠰᠬᠠᠤ ᠢᠡᠵᠧᠨᠧᠷᠢᠩ᠂ ᠠᠪᠠᠭ᠎ᠠ ᠬᠤᠰᠢᠭᠤᠨ ᠤ ᠪᠠᠷᠠᠭᠤᠨ ᠲᠤᠭᠤᠷᠢᠭ ᠤᠨ | 35 ᠺᠢᠯᠤᠸᠠᠲ ᠤᠨ ᠬᠦᠴᠤᠳᠠᠯ ᠬᠤᠪᠢᠰᠬᠠᠬᠤ ᠪᠠᠷᠢᠯᠭ᠎ᠠ ᠪᠦᠬᠦ ᠲᠠᠯ᠎ᠠ ᠪᠠᠷ ᠪᠦᠳᠤᠬᠡᠨ ᠪᠠᠶᠢᠭᠤᠯᠪᠠ᠃ ᠶᠦᠨ ᠵᠢᠢ | ᠯᠢ ᠲᠤᠮᠤ ᠲᠤᠭ᠎ᠠ ᠬᠦᠮᠤᠷᠬᠡ ᠶᠢᠨ ᠲᠦᠪ ᠤᠨ ᠲᠦᠷᠤᠯ ᠵᠥᠢᠯ ᠢ ᠶᠠᠭ ᠰᠠᠶ᠋ᠢᠬᠠᠨ ᠪᠦᠳᠤᠬᠡᠨ ᠪᠠᠶᠢᠭᠤᠯᠵᠤ᠂ | 35KV ᠤᠨ ᠴᠠᠬᠢᠯᠭᠠᠨ ᠱᠤᠭᠤᠮ ᠪᠠᠷᠢᠯᠭ᠎ᠠ ᠪᠠᠨ ᠡᠬᠢᠯᠡᠬᠦᠯᠵᠤ᠂1 ᠲᠤᠭᠠᠳᠤ᠂ 3 ᠲᠤᠭᠠᠳᠤ ᠪᠠ 5 ᠲᠤᠭᠠᠳᠤ | ᠮᠠᠰᠢᠨ ᠴᠤᠭᠴᠠᠯᠠᠪᠤᠷᠢ ᠶᠢᠨ ᠰᠠᠭᠤᠷᠢ ᠲᠠᠯᠪᠢᠬᠤ ᠪᠠᠷᠢᠯᠭ᠎ᠠ ᠶᠢᠨ ᠠᠵᠢᠯ ᠢ ᠲᠠᠭᠤᠰᠬᠠᠵᠤ᠂ ᠬᠡᠷ ᠲᠤᠳᠤᠷᠠᠬᠢ ᠴᠢᠮᠡᠭᠯᠡᠬᠦ | ᠠᠵᠢᠯ ᠢ ᠡᠬᠢᠯᠡᠬᠦᠯᠪᠠ︔ ᠦᠢᠯᠡᠳᠪᠤᠷᠢ ᠶᠢᠨ ᠲᠤᠭᠤᠷᠢᠭ ᠤᠨ ᠬᠦᠴᠤᠳᠠᠯ ᠬᠤᠪᠢᠰᠬᠤ ᠰᠠᠭᠤᠷᠢ ᠲᠠᠯᠪᠢᠬᠤ ᠪᠠᠷᠢᠯᠭ᠎ᠠ | ᠶᠢ ᠲᠠᠭᠤᠰᠬᠠᠪᠠ᠃ ᠠᠪᠠᠭ᠎ᠠ ᠬᠤᠰᠢᠭᠤᠨ ᠤ ᠲᠤᠮᠤ ᠴᠢᠯᠠᠭᠤ ᠶᠢ ᠡᠳ᠋ᠰᠢᠬᠦᠯᠬᠦ ᠦᠢᠯᠡᠳᠪᠤᠷᠢᠯᠡᠯ ᠡᠬᠢᠯᠡᠬᠦ ᠲᠦᠷᠤᠯ | ᠵᠥᠢᠯ ᠭᠠᠵᠡᠷ ᠰᠢᠷᠥᠢ ᠲᠠᠳᠠᠪᠤᠷᠢᠯᠠᠵᠤ ᠫᠠᠶᠢᠰᠠ ᠡᠯᠬᠦᠬᠦ ᠪᠠ ᠠᠮᠤᠷ ᠲᠦᠪᠰᠢᠨ ᠤ ᠦᠨᠡᠯᠡᠯᠳᠡ ᠶᠢᠨ ᠬᠦᠢᠴᠡᠳᠬᠡᠯ | ᠢᠶᠠᠨ ᠪᠠᠶᠠᠯᠠᠬᠦᠯᠵᠤ᠂ ᠲᠤᠨᠤᠭ ᠲᠦᠬᠦᠬᠡᠷᠤᠮᠵᠢ ᠪᠠᠨ ᠨᠢᠬᠡᠨᠳᠡ ᠬᠤᠳᠠᠯᠳᠤᠨ ᠠᠪᠤᠪᠠ᠃ ᠵᠢᠯ ᠳᠤ 5 ᠲᠤᠨ ᠤᠷᠭᠠᠨᠢᠭ | ᠪᠤᠷᠳᠤᠭᠤᠷ ᠤᠨ ᠦᠢᠯᠡᠳᠪᠤᠷᠢᠯᠡᠯ ᠤᠨ ᠲᠦᠷᠤᠯ ᠵᠥᠢᠯ ᠤᠨ ᠠᠯᠪᠠᠨ ᠬᠡᠷ ᠤᠨ ᠪᠠᠷᠢᠯᠭ᠎ᠠ ᠶᠢ ᠲᠠᠭᠤᠰᠬᠠᠪᠠ︔ 1 | ᠲᠤᠭᠠᠳᠤ ᠦᠢᠯᠡᠳᠪᠤᠷᠢᠯᠡᠯ ᠤᠨ ᠭᠠᠵᠡᠷ ᠤᠨ ᠰᠠᠭᠤᠷᠢ ᠲᠠᠯᠪᠢᠬᠤ ᠪᠠᠷᠢᠯᠭ᠎ᠠ ᠶᠢ ᠪᠠᠶᠠᠯᠠᠬᠦᠯᠵᠤ᠂ ᠪᠤᠯᠤᠳ | ᠬᠠᠪᠳᠠᠰᠤᠳᠤ ᠪᠠᠷᠢᠯᠭ᠎ᠠ ᠶᠢ ᠡᠬᠢᠯᠡᠬᠦᠯᠪᠠ︔ 2 ᠲᠤᠭᠠᠳᠤ ᠦᠢᠯᠡᠳᠪᠤᠷᠢᠯᠡᠯ ᠤᠨ ᠰᠠᠭᠤᠷᠢ ᠲᠠᠯᠪᠢᠬᠤ ᠪᠠᠷᠢᠯᠭ᠎ᠠ ᠶᠢ | ᠡᠬᠢᠯᠡᠬᠦᠯᠵᠤ᠂ ᠯᠦᠡᠭ ᠰᠢᠩ ᠬᠠᠶᠢᠯᠤᠭᠤᠷ ᠵᠤᠩᠰᠢ ᠶᠢᠨ ᠲᠦᠷᠤᠯ ᠵᠥᠢᠯ 8900 ᠮᠧᠲᠷ ᠦᠷᠤᠮᠳᠤᠵᠤ᠂ 1000 | ᠲᠤᠨ ᠬᠦᠳᠡᠷ ᠰᠢᠯᠢᠬᠦ ᠦᠢᠯᠡᠳᠪᠤᠷᠢ ᠶᠢᠨ ᠭᠤᠤᠯ ᠪᠤᠯᠬᠤ ᠲᠦᠬᠦᠬᠡᠷᠤᠮᠵᠢ ᠶᠢ ᠤᠭᠰᠠᠷᠠᠭᠰᠡᠨ ᠪᠠᠶᠢᠨ᠎ᠠ᠃ | ︵ᠭᠤᠷᠪᠡ︶ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠪᠠ | ⒈ ᠬᠤᠳᠠ ᠪᠠᠯᠭᠠᠰᠤᠨ ᠤ ᠪᠦᠳᠤᠬᠡᠨ ᠪᠠᠶᠢᠭᠤᠯᠤᠯᠳᠠ ᠶᠢ ᠴᠢᠩᠭᠠᠳᠬᠠᠪᠠ᠃ | ᠬᠤᠳᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠪᠠᠯᠭᠠᠰᠤᠨ ᠤ | ᠦᠢᠷ᠎ᠠ ᠤᠷᠴᠢᠮ 8.1 ᠲᠦᠮᠡᠨ ᠰᠠᠭᠤᠷᠢ ᠮᠤᠳᠤ ᠲᠠᠷᠢᠵᠤ᠂ 26 ᠾᠧᠺᠠᠲ᠋ᠧᠷ ᠨᠤᠭᠤᠭᠠᠷᠠᠭᠤᠯᠵᠤ᠂ 303 ᠮᠤᠵᠢ | ᠶᠢᠨ ᠲᠠᠰ ᠤᠨ ᠵᠠᠰᠠᠮᠠᠯ ᠵᠠᠮ ᠤᠨ ᠬᠡᠬᠡᠷᠡᠬᠦᠯᠤᠯᠳᠠ ᠶᠢᠨ ᠪᠠᠷᠢᠯᠬᠠ ᠶᠢ ᠪᠠᠶᠠᠯᠠᠬᠦᠯᠵᠤ᠂ ᠴᠤᠭᠯᠠᠭ᠎ᠠ ᠠᠷᠠᠯᠵᠢᠶᠠᠨ ᠤ | ᠵᠠᠬ᠎ᠠ ᠶᠢᠨ ᠦᠢᠷ᠎ᠠ ᠤᠷᠴᠢᠮ ᠢ ᠬᠠᠳᠠᠭᠤᠷᠠᠭᠤᠯᠵᠤ᠂ ᠬᠤᠳᠠ ᠪᠠᠯᠭᠠᠰᠤᠨ ᠤ ᠭᠤᠤᠷᠰᠤ ᠬᠤᠭᠤᠯᠠᠢ ᠶᠢᠨ ᠪᠠᠷᠢᠯᠭ᠎ᠠ᠂ | ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢ ᠦᠬᠡᠷᠡᠴᠢᠯᠡᠨ ᠪᠠᠶᠢᠭᠤᠯᠬᠤ ᠪᠠᠷᠢᠯᠭ᠎ᠠ ᠶᠢ ᠡᠬᠢᠯᠡᠬᠦᠯᠦᠭᠰᠡᠨ ᠪᠠᠶᠢᠨ᠎ᠠ᠃ | | ᠬᠤᠳᠠ ᠪᠠᠯᠭᠠᠰᠤᠨ ᠤ ᠤᠷᠴᠢᠨ ᠲᠤᠭᠤᠷᠢᠨ ᠤ ᠵᠠᠰᠠᠯᠳᠠ ᠶᠢ ᠴᠢᠩᠭᠠᠳᠬᠠᠪᠠ᠃ ᠬᠤᠳᠠ ᠶᠢᠨ ᠲᠦᠷᠢ ᠲᠦᠷᠬᠦ᠂ | ᠫᠠᠶᠢᠰᠠ ᠢᠯᠡᠷᠬᠡᠶᠢᠯᠡᠯ᠂ ᠠᠮᠤᠷ ᠲᠦᠪᠰᠢᠨ ᠤ ᠲᠠᠯᠳᠠ ᠬᠡᠮ ᠢ ᠪᠠᠶᠢᠴᠠᠭᠠᠬᠤ ᠵᠡᠷᠬᠡ ᠰᠢᠷᠢᠰ ᠲᠤᠰᠬᠠᠢ ᠲᠦᠷᠤᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠪᠠ᠃ ᠬᠤᠳᠠ ᠪᠠᠯᠭᠠᠰᠤᠨ ᠤ ᠲᠦᠯᠤᠪᠵᠢᠬᠦᠯᠬᠡ ᠶᠢ ᠨᠠᠶᠢᠷᠠᠭᠤᠯᠤᠨ | ᠲᠤᠭᠳᠠᠭᠠᠪᠠ᠃ | ᠦᠢᠯᠡᠳᠪᠤᠷᠢ ᠶᠢᠨ ᠲᠤᠭᠤᠷᠢᠭ ᠤᠨ ᠪᠠᠶᠢᠭᠤᠯᠤᠯᠳᠠ ᠶᠢ ᠴᠢᠩᠭᠠᠳᠬᠠᠵᠤ᠂ ᠮᠠᠨ ᠤ ᠬᠤᠰᠢᠭᠤᠨ ᠤ ᠠᠵᠤ | ᠦᠢᠯᠡᠳᠪᠤᠷᠢ ᠶᠢᠨ ᠲᠤᠭᠤᠷᠢᠭ ᠢ ᠨᠢᠬᠡᠳᠤᠯᠳᠡᠢ ᠲᠦᠯᠤᠪᠵᠢᠬᠦᠯᠤᠨ ᠨᠢᠬᠡᠳᠬᠡᠬᠦ ᠠᠵᠢᠯ ᠤᠨ ᠲᠦᠰᠤᠪ ᠲᠡᠬᠡᠳᠤ | ᠱᠠᠳᠤᠨ ᠤ ᠵᠦᠪᠰᠢᠶᠠᠷᠡᠯ ᠢ ᠤᠯᠵᠤ᠂ ᠤᠳᠤ ᠡᠯ᠎ᠠ ᠲᠦᠷᠤᠯ ᠤᠨ ᠲᠦᠯᠤᠪᠵᠢᠬᠦᠯᠬᠡ᠂ ᠤᠷᠴᠢᠨ ᠲᠤᠭᠤᠷᠢᠨ ᠤ | ᠬᠢᠨᠡᠨ ᠦᠨᠡᠯᠡᠯᠳᠡ᠂ ᠤᠰᠤᠨ ᠤ ᠡᠬᠢ ᠪᠠᠶᠠᠯᠢᠭ ᠤᠨ ᠨᠤᠳᠠᠯᠠᠯᠳᠠ ᠵᠡᠷᠬᠡ ᠵᠢᠯᠤᠭᠤᠳᠬᠤ ᠴᠢᠨᠡᠷ ᠲᠠᠢ ᠪᠢᠴᠢᠭ | ᠮᠠᠲ᠋ᠧᠷᠢᠶᠠᠯ ᠢ ᠨᠠᠶᠢᠷᠠᠭᠤᠯᠤᠨ ᠲᠤᠭᠳᠠᠭᠠᠬᠤ ᠠᠵᠢᠯ ᠢ ᠡᠬᠢᠯᠡᠬᠦᠯᠪᠠ᠃ | ⒉ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠪᠠ | ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠤ᠂ | ︽ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ ᠲᠦᠯᠤᠪᠵᠢᠬᠦᠯᠬᠡ ︵2018 — 2020︶︾ ᠶᠢ | ᠲᠤᠭᠳᠠᠭᠠᠪᠠ᠃ ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ | ᠤᠨ ᠲᠦᠰᠤᠪ︾ ᠢ ᠲᠤᠭᠳᠠᠭᠠᠬᠤ ᠶᠢᠨ ᠬᠠᠮᠳᠤ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠵᠦᠪᠰᠢᠶᠠᠷᠡᠯ ᠢ ᠤᠯᠵᠤ᠂ ᠪᠡᠯᠡᠳᠬᠡᠯ ᠬᠤᠭᠤᠴᠠᠭᠠᠨ ᠤ ᠠᠵᠢᠯ ᠢ ᠠᠬᠢᠭᠤᠯᠵᠤ᠂ ᠨᠢᠬᠡᠳᠤᠬᠡᠷ ᠪᠦᠯᠦᠭ ᠲᠦᠷᠤᠯ ᠵᠥᠢᠯ | ᠤᠨ ᠪᠡᠯᠡ ᠮᠦᠩᠬᠦ ᠶᠢ ᠨᠢᠬᠡᠨᠳᠡ ᠨᠠᠶᠢᠳᠠᠪᠤᠷᠢᠵᠢᠭᠤᠯᠤᠭᠰᠡᠨ ᠪᠠᠶᠢᠨ᠎ᠠ᠃ | ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠰᠠᠭᠤᠷᠰᠢᠯ ᠤᠷᠴᠢᠨ ᠢ ᠴᠡᠭᠴᠡᠯᠡᠨ ᠵᠠᠰᠠᠬᠤ ᠬᠡᠷᠡᠭᠵᠢᠬᠦᠯᠬᠦ | ᠲᠦᠰᠤᠯ︾ ᠢ ᠨᠠᠶᠢᠷᠠᠭᠤᠯᠤᠨ ᠲᠠᠷᠬᠭᠠᠵᠤ᠂ ︽ᠵᠤᠷᠯᠤᠩ ᠤᠨ ᠰᠢᠨᠠᠴᠢᠯᠠᠯᠳᠠ︾ ᠶᠢ ᠪᠦᠬᠦ ᠲᠠᠯ᠎ᠠ ᠪᠠᠷ ᠠᠬᠢᠭᠤᠯᠪᠠ᠃ | ︽ᠠᠪᠠᠭ᠎ᠠ ᠬᠤᠰᠢᠭᠤᠨ ᠤ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ ᠤᠨ ︵ᠵᠠᠮ ᠤᠨ ᠲᠠᠷᠤᠭ᠎ᠠ ᠶᠢᠨ | ᠲᠦᠷᠢᠮ︶ ᠢ ᠬᠡᠷᠡᠭᠵᠢᠬᠦᠯᠬᠦ ᠲᠦᠰᠤᠪ︾ ᠢ ᠲᠤᠭᠳᠠᠭᠠᠵᠤ᠂ 54.9 ᠺᠢᠯᠤᠮᠧᠲᠷ ᠤᠨ ᠵᠠᠰᠠᠮᠠᠯ ᠵᠠᠮ ᠤᠨ ᠪᠡᠯᠡᠳᠬᠡᠯ | ᠬᠤᠭᠤᠴᠠᠭᠠᠨ ᠤ ᠪᠠᠷᠢᠯᠭ᠎ᠠ ᠶᠢ ᠲᠠᠭᠤᠰᠬᠠᠵᠤ᠂ 27.1 ᠺᠢᠯᠤᠮᠧᠲᠷ ᠵᠠᠰᠠᠮᠠᠯ ᠵᠠᠮ ᠢ ᠨᠢᠬᠡᠨᠳᠡ ᠲᠠᠪᠢᠰᠴᠤ | ᠲᠠᠭᠤᠰᠬᠠᠭᠰᠡᠨ ᠪᠠᠶᠢᠨ᠎ᠠ᠃ ᠴᠢᠮᠡᠭᠡ ᠬᠤᠯᠪᠤᠭᠠᠨ ᠤ ᠨᠠᠶᠢᠳᠠᠮ ᠦᠢᠯᠡᠴᠢᠯᠡᠬᠡᠨ ᠤ ᠨᠦᠬᠦᠪᠤᠷᠢᠯᠡᠬᠦ ᠲᠤᠷᠰᠢᠯᠳᠠ ᠶᠢᠨ | ᠴᠡᠭ ᠤᠨ ᠪᠠᠷᠢᠯᠭ᠎ᠠ᠂ ᠰᠢᠨ᠎ᠠ ᠪᠠᠷ ᠪᠠᠶᠢᠭᠤᠯᠤᠭᠰᠡᠨ 17 ᠰᠠᠭᠤᠷᠢ ᠦᠷᠳᠡᠭᠡ ᠶᠢᠨ ᠴᠠᠬᠢᠯᠭᠠᠨ ᠤᠳᠠᠰᠤ ᠤᠭᠰᠠᠷᠠᠬᠤ | ᠠᠵᠢᠯ ᠢ ᠲᠠᠭᠤᠰᠬᠠᠵᠤ᠂ ᠤᠳᠤ ᠶᠠᠭ ᠲᠤᠷᠰᠢᠨ ᠬᠡᠷᠡᠭᠯᠡᠵᠤ ᠪᠤᠢ᠃ | ︵ᠲᠦᠷᠪᠡ︶ ᠪᠤᠬᠢᠷᠳᠤᠯ ᠦᠬᠡᠢ ᠬᠦᠭᠵᠢᠯᠳᠠ ᠶᠢ ᠲᠠᠰᠤᠷᠠᠯᠳᠠ ᠦᠬᠡᠢ ᠲᠦᠯᠬᠢᠨ ᠠᠬᠢᠭᠤᠯᠪᠠ᠃ | ⒈ ᠪᠤᠬᠢᠷᠳᠤᠯ ᠢ ᠰᠡᠷᠬᠡᠶᠢᠯᠡᠨ ᠵᠠᠰᠠᠵᠤ ᠪᠤᠭᠤᠮᠳᠠ ᠰᠢᠪᠳᠤᠯᠠᠬᠤ ᠠᠵᠢᠯ ᠢ ᠰᠠᠶᠢᠳᠤᠷ ᠬᠢᠪᠠ᠃ | ᠵᠢᠢ ᠳ᠋ᠦᠡᠭ ᠱᠦᠢᠨᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠮᠠᠷᠬᠡᠵᠢᠯ ᠤᠨ ᠦᠬᠡᠷᠡᠴᠢᠯᠡᠯᠳᠡ᠂ ᠶᠢᠨ ᠳ᠋ᠢ | ᠠᠭᠤᠷᠬᠠᠢ ᠶᠢᠨ ᠲᠤᠭᠤᠷᠢᠭ ᠤᠨ ᠠᠮᠢ ᠠᠬᠤᠢ ᠶᠢᠨ ᠵᠠᠰᠠᠨ ᠰᠡᠷᠬᠦᠬᠡᠯᠳᠡ ᠪᠠ ᠶᠢᠨ ᠱᠠᠨ ᠲᠤᠭᠤᠰᠬ᠎ᠠ ᠶᠢᠨ | ᠦᠢᠯᠡᠳᠪᠤᠷᠢ ᠶᠢᠨ ᠠᠮᠢ ᠠᠬᠤᠢ ᠶᠢᠨ ᠰᠡᠷᠬᠦᠬᠡᠯᠳᠡ ᠶᠢ ᠪᠠᠶᠠᠯᠠᠬᠦᠯᠵᠤ᠂ ᠮᠠᠨᠢᠳᠤ ᠠᠭᠤᠷᠬᠠᠢ ᠶᠢᠨ ᠲᠤᠭᠤᠷᠢᠭ ᠤᠨ | ᠵᠠᠰᠠᠯᠳᠠ ᠶᠢᠨ ᠲᠦᠷᠤᠯ ᠵᠥᠢᠯ ᠢ ᠲᠦᠷᠢᠮᠵᠢᠬᠦᠯᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠲᠦᠬᠦᠬᠡᠷᠤᠮᠵᠢ ᠪᠠ | ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢ ᠪᠠᠶᠠᠯᠠᠬᠦᠯᠪᠡ᠃ ᠨᠡᠬᠦᠷᠡᠰᠤ ᠲᠦᠯᠠᠵᠤ ᠪᠠᠶᠢᠨ᠎ᠠ 300 ᠡᠷᠤᠬᠡ | ᠶᠢᠨ ᠬᠡᠷ ᠪᠠᠶᠢᠰᠢᠩ ᠢ ᠲᠠᠳᠠᠪᠤᠷᠢᠯᠠᠵᠤ᠂ ᠨᠤᠷᠠᠭᠠᠨ ᠲᠡᠭᠰᠢᠯᠡᠪᠠ᠃ ᠪᠡᠯᠬᠦᠳᠡᠢ ᠪᠠᠯᠭᠠᠰᠤᠨ ᠤ ᠪᠤᠬᠢᠷ ᠤᠰᠤ | ᠰᠢᠢᠳᠪᠤᠷᠢᠯᠡᠬᠦ ᠦᠢᠯᠡᠳᠪᠤᠷᠢ ᠶᠢ ᠴᠡᠭᠴᠡᠯᠡᠨ ᠦᠬᠡᠷᠡᠴᠢᠯᠡᠵᠤ᠂ ᠪᠠᠴᠢᠮ ᠪᠠᠶᠢᠳᠠᠯ ᠢ ᠠᠷᠭᠠᠴᠠᠭᠠᠬᠤ ᠴᠦᠬᠦᠷᠤᠮ ᠤᠨ | ᠪᠠᠷᠢᠯᠭ᠎ᠠ ᠶᠢ ᠲᠠᠭᠤᠰᠬᠠᠵᠤ᠂ ᠪᠠᠷᠢᠮᠵᠢᠶ᠎ᠠ ᠶᠢ ᠨᠢ ᠲᠡᠬᠡᠭᠰᠢᠯᠡᠬᠦᠯᠬᠦ ᠪᠠᠷᠢᠯᠭ᠎ᠠ ᠶᠢᠨ ᠠᠵᠢᠯ ᠢ ᠡᠬᠢᠯᠡᠬᠦᠯᠪᠡ︔ | ᠲᠦᠪᠯᠡᠷᠡᠬᠦᠯᠤᠨ ᠤᠤᠭᠤᠬᠤ ᠤᠰᠤ ᠬᠠᠩᠭᠠᠬᠤ ᠤᠰᠤᠨ ᠰᠤᠷᠪᠤᠯᠵᠢ ᠶᠢᠨ ᠪᠠᠶᠢᠭᠤᠯᠤᠯᠳᠠ ᠶᠢ ᠲᠦᠷᠢᠮᠵᠢᠬᠦᠯᠵᠤ᠂ | ᠠᠯᠤᠰ ᠡᠵᠡᠮᠰᠢᠯᠳᠤ 14 ᠬᠤᠳᠳᠤᠭ᠂ ᠲᠤᠤᠷ ᠬᠦᠷᠢᠶ᠎ᠠ᠂ ᠨᠤᠭᠤᠭᠠᠷᠠᠭᠤᠯᠤᠯᠳᠠ ᠶᠢᠨ 11 ᠰᠠᠤᠷᠢ᠂ ᠴᠠᠬᠢᠯᠭᠠᠨ | ᠤᠳᠠᠰᠤ 13km ᠲᠠᠳᠠᠪᠠ᠃ ᠲᠤᠰᠤ ᠨᠡᠮᠡᠬᠦ ᠦᠷᠳᠡᠭᠡ ᠶᠢᠨ ᠬᠤᠶᠠᠷ ᠲᠠᠪᠬᠤᠷᠭ᠎ᠠ ᠬᠤᠭᠤᠯᠠᠢ ᠶᠢ ᠦᠬᠡᠷᠡᠴᠢᠯᠡᠨ | ᠪᠠᠶᠢᠭᠤᠯᠵᠤ᠂ ᠪᠠᠯᠭᠠᠰᠤᠨ ᠤ ᠬᠡᠪᠴᠢᠶᠠᠨ ᠳᠠᠬᠢ ᠤᠯᠠᠭᠠᠨ ᠢᠳᠡᠬᠡᠨ ᠡᠳ᠋ᠰᠢᠬᠦᠯᠬᠦ ᠠᠵᠤ ᠠᠬᠤᠶᠢᠯᠡᠯ ᠤᠨ ᠪᠤᠬᠢᠷ | ᠤᠰᠤ ᠰᠢᠢᠳᠪᠤᠷᠢᠯᠡᠬᠦ ᠲᠦᠬᠦᠬᠡᠷᠤᠮᠵᠢ ᠶᠢᠨ ᠪᠠᠶᠢᠭᠤᠯᠤᠯᠳᠠ ᠶᠢ ᠪᠠᠶᠠᠯᠠᠬᠦᠯᠵᠤ᠂ ᠬᠤᠳᠠ ᠶᠢᠨ ᠪᠤᠬᠢᠷ ᠤᠰᠤ | ᠭᠠᠳᠠᠭᠰᠢᠯᠠᠭᠤᠯᠬᠤ ᠭᠤᠤᠷᠰᠤ ᠬᠤᠭᠤᠯᠠᠢ ᠶᠢ ᠨᠠᠪᠳᠠᠷᠠᠬᠦᠯᠪᠠ᠃ ᠪᠤᠬᠢᠷᠳᠤᠯ ᠦᠬᠡᠢ ᠠᠭᠤᠷᠬᠠᠢ ᠶᠢᠨ ᠲᠤᠭᠤᠷᠢᠭ ᠤᠨ | ᠪᠠᠶᠢᠭᠤᠯᠤᠯᠳᠠ ᠶᠢᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ 3 ᠬᠠᠶᠠᠭᠳᠠᠮᠠᠯ ᠠᠭᠤᠷᠬᠠᠢ ᠶᠢᠨ | ᠲᠤᠭᠤᠷᠢᠭ ᠳᠤ ᠤᠷᠴᠢᠨ ᠲᠤᠭᠤᠷᠢᠨ ᠤ ᠵᠠᠰᠠᠨ ᠴᠡᠭᠴᠡᠯᠡᠯᠳᠡ ᠬᠢᠭᠰᠡᠨ ᠲᠠᠯᠠᠪᠠᠢ 1.306 ᠺᠤᠸᠠᠳ᠋ ᠺᠢᠯᠤᠮᠧᠲᠷ ᠲᠤ | ᠬᠦᠷᠴᠤ᠂ ᠠᠮᠢ ᠠᠬᠤᠢ ᠶᠢ ᠰᠡᠷᠬᠦᠬᠡᠬᠦ ᠲᠠᠷᠢᠵᠤ ᠦᠢᠵᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠬᠦᠯᠦᠭᠰᠡᠨ | ᠪᠠᠶᠢᠨ᠎ᠠ᠃ | ᠤᠷᠴᠢᠨ ᠲᠤᠭᠤᠷᠢᠨ ᠤ ᠠᠰᠠᠭᠤᠳᠠᠯ ᠢ ᠪᠦᠬᠦ ᠲᠠᠯ᠎ᠠ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠵᠤ᠂ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠨ ᠪᠠᠶᠢᠴᠠᠭᠠᠵᠤ ᠲᠤᠰᠬᠠᠭᠰᠡᠨ ᠪᠠ ᠮᠠᠨ ᠤ ᠬᠤᠰᠢᠭᠤᠨ ᠳᠤ | ᠲᠤᠰᠢᠶᠠᠨ ᠰᠢᠢᠳᠪᠤᠷᠢᠯᠡᠬᠦ 20 ᠲᠦᠷᠤᠯ ᠤᠨ ᠠᠰᠠᠭᠤᠳᠠᠯ ᠤᠨ 19 ᠲᠦᠷᠤᠯ ᠶᠢ ᠨᠢ ᠴᠡᠭᠴᠡᠯᠡᠨ ᠦᠬᠡᠷᠡᠴᠢᠯᠡᠪᠡ᠃ | ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠤᠷᠴᠢᠨ ᠲᠤᠭᠤᠷᠢᠨ ᠤ | ᠶᠠᠷᠤᠩᠬᠡᠶᠢᠯᠡᠭᠰᠡᠨ ᠱᠠᠯᠠᠪᠳᠠᠨ ᠪᠠᠶᠢᠴᠠᠭᠠᠵᠤ ᠲᠤᠰᠬᠠᠭᠰᠡᠨ 12 ᠲᠦᠷᠤᠯ ᠤᠨ ᠠᠰᠠᠭᠤᠳᠠᠯ ᠤᠨ 10 ᠶᠢ ᠨᠢ | ᠴᠡᠭᠴᠡᠯᠡᠨ ᠦᠬᠡᠷᠡᠴᠢᠯᠡᠬᠦ ᠶᠢ ᠪᠠᠶᠠᠯᠠᠬᠦᠯᠪᠠ᠃ ᠪᠦᠬᠦ ᠬᠤᠰᠢᠭᠤᠨ ᠤ ᠭᠤᠤᠯᠳᠠᠯᠭ᠎ᠠ ᠲᠠᠢ ᠦᠢᠯᠡᠳᠪᠤᠷᠢ ᠠᠭᠤᠷᠬᠠᠢ | ᠶᠢᠨ ᠠᠵᠤ ᠠᠬᠤᠶᠢᠯᠡᠯ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠨᠤᠭ ᠲᠦᠬᠦᠬᠡᠷᠤᠮᠵᠢ ᠶᠢᠨ ᠬᠡᠪ ᠤᠨ | ᠡᠷᠬᠢᠯᠳᠠ ᠶᠢᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠪᠠᠶᠢᠳᠠᠯ ᠢ ᠪᠦᠬᠦ ᠲᠠᠯ᠎ᠠ ᠪᠠᠷ | ᠪᠠᠶᠢᠴᠠᠭᠠᠨ ᠦᠢᠯᠠᠭᠠᠵᠤ᠂ ᠨᠠᠶᠢᠳᠠ 37 ᠠᠵᠤ ᠠᠬᠤᠶᠢᠯᠡᠯ ᠢ ᠪᠠᠶᠢᠴᠠᠭᠠᠵᠤ᠂ 16 ᠠᠵᠤ ᠠᠬᠤᠶᠢᠯᠡᠯ ᠳᠤ | ᠴᠡᠭᠴᠡᠯᠡᠨ ᠦᠬᠡᠷᠡᠴᠢᠯᠡᠬᠦ ᠵᠠᠷᠯᠢᠭ ᠪᠠᠭᠤᠯᠭᠠᠪᠠ᠃ ᠭᠠᠵᠡᠷ ᠰᠢᠷᠥᠢ ᠶᠢᠨ ᠡᠬᠡᠯᠵᠢᠳᠤ ᠱᠠᠯᠠᠪᠳᠠᠨ ᠪᠠᠶᠢᠴᠠᠭᠠᠬᠤ ᠳᠤ | ᠢᠯᠡᠷᠡᠬᠦᠯᠦᠭᠰᠡᠨ 6 ᠲᠦᠷᠤᠯ ᠤᠨ ᠠᠰᠠᠭᠤᠳᠠᠯ ᠤᠨ 4 ᠶᠢ ᠨᠢ ᠴᠡᠭᠴᠡᠯᠡᠨ ᠦᠬᠡᠷᠡᠴᠢᠯᠡᠪᠡ᠃ ᠤᠷᠴᠢᠨ ᠲᠤᠭᠤᠷᠢᠨ | ᠢ ᠪᠠᠶᠢᠴᠠᠭᠠᠨ ᠴᠡᠭᠴᠡᠯᠡᠬᠦ ᠠᠵᠢᠯ ᠢ ᠰᠠᠶᠢᠳᠤᠷ ᠦᠷᠨᠢᠬᠦᠯᠵᠤ᠂ ᠬᠠᠤᠯᠢ ᠬᠡᠷᠡᠭᠵᠢᠬᠦᠯᠬᠦ ᠠᠵᠢᠯᠳᠠᠨ ᠢ 178 ᠬᠦᠮᠤᠨ | ᠤᠳᠠᠭ᠎ᠠ᠂ ᠠᠵᠤ ᠠᠬᠤᠶᠢᠯᠡᠯ ᠢ 43 ᠡᠷᠤᠬᠡ ᠤᠳᠠᠭ᠎ᠠ ᠪᠠᠶᠢᠴᠠᠭᠠᠵᠤ᠂ 20 ᠠᠵᠤ ᠠᠬᠤᠶᠢᠯᠡᠯ ᠢ ᠵᠠᠷᠯᠢᠭᠳᠠᠨ | ᠴᠡᠭᠴᠡᠯᠡᠵᠤ᠂ ᠠᠮᠢ ᠠᠬᠤᠢ ᠤᠷᠴᠢᠨ ᠲᠤᠭᠤᠷᠢᠨ ᠳᠤ ᠬᠤᠯᠪᠤᠭᠳᠠᠬᠤ 6 ᠵᠠᠭᠠᠯᠳᠤᠯᠭ᠎ᠠ ᠶᠢ ᠵᠤᠬᠢᠴᠠᠭᠤᠯᠤᠨ | ᠰᠢᠢᠳᠪᠤᠷᠢᠯᠡᠪᠠ᠃ | ᠠᠮᠢ ᠠᠬᠤᠢ ᠶᠢᠨ ᠴᠢᠳᠠᠪᠬᠢᠳᠤ ᠲᠤᠭᠤᠷᠢᠭ ᠤᠨ ᠦᠨᠡᠯᠡᠯᠳᠡ ᠪᠠ ᠬᠡᠮᠵᠢᠯᠳᠠ ᠶᠢ ᠠᠬᠢᠭᠤᠯᠪᠠ᠃ ᠤᠯᠤᠰ ᠤᠨ | ᠭᠤᠤᠯᠳᠠᠯᠭᠠᠳᠤ ᠠᠮᠢ ᠠᠬᠤᠢ ᠶᠢᠨ ᠴᠢᠳᠠᠪᠬᠢᠳᠤ ᠲᠤᠭᠤᠷᠢᠭ ᠤᠨ ᠬᠤᠰᠢᠭᠤ ᠰᠢᠶᠠᠨ ᠤ ᠬᠡᠪᠴᠢᠶᠠᠨ ᠳᠠᠬᠢ ᠴᠢᠨᠠᠷ | ᠴᠢᠡᠰᠠᠭ᠎ᠠ ᠶᠢ ᠬᠡᠮᠵᠢᠨ ᠦᠨᠡᠯᠡᠬᠦ ᠠᠵᠢᠯ ᠢ ᠨᠠᠷᠢᠨ ᠨᠢᠮᠪᠠᠢ ᠦᠷᠨᠢᠬᠦᠯᠵᠤ᠂ ᠠᠮᠢ ᠠᠬᠤᠢ ᠤᠷᠴᠢᠨ ᠲᠤᠭᠤᠷᠢᠨ ᠢ | ᠬᠢᠨᠡᠨ ᠦᠨᠡᠯᠡᠬᠦ ᠶᠠᠪᠤᠴᠠ ᠳᠤ᠂ ᠮᠠᠨ ᠤ ᠬᠤᠰᠢᠭᠤ ᠪᠦᠬᠦ ᠤᠷᠤᠨ ᠳᠤ ᠲᠦᠷᠪᠡᠳᠤᠬᠡᠷ ᠲᠤ ᠵᠢᠭᠰᠠᠭᠠᠭᠳᠠᠵᠤ᠂ ᠪᠦᠬᠦ | ᠠᠶᠢᠮᠠᠭ ᠲᠤ ᠨᠢᠬᠡᠳᠤᠬᠡᠷ ᠲᠤ ᠤᠷᠤᠭᠰᠡᠨ ᠰᠢᠯᠢᠳᠡᠭ ᠪᠦᠳᠤᠮᠵᠢ ᠤᠯᠪᠠ᠃ ᠪᠡᠯᠡ ᠤᠷᠤᠭᠤᠯᠤᠯᠳᠠ ᠶᠢᠨ ᠲᠦᠷᠤᠯ | ᠤᠨ ᠡᠨᠧᠷᠬᠢ ᠠᠷᠪᠢᠯᠠᠬᠤ᠂ ᠤᠷᠴᠢᠨ ᠲᠤᠭᠤᠷᠢᠨ ᠤ ᠦᠨᠡᠯᠡᠯᠳᠡ ᠶᠢ ᠬᠢᠨᠡᠨ ᠪᠠᠶᠢᠴᠠᠭᠠᠬᠤ ᠠᠵᠢᠯ ᠢ ᠰᠠᠶᠢᠳᠤᠷ | ᠦᠷᠨᠢᠬᠦᠯᠵᠤ᠂ ᠡᠨᠧᠷᠬᠢ ᠤᠨ ᠬᠤᠷᠤᠭᠳᠠᠯ ᠶᠡᠭᠡ ᠠᠵᠤ ᠠᠬᠤᠶᠢᠯᠡᠯ ᠤᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ | ᠪᠠᠶᠢᠴᠠᠭᠠᠨ ᠰᠤᠳᠤᠯᠵᠤ ᠬᠢᠨᠡᠨ ᠬᠠᠷᠭᠤᠭᠤᠯᠬᠤ ᠠᠵᠢᠯ ᠤᠨ ᠡᠷᠴᠢᠮ ᠢ ᠴᠢᠩᠭᠠᠷᠠᠭᠤᠯᠪᠠ᠃ ᠪᠤᠬᠢᠷᠳᠤᠯ ᠶᠡᠭᠡ ᠠᠵᠤ | ᠠᠬᠤᠶᠢᠯᠡᠯ᠂ ᠪᠤᠬᠢᠷᠳᠤᠯ ᠤᠨ ᠡᠬᠢ ᠡᠬᠦᠰᠤᠯ ᠢ ᠬᠢᠨᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠤᠬᠢᠷᠳᠤᠯ ᠤᠨ | ᠬᠡᠮᠵᠢᠶ᠎ᠠ ᠶᠢ ᠵᠦᠢ ᠵᠤᠬᠢᠰᠳᠡᠢ ᠪᠠᠭᠠᠰᠬᠠᠭᠰᠡᠨ ᠪᠠᠶᠢᠨ᠎ᠠ᠃ | ⒉ ᠪᠤᠬᠢᠷᠳᠤᠯ ᠦᠬᠡᠢ ᠬᠦᠭᠵᠢᠯᠳᠠ ᠶᠢ ᠲᠦᠯᠬᠢᠨ ᠠᠬᠢᠭᠤᠯᠪᠠ᠃ | ᠠᠮᠢ ᠠᠬᠤᠢ ᠶᠢᠨ ᠪᠡᠯᠡ ᠤᠷᠤᠭᠤᠯᠤᠯᠳᠠ ᠪᠠᠨ ᠲᠠᠰᠤᠷᠠᠯᠳᠠ ᠦᠬᠡᠢ ᠨᠡᠮᠡᠭᠳᠡᠬᠦᠯᠵᠤ᠂ ᠪᠡᠬᠡᠵᠢᠩ ᠲᠢᠶᠠᠡᠵᠢᠨ ᠤ | ᠡᠯᠡᠰᠤᠨ ᠤ ᠡᠬᠢ ᠶᠢ ᠵᠠᠰᠠᠬᠤ ᠢᠡᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠵᠤ᠂ 3 ᠲᠦᠮᠡᠨ ᠮᠤ᠋ ᠭᠠᠵᠡᠷ ᠢ | ᠦᠢᠵᠢᠭᠤᠯᠵᠤ᠂ 0.2 ᠲᠦᠮᠡᠨ ᠮᠤ᠋ ᠡᠯᠡᠰᠦᠷᠬᠡᠭ ᠭᠠᠵᠡᠷ ᠳᠤ ᠵᠠᠰᠠᠯᠳᠠ ᠬᠢᠵᠤ᠂ 56 ᠰᠠᠤᠷᠢ ᠬᠤᠳᠳᠤᠭ | ᠦᠷᠤᠮᠳᠤᠵᠤ᠂ ᠭᠤᠤᠯᠳᠠᠯᠭᠠᠳᠤ ᠤᠷᠤᠨ ᠪᠦᠰᠠ ᠶᠢᠨ 33.33 ᠲᠦᠮᠡᠨ ᠺᠤᠸᠠᠳ᠋ ᠺᠢᠯᠤᠮᠧᠲᠷ ᠭᠠᠵᠡᠷ ᠢ | ᠨᠤᠭᠤᠭᠠᠷᠠᠭᠤᠯᠤᠭᠰᠡᠨ ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠲᠤᠭᠤᠷᠢᠭ᠂ ᠤᠰᠤᠨ ᠰᠤᠷᠪᠤᠯᠵᠢ ᠶᠢᠨ | ᠭᠠᠵᠡᠷ᠂ ᠭᠤᠤᠯ ᠮᠦᠷᠡᠨ ᠤ ᠤᠷᠤᠰᠬᠠᠯ ᠰᠠᠪᠠ ᠭᠠᠵᠡᠷ᠂ ᠦᠢᠵᠢᠭᠤᠯᠬᠤ ᠲᠤᠭᠤᠷᠢᠭ᠂ ᠬᠦᠮᠤᠨ ᠠᠮᠠ | ᠲᠦᠪᠯᠡᠷᠡᠭᠰᠡᠨ ᠲᠤᠭᠤᠷᠢᠭ ᠵᠡᠷᠬᠡ ᠭᠠᠵᠡᠷ ᠤᠷᠤᠨ ᠳᠠᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠷᠴᠢᠮ ᠢ | ᠴᠢᠩᠭᠠᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠪᠠ ᠴᠠᠪᠠᠷ ᠲᠤᠬᠢᠯᠢᠭ ᠰᠠᠭᠤᠷᠰᠢᠯ ᠤᠷᠴᠢᠨ ᠢ | ᠬᠠᠮᠠᠭᠠᠯᠠᠭᠰᠡᠨ ᠪᠠᠶᠢᠨ᠎ᠠ᠃ | ᠠᠮᠢ ᠠᠬᠤᠢ ᠶᠢᠨ ᠬᠤᠷᠢᠭ᠎ᠠ ᠱᠤᠭᠤᠮ ᠤᠨ ᠲᠦᠷᠤ ᠶᠢᠨ ᠪᠤᠳᠤᠯᠭ᠎ᠠ ᠶᠢ ᠢᠳᠡᠪᠬᠢᠳᠡᠢ ᠬᠡᠷᠡᠭᠵᠢᠬᠦᠯᠵᠤ᠂ ᠨᠤᠳᠤᠭ | ᠪᠠᠯᠴᠢᠬᠡᠷ ᠲᠠᠳᠠᠪᠤᠷᠢᠯᠠᠬᠤ ᠪᠤᠢ ᠪᠦᠬᠦᠢ ᠲᠦᠷᠤᠯ ᠳᠤ ᠠᠮᠢ ᠠᠬᠤᠢ ᠶᠢᠨ ᠬᠢᠨᠡᠨ ᠬᠠᠷᠭᠤᠭᠤᠯᠤᠯᠳᠠ ᠬᠢᠵᠤ᠂ ᠤᠯᠤᠰ | ᠤᠨ ᠭᠠᠵᠡᠷ ᠰᠢᠷᠥᠢ ᠶᠢᠨ ᠡᠬᠢ ᠪᠠᠶᠠᠯᠢᠭ ᠤᠨ 66.44% ᠤᠨ ᠬᠠᠷᠢᠴᠠᠯ ᠢᠶᠠᠷ ᠠᠩᠬ᠎ᠠ ᠠᠯᠬᠤᠮ ᠠᠮᠢ ᠠᠬᠤᠢ | ᠶᠢᠨ ᠬᠤᠷᠢᠭ᠎ᠠ ᠱᠤᠭᠤᠮ ᠲᠤᠭᠳᠠᠭᠠᠬᠤ ᠶᠢᠨ ᠬᠠᠮᠳᠤ ᠬᠤᠶᠢᠰᠢᠳᠠ ᠶᠢᠨ ᠭᠤᠤᠯᠳᠠᠯᠭᠠᠳᠤ ᠬᠦᠭᠵᠢᠯᠳᠠ ᠶᠢᠨ ᠤᠷᠤᠨ | ᠪᠦᠰᠠ ᠠᠴᠠ ᠵᠠᠶᠢᠯᠠᠰᠬᠢᠨ ᠠᠰᠢᠭᠯᠠᠬᠤ ᠶᠢ ᠬᠡᠷᠡᠭᠵᠢᠬᠦᠯᠵᠤ᠂ ᠨᠢᠬᠡᠨᠳᠡ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ | ᠤᠨ ᠲᠤᠪᠴᠢᠶ᠎ᠠ ᠳᠤ ᠮᠡᠳᠡᠬᠦᠯᠦᠭᠰᠡᠨ ᠪᠠᠶᠢᠨ᠎ᠠ᠃ ᠠᠷᠴᠠ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ | ᠲᠤᠬᠢᠷᠠᠭᠤᠯᠤᠯᠳᠠ ᠬᠢᠬᠦ ᠶᠢ ᠠᠬᠢᠭᠤᠯᠵᠤ᠂ ᠲᠦᠯᠤᠪᠵᠢᠬᠦᠯᠬᠡ ᠪᠠ ᠶᠠᠷᠤᠩᠬᠡᠶᠢᠯᠡᠭᠰᠡᠨ ᠪᠠᠶᠢᠴᠠᠭᠠᠨ ᠰᠤᠳᠤᠯᠤᠯᠳᠠ ᠶᠢᠨ | ᠮᠡᠳᠡᠬᠦᠯᠤᠯᠳᠠ ᠳᠤ ᠵᠠᠰᠠᠪᠤᠷᠢ ᠤᠷᠤᠭᠤᠯᠤᠨ᠂ ᠪᠦᠷᠢᠡᠰᠢᠬᠦᠯᠤᠨ ᠲᠤᠬᠢᠷᠠᠭᠤᠯᠵᠤ ᠤᠳᠤ ᠶᠠᠭ ᠪᠡᠯᠡᠳᠬᠡᠯ ᠬᠤᠭᠤᠴᠠᠭᠠᠨ | ᠤ ᠠᠵᠢᠯ ᠢ ᠱᠠᠯᠠᠪᠳᠠᠨ ᠬᠡᠵᠤ ᠪᠤᠢ᠃ ᠠᠮᠢ ᠠᠬᠤᠢ ᠶᠢᠨ ᠨᠦᠬᠦᠪᠤᠷᠢ ᠱᠠᠩᠨᠠᠯ ᠪᠠ ︽ᠬᠤᠨᠢ ᠶᠢ ᠴᠦᠭᠴᠢᠯᠡᠵᠤ | ᠦᠬᠡᠷ ᠢ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠢᠳᠡᠪᠬᠢᠳᠡᠢ ᠬᠡᠷᠡᠭᠵᠢᠬᠦᠯᠵᠤ᠂ ᠨᠤᠳᠤᠭ ᠪᠠᠯᠴᠢᠬᠡᠷ ᠠᠮᠢ | ᠠᠬᠤᠢ ᠶᠢᠨ ᠲᠠᠷᠤᠯᠳᠠ ᠶᠢ ᠬᠦᠩᠬᠡᠯᠡᠵᠤ᠂ ᠭᠤᠤᠯ ᠨᠠᠭᠤᠷ ᠤᠨ ᠲᠠᠷᠤᠭ᠎ᠠ ᠶᠢᠨ ᠲᠦᠷᠢᠮ ᠢ ᠨᠠᠷᠢᠨ ᠨᠢᠮᠪᠠᠢ | ᠬᠡᠷᠡᠭᠵᠢᠬᠦᠯᠵᠤ᠂ ᠭᠤᠤᠯ ᠨᠠᠭᠤᠷ ᠢ ᠴᠠᠭᠳᠠᠨ ᠬᠠᠮᠠᠭᠠᠯᠠᠬᠤ ᠠᠵᠢᠯ ᠢ 137 ᠬᠦᠮᠤᠨ ᠤᠳᠠᠭ᠎ᠠ ᠦᠷᠨᠢᠬᠦᠯᠪᠡ᠃ ᠠᠮᠢ | ᠠᠬᠤᠢ ᠶᠢᠨ ᠪᠤᠯᠪᠠᠰᠤᠨ ᠤ ᠤᠬᠠᠭᠤᠯᠭ᠎ᠠ ᠬᠦᠮᠤᠵᠢᠯ ᠢ ᠴᠢᠩᠭᠠᠳᠬᠠᠵᠤ᠂ ᠲᠡᠯᠡᠬᠡᠢ ᠶᠢᠨ ᠤᠷᠴᠢᠨ ᠲᠤᠭᠤᠷᠢᠨ ᠤ | ᠡᠳᠤᠷ ᠵᠢᠴᠢ ᠤᠷᠴᠢᠨ ᠲᠤᠭᠤᠷᠢᠨ ᠢ ᠬᠠᠮᠠᠭᠠᠯᠠᠬᠤ ᠭᠠᠷᠠᠭ ᠪᠠ ᠡᠨᠧᠷᠬᠢ ᠠᠷᠪᠢᠯᠠᠬᠤ ᠤᠬᠠᠭᠤᠯᠭ᠎ᠠ ᠶᠢᠨ ᠭᠠᠷᠠᠭ | ᠵᠡᠷᠬᠡ ᠤᠬᠠᠭᠤᠯᠭ᠎ᠠ ᠶᠢᠨ ᠬᠦᠳᠡᠯᠬᠡᠬᠡᠨ ᠢ ᠡᠷᠬᠢᠯᠡᠵᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ | ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠡᠶ᠎ᠡ ᠵᠤᠬᠢᠴᠠᠯᠳᠤ ᠬᠦᠭᠵᠢᠯᠳᠠ ᠶᠢᠨ ᠨᠠᠶᠢᠳᠡᠯᠢᠭ | ᠵᠢᠱᠢᠶᠠᠴᠢ ᠡᠷᠤᠬᠡ 31 ᠶᠢ ᠰᠤᠩᠭᠤᠨ ᠰᠢᠯᠭᠠᠷᠠᠭᠤᠯᠤᠭᠰᠡᠨ ᠪᠠᠶᠢᠨ᠎ᠠ᠃ | ︵ᠲᠠᠪᠤ︶ ᠦᠬᠡᠷᠡᠴᠢᠯᠡᠯᠳᠡ ᠨᠡᠬᠡᠬᠡᠯᠳᠡ ᠲᠤᠭᠳᠠᠭᠤᠨ ᠤ ᠶᠡᠭᠡ ᠲᠠᠯ᠎ᠠ ᠶᠢ ᠬᠦᠴᠤᠯᠡᠨ ᠬᠠᠮᠠᠭᠠᠯᠠᠪᠠ | ⒈ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠦᠬᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠪᠠ᠃ | ︽ᠠᠪᠠᠭ᠎ᠠ ᠬᠤᠰᠢᠭᠤᠨ ᠤ 2019 ᠤᠨ ᠤ ᠦᠬᠡᠷᠡᠴᠢᠯᠡᠯᠳᠡ ᠶᠢᠨ ᠡᠬᠦᠷᠬᠡ ᠶᠢᠨ ᠡᠮᠬᠢᠳᠬᠡᠯ︾ ᠢ | ᠲᠤᠭᠳᠠᠭᠠᠭᠰᠡᠨ ᠤ ᠬᠠᠮᠳᠤ ᠡᠬᠦᠨ ᠢᠶᠠᠷ ᠲᠠᠮᠵᠢᠨ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ ᠦᠬᠡᠷᠴᠢᠯᠡᠯᠳᠡ ᠶᠢ | ᠢᠳᠡᠪᠬᠢᠳᠡᠢ ᠲᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠦᠳᠡᠯᠬᠡᠭᠴᠢ ᠬᠦᠴᠤᠨ ᠢ | ᠢᠳᠡᠪᠬᠢᠳᠡᠢ ᠪᠤᠶᠢᠵᠢᠭᠤᠯᠤᠨ᠂ ᠤᠯᠠᠨ ᠨᠠᠶᠢᠳᠠ ᠶᠢᠨ ᠦᠡᠳᠤᠰᠤᠨ ᠦᠢᠯᠡᠴᠢᠯᠡᠬᠡᠨ ᠤ ᠲᠦᠬᠡᠬᠡᠮᠡᠯᠵᠢᠯᠳᠠ᠂ ᠠᠳᠠᠯᠢ | ᠲᠡᠭᠰᠢ ᠴᠢᠨᠡᠷ ᠢ ᠠᠬᠢᠭᠤᠯᠵᠤ᠂ ᠤᠯᠤᠰ ᠲᠦᠷᠤ᠂ ᠰᠤᠶᠤᠯ᠂ ᠨᠠᠶᠢᠬᠡᠮ ᠵᠢᠴᠢ ᠰᠠᠬᠢᠯᠭ᠎ᠠ ᠪᠠᠳᠤ ᠬᠢᠨᠡᠨ ᠪᠠᠶᠢᠴᠠᠭᠠᠬᠤ | ᠵᠤᠬᠢᠴᠠᠮᠵᠢ ᠶᠢᠨ ᠦᠬᠡᠷᠡᠴᠢᠯᠡᠯᠳᠡ ᠶᠢ ᠠᠬᠢᠭᠤᠯᠪᠠ᠃ ᠵᠠᠰᠠᠭ ᠤᠨ ᠦᠢᠯᠡᠴᠢᠯᠡᠬᠡᠨ ᠤ ᠵᠤᠬᠢᠴᠠᠮᠵᠢ ᠶᠢᠨ | ᠦᠬᠡᠷᠡᠴᠢᠯᠡᠯᠳᠡ ᠶᠢ ᠴᠢᠩᠭᠠᠳᠬᠠᠪᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠠᠵᠢᠯ ᠢ | ᠠᠩᠬ᠎ᠠ ᠠᠯᠬᠤᠮ ᠲᠠᠭᠤᠰᠬᠠᠵᠤ᠂ ᠤᠳᠤᠷᠢᠳᠤᠯᠭ᠎ᠠ ᠪᠠ ᠤᠳᠤᠷᠢᠳᠬᠤ ᠪᠠᠭ ᠢ ᠲᠤᠬᠢᠷᠠᠭᠤᠯᠬᠤ ᠠᠵᠢᠯ ᠢ ᠲᠠᠭᠤᠰᠬᠠᠪᠠ | ᠃ ᠪᠦᠬᠦ ᠬᠤᠰᠢᠭᠤᠨ ᠤ 24 ᠵᠠᠰᠠᠭ ᠵᠠᠬᠢᠷᠭᠠᠨ ᠤ ᠡᠷᠬᠡᠳᠤ ᠰᠠᠯᠠᠭ᠎ᠠ ᠮᠦᠴᠢᠷ ᠤᠨ ᠦᠬᠡᠷᠡᠴᠢᠯᠡᠯᠳᠡ ᠶᠢᠨ ᠲᠠᠷᠠᠭᠠᠬᠢ | ᠶᠠᠪᠤᠳᠠᠯ ᠤᠴᠢᠷ ᠢ ᠲᠡᠬᠢᠨ ᠰᠠᠶᠢᠳᠤᠷ ᠲᠢᠭᠯᠡᠵᠤ᠂ ᠡᠯ᠎ᠠ ᠰᠠᠯᠠᠭ᠎ᠠ ᠮᠦᠴᠢᠷ ᠨᠢ ᠦᠪᠡᠷᠳᠡᠬᠡᠨ ᠵᠠᠰᠠᠬᠤ ᠤᠷᠤᠨ ᠤ | ᠨᠢᠬᠡ ᠴᠤᠭᠴᠠᠵᠢᠭᠰᠡᠨ ᠲᠠᠪᠴᠠᠩ ᠳᠠᠬᠢ ᠲᠤᠰ ᠰᠠᠯᠠᠭ᠎ᠠ ᠮᠦᠴᠢᠷ ᠤᠨ ᠬᠠᠷᠢᠶᠠᠨ ᠤ ᠶᠠᠪᠤᠳᠠᠯ ᠢ ᠪᠦᠬᠦᠨ ᠢ ᠲᠠᠭᠠᠭᠠᠨ | ᠠᠪᠬᠤ ᠶᠢᠨ ᠬᠠᠮᠳᠤ ᠪᠠᠶᠢᠭᠤᠯᠭ᠎ᠠ ᠶᠢᠨ ᠢᠶᠠᠨ ᠭᠤᠶᠤᠴᠢᠯᠠᠭᠰᠡᠨ ᠲᠦᠷᠤᠯ ᠤᠨ ᠵᠠᠰᠠᠭ ᠤᠨ ᠡᠷᠬᠡᠳᠤ ᠬᠡᠷᠡᠭ ᠶᠠᠪᠤᠳᠠᠯ | ᠢ ᠪᠦᠬᠦᠨ ᠢ ᠺᠤᠮᠫᠢᠦ᠋ᠲ᠋ᠧᠷ ᠲᠤ ᠤᠷᠤᠭᠤᠯᠪᠠ᠃ ᠡᠬᠦᠨ ᠤ ᠬᠠᠮᠳᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠠᠪᠴᠠᠩ ᠢᠶᠠᠷ ᠢᠡᠲ᠋ᠧᠷ ᠰᠦᠯᠵᠢᠶ᠎ᠠ + ᠬᠢᠨᠠᠯᠳᠠ ᠲᠠᠯᠪᠢᠬᠤ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ᠬᠢᠨᠡᠨ | ᠬᠠᠮᠢᠶᠠᠷᠤᠯᠳᠠ ᠶᠢᠨ ᠬᠡᠷᠡᠭ ᠶᠠᠪᠤᠳᠠᠯ ᠤᠨ ᠴᠡᠭᠴᠡᠯᠡᠯᠳᠡ ᠶᠢ ᠲᠠᠭᠤᠰᠬᠠᠭᠰᠡᠨ ᠤ ᠬᠠᠮᠳᠤ ᠬᠠᠤᠯᠢ ᠬᠡᠷᠡᠭᠵᠢᠬᠦᠯᠬᠦ | ᠮᠡᠳᠡᠭᠡ ᠵᠠᠩᠬᠢ ᠶᠢ ᠴᠤᠭᠯᠠᠭᠤᠯᠬᠤ ᠠᠵᠢᠯ ᠢ ᠶᠠᠪᠤᠭᠳᠠᠭᠤᠯᠪᠠ᠃ ︽ᠬᠤᠤᠰ ᠲᠤᠭᠳᠠᠮᠠᠯ ᠪᠤᠰᠤ ᠨᠢᠬᠡ ᠶᠢ ᠢᠯᠡ | ᠪᠤᠯᠭᠠᠬᠤ︾ ᠬᠠᠤᠯᠢ ᠬᠡᠷᠡᠭᠵᠢᠬᠦᠯᠤᠯᠳᠠ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢᠨ | ᠠᠵᠢᠯᠯᠠᠭ᠎ᠠ ᠶᠢ ᠨᠠᠩ ᠪᠦᠳᠤᠮᠵᠢᠳᠡᠢ ᠲᠦᠷᠢᠮᠵᠢᠯ ᠲᠠᠢ ᠶᠠᠪᠤᠭᠳᠠᠭᠤᠯᠪᠠ᠃ | ᠬᠠᠩᠭᠠᠯᠭ᠎ᠠ ᠬᠡᠷᠡᠭᠯᠡᠬᠡᠨ ᠤ ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ︽ᠭᠤᠷᠪᠡ ᠶᠢ ᠪᠠᠭᠠᠰᠬᠠᠵᠤ᠂ ᠨᠢᠬᠡ | ᠶᠢ ᠪᠠᠭᠤᠷᠠᠭᠤᠯᠤᠨ᠂ ᠨᠢᠬᠡ ᠶᠢ ᠨᠦᠬᠦᠪᠤᠷᠢᠯᠡᠬᠦ︾ ᠶᠢ ᠬᠡᠷᠡᠭᠵᠢᠬᠦᠯᠤᠨ᠎ᠠ᠃ ᠬᠡᠷ ᠪᠠᠶᠢᠰᠢᠩ ᠭᠠᠵᠡᠷ ᠬᠦᠷᠤᠩᠬᠡ ᠶᠢᠨ | ᠨᠦᠬᠡᠴᠠ ᠶᠢ ᠪᠠᠭᠠᠰᠬᠠᠪᠠ᠃ 64 ᠢᠵᠢ ᠭᠠᠷᠳᠠᠮ ᠦᠬᠡᠢ ᠬᠡᠷ ᠬᠦᠷᠤᠩᠬᠡ ᠶᠢᠨ ᠠᠰᠠᠭᠤᠳᠠᠯ ᠢ ᠰᠢᠢᠳᠪᠤᠷᠢᠯᠡᠨ᠂ | 854 ᠢᠵᠢ ᠨᠦᠬᠡᠴᠠ ᠬᠡᠷ ᠪᠠᠶᠢᠰᠢᠩ ᠢ ᠰᠦᠯᠵᠢᠶᠠᠨ ᠲᠡᠬᠡᠷ᠎ᠠ ᠠᠷᠠᠯᠵᠢᠶᠠᠯᠠᠵᠤ ᠭᠠᠷ ᠤᠨ ᠦᠰᠦᠭ ᠵᠢᠷᠤᠨ᠂ ᠡᠬᠦᠨ | ᠳᠤ ᠤᠷᠤᠨ ᠰᠠᠭᠤᠴᠠ 490 ᠢᠵᠢ ᠪᠠᠶᠢᠨ᠎ᠠ᠃ ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠬᠢ ᠶᠢ ᠢᠳᠡᠪᠬᠢᠳᠡᠢ | ᠲᠠᠶᠠᠭᠳᠠᠵᠤ᠂ ᠤᠳᠤ ᠪᠠᠶᠢᠭ᠎ᠠ ᠨᠠᠬᠦᠷᠡᠰᠤᠨ ᠠᠭᠤᠷᠬᠠᠢ ᠶᠢᠨ ᠠᠵᠤ ᠠᠬᠤᠶᠢᠯᠡᠯ ᠢ ᠨᠢᠬᠡᠳᠬᠡᠨ ᠴᠡᠭᠴᠡᠯᠡᠪᠠ᠃ ᠲᠡᠬᠡᠳᠤ | ᠱᠠᠳᠤᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠠᠷᠢᠨ ᠬᠢᠨᠠᠮᠠᠭᠠᠢ ᠬᠡᠷᠡᠭᠵᠢᠬᠦᠯᠤᠨ᠂ ᠠᠵᠤ ᠠᠬᠤᠶᠢᠯᠡᠯ ᠤᠨ | ᠬᠦᠷᠤᠩᠬᠡ ᠬᠤᠷᠠᠮᠳᠤᠭᠤᠯᠭ᠎ᠠ ᠶᠢᠨ ᠡᠮᠤᠨ᠎ᠠ ᠬᠤᠭᠤᠴᠠᠭᠠᠨ ᠤ ᠠᠵᠢᠯ ᠤᠨ ᠦᠷᠳᠡᠭ ᠢ ᠴᠢᠷᠮᠠᠶᠢᠨ ᠪᠠᠭᠠᠰᠬᠠᠪᠠ᠃ | ᠠᠵᠤ ᠠᠬᠤᠶᠢᠯᠡᠯ ᠤᠨ ᠢᠳᠡᠬᠡᠮᠵᠢ ᠪᠠᠨ ᠰᠠᠶᠢᠵᠢᠷᠠᠭᠤᠯᠬᠤ ᠵᠤᠬᠢᠴᠠᠮᠵᠢ ᠶᠢᠨ ᠪᠠᠶᠢᠭᠤᠯᠤᠯᠳᠠ ᠶᠢ ᠠᠬᠢᠭᠤᠯᠵᠤ᠂ ᠠᠵᠤ | ᠠᠬᠤᠶᠢᠯᠡᠯ ᠤᠨ ᠰᠦᠢᠳᠬᠡᠯ ᠬᠤᠷᠢᠶᠠᠬᠤ ᠳᠤ ᠬᠤᠯᠪᠤᠭᠳᠠᠭᠰᠡᠨ ᠨᠠᠷᠢᠨ ᠲᠠᠩᠰᠠ ᠶᠢ ᠨᠠᠶᠢᠳᠠᠯᠠᠵᠤ᠂ ᠪᠤᠳᠠᠳᠡᠢ ᠳᠤ | ᠨᠠᠶᠢᠴᠡᠭᠰᠡᠨ ᠭᠠᠶᠢᠯᠢ ᠰᠦᠢᠳᠬᠡᠯ ᠬᠠᠰᠤᠵᠤ ᠬᠡᠯᠳᠤᠷᠢᠬᠦᠯᠬᠦ ᠠᠵᠢᠯ ᠤᠨ ᠲᠦᠰᠤᠯ ᠢ ᠲᠤᠭᠳᠠᠭᠠᠨ᠂ ᠡᠯ᠎ᠠ ᠲᠦᠷᠤᠯ | ᠤᠨ ᠭᠠᠶᠢᠯᠢ ᠰᠦᠢᠳᠬᠡᠯ ᠬᠠᠰᠤᠵᠤ ᠬᠡᠯᠳᠤᠷᠢᠬᠦᠯᠬᠦ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ | ᠬᠡᠷᠡᠭ ᠵᠦᠪᠯᠡᠬᠦ ᠲᠦᠷᠢᠮ ᠤᠨ ᠦᠬᠡᠷᠡᠴᠢᠯᠡᠯᠳᠡ ᠶᠢ ᠴᠢᠩᠭᠠᠳᠬᠠᠨ᠂ ︽ᠤᠯᠠᠨ ᠦᠨᠡᠮᠯᠡᠯ ᠢ ᠨᠢᠬᠡᠳᠬᠡᠬᠦ᠂ ᠨᠢᠬᠡ | ᠬᠡᠷᠡᠴᠢ ᠨᠢᠬᠡ ᠨᠤᠮᠧᠷ ᠲᠠᠢ ᠪᠠᠶᠢᠬᠤ︾ ᠦᠬᠡᠷᠡᠴᠢᠯᠡᠯᠳᠡ᠂ ᠲᠠᠩᠰᠠᠯᠠᠯ ᠢ ᠲᠦᠬᠦᠮ ᠪᠤᠯᠭᠠᠬᠤ ᠦᠬᠡᠷᠡᠴᠢᠯᠡᠯᠳᠡ᠂ | ᠪᠦᠬᠦ ᠶᠠᠪᠤᠴᠠ ᠶᠢ ᠡᠯᠧᠺᠲᠷᠤᠡᠴᠢᠯᠡᠨ ᠲᠠᠩᠰᠠᠯᠠᠬᠤ ᠵᠡᠷᠬᠡ ᠪᠦᠳᠤᠮᠵᠢᠳᠡᠢ ᠠᠷᠭ᠎ᠠ ᠬᠡᠮᠵᠢᠶ᠎ᠠ ᠶᠢ ᠲᠦᠯᠬᠢᠨ ᠠᠬᠢᠭᠤᠯᠬᠤ | ᠪᠠᠷ ᠲᠠᠮᠵᠢᠨ 3 ᠠᠵᠢᠯ ᠤᠨ ᠡᠳᠤᠷ ᠤᠨ ᠲᠤᠳᠤᠷ᠎ᠠ ᠠᠵᠤ ᠠᠬᠤᠶᠢᠯᠡᠯ ᠦᠢᠯᠡᠳᠪᠤᠷᠢ ᠬᠤᠳᠠᠯᠳᠤᠭᠠᠨ ᠤ ᠲᠠᠩᠰᠠᠯᠠᠨ | ᠬᠦᠢᠴᠡᠳᠬᠡᠬᠦ ᠭᠤᠭᠴᠤᠭᠠᠨ ᠤ ᠦᠬᠡᠷᠡᠴᠢᠯᠡᠯᠳᠡ ᠶᠢᠨ ᠬᠠᠷᠠᠯᠳᠠ ᠢ ᠨᠢᠬᠡᠨᠳᠡ ᠪᠠᠶᠠᠯᠠᠬᠦᠯᠤᠨ᠂ ᠠᠵᠤ ᠠᠬᠤᠶᠢᠯᠡᠯ ᠤᠨ | ᠡᠷᠬᠢᠯᠡᠬᠦ ᠴᠠᠭ ᠬᠤᠭᠤᠴᠠᠭ᠎ᠠ᠂ ᠦᠷᠳᠡᠭ ᠶᠢ ᠲᠤᠷᠤᠭᠰᠢᠯᠠᠭᠤᠯᠪᠠ᠃ ᠲᠡᠬᠡᠷ᠎ᠠ ᠬᠠᠭᠠᠰ ᠵᠢᠯ ᠳᠤ ᠪᠦᠬᠦ ᠬᠤᠰᠢᠭᠤᠨ ᠤ | 131 ᠲᠠᠩᠰᠠᠯᠠᠭᠤᠯᠤᠭᠰᠡᠨ ᠭᠤᠤᠯ ᠴᠤᠭᠴᠠ ᠶᠢᠨ ᠡᠷᠤᠬᠡ ᠳᠤ ︽ᠦᠨᠡᠮᠯᠡᠯ ᠪᠠᠳᠤᠯᠠᠪᠤᠷᠢ ᠶᠢ ᠰᠠᠯᠭᠠᠬᠤ︾᠂ | 2873 ᠭᠤᠤᠯ ᠴᠤᠭᠴᠠ ᠶᠢᠨ ᠡᠷᠤᠬᠡ ᠳᠤ ︽ᠦᠨᠡᠮᠯᠡᠯ ᠨᠢᠬᠡᠳᠬᠡᠬᠦ︾ ᠶᠢ ᠬᠦᠢᠴᠡᠳᠬᠡᠪᠡ᠃ ᠰᠦᠯᠵᠢᠶ᠎ᠠ ᠪᠠᠷ | ᠬᠢᠨᠡᠨ ᠵᠦᠪᠰᠢᠶᠠᠷᠡᠯ ᠢ ᠬᠦᠢᠴᠡᠳᠬᠡᠬᠦ ᠶᠢ ᠪᠦᠬᠦ ᠲᠠᠯ᠎ᠠ ᠪᠠᠷ ᠬᠡᠷᠡᠭᠵᠢᠬᠦᠯᠦᠭᠰᠡᠨ ᠰᠠᠭᠤᠷᠢᠨ ᠲᠡᠬᠡᠷ᠎ᠠ ᠢᠡᠵᠧᠨᠧᠷᠢᠩ | ᠤᠨ ᠪᠦᠳᠤᠬᠡᠨ ᠪᠠᠶᠢᠭᠤᠯᠤᠯᠳᠠ ᠶᠢᠨ ᠲᠦᠷᠤᠯ ᠵᠥᠢᠯ ᠤᠨ ᠬᠢᠨᠡᠨ ᠵᠦᠪᠰᠢᠶᠠᠷᠡᠯ ᠤᠨ ᠲᠦᠷᠢᠮ ᠤᠨ ᠦᠬᠡᠷᠡᠴᠢᠯᠡᠯᠳᠡ | ᠶᠢᠨ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ | ᠮᠠᠯᠵᠢᠬᠤ ᠤᠷᠤᠨ ᠤ ᠶᠠᠷᠤᠩᠬᠡᠶᠢᠯᠡᠭᠰᠡᠨ ᠦᠬᠡᠷᠡᠴᠢᠯᠡᠯᠳᠡ ᠶᠢ ᠠᠬᠢᠭᠤᠯᠪᠠ᠃ 62 ᠭᠠᠴᠠᠭᠠᠨ ᠤ ᠨᠤᠳᠤᠭ ᠪᠠᠯᠴᠢᠬᠡᠷ | ᠤᠨ ᠡᠷᠬᠡ ᠶᠢ ᠲᠤᠳᠤᠷᠬᠠᠶᠢᠯᠠᠬᠤ ᠠᠵᠢᠯ ᠪᠠ 30 ᠭᠠᠴᠠᠭᠠᠨ ᠤ ᠨᠤᠳᠤᠭ ᠪᠠᠯᠴᠢᠬᠡᠷ ᠤᠨ ᠲᠠᠩᠰᠠ ᠶᠢ ᠴᠡᠭᠴᠡᠯᠡᠨ | ᠲᠢᠭᠯᠡᠬᠦ ᠠᠵᠢᠯ ᠢ ᠲᠠᠭᠤᠰᠬᠠᠵᠤ᠂ ᠡᠬᠦᠨ ᠳᠤ 15 ᠭᠠᠴᠠᠭᠠᠨ ᠨᠢ ᠬᠤᠰᠢᠭᠤ᠂ ᠰᠤᠮᠤ ᠪᠠᠯᠭᠠᠰᠤ᠂ ᠭᠠᠴᠠᠭ᠎ᠠ | ᠱᠠᠳᠤᠨ ᠤ ᠡᠷᠬᠡ ᠶᠢ ᠲᠤᠳᠤᠷᠬᠠᠶᠢᠯᠠᠵᠤ ᠲᠠᠩᠰᠠ ᠡᠪᠬᠡᠮᠡᠯ ᠪᠠᠶᠢᠭᠤᠯᠬᠤ ᠪᠠ ᠨᠤᠳᠤᠭ ᠪᠠᠯᠴᠢᠬᠡᠷ ᠤᠨ | ᠲᠠᠭᠠᠭᠠᠴᠢᠯᠠᠯᠳᠠ ᠡᠵᠡᠩᠨᠡᠯᠳᠡ ᠶᠢᠨ ᠡᠷᠬᠡ ᠶᠢᠨ ᠦᠨᠡᠮᠯᠡᠯ ᠢ ᠲᠠᠷᠤᠮᠠᠯᠯᠠᠨ ᠬᠢᠬᠦ ᠠᠵᠢᠯ ᠢ ᠨᠢᠬᠡᠨᠳᠡ ᠲᠠᠭᠤᠰᠬᠠᠪᠠ᠃ | ᠬᠤᠷᠰᠢᠶᠠᠵᠢᠯ ᠤᠨ ᠪᠠᠶᠢᠭᠤᠯᠤᠯᠳᠠ ᠶᠢ ᠴᠢᠩᠭᠠᠳᠬᠠᠵᠤ᠂ ᠨᠤᠳᠤᠭ ᠪᠠᠯᠴᠢᠬᠡᠷ ᠤᠨ ᠡᠵᠡᠩᠨᠡᠯᠳᠡ ᠶᠢᠨ ᠡᠷᠬᠡ ᠶᠢ | ᠰᠢᠯᠵᠢᠬᠦᠯᠬᠦ ᠠᠵᠢᠯ ᠢ ᠯᠠᠪᠳᠠᠭᠤᠨ ᠢᠶᠠᠷ ᠠᠬᠢᠭᠤᠯᠪᠠ᠃ | ⒉ ᠭᠠᠳᠠᠭᠠᠳᠤ ᠬᠠᠷᠢᠯᠴᠠᠭ᠎ᠠ ᠰᠤᠯᠢᠯᠴᠠᠭ᠎ᠠ ᠶᠢ ᠬᠦᠡᠵᠡᠬᠡᠶᠢᠷᠡᠬᠦᠯᠪᠠ᠃ | ᠴᠠᠭᠠᠡᠨᠠᠭᠤᠷ ᠤᠨ ᠴᠠᠬᠢᠯᠭᠠᠨ ᠦᠢᠯᠡᠳᠪᠤᠷᠢ ᠶᠢᠨ ᠲᠦᠷᠤᠯ ᠵᠥᠢᠯ ᠤᠨ ᠬᠡᠷᠡᠭ ᠶᠠᠪᠤᠳᠠᠯ ᠭᠠᠳᠠᠭᠰᠢ ᠪᠠᠨ 4 ᠤᠳᠠᠭ᠎ᠠ | ᠵᠤᠯᠭᠠᠯᠳᠤᠭᠤᠯᠵᠤ᠂ ᠨᠦᠬᠦᠷᠰᠡᠭ ᠬᠠᠷᠢᠴᠠᠭ᠎ᠠ ᠲᠠᠢ ᠱᠠᠡᠳᠦ᠋ᠡᠭ ᠮᠤᠵᠢ ᠶᠢᠨ ᠠᠨ ᠴᠢᠤ ᠱᠢ ᠬᠤᠳᠠ ᠶᠢᠨ ᠵᠠᠰᠠᠭ ᠤᠨ | ᠤᠷᠳᠤᠨ ᠤ ᠤᠳᠤᠷᠢᠳᠤᠯᠭ᠎ᠠ ᠸᠠᠩ ᠳ᠋ᠧ ᠮᠢᠩ ᠪᠦᠯᠬᠦᠮ ᠲᠠᠭᠠᠭᠤᠯᠵᠤ ᠲᠤᠭᠤᠷᠢᠨ ᠪᠠᠶᠢᠴᠠᠭᠠᠯᠳᠠ ᠬᠢᠭᠰᠡᠨ ᠢ | ᠬᠦᠯᠢᠶᠠᠨ ᠠᠪᠤᠪᠠ᠃ 2019 ᠤᠨ ᠤ ᠲᠠᠯᠠᠬᠡᠢ ᠶᠢᠨ ᠴᠡᠴᠡᠷᠯᠢᠭᠳᠦ ᠤᠷᠠᠯᠢᠭ ᠤᠨ ᠦᠵᠡᠰᠬᠦᠯᠠᠩ ᠤᠨ ︽ᠰᠢᠯᠢ | ᠶᠢᠨ ᠭᠤᠤᠯ ᠭᠤᠤᠯ ᠰᠠᠳᠤᠪᠳᠤ ᠠᠵᠢᠯᠯᠠᠭᠠᠨ ᠤ ᠡᠳᠤᠷ︾ ᠤᠨ ᠬᠦᠳᠡᠯᠬᠡᠬᠡᠨ ᠳᠤ ᠢᠳᠡᠪᠬᠢᠳᠡᠢ ᠤᠷᠤᠯᠴᠠᠨ᠂ ᠬᠡᠷ᠎ᠠ | ᠲᠤᠭᠳᠠᠬᠤ ᠶᠤᠰᠤᠯᠠᠯ ᠲᠡᠬᠡᠷ᠎ᠠ ᠠᠪᠠᠭ᠎ᠠ ᠬᠤᠰᠢᠭᠤ ᠪᠠ ᠦᠪᠤᠷ ᠮᠤᠩᠭᠤᠯ ᠤᠨ ᠬᠠᠷ᠎ᠠ ᠠᠳᠤᠭᠤᠨ ᠤ ᠰᠢᠡᠵᠢᠯᠡᠬᠦ | ᠮᠠᠷᠬᠡᠵᠢᠯ ᠤᠨ ᠬᠢᠵᠠᠭᠠᠷᠳᠤ ᠺᠤᠮᠫᠠᠨᠢ ᠲᠠᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ | ᠤ ᠲᠦᠰᠤᠪ ᠤᠨ ᠬᠡᠷ᠎ᠠ ᠶᠢ ᠲᠤᠭᠳᠠᠪᠠ᠃ 2019 · ᠲᠤᠮᠳᠠᠳᠤ ᠮᠤᠩᠭᠤᠯ ᠤᠨ ᠦᠡᠳᠤᠰᠤᠳᠠᠨ ᠤ ᠲᠠᠸᠡᠷ ᠤᠨ | ᠰᠤᠯᠢᠯᠴᠠᠭᠠᠨ ᠤ ᠬᠤᠷᠡᠯ ᠤᠨ ᠬᠠᠮᠢᠶ᠎ᠠ ᠪᠦᠬᠦᠢ ᠬᠡᠷᠡᠭ ᠶᠠᠪᠤᠳᠠᠯ ᠪᠠ ᠠᠶᠢᠮᠠᠭ ᠤᠨ ᠠᠷᠠᠯᠵᠢᠶᠠᠨ ᠤ ᠶᠠᠪᠤᠳᠠᠯ ᠢ | ᠠᠬᠢᠭᠤᠯᠬᠤ ᠨᠠᠶᠢᠬᠡᠮᠯᠢᠭ ᠲᠠᠢ ᠵᠤᠯᠭᠠᠯᠳᠤᠭᠤᠯᠬᠤ ᠠᠵᠢᠯ ᠢ ᠲᠠᠭᠤᠰᠬᠠᠵᠤ᠂ ᠲᠤᠮᠳᠠ ᠪᠠᠭ᠎ᠠ ᠠᠵᠤ ᠠᠬᠤᠶᠢᠯᠡᠯ ᠤᠨ | ᠠᠵᠢᠯ ᠡᠷᠬᠢᠯᠡᠵᠤ ᠦᠢᠯᠡᠰ ᠪᠤᠰᠬᠠᠬᠤ ᠲᠤᠭᠤᠷᠢᠭ ᠲᠤ 2019 · ᠲᠤᠮᠳᠠᠳᠤ ᠮᠤᠩᠭᠤᠯ ᠤᠨ ᠦᠡᠳᠤᠰᠤᠳᠠᠨ ᠤ | ᠲᠠᠸᠡᠷ ᠤᠨ ᠰᠤᠯᠢᠯᠴᠠᠭᠠᠨ ᠤ ᠬᠤᠷᠡᠯ ᠢ ᠡᠷᠬᠢᠯᠡᠨ ᠶᠠᠪᠤᠭᠳᠠᠭᠤᠯᠪᠠ᠃ ︽ᠮᠤᠩᠭᠤᠯ ᠰᠢᠳᠠᠷ᠎ᠠ ᠶᠢᠨ ᠬᠢᠵᠠᠭᠠᠷᠳᠤ | ᠺᠤᠮᠫᠠᠨᠢ ᠶᠢᠨ ︽ᠬᠦᠯᠦᠭ︾ ᠲᠡᠮᠳᠡᠭᠳᠤ ᠮᠤᠩᠭᠤᠯ ᠰᠢᠳᠠᠷ᠎ᠠ ᠨᠢ 2019 ᠤᠨ ᠤ ᠲᠦᠷᠪᠡᠳᠤᠬᠡᠷ ᠤᠳᠠᠭᠠᠨ ᠤ | ᠤᠯᠠᠭᠠᠡᠪᠠᠭᠠᠳᠤᠷ · ᠲᠤᠮᠳᠠᠳᠤ ᠤᠯᠤᠰ ᠤᠨ ᠦᠪᠤᠷ ᠮᠤᠩᠭᠤᠯ ᠤᠨ ᠲᠠᠸᠡᠷ ᠤᠨ ᠦᠵᠡᠰᠬᠦᠯᠠᠩ ᠳᠤ ᠤᠷᠤᠯᠴᠠᠪᠠ᠃ | | ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ | ᠲᠦᠷᠤᠯ ᠵᠥᠢᠯ 7 ᠶᠢ ᠬᠡᠷᠡᠭᠵᠢᠬᠦᠯᠵᠤ᠂ ᠠᠶᠢᠮᠠᠭ ᠤᠨ ᠭᠠᠳᠠᠨᠠᠬᠢ ︵ᠤᠯᠤᠰ ᠤᠨ ᠲᠤᠳᠤᠭᠠᠳᠤ︶ ᠲᠦᠷᠤᠯ ᠵᠥᠢᠯ | ᠤᠨ ᠪᠠᠯᠠ ᠮᠦᠩᠬᠦ ᠶᠢ 3.08 ᠳ᠋ᠦᠩᠰᠢᠭᠤᠷ ᠲᠦᠬᠦᠷᠢᠭ ᠤᠷᠢᠵᠤ ᠤᠷᠤᠭᠤᠯᠪᠠ᠃ ︽ᠠᠪᠠᠭ᠎ᠠ ᠬᠤᠰᠢᠭᠤᠨ ᠤ | ᠠᠷᠠᠯᠵᠢᠶᠠᠴᠢᠨ ᠤᠷᠢᠵᠤ ᠪᠠᠯᠠ ᠲᠠᠳᠠᠬᠤ ᠬᠠᠷᠠᠭᠠᠯᠵᠠᠯ ᠤᠨ ᠲᠦᠷᠤ ᠶᠢᠨ ᠪᠤᠳᠤᠯᠭ᠎ᠠ ᠪᠠ ᠱᠠᠩᠨᠠᠯ ᠤᠨ ᠠᠷᠭ᠎ᠠ ︵ | ᠰᠠᠨᠠᠯ ᠬᠤᠷᠢᠶᠠᠬᠤ ᠨᠤᠤᠷᠠᠭ︶︾ ᠶᠢ ᠨᠠᠶᠢᠷᠠᠭᠤᠯᠵᠤ᠂ ᠠᠷᠠᠯᠵᠢᠶᠠᠴᠢᠨ ᠤᠷᠢᠬᠤ ᠲᠦᠷᠤᠯ ᠵᠥᠢᠯ ᠤᠨ ᠬᠦᠮᠤᠷᠬᠡ ᠶᠢ | ᠤᠯᠠᠮ ᠲᠠᠬᠦᠯᠳᠡᠷᠵᠢᠬᠦᠯᠪᠠ᠃ | ⒊ ᠬᠦᠡᠳᠤ ᠶᠡᠭᠡ ᠲᠦᠭᠰᠢᠬᠦᠷᠢ ᠶᠢ ᠰᠡᠷᠬᠡᠶᠢᠯᠡᠨ ᠨᠠᠮᠳᠠᠭᠠᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ | ᠬᠢᠪᠡ᠃ | ᠵᠠᠰᠠᠭ ᠤᠨ ᠤᠷᠳᠤᠨ ᠤ ᠦᠷᠢ ᠦᠭᠴᠡᠭᠡ ᠶᠢ ᠢᠳᠡᠪᠬᠢᠳᠡᠢ ᠰᠠᠶᠢᠳᠤᠷ ᠰᠢᠢᠳᠪᠤᠷᠢᠯᠡᠵᠤ᠂ ᠲᠡᠬᠡᠳᠤ ᠬᠠᠭᠠᠰ ᠵᠢᠯ ᠳᠤ | ᠂ 1.004 ᠳ᠋ᠦᠩᠰᠢᠭᠤᠷ ᠲᠦᠬᠦᠷᠢᠭ ᠤᠨ ᠦᠷᠢ ᠰᠢᠢᠳᠪᠤᠷᠢᠯᠡᠨ᠂ ᠡᠬᠦᠷᠬᠡ ᠤᠨ ᠬᠢ ᠪᠠᠨ 68.89% ᠶᠢ | ᠲᠠᠭᠤᠰᠬᠠᠪᠠ᠃ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠡᠨ ᠲᠦᠷᠤᠯ ᠵᠥᠢᠯ ᠤᠨ ᠠᠬᠢᠴᠠ ᠶᠢᠨ ᠪᠠᠶᠢᠳᠠᠯ | ᠳᠤ ᠤᠯᠠᠷᠢᠯ ᠪᠦᠷᠢ ᠳᠤ ᠲᠤᠬᠢᠷᠠᠭᠤᠯᠭ᠎ᠠ ᠬᠢᠵᠤ᠂ ᠪᠠᠶᠢᠳᠠᠯ ᠢ ᠨᠢ ᠦᠡᠳᠤᠰᠤᠯᠡᠨ ᠲᠦᠷᠤᠯ ᠬᠤᠪᠢᠶᠠᠨ | ᠰᠢᠢᠳᠪᠤᠷᠢᠯᠡᠪᠠ᠃ ᠠᠷᠡᠳ ᠤᠨ ᠲᠤᠮᠳᠠᠬᠢ ᠵᠢᠬᠡᠯᠡᠯᠬᠡ ᠶᠢ ᠴᠡᠭᠴᠡᠯᠡᠨ ᠲᠦᠷᠢᠮᠵᠢᠬᠦᠯᠵᠤ᠂ ᠰᠤᠮᠤ ᠪᠠᠯᠭᠠᠰᠤᠨ ᠤ | ᠠᠷᠡᠳ ᠤᠨ ᠲᠤᠮᠳᠠᠬᠢ ᠵᠢᠬᠡᠯᠡᠯᠬᠡ ᠶᠢ ᠲᠠᠩᠰᠠᠯᠠᠬᠤ ᠲᠦᠪ ᠤᠨ ᠦᠢᠯᠡᠴᠢᠯᠡᠬᠡᠨ ᠤ ᠴᠢᠳᠠᠪᠬᠢ ᠶᠢ ᠴᠢᠩᠭᠠᠳᠬᠠᠵᠤ᠂ 7 | ᠰᠤᠮᠤ ᠪᠠᠯᠭᠠᠰᠤᠨ ᠤ 62 ᠮᠠᠯᠵᠢᠬᠤ ᠡᠷᠤᠬᠡ ᠶᠢᠨ ᠠᠷᠡᠳ ᠤᠨ ᠲᠤᠮᠳᠠᠬᠢ ᠵᠢᠬᠡᠯᠡᠯᠬᠡ ᠶᠢᠨ ᠪᠠᠶᠢᠳᠠᠯ ᠶᠢ ᠬᠦᠡᠵᠡᠬᠡᠢ | ᠦᠢᠯᠠᠭᠠᠬᠤ ᠠᠵᠢᠯ ᠢ ᠲᠠᠭᠤᠰᠬᠠᠪᠠ︔ ᠤᠬᠠᠭᠤᠯᠭ᠎ᠠ ᠬᠦᠮᠤᠵᠢᠯ ᠤᠨ ᠠᠵᠢᠯ ᠢ 61 ᠤᠳᠠᠭ᠎ᠠ ᠦᠷᠨᠢᠬᠦᠯᠤᠨ᠂ ᠡᠩ | ᠤᠨ ᠵᠢᠭᠤᠷᠠᠭᠠᠨ 6 ᠶᠢ ᠪᠠᠶᠢᠴᠠᠭᠠᠨ ᠢᠯᠡᠷᠡᠬᠦᠯᠵᠤ᠂ ᠠᠷᠡᠳ ᠤᠨ ᠲᠤᠮᠳᠠᠬᠢ ᠵᠢᠬᠡᠯᠡᠯᠬᠡ ᠠᠴᠠ ᠪᠤᠯᠤᠭᠰᠡᠨ | ᠵᠢᠭᠤᠷᠠᠭᠠᠨ 7 ᠶᠢ ᠵᠤᠬᠢᠴᠠᠭᠤᠯᠪᠠ᠃ | ᠲᠡᠬᠡᠳᠤ ᠬᠠᠭᠠᠰ ᠵᠢᠯ ᠳᠤ ᠮᠠᠨ ᠤ ᠬᠤᠰᠢᠭᠤᠨ ᠳᠤ ᠠᠶᠤᠯᠬᠦᠢ ᠦᠢᠯᠡᠳᠪᠤᠷᠢᠯᠡᠯ ᠤᠨ ᠬᠡᠷᠡᠭ ᠤᠴᠢᠷ ᠡᠬᠦᠰᠦᠭᠰᠡᠨ | ᠦᠬᠡᠢ᠂ ᠠᠶᠤᠯᠬᠦᠢ ᠦᠢᠯᠡᠳᠪᠤᠷᠢᠯᠡᠯ ᠤᠨ ᠪᠠᠶᠢᠳᠠᠯ ᠤᠨ ᠬᠠᠨᠳᠤᠰᠢ ᠨᠠᠯᠢᠶᠡᠳ ᠲᠤᠭᠳᠠᠭᠤᠨ ᠪᠠᠶᠢᠨ᠎ᠠ᠃ ᠠᠭᠤᠷᠬᠠᠢ᠂ | ᠪᠠᠷᠢᠯᠭ᠎ᠠ ᠶᠢᠨ ᠬᠦᠷᠢᠶ᠎ᠠ ᠬᠡᠪᠴᠢᠶ᠎ᠠ᠂ ᠠᠶᠤᠯᠳᠡᠢ ᠪᠤᠳᠠᠰ ᠵᠡᠷᠬᠡ ᠭᠤᠤᠯᠳᠠᠯᠭ᠎ᠠ ᠲᠠᠢ ᠬᠦᠷᠢᠶ᠎ᠠ ᠬᠡᠪᠴᠢᠶᠠᠨ ᠤ | ᠠᠶᠤᠯᠬᠦᠢ ᠦᠢᠯᠡᠳᠪᠤᠷᠢᠯᠡᠯ ᠤᠨ ᠬᠢᠨᠡᠨ ᠬᠠᠮᠢᠶᠠᠷᠤᠯᠳᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠦᠷᠨᠢᠬᠦᠯᠪᠡ᠃ | ᠪᠦᠬᠦ ᠬᠤᠰᠢᠭᠤᠨ ᠳᠤ 884 ᠠᠮᠤᠷ ᠲᠦᠪᠰᠢᠨ ᠤ ᠲᠠᠯᠳᠠ ᠬᠡᠮ ᠤᠨ ᠪᠠᠶᠢᠳᠠᠯ ᠢ ᠢᠯᠡᠷᠡᠬᠦᠯᠤᠨ᠂ 862 ᠢ ᠨᠢ | ᠴᠡᠭᠴᠡᠯᠡᠨ ᠵᠠᠰᠠᠵᠤ᠂ 190 ᠬᠤᠪᠢ ᠴᠡᠭᠴᠡᠯᠡᠨ ᠰᠠᠶᠢᠵᠢᠷᠠᠭᠤᠯᠬᠤ ᠵᠢᠭᠠᠪᠤᠷᠢ ᠪᠠᠭᠤᠯᠭᠠᠨ᠂ 6 ᠬᠠᠤᠯᠢ ᠠᠴᠠ | ᠵᠦᠷᠢᠴᠡᠭᠰᠡᠨ ᠠᠵᠢᠯᠯᠠᠭ᠎ᠠ ᠳᠤ ᠴᠤᠬᠢᠯᠳᠠ ᠦᠭᠴᠤ᠂ 5 ᠵᠠᠰᠠᠭ ᠵᠠᠬᠢᠷᠭᠠᠨ ᠤ ᠰᠢᠳᠬᠡᠯ ᠦᠭᠪᠡ᠃ ᠲᠡᠬᠡᠳᠤ ᠱᠠᠳᠤᠨ | ᠤ ᠠᠶᠤᠯᠬᠦᠢ ᠦᠢᠯᠡᠳᠪᠤᠷᠢᠯᠡᠯ ᠤᠨ ᠱᠠᠯᠠᠪᠳᠠᠭᠤᠯᠬᠤ ᠲᠤᠭᠤᠶᠢᠯᠠᠩ ᠤᠨ ᠬᠠᠷᠢᠭᠤ ᠲᠤᠰᠬᠠᠭᠰᠡᠨ ᠠᠰᠠᠭᠤᠳᠠᠯ ᠤᠨ | ᠦᠪᠡᠷᠳᠡᠬᠡᠨ ᠵᠠᠰᠠᠬᠤ ᠤᠷᠤᠨ ᠤ 9 ᠲᠦᠷᠤᠯ ᠢ ᠨᠢ ᠪᠦᠬᠦ ᠶᠢ ᠴᠡᠭᠴᠡᠯᠡᠨ ᠵᠠᠰᠠᠵᠤ᠂ ᠰᠢᠯᠢ ᠶᠢᠨ ᠭᠤᠤᠯ ᠠᠶᠢᠮᠠᠭ | ᠤᠨ 49 ᠵᠤᠷᠪᠤᠰ ᠠᠰᠠᠭᠤᠳᠠᠯ ᠠᠴᠠ 38 ᠶᠢ ᠨᠢ ᠴᠡᠭᠴᠡᠯᠡᠨ ᠵᠠᠰᠠᠵᠤ᠂ ᠦᠯᠡᠳᠡᠭᠰᠡᠨ 11 ᠵᠤᠷᠪᠤᠰ ᠢ ᠵᠢᠯ ᠤᠨ | ᠰᠠᠬᠦᠯ ᠳᠤ ᠪᠦᠬᠦᠨ ᠢ ᠴᠡᠭᠴᠡᠯᠡᠨ ᠵᠠᠰᠠᠵᠤ ᠰᠠᠶᠢᠵᠢᠷᠠᠭᠤᠯᠤᠨ᠎ᠠ᠃ ᠠᠮᠤᠷ ᠲᠦᠪᠰᠢᠨ ᠤ ᠬᠠᠮᠢᠶᠠᠷᠤᠯᠳᠠ ᠶᠢᠨ | ᠲᠤᠭᠳᠠᠭᠠᠯ ᠢ ᠲᠤᠭᠳᠠᠭᠠᠨ ᠭᠠᠷᠭᠠᠵᠤ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠬᠦᠢ ᠦᠢᠯᠡᠳᠪᠤᠷᠢᠯᠡᠯ ᠤᠨ | ᠬᠠᠷᠢᠭᠤᠴᠠᠯᠭ᠎ᠠ ᠪᠠ ᠰᠠᠯᠠᠭ᠎ᠠ ᠮᠦᠴᠢᠷ ᠪᠠᠶᠢᠭᠤᠯᠭ᠎ᠠ ᠶᠢᠨ ᠠᠵᠢᠯ ᠤᠨ ᠡᠬᠦᠷᠬᠡ ᠬᠠᠷᠢᠭᠤᠴᠠᠯᠭ᠎ᠠ ᠶᠢ ᠤᠯᠠᠮ | ᠲᠤᠳᠤᠷᠬᠠᠶᠢᠯᠠᠪᠠ᠃ ︽1230︾ ᠠᠶᠤᠯᠬᠦᠢ ᠦᠢᠯᠡᠳᠪᠤᠷᠢᠯᠡᠯ ᠤᠨ ᠢᠯᠡ ᠨᠠᠶᠢᠳᠠᠯᠠᠬᠦ ᠲᠦᠷᠢᠮ ᠢ ᠴᠢᠩᠭ᠎ᠠ | ᠬᠡᠷᠡᠭᠵᠢᠬᠦᠯᠤᠨ᠂ 3 ᠰᠠᠷ᠎ᠠ ᠶᠢᠨ 31 ᠤ ᠡᠳᠤᠷ ᠠᠩᠬᠠᠳᠤᠭᠠᠷ ᠬᠤᠭᠤᠴᠠᠭᠠᠨ ᠤ ᠵᠠᠷᠯᠠᠯ ᠢᠶᠠᠨ ᠨᠠᠶᠢᠳᠠᠯᠠᠵᠤ᠂ | ᠲᠡᠬᠡᠳᠤ ᠬᠠᠭᠠᠰ ᠵᠢᠯ ᠳᠤ ᠨᠠᠶᠢᠳᠠ 3 ᠬᠤᠭᠤᠴᠠᠭᠠᠨ ᠤ ᠵᠠᠷᠯᠡᠯ ᠨᠠᠶᠢᠳᠠᠯᠠᠪᠠ᠃ | ᠵᠠᠬ᠎ᠠ ᠲᠡᠯᠬᠡᠬᠦᠷ ᠤᠨ ᠲᠤᠭᠳᠠᠭᠤᠨ ᠢ ᠴᠢᠷᠮᠠᠶᠢᠨ ᠬᠠᠮᠠᠭᠠᠯᠠᠵᠤ᠂ ᠢᠳᠡᠬᠡᠨ ᠡᠮ ᠤᠨ ᠵᠥᠢᠯᠡᠰ ᠤᠨ ᠠᠮᠤᠷ ᠲᠦᠪᠰᠢᠨ | ᠤ ᠬᠢᠨᠡᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠵᠤ᠂ ᠢᠳᠡᠬᠡᠨ ᠡᠮ ᠤᠨ ᠵᠥᠢᠯᠡᠰ ᠤᠨ ᠠᠮᠤᠷ ᠲᠦᠪᠰᠢᠨ ᠢ | ᠪᠠᠳᠤᠯᠠᠪᠠ᠃ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠠᠴᠠᠯ ᠢ ᠢᠳᠡᠪᠬᠢᠳᠡᠢ ᠲᠤᠭᠳᠠᠭᠤᠨ | ᠢᠶᠠᠷ ᠠᠬᠢᠭᠤᠯᠵᠤ᠂ ᠨᠠᠶᠢᠬᠡᠮ ᠤᠨ ᠠᠮᠤᠷ ᠲᠤᠭᠳᠠᠭᠤᠨ ᠡᠶ᠎ᠡ ᠵᠤᠬᠢᠴᠠᠯ ᠢ ᠬᠠᠮᠠᠭᠠᠯᠠᠪᠠ᠃ | ︵ᠵᠢᠷᠭᠤᠭ᠎ᠠ︶ ᠠᠷᠡᠳ ᠤᠨ ᠠᠮᠢᠳᠤᠷᠡᠯ ᠢ ᠢᠳᠡᠪᠬᠢᠳᠡᠢ ᠰᠠᠶᠢᠵᠢᠷᠠᠭᠤᠯᠤᠨ᠂ ᠤᠯᠠᠨ ᠨᠠᠶᠢᠳᠠ ᠶᠢᠨ ᠦᠢᠯᠡᠴᠢᠯᠡᠬᠡᠨ | ᠤ ᠬᠢᠷᠢ ᠲᠦᠪᠰᠢᠨ ᠢ ᠲᠡᠬᠡᠭᠰᠢᠯᠡᠬᠦᠯᠪᠠ᠃ | ⒈ ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠵᠤ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠲᠠᠢ | ᠪᠤᠯᠭᠠᠬᠤ ᠲᠠᠶᠢᠯᠠᠯᠳᠤᠭᠠᠨ ᠢ ᠰᠠᠶᠢᠳᠤᠷ ᠬᠢᠪᠠ᠃ | ᠶᠠᠳᠠᠭᠤ ᠠᠴᠠ ᠠᠩᠬᠢᠵᠢᠷᠠᠭᠤᠯᠵᠤ ᠰᠢᠪᠳᠤᠯᠤᠯᠳᠠ ᠲᠠᠢ ᠪᠤᠯᠭᠠᠬᠤ ᠠᠵᠢᠯ ᠢ ᠰᠠᠶᠢᠳᠤᠷ ᠠᠳᠬᠤᠪᠠ᠃ ᠦᠪᠡᠷᠳᠡᠬᠡᠨ | ᠵᠠᠰᠠᠬᠤ ᠤᠷᠤᠨ ᠤ ᠲᠡᠰ ᠤᠨ ᠶᠠᠳᠠᠭᠤ ᠬᠦᠴᠢᠷᠳᠡᠯᠳᠡᠢ ᠬᠤᠰᠢᠭᠤᠨ ᠤ ᠮᠠᠯᠠᠭᠠᠢ ᠪᠠᠨ ᠠᠪᠴᠤ ᠬᠠᠶᠠᠭᠰᠡᠨ ᠰᠠᠭᠤᠷᠢᠨ | ᠲᠡᠬᠡᠷ᠎ᠠ ᠪᠠᠨ ᠶᠠᠳᠠᠭᠤ ᠠᠴᠠ ᠠᠩᠬᠢᠵᠢᠷᠠᠭᠰᠡᠨ ᠦᠷ᠎ᠠ ᠪᠦᠳᠤᠮᠵᠢ ᠪᠠᠨ ᠰᠠᠶᠢᠳᠤᠷ ᠪᠠᠬᠢᠵᠢᠬᠦᠯᠤᠨ᠎ᠠ᠃ ᠪᠦᠬᠦ ᠵᠢᠯ ᠳᠤ | ᠡᠯ᠎ᠠ ᠲᠦᠷᠤᠯ ᠤᠨ ᠲᠤᠰᠬᠠᠢ ᠲᠦᠷᠤᠯ ᠤᠨ ᠶᠠᠳᠠᠭᠤ ᠶᠢ ᠲᠡᠳᠬᠦᠬᠦ ᠪᠡᠯᠡ ᠮᠦᠩᠬᠦ 1140 ᠲᠦᠮᠡᠨ ᠲᠦᠬᠦᠷᠢᠭ ᠢ | ᠲᠤᠬᠢᠷᠠᠭᠤᠯᠤᠪᠠ᠃ ᠡᠬᠦᠨ ᠳᠤ᠄ ᠦᠪᠡᠷᠳᠡᠬᠡᠨ ᠵᠠᠰᠠᠬᠤ ᠤᠷᠤᠨ ᠤ ᠲᠡᠰ ᠤᠨ 335 ᠲᠦᠮᠡᠨ ᠲᠦᠬᠦᠷᠢᠭ᠂ ᠠᠶᠢᠮᠠᠭ | ᠤᠨ ᠲᠡᠰ ᠤᠨ ᠶᠠᠳᠠᠭᠤ ᠶᠢ ᠲᠡᠳᠬᠦᠬᠦ ᠪᠠᠯᠠ ᠮᠦᠩᠬᠦ 5 ᠲᠦᠮᠡᠨ ᠲᠦᠬᠦᠷᠢᠭ᠂ ᠬᠤᠰᠢᠭᠤᠨ ᠤ ᠢᠵᠢ ᠪᠦᠷᠢᠳᠦᠭᠰᠡᠨ | ᠪᠡᠯᠡ ᠮᠦᠩᠬᠦ 800 ᠲᠦᠮᠡᠨ ᠲᠦᠬᠦᠷᠢᠭ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠤᠨ | ᠰᠢᠪᠳᠤᠯᠤᠯᠳᠠ ᠲᠠᠢ ᠪᠤᠯᠭᠠᠬᠤ ᠠᠷᠪᠠᠨ ᠲᠦᠷᠤᠯ ᠤᠨ ︽ᠪᠦᠬᠦᠨ ᠢ ᠪᠠᠷᠢᠮᠵᠢᠶ᠎ᠠ ᠳᠤ ᠬᠦᠷᠬᠡᠬᠦ︾ ᠠᠵᠢᠯ ᠤᠨ | ᠱᠠᠭᠠᠷᠳᠠᠯᠭ᠎ᠠ ᠪᠠᠷ 570 ᠲᠦᠮᠡᠨ ᠲᠦᠬᠦᠷᠢᠭ ᠤᠨ ᠪᠡᠯᠡ ᠤᠷᠤᠭᠤᠯᠤᠨ᠂ 6 ᠶᠠᠳᠠᠭᠤ ᠬᠦᠴᠢᠷᠳᠡᠯᠳᠡᠢ ᠭᠠᠴᠠᠭᠠᠨ | ᠳᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠲᠦᠷᠤᠯ ᠵᠥᠢᠯ ᠬᠡᠷᠡᠭᠵᠢᠬᠦᠯᠵᠤ᠂ 285 ᠲᠦᠮᠡᠨ | ᠲᠦᠬᠦᠷᠢᠭ ᠤᠨ ᠪᠡᠯᠡ ᠤᠷᠤᠭᠤᠯᠤᠨ ᠰᠤᠮᠤ ᠪᠠᠯᠭᠠᠰᠤᠨ ᠤ ᠡᠮᠨᠡᠯᠬᠡ ᠶᠢᠨ ᠬᠤᠷᠢᠶᠠᠨ ᠤ ᠲᠡᠰ ᠲᠠᠪᠰᠢᠬᠦᠯᠵᠤ | ᠪᠠᠷᠢᠮᠵᠢᠶᠠᠨ ᠳᠤ ᠬᠦᠷᠬᠦ ᠲᠦᠷᠤᠯ ᠵᠥᠢᠯ ᠢ ᠬᠡᠷᠡᠭᠵᠢᠬᠦᠯᠤᠨ᠂ 90 ᠲᠦᠮᠡᠨ ᠲᠦᠬᠦᠷᠢᠭ ᠤᠨ ᠪᠡᠯᠡ ᠤᠷᠤᠭᠤᠯᠤᠨ᠂ | ᠶᠠᠳᠠᠭᠤ ᠡᠷᠤᠬᠡ ᠶᠢᠨ ᠤᠰᠤ ᠤᠮᠳᠠ ᠶᠢᠨ ᠠᠮᠤᠷ ᠲᠦᠪᠰᠢᠨ ᠤ ᠲᠦᠷᠤᠯ ᠵᠥᠢᠯ ᠢ ᠬᠡᠷᠡᠭᠵᠢᠬᠦᠯᠵᠤ᠂ 80 ᠲᠦᠮᠡᠨ | ᠲᠦᠬᠦᠷᠢᠭ ᠤᠨ ᠪᠡᠯᠡ ᠤᠷᠤᠭᠤᠯᠵᠤ ᠶᠠᠳᠠᠭᠤ ᠬᠦᠴᠢᠷᠳᠡᠯᠳᠡᠢ ᠡᠷᠤᠬᠡ ᠶᠢᠨ ᠴᠠᠬᠢᠯᠭᠠᠨ ᠬᠡᠷᠡᠭᠯᠡᠬᠡᠨ ᠢ ᠲᠡᠬᠡᠭᠰᠢᠯᠡᠬᠦᠯᠬᠦ | ᠲᠦᠷᠤᠯ ᠵᠥᠢᠯ ᠢ ᠬᠡᠷᠡᠭᠵᠢᠬᠦᠯᠤᠨ᠂ 75 ᠲᠦᠮᠡᠨ ᠲᠦᠬᠦᠷᠢᠭ ᠤᠨ ᠪᠡᠯᠡ ᠤᠷᠤᠭᠤᠯᠵᠤ ᠲᠠᠭᠠᠳᠬᠠᠯ ᠢᠶᠠᠷ ᠶᠠᠳᠠᠭᠤ | ᠶᠢ ᠲᠡᠳᠬᠦᠬᠦ ᠲᠦᠷᠤᠯ ᠵᠥᠢᠯ ᠬᠡᠷᠡᠭᠵᠢᠬᠦᠯᠵᠤ᠂ 15 ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠶᠢᠨ | ᠵᠤᠷᠯᠤᠩ ᠤᠨ ᠰᠢᠨᠠᠴᠢᠯᠠᠯᠳᠠ ᠶᠢᠨ ᠢᠡᠵᠧᠨᠧᠷᠢᠩ ᠢ ᠬᠡᠷᠡᠭᠵᠢᠬᠦᠯᠤᠨ᠂ 25 ᠲᠦᠮᠡᠨ ᠲᠦᠬᠦᠷᠢᠭ ᠤᠨ ᠪᠡᠯᠡ | ᠤᠷᠤᠭᠤᠯᠵᠤ ᠶᠠᠳᠠᠭᠤ ᠶᠢ ᠲᠡᠳᠬᠦᠬᠦ ᠪᠤᠯᠪᠠᠰᠤᠷᠠᠯ ᠤᠨ ᠠᠵᠢᠯ ᠢ ᠲᠠᠭᠤᠰᠬᠠᠨ᠂ ᠶᠠᠳᠠᠭᠤ ᠠᠴᠠ ᠠᠩᠬᠢᠵᠢᠷᠠᠭᠰᠡᠨ | ᠴᠢᠨᠠᠷ ᠴᠢᠡᠰᠠᠭ᠎ᠠ ᠶᠢ ᠤᠯᠠᠮ ᠪᠠᠳᠤᠳᠬᠠᠪᠠ᠃ ᠴᠦᠬᠡᠨ ᠲᠤᠭᠠᠳᠤ ᠦᠡᠳᠤᠰᠤᠳᠠᠨ ᠤ ᠬᠦᠭᠵᠢᠯᠳᠠ ᠶᠢᠨ ᠪᠠᠯᠠ | ᠮᠦᠩᠬᠦᠨ ᠤ ᠲᠦᠷᠤᠯ ᠵᠥᠢᠯ ᠳᠤ ᠶᠠᠳᠠᠭᠤ ᠶᠢ ᠲᠡᠳᠬᠦᠬᠦ ᠪᠠᠭ᠎ᠠ ᠬᠡᠮᠵᠢᠶᠠᠨ ᠤ ᠵᠢᠬᠡᠯᠡᠯᠬᠡ ᠶᠢᠨ ᠲᠦᠷᠤ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠩᠰᠠ ᠡᠪᠬᠡᠮᠡᠯ ᠪᠠᠶᠢᠭᠤᠯᠵᠤ ᠺᠠᠷᠲ ᠤᠯᠭᠤᠭᠰᠡᠨ | ᠶᠠᠳᠠᠭᠤ ᠬᠦᠴᠢᠷᠳᠡᠯᠳᠡᠢ ᠡᠷᠤᠬᠡ ᠳᠤ ᠪᠠᠭ᠎ᠠ ᠬᠡᠮᠵᠢᠶᠠᠨ ᠤ ᠵᠢᠬᠡᠯᠡᠯᠬᠡ ᠶᠢ 155 ᠡᠷᠤᠬᠡ ᠶᠢᠨ 675 ᠲᠦᠮᠡᠨ | ᠲᠦᠬᠦᠷᠢᠭ ᠢ ᠲᠠᠷᠬᠠᠭᠠᠪᠠ᠃ ᠰᠤᠷᠭᠠᠨ ᠬᠦᠮᠤᠵᠢᠯ ᠤᠨ ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠬᠦ ᠠᠵᠢᠯ ᠢ | ᠢᠳᠡᠪᠬᠢᠳᠡᠢ ᠠᠬᠢᠭᠤᠯᠵᠤ᠂ ᠪᠦᠬᠦ ᠶᠠᠪᠤᠴᠠ ᠳᠤ ᠪᠡᠯᠡ ᠮᠦᠩᠬᠦ ᠪᠠᠷ ᠲᠤᠰᠠᠯᠠᠬᠤ ᠰᠤᠷᠭᠠᠨ ᠬᠦᠮᠤᠵᠢᠯ ᠤᠨ ᠶᠠᠳᠠᠭᠤ | ᠶᠢ ᠲᠡᠳᠬᠦᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ 178 ᠨᠠᠷᠠ ᠶᠠᠳᠠᠭᠤ ᠬᠦᠴᠢᠷᠳᠡᠯᠳᠡᠢ | ᠰᠤᠷᠤᠭᠴᠢ ᠳᠤ 99.62 ᠲᠦᠮᠡᠨ ᠲᠦᠬᠦᠷᠢᠭ ᠤᠨ ᠰᠤᠷᠭᠠᠨ ᠬᠦᠮᠤᠵᠢᠯ ᠤᠨ ᠶᠠᠳᠠᠭᠤ ᠶᠢ ᠲᠡᠳᠬᠦᠬᠦ ᠰᠠᠭᠤᠷᠢ | ᠮᠦᠩᠬᠦ ᠶᠢ ᠲᠠᠷᠬᠠᠭᠠᠪᠠ᠃ ᠡᠷᠡᠬᠦᠯ ᠮᠠᠡᠳᠤ ᠶᠢᠨ ᠶᠠᠳᠠᠭᠤ ᠶᠢ ᠲᠡᠳᠬᠦᠬᠦ ᠰᠠᠭᠤᠷᠢ ᠮᠦᠩᠬᠦᠨ ᠤ ᠦᠢᠯᠡᠳᠤᠯ ᠢ | ᠰᠠᠶᠢᠳᠤᠷ ᠪᠠᠳᠠᠷᠠᠭᠤᠯᠵᠤ᠂ ᠶᠠᠳᠠᠭᠤ ᠬᠦᠴᠢᠷᠳᠡᠯᠳᠡᠢ ᠡᠷᠤᠬᠡ ᠶᠢᠨ ᠲᠠᠭᠠᠳᠬᠠᠯ ᠳᠤ ᠤᠷᠤᠬᠤ ᠨᠤᠷᠮ᠎ᠠ ᠪᠠ ᠬᠦᠡᠳᠤ | ᠡᠪᠡᠳᠴᠢᠳᠠᠨ ᠢ ᠠᠪᠤᠷᠠᠨ ᠲᠤᠰᠠᠯᠠᠭᠰᠡᠨ ᠨᠤᠷᠮ᠎ᠠ ᠨᠢ ᠴᠦᠮ 100% ᠳᠤ ᠬᠦᠷᠪᠡ᠃ 190.69 ᠲᠦᠮᠡᠨ | ᠲᠦᠬᠦᠷᠢᠭ ᠤᠨ ᠡᠮᠴᠢᠯᠡᠬᠡᠨ ᠤ ᠪᠠᠳᠤᠯᠠᠭ᠎ᠠ ᠶᠢᠨ ᠰᠠᠭᠤᠷᠢ ᠮᠦᠩᠬᠦ ᠶᠢ ᠶᠠᠳᠠᠭᠤ ᠬᠦᠴᠢᠷᠳᠡᠯᠳᠡᠢ ᠬᠦᠮᠤᠰ ᠲᠤ | ᠵᠤᠷᠢᠭᠤᠯᠤᠨ ᠬᠡᠷᠡᠭᠯᠡᠵᠤ᠂ 3196 ᠲᠠᠩᠰᠠ ᠡᠪᠬᠡᠮᠡᠯ ᠪᠠᠶᠢᠭᠤᠯᠵᠤ ᠺᠠᠷᠲ ᠤᠯᠭᠤᠭᠰᠡᠨ ᠬᠦᠮᠤᠨ ᠠᠮᠠ ᠳᠤ | ᠬᠠᠷᠠᠭᠠᠯᠵᠠᠯ ᠬᠦᠷᠳᠡᠬᠡᠪᠡ᠃ ︽ᠠᠪᠠᠭ᠎ᠠ ᠬᠤᠰᠢᠭᠤᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠤᠯ | ᠵᠥᠢᠯ ᠤᠨ ᠲᠦᠯᠤᠪᠵᠢᠬᠦᠯᠬᠡ ︵2019 — 2020︶︾ ᠶᠢ ᠲᠤᠭᠳᠠᠭᠠᠪᠠ᠃ 2019 ᠤᠨ ᠳᠤ ᠠᠵᠢᠯ | ᠤᠯᠭᠤᠵᠤ ᠶᠠᠳᠠᠭᠤ ᠶᠢ ᠲᠡᠳᠬᠦᠬᠦ ᠨᠠᠶᠢᠳᠠ ᠶᠢᠨ ᠠᠰᠢᠭᠳᠤ ᠠᠵᠢᠯ ᠤᠨ ᠪᠠᠶᠢᠷᠢ 30 ᠶᠢ ᠭᠠᠷᠭᠠᠵᠤ᠂ ᠡᠬᠦᠨ ᠳᠤ᠂ | ᠬᠤᠳᠠ ᠪᠠᠯᠭᠠᠰᠤᠨ ᠤ ᠴᠠᠪᠠᠷᠯᠡᠭᠴᠢ 20 ᠨᠠᠷᠠ᠂ ᠤᠰᠤ ᠪᠠᠷ ᠴᠠᠪᠠᠷᠰᠢᠬᠦᠯᠬᠦ ᠵᠤᠷᠯᠤᠩ ᠴᠠᠪᠠᠷᠯᠡᠭᠴᠢ 10 ᠨᠠᠷᠠ | ᠪᠤᠯᠤᠨ᠎ᠠ᠃ ︽ᠠᠵᠤ ᠠᠬᠤᠶᠢᠯᠡᠯ + ᠶᠠᠳᠠᠭᠤ ᠬᠦᠴᠢᠷᠳᠡᠯᠳᠡᠢ ᠡᠷᠤᠬᠡ︾ ︽ᠠᠵᠤ ᠠᠬᠤᠶᠢᠯᠡᠯ + ᠭᠠᠴᠠᠭ᠎ᠠ︾ | ᠬᠡᠯᠪᠡᠷᠢ ᠶᠢᠨ ᠶᠠᠳᠠᠭᠤ ᠶᠢ ᠲᠡᠳᠬᠦᠬᠦ ᠬᠡᠯᠪᠡᠷᠢ ᠶᠢ ᠦᠷᠬᠦᠯᠵᠢᠯᠡᠨ ᠰᠦᠪᠡᠭᠴᠢᠯᠡᠵᠤ᠂ ᠡᠷᠳᠡᠨᠢ ᠢᠳᠡᠬᠡᠨ ᠤ | ᠬᠢᠵᠠᠭᠠᠷᠳᠤ ᠺᠤᠮᠫᠠᠨᠢ᠂ ᠲᠠᠩᠰᠤᠭ ᠮᠠᠯ ᠠᠵᠤ ᠠᠬᠤᠢ ᠶᠢᠨ ᠲᠠᠵᠢᠬᠡᠨ ᠦᠷᠡᠵᠢᠬᠦᠯᠬᠦ ᠺᠤᠮᠫᠠᠨᠢ ᠲᠠᠢ ᠬᠤᠷᠰᠢᠨ᠂ | 1065 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠡᠯᠡ ᠤᠷᠤᠭᠤᠯᠤᠨ᠂ ᠲᠠᠩᠰᠠ ᠡᠪᠬᠡᠮᠡᠯ ᠪᠠᠶᠢᠭᠤᠯᠵᠤ | ᠺᠠᠷᠲ ᠤᠯᠭᠤᠭᠰᠡᠨ ᠬᠦᠳᠡᠯᠮᠤᠷᠢᠯᠡᠬᠦ ᠴᠢᠳᠠᠪᠤᠷᠢ ᠦᠬᠡᠢ ᠶᠠᠳᠠᠭᠤ ᠬᠦᠴᠢᠷᠳᠡᠯᠳᠡᠢ ᠡᠷᠤᠬᠡ ᠶᠢᠨ ᠤᠷᠤᠯᠭ᠎ᠠ ᠶᠢᠨ | ᠦᠷᠬᠦᠯᠵᠢᠯᠡᠬᠦᠶᠢᠴᠠ ᠲᠤᠭᠳᠠᠭᠤᠨ ᠪᠠᠶᠢᠬᠤ ᠶᠢ ᠪᠠᠳᠤᠯᠠᠪᠠ᠃ 2018 ᠤᠨ ᠤ 9 ᠰᠠᠷ᠎ᠠ ᠠᠴᠠ 2019 ᠤᠨ ᠤ | 6 ᠰᠠᠷ᠎ᠠ ᠪᠤᠯᠳᠠᠯ᠎ᠠ ᠬᠦᠮᠤᠨ ᠪᠦᠷᠢ ᠳᠤ ᠰᠠᠷ᠎ᠠ ᠪᠦᠷᠢ 650 ᠲᠦᠬᠦᠷᠢᠭ ᠤᠨ ᠪᠠᠷᠢᠮᠵᠢᠶ᠎ᠠ ᠪᠠᠷ ᠪᠦᠬᠦ ᠬᠤᠰᠢᠭᠤᠨ ᠤ | 90 ᠨᠠᠷᠠ ᠬᠦᠳᠡᠯᠮᠤᠷᠢᠯᠡᠬᠦ ᠴᠢᠳᠠᠪᠤᠷᠢ ᠦᠬᠡᠢ ᠶᠠᠳᠠᠭᠤ ᠬᠦᠴᠢᠷᠳᠡᠯᠳᠡᠢ ᠬᠦᠮᠤᠰ ᠲᠤ ᠨᠠᠶᠢᠳᠠ 36.62 ᠲᠦᠮᠡᠨ | ᠲᠦᠬᠦᠷᠢᠭ ᠪᠡᠯᠡ ᠮᠦᠩᠬᠦ ᠲᠠᠷᠬᠠᠭᠠᠪᠠ᠃ | ᠲᠠᠩᠰᠠ ᠡᠪᠬᠡᠮᠡᠯ ᠪᠠᠶᠢᠭᠤᠯᠵᠤ ᠺᠠᠷᠲ ᠤᠯᠭᠤᠬᠤ ᠠᠵᠢᠯ ᠤᠨ ᠪᠠᠶᠢᠩᠭᠤ ᠶᠢᠨ ᠬᠦᠳᠡᠯᠤᠩᠬᠦᠢ ᠬᠠᠮᠢᠶᠠᠷᠤᠯᠳᠠ ᠶᠢᠨ | ᠠᠵᠢᠯ ᠢ ᠨᠠᠷᠢᠨ ᠬᠢᠨᠠᠮᠠᠭᠠᠢ ᠦᠷᠨᠢᠬᠦᠯᠤᠨ᠂ 2019 ᠤᠨ ᠤ ᠬᠤᠶᠠᠳᠤᠭᠠᠷ ᠤᠯᠠᠷᠢᠯ ᠤᠨ ᠬᠦᠳᠡᠯᠤᠩᠬᠦᠢ | ᠬᠠᠮᠢᠶᠠᠷᠤᠯᠳᠠ ᠶᠢᠨ ᠠᠵᠢᠯ ᠢᠶᠠᠷ ᠲᠠᠮᠵᠢᠨ ᠪᠦᠬᠦ ᠬᠤᠰᠢᠭᠤᠨ ᠤ ᠲᠠᠩᠰᠠ ᠡᠪᠬᠡᠮᠡᠯ ᠪᠠᠶᠢᠭᠤᠯᠵᠤ ᠺᠠᠷᠲ ᠤᠯᠭᠤᠭᠰᠡᠨ | ᠡᠷᠤᠬᠡ ᠶᠢᠨ ᠲᠤᠭ᠎ᠠ ᠶᠢ 456 ᠡᠷᠤᠬᠡ ᠶᠢᠨ 1271 ᠬᠦᠮᠤᠨ ᠪᠤᠯᠭᠠᠪᠠ᠃ ᠡᠬᠦᠨ ᠳᠤ᠄ ᠡᠩ ᠤᠨ ᠶᠠᠳᠠᠭᠤ ᠠᠴᠠ | ᠠᠩᠬᠢᠵᠢᠷᠠᠭᠰᠡᠨ ᠨᠢ 347 ᠡᠷᠤᠬᠡ ᠶᠢᠨ 932 ᠬᠦᠮᠤᠨ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠰᠡᠨ ᠨᠢ | 109 ᠡᠷᠤᠬᠡ ᠶᠢᠨ 339 ᠬᠦᠮᠤᠨ ᠪᠤᠯᠤᠨ᠎ᠠ᠃ ᠶᠠᠳᠠᠭᠤ ᠶᠢ ᠲᠡᠳᠬᠦᠵᠤ ᠰᠢᠪᠳᠤᠯᠤᠯᠳᠠ ᠪᠤᠯᠭᠠᠬᠤ ᠲᠠᠶᠢᠯᠠᠯᠳᠤᠭᠠᠨ | ᠤ ᠲᠦᠢᠯᠪᠤᠷᠢᠳᠡᠢ ᠵᠢᠭᠰᠠᠭᠠᠨ ᠪᠠᠶᠢᠴᠠᠭᠠᠯᠳᠠ ᠬᠢᠬᠦ ᠠᠵᠢᠯ ᠪᠠ ᠤᠯᠤᠰ ᠦᠪᠡᠷᠳᠡᠬᠡᠨ ᠵᠠᠰᠠᠬᠤ ᠤᠷᠤᠨ ᠤ | ᠪᠠᠶᠢᠴᠠᠭᠠᠯᠳᠠ ᠶᠢᠨ ᠲᠤᠰᠬᠠᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ | ᠲᠠᠯ᠎ᠠ ᠪᠠᠷ ᠰᠠᠶᠢᠳᠤᠷ ᠬᠢᠵᠤ᠂ ᠲᠦᠪ ᠤᠨ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠲᠠᠢ ᠪᠤᠯᠭᠠᠬᠤ | ᠲᠤᠰᠬᠠᠢ ᠲᠦᠷᠤᠯ ᠤᠨ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠯ ᠤᠨ ᠠᠰᠠᠭᠤᠳᠠᠯ ᠤᠨ 96% ᠶᠢ | ᠰᠢᠢᠳᠪᠤᠷᠢᠯᠡᠨ᠂ ᠤᠯᠤᠰ ᠤᠨ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠲᠠᠢ ᠪᠤᠯᠭᠠᠬᠤ ᠬᠢᠨᠡᠨ ᠰᠢᠯᠭᠠᠯᠳᠠ | ᠳᠤ ᠦᠪᠡᠷᠳᠡᠬᠡᠨ ᠵᠠᠰᠠᠬᠤ ᠤᠷᠤᠨ ᠳᠤ ᠲᠤᠷᠡᠳᠤᠨ ᠭᠠᠷᠭᠠᠭᠰᠡᠨ ᠠᠰᠠᠭᠤᠳᠠᠯ ᠤᠨ 98% ᠶᠢ ᠰᠢᠢᠳᠪᠤᠷᠢᠯᠡᠵᠤ᠂ | ᠦᠪᠡᠷᠳᠡᠬᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠲᠠᠢ ᠪᠤᠯᠭᠠᠬᠤ ᠬᠢᠨᠡᠨ | ᠰᠢᠯᠭᠠᠯᠳᠠ ᠠᠴᠠ ᠲᠤᠷᠡᠳᠤᠨ ᠭᠠᠷᠭᠠᠭᠰᠡᠨ ᠰᠢᠯᠢ ᠶᠢᠨ ᠭᠤᠤᠯ ᠠᠶᠢᠮᠠᠭ ᠲᠤ ᠤᠷᠤᠰᠢᠵᠤ ᠪᠠᠶᠢᠭ᠎ᠠ ᠠᠰᠠᠭᠤᠳᠠᠯ ᠤᠨ | 97% ᠶᠢ ᠰᠢᠢᠳᠪᠤᠷᠢᠯᠡᠨ᠂ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠲᠤᠭᠤᠷᠢᠨ ᠪᠠᠶᠢᠴᠠᠭᠠᠬᠤ | ᠲᠤᠭᠤᠶᠢᠯᠠᠩ ᠤᠨ ᠲᠤᠰᠬᠠᠭᠰᠡᠨ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠵᠤ ᠰᠢᠪᠳᠤᠯᠤᠯᠳᠠ ᠲᠠᠢ | ᠪᠤᠯᠭᠠᠬᠤ ᠠᠵᠢᠯ ᠤᠨ ᠲᠤᠮᠳᠠ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠭᠰᠡᠨ ᠨᠤᠷᠮ᠎ᠠ 98% ᠳᠤ | ᠬᠦᠷᠴᠤ᠂ ᠮᠠᠨ ᠤ ᠬᠤᠰᠢᠭᠤᠨ ᠤ ᠶᠠᠳᠠᠭᠤ ᠠᠴᠠ ᠠᠩᠬᠢᠵᠢᠷᠠᠭᠤᠯᠤᠨ ᠰᠢᠪᠳᠤᠯᠤᠯᠳᠠ ᠲᠠᠢ ᠪᠤᠯᠭᠠᠬᠤ ᠠᠵᠢᠯ ᠤᠨ | ᠲᠦᠢᠯᠪᠤᠷᠢᠳᠡᠢ ᠪᠠᠶᠢᠴᠠᠭᠠᠯᠳᠠ ᠤᠨ ᠲᠤᠮᠳᠠ ᠢᠯᠡᠷᠡᠬᠦᠯᠦᠭᠰᠡᠨ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠭᠰᠡᠨ | ᠨᠤᠷᠮ᠎ᠠ100% ᠳᠤ ᠬᠦᠷᠪᠡ᠃ | ︽ᠠᠵᠤ ᠠᠬᠤᠶᠢᠯᠡᠯ + ᠭᠠᠴᠠᠭ᠎ᠠ + ᠶᠠᠳᠠᠭᠤ ᠬᠦᠴᠢᠷᠳᠡᠯᠳᠡᠢ ᠡᠷᠤᠬᠡ︾᠂ ︽ᠠᠵᠤ ᠠᠬᠤᠶᠢᠯᠡᠯ + | ᠬᠤᠷᠰᠢᠶᠠᠵᠢᠯ ︵ᠰᠠᠭᠤᠷᠢᠨ ᠭᠠᠵᠡᠷ︶ + ᠶᠠᠳᠠᠭᠤ ᠬᠦᠴᠢᠷᠳᠡᠯᠳᠡᠢ ᠡᠷᠤᠬᠡ︾ ᠶᠢᠨ ᠦᠪ ᠬᠦᠷᠤᠩᠬᠡ ᠦᠷ᠎ᠠ ᠠᠰᠢᠭ | ᠢᠶᠠᠷ ᠶᠠᠳᠠᠭᠤ ᠶᠢ ᠲᠡᠳᠬᠦᠬᠦ ᠠᠵᠢᠯ ᠢ ᠦᠷᠬᠦᠯᠵᠢᠯᠡᠨ ᠬᠡᠷᠡᠭᠵᠢᠬᠦᠯᠵᠤ᠂ 1065 ᠲᠦᠮᠡᠨ ᠲᠦᠬᠦᠷᠢᠭ ᠤᠨ ᠶᠠᠳᠠᠭᠤ | ᠶᠢ ᠲᠡᠳᠬᠦᠬᠦ ᠪᠠᠯᠠ ᠮᠦᠩᠬᠦ ᠶᠢ ᠲᠠᠶᠢᠴᠢᠯᠠᠨ ᠲᠠᠭᠠᠭᠤᠯᠬᠤ ᠬᠦᠴᠤᠨ ᠢᠶᠠᠷ ᠴᠢᠩᠭ᠎ᠠ ᠡᠷᠳᠡᠨᠢ ᠢᠳᠡᠬᠡᠨ ᠤ ᠬᠢᠵᠠᠭᠠᠷᠳᠤ | ᠬᠠᠷᠢᠭᠤᠴᠠᠯᠭᠠᠳᠤ ᠺᠤᠮᠫᠠᠨᠢ ᠪᠠ ᠲᠠᠩᠰᠤᠭ ᠮᠠᠯ ᠠᠵᠤ ᠠᠬᠤᠢ ᠶᠢᠨ ᠲᠡᠵᠢᠬᠡᠨ ᠦᠷᠡᠵᠢᠬᠦᠯᠬᠦ ᠺᠤᠮᠫᠠᠨᠢ ᠳᠤ | ᠤᠷᠤᠭᠤᠯᠤᠨ᠂ ᠠᠵᠤ ᠠᠬᠤᠶᠢᠯᠡᠯ ᠪᠠ ᠶᠠᠳᠠᠭᠤ ᠬᠦᠴᠢᠷᠳᠡᠯᠳᠡᠢ ᠡᠷᠤᠬᠡ ᠨᠢ ᠠᠰᠢᠭ ᠤᠷᠤᠯᠭ᠎ᠠ ᠢᠶᠠᠷ ᠬᠤᠪᠢᠶᠠᠷᠢᠯᠠᠬᠤ | ᠂ ᠠᠵᠢᠯ ᠤᠨ ᠪᠠᠶᠢᠷᠢ ᠬᠠᠩᠭᠠᠬᠤ᠂ ᠠᠵᠤ ᠦᠢᠯᠡᠰ ᠢᠶᠠᠷ ᠲᠡᠳᠬᠦᠬᠦ ᠵᠡᠷᠬᠡ ᠦᠷ᠎ᠠ ᠠᠰᠢᠭ ᠤᠨ ᠵᠤᠬᠢᠴᠠᠮᠵᠢ ᠶᠢ | ᠪᠠᠶᠢᠭᠤᠯᠵᠤ᠂ ᠪᠦᠬᠦ ᠬᠤᠰᠢᠭᠤᠨ ᠤ 2014 ᠤᠨ ᠠᠴᠠ ᠨᠠᠭᠠᠰᠢᠬᠢ ᠡᠪᠡᠳᠴᠢᠨ ᠠᠴᠠ ᠪᠤᠯᠤᠭᠰᠡᠨ᠂ ᠵᠡᠮᠳᠡᠭ ᠠᠴᠠ | ᠪᠤᠯᠤᠭᠰᠡᠨ ᠶᠠᠳᠠᠭᠤ ᠬᠦᠴᠢᠷᠳᠡᠯᠳᠡᠢ ᠬᠦᠮᠤᠨ ᠠᠮᠠ᠂ ᠬᠠᠮᠤᠭ ᠤᠨ ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ | ᠬᠦᠷᠳᠡᠵᠤ ᠪᠠᠶᠢᠭ᠎ᠠ ᠡᠷᠤᠬᠡ ᠪᠠ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠡᠨ ᠶᠠᠳᠠᠭᠤ ᠬᠦᠴᠢᠷᠳᠡᠯᠳᠡᠢ ᠬᠦᠮᠤᠰ ᠤᠨ | ᠤᠷᠤᠯᠭ᠎ᠠ ᠶᠢᠨ ᠲᠤᠭᠳᠠᠭᠤᠨ ᠪᠠᠶᠢᠳᠠᠯ ᠢ ᠪᠠᠳᠤᠯᠠᠨ᠂ ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠡᠰᠠᠭ᠎ᠠ ᠶᠢ | ᠪᠠᠳᠤᠳᠬᠠᠨ ᠲᠡᠬᠡᠭᠰᠢᠯᠡᠬᠦᠯᠬᠦ ᠬᠠᠷᠠᠯᠳᠠ ᠶᠢ ᠪᠠᠶᠠᠯᠠᠬᠦᠯᠪᠠ᠃ | ⒉ ᠨᠠᠶᠢᠬᠡᠮ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠦᠭᠵᠢᠯᠳᠠ ᠰᠤᠷᠭᠠᠨ ᠬᠦᠮᠤᠵᠢᠯ ᠵᠢᠭᠠᠨ ᠰᠤᠷᠭᠠᠯᠳᠠ | ᠶᠢᠨ ᠴᠢᠨᠠᠷ ᠴᠢᠡᠰᠠᠭ᠎ᠠ ᠶᠢ ᠴᠢᠷᠮᠠᠶᠢᠨ ᠲᠡᠬᠡᠭᠰᠢᠯᠡᠬᠦᠯᠪᠠ᠃ | ᠲᠡᠬᠡᠳᠤ ᠬᠠᠭᠠᠰ ᠵᠢᠯ ᠳᠤ 100.99 ᠲᠦᠮᠡᠨ ᠲᠦᠬᠦᠷᠢᠭ ᠤᠨ ᠪᠤᠯᠪᠠᠰᠤᠷᠠᠯ ᠵᠢᠯᠤᠭᠤᠳᠤᠯᠭ᠎ᠠ ᠶᠢᠨ ᠪᠡᠯᠡ ᠮᠦᠩᠬᠦ | ᠤᠷᠤᠭᠤᠯᠵᠤ᠂ ᠪᠦᠬᠦ ᠬᠤᠰᠢᠭᠤᠨ ᠤ 4 ᠲᠤᠮᠳᠠᠳᠤ ᠪᠠᠭ᠎ᠠ ᠰᠤᠷᠭᠠᠭᠤᠯᠢ ᠳᠤ ᠲᠤᠰ ᠲᠤᠰ ᠬᠡᠴᠢᠶᠠᠯ ᠤᠨ ᠵᠢᠭᠠᠨ | ᠰᠤᠷᠭᠠᠯᠳᠠ ᠶᠢᠨ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠵᠢᠯᠤᠭᠤᠳᠤᠯᠭ᠎ᠠ ᠬᠢᠪᠡ᠃ ᠲᠤᠮᠳᠠᠳᠤ ᠪᠠᠭ᠎ᠠ ᠰᠤᠷᠭᠠᠭᠤᠯᠢ | ᠶᠢᠨ ᠨᠠᠷᠢᠯᠢᠭᠵᠢᠭᠰᠡᠨ ᠬᠠᠮᠢᠶᠠᠷᠤᠯᠳᠠ ᠶᠢ ᠶᠡᠭᠡ ᠬᠦᠴᠤᠨ ᠢᠶᠠᠷ ᠠᠬᠢᠭᠤᠯᠵᠤ᠂ ᠪᠦᠬᠦ ᠬᠤᠰᠢᠭᠤᠨ ᠤ 4 ᠲᠤᠮᠳᠠᠳᠤ | ᠪᠠᠭ᠎ᠠ ᠰᠤᠷᠭᠠᠭᠤᠯᠢ ᠨᠢ ᠴᠦᠮ ᠠᠶᠢᠮᠠᠭ ᠤᠨ ᠲᠡᠰ ᠤᠨ ᠪᠠᠷᠢᠮᠵᠢᠶᠠᠵᠢᠭᠰᠡᠨ ᠰᠤᠷᠭᠠᠭᠤᠯᠢ ᠶᠢᠨ ᠪᠠᠷᠢᠮᠵᠢᠶ᠎ᠠ ᠳᠤ | ᠬᠦᠷᠴᠤ᠂ ᠮᠤᠩᠭᠤᠯ ᠪᠠᠭ᠎ᠠ ᠰᠤᠷᠭᠠᠭᠤᠯᠢ ᠨᠢ ᠠᠶᠢᠮᠠᠭ ᠤᠨ ᠲᠡᠰ ᠤᠨ ᠦᠡᠳᠤᠰᠤᠳᠠᠨ ᠤ ᠰᠤᠷᠭᠠᠨ ᠬᠦᠮᠤᠵᠢᠯ ᠤᠨ | ᠰᠤᠳᠤᠨ ᠰᠤᠷᠭᠠᠭᠤᠯᠢ ᠪᠤᠯᠪᠠ᠃ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠬᠡᠷ ᠪᠠᠶᠢᠰᠢᠩ | ᠤᠨ ᠪᠠᠷᠢᠯᠭ᠎ᠠ ᠶᠢᠨ ᠠᠵᠢᠯ ᠢ ᠲᠠᠭᠤᠰᠬᠠᠵᠤ᠂ ᠮᠦᠩᠬᠡ ᠭᠠᠯ ᠴᠡᠴᠡᠷᠯᠢᠭ ᠤᠨ ᠶᠠᠷᠤᠩᠬᠡᠶᠢᠯᠡᠭᠰᠡᠨ ᠠᠰᠠᠷ ᠤᠨ ᠲᠦᠷᠤᠯ | ᠵᠥᠢᠯ ᠤᠨ ᠬᠤᠶᠠᠳᠤᠭᠠᠷ ᠤᠳᠠᠭᠠᠨ ᠤ ᠪᠦᠳᠤᠴᠠ ᠶᠢᠨ ᠪᠠᠷᠢᠯᠭ᠎ᠠ ᠶᠢ ᠲᠠᠭᠤᠰᠬᠠᠪᠠ᠃ ᠠᠵᠢᠯ ᠮᠠᠷᠬᠡᠵᠢᠯ ᠤᠨ | ᠰᠤᠷᠭᠠᠨ ᠬᠦᠮᠤᠵᠢᠯ ᠤᠨ ᠶᠠᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠡᠷ ᠢ ᠨᠢᠬᠡᠨᠳᠡ ᠠᠰᠢᠭᠯᠠᠯᠳᠠ ᠳᠤ | ᠤᠷᠤᠭᠤᠯᠪᠠ᠃ ᠮᠤᠩᠭᠤᠯ ᠦᠡᠳᠤᠰᠤᠳᠠᠨ ᠤ ᠲᠤᠮᠳᠠᠳᠤ ᠰᠤᠷᠭᠠᠭᠤᠯᠢ ᠤᠨ ᠠᠵᠢᠯ ᠮᠡᠷᠬᠡᠵᠢᠯ ᠤᠨ ᠲᠡᠬᠡᠳᠤ ᠲᠤᠮᠳᠠ | ᠪᠠ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠶᠡᠷᠤᠩᠬᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠡᠷ ᠢ | ᠰᠤᠷᠭᠠᠭᠤᠯᠢ ᠠᠵᠤ ᠠᠬᠤᠶᠢᠯᠡᠯ ᠬᠠᠮᠳᠤᠷᠠᠭᠰᠡᠨ ᠬᠡᠯᠪᠡᠷᠢ ᠪᠠ ᠰᠤᠷᠭᠠᠭᠤᠯᠢ ᠡᠷᠬᠢᠯᠡᠬᠦ ᠨᠦᠬᠦᠴᠡᠯ ᠳᠤ ᠱᠠᠪᠢ ᠤᠷᠤᠵᠤ | ᠰᠤᠷᠬᠤ ᠬᠡᠯᠪᠡᠷᠢ ᠪᠠᠷ ᠭᠠᠷᠠᠭ ᠪᠦᠷᠢ 3 ᠤᠳᠠᠭᠠᠨ ᠤ ᠲᠤᠬᠠᠶᠢᠯᠠᠭᠰᠡᠨ ᠠᠵᠢᠯ ᠤᠨ ᠪᠤᠳᠠᠳᠤ ᠪᠤᠯᠪᠠᠰᠤᠷᠠᠯ ᠤᠨ | ᠬᠢᠴᠢᠶᠠᠯ ᠢ ᠦᠷᠨᠢᠬᠦᠯᠪᠡ᠃ 2019 ᠤᠨ ᠤ ᠲᠡᠬᠡᠳᠤ ᠬᠠᠭᠠᠰ ᠵᠢᠯ ᠳᠤ 235.029 ᠲᠦᠮᠡᠨ ᠲᠦᠬᠦᠷᠢᠭ ᠤᠨ | ᠡᠯ᠎ᠠ ᠰᠤᠷᠤᠯᠭ᠎ᠠ ᠶᠢᠨ ᠬᠤᠭᠤᠴᠠᠭᠠᠨ ᠤ ᠰᠤᠷᠭᠠᠯ ᠬᠦᠮᠤᠵᠢᠯ ᠤᠨ ᠰᠤᠷᠤᠯᠭ᠎ᠠ ᠲᠤᠰᠠᠯᠠᠬᠤ ᠪᠡᠯᠡ ᠮᠦᠩᠬᠦ ᠶᠢ | ᠨᠠᠶᠢᠳᠠᠪᠤᠷᠢᠵᠢᠭᠤᠯᠤᠨ᠂ ᠰᠤᠷᠤᠭᠴᠢᠳ ᠤᠨ ᠤᠤᠯ ᠤᠨ ᠪᠠᠶᠢᠭᠰᠡᠨ ᠭᠠᠵᠡᠷ ᠤᠨ ᠰᠤᠷᠤᠯᠭ᠎ᠠ ᠲᠤᠰᠠᠯᠠᠬᠤ ᠵᠢᠬᠡᠯᠡᠯᠬᠡ | ᠶᠢᠨ ᠠᠵᠢᠯ ᠢ ᠨᠠᠷᠢᠨ ᠬᠢᠨᠠᠮᠠᠭᠠᠢ ᠦᠷᠨᠢᠬᠦᠯᠵᠤ᠂ ᠨᠠᠶᠢᠳᠠ 335.22 ᠲᠦᠮᠡᠨ ᠲᠦᠬᠦᠷᠢᠭ ᠤᠨ ᠰᠤᠷᠤᠯᠭ᠎ᠠ | ᠲᠤᠰᠠᠯᠠᠬᠤ ᠵᠢᠬᠡᠯᠡᠯᠬᠡ ᠶᠢ ᠭᠤᠶᠤᠴᠢᠯᠡᠨ᠂ ᠰᠤᠷᠤᠭᠴᠢᠳ ᠲᠤ 480 ᠬᠦᠮᠤᠨ ᠤᠳᠠᠭ᠎ᠠ ᠶᠢ ᠠᠰᠢᠭ ᠬᠦᠷᠳᠡᠬᠡᠪᠡ᠃ | ᠰᠢᠡᠵᠢᠯᠡᠬᠦ ᠮᠡᠷᠬᠡᠵᠢᠯ ᠤᠨ ᠰᠢᠨᠠᠴᠢᠯᠠᠯᠳᠠ ᠪᠠ ᠬᠡᠷᠡᠭᠯᠡᠯᠳᠡ ᠶᠢ ᠢᠳᠡᠪᠬᠢᠳᠡᠢ ᠠᠬᠢᠭᠤᠯᠤᠨ᠂ ᠤᠶᠤᠡᠳᠤ ᠮᠠᠯᠵᠢᠯ ᠤᠨ | ᠲᠠᠯᠠᠪᠠᠢ ᠶᠢᠨ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠡᠢ ᠠᠬᠢᠭᠤᠯᠵᠤ᠂ ᠤᠶᠤᠡᠳᠤ ᠮᠠᠯ ᠠᠵᠤ ᠠᠬᠤᠢ ᠶᠢᠨ | ᠲᠤᠷᠰᠢᠯᠳᠠ ᠶᠢᠨ ᠴᠡᠭ ᠤᠨ ᠮᠠᠯᠵᠢᠬᠤ ᠡᠷᠤᠬᠡ ᠶᠢᠨ 16 ᠡᠷᠤᠬᠡ ᠳᠤ ᠲᠤᠨᠤᠭ ᠲᠦᠬᠦᠬᠡᠷᠤᠮᠵᠢ ᠤᠭᠰᠠᠷᠠᠬᠤ ᠠᠵᠢᠯ | ᠢ ᠲᠠᠭᠤᠰᠬᠠᠪᠠ᠃ | ᠡᠯ᠎ᠠ ᠲᠦᠷᠤᠯ ᠤᠨ ᠰᠤᠶᠤᠯ ᠤᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠤ᠂ ᠦᠯᠵᠠᠶᠢᠳᠤ ᠲᠠᠯ᠎ᠠ ᠨᠤᠳᠤᠭ ᠰᠢᠯᠢ | ᠶᠢᠨ ᠭᠤᠤᠯ · ᠮᠤᠩᠭᠤᠯ ᠪᠦᠬᠡ ᠶᠢᠨ ᠲᠠᠰ ᠠᠴᠠ ᠲᠠᠪᠠᠭᠰᠡᠨ ᠬᠤᠯᠪᠤᠭᠠᠳᠤ ᠤᠷᠤᠯᠳᠤᠭᠠᠨ ᠤ ᠨᠠᠢᠮᠠᠳᠤᠭᠠᠷ | ᠲᠠᠯᠠᠪᠠᠢ ᠶᠢᠨ ᠠᠪᠠᠭ᠎ᠠ ᠬᠤᠰᠢᠭᠤᠨ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠨ ᠵᠢᠴᠢ ᠴᠢᠩᠬᠢᠰ ᠪᠤᠭᠳᠠ | ᠠᠭᠤᠯᠠ ᠶᠢᠨ ᠲᠠᠬᠢᠯᠭ᠎ᠠ᠂ ᠴᠠᠭᠠᠨ ᠰᠠᠷ᠎ᠠ ᠶᠢᠨ ᠦᠳᠡᠰᠢᠯᠬᠡ᠂ ᠮᠦᠰᠤ ᠲᠠᠰᠢᠬᠦ ᠤᠷᠤᠯᠳᠤᠭᠠᠨ᠂ ᠠᠩᠬᠠᠳᠤᠭᠠᠷ | ᠬᠤᠭᠤᠴᠠᠭᠠᠨ ᠤ ᠰᠢᠨ᠎ᠠ ᠵᠢᠯ ᠢᠶᠠᠨ ᠤᠭᠳᠤᠬᠤ ᠤᠯᠠᠮᠵᠢᠯᠠᠯᠳᠤ ︽ᠴᠠᠭᠠᠨ ᠰᠠᠷ᠎ᠠ︾ ᠶᠢᠨ ᠢᠳᠡᠭᠡ ᠵᠠᠰᠠᠬᠤ | ᠤᠷᠤᠯᠳᠤᠭᠠᠨ᠂ ᠬᠠᠷ᠎ᠠ ᠠᠳᠤᠭᠤᠨ ᠰᠤᠶᠤᠯ ᠤᠨ ᠨᠠᠶᠢᠷ᠂ ᠰᠢᠳᠠᠷ᠎ᠠ ᠶᠢᠨ ᠤᠷᠤᠯᠳᠤᠭᠠᠨ᠂ ᠠᠭᠤᠯᠠ ᠠᠪᠠᠷᠢᠬᠤ | ᠤᠷᠤᠯᠳᠤᠭᠠᠨ᠂ ᠠᠯᠬᠤᠬᠤ ᠤᠷᠤᠯᠳᠤᠭᠠᠨ᠂ ᠮᠦᠽᠸᠢ ᠪᠠᠷ ᠲᠤᠭᠤᠷᠢᠨ ᠦᠵᠡᠬᠦ ᠡᠳᠤᠷ᠂ ᠱᠠᠯᠢᠭ ᠵᠠᠪᠠᠭ᠋ᠠᠢ ᠬᠠᠤᠯᠢ | ᠪᠤᠰᠤ ᠠᠵᠢᠯᠯᠠᠭ᠎ᠠ ᠳᠤ ᠴᠤᠬᠢᠯᠳᠠ ᠦᠭᠬᠦ ᠶᠢ ᠰᠤᠷᠭᠠᠭᠤᠯᠢ ᠶᠢᠨ ᠬᠦᠷᠢᠶᠠᠨ ᠳᠤ ᠰᠤᠷᠳᠠᠯᠴᠢᠯᠠᠬᠤ ᠠᠵᠢᠯᠯᠠᠭ᠎ᠠ ᠶᠢ | ᠶᠠᠪᠤᠭᠳᠠᠭᠤᠯᠪᠠ᠃ | ᠤᠳᠠᠭᠠᠨ ᠴᠢᠨᠠᠷᠳᠡᠢ ᠡᠪᠡᠳᠴᠢᠨ ᠢ ᠰᠡᠷᠬᠡᠶᠢᠯᠡᠨ ᠵᠠᠰᠠᠬᠤ ᠪᠠ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠬᠦᠳᠡᠯᠬᠡᠬᠡᠨ ᠢ ᠦᠷᠬᠦᠯᠵᠢᠯᠡᠨ ᠦᠷᠨᠢᠬᠦᠯᠵᠤ᠂ ᠤᠯᠤᠰ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ | ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠪᠠ᠃ ᠡᠮᠨᠡᠯᠬᠡ ᠰᠤᠪᠢᠯᠠᠯᠳᠠ ᠶᠢ ᠤᠶᠠᠯᠳᠤᠭᠤᠯᠬᠤ ᠶᠢ ᠢᠳᠡᠪᠬᠢᠳᠡᠢ | ᠠᠬᠢᠭᠤᠯᠤᠨ᠂ ︽ᠠᠪᠠᠭ᠎ᠠ ᠬᠤᠰᠢᠭᠤᠨ ᠤ ︵ᠡᠷᠡᠬᠦᠯᠵᠢᠯ ᠰᠤᠪᠢᠯᠠᠯᠳᠠ ᠶᠢ ᠤᠶᠠᠯᠳᠤᠭᠤᠯᠬᠤ︶ ᠠᠵᠢᠯ ᠤᠨ | ᠬᠡᠷᠡᠭᠵᠢᠬᠦᠯᠬᠦ ᠲᠦᠰᠤᠯ︾ ︽ᠠᠪᠠᠭ᠎ᠠ ᠬᠤᠰᠢᠭᠤᠨ ᠤ ᠡᠷᠡᠬᠦᠯ ᠮᠠᠡᠳᠤ ᠶᠢᠨ ᠰᠢᠰᠲ᠋ᠧᠮ ᠤᠨ | ᠨᠠᠶᠢᠳᠠᠪᠤᠷᠢᠵᠢᠭᠤᠯᠤᠭᠰᠡᠨ ︵ᠡᠮᠨᠡᠯᠬᠡ ᠰᠤᠪᠢᠯᠠᠯᠳᠠ ᠶᠢ ᠤᠶᠠᠯᠳᠤᠭᠤᠯᠬᠤ︶ ᠲᠦᠷᠤ ᠶᠢᠨ ᠪᠤᠳᠤᠯᠭ᠎ᠠ ᠶᠢᠨ ᠠᠵᠢᠯ ᠤᠨ | ᠬᠡᠷᠡᠭᠵᠢᠬᠦᠯᠬᠦ ᠲᠦᠰᠤᠯ︾ ᠢ ᠲᠤᠭᠳᠠᠭᠠᠪᠠ ᠡᠷᠡᠬᠦᠯ ᠬᠠᠮᠠᠭᠠᠯᠠᠯ ᠡᠷᠡᠬᠦᠯ ᠮᠠᠡᠳᠤ ᠶᠢᠨ ᠰᠠᠭᠤᠷᠢ ᠲᠦᠬᠦᠬᠡᠷᠤᠮᠵᠢ ᠶᠢᠨ | ᠪᠠᠶᠢᠭᠤᠯᠤᠯᠳᠠ ᠶᠢ ᠴᠢᠩᠭᠠᠳᠬᠠᠵᠤ᠂ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ ᠠᠰᠠᠷ | ᠤᠨ ᠪᠠᠷᠢᠯᠭ᠎ᠠ ᠶᠢ ᠦᠡᠳᠤᠰᠤᠨ ᠳᠤ ᠪᠠᠨ ᠲᠠᠭᠤᠰᠬᠠᠨ᠂ ᠴᠠᠩᠬᠡᠯᠪᠤᠯᠠᠭ ᠡᠷᠡᠬᠦᠯ ᠬᠠᠮᠠᠭᠠᠯᠠᠯ ᠤᠨ ᠬᠤᠷᠢᠶᠠᠨ ᠤ ᠭᠤᠤᠯ | ᠴᠤᠭᠴᠠ ᠶᠢᠨ ᠢᠡᠵᠧᠨᠧᠷᠢᠩ ᠢ ᠲᠠᠭᠤᠰᠬᠠᠪᠠ᠃ | ⒊ ᠨᠠᠶᠢᠬᠡᠮ ᠤᠨ ᠪᠠᠳᠤᠯᠠᠭ᠎ᠠ ᠶᠢᠨ ᠴᠢᠳᠠᠪᠤᠷᠢ ᠶᠢ ᠤᠯᠠᠮ ᠲᠡᠬᠡᠭᠰᠢᠯᠡᠬᠦᠯᠪᠠ᠃ | ᠨᠠᠶᠢᠬᠡᠮ ᠤᠨ ᠪᠠᠳᠤᠯᠠᠭ᠎ᠠ ᠶᠢᠨ ᠵᠤᠬᠢᠴᠠᠮᠵᠢ ᠶᠢ ᠲᠠᠰᠤᠷᠠᠯᠳᠠ ᠦᠬᠡᠢ ᠪᠦᠷᠢᠡᠰᠢᠬᠦᠯᠪᠡ᠃ ᠬᠤᠳᠠ ᠪᠠᠯᠭᠠᠰᠤᠨ ᠤ | ᠠᠵᠤ ᠠᠬᠤᠶᠢᠯᠡᠯ ᠤᠨ ᠠᠵᠢᠯᠳᠠᠨ ᠤ ᠦᠡᠳᠤᠰᠤᠨ ᠨᠠᠰᠤᠵᠢᠯ ᠤᠨ ᠲᠠᠭᠠᠳᠬᠠᠯ ᠳᠤ 3330 ᠬᠦᠮᠤᠨ ᠤᠷᠤᠵᠤ᠂ | ᠪᠠᠶᠢᠭᠤᠯᠭ᠎ᠠ ᠶᠢᠨ ᠠᠵᠢᠯ ᠦᠢᠯᠡᠰ ᠤᠨ ᠪᠠᠶᠢᠭᠤᠯᠭ᠎ᠠ ᠶᠢᠨ ᠨᠠᠰᠤᠵᠢᠯ ᠤᠨ ᠲᠠᠭᠠᠳᠬᠠᠯ ᠳᠤ ᠤᠷᠤᠭᠰᠡᠨ ᠨᠤᠷᠮ᠎ᠠ | 100% ᠳᠤ ᠬᠦᠷᠤᠨ᠂ ᠬᠤᠳᠠ ᠬᠦᠳᠡᠭᠡ ᠶᠢᠨ ᠰᠠᠭᠤᠭᠠᠯᠢᠴᠢᠳ ᠤᠨ ᠦᠡᠳᠤᠰᠤᠨ ᠨᠠᠰᠤᠵᠢᠯ ᠤᠨ ᠲᠠᠭᠠᠳᠬᠠᠯ | ᠳᠤ ᠤᠷᠤᠯᠴᠠᠬᠤ ᠵᠤᠬᠢᠰᠳᠡᠢ ᠬᠦᠮᠤᠨ ᠤ ᠲᠤᠭ᠎ᠠ 15940 ᠬᠦᠮᠤᠨ ᠳᠤ ᠬᠦᠷᠴᠤ᠂ ᠪᠤᠳᠠᠳᠡᠢ ᠲᠠᠭᠠᠳᠬᠠᠯ ᠳᠤ | ᠤᠷᠤᠯᠴᠠᠭᠰᠡᠨ ᠨᠢ 13549 ᠬᠦᠮᠤᠨ ᠪᠠᠶᠢᠵᠤ᠂ ᠬᠠᠷᠠᠭᠠᠯᠵᠠᠯ ᠬᠦᠷᠳᠡᠵᠤ ᠪᠠᠶᠢᠭ᠎ᠠ 2591 ᠬᠦᠮᠤᠨ ᠳᠤ ᠬᠦᠷᠤᠨ | ᠂ ᠲᠠᠭᠠᠳᠬᠠᠯ ᠳᠤ ᠤᠷᠤᠭᠰᠡᠨ ᠨᠤᠷᠮ᠎ᠠ 84% ᠳᠤ ᠬᠦᠷᠪᠡ᠃ ᠬᠤᠰᠢᠭᠤ ᠡᠮᠴᠢᠯᠡᠬᠡᠨ ᠤ ᠪᠠᠳᠤᠯᠠᠭ᠎ᠠ ᠶᠢᠨ | ᠲᠤᠪᠴᠢᠶ᠎ᠠ ᠶᠢ ᠪᠠᠶᠢᠭᠤᠯᠤᠨ᠂ ᠪᠦᠬᠦ ᠬᠤᠰᠢᠭᠤᠨ ᠤ ᠬᠤᠳᠠ ᠪᠠᠯᠭᠠᠰᠤᠨ ᠤ ᠠᠵᠢᠯᠳᠠᠳ ᠤᠨ ᠦᠡᠳᠤᠰᠤᠨ | ᠡᠮᠴᠢᠯᠡᠬᠡᠨ ᠤ ᠲᠠᠭᠠᠳᠬᠠᠯ ᠳᠤ 6567 ᠬᠦᠮᠤᠨ ᠤᠷᠤᠯᠴᠠᠵᠤ᠂ ᠬᠤᠳᠠ ᠬᠦᠳᠡᠭᠡ ᠶᠢᠨ ᠰᠠᠭᠤᠭᠠᠯᠢᠴᠢᠳ ᠤᠨ | ᠦᠡᠳᠤᠰᠤᠨ ᠡᠮᠴᠢᠯᠡᠬᠡᠨ ᠤ ᠲᠠᠭᠠᠳᠬᠠᠯ ᠳᠤ 29673 ᠬᠦᠮᠤᠨ ᠤᠷᠤᠪᠠ᠃ ᠲᠡᠬᠡᠳᠤ ᠬᠠᠭᠠᠰ ᠵᠢᠯ ᠳᠤ 366.6 | ᠲᠦᠮᠡᠨ ᠲᠦᠬᠦᠷᠢᠭ ᠤᠨ ᠲᠤᠤᠷ᠎ᠠ ᠪᠠᠳᠤᠯᠠᠭ᠎ᠠ ᠶᠢᠨ ᠮᠦᠩᠬᠦ ᠲᠠᠷᠬᠠᠭᠠᠵᠤ᠂ 932 ᠡᠷᠤᠬᠡ ᠶᠢᠨ 1468 ᠬᠦᠮᠤᠨ | ᠳᠤ ᠪᠠᠳᠤᠯᠠᠭ᠎ᠠ ᠬᠠᠩᠭᠠᠪᠠ︔ ᠠᠮᠢᠳᠤᠷᠡᠯ ᠤᠨ ᠨᠦᠬᠦᠪᠤᠷᠢ 25.6 ᠲᠦᠮᠡᠨ ᠲᠦᠬᠦᠷᠢᠭ ᠲᠠᠷᠬᠠᠭᠠᠵᠤ᠂ 35 | ᠬᠦᠮᠤᠨ ᠳᠤ ᠪᠠᠳᠤᠯᠠᠭ᠎ᠠ ᠬᠠᠩᠭᠠᠨ᠂ 33 ᠬᠦᠮᠤᠨ ᠳᠤ ᠬᠤᠯᠪᠤᠭᠳᠠᠭᠰᠡᠨ 25.5 ᠲᠦᠮᠡᠨ ᠲᠦᠬᠦᠷᠢᠭ ᠤᠨ | ᠠᠰᠠᠷᠠᠨ ᠲᠡᠵᠢᠬᠡᠬᠦ ᠪᠠᠯᠠ ᠮᠦᠩᠬᠦ ᠲᠠᠷᠬᠠᠭᠠᠪᠠ᠃ | ᠨᠠᠶᠢᠬᠡᠮ ᠤᠨ ᠬᠠᠮᠤᠭ ᠲᠤᠤᠷ᠎ᠠ ᠪᠠᠳᠤᠯᠠᠭ᠎ᠠ ᠶᠢᠨ ᠢᠡᠵᠧᠨᠧᠷᠢᠩ ᠢ ᠤᠷᠤᠭᠰᠢᠳᠡᠢ ᠬᠡᠷᠡᠭᠵᠢᠬᠦᠯᠤᠨ᠂ ᠠᠪᠠᠭ᠎ᠠ | ᠬᠤᠰᠢᠭᠤᠨ ᠤ ᠨᠠᠶᠢᠬᠡᠮ ᠤᠨ ᠠᠰᠠᠷᠠᠮᠵᠢ ᠶᠢᠨ ᠬᠦᠷᠢᠶᠠᠯᠠᠩ ᠤᠨ ᠭᠠᠯ ᠤᠡᠳᠠᠷᠠᠭᠠᠯᠳᠠ ᠶᠢᠨ ᠦᠬᠡᠷᠡᠴᠢᠯᠡᠨ | ᠰᠠᠶᠢᠵᠢᠷᠠᠭᠤᠯᠬᠤ ᠢᠡᠵᠧᠨᠧᠷᠢᠩ ᠢ ᠲᠠᠭᠤᠰᠬᠠᠵᠤ᠂ ᠬᠠᠯᠠᠮᠵᠢ ᠨᠠᠰᠤᠳᠠᠶᠢᠴᠤᠳ ᠤᠨ ᠠᠰᠠᠷᠠᠮᠵᠢ ᠶᠢᠨ ᠨᠠᠶᠢᠳᠠ ᠶᠢᠨ | ᠪᠠᠶᠢᠷᠢ ᠶᠢᠨ ᠲᠤᠳᠤᠷᠡᠬᠢ ᠪᠠᠷᠢᠯᠭ᠎ᠠ᠂ ᠵᠠᠮᠳᠡᠭᠴᠤᠳ ᠢ ᠨᠠᠶᠢᠳᠠᠨ ᠬᠠᠷᠠᠭᠠᠯᠵᠠᠬᠤ ᠶᠠᠷᠤᠩᠬᠡᠶᠢᠯᠡᠭᠰᠡᠨ ᠦᠢᠯᠡᠴᠢᠯᠡᠬᠡᠨ ᠤ | ᠲᠦᠪ ᠤᠨ ᠭᠤᠤᠯ ᠴᠤᠭᠴᠠ ᠶᠢᠨ ᠢᠡᠵᠧᠨᠧᠷᠢᠩ ᠢ ᠲᠠᠭᠤᠰᠬᠠᠨ᠂ ᠤᠷᠤᠰᠢᠭᠤᠯᠭ᠎ᠠ ᠶᠢᠨ ᠭᠠᠵᠡᠷ ᠶᠢᠨ ᠲᠤᠳᠤᠷᠡᠬᠢ | ᠵᠠᠰᠠᠯᠳᠠ ᠶᠢ ᠲᠠᠭᠤᠰᠬᠠᠪᠠ᠃ | ᠬᠤᠶᠡᠷ᠂ ᠤᠷᠤᠰᠢᠵᠤ ᠪᠠᠶᠢᠭ᠎ᠠ ᠭᠤᠤᠯ ᠠᠰᠠᠭᠤᠳᠠᠯ | ᠨᠢᠬᠡ ᠳᠤ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠨᠢ ᠲᠦᠰᠤᠪᠯᠡᠭᠰᠡᠨ ᠬᠠᠷᠠᠯᠳᠠ ᠳᠤ ᠪᠠᠨ | ᠬᠦᠷᠤᠬᠡᠳᠤᠢ᠃ ᠰᠲ᠋ᠤᠺ ᠤᠨ ᠡᠷᠬᠡ ᠶᠢ ᠰᠢᠯᠵᠢᠬᠦᠯᠤᠨ ᠦᠭᠬᠦ ᠪᠠ ᠭᠠᠷᠳᠠᠮ ᠬᠦᠢᠴᠡᠳᠬᠡᠬᠦ ᠠᠵᠢᠯ ᠢᠶᠠᠨ | ᠲᠤᠭᠳᠠᠭᠰᠡᠨ ᠬᠤᠭᠤᠴᠠᠭᠠᠨ ᠳᠤ ᠲᠠᠭᠤᠰᠬᠠᠳᠤᠢ᠂ ᠴᠠᠭᠠᠡᠨᠠᠭᠤᠷ ᠴᠠᠬᠢᠯᠭᠠᠨ ᠤ ᠦᠢᠯᠡᠳᠪᠤᠷᠢ ᠪᠠ 7 ᠤᠡᠴᠠ | ᠦᠡᠳᠤᠷ ᠬᠦᠴᠤᠳᠡᠯᠳᠤ ᠴᠠᠬᠢᠯᠭᠠᠨ ᠭᠠᠳᠠᠭᠰᠢ ᠬᠦᠷᠬᠡᠬᠦ ᠰᠠᠯᠬᠢᠨ ᠴᠠᠬᠢᠯᠭᠠᠨ ᠤ ᠲᠦᠷᠤᠯ ᠵᠥᠢᠯ ᠨᠢ ᠲᠤᠭᠳᠠᠭᠰᠡᠨ | ᠬᠤᠭᠤᠴᠠᠭᠠᠨ ᠳᠤ ᠪᠠᠷᠢᠯᠭ᠎ᠠ ᠡᠬᠢᠯᠡᠵᠤ ᠲᠠᠶᠢᠯᠤᠬᠡᠳᠤᠢ᠃ ᠡᠬᠦᠨ ᠠᠴᠠ ᠭᠠᠳᠠᠨ᠎ᠠ ᠲᠤᠭᠳᠠᠮᠠᠯ ᠬᠦᠷᠤᠩᠬᠡ ᠶᠢᠨ ᠪᠡᠯᠡ | ᠤᠷᠤᠭᠤᠯᠤᠯᠳᠠ ᠶᠢᠨ ᠲᠤᠭ᠎ᠠ ᠪᠦᠷᠢᠳᠬᠡᠯ ᠪᠠ ᠭᠤᠤᠯᠳᠠᠯᠭ᠎ᠠ ᠲᠠᠢ ᠲᠦᠷᠤᠯ ᠵᠥᠢᠯ ᠨᠢ ᠬᠤᠭᠤᠷᠤᠡᠳᠤ ᠪᠠᠨ ᠨᠠᠯᠢᠶᠡᠳ | ᠶᠡᠭᠡ ᠵᠦᠷᠢᠶ᠎ᠠ ᠲᠠᠢ ᠪᠠᠶᠢᠵᠤ᠂ ᠲᠡᠬᠡᠳᠤ ᠬᠠᠭᠠᠰ ᠵᠢᠯ ᠳᠤ ᠪᠡᠯᠡ ᠤᠷᠤᠭᠤᠯᠤᠯᠳᠠ ᠨᠢ ᠲᠦᠰᠤᠪᠯᠡᠭᠰᠡᠨ ᠬᠠᠷᠠᠯᠳᠠ ᠳᠤ | ᠪᠠᠨ ᠬᠦᠷᠴᠤ ᠲᠠᠶᠢᠯᠤᠬᠡᠳᠤᠢ᠂ ᠠᠳᠠᠯᠢ ᠬᠤᠭᠤᠴᠠᠭᠠᠨ ᠤ ᠬᠢ ᠠᠴᠠ 15.5% ᠪᠠᠷ ᠪᠠᠭᠤᠷᠠᠪᠠ᠃ ᠪᠦᠬᠦ ᠵᠢᠯ ᠳᠤ | 150% ᠪᠠᠷ ᠨᠡᠮᠡᠭᠳᠡᠬᠦᠯᠬᠦ ᠪᠠᠷ ᠲᠦᠰᠤᠪᠯᠡᠭᠰᠡᠨ ᠬᠠᠷᠠᠯᠳᠠ ᠪᠠᠨ ᠪᠠᠶᠠᠯᠠᠬᠦᠯᠬᠦ ᠳᠤ ᠮᠠᠰᠢ ᠬᠦᠴᠢᠷᠳᠡᠢ ᠪᠠᠶᠢᠨ᠎ᠠ᠃ | ᠬᠤᠶᠡᠷ ᠲᠤ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ ᠪᠠᠶᠠᠯᠡᠬᠦᠯᠬᠦ ᠲᠠᠯ᠎ᠠ ᠪᠠᠷ ᠲᠤᠭᠳᠠᠮᠠᠯ ᠪᠤᠰᠤ ᠴᠢᠨᠠᠷᠳᠡᠢ | ᠪᠠᠶᠢᠳᠠᠯ ᠤᠷᠤᠰᠢᠵᠤ ᠪᠠᠶᠢᠨ᠎ᠠ᠃ ᠡᠨ᠋ᠨ ᠵᠢᠯ ᠤᠨ ᠲᠡᠬᠡᠳᠤ ᠬᠠᠭᠠᠰ ᠵᠢᠯ ᠳᠤ ᠮᠠᠨ ᠤ ᠬᠤᠰᠢᠭᠤᠨ ᠤ ᠬᠡᠪᠴᠢᠶᠠᠨ ᠠᠴᠠ | ᠲᠡᠬᠡᠭᠰᠢᠬᠢ ᠠᠵᠤ ᠦᠢᠯᠡᠳᠪᠤᠷᠢ ᠶᠢᠨ ᠦᠢᠯᠡᠳᠪᠤᠷᠢᠯᠡᠯ ᠤᠨ ᠦᠷᠳᠡᠭ 6.0% ᠪᠠᠷ ᠪᠠᠭᠤᠷᠠᠨ᠂ ᠬᠡᠳᠤᠶᠢᠪᠡᠷ | ᠤᠳᠤᠬᠠᠨ ᠳᠤ ᠬᠡᠪᠴᠢᠶᠠᠨ ᠠᠴᠠ ᠲᠡᠬᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ | ᠬᠤᠷᠳᠤᠴᠠ ᠨᠢ ᠡᠶᠠᠷᠬᠦ ᠨᠡᠮᠡᠭᠳᠡᠯ ᠲᠠᠢ ᠪᠤᠯᠤᠭᠰᠡᠨ ᠪᠤᠯᠪᠠᠴᠤ ᠪᠦᠬᠦ ᠵᠢᠯ ᠳᠤ 7.7% ᠪᠠᠷ ᠨᠡᠮᠡᠭᠳᠡᠬᠦᠯᠬᠦ ᠡᠬᠦᠷᠬᠡ | ᠪᠠᠨ ᠪᠠᠶᠠᠯᠡᠬᠦᠯᠬᠦ ᠳᠤ ᠮᠦᠡᠬᠦ ᠲᠤᠭᠳᠠᠮᠠᠯ ᠪᠤᠰᠤ ᠴᠢᠨᠠᠷᠳᠡᠢ ᠡᠯᠧᠨᠧᠲ ᠤᠳ ᠤᠷᠤᠰᠢᠵᠤ ᠪᠤᠢ᠃ | ᠭᠤᠷᠪᠡ ᠳᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠶ᠎ᠠ ᠶᠡᠭᠡ᠃ ᠲᠡᠬᠡᠳᠤ ᠬᠠᠭᠠᠰ ᠵᠢᠯ ᠳᠤ ᠮᠠᠨ ᠤ | ᠬᠤᠰᠢᠭᠤᠨ ᠤ ᠡᠩ ᠤᠨ ᠤᠯᠠᠨ ᠨᠠᠶᠢᠳᠠ ᠶᠢᠨ ᠲᠦᠰᠤᠪᠯᠡᠨ ᠪᠤᠳᠤᠯᠳᠠ ᠶᠢᠨ ᠤᠷᠤᠯᠭ᠎ᠠ᠂ 8301 ᠲᠦᠮᠡᠨ | ᠲᠦᠬᠦᠷᠢᠭ ᠳᠤ ᠬᠦᠷᠴᠤ᠂ 1.2% ᠪᠠᠷ ᠨᠡᠮᠡᠭᠳᠡᠪᠠ︔ ᠡᠩ ᠤᠨ ᠤᠯᠠᠨ ᠨᠠᠶᠢᠳᠠ ᠶᠢᠨ ᠲᠦᠰᠤᠪᠯᠡᠨ ᠪᠤᠳᠤᠯᠳᠠ | ᠶᠢᠨ ᠳᠠᠬᠢ ᠵᠠᠷᠤᠯᠭ᠎ᠠ 75736 ᠲᠦᠮᠡᠨ ᠲᠦᠬᠦᠷᠢᠭ ᠲᠤ ᠬᠦᠷᠴᠤ᠂ 40.9% ᠪᠠᠷ ᠨᠡᠮᠡᠭᠳᠡᠪᠠ᠃ ᠬᠡᠳᠤᠶᠢᠪᠡᠷ | ᠤᠳᠤᠬᠠᠨ ᠳᠤ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠵᠤᠬᠢᠬᠤ ᠬᠡᠮᠵᠢᠶ᠎ᠠ ᠪᠠᠷ ᠨᠡᠮᠡᠭᠳᠡᠵᠤ᠂ | ᠵᠠᠷᠤᠯᠭ᠎ᠠ ᠶᠢᠨ ᠬᠤᠷᠳᠤᠴᠠ ᠵᠤᠬᠢᠬᠤ ᠬᠡᠮᠵᠢᠶ᠎ᠠ ᠪᠠᠷ ᠪᠠᠭᠤᠷᠠᠭᠰᠡᠨ ᠪᠤᠯᠪᠠᠴᠤ ᠭᠠᠵᠡᠷ ᠣᠷᠤᠨ ᠤ ᠦᠷᠢ ᠦᠭᠴᠡᠭᠡ | ᠶᠢ ᠰᠢᠢᠳᠪᠤᠷᠢᠯᠡᠬᠦ᠂ ᠵᠢᠬᠡᠯᠡᠯᠬᠡ ᠬᠦᠦ ᠮᠦᠩᠬᠦ ᠪᠤᠴᠠᠭᠠᠬᠤ᠂ ᠠᠷᠡᠳ ᠤᠨ ᠠᠮᠢᠳᠤᠷᠡᠯ ᠤᠨ ᠵᠠᠷᠤᠯᠭ᠎ᠠ ᠶᠢ ᠨᠡᠮᠡᠭᠳᠡᠬᠦᠯᠬᠦ | ᠵᠠᠷᠬᠡ ᠠᠴᠠ ᠪᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠨᠠᠮᠡᠭᠳᠡᠯ ᠨᠢ ᠮᠥᠨ ᠯᠡ ᠤᠷᠤᠯᠭ᠎ᠠ ᠶᠢᠨ ᠨᠡᠮᠡᠭᠳᠡᠯ ᠠᠴᠠ | ᠪᠠᠨ ᠬᠤᠯᠠ ᠦᠡᠳᠤᠷ ᠪᠠᠶᠢᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠠᠯ ᠤᠯᠠᠮ ᠴᠢᠨᠠᠭᠰᠢᠳᠠ | ᠶᠡᠬᠡᠳᠴᠤ ᠪᠤᠢ᠃ | ᠲᠦᠷᠪᠡ ᠳᠤ ᠰᠠᠯᠠᠭ᠎ᠠ ᠮᠦᠴᠢᠷ ᠤᠨ ᠴᠢᠳᠠᠪᠬᠢ ᠶᠢ ᠵᠤᠯᠭᠠᠯᠳᠤᠭᠤᠯᠬᠤ ᠠᠵᠢᠯ ᠢᠯᠭᠤᠮ ᠤᠷᠤᠭᠰᠢᠳᠡᠢ ᠪᠤᠰᠤ᠃ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠶᠠᠭ ᠲᠦᠯᠬᠢᠨ ᠠᠬᠢᠭᠤᠯᠵᠤ᠂ ᠵᠠᠷᠢᠮ ᠰᠠᠯᠠᠭ᠎ᠠ ᠮᠦᠴᠢᠷ ᠤᠨ ᠴᠢᠳᠠᠪᠬᠢ ᠶᠢ | ᠲᠤᠳᠤᠷᠬᠠᠶᠢᠯᠠᠭᠠᠳᠤᠢ᠂ ᠵᠠᠷᠢᠮ ᠠᠵᠢᠯ ᠢ ᠢᠯᠭᠤᠮ ᠤᠷᠤᠭᠰᠢᠳᠡᠢ ᠵᠤᠯᠭᠠᠯᠴᠠᠭᠤᠯᠵᠤ ᠲᠠᠶᠢᠯᠤᠬᠡᠳᠤᠢ᠃ ᠵᠠᠷᠢᠮ | ᠰᠠᠯᠠᠭ᠎ᠠ ᠮᠦᠴᠢᠷ ᠠᠵᠢᠯᠳᠠᠨ ᠲᠤᠳᠠᠭᠳᠠᠵᠤ᠂ ᠨᠢᠬᠡ ᠬᠡᠮᠵᠢᠶᠠᠨ ᠳᠤ ᠠᠵᠢᠯ ᠢᠶᠠᠨ ᠬᠡᠪ ᠶᠤᠰᠤᠭᠠᠷ ᠶᠠᠪᠤᠭᠳᠠᠭᠤᠯᠬᠤ | ᠳᠤ ᠨᠦᠯᠤᠬᠡ ᠪᠤᠯᠤᠭᠰᠡᠨ ᠪᠠᠶᠢᠨ᠎ᠠ᠃ | ᠭᠤᠷᠪᠡ᠂ ᠬᠤᠶᠢᠰᠢᠳᠠ ᠶᠢᠨ ᠭᠤᠤᠯ ᠠᠵᠢᠯ ᠤᠨ ᠡᠬᠦᠷᠬᠡ | ᠵᠢᠯ ᠤᠨ ᠡᠬᠢᠨ ᠤ ᠲᠦᠰᠤᠪᠯᠡᠭᠰᠡᠨ ᠬᠠᠷᠠᠯᠳᠠ ᠪᠠᠨ ᠴᠢᠷᠮᠠᠶᠢᠨ ᠪᠠᠶᠠᠯᠠᠬᠦᠯᠤᠨ᠎ᠠ᠃ ᠭᠠᠵᠡᠷ ᠤᠷᠤᠨ ᠤ | ᠦᠢᠯᠡᠳᠪᠤᠷᠢᠯᠡᠯ ᠤᠨ ᠶᠠᠷᠤᠩᠬᠡᠢ ᠦᠷᠳᠡᠭ ᠢ 7.1% ᠪᠠᠷ ᠨᠡᠮᠡᠭᠳᠡᠬᠦᠯᠵᠤ᠂ ᠬᠤᠳᠠ ᠬᠦᠳᠡᠭᠡ ᠶᠢᠨ ᠪᠠᠶᠢᠩᠭᠤ ᠶᠢᠨ | ᠰᠠᠭᠤᠭᠠᠯᠢᠴᠢᠳ ᠤᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰ ᠲᠤᠰ 8.0% ᠪᠠ 8.3% ᠪᠠᠷ | ᠨᠡᠮᠡᠭᠳᠡᠬᠦᠯᠤᠨ᠂ ᠡᠩ ᠤᠨ ᠤᠯᠠᠨ ᠨᠠᠶᠢᠳᠠ ᠶᠢᠨ ᠲᠦᠰᠤᠪᠯᠡᠭᠰᠡᠨ ᠤᠷᠤᠯᠭ᠎ᠠ ᠶᠢ 1.7 ᠳ᠋ᠦᠩᠰᠢᠭᠤᠷ ᠲᠦᠬᠦᠷᠢᠭ ᠲᠤ | ᠬᠦᠷᠬᠡᠵᠤ᠂ 3.0% ᠪᠠᠷ ᠨᠡᠮᠡᠭᠳᠡᠬᠦᠯᠤᠨ᠎ᠠ᠃ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢᠨ ᠠᠵᠢᠯ ᠢ | ᠴᠢᠷᠮᠠᠶᠢᠨ ᠠᠳᠬᠤᠵᠤ᠂ 150% ᠠᠴᠠ ᠲᠡᠬᠡᠭᠰᠢ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠤᠳᠤᠬᠠᠨ ᠤ ᠲᠦᠪᠡᠭ | ᠪᠤᠳᠤᠯᠢᠶᠠᠡᠳᠡᠢ ᠠᠵᠤ ᠠᠬᠤᠢ ᠶᠢᠨ ᠬᠦᠭᠵᠢᠯᠳᠠ ᠶᠢᠨ ᠬᠠᠨᠳᠤᠰᠢ ᠳᠤ ᠬᠠᠨᠳᠤᠭᠤᠯᠤᠨ᠂ ᠬᠠᠷᠠᠯᠳᠠ ᠡᠬᠦᠷᠬᠡ ᠪᠠᠨ | ᠨᠠᠩ ᠰᠠᠶᠢᠨ ᠪᠠᠶᠠᠯᠠᠬᠦᠯᠬᠦ ᠶᠢᠨ ᠲᠤᠰᠠᠳᠠ ᠬᠤᠶᠢᠰᠢᠳᠠ ᠲᠤᠤᠷᠡᠬᠢ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠰᠠᠶᠢᠳᠤᠷ ᠠᠳᠬᠤᠨ᠎ᠠ᠃ | ︵ᠨᠢᠬᠡ︶ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠡᠨ ᠴᠡᠭᠴᠡᠯᠡᠨ ᠰᠠᠶᠢᠵᠢᠷᠠᠭᠤᠯᠬᠤ | ᠠᠵᠢᠯ ᠢ ᠪᠦᠬᠦ ᠬᠦᠴᠤᠨ ᠢᠶᠠᠷ ᠠᠳᠬᠤᠨ᠎ᠠ᠃ | ᠬᠤᠰᠢᠭᠤ ᠨᠠᠮ ᠤᠨ ᠬᠤᠷᠢᠶᠠᠨ ᠤ ᠨᠢᠬᠡᠳᠤᠯᠳᠡᠢ ᠪᠠᠶᠢᠷᠢᠯᠠᠭᠤᠯᠤᠯᠳᠠ ᠶᠢ ᠦᠡᠳᠤᠰᠤᠯᠡᠨ᠂ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠲᠤᠭᠤᠷᠢᠨ ᠪᠠᠶᠢᠴᠠᠭᠠᠬᠤ | ᠲᠤᠭᠤᠶᠢᠯᠠᠩ ᠤᠨ ᠲᠤᠰᠬᠠᠭᠰᠡᠨ ᠰᠠᠨᠠᠯ ᠤᠨ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠪᠦᠬᠦ ᠬᠦᠴᠤᠨ ᠢᠶᠠᠷ ᠰᠠᠶᠢᠳᠤᠷ ᠪᠠᠶᠠᠯᠠᠬᠦᠯᠤᠨ᠎ᠠ᠃ ᠬᠦᠭᠵᠢᠯᠳᠠ ᠶᠢᠨ ᠰᠢᠨ᠎ᠠ ᠦᠵᠡᠯᠳᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠨᠠᠶᠢᠬᠡᠮ ᠤᠨ ᠴᠢᠨᠠᠷᠳᠡᠢ ᠲᠠᠢ ᠬᠦᠭᠵᠢᠯᠳᠠ ᠶᠢ ᠴᠢᠷᠮᠠᠶᠢᠨ ᠠᠬᠢᠭᠤᠯᠵᠤ᠂ | ᠲᠦᠷᠢᠮᠵᠢᠯᠳᠤ ᠤᠬᠠᠮᠰᠠᠷ᠂ ᠬᠠᠷᠢᠭᠤᠴᠠᠯᠭᠠᠳᠤ ᠤᠬᠠᠮᠰᠠᠷ ᠢ ᠤᠯᠠᠮ ᠴᠢᠩᠭᠠᠳᠬᠠᠵᠤ᠂ ᠰᠢᠡᠵᠢᠯᠡᠬᠦ ᠤᠬᠠᠭᠠᠡᠴᠢᠯᠠᠭᠰᠡᠨ | ᠲᠦᠷᠢᠮᠵᠢᠭᠰᠡᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ | ︵ᠬᠤᠶᠡᠷ︶ ᠭᠤᠤᠯᠳᠠᠯᠭ᠎ᠠ ᠲᠠᠢ ᠲᠦᠷᠤᠯ ᠵᠥᠢᠯ ᠤᠨ ᠪᠠᠶᠢᠭᠤᠯᠤᠯᠳᠠ ᠶᠢ ᠴᠢᠷᠮᠠᠶᠢᠨ ᠠᠬᠢᠭᠤᠯᠤᠨ᠎ᠠ᠃ | ᠭᠤᠤᠯᠳᠠᠯᠭ᠎ᠠ ᠲᠠᠢ ᠲᠦᠷᠤᠯ ᠵᠥᠢᠯ ᠤᠨ ᠠᠬᠢᠴᠠ ᠶᠢᠨ ᠡᠷᠴᠢᠮ ᠢ ᠦᠷᠬᠦᠯᠵᠢᠯᠡᠨ ᠴᠢᠩᠭᠠᠳᠬᠠᠵᠤ᠂ ᠲᠦᠷᠤᠯ | ᠵᠥᠢᠯ ᠤᠨ ᠪᠠᠶᠢᠭᠤᠯᠭ᠎ᠠ ᠶᠢᠨ ᠬᠠᠮᠢᠶ᠎ᠠ ᠪᠦᠬᠦᠢ ᠭᠠᠷᠳᠠᠮ ᠢ ᠪᠦᠷᠢᠡᠰᠢᠬᠦᠯᠵᠤ᠂ ᠪᠦᠳᠤᠬᠡᠨ ᠪᠠᠶᠢᠭᠤᠯᠤᠯᠳᠠ ᠶᠢᠨ | ᠠᠬᠢᠴᠠ ᠶᠢ ᠲᠦᠷᠬᠡᠳᠬᠡᠨ᠎ᠠ᠃ 130 ᠲᠦᠮᠡᠨ ᠺᠢᠯᠤᠸᠠᠲ ᠶᠢᠨ ᠰᠢᠨ᠎ᠠ ᠡᠨᠧᠷᠬᠢ ᠶᠢᠨ ᠰᠠᠯᠬᠢᠨ ᠴᠠᠬᠢᠯᠭᠠᠨ ᠤ | ᠲᠦᠷᠤᠯ ᠵᠥᠢᠯ ᠪᠠ 500 ᠺᠢᠯᠤᠸᠤᠯᠲ ᠶᠢᠨ ᠴᠠᠬᠢᠯᠭᠠᠨ ᠬᠤᠪᠢᠰᠬᠠᠬᠤ ᠢᠡᠵᠧᠨᠧᠷᠢᠩ ᠤᠨ ᠢᠵᠢ ᠪᠦᠷᠢᠳᠦᠭᠰᠡᠨ | ᠲᠦᠷᠤᠯ ᠵᠥᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠴᠠᠭᠠᠡᠨᠠᠭᠤᠷ ᠤᠨ ᠴᠠᠬᠢᠯᠭᠠᠨ ᠤ ᠦᠢᠯᠡᠳᠪᠤᠷᠢ ᠶᠢᠨ | ᠰᠲ᠋ᠤᠺ ᠤᠨ ᠡᠷᠬᠡ ᠶᠢ ᠰᠢᠯᠵᠢᠬᠦᠯᠬᠦ ᠠᠵᠢᠯ ᠢ ᠠᠬᠢᠭᠤᠯᠤᠨ᠂ ᠴᠤᠮᠬᠠᠳᠬᠠᠬᠤ ᠠᠵᠤ ᠠᠬᠤᠶᠢᠯᠡᠯ ᠢ ᠡᠷᠳᠡᠬᠡᠨ | ᠲᠤᠭᠳᠠᠵᠤ᠂ ᠡᠷᠳᠡᠬᠡᠨ ᠠᠵᠢᠯ ᠡᠬᠢᠯᠡᠬᠦᠯᠵᠤ᠂ ᠪᠦᠳᠤᠬᠡᠨ ᠪᠠᠶᠢᠭᠤᠯᠤᠯᠳᠠ ᠬᠢᠨ᠎ᠠ᠃ ᠴᠠᠭᠠᠡᠨᠠᠭᠤᠷ ᠤᠨ ᠨᠢᠬᠡᠳᠤᠬᠡᠷ | ᠨᠤᠮᠧᠷᠳᠤ ᠬᠤᠳᠳᠤᠭ ᠤᠨ ᠲᠦᠷᠤᠯ ᠵᠥᠢᠯ᠂ ᠳ᠋ᠠ ᠠᠨ ᠠᠭᠤᠷᠬᠠᠢ ᠶᠢᠨ ᠬᠠᠶᠢᠨ ᠰᠢᠡᠵᠢᠯᠳᠠ ᠠᠴᠠ ᠠᠭᠤᠷᠬᠠᠢ | ᠨᠡᠬᠡᠬᠡᠬᠦ ᠭᠠᠷᠳᠠᠮ ᠬᠦᠢᠴᠡᠳᠬᠡᠬᠦ ᠠᠵᠢᠯ ᠢ ᠲᠦᠷᠬᠡᠳᠬᠡᠵᠤ᠂220 ᠺᠢᠯᠤᠸᠤᠯᠲ ᠶᠢᠨ ᠴᠠᠬᠢᠯᠭᠠᠨ ᠬᠤᠪᠢᠰᠬᠠᠬᠤ | ᠢᠡᠵᠧᠨᠧᠷᠢᠩ᠂ ᠲᠠᠷᠢᠶᠠᠯᠠᠩ ᠤᠨ ᠬᠦᠳᠡᠭᠡ ᠲᠤᠰᠬᠤᠨ ᠤ ᠴᠡᠬᠢᠯᠭᠠᠨ ᠱᠤᠭᠤᠮ ᠤᠨ ᠦᠬᠡᠷᠡᠴᠢᠯᠡᠯᠳᠡ᠂ ᠴᠠᠭᠠᠡᠨᠠᠭᠤᠷ | ᠤᠨ 500 ᠺᠢᠯᠤᠸᠤᠯᠲ ᠶᠢᠨ ᠴᠠᠬᠢᠯᠭᠠᠨ ᠬᠦᠷᠬᠡᠬᠦ ᠢᠡᠵᠧᠨᠧᠷᠢᠩ᠂ ᠮᠠᠯᠳᠠᠵᠤ ᠬᠤᠭᠤᠰᠤᠷᠤᠭᠰᠡᠨ ᠤᠷᠤᠨ ᠤ | ᠶᠠᠷᠤᠩᠬᠡᠶᠢᠯᠡᠭᠰᠡᠨ ᠵᠠᠰᠠᠨ ᠴᠡᠭᠴᠡᠯᠡᠯᠳᠡ ᠶᠢᠨ ᠢᠡᠵᠧᠨᠧᠷᠢᠩ᠂ ᠡᠬᠦᠯᠡᠨ ᠴᠤᠭᠯᠠᠷᠠᠯ ᠤᠨ ᠬᠦᠴᠤᠨ ᠤ ᠲᠤᠮᠤ ᠳ᠋ᠠᠶᠢᠲᠨ | ᠂ ᠪᠡᠬᠡᠵᠢᠩ ᠲᠢᠶᠠᠡᠵᠢᠨ ᠤ ᠡᠯᠡᠰᠤᠨ ᠤ ᠡᠬᠢ ᠶᠢ ᠵᠠᠰᠠᠬᠤ ᠢᠡᠵᠧᠨᠧᠷᠢᠩ᠂ ᠲᠠᠷᠢᠶᠠᠯᠠᠩ ᠤᠨ ᠶᠠᠷᠤᠩᠬᠡᠶᠢᠯᠡᠭᠰᠡᠨ | ᠨᠡᠬᠡᠬᠡᠯᠳᠡ᠂ ᠨᠠᠶᠢᠬᠡᠮ ᠤᠨ ᠠᠵᠢᠯ ᠦᠢᠯᠡᠰ ᠵᠡᠷᠬᠡ ᠲᠦᠷᠤᠯ ᠵᠥᠢᠯ ᠤᠨ ᠪᠠᠶᠢᠭᠤᠯᠤᠯᠳᠠ ᠶᠢ ᠲᠦᠷᠬᠡᠳᠬᠡᠨ | ᠠᠬᠢᠭᠤᠯᠵᠤ᠂ 331 ᠤᠯᠤᠰ ᠤᠨ ᠲᠡᠰ ᠤᠨ ᠲᠦᠷᠤᠯ ᠵᠥᠢᠯ ᠤᠨ ᠪᠠᠶᠢᠭᠤᠯᠤᠯᠳᠠ ᠶᠢᠨ ᠬᠠᠮᠢᠶ᠎ᠠ ᠪᠦᠬᠦᠢ ᠠᠵᠢᠯ ᠢ | ᠰᠠᠶᠢᠳᠤᠷ ᠵᠤᠬᠢᠴᠠᠭᠤᠯᠤᠨ᠎ᠠ᠃ | ︵ᠭᠤᠷᠪᠡ︶ ᠠᠵᠤ ᠦᠢᠯᠡᠰ ᠤᠨ ᠬᠦᠭᠵᠢᠯᠳᠠ ᠶᠢᠨ ᠵᠢᠯᠤᠭᠤᠳᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ | ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠦᠷᠬᠦᠯᠵᠢᠯᠡᠨ ᠠᠬᠢᠭᠤᠯᠵᠤ᠂ ᠠᠷᠠᠴᠢᠯᠠᠭ᠎ᠠ ᠲᠡᠵᠢᠬᠡᠯᠬᠡ ᠶᠢᠨ | ᠪᠦᠳᠤᠴᠠ ᠶᠢ ᠰᠢᠯᠢᠳᠡᠭᠵᠢᠬᠦᠯᠤᠨ᠂ ᠮᠠᠯ ᠤᠨ ᠡᠬᠦᠯᠳᠡᠷ ᠢ ᠰᠠᠶᠢᠵᠢᠷᠠᠭᠤᠯᠵᠤ᠂ ᠮᠠᠯ ᠤᠨ ᠠᠰᠢᠭ ᠰᠢᠮ᠎ᠠ ᠶᠢᠨ | ᠪᠦᠳᠤᠬᠡᠭᠳᠡᠬᠦᠨ ᠤ ᠨᠠᠷᠡᠳᠤ ᠲᠡᠮᠳᠡᠭ ᠤᠨ ᠪᠠᠶᠢᠭᠤᠯᠤᠯᠳᠠ ᠶᠢ ᠴᠢᠩᠭᠠᠳᠬᠠᠨ᠂ ᠪᠠᠷᠢᠮᠵᠢᠶᠠᠵᠢᠭᠰᠡᠨ᠂ | ᠲᠤᠰᠬᠠᠶᠢᠵᠢᠭᠰᠡᠨ ᠠᠷᠠᠴᠢᠯᠠᠭ᠎ᠠ ᠲᠡᠵᠢᠬᠡᠯᠬᠡ ᠶᠢ ᠢᠳᠡᠪᠬᠢᠳᠡᠢ ᠠᠬᠢᠭᠤᠯᠵᠤ᠂ ᠮᠠᠯ ᠢᠶᠠᠨ ᠵᠤᠬᠢᠰᠳᠡᠢ ᠵᠠᠷᠤᠴᠠᠭᠤᠯᠬᠤ | ᠶᠢ ᠵᠤᠷᠢᠭᠵᠢᠭᠤᠯᠤᠨ᠂ ᠡᠪᠡᠰᠤ ᠪᠤᠷᠳᠤᠭ᠎ᠠ ᠨᠦᠬᠡᠴᠡᠯᠡᠬᠦ ᠠᠵᠢᠯ ᠢ ᠤᠷᠢᠳᠴᠢᠯᠡᠨ ᠰᠠᠶᠢᠳᠤᠷ ᠬᠢᠨ᠎ᠠ᠃ ᠤᠤᠯ ᠤᠨ | ᠪᠠᠶᠢᠭᠰᠡᠨ ᠠᠵᠤ ᠦᠢᠯᠡᠳᠪᠤᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ ᠪᠠ ᠠᠵᠤ ᠦᠢᠯᠡᠰ ᠤᠨ | ᠬᠡᠯᠬᠢᠶᠠᠵᠢᠯ ᠢ ᠤᠷᠳᠤᠳᠬᠠᠬᠤ ᠠᠵᠢᠯ ᠢ ᠰᠠᠶᠢᠳᠤᠷ ᠬᠢᠵᠤ᠂ ᠮᠠᠯ ᠤᠨ ᠠᠰᠢᠭ ᠰᠢᠮ᠎ᠠ ᠶᠢ ᠨᠠᠷᠢᠯᠢᠭ ᠡᠳ᠋ᠰᠢᠬᠦᠯᠬᠦ ᠪᠠ | ᠬᠠᠶᠠᠭᠳᠠᠮᠠᠯ ᠪᠤᠳᠠᠰ ᠢ ᠲᠠᠬᠢᠨ ᠠᠰᠢᠭᠯᠠᠬᠤ ᠠᠵᠢᠯ ᠢ ᠵᠤᠷᠢᠭᠵᠢᠭᠤᠯᠤᠨ ᠲᠠᠮᠵᠢᠵᠤ ᠠᠬᠢᠭᠤᠯᠤᠨ᠂ ᠰᠢᠨ᠎ᠠ ᠡᠨᠧᠷᠬᠢ | ᠶᠢᠨ ᠲᠦᠷᠤᠯ ᠵᠥᠢᠯ ᠤᠨ ᠪᠠᠶᠢᠭᠤᠯᠤᠯᠳᠠ ᠶᠢ ᠲᠦᠷᠬᠡᠳᠬᠡᠵᠤ᠂ ᠡᠨᠧᠷᠬᠢ ᠪᠠᠨ ᠲᠤᠬᠠᠢ ᠶᠢᠨ ᠭᠠᠵᠡᠷ ᠲᠤᠨᠢ | ᠠᠰᠢᠭᠯᠠᠬᠤ ᠨᠤᠷᠮ᠎ᠠ ᠶᠢ ᠲᠡᠬᠡᠭᠰᠢᠯᠡᠬᠦᠯᠬᠦ ᠠᠷᠭ᠎ᠠ ᠬᠡᠮᠵᠢᠶ᠎ᠠ ᠠᠪᠴᠤ᠂ ᠵᠢᠢ ᠳ᠋ᠦᠡᠭ᠂ ᠶᠢᠨ ᠳ᠋ᠢ ᠵᠡᠷᠬᠡ ᠭᠤᠤᠯᠳᠠᠯᠭ᠎ᠠ | ᠲᠠᠢ ᠠᠵᠤ ᠠᠬᠤᠶᠢᠯᠡᠯ ᠤᠨ ᠦᠢᠯᠡᠳᠪᠤᠷᠢᠯᠡᠯ ᠤᠨ ᠴᠢᠳᠠᠪᠬᠢ ᠶᠢ ᠨᠠᠩ ᠰᠠᠶᠢᠨ ᠪᠠᠳᠠᠷᠠᠭᠤᠯᠤᠨ᠎ᠠ᠃ ᠦᠢᠯᠡᠴᠢᠯᠡᠬᠡᠨ ᠤ | ᠦᠢᠯᠡᠰ ᠪᠠ ᠠᠷᠡᠳ ᠤᠨ ᠡᠵᠡᠩᠨᠡᠯᠳᠡ ᠶᠢᠨ ᠠᠵᠤ ᠠᠬᠤᠢ ᠶᠢᠨ ᠬᠦᠭᠵᠢᠯᠳᠠ ᠶᠢ ᠴᠢᠷᠮᠠᠶᠢᠨ ᠠᠬᠢᠭᠤᠯᠵᠤ᠂ ᠠᠵᠤ | ᠠᠬᠤᠢ ᠶᠢᠨ ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠬᠦᠭᠵᠢᠶᠠᠡᠵᠢᠬᠦᠯᠤᠨᠠ᠃ ᠦᠢᠯᠡᠳᠪᠤᠷᠢᠯᠡᠯ ᠤᠨ | ᠴᠢᠨᠠᠷᠳᠡᠢ ᠦᠢᠯᠡᠴᠢᠯᠡᠬᠡᠨ ᠤ ᠦᠢᠯᠡᠰ ᠢ ᠢᠳᠡᠪᠬᠢᠳᠡᠢ ᠬᠦᠭᠵᠢᠬᠦᠯᠤᠨ᠂ ᠮᠠᠯ ᠠᠵᠤ ᠠᠬᠤᠢ ᠶᠢᠨ ᠠᠷᠠᠴᠢᠯᠠᠭ᠎ᠠ | ᠲᠡᠵᠢᠬᠡᠯᠬᠡ ᠶᠢᠨ ᠦᠢᠯᠡᠴᠢᠯᠡᠭᠡ᠂ ᠲᠡᠬᠡᠬᠡᠪᠤᠷᠢ ᠶᠢᠨ ᠬᠦᠢᠯᠬᠡᠬᠡ᠂ ᠵᠠᠭᠤᠴᠢ ᠦᠢᠯᠡᠴᠢᠯᠡᠭᠡ ᠵᠡᠷᠬᠡ ᠠᠵᠤ ᠦᠢᠯᠡᠰ ᠢ | ᠭᠤᠤᠯᠳᠠᠯᠭ᠎ᠠ ᠲᠠᠢ ᠠᠳᠬᠤᠵᠤ᠂ ᠰᠤᠶᠤᠯ ᠵᠤᠭᠠᠴᠠᠯ᠂ ᠡᠷᠡᠬᠦᠯᠵᠢᠯ ᠨᠠᠰᠤᠵᠢᠯ᠂ ᠬᠡᠷ ᠠᠬᠤᠢ ᠶᠢᠨ ᠦᠢᠯᠡᠴᠢᠯᠡᠭᠡ᠂ | ᠡᠯᠧᠺᠲᠷᠤᠨ ᠬᠤᠳᠠᠯᠳᠤᠭ᠎ᠠ ᠵᠡᠷᠬᠡ ᠠᠮᠢᠳᠤᠷᠡᠯ ᠤᠨ ᠦᠢᠯᠡᠴᠢᠯᠡᠬᠡᠨ ᠤ ᠦᠢᠯᠡᠰ ᠢ ᠬᠦᠴᠤᠯᠡᠨ ᠬᠦᠭᠵᠢᠬᠦᠯᠵᠤ᠂ | ᠦᠢᠯᠡᠳᠪᠤᠷᠢᠯᠡᠯ ᠠᠮᠢᠳᠤᠷᠡᠯ ᠤᠨ ᠦᠢᠯᠡᠴᠢᠯᠡᠬᠡᠨ ᠤ ᠪᠠᠳᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ | ᠲᠡᠬᠡᠭᠰᠢᠯᠡᠬᠦᠯᠤᠨ᠎ᠠ᠃ | ︵ᠲᠦᠷᠪᠡ︶ ᠭᠤᠷᠪᠡᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠢᠶᠠᠷ ᠰᠠᠶᠢᠳᠤᠷ ᠪᠠᠶᠠᠯᠠᠬᠦᠯᠤᠨ᠎ᠠ᠃ | ᠬᠦᠡᠳᠤ ᠶᠡᠭᠡ ᠲᠦᠭᠰᠢᠬᠦᠷᠢ ᠶᠢ ᠰᠡᠷᠬᠡᠶᠢᠯᠡᠨ ᠨᠠᠮᠳᠠᠭᠠᠬᠤ ᠲᠠᠯ᠎ᠠ ᠪᠠᠷ᠄ ᠦᠷᠢ ᠦᠭᠴᠡᠭᠡ ᠶᠢ ᠰᠢᠢᠳᠪᠤᠷᠢᠯᠡᠬᠦ ᠠᠵᠢᠯ | ᠢ ᠲᠤᠭᠳᠠᠭᠤᠨ ᠢᠶᠠᠷ ᠠᠬᠢᠭᠤᠯᠵᠤ᠂ ᠪᠦᠬᠦ ᠵᠢᠯ ᠳᠤ 1.79 ᠳ᠋ᠦᠩᠰᠢᠭᠤᠷ ᠲᠦᠬᠦᠷᠢᠭ ᠤᠨ ᠦᠷᠢ ᠶᠢ ᠰᠢᠢᠳᠪᠤᠷᠢᠯᠡᠬᠦ | ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ ᠤ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠠᠷᠡᠳ ᠤᠨ ᠲᠤᠮᠳᠠᠬᠢ ᠦᠡᠳᠤᠷ ᠬᠦᠦ ᠲᠠᠢ ᠵᠢᠬᠡᠯᠡᠯᠬᠡ ᠵᠡᠷᠬᠡ ᠬᠠᠤᠯᠢ ᠵᠦᠷᠢᠴᠡᠭᠰᠡᠨ ᠠᠵᠢᠯᠯᠠᠭ᠎ᠠ | ᠳᠤ ᠴᠢᠩᠭ᠎ᠠ ᠴᠤᠬᠢᠯᠳᠠ ᠦᠭᠴᠤ᠂ ᠠᠷᠡᠳ ᠤᠨ ᠲᠤᠮᠳᠠᠬᠢ ᠵᠢᠬᠡᠯᠡᠯᠬᠡ ᠶᠢ ᠲᠦᠷᠢᠮᠵᠢᠬᠦᠯᠤᠨ᠎ᠠ᠃ ᠠᠶᠤᠯᠬᠦᠢ | ᠦᠢᠯᠡᠳᠪᠤᠷᠢᠯᠡᠯ ᠤᠨ ᠬᠢᠨᠡᠨ ᠬᠠᠮᠢᠶᠠᠷᠤᠯᠳᠠ ᠪᠠᠨ ᠴᠢᠩᠭᠠᠳᠬᠠᠵᠤ᠂ ᠪᠠᠴᠢᠮ ᠠᠷᠭᠠᠴᠠᠭᠠᠬᠤ ᠴᠢᠳᠠᠪᠤᠷᠢ ᠪᠠᠨ | ᠲᠡᠬᠡᠭᠰᠢᠯᠡᠬᠦᠯᠤᠨ᠎ᠠ᠃ ᠵᠠᠬ᠎ᠠ ᠲᠡᠯᠬᠡᠬᠦᠷ ᠤᠨ ᠬᠢᠨᠡᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠳᠬᠠᠨ᠂ ᠢᠳᠡᠬᠡᠨ | ᠡᠮ ᠤᠨ ᠵᠥᠢᠯᠡᠰ ᠤᠨ ᠠᠮᠤᠷ ᠲᠦᠪᠰᠢᠨ ᠢ ᠪᠠᠳᠤᠯᠠᠵᠤ ᠵᠠᠬ᠎ᠠ ᠲᠡᠯᠬᠡᠬᠦᠷ ᠤᠨ ᠡᠮᠬᠢ ᠲᠢᠭᠯᠢᠮ ᠤᠨ ᠬᠡᠪ ᠤᠨ | ᠡᠷᠬᠢᠯᠳᠡ ᠶᠢ ᠬᠠᠮᠠᠭᠠᠯᠠᠨ᠎ᠠ᠃ | ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠬᠦ ᠲᠠᠯ᠎ᠠ ᠪᠠᠷ᠄ ᠨᠠᠷᠢᠯᠢᠭ ᠤᠨᠤᠪᠴᠢᠳᠡᠢ ᠶᠠᠳᠠᠭᠤ ᠶᠢ ᠲᠡᠳᠬᠦᠬᠦ ᠦᠷ᠎ᠠ | ᠪᠦᠳᠤᠮᠵᠢ ᠶᠢ ᠦᠷᠬᠦᠯᠵᠢᠯᠡᠨ ᠪᠠᠳᠤᠳᠬᠠᠵᠤ᠂ ᠶᠠᠳᠠᠭᠤ ᠬᠦᠴᠢᠷᠳᠡᠯᠳᠡᠢ ᠭᠠᠴᠠᠭᠠᠨ ᠤ ᠬᠠᠮᠳᠤ ᠶᠢᠨ ᠠᠵᠤ ᠠᠬᠤᠢ ᠶᠢ | ᠬᠦᠭᠵᠢᠬᠦᠯᠤᠨ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠭᠵᠢᠯᠳᠠ ᠶᠢ ᠠᠬᠢᠭᠤᠯᠵᠤ᠂ ᠤᠰᠤᠨ ᠰᠤᠷᠪᠤᠯᠵᠢ | ᠶᠢᠨ ᠬᠤᠳᠳᠤᠭ᠂ ᠤᠰᠤ ᠬᠠᠳᠠᠭᠠᠯᠠᠬᠤ ᠵᠤᠭᠤᠷᠢ᠂ ᠲᠤᠯᠠᠭᠠᠨ ᠫᠸᠡᠭ᠂ ᠲᠤᠤᠷ ᠬᠦᠷᠢᠶ᠎ᠠ ᠵᠡᠷᠬᠡ ᠡᠷᠤᠬᠡ ᠳᠤ ᠬᠦᠷᠬᠦ | ᠲᠦᠷᠤᠯ ᠵᠥᠢᠯ ᠤᠨ ᠬᠡᠷᠡᠭᠵᠢᠬᠦᠯᠤᠯᠳᠠ ᠶᠢ ᠠᠬᠢᠭᠤᠯᠵᠤ᠂ ᠲᠦᠷᠤ ᠶᠢᠨ ᠪᠤᠳᠤᠯᠭ᠎ᠠ ᠶᠢ ᠲᠤᠤᠱᠳᠡᠢ | ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠬᠢᠨ᠎ᠠ᠃ ᠤᠶᠤᠨ ᠰᠠᠨᠠᠭᠠᠨ ᠤ ᠵᠢᠯᠤᠭᠤᠳᠤᠯᠭ᠎ᠠ ᠶᠢ ᠰᠠᠶᠢᠳᠤᠷ | ᠦᠷᠨᠢᠬᠦᠯᠤᠨ᠂ ᠶᠠᠳᠠᠭᠤ ᠬᠦᠴᠢᠷᠳᠡᠯᠳᠡᠢ ᠡᠷᠤᠬᠡ ᠶᠢᠨ ᠦᠪᠡᠷ ᠤᠨ ᠬᠦᠴᠤ ᠪᠠᠷ ᠢᠶᠠᠨ ᠲᠡᠭᠵᠢᠷᠡᠬᠦ ᠴᠢᠳᠠᠪᠤᠷᠢ ᠶᠢ | ᠲᠡᠬᠡᠭᠰᠢᠯᠡᠬᠦᠯᠤᠨ᠎ᠠ᠃ | ᠪᠤᠬᠢᠷᠳᠤᠯ ᠢ ᠰᠡᠷᠬᠡᠶᠢᠯᠡᠨ ᠵᠠᠰᠠᠬᠤ ᠲᠠᠯ᠎ᠠ ᠪᠠᠷ᠄ ᠪᠤᠬᠢᠷᠳᠤᠯ ᠦᠬᠡᠢ ᠬᠦᠭᠵᠢᠯᠳᠠ ᠶᠢ ᠢᠳᠡᠪᠬᠢᠳᠡᠢ ᠠᠬᠢᠭᠤᠯᠤᠨ᠂ | ᠭᠤᠤᠯ ᠴᠤᠭᠴᠠ ᠶᠢᠨ ᠴᠢᠳᠠᠪᠬᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠬᠦᠯᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠤ ᠤᠷᠤᠨ ᠤ ᠠᠵᠤ ᠦᠢᠯᠡᠰ ᠢ | ᠴᠡᠭᠴᠡᠯᠡᠬᠦ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠶᠢᠨ ᠬᠠᠮᠳᠤ ᠴᠢᠳᠠᠪᠬᠢᠳᠤ ᠤᠷᠤᠨ ᠤ | ᠬᠢᠨᠡᠨ ᠰᠢᠯᠭᠠᠯᠳᠠ ᠶᠢᠨ ᠠᠵᠢᠯ ᠢ ᠰᠠᠶᠢᠳᠤᠷ ᠪᠠᠶᠠᠯᠠᠬᠦᠯᠤᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ | ᠱᠤᠭᠤᠮ ᠢ ᠰᠠᠬᠢᠬᠤ᠂ ᠬᠤᠳᠠ ᠪᠠᠯᠭᠠᠰᠤᠨ ᠤ ᠨᠡᠬᠡᠬᠡᠯᠳᠡ ᠶᠢᠨ ᠬᠤᠷᠢᠭ᠎ᠠ ᠴᠠᠬᠡᠷ ᠢ ᠲᠤᠭᠳᠠᠭᠠᠬᠤ ᠠᠵᠢᠯ ᠢ | ᠢᠳᠡᠪᠬᠢᠳᠡᠢ ᠠᠬᠢᠭᠤᠯᠤᠨ᠎ᠠ᠃ ᠮᠠᠯ ᠪᠠᠯᠴᠢᠬᠡᠷ ᠤᠨ ᠲᠡᠩᠴᠡᠬᠦᠷᠢᠰᠢᠯ ᠢ ᠪᠠᠳᠤᠯᠠᠬᠤ ᠪᠠ ︽ᠭᠤᠷᠪᠡᠨ ᠮᠠᠯᠵᠢᠯ︾ ᠤᠨ | ᠲᠦᠷᠢᠮ ᠢ ᠴᠢᠩᠭ᠎ᠠ ᠬᠡᠷᠡᠭᠵᠢᠬᠦᠯᠵᠤ᠂ ᠮᠠᠯ ᠪᠠᠯᠴᠢᠬᠡᠷ ᠤᠨ ᠲᠠᠩᠴᠠᠬᠦᠷᠢᠰᠢᠯ ᠢ ᠰᠢᠡᠵᠢᠯᠡᠬᠦ ᠤᠬᠠᠭᠠᠡᠴᠢ ᠪᠠᠷ | ᠠᠬᠢᠭᠤᠯᠤᠨ᠎ᠠ᠃ ᠭᠤᠤᠯᠳᠠᠯᠭ᠎ᠠ ᠲᠠᠢ ᠠᠮᠢ ᠠᠬᠤᠢ ᠶᠢᠨ ᠪᠠᠶᠢᠭᠤᠯᠤᠯᠳᠠ ᠶᠢᠨ ᠢᠡᠵᠧᠨᠧᠷᠢᠩ ᠢ ᠦᠷᠬᠦᠯᠵᠢᠯᠡᠨ | ᠠᠬᠢᠭᠤᠯᠵᠤ᠂ ᠡᠯᠡᠰᠤᠨ ᠤ ᠡᠬᠢ ᠶᠢᠨ ᠵᠠᠰᠠᠯᠳᠠ᠂ ᠤᠷᠴᠢᠨ ᠲᠤᠭᠤᠷᠢᠨ ᠤ ᠵᠠᠰᠠᠨ ᠴᠡᠭᠴᠡᠯᠡᠯᠳᠡ᠂ ᠤᠰᠤᠨ | ᠰᠤᠷᠪᠤᠯᠵᠢ ᠶᠢᠨ ᠭᠠᠵᠡᠷ ᠤᠨ ᠬᠠᠮᠠᠭᠠᠯᠠᠯᠳᠠ᠂ ᠪᠤᠬᠢᠷ ᠤᠰᠤ ᠬᠤᠭ ᠨᠤᠪᠰᠢ ᠰᠢᠢᠳᠪᠤᠷᠢᠯᠡᠬᠦ ᠴᠢᠳᠠᠪᠬᠢ ᠶᠢᠨ | ᠲᠡᠬᠡᠭᠰᠢᠯᠡᠯᠳᠡ ᠵᠡᠷᠬᠡ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ ᠡᠨᠧᠷᠬᠢ ᠠᠷᠪᠢᠯᠠᠵᠤ᠂ ᠤᠷᠴᠢᠨ | ᠲᠤᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠨ᠂ ᠤᠷᠴᠢᠨ ᠲᠤᠭᠤᠷᠢᠨ ᠤ ᠪᠤᠬᠢᠷᠳᠤᠯ ᠤᠨ ᠡᠬᠢ ᠡᠬᠦᠰᠤᠯ | ᠤᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠡᠬᠢ ᠪᠠᠶᠠᠯᠢᠭ ᠤᠨ ᠬᠤᠷᠤᠭᠳᠠᠯ ᠪᠠ ᠪᠤᠬᠢᠷ ᠪᠤᠳᠠᠰ | ᠭᠠᠳᠠᠭᠰᠢᠯᠠᠭᠤᠯᠬᠤ ᠡᠬᠢ ᠡᠬᠦᠰᠤᠯ ᠢ ᠰᠠᠶᠢᠳᠤᠷ ᠡᠵᠡᠮᠳᠠᠨᠠ᠃ | ︵ᠲᠠᠪᠤ︶ ᠦᠬᠡᠷᠡᠴᠢᠯᠡᠯᠳᠡ ᠨᠡᠬᠡᠬᠡᠯᠳᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ | ᠲᠦᠪ᠂ ᠦᠪᠡᠷᠳᠡᠬᠡᠨ ᠵᠠᠰᠠᠬᠤ ᠤᠷᠤᠨ ᠪᠠ ᠰᠢᠯᠢ ᠶᠢᠨ ᠭᠤᠤᠯ ᠠᠶᠢᠮᠠᠭ ᠤᠨ ᠲᠤᠭᠳᠠᠭᠠᠭᠰᠡᠨ ᠦᠬᠡᠷᠡᠴᠢᠯᠡᠯᠳᠡ | ᠶᠢᠨ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠠ ᠲᠦᠷᠤᠯ ᠤᠨ ᠦᠬᠡᠷᠡᠴᠢᠯᠡᠯᠳᠡ | ᠶᠢᠨ ᠠᠵᠢᠯ ᠢ ᠪᠦᠬᠦ ᠲᠠᠯ᠎ᠠ ᠪᠠᠷ ᠬᠦᠡᠵᠡᠬᠡᠶᠢᠷᠡᠬᠦᠯᠵᠤ᠂ ᠬᠠᠮᠢᠶ᠎ᠠ ᠪᠦᠬᠦᠢ ᠦᠬᠡᠷᠡᠴᠢᠯᠡᠯᠳᠡ ᠶᠢᠨ ᠡᠬᠦᠷᠬᠡ ᠶᠢ | ᠴᠢᠷᠮᠠᠶᠢᠨ ᠪᠠᠶᠠᠯᠠᠬᠦᠯᠵᠤ᠂ ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ᠂ ᠦᠢᠯᠡᠴᠢᠯᠡᠭᠡ ᠶᠢ ᠰᠢᠯᠢᠳᠡᠭᠵᠢᠬᠦᠯᠬᠦ ᠶᠢ | ᠤᠯᠠᠮ ᠴᠢᠨᠠᠭᠰᠢᠳᠠ ᠠᠬᠢᠭᠤᠯᠵᠤ᠂ ᠵᠠᠰᠠᠭᠯᠠᠬᠤ ᠴᠢᠳᠠᠪᠤᠷᠢ ᠪᠠ ᠨᠠᠶᠢᠬᠡᠮ ᠤᠨ ᠬᠠᠮᠢᠶᠠᠷᠤᠯᠳᠠ ᠶᠢᠨ ᠬᠢᠷᠢ ᠲᠦᠪᠰᠢᠨ | ᠢ ᠲᠡᠬᠡᠭᠰᠢᠯᠡᠬᠦᠯᠤᠨ᠂ ᠠᠷᠠᠯᠵᠢᠶᠠᠨ ᠤ ᠤᠷᠴᠢᠨ ᠢ ᠰᠠᠶᠢᠵᠢᠷᠠᠭᠤᠯᠵᠤ᠂ ᠠᠵᠤ ᠠᠬᠤᠢ ᠨᠠᠶᠢᠬᠡᠮ ᠤᠨ ᠬᠦᠭᠵᠢᠯᠳᠠ ᠶᠢᠨ | ᠠᠮᠢᠵᠢᠷᠠᠯ ᠤᠨ ᠬᠦᠴᠤᠨ ᠢ ᠬᠦᠭᠵᠢᠶᠠᠡᠵᠢᠬᠦᠯᠤᠨᠠ᠃ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ | ᠴᠡᠭ ᠤᠨ ᠠᠵᠢᠯ ᠢ ᠢᠳᠡᠪᠬᠢᠳᠡᠢ ᠠᠬᠢᠭᠤᠯᠵᠤ᠂ ᠨᠠᠷᠠᠡᠪᠤᠯᠠᠭ ᠬᠢᠯᠢ ᠶᠢᠨ ᠠᠷᠡᠳ ᠤᠨ ᠨᠠᠪᠳᠠᠷᠠᠬᠦ ᠵᠠᠮ ᠤᠨ | ᠦᠷᠬᠦᠯᠵᠢᠯᠡᠨ ᠠᠬᠢᠭᠤᠯᠤᠨ᠎ᠠ᠃ ᠭᠠᠳᠠᠭᠠᠳᠤ ᠬᠠᠷᠢᠯᠴᠠᠭ᠎ᠠ ᠰᠤᠯᠢᠯᠴᠠᠭᠠᠨ ᠤ ᠡᠷᠴᠢᠮ ᠢᠶᠠᠨ ᠴᠢᠩᠭᠠᠳᠬᠠᠵᠤ᠂ | ᠲᠠᠷᠢᠬᠦᠨ ᠤ ᠭᠠᠵᠡᠷ ᠤᠷᠤᠨ ᠤ ᠬᠦᠭᠵᠢᠯᠳᠠ ᠶᠢᠨ ᠲᠤᠷᠰᠢᠯᠭ᠎ᠠ ᠶᠢ ᠢᠳᠡᠪᠬᠢᠳᠡᠢ ᠰᠤᠷᠤᠯᠴᠠᠨ ᠰᠢᠩᠬᠡᠬᠡᠵᠤ᠂ | ᠴᠢᠳᠠᠪᠤᠷᠢᠳᠠᠨ ᠢ ᠶᠡᠬᠡᠪᠡᠷ ᠤᠷᠢᠨ ᠤᠷᠤᠭᠤᠯᠬᠤ ᠪᠠ ᠬᠦᠮᠤᠵᠢᠬᠦᠯᠤᠨ᠂ ᠬᠦᠭᠵᠢᠯᠳᠠ ᠶᠢᠨ ᠦᠢᠯᠠᠭᠠᠭᠳᠠᠬᠤᠨ ᠢᠶᠠᠨ | ᠬᠤᠪᠢᠷᠠᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠢ ᠰᠠᠶᠢᠳᠤᠷ ᠠᠳᠬᠤᠵᠤ᠂ ᠮᠠᠯ ᠤᠨ ᠠᠰᠢᠭ | ᠰᠢᠮ᠎ᠠ ᠶᠢᠨ ᠪᠦᠳᠤᠬᠡᠭᠳᠡᠬᠦᠨ ᠤ ᠨᠠᠷᠢᠯᠢᠭ ᠡᠳ᠋ᠰᠢᠬᠦᠯᠤᠯᠳᠠ᠂ ᠬᠠᠶᠠᠭᠳᠠᠮᠠᠯ ᠪᠤᠳᠠᠰ ᠤᠨ ᠲᠡᠬᠢᠨ ᠠᠰᠢᠭᠯᠠᠯᠳᠠ᠂ | ᠰᠢᠨ᠎ᠠ ᠡᠨᠧᠷᠬᠢ ᠶᠢᠨ ᠠᠵᠤ ᠦᠢᠯᠡᠰ ᠤᠨ ᠬᠡᠯᠬᠢᠶᠠᠵᠢᠯ ᠤᠨ ᠲᠦᠷᠤᠯ ᠵᠥᠢᠯ ᠢ ᠤᠷᠢᠨ ᠤᠷᠤᠭᠤᠯᠬᠤ ᠠᠵᠢᠯ ᠢ | ᠭᠤᠤᠯᠳᠠᠯᠭ᠎ᠠ ᠲᠠᠢ ᠰᠠᠶᠢᠳᠤᠷ ᠠᠳᠬᠤᠨ᠎ᠠ᠃ | ︵ᠵᠢᠷᠭᠤᠭ᠎ᠠ︶ ᠠᠷᠡᠳ ᠤᠨ ᠠᠮᠢᠳᠤᠷᠡᠯ ᠢ ᠪᠦᠬᠦ ᠬᠦᠴᠤᠨ ᠢᠶᠠᠷ ᠪᠠᠳᠤᠯᠠᠨ ᠰᠠᠶᠢᠵᠢᠷᠠᠭᠤᠯᠤᠨ᠎ᠠ᠃ | ᠨᠠᠶᠢᠬᠡᠮ ᠤᠨ ᠪᠠᠳᠤᠯᠠᠭ᠎ᠠ ᠪᠠ ᠨᠠᠶᠢᠬᠡᠮ ᠤᠨ ᠠᠪᠤᠷᠠᠨ ᠲᠤᠰᠠᠯᠠᠯᠳᠠ ᠶᠢᠨ ᠠᠵᠢᠯ ᠢ ᠦᠷᠬᠦᠯᠵᠢᠯᠡᠨ ᠰᠠᠶᠢᠳᠤᠷ | ᠪᠠᠶᠠᠯᠠᠬᠦᠯᠤᠨ᠎ᠠ᠃ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ ᠠᠰᠠᠷ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠦᠪ᠂ ᠴᠤᠭᠤᠷ ᠲᠠᠭᠤᠨ ᠤ ᠤᠯᠠᠮᠵᠢᠯᠠᠨ ᠵᠠᠯᠭᠠᠮᠵᠢᠯᠠᠬᠤ ᠭᠠᠵᠡᠷ᠂ ᠵᠡᠮᠳᠡᠭᠴᠤᠳ | ᠤᠨ ᠶᠠᠷᠤᠩᠬᠡᠶᠢᠯᠡᠭᠰᠡᠨ ᠠᠰᠠᠷᠠᠨ ᠬᠠᠷᠠᠭᠠᠯᠵᠠᠬᠤ ᠲᠦᠪ᠂ ᠤᠷᠤᠰᠢᠭᠤᠯᠭ᠎ᠠ ᠶᠢᠨ ᠭᠠᠵᠡᠷ ᠵᠡᠷᠬᠡ ᠶᠢᠨ ᠢᠡᠵᠧᠨᠧᠷᠢᠩ ᠢ | ᠡᠷᠳᠡᠬᠡᠨ ᠲᠠᠭᠤᠰᠬᠠᠬᠤ ᠪᠠᠷ ᠴᠢᠷᠮᠠᠶᠢᠨ᠂ ᠬᠢᠵᠠᠭᠠᠷ ᠢ ᠬᠦᠭᠵᠢᠬᠦᠯᠵᠤ ᠠᠷᠡᠳ ᠢᠶᠠᠨ ᠪᠠᠶᠠᠵᠢᠭᠤᠯᠬᠤ ᠢᠡᠵᠧᠨᠧᠷᠢᠩ | ᠤᠨ ᠬᠡᠷᠡᠭᠵᠢᠬᠦᠯᠤᠯᠳᠠ ᠶᠢ ᠲᠦᠷᠬᠡᠳᠬᠡᠨ ᠠᠬᠢᠭᠤᠯᠤᠨ᠎ᠠ᠃ ︽ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ︾ | ᠡᠷᠴᠢᠮ ᠢᠶᠠᠨ ᠴᠢᠩᠭᠠᠷᠠᠭᠤᠯᠤᠨ᠂ ᠨᠠᠶᠢᠬᠡᠮ ᠤᠨ ᠵᠦᠷᠢᠴᠡᠯ ᠢ ᠬᠦᠡᠵᠡᠬᠡᠢ ᠪᠠᠶᠢᠴᠠᠭᠠᠨ ᠰᠢᠢᠳᠪᠤᠷᠢᠯᠡᠵᠤ᠂ ᠶᠠᠷᠢᠶ᠎ᠠ | ᠬᠡᠯᠡᠯᠴᠡᠬᠡᠨ ᠤ ᠵᠢᠯᠤᠭᠤᠳᠤᠯᠭ᠎ᠠ ᠶᠢᠨ ᠠᠵᠢᠯ ᠢ ᠰᠠᠶᠢᠳᠤᠷ ᠬᠢᠵᠤ᠂ ᠨᠠᠶᠢᠬᠡᠮ ᠤᠨ ᠲᠤᠭᠳᠠᠭᠤᠨ᠂ ᠡᠶ᠎ᠡ ᠵᠤᠬᠢᠴᠠᠯ ᠢ | ᠴᠢᠷᠮᠠᠶᠢᠨ ᠬᠠᠮᠠᠭᠠᠯᠠᠨ᠎ᠠ᠃ | | | | | ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠬᠡᠷ | | 2019 ᠤᠨ ᠤ 11 ᠰᠠᠷ᠎ᠠ ᠶᠢᠨ 1 ᠤ ᠡᠳᠤᠷ ᠲᠠᠷᠤᠮᠠᠯᠯᠠᠨ ᠲᠠᠷᠬᠠᠭᠠᠪᠠ | |