ᠦᠪᠤᠷ ᠵᠠᠰᠠᠭ ᠦᠰᠦᠭ ﹇2019﹈ 64 ᠳ᠋ᠤᠭᠡᠷ ᠲᠤᠭᠠᠳᠤ | | ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠣᠳᠣᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠲᠦᠰᠤᠪ︾ | ᠤᠨ | ᠲᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠤᠷᠳᠤᠨ ᠤ ᠴᠤᠬᠤᠯᠠᠪᠤᠷᠢ | ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠤ ᠵᠠᠬᠢᠷᠭ᠎ᠠ ᠳᠤ᠄ | ᠲᠠᠨ ᠤ ᠠᠶᠢᠮᠠᠭ ᠤᠨ ︽︿ᠠᠪᠠᠭ᠎ᠠ ᠬᠤᠰᠢᠭᠤᠨ ᠤ ᠮᠠᠯᠵᠢᠬᠤ ᠤᠷᠤᠨ ᠤ ᠣᠳᠣᠬᠢᠴᠢᠯᠠᠯᠳᠠ ᠶᠢᠨ ᠲᠤᠷᠰᠢᠯᠳᠠ ᠶᠢᠨ | ᠴᠡᠭ ᠤᠨ ᠲᠦᠰᠤᠪ﹀ ᠤᠨ ᠲᠤᠬᠠᠢ ᠵᠢᠭᠠᠪᠤᠷᠢ ᠠᠪᠬᠤ ᠮᠡᠳᠡᠬᠦᠯᠤᠯᠳᠠ︾ ︵ᠰᠢᠯᠢ᠂ ᠵᠠᠬᠢᠷᠭ᠎ᠠ ᠲᠠᠷᠬᠠᠭᠠᠭᠰᠡᠨ ﹇ | 2019﹈ 93 ᠳ᠋ᠣᠭᠠᠷ ᠲᠤᠭᠠᠳᠤ︶ ᠶᠢ ᠬᠤᠷᠢᠶᠠᠨ ᠠᠪᠤᠪᠠ᠃ ᠦᠪᠡᠷᠳᠡᠬᠡᠨ ᠵᠠᠰᠠᠬᠤ ᠤᠷᠤᠨ ᠤ ᠠᠷᠡᠳ ᠤᠨ | ᠵᠠᠰᠠᠭ ᠤᠨ ᠤᠷᠳᠤᠨ ᠤ 2019 ᠤᠨ ᠤ 15 ᠳ᠋ᠤᠭᠠᠷ ᠤᠳᠠᠭᠠᠨ ᠤ ᠪᠠᠶᠢᠩᠭᠤ ᠶᠢᠨ ᠬᠤᠷᠡᠯ ᠤᠨ ᠵᠤᠷᠢᠭ ᠰᠠᠨᠠᠭ᠎ᠠ | ᠶᠢ ᠦᠡᠳᠤᠰᠤᠯᠡᠨ ᠤᠳᠤ ᠲᠤᠤᠷᠡᠬᠢ ᠮᠠᠳᠤ ᠴᠤᠬᠤᠯᠠᠪᠤᠷᠢᠯᠠᠶ᠎ᠠ᠄ | ᠨᠢᠬᠡ᠂ ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠣᠳᠣᠬᠢᠴᠢᠯᠠᠯᠳᠠ ᠶᠢᠨ ᠲᠤᠷᠰᠢᠯᠳᠠ ᠶᠢᠨ ᠴᠡᠭ ᠤᠨ | ᠲᠦᠰᠤᠪ︾ ︵ᠲᠤᠪᠴᠢᠯᠠᠭᠠᠳ ︽ᠲᠤᠷᠰᠢᠯᠳᠠ ᠶᠢᠨ ᠴᠡᠭ ᠤᠨ ᠲᠦᠰᠤᠪ︾︶ ᠢ ᠵᠠᠷᠴᠢᠮ ᠶᠤᠰᠤᠭᠠᠷ | ᠵᠦᠪᠰᠢᠶᠠᠷᠡᠪᠡ᠃ ᠨᠠᠷᠢᠨ ᠨᠢᠮᠪᠠᠢ ᠵᠤᠬᠢᠶᠠᠨ ᠪᠠᠶᠢᠭᠤᠯᠵᠤ ᠬᠡᠷᠡᠭᠵᠢᠬᠦᠯᠤᠬᠡᠷᠡᠢ᠃ | ᠬᠤᠶᠡᠷ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠪᠦᠳᠤᠬᠡᠨ ᠪᠠᠶᠢᠭᠤᠯᠤᠯᠳᠠ ᠨᠢ | ᠡᠷᠬᠡᠪᠰᠢ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠪᠦᠬᠦᠢ ᠨᠠᠶᠢᠬᠡᠮ ᠵᠢᠷᠤᠮ | ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠡᠭ ᠶᠠᠷᠤᠩᠬᠡᠢ ᠱᠦᠵᠢ ᠶᠢᠨ ︽ᠭᠤᠷᠪᠡᠨ | ᠲᠠᠷᠢᠶᠠᠯᠠᠬᠤ︾ ᠶᠢᠨ ᠠᠵᠢᠯ ᠤᠨ ᠲᠤᠬᠠᠢ ᠴᠢᠬᠤᠯᠠ ᠦᠬᠦᠯᠡᠯᠳᠡ᠂ ᠦᠪᠤᠷ ᠮᠤᠩᠭᠤᠯ ᠤᠨ ᠠᠵᠢᠯ ᠤᠨ ᠰᠢᠷᠢᠰ | ᠴᠢᠬᠤᠯᠠ ᠶᠠᠷᠢᠶ᠎ᠠ᠂ ᠤᠡᠴᠠᠭᠠᠶᠢᠯᠠᠨ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠤᠷᠤᠨ ᠤ ᠠᠵᠢᠯ ᠤᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ | ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠠᠢ | ᠰᠢᠢᠳᠪᠤᠷᠢ ᠪᠠᠶᠢᠷᠢᠯᠠᠭᠤᠯᠤᠯᠳᠠ ᠶᠢ ᠬᠦᠡᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ | ᠬᠠᠮᠠᠭᠠᠯᠠᠵᠣ᠂ ᠪᠤᠬᠢᠷᠳᠤᠯ ᠦᠬᠡᠢ ᠬᠦᠭᠵᠢᠯᠳᠠ ᠪᠠᠷ ᠵᠢᠯᠤᠭᠤᠳᠤᠮᠵᠢ ᠪᠤᠯᠭᠠᠭᠰᠡᠨ ᠴᠢᠨᠠᠷ ᠰᠠᠶᠢᠳᠡᠢ ᠬᠦᠭᠵᠢᠯᠳᠠ ᠶᠢᠨ | ᠰᠢᠨ᠎ᠠ ᠵᠠᠮ ᠢ ᠢᠳᠡᠪᠬᠢᠳᠡᠢ ᠬᠠᠶᠢᠨ ᠰᠦᠪᠡᠭᠴᠢᠯᠡᠵᠤ᠂ ᠪᠦᠬᠦ ᠤᠷᠤᠨ ᠤ ᠮᠠᠯᠵᠢᠬᠤ ᠤᠷᠤᠨ ᠤ ᠤᠳᠤᠬᠢᠴᠢᠯᠠᠯᠳᠠ | ᠶᠢᠨ ᠪᠦᠳᠤᠬᠡᠨ ᠪᠠᠶᠢᠭᠤᠯᠤᠯᠳᠠ ᠳᠤ ᠲᠤᠷᠰᠢᠯᠭ᠎ᠠ ᠬᠤᠷᠠᠮᠳᠤᠭᠤᠯᠵᠤ᠂ ᠦᠯᠢᠬᠡᠷ ᠵᠢᠱᠢᠶ᠎ᠠ ᠦᠵᠡᠬᠦᠯᠬᠦ ᠬᠡᠷᠡᠭᠳᠡᠢ᠃ | ᠭᠤᠷᠪᠡ᠂ ᠲᠠᠨ ᠤ ᠠᠶᠢᠮᠠᠭ ᠠᠪᠠᠭ᠎ᠠ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ | ᠶᠢᠨ ᠴᠡᠭ ᠤᠨ ᠠᠵᠢᠯ ᠢ ᠵᠤᠬᠢᠶᠠᠨ ᠪᠠᠶᠢᠭᠤᠯᠵᠤ ᠤᠳᠤᠷᠢᠳᠤᠨ᠂ ᠠᠵᠢᠯ ᠤᠨ ᠵᠤᠬᠢᠴᠠᠮᠵᠢ ᠶᠢ ᠪᠠᠶᠢᠭᠤᠯᠤᠨ | ᠪᠦᠷᠢᠡᠰᠢᠬᠦᠯᠵᠤ᠂ ᠢᠵᠢ ᠪᠦᠷᠢᠨ ᠠᠷᠭ᠎ᠠ ᠬᠡᠮᠵᠢᠶ᠎ᠠ ᠶᠢ ᠰᠤᠳᠤᠯᠤᠨ ᠲᠤᠭᠳᠠᠭᠠᠵᠤ᠂ ᠬᠠᠮᠢᠶ᠎ᠠ ᠪᠦᠬᠦᠢ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠤᠷᠰᠢᠯᠳᠠ ᠶᠢᠨ ᠴᠡᠭ ᠤᠨ ᠠᠵᠢᠯ ᠤᠨ ᠢᠯᠭᠤᠮ ᠤᠷᠤᠭᠰᠢᠳᠡᠢ | ᠶᠠᠪᠤᠭᠳᠠᠬᠤ ᠶᠢ ᠠᠬᠢᠭᠤᠯᠬᠤ ᠬᠡᠷᠡᠭᠳᠡᠢ᠃ | ᠲᠦᠷᠪᠡ᠂ ᠠᠪᠠᠭ᠎ᠠ ᠬᠤᠰᠢᠭᠤ ᠪᠤᠯ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ | ᠪᠦᠳᠤᠬᠡᠨ ᠪᠠᠶᠢᠭᠤᠯᠤᠯᠳᠠ ᠶᠢ ᠬᠡᠷᠡᠭᠵᠢᠬᠦᠯᠬᠦ ᠭᠤᠤᠯ ᠴᠤᠭᠴᠠ᠂ ᠨᠠᠮ ᠵᠠᠰᠠᠭ ᠤᠨ ᠭᠤᠤᠯ ᠤᠳᠤᠷᠢᠳᠤᠯᠭ᠎ᠠ ᠪᠤᠯ | ᠨᠢᠬᠡᠳᠤᠬᠡᠷ ᠬᠠᠷᠢᠭᠤᠴᠠᠯᠭᠠᠳᠠᠨ ᠪᠤᠯᠬᠤᠷ ᠡᠷᠬᠡᠪᠰᠢ ︽ᠲᠤᠷᠰᠢᠯᠳᠠ ᠶᠢᠨ ᠴᠡᠭ ᠶᠢᠨ ᠲᠦᠰᠤᠪ︾ ᠤᠨ ᠬᠠᠷᠠᠯᠳᠠ | ᠡᠬᠦᠷᠬᠡ ᠪᠠᠨ ᠤᠯᠠᠮ ᠨᠢᠬᠡ ᠠᠯᠬᠤᠮ ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠲᠦᠷᠤᠯ ᠪᠦᠷᠢ ᠶᠢᠨ ᠠᠵᠢᠯ ᠤᠨ | ᠬᠠᠷᠢᠭᠤᠴᠠᠯᠭᠠᠳᠠᠨ ᠪᠠ ᠪᠤᠳᠠᠳᠡᠢ ᠬᠠᠷᠢᠭᠤᠴᠠᠬᠤ ᠬᠦᠮᠤᠨ ᠢ ᠲᠤᠳᠤᠷᠬᠠᠶᠢᠯᠠᠵᠤ᠂ ᠴᠠᠭ ᠤᠨ ᠬᠦᠰᠤᠨᠦᠭᠳᠤ᠂ ᠵᠢᠷᠤᠭ | ᠲᠦᠰᠦᠪ ᠲᠤᠭᠳᠠᠭᠠᠵᠤ᠂ ︽ᠲᠤᠷᠰᠢᠯᠳᠠ ᠶᠢᠨ ᠴᠡᠭ ᠤᠨ ᠲᠦᠰᠤᠪ︾ ᠤᠨ ᠡᠯ᠎ᠠ ᠲᠦᠷᠤᠯ ᠤᠨ ᠬᠠᠷᠠᠯᠳᠠ ᠡᠬᠦᠷᠬᠡ | ᠪᠠᠨ ᠲᠤᠭᠳᠠᠭᠰᠡᠨ ᠬᠤᠭᠤᠴᠠᠭᠠᠨ ᠳᠤ ᠪᠠᠶᠠᠯᠠᠬᠦᠯᠬᠦ ᠶᠢ ᠪᠠᠳᠤᠯᠠᠬᠤ ᠬᠡᠷᠡᠭᠳᠡᠢ᠃ | ᠲᠠᠪᠤ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠬᠡᠴᠠ ᠲᠤᠰ ᠲᠤᠰ | ᠤᠨ ᠡᠬᠦᠷᠬᠡ ᠬᠠᠷᠢᠭᠤᠴᠠᠯᠭ᠎ᠠ ᠠᠴᠠ ᠡᠬᠦᠰᠤᠨ᠂ ᠲᠤᠷᠰᠢᠯᠳᠠ ᠶᠢᠨ ᠴᠡᠭ ᠤᠨ ᠠᠵᠢᠯ ᠢ ᠵᠤᠬᠢᠴᠠᠭᠤᠯᠤᠨ | ᠵᠢᠯᠤᠭᠤᠳᠬᠤ ᠪᠠᠨ ᠴᠢᠩᠭᠠᠳᠬᠠᠵᠤ᠂ ᠪᠤᠳᠡᠳᠡᠢ ᠲᠦᠷᠤ ᠶᠢᠨ ᠪᠤᠳᠤᠯᠭ᠎ᠠ ᠬᠡᠷᠡᠭᠵᠢᠬᠦᠯᠬᠦ᠂ ᠪᠠᠯᠠ ᠮᠦᠩᠬᠦᠨ ᠤ | ᠲᠣᠬᠢᠷᠠᠭᠤᠯᠭ᠎ᠠ᠂ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ᠂ ᠴᠢᠳᠠᠪᠤᠷᠢᠳᠠᠨ ᠤ ᠲᠠᠮᠵᠢᠯᠬᠡ᠂ ᠮᠠᠷᠬᠡᠵᠢᠯ ᠤᠨ | ᠦᠢᠯᠡᠴᠢᠯᠡᠭᠡ᠂ ᠰᠢᠨ᠎ᠠ ᠶᠢ ᠡᠬᠦᠳᠬᠦ ᠵᠡᠷᠬᠡ ᠲᠠᠯ᠎ᠠ ᠪᠠᠷ ᠲᠠᠮᠵᠢᠯᠬᠡ ᠦᠵᠡᠬᠦᠯᠵᠤ᠂ ︽ᠲᠤᠷᠰᠢᠯᠳᠠ ᠶᠢᠨ ᠴᠡᠭ ᠤᠨ | ᠲᠦᠰᠤᠪ︾ ᠬᠡᠷᠡᠭᠵᠢᠬᠦᠯᠬᠦ ᠶᠠᠪᠤᠴᠠ ᠳᠤ ᠲᠤᠯᠭᠠᠷᠠᠭᠰᠡᠨ ᠬᠦᠴᠢᠷᠳᠡᠯ ᠪᠠ ᠠᠰᠠᠭᠤᠳᠠᠯ ᠢ ᠬᠠᠮᠵᠢᠨ ᠰᠢᠢᠳᠪᠤᠷᠢᠯᠡᠵᠤ᠂ | ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠬᠦ ᠳᠤ ᠣᠬᠢ ᠰᠠᠶᠢᠨ ᠲᠦᠷᠤ ᠶᠢᠨ ᠪᠤᠳᠤᠯᠭ᠎ᠠ ᠶᠢᠨ ᠤᠷᠴᠢᠨ ᠢ | ᠪᠤᠢ ᠪᠤᠯᠭᠠᠬᠤ ᠬᠡᠷᠡᠭᠳᠡᠢ᠃ | ᠵᠢᠷᠭᠤᠭ᠎ᠠ᠂ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠠᠴᠠ ᠲᠤᠷᠰᠢᠯᠳᠠ | ᠶᠢᠨ ᠴᠡᠭ ᠤᠨ ᠪᠦᠳᠤᠬᠡᠨ ᠪᠠᠶᠢᠭᠤᠯᠤᠯᠳᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠮᠳᠤᠷᠠᠭᠰᠡᠨ | ᠬᠤᠷᠠᠯᠳᠤᠭᠠᠨ ᠤ ᠲᠦᠷᠢᠮ ᠢ ᠪᠠᠶᠢᠭᠤᠯᠵᠤ᠂ ᠶᠠᠷᠤᠩᠬᠡᠢ ᠴᠤᠭᠴᠠ ᠶᠢᠨ ᠠᠵᠢᠯ ᠢ ᠪᠠᠶᠢᠴᠠᠭᠠᠨ ᠵᠤᠬᠢᠴᠠᠭᠤᠯᠬᠤ ᠶᠢ | ᠰᠠᠶᠢᠳᠤᠷ ᠠᠳᠬᠤᠵᠤ᠂ ᠵᠠᠩᠬᠢᠯᠠᠭ᠎ᠠ ᠶᠢᠨ ᠪᠠ ᠬᠦᠴᠢᠷᠳᠡᠯ ᠲᠠᠢ ᠠᠰᠠᠭᠤᠳᠠᠯ ᠢ ᠵᠤᠬᠢᠴᠠᠭᠤᠯᠤᠨ ᠰᠢᠢᠳᠪᠤᠷᠢᠯᠡᠬᠦ | ᠬᠡᠷᠡᠭᠳᠡᠢ᠃ ︽ᠲᠤᠷᠰᠢᠯᠳᠠ ᠶᠢᠨ ᠴᠡᠭ ᠤᠨ ᠲᠦᠰᠤᠪ︾ ᠬᠡᠷᠡᠭᠵᠢᠬᠦᠯᠵᠦ ᠪᠠᠶᠢᠭ᠎ᠠ ᠪᠠᠶᠢᠳᠠᠯ ᠢ ᠮᠦᠷᠳᠡᠨ ᠰᠤᠳᠤᠯᠠᠬᠤ | ᠶᠢ ᠴᠢᠩᠭᠠᠳᠬᠠᠵᠤ᠂ ︽ᠲᠤᠷᠰᠢᠯᠳᠠ ᠶᠢᠨ ᠴᠡᠭ ᠤᠨ ᠲᠦᠰᠤᠪ︾ ᠬᠡᠷᠡᠭᠵᠢᠬᠦᠯᠦᠭᠰᠡᠨ ᠪᠠᠶᠢᠳᠠᠯ ᠳᠤ ᠬᠢᠨᠡᠨ | ᠦᠨᠡᠯᠡᠯᠳᠡ ᠬᠢᠬᠦ ᠶᠢᠨ ᠬᠠᠮᠳᠤ ᠬᠢᠨᠡᠨ ᠦᠨᠡᠯᠡᠭᠰᠡᠨ ᠦᠷ᠎ᠠ ᠳ᠋ᠦᠡᠭ ᠵᠢᠴᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠪᠠᠨ | ᠴᠠᠭ ᠲᠤᠬᠠᠢ ᠳᠤᠨᠢ ᠰᠢᠯᠢ ᠶᠢᠨ ᠭᠤᠤᠯ ᠠᠶᠢᠮᠠᠭ ᠤᠨ ᠵᠠᠰᠠᠭ ᠵᠠᠬᠢᠷᠭᠠᠨ ᠤ ᠵᠠᠬᠢᠷᠭ᠎ᠠ ᠪᠠ ᠠᠪᠠᠭ᠎ᠠ ᠬᠤᠰᠢᠭᠤᠨ ᠤ | ᠠᠷᠡᠳ ᠤᠨ ᠵᠠᠰᠠᠭ ᠤᠨ ᠤᠷᠳᠤᠨ ᠳᠤ ᠮᠠᠳᠡᠬᠦᠯᠬᠦ ᠬᠡᠷᠡᠭᠳᠡᠢ᠃ ᠡᠬᠦᠨ ᠤ ᠬᠠᠮᠳᠤ ᠪᠠᠶᠢᠴᠠᠭᠠᠨ ᠵᠤᠬᠢᠴᠠᠭᠤᠯᠤᠭᠰᠡᠨ | ᠪᠠᠶᠢᠳᠠᠯ᠂ ᠬᠢᠨᠡᠨ ᠦᠨᠡᠯᠡᠭᠰᠡᠨ ᠦᠷ᠎ᠠ ᠳ᠋ᠦᠡᠭ ᠵᠢᠴᠢ ᠪᠠᠶᠢᠴᠠᠭᠠᠨ ᠢᠯᠡᠷᠡᠬᠦᠯᠦᠭᠰᠡᠨ ᠬᠦᠡᠳᠤ ᠴᠢᠬᠤᠯᠠ ᠠᠰᠠᠭᠤᠳᠠᠯ ᠢ | ᠴᠠᠭ ᠲᠤᠬᠠᠢ ᠳᠤᠨᠢ ᠦᠪᠡᠷᠳᠡᠬᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠤᠷᠳᠤᠨ ᠳᠤ ᠮᠡᠳᠡᠬᠦᠯᠬᠦ ᠬᠡᠷᠡᠭᠳᠡᠢ᠃ | | ᠡᠬᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃ | ᠲᠠᠭᠠᠯᠳᠤᠭᠤᠯᠤᠯ᠄ ᠠᠪᠠᠭ᠎ᠠ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ | ᠤᠨ ᠲᠦᠰᠤᠪ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ | ᠤᠨ ᠵᠠᠰᠠᠭ ᠤᠨ ᠤᠷᠳᠤᠨ | 2019 ᠤᠨ ᠤ 9 ᠰᠠᠷ᠎ᠠ ᠶᠢᠨ 3 ᠤ ᠡᠳᠤᠷ | ᠲᠠᠭᠠᠯᠳᠤᠭᠤᠯᠤᠯ᠄ | ᠠᠪᠠᠭ᠎ᠠ ᠬᠤᠰᠢᠭᠤᠨ ᠤ ᠮᠠᠯᠵᠢᠬᠤ ᠤᠷᠤᠨ ᠤ ᠣᠳᠣᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠲᠦᠰᠤᠪ | | ᠠᠪᠠᠭ᠎ᠠ ᠬᠤᠰᠢᠭᠤ ᠪᠡᠯᠬᠦᠳᠡᠢ ᠪᠠᠯᠭᠠᠰᠤ᠂ ᠴᠠᠭᠠᠡᠨᠠᠭᠤᠷ ᠪᠠᠯᠭᠠᠰᠤ ᠪᠠ ᠬᠤᠩᠭᠤᠷᠭᠤᠤᠯ ᠪᠠᠯᠭᠠᠰᠤᠨ ᠤ 15 ᠭᠠᠴᠠᠭ᠎ᠠ | ︵ᠪᠠᠯᠭᠠᠰᠤ ᠪᠦᠷᠢ 5 ᠭᠠᠴᠠᠭ᠎ᠠ︶ ᠶᠢ ᠦᠪᠡᠷᠳᠡᠬᠡᠨ ᠵᠠᠰᠠᠬᠤ ᠤᠷᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢ | ᠠᠬᠢᠭᠤᠯᠬᠤ ᠶᠢ ᠤᠷᠢᠳᠴᠢᠯᠡᠨ ᠬᠡᠷᠡᠭᠵᠢᠬᠦᠯᠬᠦ ᠲᠤᠷᠰᠢᠯᠳᠠ ᠶᠢᠨ ᠴᠡᠭ ᠪᠠᠷ ᠲᠤᠭᠳᠠᠭᠠᠭᠰᠡᠨ ᠪᠠᠶᠢᠨ᠎ᠠ᠃ ᠲᠤᠷᠰᠢᠯᠳᠠ | ᠶᠢᠨ ᠴᠡᠭ ᠤᠨ ᠪᠦᠳᠤᠬᠡᠨ ᠪᠠᠶᠢᠭᠤᠯᠤᠯᠳᠠ ᠶᠢ ᠡᠮᠬᠢ ᠲᠠᠷᠠᠭ᠎ᠠ ᠲᠠᠢ ᠲᠦᠯᠬᠢᠨ ᠠᠬᠢᠭᠤᠯᠵᠤ᠂ ᠮᠠᠯᠴᠢᠳ ᠢ | ᠲᠠᠶᠢᠴᠢᠯᠠᠨ᠂ ᠠᠮᠢ ᠠᠬᠤᠢ ᠶᠢ ᠬᠠᠮᠠᠭᠠᠯᠠᠵᠣ᠂ ᠪᠤᠬᠢᠷᠳᠤᠯ ᠦᠬᠡᠢ ᠬᠦᠭᠵᠢᠯᠳᠠ ᠪᠠᠷ ᠵᠢᠯᠤᠭᠤᠳᠤᠮᠵᠢ ᠪᠤᠯᠭᠠᠭᠰᠡᠨ | ᠴᠢᠨᠠᠷ ᠰᠠᠶᠢᠳᠡᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠶᠢ ᠪᠠᠳᠤᠯᠠᠬᠤ ᠶᠢᠨ ᠲᠣᠰᠠᠳᠠ᠂ ᠣᠨᠴᠠᠭᠠᠶᠢᠯᠠᠨ ᠲᠤᠰ | ᠲᠦᠰᠤᠪ ᠢ ᠲᠤᠭᠳᠠᠭᠠᠭᠰᠡᠨ ᠪᠠᠶᠢᠨ᠎ᠠ᠃ | ᠨᠢᠬᠡ᠂ ᠶᠠᠷᠤᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ | ︽ᠠᠵᠤ ᠦᠢᠯᠡᠰ ᠬᠦᠭᠵᠢᠭᠰᠡᠨ᠂ ᠠᠮᠢ ᠠᠬᠤᠢ᠂ ᠭᠠᠴᠠᠭ᠎ᠠ ᠲᠤᠰᠬᠤᠨ ᠪᠤᠯᠪᠠᠰᠤᠨ᠂ ᠵᠠᠰᠠᠯᠳᠠ ᠨᠢ ᠪᠦᠳᠤᠮᠵᠢᠳᠡᠢ᠂ | ᠠᠮᠢᠳᠤᠷᠡᠯ ᠴᠢᠨᠠᠬᠡᠯᠢᠭ︾ ᠪᠠᠶᠢᠬᠤ ᠶᠠᠷᠤᠩᠬᠡᠢ ᠱᠠᠭᠠᠷᠳᠠᠯᠭ᠎ᠠ ᠶᠢ ᠦᠡᠳᠤᠰᠤᠯᠡᠨ᠂ ᠮᠠᠯ ᠠᠵᠤ ᠠᠬᠤᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠡᠢ ᠦᠬᠡᠷᠡᠴᠢᠯᠡᠯᠳᠠ ᠶᠢ ᠬᠦᠡᠵᠡᠬᠡᠢ ᠠᠬᠢᠭᠤᠯᠵᠤ᠂ ᠬᠤᠳᠠ | ᠬᠦᠳᠡᠭᠡ ᠶᠢ ᠠᠭᠤᠰᠣᠯᠴᠠᠭᠤᠯᠣᠨ ᠬᠦᠭᠵᠢᠬᠦᠯᠬᠦ ᠪᠠᠶᠢᠭᠤᠯᠤᠮᠵᠢ ᠵᠤᠬᠢᠴᠠᠮᠵᠢ ᠪᠠ ᠲᠦᠷᠤ ᠶᠢᠨ ᠪᠤᠳᠤᠯᠭ᠎ᠠ ᠶᠢᠨ | ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ ᠮᠠᠯᠵᠢᠬᠤ ᠤᠷᠤᠨ ᠤ ᠬᠦᠭᠵᠢᠯᠳᠡ ᠶᠢᠨ ᠪᠤᠳᠠᠳᠤ ᠪᠠᠶᠢᠳᠠᠯ ᠳᠤ | ᠵᠣᠬᠢᠴᠠᠭᠰᠠᠨ᠂ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠪᠣᠯᠭᠠᠭᠰᠠᠨ᠂ ᠪᠤᠬᠢᠷᠳᠤᠯ ᠦᠬᠡᠢ ᠬᠦᠭᠵᠢᠯᠳᠠ ᠪᠠᠷ | ᠵᠢᠯᠤᠭᠤᠳᠤᠮᠵᠢ ᠪᠤᠯᠭᠠᠭᠰᠡᠨ ᠮᠠᠯᠵᠢᠬᠤ ᠤᠷᠤᠨ ᠤ ᠴᠢᠨᠠᠷ ᠰᠠᠶᠢᠳᠡᠢ ᠬᠦᠭᠵᠢᠯᠳᠠ ᠶᠢᠨ ᠰᠢᠨ᠎ᠠ ᠵᠠᠮ ᠢ ᠢᠳᠡᠪᠬᠢᠳᠡᠢ | ᠬᠠᠶᠢᠨ ᠰᠦᠪᠡᠭᠴᠢᠯᠡᠵᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠳᠤ ᠲᠤᠷᠰᠢᠯᠭ᠎ᠠ | ᠬᠤᠷᠠᠮᠳᠤᠭᠤᠯᠵᠤ᠂ ᠦᠯᠢᠭᠡᠷ ᠵᠢᠱᠢᠶ᠎ᠠ ᠬᠠᠩᠭᠠᠨ᠎ᠠ᠃ | ︵ᠬᠤᠶᠡᠷ︶ ᠦᠡᠳᠤᠰᠤᠨ ᠵᠠᠷᠴᠢᠮ᠃ ᠠᠮᠢ ᠠᠬᠤᠢ ᠶᠢ ᠬᠠᠮᠠᠭᠠᠯᠠᠬᠤ ᠪᠠᠷ ᠤᠷᠢᠳᠠᠯ ᠪᠤᠯᠭᠠᠬᠤ ᠶᠢ ᠪᠠᠷᠢᠮᠳᠠᠯᠠᠵᠤ᠂ | ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠪᠠᠯᠴᠢᠬᠡᠷ ᠤᠨ ᠬᠡᠮᠵᠢᠶ᠎ᠠ | ᠪᠠᠷ ᠮᠠᠯ ᠤᠨ ᠲᠤᠭ᠎ᠠ ᠶᠢ ᠲᠣᠭᠳᠠᠭᠠᠨ᠂ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠬᠤ ᠶᠢ ᠪᠠᠷᠢᠮᠳᠠᠯᠠᠵᠤ᠂ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠮᠤᠨ | ᠪᠠᠶᠢᠭᠠᠯᠢ ᠶᠢᠨ ᠡᠶ᠎ᠡ ᠵᠤᠬᠢᠴᠠᠯᠳᠤ ᠬᠠᠮᠳᠤ ᠪᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠨ᠎ᠠ᠃ | ᠲᠦᠯᠤᠪᠵᠢᠬᠦᠯᠬᠡ ᠶᠢ ᠰᠠᠶᠢᠳᠤᠷ ᠬᠢᠬᠦ ᠶᠢ ᠪᠠᠷᠢᠮᠳᠠᠯᠠᠨ᠎ᠠ᠃ ᠤᠬᠢ ᠰᠠᠶᠢᠨ ᠵᠢᠷᠤᠭ ᠲᠦᠯᠤᠪᠯᠡᠭᠡ ᠲᠣᠭᠳᠠᠭᠠᠵᠣ᠂ | ᠲᠦᠷᠤ ᠶᠢᠨ ᠪᠤᠳᠤᠯᠭ᠎ᠠ ᠶᠢᠨ ᠪᠠᠳᠤᠯᠠᠭ᠎ᠠ ᠶᠢ ᠴᠢᠩᠭᠠᠳᠬᠠᠨ᠂ ᠠᠵᠢᠯ ᠤᠨ ᠭᠤᠤᠯᠳᠠᠯᠭ᠎ᠠ ᠶᠢ ᠲᠣᠪᠣᠶᠢᠯᠭᠠᠵᠣ᠂ | ᠭᠠᠵᠡᠷ ᠤᠷᠤᠨ ᠤ ᠤᠡᠴᠠᠯᠢᠭ ᠢ ᠬᠠᠷᠠᠭᠤᠯᠵᠣ᠂ ᠮᠠᠯᠵᠢᠬᠤ ᠤᠷᠤᠨ ᠢ ᠬᠦᠭᠵᠢᠬᠦᠯᠤᠨ ᠮᠠᠡᠳᠤᠭᠤᠯᠬᠤ | ᠲᠦᠯᠤᠪᠵᠢᠬᠦᠯᠬᠡ᠂ ᠰᠢᠨ᠎ᠠ ᠬᠡᠯᠪᠡᠷᠢ ᠶᠢᠨ ᠬᠤᠳᠠ ᠪᠠᠯᠭᠠᠰᠤᠯᠵᠢᠯᠳᠠ ᠶᠢᠨ ᠪᠦᠳᠤᠬᠡᠨ ᠪᠠᠶᠢᠭᠤᠯᠤᠯᠳᠠ ᠲᠠᠢ | ᠪᠦᠳᠤᠮᠵᠢᠳᠡᠢ ᠵᠤᠯᠭᠠᠴᠠᠭᠤᠯᠬᠤ ᠶᠢ ᠴᠢᠬᠤᠯᠠᠴᠢᠯᠠᠨ᠎ᠠ᠃ | ᠦᠬᠡᠷᠡᠴᠢᠯᠡᠯᠳᠡ ᠬᠢᠵᠤ ᠰᠢᠨ᠎ᠠ ᠶᠢ ᠡᠬᠦᠳᠬᠦ ᠪᠠᠷ ᠬᠦᠳᠡᠯᠬᠡᠭᠴᠢ ᠬᠦᠴᠤᠨ ᠪᠤᠯᠭᠠᠬᠤ ᠶᠢ ᠪᠠᠷᠢᠮᠳᠠᠯᠠᠨ᠎ᠠ᠃ | ᠪᠠᠶᠢᠭᠤᠯᠤᠮᠵᠢ ᠵᠤᠬᠢᠴᠠᠮᠵᠢ ᠶᠢᠨ ᠦᠬᠡᠷᠡᠴᠢᠯᠡᠯᠳᠡ ᠪᠠ ᠰᠢᠡᠵᠢᠯᠡᠭᠡ ᠮᠠᠷᠬᠡᠵᠢᠯ ᠢᠶᠠᠷ ᠰᠢᠨ᠎ᠠ ᠶᠢ ᠡᠬᠦᠳᠬᠦ ᠪᠠᠷ | ᠬᠦᠳᠡᠯᠬᠡᠭᠴᠢ ᠬᠦᠴᠤᠨ ᠪᠤᠯᠭᠠᠵᠤ᠂ ᠨᠣᠳᠤᠭ ᠪᠠᠯᠴᠢᠬᠡᠷ ᠤᠨ ᠭᠤᠷᠪᠡᠨ ᠡᠷᠬᠡ ᠶᠢᠨ ᠬᠤᠪᠢᠶᠠᠷᠢᠯᠠᠯᠳᠠ᠂ ᠬᠠᠮᠳᠣ ᠶᠢᠨ | ᠦᠮᠴᠢᠯᠡᠯ ᠤᠨ ᠡᠷᠬᠡ ᠶᠢᠨ ᠲᠦᠷᠢᠮ᠂ ᠴᠢᠳᠠᠪᠤᠷᠢᠳᠠᠨ ᠢ ᠬᠦᠭᠵᠢᠬᠦᠯᠬᠦ ᠵᠤᠬᠢᠴᠠᠮᠵᠢ ᠵᠠᠷᠬᠡ ᠮᠠᠯᠵᠢᠬᠤ ᠤᠷᠤᠨ ᠤ | ᠶᠠᠷᠤᠩᠬᠡᠶᠢᠯᠡᠭᠰᠡᠨ ᠦᠭᠡᠷᠡᠴᠢᠯᠡᠯᠳᠡ ᠶᠢ ᠦᠷᠬᠦᠯᠵᠢᠯᠡᠨ ᠬᠦᠡᠵᠡᠬᠡᠶᠢᠷᠡᠬᠦᠯᠵᠤ᠂ ᠰᠢᠡᠵᠢᠯᠡᠭᠡ ᠮᠠᠷᠬᠡᠵᠢᠯ ᠢᠶᠠᠷ | ᠲᠤᠯᠭᠠᠭᠤᠷᠢᠯᠠᠬᠤ ᠶᠢ ᠴᠢᠩᠭᠠᠳᠬᠠᠵᠤ᠂ ᠰᠢᠡᠵᠢᠯᠡᠭᠡ ᠮᠠᠷᠬᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ᠂ ᠴᠢᠨᠠᠷ | ᠴᠢᠡᠰᠠᠭ᠎ᠠ ᠪᠠᠷ ᠮᠠᠯ ᠠᠵᠤ ᠠᠬᠤᠢ ᠶᠢ ᠬᠦᠭᠵᠢᠬᠦᠯᠬᠦ᠂ ᠨᠠᠷᠡᠳᠤ ᠲᠡᠮᠳᠡᠭ ᠢᠶᠠᠷ ᠮᠠᠯ ᠠᠵᠤ ᠠᠬᠤᠢ ᠶᠢ | ᠬᠦᠴᠤᠷᠬᠡᠭᠵᠢᠬᠦᠯᠬᠦ ᠶᠢ ᠪᠠᠶᠠᠯᠠᠬᠦᠯᠤᠨ᠎ᠠ᠃ | ᠮᠠᠯᠴᠢᠳ ᠤᠨ ᠭᠤᠤᠯ ᠴᠤᠭᠴᠠ ᠶᠢᠨ ᠪᠠᠶᠢᠷᠢ ᠰᠠᠭᠤᠷᠢ ᠶᠢ ᠪᠠᠷᠢᠮᠳᠠᠯᠠᠨ᠎ᠠ᠃ ᠮᠠᠯᠴᠢᠳ ᠤᠨ ᠬᠦᠰᠠᠯ ᠱᠠᠭᠠᠷᠳᠠᠯᠭ᠎ᠠ | ᠶᠢ ᠬᠦᠢᠴᠡᠳ ᠬᠦᠡᠳᠤᠳᠬᠡᠵᠤ᠂ ᠮᠠᠯᠴᠢᠳ ᠤᠨ ᠲᠤᠷᠰᠢᠯᠳᠠ ᠶᠢᠨ ᠴᠡᠭ ᠤᠨ ᠪᠦᠳᠤᠬᠡᠨ ᠪᠠᠶᠢᠭᠤᠯᠤᠯᠳᠠ ᠳᠤ | ᠤᠷᠤᠯᠴᠠᠬᠤ ᠢᠳᠡᠪᠬᠢᠳᠤ ᠴᠢᠨᠠᠷ᠂ ᠬᠦᠳᠡᠯᠤᠩᠬᠦᠢ ᠴᠢᠨᠠᠷ ᠪᠠ ᠪᠦᠳᠤᠬᠡᠯᠴᠢ ᠴᠢᠨᠠᠷ ᠢ ᠬᠦᠢᠴᠡᠳ ᠲᠠᠶᠢᠴᠢᠯᠠᠵᠤ᠂ | ᠨᠢᠬᠡ ᠡᠷᠤᠬᠡ ᠳᠤ ᠨᠢᠬᠡ ᠠᠷᠭ᠎ᠠ ᠪᠤᠳᠤᠯᠭ᠎ᠠ ᠬᠡᠷᠡᠭᠵᠢᠬᠦᠯᠵᠤ᠂ ᠦᠪᠡᠷᠮᠢᠴᠡ ᠣᠨᠴᠠᠯᠢᠭ ᠲᠠᠢ ᠬᠦᠭᠵᠢᠯᠳᠡ ᠶᠢ | ᠠᠬᠢᠭᠤᠯᠣᠨ᠎ᠠ᠃ | ︵ᠭᠤᠷᠪᠡ︶ ᠭᠤᠤᠯ ᠪᠤᠯᠬᠤ ᠬᠠᠷᠠᠯᠳᠠ ᠃ 2021 ᠤᠨ ᠳᠤ ᠲᠤᠤᠷᠡᠬᠢ ᠬᠠᠷᠠᠯᠳᠠ ᠶᠢ ᠪᠠᠶᠠᠯᠠᠬᠦᠯᠬᠦ ᠪᠠᠷ | ᠬᠦᠴᠤᠯᠠᠨ ᠴᠢᠷᠮᠠᠶᠢᠨ᠎ᠠ᠃ | ᠠᠮᠢ ᠠᠬᠤᠢ ᠰᠠᠶᠢᠵᠢᠷᠠᠭᠰᠠᠨ᠃ ᠡᠯ᠎ᠠ ᠲᠦᠷᠤᠯ ᠤᠨ ᠠᠮᠢ ᠠᠬᠤᠢ ᠶᠢᠨ ᠵᠠᠰᠠᠯᠳᠠ ᠶᠢᠨ ᠢᠡᠵᠧᠨᠧᠷᠢᠩ ᠪᠠᠷ ᠲᠠᠮᠵᠢᠨ | ᠂ ᠲᠠᠯ᠎ᠠ ᠨᠤᠳᠤᠭ ᠤᠨ ᠠᠮᠢ ᠠᠬᠤᠢ ᠶᠢᠨ ᠬᠢᠨᠡᠨ ᠬᠠᠮᠢᠶᠠᠷᠤᠯᠳᠠ ᠶᠢ ᠴᠢᠩᠭᠠᠳᠬᠠᠵᠤ᠂ ᠲᠠᠯ᠎ᠠ ᠨᠤᠳᠤᠭ ᠤᠨ ᠠᠮᠢ | ᠠᠬᠤᠢ ᠤᠷᠴᠢᠨ ᠲᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠦᠢᠯᠡᠳᠪᠤᠷᠢᠯᠡᠯ | ᠠᠮᠢᠳᠤᠷᠡᠯ ᠤᠨ ᠬᠤᠭ ᠨᠤᠪᠰᠢ ᠶᠢ ᠬᠤᠷᠢᠶᠠᠨ ᠵᠦᠬᠡᠬᠡᠪᠤᠷᠢᠯᠡᠬᠦ ᠲᠤᠭᠳᠠᠯᠴᠠᠭ᠎ᠠ ᠶᠢ ᠦᠡᠳᠤᠰᠤᠨ ᠳᠡᠭᠡᠨ ᠪᠡᠶᠡᠯᠡᠬᠦᠯᠵᠦ | ᠂ ᠲᠤᠷᠰᠢᠯᠳᠠ ᠶᠢᠨ ᠴᠡᠭ ᠤᠨ ᠭᠠᠴᠠᠭ᠎ᠠ ᠶᠢᠨ ᠠᠮᠢᠳᠤᠷᠡᠯ ᠤᠨ ᠬᠤᠭ ᠨᠤᠪᠰᠢ ᠶᠢ ᠬᠤᠷᠢᠶᠠᠨ ᠰᠢᠢᠳᠪᠤᠷᠢᠯᠡᠭᠰᠡᠨ | ᠨᠤᠷᠮ᠎ᠠ ᠪᠠ ᠮᠠᠯᠵᠢᠬᠤ ᠡᠷᠤᠬᠡ ᠶᠢᠨ ᠡᠷᠡᠬᠦᠯ ᠬᠠᠮᠠᠭᠠᠯᠠᠯ ᠤᠨ ᠵᠤᠷᠯᠤᠩ ᠤᠨ ᠲᠦᠬᠡᠬᠡᠮᠡᠯᠵᠢᠯᠳᠠ ᠶᠢᠨ ᠨᠤᠷᠮ᠎ᠠ ᠶᠢ | ᠲᠤᠰ ᠲᠤᠰ 85% ᠠᠴᠠ ᠲᠡᠬᠡᠭᠰᠢ ᠳᠤ ᠬᠦᠷᠬᠡᠵᠤ᠂ ᠠᠮᠢ ᠠᠬᠤᠢ ᠰᠠᠶᠢᠵᠢᠷᠠᠭᠰᠠᠨ ᠰᠠᠶᠢᠨ ᠰᠠᠶᠢᠬᠠᠨ ᠪᠠᠶᠢᠳᠠᠯ ᠢ | ᠠᠩᠬ᠎ᠠ ᠠᠯᠬᠤᠮ ᠪᠦᠷᠢᠯᠳᠤᠬᠦᠯᠤᠨ᠎ᠠ᠃ | ᠠᠵᠤ ᠦᠢᠯᠡᠰ ᠬᠦᠭᠵᠢᠭᠰᠡᠨ᠃ ᠮᠠᠯ ᠰᠦᠷᠦᠭ ᠪᠠ ᠮᠠᠯ ᠤᠨ ᠪᠦᠳᠤᠴᠠ ᠶᠢᠨ ᠲᠤᠬᠢᠷᠠᠭᠤᠯᠤᠯᠳᠠ ᠶᠢᠨ ᠲᠠᠯ᠎ᠠ ᠪᠠᠷ | ᠢᠳᠡᠪᠬᠢᠳᠡᠢ ᠦᠷ᠎ᠠ ᠪᠦᠳᠤᠮᠵᠢ ᠣᠯᠬᠤ ᠶᠢ ᠪᠠᠳᠣᠯᠠᠨ᠎ᠠ᠃ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ | ᠶᠢ ᠨᠠᠶᠢᠳᠠᠮ ᠳᠤᠨᠢ ᠲᠦᠷᠢᠮᠵᠢᠬᠦᠯᠤᠨ ᠲᠡᠭᠡᠭᠰᠢᠯᠡᠬᠦᠯᠵᠦ᠂ ᠮᠠᠯᠴᠢᠳ ᠪᠠ ᠠᠵᠤ ᠠᠬᠤᠶᠢᠯᠡᠯ ᠤᠨ ᠠᠰᠢᠭ ᠲᠤᠰᠠ ᠶᠢᠨ | ᠨᠢᠭᠳᠠ ᠬᠤᠯᠪᠤᠭᠠᠯᠠᠭᠰᠡᠨ ᠵᠤᠬᠢᠴᠠᠮᠵᠢ ᠶᠢᠨ ᠪᠦᠷᠬᠦᠴᠠ ᠶᠢᠨ ᠨᠤᠷᠮ᠎ᠠ ᠶᠢ 80% ᠠᠴᠠ ᠲᠡᠭᠡᠭᠰᠢ ᠳᠤ ᠬᠦᠷᠬᠡᠨ᠎ᠠ︔ | ᠲᠤᠯᠤᠭᠠᠶᠢᠯᠠᠭᠴᠢ ᠠᠵᠤ ᠠᠬᠤᠶᠢᠯᠡᠯ ᠢ ᠲᠡᠰ ᠲᠠᠪᠰᠢᠬᠦᠯᠤᠨ ᠦᠬᠡᠷᠡᠴᠢᠯᠡᠨ ᠪᠠᠶᠢᠭᠤᠯᠬᠤ᠂ ᠨᠠᠷᠢᠯᠢᠭ ᠡᠳ᠋ᠰᠢᠬᠦᠯᠬᠦ | ᠲᠠᠯ᠎ᠠ ᠪᠠᠷ ᠰᠢᠨ᠎ᠠ ᠠᠬᠢᠯᠳᠠ ᠲᠠᠢ ᠪᠤᠯᠭᠠᠨ᠎ᠠ᠃ ᠡᠯᠧᠺᠲᠷᠤᠨ ᠠᠷᠠᠯᠵᠢᠶ᠎ᠠ᠂ ᠪᠤᠳᠠᠰ ᠤᠨ ᠬᠦᠢᠯᠬᠡᠬᠡᠨ ᠤ ᠦᠢᠯᠡᠰ ᠤᠨ | ᠬᠦᠭᠵᠢᠯᠳᠠ ᠶᠢ ᠠᠬᠢᠭᠤᠯᠵᠤ᠂ ᠵᠤᠭᠠᠴᠠᠯ ᠤᠨ ᠤᠷᠤᠯᠭ᠎ᠠ ᠪᠠ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ | ᠰᠦᠯᠵᠢᠶᠠᠨ ᠳᠠᠬᠢ ᠵᠢᠵᠢᠭᠯᠡᠨ ᠪᠤᠷᠤᠯᠠᠭᠤᠯᠭ᠎ᠠ ᠶᠢᠨ ᠬᠡᠮᠵᠢᠶ᠎ᠠ ᠶᠢ ᠢᠯᠡᠳᠳᠠ ᠨᠡᠮᠡᠭᠳᠡᠬᠦᠯᠤᠨ᠎ᠠ︔ ᠮᠠᠯ ᠠᠵᠤ ᠠᠬᠤᠢ | ᠶᠢᠨ ᠨᠠᠶᠢᠬᠡᠮᠴᠢᠯᠡᠭᠰᠡᠨ ᠦᠢᠯᠡᠴᠢᠯᠡᠭᠡ ᠶᠢ ᠦᠡᠳᠤᠰᠤᠨ ᠳᠡᠭᠡᠨ ᠲᠦᠬᠡᠬᠡᠮᠡᠯᠵᠢᠬᠦᠯᠵᠤ᠂ ᠮᠠᠯ ᠠᠵᠤ ᠠᠬᠤᠢ ᠶᠢᠨ | ᠰᠠᠭᠤᠷᠢ ᠲᠦᠬᠦᠬᠡᠷᠤᠮᠵᠢ ᠶᠢ ᠢᠯᠡᠳᠳᠡ ᠰᠠᠶᠢᠵᠢᠷᠠᠭᠤᠯᠤᠨ᠎ᠠ᠃ | ᠬᠦᠳᠡᠭᠡ ᠲᠤᠰᠬᠤᠨ ᠪᠤᠯᠪᠠᠰᠤᠨ᠃ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ | ᠲᠠᠰᠤᠷᠠᠯᠳᠠ ᠦᠬᠡᠢ ᠴᠢᠩᠭᠠᠳᠬᠠᠵᠤ᠂ ᠪᠠᠯᠭᠠᠰᠤ᠂ ᠭᠠᠴᠠᠭᠠᠨ ᠤ ︽ᠰᠣᠷᠣᠯᠴᠠᠯᠠᠭᠠ ᠲᠠᠶᠢᠯᠣᠮᠵᠢ︾ ᠶᠢ | ᠪᠠᠶᠢᠩᠭᠤᠵᠢᠭᠤᠯᠣᠨᠠ᠃ ᠰᠤᠮᠤ ᠪᠠᠯᠭᠠᠰᠤ ᠪᠤᠯᠭᠠᠨ ᠳᠤ ᠨᠢᠬᠡ ᠠᠵᠢᠯ ᠤᠨ ᠴᠢᠯᠤᠬᠡᠨ ᠤ ᠤᠯᠠᠭᠠᠡᠮᠦ᠋ᠴᠢᠷ ᠤᠨ ᠡᠩᠨᠡᠭᠡ | ᠶᠢ ᠪᠠᠶᠢᠭᠤᠯᠵᠣ᠂ 3 ᠲᠤᠷᠰᠢᠯᠳᠠ ᠶᠢᠨ ᠴᠡᠭ ᠤᠨ ᠪᠠᠯᠭᠠᠰᠤ ᠳᠤ 1 ᠤᠯᠤᠰ ᠤᠨ ᠲᠡᠰ ᠂ ᠦᠪᠡᠷᠳᠡᠬᠡᠨ ᠵᠠᠰᠠᠬᠤ | ᠤᠷᠤᠨ ᠤ ᠲᠠᠰ ᠪᠠ 1 ᠠᠶᠢᠮᠠᠭ ᠤᠨ ᠲᠠᠰ ᠤᠨ ᠰᠢᠶᠠᠩ ᠪᠠᠯᠭᠠᠰᠤ ᠪᠣᠯᠭᠠᠨ ᠴᠣᠭᠴᠠᠯᠠᠨ ᠪᠠᠶᠢᠭᠤᠯᠤᠨ᠎ᠠ᠃ 15 | ᠲᠤᠷᠰᠢᠯᠳᠠ ᠶᠢᠨ ᠴᠡᠭ ᠤᠨ ᠭᠠᠴᠠᠭ᠎ᠠ ᠶᠢ ᠪᠦᠬᠦᠨ ᠢ ᠠᠶᠢᠮᠠᠭ ᠤᠨ ᠲᠡᠰ ᠠᠴᠠ ᠲᠡᠬᠡᠭᠰᠢᠬᠢ ᠪᠤᠯᠪᠠᠰᠤᠨ ᠭᠠᠴᠠᠭᠠᠨ ᠤ | ᠪᠠᠷᠢᠮᠵᠢᠶ᠎ᠠ ᠳᠤ ᠬᠦᠷᠬᠡᠨ᠎ᠠ᠃ | ᠵᠠᠰᠠᠯᠳᠠ ᠨᠢ ᠪᠦᠳᠤᠮᠵᠢᠳᠡᠢ᠃ ᠨᠠᠮ ᠤᠨ ᠵᠤᠬᠢᠶᠠᠨ ᠪᠠᠶᠢᠭᠤᠯᠤᠯᠳᠠ ᠪᠠᠷ ᠭᠤᠤᠯᠯᠠᠭᠴᠢ ᠪᠤᠯᠭᠠᠭᠰᠡᠨ ᠮᠠᠯᠵᠢᠬᠤ | ᠤᠷᠤᠨ ᠤ ᠦᠡᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠲᠤᠷᠰᠢᠯᠳᠠ ᠶᠢᠨ ᠴᠡᠭ ᠤᠨ ᠭᠠᠴᠠᠭᠠᠨ ᠤ ᠨᠠᠮ ᠤᠨ ᠡᠬᠦᠷ ᠤᠨ ᠪᠠᠷᠢᠮᠵᠢᠶᠠᠵᠢᠯᠳᠠ᠂ | ᠲᠦᠷᠢᠮᠵᠢᠯᠳᠠ ᠶᠢᠨ ᠪᠠᠶᠢᠭᠤᠯᠤᠯᠳᠠ ᠶᠢ ᠪᠦᠬᠦᠨ ᠢ ᠨᠢᠬᠡᠳᠤᠬᠡᠷ ᠲᠦᠷᠤᠯ ᠤᠨ ᠪᠠᠷᠢᠮᠵᠢᠶᠠᠨ ᠳᠤ ᠬᠦᠷᠬᠡᠨ᠎ᠠ︔ ︽ | ᠬᠠᠮᠳᠣᠷᠠᠭᠰᠠᠨ ᠨᠠᠮ ᠤᠨ ᠪᠠᠶᠢᠭᠤᠯᠤᠯᠳᠠ︾ ᠤᠨ ᠵᠠᠭᠪᠤᠷ ᠢ 3 ᠠᠴᠠ ᠲᠡᠬᠡᠭᠰᠢ ᠬᠦᠷᠬᠡᠵᠤ᠂ ᠬᠤᠰᠢᠭᠤ᠂ ᠪᠠᠯᠭᠠᠰᠤᠨ | ᠤ ᠨᠠᠶᠢᠬᠡᠮ ᠤᠨ ᠵᠠᠰᠠᠯᠳᠠ ᠶᠢᠨ ᠶᠠᠷᠤᠩᠬᠡᠶᠢᠯᠡᠭᠰᠡᠨ ᠠᠵᠢᠯ ᠤᠨ ᠲᠦᠪ ᠪᠠ ᠭᠠᠴᠠᠭᠠᠨ ᠤ ᠶᠠᠷᠤᠩᠬᠡᠶᠢᠯᠡᠭᠰᠡᠨ | ᠦᠷᠳᠡᠭᠡ ᠶᠢᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠦᠷᠢᠮᠵᠢᠬᠦᠯᠵᠤ᠂ ᠨᠠᠶᠢᠬᠡᠮ ᠤᠨ ᠵᠠᠰᠠᠯᠳᠠ ᠶᠢᠨ | ᠲᠤᠭᠳᠠᠯᠴᠠᠭ᠎ᠠ ᠶᠢ ᠤᠯᠠᠮ ᠴᠢᠨᠠᠭᠰᠢᠳᠠ ᠪᠦᠷᠢᠡᠰᠢᠬᠦᠯᠤᠨ᠎ᠠ᠃ | ᠠᠷᠡᠳ ᠤᠨ ᠠᠮᠢᠳᠤᠷᠡᠯ ᠴᠢᠨᠡᠭᠡᠯᠢᠭ᠃ ᠪᠠᠶᠢᠩᠭᠤ ᠶᠢᠨ ᠰᠠᠭᠤᠭᠠᠯᠢ ᠮᠠᠯᠴᠢᠳ ᠤᠨ ᠬᠦᠮᠤᠨ ᠪᠦᠷᠢ ᠳᠤ | ᠲᠡᠭᠰᠢᠳᠬᠡᠭᠰᠡᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠵᠢᠯ ᠲᠠᠷᠠᠭᠠᠯᠠᠨ ᠨᠡᠮᠡᠭᠳᠡᠬᠦᠯᠵᠦ᠂ ᠨᠡᠮᠡᠭᠳᠡᠯ ᠬᠤᠷᠳᠤᠴᠠ | ᠶᠢ ᠠᠶᠢᠮᠠᠭ ᠤᠨ ᠲᠡᠭᠰᠢᠳᠬᠡᠭᠰᠡᠨ ᠬᠢᠷᠢ ᠲᠦᠪᠰᠢᠨ ᠠᠴᠠ ᠦᠡᠳᠤᠷ ᠪᠠᠶᠢᠯᠭᠠᠨ᠎ᠠ︔ ᠰᠤᠷᠬᠤ ᠨᠠᠰᠤᠨ ᠠᠴᠠ ᠡᠮᠤᠨᠡᠬᠢ | ᠬᠡᠦᠭᠡᠳ ᠤᠨ ᠰᠤᠷᠭᠠᠭᠤᠯᠢ ᠳᠤ ᠰᠠᠭᠤᠬᠤ ᠨᠤᠷᠮ᠎ᠠ ᠶᠢ 93% ᠠᠴᠠ ᠲᠡᠬᠡᠭᠰᠢ ᠳᠤ ᠬᠦᠷᠬᠡᠨ᠎ᠠ᠃ ᠬᠤᠰᠢᠭᠤ ᠲᠡᠰ | ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠪᠠᠷ ᠲᠠᠶᠢᠴᠢᠯᠠᠨ ᠲᠠᠭᠠᠭᠤᠯᠵᠣ᠂ ᠬᠤᠰᠢᠭᠤ ᠬᠡᠪᠴᠢᠶᠠᠨ ᠤ | ᠡᠮᠨᠡᠯᠬᠡ ᠶᠢᠨ ᠬᠠᠮᠳᠤ ᠶᠢᠨ ᠴᠤᠭᠴᠠ ᠶᠢᠨ ᠪᠠᠶᠢᠭᠤᠯᠤᠯᠳᠠ ᠶᠢ ᠴᠢᠩᠭᠠᠳᠬᠠᠨ᠎ᠠ︔ ᠮᠠᠯᠴᠢᠨ ᠡᠷᠤᠬᠡ ᠶᠢᠨ ᠤᠤᠭᠤᠬᠤ | ᠤᠰᠤ ᠶᠢ ᠠᠮᠤᠷ ᠲᠦᠪᠰᠢᠨ ᠤᠰᠤ ᠤᠮᠳᠠ ᠶᠢᠨ ᠪᠠᠷᠢᠮᠵᠢᠶᠠᠨ ᠳᠤ ᠬᠦᠷᠬᠡᠨ᠎ᠠ᠃ | ᠬᠤᠶᠡᠷ᠂ ᠭᠤᠤᠯᠳᠠᠯᠭ᠎ᠠ ᠲᠠᠢ ᠡᠬᠦᠷᠬᠡ ᠵᠢᠴᠢ ᠠᠷᠭ᠎ᠠ ᠬᠡᠮᠵᠢᠶ᠎ᠠ | ︵ᠨᠢᠬᠡ︶ ᠠᠮᠢ ᠠᠬᠤᠢ ᠶᠢ ᠬᠦᠭᠵᠢᠬᠦᠯᠤᠨ ᠮᠠᠡᠳᠤᠭᠤᠯᠵᠤ᠂ ᠪᠤᠬᠢᠷᠳᠤᠯ ᠦᠬᠡᠢ ᠬᠦᠭᠵᠢᠬᠦᠯᠤᠨ᠎ᠠ᠃ | ⒈ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠪᠠᠷ᠄ ᠪᠠᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠠᠯᠴᠢᠬᠡᠷ ᠤᠨ | ᠲᠠᠩᠴᠠᠬᠦᠷᠢ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ | ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠴᠢᠩᠭ᠎ᠠ ᠨᠢᠮᠪᠠᠢ ᠬᠡᠷᠡᠭᠵᠢᠬᠦᠯᠤᠨ᠎ᠠ︔ ᠬᠠᠪᠤᠷ ᠤᠨ ᠤᠯᠠᠷᠢᠯ | ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷ ᠰᠡᠯᠬᠦᠬᠦ ᠴᠠᠭ ᠬᠤᠭᠤᠴᠠᠭ᠎ᠠ ᠶᠢ ᠵᠦᠢ ᠵᠤᠬᠢᠰᠳᠡᠢ | ᠲᠤᠭᠳᠠᠭᠠᠵᠤ᠂ 30 ᠡᠳᠤᠷ ᠠᠴᠠ ᠲᠡᠭᠡᠭᠰᠢ ᠪᠠᠶᠢᠬᠤ ᠶᠢ ᠪᠠᠳᠤᠯᠠᠨ᠎ᠠ᠃ ᠲᠤᠭᠤᠷᠢᠭ ᠬᠤᠪᠢᠶᠠᠨ ᠰᠠᠯᠬᠦᠨ ᠮᠠᠯᠵᠢᠬᠤ | ᠶᠢ ᠬᠡᠷᠡᠭᠵᠢᠬᠦᠯᠵᠤ᠂ ᠮᠠᠯᠴᠢᠳ ᠤᠨ ᠬᠤᠷᠰᠢᠶᠠᠵᠢᠯ᠂ ᠡᠷᠤᠬᠡ ᠬᠤᠯᠪᠤᠭᠠᠯᠠᠭᠰᠡᠨ ᠡᠵᠡᠩᠨᠡᠯᠳᠡ᠂ ᠬᠤᠳᠠ ᠠᠶᠢᠯ ᠵᠡᠷᠬᠡ | ᠪᠠᠷ ᠨᠢᠬᠡᠴᠢ ᠪᠤᠯᠭᠠᠨ ᠲᠤᠭᠤᠷᠢᠭ ᠬᠤᠪᠢᠶᠠᠨ ᠰᠡᠯᠬᠦᠨ ᠮᠠᠯᠵᠢᠬᠤ ᠶᠢ ᠣᠬᠠᠭᠤᠯᠣᠨ ᠲᠠᠶᠢᠴᠢᠯᠠᠨ᠎ᠠ︔ ᠠᠮᠢ ᠠᠬᠤᠢ | ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠦᠬᠦ ᠬᠦᠴᠤᠨ ᠢᠶᠠᠷ ᠴᠤᠭᠴᠠᠯᠠᠵᠤ᠂ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢ ᠮᠠᠯ ᠠᠵᠤ ᠠᠬᠤᠢ ᠶᠢᠨ ᠦᠢᠯᠡᠳᠪᠤᠷᠢᠯᠡᠯ ᠲᠠᠢ ᠵᠤᠬᠢᠴᠠᠭᠤᠯᠤᠨ ᠬᠦᠭᠵᠢᠬᠦᠯᠬᠦ ᠵᠠᠭᠪᠤᠷ | ᠢ ᠬᠠᠶᠢᠨ ᠰᠦᠪᠡᠭᠴᠢᠯᠡᠨ᠎ᠠ︔ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠨᠢᠮᠪᠠᠢ | ᠨᠠᠶᠢᠳᠠᠪᠤᠷᠢᠵᠢᠭᠤᠯᠵᠤ᠂ ︽ᠭᠤᠤᠯ ︵ᠨᠠᠭᠤᠷ︶ ᠤᠨ ᠲᠠᠷᠤᠭ᠎ᠠ ᠶᠢᠨ ᠲᠦᠷᠢᠮ︾ ᠢ ᠦᠷᠬᠦᠯᠵᠢᠯᠡᠨ | ᠬᠦᠡᠵᠡᠬᠡᠶᠢᠷᠡᠬᠦᠯᠵᠤ᠂ ᠭᠤᠤᠯ ᠨᠠᠭᠤᠷ ᠪᠠ ᠭᠠᠵᠡᠷ ᠲᠤᠤᠷᠡᠬᠢ ᠤᠰᠤᠨ ᠤ ᠡᠬᠢ ᠰᠤᠷᠪᠤᠯᠵᠢ ᠶᠢ ᠬᠠᠮᠠᠭᠠᠯᠠᠨ᠎ᠠ᠃ | ⒉ ᠠᠮᠢ ᠠᠬᠤᠢ ᠶᠢᠨ ᠵᠠᠰᠠᠯᠳᠠ ᠶᠢᠨ ᠲᠠᠯ᠎ᠠ ᠪᠠᠷ᠄ ᠠᠮᠢ ᠠᠬᠤᠢ ᠶᠢᠨ ᠵᠠᠰᠠᠯᠳᠠ ᠶᠢᠨ ᠢᠡᠵᠧᠨᠧᠷᠢᠩ ᠢ ᠰᠠᠶᠢᠳᠤᠷ | ᠬᠡᠷᠡᠭᠵᠢᠬᠦᠯᠵᠤ᠂ ᠲᠤᠷᠰᠢᠯᠳᠠ ᠶᠢᠨ ᠴᠡᠭ ᠤᠨ ᠬᠤᠰᠢᠭᠤᠨ ᠤ ᠬᠦᠡᠳᠤ ᠨᠤᠴᠢᠳᠡᠢ ᠡᠯᠡᠰᠤᠷᠬᠡᠭᠵᠢᠭᠰᠡᠨ ᠤᠷᠤᠨ ᠪᠦᠰᠠ | ᠳᠤ ᠪᠠᠯᠴᠢᠬᠡᠷᠯᠡᠬᠦᠯᠬᠦ ᠶᠢ ᠵᠤᠭᠰᠤᠭᠠᠵᠤ᠂ 20 ᠲᠦᠮᠡᠨ ᠮᠤ᠋ ᠨᠤᠳᠤᠭ ᠲᠤ ᠡᠪᠡᠰᠤ ᠪᠠ ᠮᠤᠳᠤ ᠲᠠᠷᠢᠵᠤ | ᠣᠶᠢᠵᠢᠭᠤᠯᠣᠨ᠎ᠠ᠃ ᠤᠰᠤᠨ ᠰᠤᠷᠪᠤᠯᠵᠢ ᠵᠢᠴᠢ ᠬᠠᠮᠢᠶᠠᠷᠤᠨ ᠬᠠᠮᠠᠭᠠᠯᠠᠬᠤ ᠨᠦᠬᠦᠴᠠᠯ ᠳᠤ ᠵᠤᠬᠢᠴᠠᠭᠰᠡᠨ ᠭᠠᠴᠠᠭ᠎ᠠ ︵ | ᠠᠶᠢᠯ︶ ᠶᠢᠨ ᠦᠢᠷ᠎ᠠ ᠤᠷᠴᠢᠮ᠂ ᠦᠢᠵᠢᠭᠤᠯᠤᠯᠳᠠ ᠨᠤᠭᠤᠭᠠᠷᠠᠭᠤᠯᠤᠯᠳᠠ ᠬᠡᠷᠡᠭᠵᠢᠬᠦᠯᠤᠨ᠎ᠠ᠃ ︽ᠪᠤᠬᠢᠷᠳᠤᠯ | ᠦᠬᠡᠢ ᠠᠭᠤᠯᠠ ᠠᠭᠤᠷᠬᠠᠢ︾ ᠶᠢᠨ ᠪᠠᠶᠢᠭᠤᠯᠤᠯᠳᠠ ᠶᠢ ᠲᠦᠷᠬᠡᠳᠬᠡᠨ᠂ ᠠᠭᠤᠯᠠ ᠠᠭᠤᠷᠬᠠᠢ ᠶᠢᠨ ᠭᠠᠵᠡᠷ | ᠰᠢᠡᠵᠢᠯᠡᠬᠡᠨ ᠤ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠨ᠎ᠠ᠃ | ⒊ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠪᠠᠷ᠄ ᠪᠦᠬᠦ ᠬᠤᠰᠢᠭᠤᠨ ᠤ ᠠᠮᠢ ᠠᠬᠤᠢ᠂ ᠤᠶᠤᠡᠳᠤ ᠮᠠᠯ ᠠᠵᠤ | ᠠᠬᠤᠢ ᠶᠢᠨ ᠬᠢᠨᠡᠨ ᠡᠵᠡᠮᠳᠡᠬᠦ ᠲᠠᠪᠴᠠᠩ ᠢ ᠪᠠᠶᠢᠭᠤᠯᠵᠤ᠂ ᠲᠠᠭᠠᠭᠤᠯᠢ ᠤᠳᠤᠨ ᠤ ᠠᠯᠤᠰ ᠰᠠᠷᠠᠯ ᠤᠨ ᠮᠠᠷᠬᠡᠵᠢᠯ᠂ | ᠠᠯᠤᠰ ᠡᠵᠡᠮᠰᠢᠯᠳᠤ ᠬᠢᠨᠡᠨ ᠡᠵᠡᠮᠳᠠᠬᠦᠷ᠂ ᠵᠢᠯᠤᠭᠤᠴᠢ ᠦᠬᠡᠢ ᠨᠢᠰᠬᠡᠯ ᠢᠶᠠᠷ ᠲᠤᠭᠤᠷᠢᠨ ᠪᠠᠶᠢᠴᠠᠭᠠᠬᠤ ᠵᠠᠷᠬᠡ | ᠮᠠᠷᠬᠡᠵᠢᠯ ᠤᠨ ᠠᠷᠭ᠎ᠠ ᠪᠠᠷᠢᠯ ᠢ ᠢᠵᠢ ᠪᠦᠷᠢᠳᠤᠬᠦᠯᠤᠨ ᠠᠰᠢᠭᠯᠠᠵᠤ᠂ ᠬᠢᠨᠡᠨ ᠬᠠᠮᠢᠶᠠᠷᠤᠯᠳᠠ ᠶᠢᠨ ᠰᠤᠷᠠᠭ | ᠵᠠᠩᠬᠢᠵᠢᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ᠪᠠᠯᠴᠢᠬᠡᠷ ᠤᠨ ᠲᠠᠭᠠᠭᠠᠴᠠ ᠠᠴᠠ ᠬᠡᠳᠤᠷᠡᠬᠦᠯᠤᠨ | ᠮᠠᠯᠵᠢᠬᠤ ᠠᠴᠠ ᠪᠤᠯᠵᠤ ᠨᠤᠳᠤᠭ ᠪᠠᠯᠴᠢᠬᠡᠷ ᠤᠨ ᠲᠠᠩᠴᠠᠬᠦᠷᠢ ᠶᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠤ᠂ ᠪᠠᠯᠴᠢᠬᠡᠷ ᠤᠨ ᠲᠠᠭᠠᠭᠠᠴᠠ ᠠᠴᠠ ᠬᠡᠳᠤᠷᠡᠬᠦᠯᠤᠨ ᠮᠠᠯᠵᠢᠭᠰᠡᠨ ᠡᠷᠤᠬᠡ ᠶᠢᠨ ᠲᠠᠯ᠎ᠠ ᠨᠤᠳᠤᠭ ᠤᠨ ᠠᠮᠢ | ᠠᠬᠤᠢ ᠶᠢᠨ ᠬᠠᠮᠠᠭᠠᠯᠠᠯᠳᠠ ᠶᠢᠨ ᠨᠦᠬᠦᠪᠤᠷᠢ ᠱᠠᠩᠨᠠᠯ ᠤᠨ ᠪᠠᠯᠠ ᠮᠦᠩᠬᠦ ᠲᠠᠷᠬᠠᠭᠠᠬᠤ ᠶᠢ ᠵᠤᠭᠰᠤᠭᠠᠨ᠎ᠠ᠃ ᠲᠤᠰᠬᠠᠢ | ᠮᠠᠷᠬᠡᠵᠢᠯ ᠤᠨ ᠪᠠᠶᠢᠭᠤᠯᠤᠮᠵᠢ ᠶᠢ ᠤᠷᠢᠨ ᠬᠡᠷᠡᠭᠯᠡᠵᠤ᠂ ᠪᠠᠯᠭᠠᠰᠤ ᠪᠠᠷ ᠨᠢᠬᠡᠴᠢ ᠪᠤᠯᠭᠠᠨ ᠠᠮᠢ ᠠᠬᠤᠢ ᠶᠢᠨ ᠪᠤᠯᠪᠠᠰᠤᠨ | ᠤ ᠲᠠᠩᠰᠠ ᠡᠪᠬᠡᠮᠡᠯ ᠢ ᠰᠢᠡᠵᠢᠯᠡᠬᠦ ᠤᠬᠠᠭᠠᠡᠴᠢ ᠪᠠᠷ ᠪᠠᠶᠢᠭᠤᠯᠤᠨ ᠪᠦᠷᠢᠡᠰᠢᠬᠦᠯᠵᠤ᠂ 3 ᠵᠢᠯ ᠤᠨ ᠲᠤᠳᠤᠷ᠎ᠠ ᠲᠠᠯ᠎ᠠ | ᠨᠤᠳᠤᠭ ᠤᠨ ᠠᠮᠢ ᠠᠬᠤᠢ ᠶᠢᠨ ᠪᠤᠯᠪᠠᠰᠤᠨ ᠤ ᠲᠠᠩᠰᠠ ᠡᠪᠬᠡᠮᠡᠯ ᠪᠦᠷᠢᠡᠰᠢᠬᠦᠯᠤᠨ ᠲᠡᠬᠦᠯᠳᠡᠷᠵᠢᠬᠦᠯᠤᠨ᠎ᠠ᠃ | ⒋ ᠰᠠᠭᠤᠷᠢᠰᠢᠯ ᠤᠷᠴᠢᠨ ᠢ ᠴᠡᠭᠴᠡᠯᠡᠨ ᠵᠠᠰᠠᠬᠤ ᠲᠠᠯ᠎ᠠ ᠪᠠᠷ᠄ ᠵᠤᠷᠯᠤᠩ ᠢ ᠰᠢᠨᠠᠴᠢᠯᠠᠨ ᠦᠬᠡᠷᠡᠴᠢᠯᠡᠬᠦ ᠵᠠᠭᠪᠤᠷ ᠪᠠ | ᠮᠡᠷᠬᠡᠵᠢᠯ ᠢ ᠲᠡᠯᠬᠡᠷᠡᠬᠦᠯᠤᠨ ᠲᠦᠭᠡᠭᠡᠮᠡᠯᠵᠢᠬᠦᠯᠵᠦ᠂ ᠬᠤᠭ ᠨᠤᠪᠰᠢ ᠰᠢᠢᠳᠪᠤᠷᠢᠯᠡᠬᠦ ᠲᠤᠭᠳᠠᠯᠴᠠᠭ᠎ᠠ ᠶᠢᠨ | ᠪᠠᠶᠢᠭᠤᠯᠤᠯᠳᠠ ᠶᠢ ᠴᠢᠩᠭᠠᠳᠬᠠᠵᠤ᠂ ᠪᠠᠯᠭᠠᠰᠤᠨ ᠤ ᠬᠦᠳᠡᠯᠤᠩᠬᠦᠢ ᠡᠷᠡᠬᠦᠯ ᠬᠠᠮᠠᠭᠠᠯᠠᠯ ᠤᠨ ᠡᠩᠨᠡᠭᠡ ᠶᠢ ᠡᠬᠦᠰᠬᠡᠨ | ᠪᠠᠶᠢᠭᠤᠯᠵᠤ᠂ ᠪᠠᠷᠢᠮᠵᠢᠶ᠎ᠠ ᠲᠠᠢ᠂ ᠲᠦᠷᠢᠮ ᠲᠠᠢ᠂ ᠡᠩᠨᠡᠭᠡ ᠲᠠᠢ᠂ ᠪᠠᠶᠢᠴᠠᠭᠠᠯᠳᠠ ᠲᠠᠢ᠂ ᠵᠠᠷᠤᠳᠠᠯ ᠲᠠᠢ ᠮᠠᠯᠵᠢᠬᠤ | ᠤᠷᠤᠨ ᠤ ᠰᠠᠭᠤᠷᠢᠰᠢᠯ ᠤᠷᠴᠢᠨ ᠢ ᠬᠠᠮᠢᠶᠠᠷᠤᠨ ᠬᠠᠮᠠᠭᠠᠯᠠᠬᠤ ᠪᠠᠶᠢᠩᠭᠤ ᠶᠢᠨ ᠪᠦᠳᠤᠮᠵᠢᠳᠤ ᠵᠤᠬᠢᠴᠠᠮᠵᠢ ᠶᠢ | ᠪᠠᠶᠢᠭᠤᠯᠤᠨ ᠪᠦᠷᠢᠡᠰᠢᠬᠦᠯᠤᠨ᠎ᠠ᠃ | ︵ᠬᠤᠶᠡᠷ︶ ᠠᠵᠤ ᠦᠢᠯᠡᠰ ᠢ ᠬᠦᠭᠵᠢᠬᠦᠯᠵᠤ᠂ ᠠᠷᠡᠳ ᠢᠶᠠᠨ ᠪᠠᠶᠠᠵᠢᠭᠤᠯᠵᠤ ᠤᠷᠤᠯᠭ᠎ᠠ ᠶᠢ ᠨᠢ ᠨᠡᠮᠡᠭᠳᠡᠬᠦᠯᠤᠨ᠎ᠠ᠃ | | ⒈ ᠮᠠᠯ ᠢ ᠲᠡᠵᠢᠭᠡᠨ ᠠᠷᠠᠴᠢᠯᠠᠬᠤ ᠲᠠᠯ᠎ᠠ ᠪᠠᠷ᠄ ᠮᠠᠯᠴᠢᠳ ᠤᠨ ᠮᠠᠯ ᠰᠦᠷᠦᠭ ᠪᠠ ᠡᠬᠦᠯᠳᠡᠷ ᠤᠨ ᠪᠦᠳᠤᠴᠠ ᠳᠤ | ᠪᠠᠨ ᠵᠦᠢ ᠵᠤᠬᠢᠰᠳᠡᠢ ᠲᠤᠬᠢᠷᠠᠭᠤᠯᠤᠯᠳᠠ ᠬᠢᠬᠦ ᠶᠢ ᠤᠬᠠᠭᠤᠯᠤᠨ ᠵᠤᠷᠢᠭᠵᠢᠭᠤᠯᠵᠤ᠂ ᠭᠠᠵᠡᠷ ᠤᠷᠤᠨ ᠤ ᠪᠠᠶᠢᠳᠠᠯ ᠳᠤ | ᠲᠤᠬᠢᠷᠠᠬᠤ ᠭᠤᠤᠯᠯᠠᠭᠴᠢ ᠠᠵᠤ ᠦᠢᠯᠡᠰ ᠢ ᠴᠤᠭᠴᠠᠯᠠᠨ ᠪᠠᠶᠢᠭᠤᠯᠤᠨ᠎ᠠ᠃ ᠪᠡᠯᠬᠦᠳᠡᠢ ᠪᠠᠯᠭᠠᠰᠤᠨ ᠤ ᠲᠠᠩᠰᠤᠭ | ᠦᠷᠡᠵᠢᠬᠦᠯᠤᠨ ᠪᠤᠶᠢᠵᠢᠭᠤᠯᠬᠤ ᠵᠢᠱᠢᠶ᠎ᠠ ᠦᠵᠡᠬᠦᠯᠬᠦ ᠰᠠᠭᠤᠷᠢᠨ ᠳᠤ ᠲᠦᠰᠢᠭᠯᠡᠨ᠂ ᠲᠠᠵᠢᠬᠡᠨ ᠠᠷᠠᠴᠢᠯᠠᠬᠤ | ᠬᠡᠪᠴᠢᠶ᠎ᠠ ᠨᠢ 1 ᠲᠦᠮᠡᠨ ᠲᠤᠯᠤᠭᠠᠢ ᠰᠢᠯᠢᠳᠡᠭ ᠡᠬᠦᠯᠳᠡᠷ ᠤᠨ ᠪᠤᠬ᠎ᠠ᠂ ᠰᠠᠭᠤᠷᠢ ᠡᠬᠡ ᠮᠠᠯ ᠤᠨ ᠵᠢᠱᠢᠶ᠎ᠠ | ᠦᠵᠡᠬᠦᠯᠬᠦ ᠰᠠᠭᠤᠷᠢᠨ ᠢ ᠴᠤᠭᠴᠠᠯᠠᠨ ᠪᠠᠶᠢᠭᠤᠯᠤᠨ᠎ᠠ᠃ ᠰᠢᠮᠧᠨ᠋ᠲ᠋ᠧᠷ ᠮᠢᠬᠠᠨ ᠤ ᠦᠬᠡᠷ ᠤᠨ ᠭᠤᠤᠯᠳᠠᠯᠭᠠᠳᠤ | ᠰᠦᠷᠦᠭ ᠪᠠᠶᠢᠭᠤᠯᠵᠤ᠂ ᠮᠢᠬᠠᠨ ᠤ ᠦᠬᠡᠷ ᠢ ᠪᠤᠰᠤᠳ ᠭᠠᠵᠡᠷ ᠲᠤ ᠪᠣᠷᠳᠣᠨ ᠲᠠᠷᠭᠤᠯᠠᠭᠤᠯᠬᠤ ᠵᠠᠭᠪᠤᠷ ᠢ | ᠰᠦᠪᠡᠭᠴᠢᠯᠡᠵᠤ᠂ ᠲᠤᠷᠰᠢᠯᠳᠠ ᠶᠢᠨ ᠴᠡᠭ ᠢ ᠵᠤᠬᠢᠬᠤ ᠬᠡᠪᠴᠢᠶᠡᠵᠢᠭᠰᠡᠨ᠂ ᠣᠶᠢᠷ᠎ᠠ ᠤᠷᠴᠢᠮ ᠢᠶᠠᠨ ᠲᠠᠶᠢᠴᠢᠯᠠᠭᠰᠡᠨ | ᠰᠢᠮᠧᠨ᠋ᠲ᠋ᠧᠷ ᠦᠬᠡᠷ ᠪᠠ ᠠᠩᠬᠢᠰ ᠦᠬᠡᠷ ᠢᠶᠠᠷ ᠭᠤᠤᠯ ᠪᠤᠯᠭᠠᠭᠰᠡᠨ ᠰᠢᠯᠢᠳᠡᠭ ᠡᠬᠦᠯᠳᠡᠷ ᠤᠨ ᠮᠢᠬᠠᠨ ᠤ ᠦᠬᠡᠷ | ᠵᠦᠬᠡᠬᠡᠪᠤᠷᠢᠯᠡᠬᠦ ᠪᠠ ᠡᠳ᠋ᠰᠢᠬᠦᠯᠬᠦ ᠰᠠᠭᠤᠷᠢᠨ ᠭᠠᠵᠡᠷ ᠪᠤᠯᠭᠠᠨ ᠪᠠᠶᠢᠭᠤᠯᠤᠨ᠎ᠠ᠃ ᠤᠷᠢᠶᠠᠩᠬᠠᠢ ᠬᠤᠨᠢ ᠶᠢᠨ ᠡᠬᠦᠯᠳᠡᠷ ᠢ | ᠬᠠᠮᠠᠭᠠᠯᠠᠬᠤ ᠪᠠᠷ ᠭᠤᠤᠯᠳᠠᠯᠭ᠎ᠠ ᠪᠤᠯᠭᠠᠨ᠂ ᠤᠷᠢᠶᠠᠩᠬᠠᠢ ᠬᠤᠨᠢ ᠶᠢᠨ ᠪᠠᠷᠢᠮᠵᠢᠶ᠎ᠠ ᠲᠤᠭᠳᠠᠭᠠᠵᠤ᠂ ᠦᠷ᠎ᠠ ᠶᠢᠨ ᠮᠠᠯ | ᠤᠨ ᠰᠠᠭᠤᠷᠢᠨ ᠢ ᠪᠠᠶᠢᠭᠤᠯᠵᠤ᠂ ᠭᠤᠤᠯᠳᠠᠯᠭᠠᠳᠤ ᠰᠦᠷᠦᠭ ᠢ ᠪᠠᠶᠢᠭᠤᠯᠵᠤ᠂ ᠢᠴᠡᠬᠡᠯ ᠦᠷ᠎ᠠ ᠶᠢᠨ ᠬᠡᠬᠡᠯᠳᠤᠬᠦᠯᠬᠡ᠂ | ᠮᠠᠯ ᠤᠨ ᠪᠤᠷᠳᠤᠭ᠎ᠠ ᠨᠦᠬᠦᠪᠤᠷᠢᠯᠡᠬᠦ ᠵᠡᠷᠬᠡ ᠬᠡᠷᠡᠭᠯᠡᠬᠡᠨ ᠤ ᠮᠡᠷᠬᠡᠵᠢᠯ ᠢ ᠲᠡᠯᠬᠡᠷᠡᠬᠦᠯᠵᠤ᠂ ᠡᠪᠤᠯ ᠤᠨ ᠲᠦᠯ ᠪᠠ | ᠬᠠᠪᠤᠷ ᠤᠨ ᠲᠦᠯ ᠲᠤᠰᠬᠤ ᠶᠢ ᠵᠤᠷᠢᠭᠵᠢᠭᠤᠯᠵᠤ᠂ ᠮᠠᠯ ᠤᠨ ᠭᠠᠷᠭᠠᠯᠳᠠ ᠶᠢᠨ ᠬᠤᠭᠤᠴᠠᠭ᠎ᠠ ᠶᠢ ᠤᠷᠳᠤᠭᠬᠠᠨ᠂ | ᠲᠠᠵᠢᠬᠡᠨ ᠠᠷᠠᠴᠢᠯᠠᠬᠤ ᠦᠷ᠎ᠠ ᠠᠰᠢᠭ ᠢ ᠤᠯᠠᠮ ᠨᠢᠬᠡ ᠠᠯᠬᠤᠮ ᠲᠡᠬᠡᠭᠰᠢᠯᠡᠬᠦᠯᠤᠨ᠎ᠠ᠃ ᠰᠢᠨ᠎ᠠ ᠬᠡᠯᠪᠡᠷᠢ ᠶᠢᠨ | ᠦᠷᠡᠵᠢᠬᠦᠯᠦᠨ ᠪᠣᠶᠢᠵᠢᠭᠤᠯᠬᠤ ᠡᠵᠡᠩᠨᠡᠯᠳᠡ ᠶᠢᠨ ᠭᠤᠤᠯ ᠴᠤᠭᠴᠠ ᠶᠢ ᠢᠳᠡᠪᠬᠢᠳᠡᠢ ᠲᠠᠮᠵᠢᠵᠤ᠂ ᠬᠤᠷᠰᠢᠶᠠᠵᠢᠯ ᠤᠨ | ᠬᠦᠭᠵᠢᠯᠳᠠ ᠶᠢ ᠭᠤᠤᠯᠳᠠᠯᠭ᠎ᠠ ᠲᠠᠢ ᠲᠦᠷᠢᠮᠵᠢᠬᠦᠯᠵᠤ᠂ ᠮᠠᠯᠴᠢᠨ ᠡᠷᠤᠬᠡ ᠪᠠ ᠲᠤᠯᠤᠭᠠᠶᠢᠯᠠᠭᠴᠢ ᠠᠵᠤ ᠠᠬᠤᠶᠢᠯᠡᠯ | ᠤᠨ ᠠᠰᠢᠭ ᠲᠤᠰᠠ ᠶᠢᠨ ᠨᠢᠭᠳᠠ ᠬᠤᠯᠪᠤᠭᠠᠯᠠᠭᠰᠡᠨ ᠵᠤᠬᠢᠴᠠᠮᠵᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | ⒉ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠢ ᠨᠠᠷᠢᠯᠢᠭ ᠡᠳ᠋ᠰᠢᠬᠦᠯᠬᠦ ᠲᠠᠯ᠎ᠠ ᠪᠠᠷ᠄ ᠮᠠᠯ ᠤᠨ ᠠᠰᠢᠭ ᠰᠢᠮ᠎ᠠ | ᠶᠢ ᠡᠳ᠋ᠰᠢᠬᠦᠯᠬᠦ ᠠᠵᠤ ᠠᠬᠤᠶᠢᠯᠡᠯ ᠤᠨ ᠬᠦᠯᠳᠡᠬᠡᠭᠰᠡᠨ ᠰᠢᠨ᠎ᠠ ᠰᠤᠷᠭᠤᠭ ᠮᠢᠬ᠎ᠠ ᠶᠢ ᠬᠡᠰᠬᠡᠬᠦ ᠪᠠ ᠤᠯᠠᠭᠠᠨ ᠢᠳᠡᠬᠡᠨ | ᠤ ᠲᠦᠷᠤᠯ ᠢ ᠡᠳ᠋ᠰᠢᠬᠦᠯᠬᠦ ᠮᠠᠷᠬᠡᠵᠢᠯ ᠢ ᠰᠢᠨᠡᠴᠢᠯᠡᠬᠦ ᠪᠠ ᠦᠷᠬᠡᠳᠬᠡᠨ ᠪᠠᠶᠢᠭᠤᠯᠤᠨ᠎ᠠ᠃ ᠮᠠᠷᠬᠡᠵᠢᠯ ᠨᠢ ᠲᠠᠪᠰᠢᠩᠭᠤᠢ | ᠮᠦᠷᠳᠡᠬᠡᠨ ᠬᠡᠪᠴᠢᠶ᠎ᠠ ᠨᠢ ᠨᠠᠯᠢᠶᠡᠳ ᠶᠡᠭᠡ ᠮᠢᠬ᠎ᠠ ᠴᠢᠰᠤ ᠲᠤᠳᠤᠷ ᠴᠤᠯᠤ ᠶᠢ ᠨᠠᠷᠢᠯᠢᠭ ᠡᠳ᠋ᠰᠢᠬᠦᠯᠬᠦ ᠠᠵᠤ | ᠠᠬᠤᠶᠢᠯᠡᠯ ᠪᠠ ᠤᠷᠭᠠᠨᠢᠭ ᠪᠤᠷᠳᠤᠭᠤᠷ ᠢ ᠠᠰᠢᠭᠯᠠᠨ ᠡᠳ᠋ᠰᠢᠬᠦᠯᠬᠦ ᠠᠵᠤ ᠠᠬᠤᠶᠢᠯᠡᠯ ᠤᠷᠢᠨ ᠤᠷᠤᠭᠤᠯᠵᠤ᠂ ᠨᠠᠷᠢᠯᠢᠭ | ᠡᠳ᠋ᠰᠢᠬᠦᠯᠬᠦ ᠶᠢ ᠬᠦᠴᠤᠯᠠᠨ ᠬᠦᠭᠵᠢᠬᠦᠯᠵᠤ᠂ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠪᠦᠳᠤᠬᠡᠭᠳᠡᠬᠦᠨ ᠤ | ᠰᠢᠡᠵᠢᠯᠡᠭᠡ ᠮᠡᠷᠬᠡᠵᠢᠯ ᠤᠨ ᠠᠭᠤᠯᠤᠭᠳᠠᠴᠠ ᠪᠠ ᠲᠠᠭᠠᠯᠳᠠ ᠦᠷᠳᠡᠭ ᠢ ᠨᠡᠮᠡᠭᠳᠡᠬᠦᠯᠤᠨ᠎ᠠ᠃ ᠠᠳᠤᠭᠤᠨ ᠤ ᠠᠵᠤ | ᠦᠢᠯᠡᠰ ᠢ ᠶᠠᠷᠤᠩᠬᠡᠶᠢᠯᠡᠨ ᠬᠦᠭᠵᠢᠬᠦᠯᠬᠦ ᠶᠢ ᠲᠦᠷᠬᠡᠳᠬᠡᠨ᠂ ᠤᠯᠠᠮᠵᠢᠯᠯᠠᠳᠤ ᠴᠠᠭᠠᠨ ᠢᠳᠡᠭᠡ ᠡᠳ᠋ᠰᠢᠬᠦᠯᠬᠦ ᠬᠢᠷᠢ | ᠲᠦᠪᠰᠢᠨ ᠪᠠ ᠬᠡᠪᠴᠢᠶ᠎ᠠ ᠶᠢ ᠲᠡᠬᠡᠭᠰᠢᠯᠡᠬᠦᠯᠵᠤ᠂ ᠲᠠᠪᠠᠭᠤᠯᠢᠭ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠶᠢᠨ | ᠪᠦᠳᠤᠬᠡᠭᠳᠡᠬᠦᠨ ᠤ ᠬᠠᠩᠭᠠᠯᠭ᠎ᠠ ᠬᠡᠷᠡᠭᠴᠡᠭᠡ ᠶᠢ ᠲᠠᠰᠤᠷᠠᠯᠳᠠ ᠦᠬᠡᠢ ᠨᠡᠮᠡᠭᠳᠡᠬᠦᠯᠤᠨ᠎ᠠ᠃ | ⒊ ᠮᠠᠯ ᠤᠨ ᠠᠰᠢᠭ ᠰᠢᠮ᠎ᠠ ᠶᠢᠨ ᠪᠤᠷᠤᠯᠠᠭᠤᠯᠤᠯᠳᠠ ᠶᠢᠨ ᠲᠠᠯ᠎ᠠ ᠪᠠᠷ᠄ ᠪᠤᠬᠢᠷᠳᠤᠯ ᠦᠬᠡᠢ ᠡᠬᠢ ᠪᠠᠶᠠᠯᠢᠭ ᠤᠨ | ᠲᠠᠪᠠᠭᠤᠯᠢᠭ ᠢᠶᠠᠨ ᠬᠦᠭᠵᠢᠬᠦᠯᠤᠨ ᠠᠰᠢᠭᠯᠠᠵᠤ᠂ ᠮᠠᠯ ᠤᠨ ᠠᠰᠢᠭ ᠰᠢᠮ᠎ᠠ ᠶᠢᠨ ᠨᠠᠷᠡᠳᠤ ᠲᠡᠮᠳᠡᠭᠳᠤ ᠪᠦᠳᠤᠬᠡᠭᠳᠡᠬᠦᠨ | ᠤ ᠪᠠᠶᠢᠭᠤᠯᠤᠯᠳᠠ ᠶᠢ ᠴᠢᠩᠭᠠᠳᠬᠠᠵᠤ᠂ ᠴᠢᠨᠠᠷ ᠴᠢᠡᠰᠠᠭ᠎ᠠ ᠶᠢᠨ ᠠᠮᠤᠷ ᠲᠦᠪᠰᠢᠨ ᠢ ᠮᠦᠷᠳᠡᠵᠤ ᠪᠤᠯᠬᠤᠶᠢᠴᠠ | ᠲᠤᠭᠳᠠᠯᠴᠠᠭ᠎ᠠ ᠶᠢᠨ ᠪᠠᠶᠢᠭᠤᠯᠤᠯᠳᠠ ᠶᠢ ᠪᠠᠶᠢᠭᠤᠯᠤᠨ ᠪᠦᠷᠢᠡᠰᠢᠬᠦᠯᠤᠨ᠎ᠠ᠃ ᠡᠯᠧᠺᠲ᠋ᠧᠷᠤᠨ ᠠᠷᠠᠯᠵᠢᠶ᠎ᠠ ᠶᠢ ᠮᠠᠯᠵᠢᠬᠤ | ᠤᠷᠤᠨ ᠳᠤ ᠤᠷᠤᠭᠤᠯᠬᠤ ᠶᠠᠷᠤᠩᠬᠡᠶᠢᠯᠡᠭᠰᠡᠨ ᠵᠢᠱᠢᠶ᠎ᠠ ᠦᠵᠡᠬᠦᠯᠬᠦ ᠢᠡᠵᠧᠨᠧᠷᠢᠩ ᠲᠤ ᠲᠦᠰᠢᠭᠯᠡᠵᠤ᠂ ︽ᠢᠨᠲ᠋ᠧᠷ | ᠰᠦᠯᠵᠢᠶ᠎ᠠ +︾ ᠶᠢ ᠬᠦᠢᠴᠡᠳ ᠠᠰᠢᠭᠯᠠᠵᠤ᠂ ᠡᠯᠧᠺᠲ᠋ᠧᠷᠤᠨ ᠠᠷᠠᠯᠵᠢᠶᠠᠨ ᠤ ᠤᠯᠠᠨ ᠨᠠᠶᠢᠳᠠ ᠶᠢᠨ ᠦᠢᠯᠡᠴᠢᠯᠡᠬᠡᠨ | ᠤ ᠲᠦᠪ ᠶᠢ ᠪᠠᠶᠢᠭᠤᠯᠵᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠤ ᠡᠯᠧᠺᠲᠷᠤᠨ ᠠᠷᠠᠯᠵᠢᠶᠠᠨ ᠤ ᠦᠢᠯᠡᠴᠢᠯᠡᠬᠡᠨ | ᠤ ᠦᠷᠳᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠮᠠᠯ ᠤᠨ ᠠᠰᠢᠭ ᠰᠢᠮ᠎ᠠ ᠶᠢᠨ ᠰᠦᠯᠵᠢᠶᠠᠨ ᠪᠤᠷᠤᠯᠠᠭᠤᠯᠭ᠎ᠠ | ᠶᠢᠨ ᠠᠷᠭ᠎ᠠ ᠵᠠᠮ ᠢ ᠦᠷᠬᠡᠳᠬᠡᠨ᠎ᠠ᠃ ᠰᠢᠣᠳᠠᠨ ᠬᠤᠯᠪᠤᠭ᠎ᠠ᠂ ᠪᠤᠳᠠᠰ ᠤᠨ ᠬᠦᠢᠯᠬᠡᠬᠡ᠂ ᠡᠳ᠋ᠰᠢᠬᠦᠯᠤᠨ ᠬᠠᠳᠠᠭᠠᠯᠠᠬᠤ | ᠵᠡᠷᠬᠡ ᠡᠬᠢ ᠰᠤᠷᠪᠤᠯᠵᠢ ᠶᠢ ᠨᠢᠬᠡᠳᠬᠡᠨ᠂ ᠶᠢᠨ ᠳ᠋ᠦᠡᠭ᠂ ᠱᠦᠨ ᠹᠸᠡᠭ᠂ ᠳ᠋ᠧ ᠪᠠᠨᠭ᠌ ᠵᠡᠷᠬᠡ ᠲᠤᠮᠤ ᠬᠡᠯᠪᠡᠷᠢ ᠶᠢᠨ | ᠡᠯᠧᠺᠲᠷᠤᠨ ᠠᠷᠠᠯᠵᠢᠶᠠᠨ ᠤ ᠠᠵᠤ ᠠᠬᠤᠶᠢᠯᠡᠯ ᠲᠠᠢ ᠬᠠᠮᠳᠤᠷᠠᠯᠴᠠᠨ᠂ ᠬᠦᠢᠳᠡᠨ ᠢᠶᠠᠷ ᠬᠠᠳᠠᠭᠠᠯᠠᠬᠤ ᠪᠤᠳᠠᠰ ᠤᠨ | ᠬᠦᠢᠯᠬᠡᠬᠡᠨ ᠤ ᠪᠠᠷᠢᠮᠵᠢᠶᠠᠵᠢᠭᠰᠡᠨ ᠲᠤᠷᠰᠢᠯᠳᠠ ᠶᠢᠨ ᠴᠡᠭ ᠤᠨ ᠠᠵᠤ ᠠᠬᠤᠶᠢᠯᠡᠯ ᠢ ᠴᠤᠭᠴᠠᠯᠠᠨ ᠪᠠᠶᠢᠭᠤᠯᠤᠨ᠎ᠠ᠃ | ⒋ ᠮᠠᠯ ᠠᠵᠤ ᠠᠬᠤᠢ ᠶᠢᠨ ᠬᠦᠭᠵᠢᠯᠳᠠ ᠳᠤ ᠪᠠᠳᠣᠯᠠᠭ᠎ᠠ ᠬᠠᠩᠭᠠᠬᠤ ᠲᠠᠯ᠎ᠠ ᠪᠠᠷ᠄ ᠮᠠᠯ ᠠᠵᠤ ᠠᠬᠤᠢ ᠶᠢᠨ ᠰᠠᠭᠤᠷᠢ | ᠲᠦᠬᠦᠬᠡᠷᠤᠮᠵᠢ ᠶᠢ ᠰᠠᠶᠢᠵᠢᠷᠠᠭᠤᠯᠬᠤ ᠢᠡᠵᠧᠨᠧᠷᠢᠩ ᠢ ᠬᠡᠷᠡᠭᠵᠢᠬᠦᠯᠤᠨ᠎ᠠ᠃ ᠰᠢᠨ᠎ᠠ ᠪᠠᠷ ᠲᠤᠯᠠᠭᠠᠨ ᠫᠸᠡᠭ᠂ ᠡᠪᠡᠰᠤ | ᠬᠠᠳᠠᠭᠠᠯᠠᠬᠤ ᠫᠸᠡᠭ᠂ ᠮᠠᠰᠢᠨ ᠮᠧᠬᠠᠨᠢᠭ ᠤᠨ ᠫᠸᠡᠭ᠂ ᠲᠤᠮᠤ ᠬᠡᠯᠪᠡᠷᠢ ᠶᠢᠨ ᠮᠠᠯ ᠠᠵᠤ ᠠᠬᠤᠢ ᠶᠢᠨ ᠮᠠᠰᠢᠨ | ᠮᠧᠬᠠᠨᠢᠭ᠂ ᠰᠢᠯᠵᠢᠮᠠᠯ ᠬᠡᠯᠪᠡᠷᠢ ᠶᠢᠨ ᠦᠬᠡᠷ ᠤᠨ ᠬᠠᠰᠢᠶ᠎ᠠ᠂ ᠮᠢᠬᠠᠨ ᠤ ᠦᠬᠡᠷ ᠤᠨ ᠪᠠᠷᠢᠮᠵᠢᠶᠠᠵᠢᠭᠰᠡᠨ ᠲᠡᠵᠢᠬᠡᠨ | ᠪᠤᠷᠳᠤᠬᠤ ᠬᠠᠰᠢᠶ᠎ᠠ ᠵᠡᠷᠬᠡ ᠬᠡᠯᠪᠡᠷᠢ ᠪᠠᠷ ᠲᠠᠮᠵᠢᠨ᠂ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠪᠠ | ᠭᠠᠴᠠᠭᠠᠨ ᠤ ᠬᠠᠮᠳᠤ ᠶᠢᠨ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢᠨ ᠨᠦᠬᠦᠴᠠᠯ ᠢ ᠰᠠᠶᠢᠵᠢᠷᠠᠭᠤᠯᠤᠨ᠎ᠠ᠃ | ᠡᠪᠡᠰᠤ ᠪᠤᠷᠳᠤᠭ᠎ᠠ ᠶᠢᠨ ᠪᠠᠳᠤᠯᠠᠭ᠎ᠠ ᠶᠢᠨ ᠢᠡᠵᠧᠨᠧᠷᠢᠩ ᠢ ᠬᠡᠷᠡᠭᠵᠢᠬᠦᠯᠤᠨ᠎ᠠ᠃ ᠵᠢᠯ ᠳᠤ ᠲᠦᠮᠡᠨ ᠲᠤᠨ ᠠᠴᠠ | ᠲᠡᠬᠡᠭᠰᠢ ᠡᠪᠡᠰᠤ ᠪᠤᠷᠳᠤᠭ᠎ᠠ ᠡᠳ᠋ᠰᠢᠬᠦᠯᠬᠦ ᠠᠵᠤ ᠠᠬᠤᠶᠢᠯᠡᠯ ᠢ ᠤᠷᠢᠨ ᠤᠷᠤᠭᠤᠯᠬᠤ ᠪᠠᠷ ᠲᠠᠮᠵᠢᠨ᠂ ᠡᠪᠡᠰᠤ | ᠬᠠᠳᠤᠵᠤ ᠬᠠᠳᠠᠭᠠᠯᠠᠬᠤ ᠰᠠᠭᠤᠷᠢᠨ ᠢ ᠬᠦᠭᠵᠢᠬᠦᠯᠵᠤ᠂ ᠮᠠᠯᠴᠢᠨ ᠡᠷᠤᠬᠡ ᠶᠢᠨ ᠡᠪᠡᠰᠤ ᠪᠤᠷᠳᠤᠭ᠎ᠠ ᠬᠤᠳᠠᠯᠳᠤᠨ | ᠠᠪᠬᠤ ᠦᠷᠳᠡᠭ ᠢ ᠪᠠᠭᠠᠰᠬᠠᠨ᠎ᠠ᠃ ᠨᠠᠶᠢᠬᠡᠮᠴᠢᠯᠡᠭᠰᠡᠨ ᠦᠢᠯᠡᠴᠢᠯᠡᠬᠡᠨ ᠢ ᠲᠦᠭᠡᠭᠡᠮᠡᠯᠵᠢᠬᠦᠯᠬᠦ ᠢᠡᠵᠧᠨᠧᠷᠢᠩ ᠢ | ᠬᠡᠷᠡᠭᠵᠢᠬᠦᠯᠤᠨ᠎ᠠ᠃ ᠵᠠᠰᠠᠭ ᠤᠨ ᠤᠷᠳᠤᠨ ᠠᠴᠠ ᠨᠠᠶᠢᠳᠠ ᠶᠢᠨ ᠠᠰᠢᠭᠳᠤ ᠦᠢᠯᠡᠴᠢᠯᠡᠭᠡ ᠪᠠ ᠨᠠᠶᠢᠬᠡᠮᠴᠢᠯᠡᠭᠰᠡᠨ | ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠪᠠᠷ ᠦᠢᠯᠡᠳᠪᠤᠷᠢᠯᠡᠯ ᠤᠨ ᠬᠡᠷᠡᠭᠰᠡᠯ ᠤᠨ ᠬᠠᠩᠭᠠᠯᠭ᠎ᠠ᠂ | ᠮᠠᠰᠢᠨ ᠮᠧᠬᠠᠨᠢᠭ ᠢᠶᠠᠷ ᠠᠵᠢᠯᠯᠠᠬᠤ᠂ ᠬᠢᠵᠢᠭ ᠡᠪᠡᠳᠴᠢᠨ ᠢ ᠨᠢᠬᠡᠳᠤᠯᠳᠡᠢ ᠰᠡᠷᠬᠡᠶᠢᠯᠡᠨ ᠵᠠᠰᠠᠬᠤ ᠪᠠ ᠮᠠᠯ ᠤᠨ ᠠᠰᠢᠭ | ᠰᠢᠮ᠎ᠠ ᠶᠢᠨ ᠪᠦᠳᠤᠬᠡᠭᠳᠡᠬᠦᠨ ᠢ ᠡᠵᠡᠩᠨᠡᠨ ᠪᠤᠷᠤᠯᠠᠭᠤᠯᠬᠤ ᠵᠡᠷᠬᠡ ᠦᠢᠯᠡᠴᠢᠯᠡᠭᠡ ᠦᠷᠨᠢᠬᠦᠯᠤᠨ᠎ᠠ᠃ ᠨᠠᠶᠢᠬᠡᠮᠴᠢᠯᠡᠭᠰᠡᠨ | ᠦᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢᠨ ᠬᠦᠭᠵᠢᠯᠳᠠ ᠶᠢ ᠲᠠᠮᠵᠢᠵᠤ᠂ ᠵᠠᠰᠠᠭ ᠤᠨ ᠤᠷᠳᠤᠨ ᠠᠴᠠ | ᠦᠢᠯᠡᠴᠢᠯᠡᠭᠡ ᠶᠢ ᠬᠤᠳᠠᠯᠳᠤᠨ ᠠᠪᠬᠤ ᠵᠡᠷᠬᠡ ᠠᠷᠭ᠎ᠠ ᠬᠡᠯᠪᠡᠷᠢ ᠪᠠᠷ ᠦᠢᠯᠡᠳᠪᠤᠷᠢᠯᠡᠯ ᠤᠨ ᠦᠢᠯᠡᠴᠢᠯᠡᠬᠡᠨ ᠤ ᠠᠵᠤ | ᠠᠬᠤᠶᠢᠯᠡᠯ ᠠᠴᠠ ᠮᠠᠯ ᠡᠮᠨᠡᠯᠬᠡ᠂ ᠮᠠᠯ ᠤᠨ ᠡᠮ᠂ ᠭᠠᠷ ᠭᠡᠭᠡᠯᠳᠦᠬᠦᠯᠭᠡ᠂ ᠨᠤᠤᠰᠤ ᠬᠠᠶᠢᠴᠢᠯᠠᠬᠤ᠂ ᠡᠪᠡᠰᠤ ᠬᠠᠳᠤᠬᠤ | ᠂ ᠡᠬᠡᠮᠦᠭ ᠵᠡᠬᠦᠯᠬᠡᠬᠦ ᠵᠡᠷᠬᠡ ᠨᠠᠶᠢᠬᠡᠮᠴᠢᠯᠠᠭᠰᠡᠨ ᠦᠢᠯᠡᠴᠢᠯᠡᠭᠡ ᠬᠠᠩᠭᠠᠨ᠎ᠠ᠃ ᠮᠦᠩᠬᠦᠨ ᠬᠦᠢᠯᠭᠡᠭᠡ ᠪᠠᠷ ᠠᠷᠡᠳ ᠲᠤ | ᠠᠰᠢᠭ ᠬᠦᠷᠳᠡᠬᠡᠬᠦ ᠢᠡᠵᠧᠨᠧᠷᠢᠩ ᠬᠡᠷᠡᠭᠵᠢᠬᠦᠯᠦᠨ᠎ᠡ᠃ ᠵᠠᠰᠠᠭ ᠤᠨ ᠤᠷᠳᠤᠨ ᠠᠴᠠ ᠬᠦᠦ ᠮᠦᠩᠬᠦ ᠶᠢ ᠦᠭᠬᠦ᠂ | ᠪᠠᠩᠬᠢ ᠠᠴᠠ ᠬᠦᠦ ᠮᠦᠩᠬᠦ ᠶᠢ ᠪᠠᠭᠠᠰᠬᠠᠬᠤ ᠪᠠ ᠮᠠᠯᠴᠢᠨ ᠡᠷᠤᠬᠡ ᠶᠢᠨ ᠢᠳᠡᠬᠡᠮᠵᠢᠳᠤ ᠵᠢᠬᠡᠯᠡᠯᠬᠡ ᠶᠢᠨ ᠵᠠᠭᠪᠤᠷ | ᠵᠡᠷᠬᠡ ᠶᠢ ᠲᠡᠯᠬᠡᠷᠡᠬᠦᠯᠬᠦ ᠠᠷᠭ᠎ᠠ ᠬᠡᠮᠵᠢᠶ᠎ᠠ ᠪᠠᠷ ᠲᠠᠮᠵᠢᠨ᠂ ᠮᠠᠯᠵᠢᠬᠤ ᠤᠷᠤᠨ ᠤ ᠠᠵᠤ ᠦᠢᠯᠡᠰ ᠤᠨ ᠬᠦᠭᠵᠢᠯᠳᠠ | ᠶᠢᠨ ᠪᠡᠯᠡ ᠮᠦᠩᠬᠦ ᠶᠢᠨ ᠬᠦᠴᠢᠷᠳᠡᠯ ᠢ ᠰᠢᠢᠳᠪᠤᠷᠢᠯᠡᠨ᠎ᠠ᠃ ᠴᠠᠭ ᠠᠭᠤᠷ ᠤᠨ ᠵᠢᠭᠠᠯᠳᠠ ᠲᠤᠭᠠᠨ ᠤ ᠲᠦᠷᠤ ᠶᠢᠨ | ᠪᠤᠳᠤᠯᠭ᠎ᠠ ᠶᠢᠨ ᠲᠠᠭᠠᠳᠬᠠᠯ ᠦᠷᠬᠦᠯᠵᠢᠯᠡᠨ ᠪᠦᠷᠢᠡᠰᠢᠬᠦᠯᠵᠤ᠂ ᠦᠨ᠎ᠠ ᠬᠠᠩᠰᠢ ᠶᠢᠨ ᠵᠢᠭᠠᠯᠳᠠ ᠲᠤᠭᠠᠨ ᠤ | ᠲᠠᠭᠠᠳᠬᠠᠯ ᠢ ᠰᠦᠪᠡᠭᠴᠢᠯᠡᠨ ᠦᠷᠨᠢᠬᠦᠯᠵᠦ᠂ ᠲᠦᠷᠤ ᠶᠢᠨ ᠪᠤᠳᠤᠯᠭ᠎ᠠ ᠶᠢᠨ ᠲᠠᠭᠠᠳᠬᠠᠯ ᠢᠶᠠᠷ ᠵᠢᠯᠤᠭᠤᠳᠤᠮᠵᠢ | ᠪᠤᠯᠭᠠᠵᠤ᠂ ᠬᠤᠳᠠᠯᠳᠤᠭᠠᠨ ᠤ ᠲᠠᠭᠠᠳᠬᠠᠯ ᠢᠶᠠᠷ ᠨᠦᠬᠦᠪᠤᠷᠢᠯᠡᠭᠰᠡᠨ ᠲᠠᠭᠠᠳᠬᠠᠯ ᠤᠨ ᠲᠦᠷᠢᠮ ᠢ ᠪᠠᠶᠢᠭᠤᠯᠵᠤ᠂ | ᠲᠠᠵᠢᠬᠡᠨ ᠠᠷᠠᠴᠢᠯᠠᠬᠤ ᠲᠦᠭᠰᠢᠬᠦᠷᠢ ᠶᠢ ᠪᠠᠭᠠᠰᠬᠠᠨ᠎ᠠ᠃ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠢᠡᠵᠧᠨᠧᠷᠢᠩ | ᠬᠡᠷᠡᠭᠵᠢᠬᠦᠯᠤᠨ᠎ᠠ᠃ ᠤᠶᠤᠡᠳᠤ ᠮᠠᠯᠵᠢᠯ ᠤᠨ ᠲᠠᠯᠠᠪᠠᠢ ᠶᠢᠨ ᠲᠤᠷᠰᠢᠯᠳᠠ ᠶᠢᠨ ᠴᠡᠭ ᠤᠨ ᠲᠤᠷᠰᠢᠯᠭ᠎ᠠ ᠶᠢ | ᠲᠡᠯᠬᠡᠷᠡᠬᠦᠯᠵᠤ᠂ ᠦᠷ᠎ᠠ ᠠᠰᠢᠭ ᠶᠢ ᠲᠡᠬᠡᠭᠰᠢᠯᠡᠬᠦᠯᠬᠦ ᠶᠢᠨ ᠲᠤᠭᠤᠷᠢᠨ ᠳᠤ᠂ ᠰᠢᠡᠵᠢᠯᠡᠭᠡ ᠰᠤᠳᠤᠯᠭᠠᠨ ᠤ ᠰᠠᠯᠠᠭ᠎ᠠ | ᠮᠦᠴᠢᠷ᠂ ᠠᠵᠢᠯ ᠮᠡᠷᠬᠡᠵᠢᠯ ᠤᠨ ᠲᠡᠬᠡᠳᠤ ᠰᠤᠷᠭᠠᠭᠤᠯᠢ ᠲᠠᠢ ᠡᠬᠦᠯᠳᠡᠷ ᠰᠠᠶᠢᠵᠢᠷᠠᠭᠤᠯᠬᠤ᠂ ᠬᠡᠷᠡᠭᠯᠡᠬᠡᠨ ᠤ ᠮᠡᠷᠬᠡᠵᠢᠯ᠂ | ᠰᠢᠡᠵᠢᠯᠡᠬᠦ ᠤᠬᠠᠭᠠᠡᠴᠢ ᠪᠠᠷ ᠲᠡᠵᠢᠬᠡᠨ ᠠᠷᠠᠴᠢᠯᠠᠬᠤ ᠵᠡᠷᠬᠡ ᠲᠠᠯ᠎ᠠ ᠪᠠᠷ ᠬᠠᠮᠳᠤᠷᠠᠯᠴᠠᠭ᠎ᠠ ᠪᠠᠨ ᠴᠢᠩᠭᠠᠳᠬᠠᠨ᠎ᠠ᠃ ︽ | ᠤᠷᠢᠶᠠᠩᠬᠠᠢ ᠬᠤᠨᠢ︾ ︽ᠠᠪᠠᠭ᠎ᠠ ᠴᠡᠭᠡ︾ ᠶᠢ ᠠᠮᠢ ᠠᠬᠤᠢ ᠶᠢᠨ ᠪᠠᠶᠢᠭᠠᠯᠢᠯᠢᠭ ᠪᠦᠳᠦᠭᠡᠭᠳᠡᠬᠦᠨ ᠤ ᠬᠠᠮᠠᠭᠠᠯᠠᠯᠳᠠ | ᠪᠠ ᠤᠷᠭᠠᠨᠢᠭ ᠪᠦᠳᠤᠬᠡᠭᠳᠡᠬᠦᠨ ᠤ ᠵᠢᠱᠢᠶ᠎ᠠ ᠦᠵᠡᠬᠦᠯᠬᠦ ᠲᠤᠭᠤᠷᠢᠭ ᠢᠶᠠᠷ ᠡᠷᠠᠮᠠᠯᠵᠡᠯᠡᠬᠦ ᠠᠵᠢᠯ ᠢ ᠲᠦᠯᠬᠢᠨ | ᠠᠬᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠡᠯ ᠤᠨ ︽ᠤᠷᠢᠶᠠᠩᠬᠠᠢ ᠬᠤᠨᠢ︾ ᠳᠤ ᠤᠷᠭᠠᠨᠢᠭ ᠨᠤᠳᠠᠯᠠᠯᠳᠠ ᠬᠢᠬᠦ | ᠶᠢ ᠲᠠᠮᠵᠢᠵᠤ᠂ ᠮᠢᠬᠠᠨ ᠤ ᠬᠤᠨᠢᠨ ᠤ ᠪᠦᠬᠦ ᠠᠵᠤ ᠦᠢᠯᠡᠰ ᠤᠨ ᠮᠦᠷᠳᠡᠵᠤ ᠪᠤᠯᠬᠤᠶᠢᠴᠠ ᠲᠤᠭᠳᠠᠯᠴᠠᠭ᠎ᠠ ᠶᠢᠨ | ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠬᠢᠭᠤᠯᠣᠨ᠎ᠠ᠃ | ⒌ ᠰᠤᠶᠤᠯ ᠵᠤᠭᠠᠴᠠᠯ ᠤᠨ ᠦᠢᠯᠡᠰ ᠤᠨ ᠲᠠᠯ᠎ᠠ ᠪᠠᠷ᠄ 4 ᠭᠤᠤᠯᠳᠠᠯᠭᠠᠳᠤ ᠦᠵᠡᠮᠵᠢ ᠶᠢᠨ ᠲᠤᠭᠤᠷᠢᠭ ᠶᠢ | ᠴᠤᠭᠴᠠᠯᠠᠨ ᠪᠠᠶᠢᠭᠤᠯᠤᠨ᠎ᠠ᠃ ᠪᠡᠯᠬᠦᠳᠡᠢ ᠵᠢᠰᠠ ᠪᠠᠷ ᠭᠤᠤᠯᠳᠠᠯᠭ᠎ᠠ ᠪᠤᠯᠭᠠᠭᠰᠡᠨ ᠠᠪᠠᠭ᠎ᠠ ᠠᠶᠢᠮᠠᠭ ᠤᠨ ᠨᠠᠬᠦᠳᠠᠯ | ᠰᠤᠶᠤᠯ ᠤᠨ ᠠᠵᠤ ᠦᠢᠯᠡᠰ ᠤᠨ ᠲᠤᠭᠤᠷᠢᠭ᠂ ︽ᠤᠯᠠᠷᠢᠯ ᠤᠨ ᠴᠢᠨᠠᠷᠳᠠᠢ︾ ᠡᠮᠴᠢᠯᠡᠭᠡ ᠠᠰᠠᠷᠠᠮᠵᠢ ᠶᠢ | ᠤᠶᠠᠯᠳᠤᠭᠤᠯᠤᠭᠰᠡᠨ ᠡᠷᠡᠬᠦᠯᠵᠡᠯ ᠰᠤᠪᠢᠯᠠᠯᠳᠠ ᠶᠢᠨ ᠦᠢᠯᠡᠴᠢᠯᠡᠬᠡᠨ ᠤ ᠰᠠᠭᠤᠷᠢᠨ᠂ ᠦᠬᠡᠷᠡᠴᠢᠯᠡᠯᠳᠡ ᠶᠢᠨ | ᠬᠤᠰᠢᠭᠤᠴᠢ ᠲᠢᠩ᠂ ᠪᠠᠭᠠᠳᠤᠷ ᠤᠨ ᠲᠡᠷᠢᠬᠦᠨ ᠤ ᠦᠢᠯᠡ ᠠᠵᠢᠯᠯᠠᠭ᠎ᠠ ᠪᠠᠷ ᠭᠤᠤᠯᠳᠠᠯᠭ᠎ᠠ ᠪᠤᠯᠭᠠᠭᠰᠡᠨ ᠠᠮᠢ ᠠᠬᠤᠢ | ᠶᠢᠨ ᠪᠤᠯᠪᠠᠰᠤᠨ ᠤ ᠵᠢᠱᠢᠶ᠎ᠠ ᠦᠵᠡᠬᠦᠯᠬᠦ ᠬᠦᠮᠤᠵᠢᠯ ᠤᠨ ᠰᠠᠭᠤᠷᠢᠨ᠂ ᠴᠠᠭᠠᠡᠨᠠᠭᠤᠷ᠂ ᠠᠮᠢ ᠠᠬᠤᠢ ᠶᠢᠨ ᠡᠬᠢ | ᠪᠠᠶᠠᠯᠢᠭ ᠤᠨ ᠵᠤᠭᠠᠴᠠᠯ ᠤᠨ ᠲᠠᠸᠡᠷ ᠢᠶᠠᠷ ᠭᠤᠤᠯᠳᠠᠯᠭ᠎ᠠ ᠪᠤᠯᠭᠠᠭᠰᠡᠨ ᠵᠤᠭᠠᠴᠠᠯ ᠰᠤᠪᠢᠯᠠᠯᠳᠠ ᠵᠡᠷᠬᠡ ᠦᠡᠳᠤᠰᠤᠳᠠᠨ | ᠤ ᠰᠤᠶᠤᠯ ᠵᠤᠭᠠᠴᠠᠯ ᠤᠨ ᠲᠦᠷᠤᠯ ᠵᠥᠢᠯ ᠤᠨ ᠪᠦᠳᠤᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ 1 | ᠵᠤᠷᠪᠤᠰ ᠵᠤᠭᠠᠴᠠᠯ ᠤᠨ ᠵᠠᠮ ᠱᠤᠭᠤᠮ ᠨᠡᠬᠡᠬᠡᠵᠤ᠂ ᠲᠤᠷᠰᠢᠯᠳᠠ ᠴᠡᠭ ᠤᠨ ᠪᠠᠯᠭᠠᠰᠤᠨ ᠤ ᠠᠶᠢᠮᠠᠭ ᠤᠨ ᠵᠠᠬᠢᠷᠭᠠᠨ ᠤ | ᠰᠠᠭᠤᠭ᠎ᠠ ᠭᠠᠵᠡᠷ ᠰᠢᠯᠢ ᠶᠢᠨ ᠬᠤᠳᠠ ᠲᠠᠢ ᠬᠦᠷᠰᠢᠯᠠᠵᠤ ᠪᠠᠶᠢᠭ᠎ᠠ ᠤᠷᠤᠨ ᠪᠦᠰᠠ ᠶᠢᠨ ᠲᠠᠪᠠᠭᠤᠯᠢᠭ ᠢᠶᠠᠨ | ᠬᠦᠢᠴᠡᠳ ᠪᠠᠳᠠᠷᠠᠭᠤᠯᠵᠤ᠂ ᠰᠢᠯᠢ ᠶᠢᠨ ᠬᠤᠳᠠ — ᠬᠤᠩᠭᠤᠷᠭᠤᠤᠯ ᠦᠵᠡᠮᠵᠢ ᠶᠢᠨ ᠲᠤᠭᠤᠷᠢᠭ — | ᠴᠠᠭᠠᠡᠨᠠᠭᠤᠷ ᠦᠵᠡᠮᠵᠢ ᠶᠢᠨ ᠲᠤᠭᠤᠷᠢᠭ — ᠴᠢᠩᠬᠢᠰ ᠪᠤᠭᠳᠠ ᠠᠭᠤᠯᠠ ᠦᠵᠡᠮᠵᠢ ᠶᠢᠨ ᠲᠤᠭᠤᠷᠢᠭ — ᠰᠢᠯᠢ | ᠶᠢᠨ ᠬᠤᠳᠠ ᠶᠢᠨ ᠦᠵᠡᠮᠵᠢ ᠶᠢᠨ ᠱᠤᠭᠤᠮ ᠤᠨ ᠬᠡᠷ ᠪᠦᠯᠢ ᠶᠢᠨ ᠵᠤᠭᠠᠴᠠᠯ ᠤᠨ ᠲᠦᠯᠤᠪᠵᠢᠬᠦᠯᠬᠡ ᠬᠡᠷᠡᠭᠵᠢᠬᠦᠯᠵᠤ᠂ | ᠰᠢᠯᠢ ᠶᠢᠨ ᠭᠤᠤᠯ ᠤᠨ ᠮᠢᠩᠭᠠᠨ ᠭᠠᠵᠡᠷ ᠤᠨ ᠦᠵᠡᠮᠵᠢ ᠶᠢᠨ ᠵᠤᠭᠠᠴᠠᠯ ᠤᠨ ᠵᠠᠮ ᠱᠤᠭᠤᠮ ᠲᠠᠢ ᠢᠳᠡᠪᠬᠢᠳᠡᠢ | ᠠᠭᠤᠰᠤᠯᠴᠠᠭᠤᠯᠵᠤ᠂ ᠵᠤᠭᠠᠴᠠᠯ ᠤᠨ ᠬᠦᠭᠵᠢᠯᠳᠠ ᠶᠢ ᠲᠦᠷᠬᠡᠳᠬᠡᠨ᠎ᠠ᠃ ᠬᠠᠷ᠎ᠠ ᠠᠳᠤᠭᠤᠨ ᠰᠤᠶᠤᠯ ᠤᠨ ᠨᠠᠶᠢᠷ ᠪᠠ | ᠬᠦᠨᠵᠡᠪ ᠤᠪᠤᠭᠠᠨ ᠤ ᠲᠡᠬᠢᠯᠭ᠎ᠠ᠂ ᠴᠢᠩᠬᠢᠰ ᠪᠤᠭᠳᠠ ᠠᠭᠤᠯᠠ ᠶᠢᠨ ᠲᠠᠬᠢᠯᠭ᠎ᠠ᠂ ᠪᠡᠯᠬᠦᠳᠡᠢ ᠶᠢᠨ ᠲᠠᠬᠢᠯᠭ᠎ᠠ ᠵᠡᠷᠭᠡ | ᠭᠤᠷᠪᠡᠨ ᠶᠡᠭᠡ ᠲᠠᠬᠢᠯᠭ᠎ᠠ ᠶᠢᠨ ᠰᠤᠶᠤᠯ ᠤᠨ ᠠᠵᠢᠯᠯᠠᠭᠠᠨ ᠢ ᠰᠠᠶᠢᠳᠤᠷ ᠬᠢᠵᠤ᠂ ᠵᠤᠭᠠᠴᠠᠯ ᠤᠨ ᠦᠢᠯᠡᠰ ᠢ ᠦᠵᠡᠮᠵᠢ | ᠰᠤᠨᠢᠷᠬᠠᠬᠤ ᠠᠴᠠ ᠠᠮᠢ ᠠᠬᠤᠢ ᠶᠢᠨ ᠵᠤᠭᠠᠴᠠᠯ᠂ ᠪᠠᠶᠠᠴᠢᠯᠡᠭᠰᠡᠨ ᠵᠤᠭᠠᠴᠠᠯ᠂ ᠰᠤᠶᠤᠯ ᠤᠨ ᠵᠤᠭᠠᠴᠠᠯ᠂ ᠰᠤᠳᠤᠯᠭᠠᠨ | ᠤ ᠵᠤᠭᠠᠴᠠᠯ ᠵᠦᠭ ᠰᠢᠯᠵᠢᠬᠦ ᠶᠢ ᠠᠬᠢᠭᠤᠯᠤᠨ᠎ᠠ᠃ ᠰᠤᠶᠤᠯ ᠵᠤᠭᠠᠴᠠᠯ ᠠᠷᠠᠯᠵᠢᠶ᠎ᠠ ᠬᠤᠳᠠᠯᠳᠤᠭᠠᠨ ᠤ ᠲᠦᠷᠤᠯ ᠵᠥᠢᠯ | ᠢ ᠲᠠᠮᠵᠢᠨ᠎ᠠ᠃ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠬᠦᠡᠵᠡᠬᠡᠢ ᠠᠬᠢᠭᠤᠯᠵᠤ᠂ ᠦᠡᠳᠤᠰᠤᠳᠠᠨ ᠤ | ᠢᠳᠡᠬᠡᠨ ᠤᠮᠳᠠᠭᠠᠨ᠂ ᠦᠡᠳᠤᠰᠤᠳᠠᠨ ᠤ ᠬᠤᠪᠴᠠᠰᠤ ᠵᠠᠰᠠᠯ᠂ ᠦᠡᠳᠤᠰᠤᠳᠠᠨ ᠤ ᠭᠠᠷ ᠤᠷᠠᠯᠠᠯ ᠤᠨ | ᠪᠦᠳᠤᠬᠡᠭᠳᠡᠬᠦᠨ ᠵᠡᠷᠬᠡ ᠠᠵᠤ ᠦᠢᠯᠡᠰ ᠢ ᠶᠡᠬᠡᠪᠡᠷ ᠬᠦᠭᠵᠢᠬᠦᠯᠵᠤ᠂ ᠠᠵᠤ ᠦᠢᠯᠡᠰ ᠤᠨ ᠤᠯᠠᠨ ᠡᠰᠢᠵᠢᠭᠰᠡᠨ | ᠬᠦᠭᠵᠢᠯᠳᠠ ᠶᠢ ᠠᠬᠢᠭᠤᠯᠤᠨ᠎ᠠ᠃ | ︵ᠭᠤᠷᠪᠡ︶ ᠰᠤᠶᠤᠯ ᠢ ᠬᠦᠭᠵᠢᠬᠦᠯᠤᠨ ᠮᠠᠡᠳᠤᠭᠤᠯᠵᠤ᠂ ᠬᠦᠳᠡᠭᠡ ᠲᠤᠰᠬᠤᠨ ᠤ ᠪᠤᠯᠪᠠᠰᠤᠨ ᠢ ᠠᠬᠢᠭᠤᠯᠤᠨ᠎ᠠ᠃ | ⒈ ᠰᠢᠨ᠎ᠠ ᠴᠠᠭ ᠦᠶ᠎ᠠ ᠶᠢᠨ ᠮᠠᠯᠴᠢᠳ ᠤᠨ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠢᠡᠵᠧᠨᠧᠷᠢᠩ ᠬᠡᠷᠡᠭᠵᠢᠬᠦᠯᠤᠨ᠎ᠠ᠃ | ᠬᠦᠳᠡᠯᠤᠩᠬᠦᠢ ︽ᠰᠤᠶᠤᠯ ᠤᠨ ᠦᠢᠯᠡᠴᠢᠯᠡᠭᠡᠨ ᠤ ᠲᠡᠷᠬᠡ︾ ᠶᠢᠨ ᠬᠡᠯᠪᠡᠷᠢ ᠪᠠᠷ ᠲᠠᠮᠵᠢᠨ᠂ ᠪᠠᠯᠭᠠᠰᠤ᠂ ᠭᠠᠴᠠᠭ᠎ᠠ | ︽ᠰᠤᠷᠤᠯᠴᠠᠯᠭ᠎ᠠ ᠶᠢᠨ ᠲᠠᠶᠢᠯᠤᠮᠵᠢ︾ ᠶᠢ ᠲᠦᠬᠡᠬᠡᠮᠡᠯᠵᠢᠬᠦᠯᠬᠦ ᠶᠢ ᠪᠠᠶᠠᠯᠠᠬᠦᠯᠤᠨ᠎ᠠ᠃ ︽ᠮᠢᠩᠭᠠᠨ ᠲᠤᠰᠬᠤᠨ | ᠵᠢᠱᠢᠶ᠎ᠠ ᠦᠵᠡᠬᠦᠯᠵᠤ᠂ ᠲᠦᠮᠡᠨ ᠲᠤᠰᠬᠤᠨ ᠤ ᠠᠵᠢᠯᠯᠠᠭᠠᠨ︾ ᠢ ᠬᠦᠡᠵᠡᠬᠡᠢ ᠠᠬᠢᠭᠤᠯᠵᠤ᠂ ᠬᠤᠰᠢᠭᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠮᠠᠯᠴᠢᠳ ᠤᠨ ᠬᠡᠪ ᠪᠤᠯᠪᠠᠰᠤᠷᠠᠯ ᠢ ᠲᠡᠬᠡᠭᠰᠢᠯᠡᠬᠦᠯᠬᠦ ᠲᠦᠪᠯᠡᠷᠡᠬᠦᠯᠤᠨ | ᠤᠬᠠᠭᠤᠯᠬᠤ ᠪᠦᠯᠬᠦᠮ 1 ᠶᠢ ᠪᠠᠶᠢᠭᠤᠯᠵᠤ᠂ ᠤᠯᠠᠨ ᠲᠦᠮᠠᠡᠴᠢ ᠤᠶᠤᠨ ᠤ ᠪᠤᠯᠪᠠᠰᠤᠨ ᠢ ᠡᠬᠦᠳᠤᠨ ᠪᠠᠶᠢᠭᠤᠯᠬᠤ ᠶᠢ | ᠬᠦᠡᠵᠡᠬᠡᠶᠢᠷᠡᠬᠦᠯᠵᠤ᠂ ᠮᠠᠯᠴᠢᠨ ᠡᠷᠤᠬᠡ ᠶᠢᠨ ᠬᠡᠷ᠎ᠡ ᠤᠨ ᠬᠦᠮᠤᠵᠢᠯ ᠤᠨ ᠪᠠᠶᠢᠭᠤᠯᠤᠯᠳᠠ ᠶᠢ ᠠᠬᠢᠭᠤᠯᠤᠨ᠎ᠠ᠃ | ᠰᠢᠨ᠎ᠠ ᠴᠠᠭ ᠦᠶ᠎ᠠ ᠶᠢᠨ ᠰᠤᠶᠤᠯ ᠢᠶᠠᠷ ᠠᠷᠡᠳ ᠲᠤ ᠠᠰᠢᠭ ᠬᠦᠷᠳᠡᠬᠡᠬᠦ ᠢᠡᠵᠧᠨᠧᠷᠢᠩ ᠬᠡᠷᠡᠭᠵᠢᠬᠦᠯᠤᠨ᠎ᠠ᠃ | ᠨᠦᠬᠦᠴᠠᠯ ᠲᠠᠢ ᠪᠠᠯᠭᠠᠰᠤ ᠠᠵᠢᠯ ᠤᠨ ᠴᠢᠯᠤᠬᠡᠨ ᠤ ᠤᠯᠠᠭᠠᠡᠮᠦ᠋ᠴᠢᠷ ᠤᠨ ᠡᠩᠨᠡᠭᠡ 1 ᠶᠢ ᠪᠠᠶᠢᠭᠤᠯᠵᠤ᠂ | ︽ᠤᠯᠠᠭᠠᠡᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠠᠷᠡᠳ ᠤᠨ ᠲᠤᠮᠳᠠ ᠬᠦᠨᠵᠡᠭᠡᠶᠢᠷᠡᠨ᠂ ᠤᠯᠠᠨ | ᠲᠦᠮᠡᠨ ᠤ ᠰᠤᠶᠤᠯ ᠤᠨ ᠠᠵᠢᠯᠯᠠᠭ᠎ᠠ ᠶᠢ ᠪᠠᠶᠠᠯᠢᠭᠵᠢᠭᠤᠯᠵᠣ᠂ ᠮᠠᠯᠴᠢᠳ ᠤᠨ ᠬᠡᠷ ᠪᠦᠯᠢ ᠶᠢᠨ ᠨᠠᠶᠢᠷ ᠨᠠᠭᠠᠳᠤᠮ᠂ | ᠠᠳᠤᠭᠤᠨ ᠰᠤᠶᠤᠯ ᠤᠨ ᠨᠠᠶᠢᠷ ᠬᠢᠬᠦ ᠵᠡᠷᠬᠡ ᠤᠯᠠᠮᠵᠢᠯᠠᠯᠳᠤ ᠰᠤᠶᠤᠯ ᠤᠨ ᠠᠵᠢᠯᠯᠠᠭ᠎ᠠ ᠦᠷᠨᠢᠬᠦᠯᠬᠦ ᠶᠢ ᠲᠠᠳᠬᠦᠨ | ᠲᠠᠮᠵᠢᠨ᠎ᠠ᠃ ᠶᠠᠷᠤᠩᠬᠡᠶᠢᠯᠡᠭᠰᠡᠨ ᠴᠢᠨᠠᠷᠳᠡᠢ ᠰᠤᠶᠤᠯ ᠤᠨ ᠦᠢᠯᠡᠴᠢᠯᠡᠬᠡᠨ ᠤ ᠲᠦᠪ ᠤᠨ ᠪᠦᠳᠤᠬᠡᠨ ᠪᠠᠶᠢᠭᠤᠯᠤᠯᠳᠠ | ᠶᠢ ᠠᠬᠢᠭᠤᠯᠤᠨ᠂ ᠬᠤᠰᠢᠭᠤ ᠤᠯᠠᠨ ᠨᠠᠶᠢᠳᠠ ᠶᠢᠨ ᠵᠠᠭᠤᠴᠢᠯᠠᠭᠤᠷ ᠤᠨ ᠲᠦᠪ ᠤᠨ ᠭᠠᠴᠠᠭ᠎ᠠ᠂ ᠡᠷᠤᠬᠡ᠂ ᠤᠯᠠᠨ | ᠲᠦᠮᠡᠨ ᠳᠤ ᠬᠦᠷᠬᠦ ᠵᠠᠮ ᠢ ᠰᠢᠯᠤᠭᠤᠳᠬᠠᠨ᠎ᠠ᠃ | ︵ᠲᠦᠷᠪᠡ︶ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠶᠠᠷᠤᠩᠬᠡᠶᠢᠯᠡᠨ ᠵᠠᠰᠠᠨ ᠴᠡᠭᠴᠡᠯᠠᠨᠠ᠃ | ⒈ ᠦᠡᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠴᠢᠳᠠᠪᠬᠢ ᠶᠢ | ᠪᠠᠳᠠᠷᠠᠭᠤᠯᠤᠨ᠎ᠠ᠃ ᠨᠠᠮ ᠤᠨ ᠬᠡᠰᠢᠬᠦᠨ ᠤ ᠠᠯᠤᠰ ᠡᠵᠡᠮᠰᠢᠯᠳᠤ ᠰᠤᠷᠭᠠᠨ ᠬᠦᠮᠤᠵᠢᠯ ᠤᠨ ︽ᠲᠠᠪᠤ ᠶᠢ ᠮᠤᠩᠭᠤᠯ ᠬᠡᠷ | ᠲᠤ ᠤᠷᠤᠭᠤᠯᠬᠤ︾ ︽ᠰᠣᠷᠣᠯᠴᠠᠯᠠᠭᠠ ᠶᠢᠨ ᠬᠦᠴᠤᠷᠬᠡᠭ ᠤᠯᠤᠰ︾ ᠤᠨAPP᠂ ᠦᠡᠳᠤᠰᠤᠨ ᠱᠠᠳᠤᠨ ᠤ | ᠬᠢᠴᠢᠶᠠᠯ ᠤᠨ ᠲᠠᠶᠢᠯᠤᠮᠵᠢ ᠵᠡᠷᠬᠡ ᠵᠠᠭᠤᠴᠢᠯᠠᠭᠤᠷ ᠪᠠ ᠲᠠᠪᠴᠠᠩ ᠢ ᠠᠰᠢᠭᠯᠠᠨ᠂ ᠤᠯᠠᠨ ᠬᠡᠯᠪᠡᠷᠢ ᠮᠠᠶ᠋ᠢᠭ ᠤᠨ ᠨᠠᠮ | ᠤᠨ ᠪᠠᠶᠢᠭᠤᠯᠤᠯᠳᠠ ᠶᠢᠨ ᠠᠵᠢᠯᠯᠠᠭ᠎ᠠ ᠦᠷᠨᠢᠬᠦᠯᠤᠨ᠎ᠠ᠃ | ⒉ ᠵᠤᠬᠢᠶᠠᠨ ᠪᠠᠶᠢᠭᠤᠯᠤᠯᠳᠠ ᠶᠢᠨ ᠲᠤᠭᠳᠠᠯᠴᠠᠭ᠎ᠠ ᠶᠢ ᠲᠦᠷᠢᠮᠵᠢᠬᠦᠯᠦᠨ᠎ᠡ᠃ ︽ᠬᠠᠮᠳᠤᠷᠠᠭᠰᠡᠨ ᠨᠠᠮ ᠤᠨ | ᠪᠠᠶᠢᠭᠤᠯᠤᠯᠳᠠ︾ ᠶᠢᠨ ᠬᠡᠯᠪᠡᠷᠢ ᠶᠢ ᠲᠠᠯᠬᠡᠷᠡᠬᠦᠯᠵᠤ᠂ 2021 ᠤᠨ ᠪᠤᠯᠳᠠᠯ᠎ᠠ᠂ ︽ᠵᠤᠬᠢᠶᠠᠨ ᠪᠠᠶᠢᠭᠤᠯᠤᠯᠳᠠ | ᠬᠠᠮᠳᠤᠪᠠᠷ ᠪᠠᠶᠢᠭᠤᠯᠴᠠᠬᠤ᠂ ᠨᠠᠮ ᠤᠨ ᠬᠡᠰᠢᠬᠦᠨ ᠬᠠᠮᠳᠤᠪᠡᠷ ᠬᠠᠮᠢᠶᠠᠷᠬᠤ᠂ ᠠᠵᠢᠯᠯᠠᠭ᠎ᠠ ᠬᠠᠮᠳᠤᠪᠡᠷ ᠦᠷᠨᠢᠬᠦᠯᠬᠦ᠂ | ᠦᠢᠯᠡᠴᠢᠯᠡᠭᠡ ᠶᠢ ᠬᠠᠮᠳᠤᠪᠠᠷ ᠡᠳ᠋ᠯᠡᠬᠦ︾ ᠬᠡᠯᠪᠡᠷᠢ ᠶᠢᠨ ︽ᠬᠠᠮᠳᠤᠷᠠᠭᠰᠡᠨ ᠨᠠᠮ ᠤᠨ ᠪᠠᠶᠢᠭᠤᠯᠤᠯᠳᠠ︾ ᠶᠢᠨ | ᠵᠢᠱᠢᠶᠠᠴᠢ ᠲᠠᠭᠠᠭᠤᠯᠤᠭᠴᠢ ᠶᠢᠨ ᠦᠢᠯᠡᠳᠤᠯ ᠲᠠᠢ ᠨᠠᠮ ᠤᠨ ᠵᠤᠬᠢᠶᠠᠨ ᠪᠠᠶᠢᠭᠤᠯᠤᠯᠳᠠ ᠶᠢ 3 ᠪᠠᠶᠢᠭᠤᠯᠤᠨ᠎ᠠ᠃ | ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠬᠦᠮᠤᠵᠢᠯ ᠪᠤᠯᠪᠠᠰᠤᠷᠠᠯ ᠢ ᠰᠠᠶᠢᠳᠤᠷ ᠠᠳᠬᠤᠵᠤ᠂ ᠰᠢᠯᠢᠳᠡᠭ | ᠵᠢᠱᠢᠶᠠᠴᠢ ᠲᠠᠭᠠᠭᠤᠯᠤᠭᠴᠢ ᠶᠢᠨ ᠡᠩᠨᠡᠭᠡ ᠪᠠᠶᠢᠭᠤᠯᠤᠨ᠎ᠠ᠃ | ⒊ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠤᠨ ᠪᠤᠵᠠᠭᠠᠶᠢᠷᠠᠭᠤᠯᠤᠨ᠎ᠠ᠃ ᠤᠯᠠᠨ ᠬᠡᠯᠪᠡᠷᠢ ᠮᠠᠶ᠋ᠢᠭ | ᠤᠨ ᠪᠦᠳᠤᠮᠵᠢᠳᠡᠢ ᠠᠷᠭ᠎ᠠ ᠬᠡᠮᠵᠢᠶ᠎ᠠ ᠠᠪᠴᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢ | ᠠᠬᠢᠭᠤᠯᠤᠨ᠂ ᠨᠠᠩ ᠤᠯᠠᠨ ᠲᠦᠷᠤ ᠶᠢᠨ ᠪᠤᠳᠤᠯᠭ᠎ᠠ ᠪᠠ ᠪᠡᠯᠡ ᠮᠦᠩᠬᠦ ᠶᠢ ᠡᠷᠡᠮᠡᠯᠵᠡᠯᠡᠨ ᠤᠯᠵᠤ᠂ ᠭᠠᠴᠠᠭᠠᠨ | ᠪᠤᠯᠭᠠᠨ ᠬᠠᠮᠳᠤ ᠶᠢᠨ ᠠᠵᠤ ᠠᠬᠤᠢ ᠶᠢᠨ ᠲᠤᠭᠳᠠᠭᠤᠨ ᠤᠷᠤᠯᠭ᠎ᠠ ᠲᠠᠢ ᠪᠠᠶᠢᠬᠤ ᠶᠢ ᠪᠠᠶᠠᠯᠠᠬᠦᠯᠤᠨ᠎ᠠ᠃ | ⒋ ᠦᠡᠳᠤᠰᠤᠨ ᠱᠠᠳᠤᠨ ᠤ ᠵᠠᠰᠠᠨ ᠴᠡᠭᠴᠡᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠤᠨ᠎ᠠ᠃ ᠨᠠᠮ | ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠲᠤᠤᠷᠡᠬᠢ ᠦᠪᠡᠷ ᠢ ᠪᠠᠨ ᠵᠠᠰᠠᠬᠤ᠂ ᠬᠠᠤᠯᠢ ᠪᠠᠷ ᠵᠠᠰᠠᠬᠤ᠂ | ᠶᠤᠰᠤ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠭᠰᠡᠨ ᠮᠠᠯᠵᠢᠬᠤ ᠤᠷᠤᠨ ᠤ ᠨᠠᠶᠢᠬᠡᠮ ᠤᠨ ᠵᠠᠰᠠᠨ ᠴᠡᠭᠴᠡᠯᠡᠯᠳᠡ | ᠶᠢᠨ ᠲᠤᠭᠳᠠᠯᠴᠠᠭ᠎ᠠ ᠶᠢ ᠪᠠᠶᠢᠭᠤᠯᠵᠤ᠂ ᠭᠠᠴᠠᠭᠠᠨ ᠤ ᠶᠠᠪᠤᠳᠠᠯ ᠢ ᠢᠯᠠ ᠪᠤᠯᠭᠠᠬᠤ᠂ ᠨᠠᠷᠢᠨ ᠲᠠᠩᠰᠠ ᠨᠠᠶᠢᠳᠠᠯᠡᠬᠦ᠂ | ᠬᠡᠷ᠎ᠠ ᠶᠤᠰᠤᠭᠠᠷ ᠶᠠᠪᠤᠭᠳᠠᠭᠤᠯᠬᠤ ᠵᠡᠷᠬᠡ ᠬᠠᠮᠢᠶᠠᠷᠣᠯᠳᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠬᠤᠰᠢᠭᠤ | ᠪᠠᠯᠭᠠᠰᠤᠨ ᠤ ᠨᠠᠶᠢᠬᠡᠮ ᠤᠨ ᠬᠠᠮᠢᠶᠠᠷᠤᠯᠳᠠ ᠶᠢᠨ ᠵᠠᠰᠠᠨ ᠴᠡᠭᠴᠡᠯᠡᠯᠳᠡ ᠶᠢᠨ ᠶᠠᠷᠤᠩᠬᠡᠶᠢᠯᠡᠭᠰᠡᠨ ᠠᠵᠢᠯ ᠤᠨ ᠲᠦᠪ | ᠪᠠ ᠭᠠᠴᠠᠭᠠᠨ ᠤ ᠶᠠᠷᠤᠩᠬᠡᠶᠢᠯᠡᠭᠰᠡᠨ ᠵᠠᠰᠠᠨ ᠴᠡᠭᠴᠡᠯᠡᠯᠳᠡ ᠶᠢᠨ ᠦᠷᠳᠡᠭᠡᠨ ᠤ ᠪᠠᠶᠢᠭᠤᠯᠤᠯᠳᠠ ᠶᠢ ᠲᠦᠷᠢᠮᠵᠢᠬᠦᠯᠤᠨ᠂ | ᠦᠡᠳᠤᠰᠤᠨ ᠱᠠᠳᠤᠨ ᠤ ᠬᠠᠤᠯᠢᠵᠢᠭᠰᠡᠨ ᠵᠠᠰᠠᠨ ᠴᠡᠭᠴᠡᠯᠡᠯᠳᠡ ᠶᠢᠨ ᠠᠬᠢᠴᠠ ᠶᠢ ᠲᠦᠷᠬᠡᠳᠬᠡᠨ᠎ᠠ᠃ | ︵ᠲᠠᠪᠤ︶ ᠴᠢᠳᠠᠪᠤᠷᠢᠳᠠᠨ ᠢ ᠶᠡᠬᠡᠪᠡᠷ ᠬᠦᠮᠤᠵᠢᠬᠦᠯᠤᠨ᠂ ᠠᠮᠢᠵᠢᠷᠠᠯ ᠤᠨ ᠬᠦᠴᠤᠨ ᠢ ᠬᠦᠭᠵᠢᠶᠠᠡᠵᠢᠬᠦᠯᠤᠨᠠ᠃ | ⒈ ᠠᠵᠢᠯᠳᠠᠨ ᠡᠯᠰᠡᠬᠦ ᠵᠠᠮ ᠢ ᠦᠷᠬᠡᠳᠬᠡᠨ᠎ᠠ᠃ ᠲᠤᠷᠰᠢᠯᠳᠠ ᠶᠢᠨ ᠴᠡᠭ ᠤᠨ ᠬᠤᠰᠢᠭᠤᠨ ᠳᠤ ᠴᠢᠳᠠᠪᠤᠷᠢᠳᠠᠨ ᠢ | ᠤᠷᠢᠨ ᠤᠷᠤᠭᠤᠯᠬᠤ ᠡᠷᠬᠡ ᠶᠢ ᠴᠢᠷᠮᠠᠶᠢᠨ ᠤᠯᠵᠤ᠂ ᠤᠯᠠᠨ ᠠᠷᠭ᠎ᠠ ᠬᠡᠯᠪᠡᠷᠢ ᠪᠠᠷ ᠡᠯᠰᠡᠬᠦ ᠪᠤᠶᠤ ᠮᠠᠯ ᠠᠵᠤ ᠠᠬᠤᠢ | ᠶᠢᠨ ᠮᠠᠷᠬᠡᠵᠢᠯ᠂ ᠡᠮᠴᠢᠯᠡᠭᠡ ᠡᠷᠡᠬᠦᠯ ᠬᠠᠮᠠᠭᠠᠯᠠᠯ᠂ ᠰᠤᠷᠭᠠᠨ ᠬᠦᠮᠤᠵᠢᠯ᠂ ᠰᠤᠶᠤᠯ ᠵᠣᠭᠠᠴᠠᠯ᠂ ᠡᠯᠧᠺᠲᠷᠤᠨ | ᠬᠤᠳᠠᠯᠳᠤᠭ᠎ᠠ ᠵᠡᠷᠬᠡ ᠬᠦᠷᠢᠶ᠎ᠠ ᠬᠡᠪᠴᠢᠶᠠᠨ ᠤ ᠴᠢᠳᠠᠪᠤᠷᠢᠳᠠᠨ ᠢ ᠲᠤᠮᠢᠯᠠᠨ᠎ᠠ᠃ ︽ᠭᠤᠷᠪᠡ ᠶᠢ ᠲᠤᠰᠠᠯᠠᠨ᠂ ᠨᠢᠬᠡ ᠶᠢ | ᠲᠠᠮᠵᠢᠬᠦ︾ ᠲᠦᠯᠤᠪᠯᠡᠭᠡ ᠪᠠ ︽ᠨᠠᠶᠢᠬᠡᠮ ᠲᠤᠭᠤᠷᠢᠭ ᠤᠨ ᠠᠷᠡᠳ ᠤᠨ ᠠᠮᠢᠳᠤᠷᠠᠯ ᠤᠨ ᠰᠠᠶᠢᠨ ᠲᠤᠷᠠᠴᠤᠤᠯ︾ ᠤᠨ | ᠲᠦᠯᠤᠪᠯᠡᠭᠡ ᠪᠠᠷ ᠲᠡᠬᠡᠳᠤ ᠰᠤᠷᠭᠠᠭᠤᠯᠢ ᠠᠴᠠ ᠲᠡᠬᠦᠰᠦᠭᠰᠡᠳ ᠢ ᠡᠯᠰᠡᠬᠦ ᠳᠤ ᠪᠠᠨ ᠲᠤᠷᠰᠢᠯᠳᠠ ᠶᠢᠨ ᠴᠡᠭ ᠤᠨ | ᠭᠠᠵᠡᠷ ᠤᠷᠤᠨ ᠲᠠᠰᠢ ᠭᠤᠤᠯᠳᠠᠯᠭ᠎ᠠ ᠲᠠᠢ ᠬᠡᠯᠪᠡᠶᠢᠯᠬᠡᠨᠠ᠃ | ⒉ ᠴᠢᠳᠠᠪᠤᠷᠢᠳᠠᠨ ᠢ ᠬᠦᠮᠤᠵᠢᠬᠦᠯᠬᠦ ᠠᠵᠢᠯ ᠢ ᠴᠢᠩᠭᠠᠳᠬᠠᠨ᠎ᠠ᠃ ᠤᠯᠤᠰ᠂ ᠦᠪᠡᠷᠳᠡᠬᠡᠨ ᠵᠠᠰᠠᠬᠤ ᠤᠷᠤᠨ ᠠᠴᠠ | ᠴᠢᠳᠠᠪᠤᠷᠢᠳᠠᠨ ᠬᠦᠮᠤᠵᠢᠬᠦᠯᠬᠦ ᠲᠦᠷᠤᠯ ᠵᠥᠢᠯ ᠢᠳᠡᠪᠬᠢᠳᠡᠢ ᠭᠤᠶᠤᠴᠢᠯᠠᠨ᠂ ᠰᠢᠨ᠎ᠠ ᠴᠠᠭ ᠦᠶ᠎ᠠ ᠶᠢᠨ ᠰᠢᠨ᠎ᠠ | ᠮᠠᠯᠴᠢᠳ ᠬᠦᠮᠤᠵᠢᠬᠦᠯᠬᠦ ᠢᠡᠵᠧᠨᠧᠷᠢᠩ ᠢ ᠬᠡᠷᠡᠭᠵᠢᠬᠦᠯᠵᠤ᠂ ᠭᠠᠵᠡᠷ ᠤᠷᠤᠨ ᠤ ᠬᠢ ᠪᠠᠨ ᠴᠢᠳᠠᠪᠤᠷᠢᠳᠠᠨ ᠢ | ᠬᠦᠮᠤᠵᠢᠬᠦᠯᠬᠦ ᠠᠵᠢᠯ ᠢ ᠴᠢᠩᠭᠠᠳᠬᠠᠨ᠎ᠠ᠃ | ⒊ ᠠᠵᠢᠯᠳᠠᠨ ᠤ ᠶᠠᠪᠤᠳᠠᠯ ᠤᠨ ᠲᠦᠷᠢᠮ ᠢ ᠪᠦᠷᠢᠡᠰᠢᠬᠦᠯᠤᠨ᠎ᠠ᠃ ︽ᠭᠤᠷᠪᠡ ᠶᠢ ᠴᠢᠯᠤᠬᠡᠳᠡᠢ ᠲᠠᠯᠪᠢᠵᠤ᠂ ᠨᠢᠬᠡ ᠶᠢ | ᠵᠦᠪᠰᠢᠶᠠᠷᠡᠬᠦ︾ ︵ᠨᠠᠰᠤ᠂ ᠰᠤᠷᠤᠯᠭ᠎ᠠ ᠶᠢᠨ ᠨᠠᠮᠳᠠᠷ᠂ ᠲᠤᠰᠬᠠᠢ ᠮᠠᠷᠬᠡᠵᠢᠯ ᠤᠨ ᠱᠠᠭᠠᠷᠳᠠᠯᠭ᠎ᠠ ᠶᠢ ᠲᠤᠬᠢᠷᠠᠮᠵᠢᠳᠡᠢ | ᠴᠢᠯᠤᠬᠡᠳᠡᠢ ᠲᠠᠯᠪᠢᠵᠤ᠂ ᠡᠷᠤᠬᠡ ᠠᠮᠠ ᠢᠶᠠᠷ ᠬᠢᠵᠠᠭᠠᠷᠯᠠᠬᠤ ᠶᠢ ᠵᠦᠪᠰᠢᠶᠠᠷᠠᠨ᠎ᠠ︶ ᠲᠤᠬᠢᠷᠠᠭᠤᠯᠤᠯᠳᠠ ᠶᠢᠨ ᠶᠤᠰᠤᠭᠠᠷ | ᠂ ᠠᠵᠢᠯᠳᠠᠨ ᠡᠯᠰᠡᠬᠦ ᠨᠦᠬᠦᠴᠠᠯ ᠢ ᠲᠤᠬᠢᠷᠠᠮᠵᠢᠳᠡᠢ ᠲᠤᠬᠢᠷᠠᠭᠤᠯᠤᠨ᠂ ᠰᠢᠯᠭᠠᠯᠳᠠ ᠶᠢᠨ ᠬᠠᠷᠢᠴᠠᠯ ᠢ ᠵᠤᠬᠢᠰᠳᠡᠢ | ᠲᠤᠷᠤᠭᠰᠢᠯᠠᠭᠤᠯᠬᠤ ᠪᠤᠶᠤ ᠰᠢᠯᠭᠠᠯᠳᠠ ᠶᠢᠨ ᠬᠠᠷᠢᠴᠠᠯ ᠢ ᠦᠭᠡᠶᠢᠰᠭᠡᠨ᠂ ᠡᠯᠰᠡᠬᠦ ᠨᠦᠬᠦᠴᠠᠯ ᠢ ᠲᠤᠭᠳᠠᠭᠠᠵᠤ᠂ | ᠠᠵᠢᠯ ᠦᠢᠯᠡᠰ ᠤᠨ ᠪᠠᠶᠢᠭᠤᠯᠭ᠎ᠠ ᠶᠢᠨ ᠴᠢᠳᠠᠪᠤᠷᠢᠳᠠᠨ ᠡᠯᠰᠡᠬᠦ ᠠᠵᠢᠯ ᠢ ᠦᠷᠨᠢᠬᠦᠯᠤᠨ᠎ᠠ᠃ ᠮᠠᠷᠬᠡᠵᠢᠯ ᠤᠨ ᠴᠤᠯᠠ | ᠶᠢᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠤ᠂ ︽ᠬᠠᠨᠳᠤᠯᠭ᠎ᠠ ᠲᠠᠢ ᠦᠨᠡᠯᠡᠯᠳᠡ ᠬᠢᠵᠤ᠂ ᠬᠠᠨᠳᠤᠯᠭ᠎ᠠ ᠲᠠᠢ | ᠬᠡᠷᠡᠭᠯᠡᠬᠦ︾ ᠦᠨᠡᠯᠡᠨ ᠡᠯᠰᠡᠬᠦ ᠬᠠᠮᠢᠶᠠᠷᠤᠯᠳᠠ ᠶᠢᠨ ᠲᠦᠷᠢᠮ ᠢ ᠰᠦᠪᠡᠭᠴᠢᠯᠡᠨ ᠪᠠᠶᠢᠭᠤᠯᠵᠤ᠂ ᠲᠤᠷᠰᠢᠯᠳᠠ ᠶᠢᠨ ᠴᠡᠭ | ᠤᠨ ᠪᠠᠯᠭᠠᠰᠤᠨ ᠤ ᠨᠠᠶᠢᠳᠠ ᠶᠢᠨ ᠦᠮᠴᠢᠯᠠᠯ ᠤᠨ ᠪᠤᠰᠤ᠂ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠨᠠᠶᠢᠬᠡᠮ | ᠤᠨ ᠵᠤᠬᠢᠶᠠᠨ ᠪᠠᠶᠢᠭᠤᠯᠤᠯᠳᠠ ᠵᠡᠷᠬᠡ ᠶᠢ ᠵᠤᠬᠢᠶᠠᠨ ᠪᠠᠶᠢᠭᠤᠯᠵᠤ᠂ ᠲᠤᠰᠬᠠᠢ ᠮᠠᠷᠬᠡᠵᠢᠯ ᠤᠨ ᠠᠵᠢᠯ ᠤᠨ ᠠᠵᠢᠯᠳᠠᠨ | ᠪᠤᠯᠭᠠᠨ᠂ ᠭᠠᠵᠡᠷ ᠤᠷᠤᠨ ᠤ ᠤᠯᠠᠨ ᠨᠠᠶᠢᠳᠠ ᠶᠢᠨ ᠴᠢᠳᠠᠪᠤᠷᠢᠳᠠᠨ ᠤ ᠦᠢᠯᠡᠴᠢᠯᠡᠬᠡᠨ ᠤ ᠪᠠᠶᠢᠭᠤᠯᠤᠮᠵᠢ ᠪᠤᠶᠤ | ᠠᠵᠢᠯᠳᠠᠨ ᠪᠠ ᠬᠦᠮᠤᠨ ᠤ ᠬᠦᠴᠤᠨ ᠤ ᠡᠬᠢ ᠪᠠᠶᠠᠯᠢᠭ ᠤᠨ ᠪᠠᠳᠤᠯᠠᠭ᠎ᠠ ᠶᠢᠨ ᠰᠠᠯᠠᠭ᠎ᠠ ᠮᠦᠴᠢᠷ ᠢᠶᠠᠷ ᠲᠠᠮᠵᠢᠨ᠂ | ᠮᠠᠷᠬᠡᠵᠢᠯ ᠤᠨ ᠴᠣᠯᠠ ᠶᠢᠨ ᠬᠢᠨᠡᠨ ᠦᠨᠡᠯᠠᠯᠳᠠ ᠶᠢ ᠭᠤᠶᠤᠴᠢᠯᠠᠨ ᠮᠡᠳᠡᠬᠦᠯᠤᠨ᠎ᠠ᠃ | ︵ᠵᠢᠷᠭᠤᠭ᠎ᠠ︶ ᠰᠠᠭᠤᠷᠢ ᠪᠠᠨ ᠪᠠᠳᠤᠳᠬᠠᠨ᠂ ᠬᠦᠷᠤᠯᠴᠠᠬᠦ ᠦᠬᠡᠢ ᠪᠠᠨ ᠨᠦᠬᠦᠪᠤᠷᠢᠯᠡᠨ᠎ᠠ᠃ | ⒈ᠤᠯᠠᠨ ᠨᠠᠶᠢᠳᠠ ᠶᠢᠨ ᠦᠡᠳᠤᠰᠤᠨ ᠦᠢᠯᠡᠴᠢᠯᠡᠬᠡᠨ ᠤ ᠴᠢᠳᠠᠪᠬᠢ ᠶᠢᠨ ᠲᠡᠬᠡᠭᠰᠢᠯᠡᠯᠳᠡ ᠶᠢᠨ ᠢᠡᠵᠧᠨᠧᠷᠢᠩ ᠢ | ᠬᠡᠷᠡᠭᠵᠢᠬᠦᠯᠤᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ ᠶᠢᠨ | ᠲᠡᠬᠡᠭᠰᠢᠯᠠᠯᠳᠠ ᠶᠢᠨ ᠢᠡᠵᠧᠨᠧᠷᠢᠩ ᠢ ᠠᠬᠢᠭᠤᠯᠤᠨ᠎ᠠ᠃ ᠬᠤᠰᠢᠭᠤ ᠲᠠᠰ ᠤᠨ ᠤᠯᠤᠰ ᠤᠨ ᠡᠮᠨᠡᠯᠬᠡ ᠶᠢᠨ ᠬᠤᠷᠢᠶ᠎ᠠ | ᠪᠠᠷ ᠲᠤᠯᠤᠭᠠᠶᠢᠯᠠᠭᠴᠢ ᠪᠤᠯᠭᠠᠨ᠂ ᠰᠤᠮᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠠᠷ ᠵᠠᠩᠬᠢᠯᠠᠭ᠎ᠠ | ᠪᠤᠯᠭᠠᠵᠤ᠂ ᠭᠠᠴᠠᠭᠠᠨ ᠤ ᠡᠷᠡᠬᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠤᠯᠭᠠᠵᠤ᠂ ᠨᠠᠬᠦᠳᠠᠯ ᠡᠷᠡᠬᠦᠯ ᠬᠠᠮᠠᠭᠠᠯᠠᠯ | ᠤᠨ ᠦᠢᠯᠡᠴᠢᠯᠡᠬᠡᠨ ᠤ ᠲᠡᠷᠬᠡ ᠪᠠ ᠡᠷᠡᠬᠦᠯ ᠮᠠᠡᠳᠤ ᠶᠢᠨ ᠪᠠᠳᠤᠯᠠᠭ᠎ᠠ ᠶᠢᠨ ᠡᠮ ᠤᠨ ᠬᠠᠶᠢᠷᠴᠠᠭ ᠢᠶᠠᠷ | ᠨᠦᠬᠦᠪᠤᠷᠢᠯᠡᠭᠰᠡᠨ᠂ ︽ᠲᠤᠭᠳᠠᠮᠠᠯ ᠪᠠ ᠨᠡᠬᠦᠳᠠᠯ︾ ᠢ ᠤᠶᠠᠯᠳᠤᠭᠤᠯᠤᠭᠰᠡᠨ ᠦᠡᠳᠤᠰᠤᠨ ᠱᠠᠳᠤᠨ ᠤ ᠡᠷᠡᠬᠦᠯ | ᠬᠠᠮᠠᠭᠠᠯᠠᠯ ᠡᠷᠡᠬᠦᠯ ᠮᠠᠡᠳᠤ ᠶᠢᠨ ᠦᠢᠯᠡᠴᠢᠯᠡᠬᠡᠨ ᠤ ᠲᠤᠭᠳᠠᠯᠴᠠᠭ᠎ᠠ ᠶᠢ ᠦᠷᠬᠦᠯᠵᠢᠯᠡᠨ ᠪᠦᠷᠢᠡᠰᠢᠬᠦᠯᠤᠨ᠎ᠠ᠃ ᠢᠳᠡᠬᠡᠨ | ᠤ ᠠᠮᠤᠷ ᠲᠦᠪᠰᠢᠨ ᠤ ᠲᠦᠷᠬᠡᠨ ᠪᠠᠶᠢᠴᠠᠭᠠᠯᠳᠠ ᠶᠢᠨ ᠲᠡᠷᠬᠡ ᠶᠢ ᠲᠤᠬᠢᠷᠠᠭᠤᠯᠵᠤ᠂ ᠮᠠᠯᠴᠢᠨ ᠤᠯᠠᠨ ᠲᠦᠮᠡᠨ ᠤ | ᠢᠳᠡᠬᠡᠨ ᠤ ᠠᠮᠤᠷ ᠲᠦᠪᠰᠢᠨ ᠢ ᠦᠨᠡᠡᠬᠦ ᠪᠠᠳᠤᠯᠠᠨ᠎ᠠ᠃ | ⒉ ᠰᠠᠭᠤᠷᠢ ᠲᠦᠬᠦᠬᠡᠷᠤᠮᠵᠢ ᠪᠠᠨ ᠲᠡᠰ ᠲᠠᠪᠰᠢᠬᠦᠯᠤᠨ ᠦᠭᠡᠷᠡᠴᠢᠯᠡᠨ ᠰᠠᠶᠢᠵᠢᠷᠠᠭᠤᠯᠬᠤ ᠢᠡᠵᠧᠨᠧᠷᠢᠩ ᠢ | ᠬᠡᠷᠡᠭᠵᠢᠬᠦᠯᠤᠨ᠎ᠠ᠃ ᠤᠰᠤ ᠤᠮᠳᠠ ᠶᠢᠨ ᠠᠮᠤᠷ ᠲᠦᠪᠰᠢᠨ ᠢ ᠪᠠᠳᠤᠳᠬᠠᠨ ᠲᠡᠬᠡᠭᠰᠢᠯᠡᠬᠦᠯᠬᠦ ᠡᠷᠴᠢᠮ ᠢᠶᠠᠨ | ᠴᠢᠩᠭᠠᠳᠬᠠᠵᠤ᠂ 2021 ᠤᠨ ᠪᠤᠯᠬᠤ ᠳᠤ᠂ ᠲᠤᠷᠰᠢᠯᠳᠠ ᠶᠢᠨ ᠴᠡᠭ ᠤᠨ ᠭᠠᠴᠠᠭᠠᠨ ᠤ ᠮᠠᠯᠵᠢᠬᠤ ᠤᠷᠤᠨ ᠤ | ᠤᠰᠤ ᠤᠮᠳᠠ ᠢ ᠪᠦᠬᠦᠨ ᠢ ᠪᠠᠷᠢᠮᠵᠢᠶᠠᠨ ᠳᠤ ᠬᠦᠷᠬᠡᠨ᠎ᠠ᠃ ᠬᠦᠳᠡᠭᠡ ᠲᠤᠰᠬᠤᠨ ᠤ ᠴᠠᠬᠢᠯᠭᠠᠨ ᠲᠤᠤᠷ ᠤᠨ | ᠦᠬᠡᠷᠡᠴᠢᠯᠡᠯᠳᠡ ᠪᠠ ᠰᠢᠨ᠎ᠠ ᠡᠨᠧᠷᠬᠢ ᠶᠢᠨ ᠲᠡᠬᠡᠭᠰᠢᠯᠠᠯᠳᠠ ᠶᠢᠨ ᠢᠡᠵᠧᠨᠧᠷᠢᠩ ᠢ ᠬᠡᠷᠡᠭᠵᠢᠬᠦᠯᠵᠤ᠂ ᠬᠢᠯᠢ ᠬᠢᠵᠠᠭᠠᠷ | ᠤᠨ ᠮᠠᠯᠵᠢᠬᠤ ᠤᠷᠤᠨ ᠳᠤ ᠴᠠᠬᠢᠯᠭᠠᠨ ᠲᠤᠤᠷ ᠢ ᠪᠦᠷᠬᠦᠬᠦᠯᠬᠦ ᠨᠤᠷᠮ᠎ᠠ ᠢ ᠤᠯᠠᠮ ᠲᠡᠬᠡᠭᠰᠢᠯᠡᠬᠦᠯᠤᠨ᠂ ᠴᠠᠬᠢᠯᠭᠠᠨ | ᠨᠠᠪᠳᠠᠷᠠᠵᠤ ᠲᠠᠶᠢᠯᠬᠦ ᠦᠬᠡᠢ ᠮᠠᠯᠵᠢᠬᠤ ᠡᠷᠤᠬᠡ ᠳᠤ 2000 ᠸᠠᠲ ᠠᠴᠠ ᠲᠡᠬᠡᠭᠰᠢᠬᠢ ᠶᠢᠨ ᠨᠠᠷᠠ ᠰᠠᠯᠬᠢᠨ ᠤ | ᠬᠠᠪᠰᠤᠷᠭᠠᠭᠰᠡᠨ ᠲᠦᠬᠦᠬᠡᠷᠤᠮᠵᠢ ᠤᠭᠰᠠᠷᠠᠵᠤ ᠦᠭᠬᠦᠨ᠎ᠠ᠃ ︽ᠲᠦᠷᠪᠡᠨ ᠰᠠᠶᠢᠨ ᠭᠠᠴᠠᠭ᠎ᠠ ᠲᠤᠰᠬᠤᠨ ᠤ ᠵᠠᠮ︾ | ᠤᠨ ᠪᠠᠶᠢᠭᠤᠯᠤᠯᠳᠠ ᠶᠢᠨ ᠱᠠᠭᠠᠷᠳᠠᠯᠭ᠎ᠠ ᠶᠤᠰᠤᠭᠠᠷ ︽ᠭᠠᠳᠠᠭᠰᠢ ᠬᠤᠯᠪᠤᠯᠳᠤᠬᠤ᠂ ᠲᠤᠳᠤᠭᠠᠳᠤ ᠳᠤ ᠪᠠᠨ | ᠡᠷᠬᠢᠯᠳᠤᠬᠦ᠂ ᠵᠠᠩᠬᠢᠶᠠᠰᠤ ᠶᠢ ᠨᠠᠪᠳᠠᠷᠡᠬᠦᠯᠬᠦ︾ ᠵᠠᠰᠠᠮᠠᠯ ᠵᠠᠮ ᠤᠨ ᠵᠠᠮ ᠬᠠᠷᠢᠯᠴᠠᠭᠠᠨ ᠤ ᠵᠦᠬᠡᠬᠡᠪᠤᠷᠢ ᠶᠢᠨ | ᠦᠢᠯᠡᠴᠢᠯᠡᠬᠡᠨ ᠤ ᠲᠤᠭᠳᠠᠯᠴᠠᠭ᠎ᠠ ᠶᠢ ᠪᠠᠶᠢᠭᠤᠯᠤᠨ᠎ᠠ᠃ ᠷᠠᠳᠢᠣ᠋ ᠲᠧᠯᠸᠢᠰ᠂ ᠭᠠᠷ ᠤᠳᠠᠰᠤᠨ ᠤ ᠲᠤᠬᠢᠶ᠎ᠠ᠂ ᠭᠡᠷᠡᠯᠯᠢᠭ | ᠰᠢᠷᠬᠡᠭ ᠤᠨ ᠲᠤᠤᠷ ᠰᠦᠯᠵᠢᠶᠠᠨ ᠤ ︽ᠭᠤᠷᠪᠡᠨ ᠲᠤᠮᠤ ᠪᠦᠷᠬᠦᠬᠦᠯᠬᠦ ᠢᠡᠵᠧᠨᠧᠷᠢᠩ︾ ᠢ ᠪᠦᠬᠦ ᠲᠠᠯ᠎ᠠ ᠪᠠᠷ | ᠬᠡᠷᠡᠭᠵᠢᠬᠦᠯᠵᠤ᠂ ᠪᠦᠷᠬᠦᠬᠦᠯᠬᠦ ᠨᠤᠷᠮ᠎ᠠ ᠶᠢ ᠲᠡᠬᠡᠭᠰᠢᠯᠡᠬᠦᠯᠤᠨ᠂ ᠦᠷᠬᠡᠨ ᠤᠯᠠᠨ ᠮᠠᠯᠴᠢᠳ ᠤ ᠴᠢᠮᠡᠭᠡ ᠨᠡᠪᠳᠠᠷᠡᠬᠦᠯᠬᠡ | ᠶᠢᠨ ᠱᠠᠭᠠᠷᠳᠠᠯᠭ᠎ᠠ ᠶᠢ ᠦᠨᠡᠡᠬᠦ ᠬᠠᠩᠭᠠᠨ᠎ᠠ᠃ | ᠭᠤᠷᠪᠡ᠂ ᠬᠡᠷᠡᠭᠵᠢᠬᠦᠯᠬᠦ ᠠᠯᠬᠤᠮ ᠲᠠᠷᠠᠭ᠎ᠠ | ︵ᠨᠢᠬᠡ︶ 2019 ᠤᠨ᠃ ᠡᠯ᠎ᠠ ᠲᠦᠷᠤᠯ ᠤᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠦᠷᠢᠡᠰᠢᠬᠦᠯᠵᠤ᠂ | ᠡᠯ᠎ᠠ ᠲᠦᠷᠤᠯ ᠤᠨ ᠲᠤᠰᠬᠠᠢ ᠲᠦᠷᠤᠯ ᠤᠨ ᠲᠦᠯᠤᠪᠵᠢᠬᠦᠯᠬᠡ ᠪᠠ ᠲᠦᠰᠤᠯ ᠢ ᠲᠤᠭᠳᠠᠭᠠᠬᠤ ᠠᠵᠢᠯ ᠢ ᠰᠠᠶᠢᠳᠤᠷ | ᠬᠦᠢᠴᠡᠳᠬᠡᠨ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ 15 ᠭᠠᠴᠠᠭᠠᠨ ᠤ | 2019 ᠤᠨ —— 2021 ᠤᠨ ᠬᠦᠷᠳᠡᠯᠡᠬᠢ ᠪᠦᠳᠤᠬᠡᠨ ᠪᠠᠶᠢᠭᠤᠯᠤᠯᠳᠠ ᠶᠢᠨ ᠨᠠᠷᠢᠨ ᠲᠦᠯᠤᠪᠵᠢᠬᠦᠯᠬᠡ | ᠶᠢ ᠨᠠᠶᠢᠷᠠᠭᠤᠯᠵᠤ᠂ ᠵᠢᠯ ᠤᠨ ᠡᠬᠢᠨ ᠳᠤ ᠲᠤᠭᠳᠠᠭᠠᠭᠰᠡᠨ ᠡᠯ᠎ᠠ ᠲᠦᠷᠤᠯ ᠤᠨ ᠠᠵᠢᠯ ᠢᠶᠠᠨ ᠰᠠᠶᠢᠳᠤᠷ | ᠨᠠᠶᠢᠳᠠᠪᠤᠷᠢᠵᠢᠭᠤᠯᠤᠨ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠢ ᠠᠵᠢᠯ ᠢ | ᠡᠬᠢᠯᠡᠬᠦᠯᠬᠦ ᠳᠤ ᠪᠠᠳᠤ ᠪᠠᠬᠢ ᠰᠠᠭᠤᠷᠢ ᠲᠠᠯᠪᠢᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠪᠠᠷ | ᠪᠠᠯᠴᠢᠬᠡᠷᠯᠡᠬᠦᠯᠬᠦ ᠶᠢ ᠵᠤᠭᠰᠤᠭᠠᠬᠤ ᠪᠠ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠬᠤ ᠲᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠳᠠᠬᠢ ᠪᠠᠯᠴᠢᠬᠡᠷ ᠰᠡᠯᠬᠦᠬᠡᠬᠦ | ᠠᠵᠢᠯ ᠢ ᠰᠠᠶᠢᠳᠤᠷ ᠬᠢᠵᠤ᠂ ᠡᠯ᠎ᠠ ᠲᠦᠷᠤᠯ ᠤᠨ ᠠᠮᠢ ᠠᠬᠤᠢ ᠶᠢᠨ ᠵᠠᠰᠠᠨ ᠴᠡᠭᠴᠡᠯᠡᠯᠳᠡ ᠶᠢᠨ ᠢᠡᠵᠧᠨᠧᠷᠢᠩ ᠢ | ᠰᠠᠶᠢᠳᠤᠷ ᠨᠠᠶᠢᠳᠠᠪᠤᠷᠢᠵᠢᠭᠤᠯᠤᠨ᠂ ᠲᠤᠭᠤᠷᠢᠭ ᠬᠤᠪᠢᠶᠠᠨ ᠰᠠᠯᠬᠦᠨ ᠮᠠᠯᠵᠢᠬᠤ᠂ ᠠᠮᠢ ᠠᠬᠤᠢ ᠶᠢᠨ ᠬᠡᠷ ᠪᠦᠯᠢ ᠶᠢᠨ | ᠮᠠᠯᠵᠢᠯ ᠤᠨ ᠲᠠᠯᠠᠪᠤᠷ ᠤᠨ ᠲᠦᠯᠤᠪᠯᠡᠭᠡ ᠶᠢ ᠲᠤᠭᠳᠠᠭᠠᠨ᠎ᠠ᠃ ᠠᠵᠤ ᠦᠢᠯᠡᠰ ᠤᠨ ᠬᠦᠭᠵᠢᠯᠳᠠ ᠶᠢᠨ ᠲᠠᠯ᠎ᠠ ᠪᠠᠷ᠂ | ᠲᠤᠷᠰᠢᠯᠳᠠ ᠶᠢᠨ ᠴᠡᠭ ᠤᠨ ᠭᠠᠴᠠᠭ᠎ᠠ ᠪᠠᠷ ᠠᠵᠤ ᠦᠢᠯᠡᠰ ᠤᠨ ᠬᠦᠭᠵᠢᠯᠳᠠ ᠶᠢ ᠲᠠᠭᠠᠭᠤᠯᠬᠤ ᠲᠦᠯᠤᠪᠵᠢᠬᠦᠯᠬᠡ ᠶᠢ | ᠲᠤᠭᠳᠠᠭᠠᠵᠤ᠂ ᠮᠢᠬᠠᠨ ᠤ ᠬᠤᠨᠢᠨ ᠤ ᠬᠡᠪᠴᠢᠶᠡᠵᠢᠭᠰᠡᠨ ᠠᠷᠠᠴᠢᠯᠠᠭ᠎ᠠ ᠲᠡᠵᠢᠬᠡᠯᠬᠡ ᠶᠢᠨ ᠰᠠᠭᠤᠷᠢᠨ ᠭᠠᠵᠡᠷ᠂ | ᠰᠢᠯᠢᠳᠡᠭ ᠡᠬᠦᠯᠳᠡᠷ ᠤᠨ ᠦᠬᠡᠷ ᠢ ᠭᠠᠳᠠᠭᠰᠢ ᠪᠤᠷᠤᠯᠠᠭᠤᠯᠬᠤ ᠰᠠᠭᠤᠷᠢᠨ ᠭᠠᠵᠡᠷ᠂ ᠤᠷᠢᠶᠠᠩᠬᠠᠨ ᠮᠢᠬᠠᠨ ᠤ ᠬᠤᠨᠢᠨ | ᠤ ᠡᠬᠦᠯᠳᠡᠷ ᠢ ᠬᠠᠮᠠᠭᠠᠯᠠᠬᠤ ᠰᠠᠭᠤᠷᠢᠨ ᠭᠠᠵᠡᠷ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠰᠠᠭᠤᠷᠢᠨ ᠭᠠᠵᠡᠷ | ᠤᠨ ᠲᠦᠯᠤᠪᠵᠢᠬᠦᠯᠬᠡ ᠶᠢ ᠨᠠᠶᠢᠷᠠᠭᠤᠯᠵᠤ᠂ ᠠᠮᠢ ᠠᠬᠤᠢ ᠶᠢᠨ ᠵᠣᠭᠠᠴᠠᠯ ᠰᠤᠪᠢᠯᠠᠯᠳᠠ ᠶᠢᠨ ᠰᠠᠭᠤᠷᠢᠨ ᠭᠠᠵᠡᠷ ᠤᠨ | ᠬᠦᠭᠵᠢᠯᠳᠠ ᠶᠢᠨ ᠲᠦᠯᠤᠪᠵᠢᠬᠦᠯᠬᠡ ᠶᠢ ᠨᠠᠶᠢᠷᠠᠭᠤᠯᠤᠨ᠎ᠠ᠃ ᠰᠤᠶᠤᠯ ᠤᠨ ᠪᠠᠶᠢᠭᠤᠯᠤᠯᠳᠠ ᠶᠢᠨ ᠲᠠᠯ᠎ᠠ ᠪᠠᠷ᠂ ︽ | ᠠᠪᠠᠭ᠎ᠠ ᠬᠤᠰᠢᠭᠤᠨ ᠤ ᠮᠠᠯᠴᠢᠳ ᠤᠨ ᠬᠡᠪ ᠴᠢᠨᠠᠷ ᠢ ᠲᠡᠬᠡᠭᠰᠢᠯᠡᠬᠦᠯᠬᠦ ︵ ᠮᠢᠩᠭᠠᠨ ᠲᠤᠰᠬᠤᠨ ᠢᠶᠠᠷ ᠲᠠᠶᠢᠴᠢᠯᠠᠨ | ᠲᠠᠭᠠᠭᠤᠯᠵᠤ᠂ ᠲᠦᠮᠡᠨ ᠲᠤᠰᠬᠤᠨ ᠢᠶᠠᠷ ᠢᠶᠠᠨ ᠬᠦᠳᠡᠯᠤᠯᠴᠠᠬᠦ︶ ᠠᠵᠢᠯ ᠤᠨ ᠲᠦᠰᠤᠯ︾ ᠪᠠ ︽ᠠᠪᠠᠭ᠎ᠠ | ᠬᠤᠰᠢᠭᠤᠨ ᠤ ᠰᠢᠨ᠎ᠠ ᠴᠠᠭ ᠦᠶ᠎ᠠ ᠶᠢᠨ ᠪᠤᠯᠪᠠᠰᠤᠨ ᠤ ᠦᠢᠯᠡᠳᠤᠯᠬᠡ ᠶᠢᠨ ᠲᠦᠪ ᠤᠨ ᠪᠠᠶᠢᠭᠤᠯᠤᠯᠳᠠ ᠶᠢᠨ ᠠᠵᠢᠯ | ᠤᠨ ᠲᠦᠰᠤᠯ︾ ᠢ ᠲᠤᠭᠳᠠᠭᠠᠨ᠎ᠠ᠃ ᠵᠤᠬᠢᠶᠠᠨ ᠪᠠᠶᠢᠭᠤᠯᠤᠯᠳᠠ ᠶᠢᠨ ᠲᠠᠯ᠎ᠠ ᠪᠠᠷ᠂ ︽ᠨᠠᠮ ᠤᠨ ᠡᠬᠦᠷ ᠤᠨ ᠭᠤᠤᠯ | ᠰᠠᠳᠤᠪᠳᠤ ᠨᠠᠮ ᠤᠨ ᠡᠳᠤᠷ ᠤᠨ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠬᠡᠷᠡᠭᠵᠢᠬᠦᠯᠬᠦ | ᠲᠦᠰᠤᠯ︾ ᠪᠠ ︽ᠪᠠᠷᠢᠮᠵᠢᠶᠠᠵᠢᠭᠰᠡᠨ᠂ ᠲᠦᠷᠢᠮᠵᠢᠭᠰᠡᠨ᠂ ᠤᠡᠴᠠᠯᠢᠭᠳᠤ ᠪᠠᠶᠢᠭᠤᠯᠤᠯᠳᠠ ᠶᠢ ᠲᠡᠯᠬᠡᠷᠡᠬᠦᠯᠵᠤ᠂ | ᠰᠢᠨ᠎ᠠ ᠴᠠᠭ ᠦᠶ᠎ᠠ ᠶᠢᠨ ᠮᠠᠯᠵᠢᠬᠤ ᠤᠷᠤᠨ ᠦᠡᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠢᠡᠵᠧᠨᠧᠷᠢᠩ ᠢ ᠦᠷᠨᠢᠬᠦᠯᠬᠦ ᠲᠤᠬᠠᠢ ᠬᠡᠷᠡᠭᠵᠢᠬᠦᠯᠬᠦ ᠲᠦᠰᠤᠯ︾ ᠢ | ᠲᠤᠭᠳᠠᠭᠠᠨ᠎ᠠ᠃ ᠴᠢᠳᠠᠪᠤᠷᠢᠳᠠᠨ ᠤ ᠪᠠᠶᠢᠭᠤᠯᠤᠯᠳᠠ ᠶᠢᠨ ᠲᠠᠯ᠎ᠠ ᠪᠠᠷ᠂ ︽ᠭᠤᠷᠪᠡ ᠶᠢ ᠴᠢᠯᠤᠬᠡᠳᠡᠢ ᠲᠠᠯᠪᠢᠵᠣ᠂ ᠨᠢᠬᠡ | ᠶᠢ ᠵᠦᠪᠰᠢᠶᠠᠷᠡᠬᠦ︾ ᠲᠤᠬᠢᠷᠠᠭᠤᠯᠤᠯᠳᠠ ᠶᠢᠨ ᠶᠤᠰᠤᠭᠠᠷ ᠨᠠᠶᠢᠬᠡᠮ ᠨᠠᠶᠢᠳᠠ ᠠᠴᠠ ᠬᠡᠷᠡᠭᠴᠡᠭᠡ ᠲᠠᠢ ᠴᠢᠳᠠᠪᠤᠷᠢᠳᠠᠨ | ᠢᠶᠠᠨ ᠢᠯᠠ ᠪᠠᠷ ᠡᠯᠰᠡᠨ᠎ᠠ᠃ ᠰᠠᠭᠤᠷᠢᠯᠠᠭᠴᠢ ᠢᠡᠵᠧᠨᠧᠷᠢᠩ ᠤᠨ ᠲᠠᠯ᠎ᠠ ᠪᠠᠷ᠂ ᠤᠰᠤ ᠴᠠᠬᠢᠯᠭᠠᠨ ᠵᠠᠮ ᠨᠠᠪᠳᠠᠷᠠᠬᠦᠯᠭᠡ | ᠂ ᠮᠠᠯ ᠠᠵᠤ ᠠᠬᠤᠢ ᠶᠢᠨ ᠦᠢᠯᠡᠳᠪᠤᠷᠢᠯᠡᠯ᠂ ᠣᠯᠠᠨ ᠨᠠᠶᠢᠳᠠ ᠶᠢᠨ ᠦᠢᠯᠡᠴᠢᠯᠡᠭᠡ᠂ ᠤᠷᠤᠰᠢᠨ ᠰᠠᠭᠤᠷᠢᠰᠢᠬᠤ | ᠤᠷᠴᠢᠨ ᠵᠡᠷᠬᠡ ᠰᠠᠭᠤᠷᠢ ᠲᠦᠬᠦᠬᠡᠷᠤᠮᠵᠢ ᠶᠢᠨ ᠪᠠᠶᠢᠳᠠᠯ ᠳᠤ ᠪᠠᠶᠢᠴᠠᠭᠠᠯᠳᠠ ᠬᠢᠵᠤ᠂ ᠦᠪᠡᠷᠳᠡᠬᠡᠨ ᠵᠠᠰᠠᠬᠤ ᠤᠷᠤᠨ | ᠤ ᠬᠠᠮᠢᠶ᠎ᠠ ᠪᠦᠬᠦᠢ ᠲᠢᠩᠬᠢᠮ ᠲᠤᠪᠴᠢᠶ᠎ᠠ ᠲᠠᠢ ᠢᠳᠡᠪᠬᠢᠳᠡᠢ ᠬᠠᠷᠢᠴᠠᠨ ᠵᠤᠯᠭᠠᠯᠳᠤᠭᠤᠯᠵᠤ᠂ ᠪᠦᠬᠦ ᠤᠷᠤᠨ ᠤ | 2020 ᠤᠨ ᠪᠠ 2021 ᠤᠨ ᠤ ᠲᠦᠷᠤᠯ ᠵᠥᠢᠯ ᠤᠨ ᠪᠠᠶᠢᠭᠤᠯᠤᠯᠳᠠ ᠶᠢᠨ ᠲᠦᠯᠤᠪᠯᠡᠭᠡ ᠳᠤ ᠵᠢᠭᠰᠠᠭᠠᠭᠳᠠᠬᠤ | ᠪᠠᠷ ᠴᠢᠷᠮᠠᠶᠢᠨ᠎ᠠ᠃ | ︵ᠬᠤᠶᠡᠷ︶ 2020 ᠤᠨ᠃ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠲᠦᠰᠤᠯ | ᠳᠠᠬᠢ ᠠᠮᠢ ᠠᠬᠤᠢ᠂ ᠠᠵᠤ ᠦᠢᠯᠡᠰ᠂ ᠰᠤᠶᠤᠯ᠂ ᠵᠤᠬᠢᠶᠠᠨ ᠪᠠᠶᠢᠭᠤᠯᠤᠯᠳᠠ᠂ ᠴᠢᠳᠠᠪᠤᠷᠢᠳᠠᠨ᠂ ᠠᠷᠡᠳ ᠤᠨ | ᠠᠮᠢᠳᠤᠷᠡᠯ ᠵᠡᠷᠬᠡ ᠡᠯ᠎ᠠ ᠲᠦᠷᠤᠯ ᠤᠨ ᠡᠬᠦᠷᠬᠡ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠩᠬ᠎ᠠ ᠠᠯᠬᠤᠮ ᠤᠨ | ᠦᠷ᠎ᠠ ᠪᠦᠳᠤᠮᠵᠢ ᠲᠠᠢ ᠪᠤᠯᠭᠠᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠲᠠᠯ᠎ᠠ ᠪᠠᠷ᠄ ᠤᠯᠤᠰ᠂ ᠦᠪᠡᠷᠳᠡᠬᠡᠨ | ᠵᠠᠰᠠᠬᠤ ᠤᠷᠤᠨ ᠤ ᠡᠯ᠎ᠠ ᠲᠦᠷᠤᠯ ᠤᠨ ᠠᠮᠢ ᠠᠬᠤᠢ ᠶᠢᠨ ᠵᠠᠰᠠᠨ ᠴᠡᠭᠴᠡᠯᠡᠯᠳᠡ ᠶᠢᠨ ᠢᠡᠵᠧᠨᠧᠷᠢᠩ ᠢ | ᠦᠷᠬᠦᠯᠵᠢᠯᠡᠨ ᠨᠠᠶᠢᠳᠠᠪᠤᠷᠢᠵᠢᠭᠤᠯᠤᠨ᠎ᠠ᠃ ᠬᠠᠪᠤᠷ ᠤᠨ ᠤᠯᠠᠷᠢᠯ ᠤᠨ ᠨᠤᠭᠤᠭ᠎ᠠ ᠭᠠᠷᠬᠤ ᠬᠤᠭᠤᠴᠠᠭᠠᠨ ᠤ ᠪᠠᠯᠴᠢᠬᠡᠷ | ᠰᠡᠯᠬᠦᠬᠡᠬᠦ ᠠᠵᠢᠯ ᠢ ᠦᠷᠬᠦᠯᠵᠢᠯᠡᠨ ᠰᠠᠶᠢᠳᠤᠷ ᠬᠢᠨ᠎ᠠ᠃ ᠲᠤᠭᠤᠷᠢᠭ ᠬᠤᠪᠢᠶᠠᠨ ᠰᠠᠯᠬᠦᠨ ᠮᠠᠯᠵᠢᠬᠤ ᠠᠵᠢᠯ ᠢ | ᠶᠠᠪᠤᠭᠳᠠᠭᠤᠯᠵᠤ᠂ ᠨᠢᠬᠡ ᠪᠦᠯᠦᠭ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠶᠢ ᠴᠤᠭᠴᠠᠯᠠᠨ᠎ᠠ᠃ | ᠲᠠᠯ᠎ᠠ ᠨᠤᠳᠤᠭ ᠤᠨ ᠠᠮᠢ ᠠᠬᠤᠢ ᠶᠢᠨ ᠬᠢᠨᠡᠨ ᠬᠠᠮᠢᠶᠠᠷᠤᠯᠳᠠ ᠶᠢᠨ ᠠᠵᠢᠯ ᠢ ᠰᠢᠨ᠎ᠠ ᠦᠷ᠎ᠠ ᠪᠦᠳᠤᠮᠵᠢ ᠲᠠᠢ ᠪᠤᠯᠭᠠᠨ | ᠂ ᠠᠮᠢ ᠠᠬᠤᠢ ᠶᠢᠨ ᠪᠤᠯᠪᠠᠰᠤᠨ ᠤ ᠲᠠᠩᠰᠠ ᠡᠪᠬᠡᠮᠡᠯ ᠢ ᠠᠩᠬ᠎ᠠ ᠠᠯᠬᠤᠮ ᠪᠠᠶᠢᠭᠤᠯᠤᠨ᠎ᠠ᠃ ᠠᠵᠤ ᠦᠢᠯᠡᠰ ᠤᠨ | ᠬᠦᠭᠵᠢᠯᠳᠠ ᠶᠢᠨ ᠲᠠᠯ᠎ᠠ ᠪᠠᠷ᠄ ᠭᠠᠵᠡᠷ ᠤᠷᠤᠨ ᠳᠤ ᠪᠠᠨ ᠵᠤᠬᠢᠴᠠᠭᠰᠡᠨ ᠭᠤᠤᠯᠯᠠᠭᠴᠢ ᠦᠢᠯᠡᠰ ᠢ ᠴᠤᠭᠴᠠᠯᠠᠵᠤ᠂ | ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠡᠯ ᠤᠨ ᠦᠬᠡᠷᠡᠴᠢᠯᠡᠯᠳᠡ ᠶᠢᠨ ᠲᠡᠰ | ᠲᠠᠪᠰᠢᠬᠦᠯᠬᠦ ᠠᠵᠢᠯ ᠢ ᠲᠠᠭᠤᠰᠬᠠᠨ᠂ ᠮᠠᠯ ᠤᠨ ᠶᠠᠰᠤ ᠬᠡᠳᠡᠰᠤ ᠲᠤᠳᠤᠷ ᠪᠠ ᠤᠷᠭᠠᠨᠢᠭ ᠪᠤᠷᠳᠤᠭᠤᠷ ᠢ ᠨᠠᠷᠢᠯᠢᠭ | ᠡᠳ᠋ᠰᠢᠬᠦᠯᠬᠦ ᠠᠵᠤ ᠠᠬᠤᠶᠢᠯᠡᠯ ᠢ ᠤᠷᠤᠭᠤᠯᠤᠨ᠎ᠠ᠃ ᠮᠠᠯ ᠠᠵᠤ ᠠᠬᠤᠢ ᠶᠢᠨ ᠰᠠᠭᠤᠷᠢ ᠲᠦᠬᠦᠬᠡᠷᠤᠮᠵᠢ ᠶᠢ | ᠰᠠᠶᠢᠵᠢᠷᠠᠭᠤᠯᠬᠤ᠂ ᠲᠠᠵᠢᠬᠡᠯ ᠡᠪᠡᠰᠤ ᠪᠤᠷᠳᠤᠭᠠᠨ ᠤ ᠪᠠᠳᠤᠯᠠᠭ᠎ᠠ᠂ ᠨᠠᠶᠢᠬᠡᠮᠴᠢᠯᠡᠭᠰᠡᠨ ᠦᠢᠯᠡᠴᠢᠯᠡᠭᠡ᠂ ᠮᠦᠩᠬᠦᠨ | ᠬᠦᠢᠯᠬᠡᠬᠡ ᠪᠠᠷ ᠮᠠᠯᠴᠢᠳ ᠲᠤ ᠠᠰᠢᠭ ᠬᠦᠷᠳᠡᠬᠡᠬᠦ᠂ ᠴᠢᠨᠠᠷ ᠴᠢᠡᠰᠠᠭ᠎ᠠ ᠶᠢ ᠲᠡᠬᠡᠭᠰᠢᠯᠡᠬᠦᠯᠬᠦ ᠢᠡᠵᠧᠨᠧᠷᠢᠩ ᠢ | ᠬᠡᠷᠡᠭᠵᠢᠬᠦᠯᠵᠤ᠂ ᠮᠠᠯ ᠠᠵᠤ ᠠᠬᠤᠢ ᠶᠢᠨ ᠬᠦᠭᠵᠢᠯᠳᠠ ᠶᠢᠨ ᠪᠠᠳᠤᠯᠠᠭ᠎ᠠ ᠶᠢᠨ ᠠᠷᠭ᠎ᠠ ᠬᠡᠮᠵᠢᠶ᠎ᠠ ᠶᠢ ᠪᠦᠷᠢᠡᠰᠢᠬᠦᠯᠤᠨ᠎ᠠ | ᠃ ᠭᠤᠷᠪᠠᠳᠤᠭᠠᠷ ᠲᠠᠯ᠎ᠠ ᠶᠢᠨ ᠪᠤᠳᠠᠰ ᠤᠨ ᠬᠦᠢᠯᠬᠡᠬᠡᠨ ᠤ ᠠᠵᠤ ᠠᠬᠤᠶᠢᠯᠡᠯ ᠢ ᠤᠷᠢᠨ ᠤᠷᠤᠭᠤᠯᠵᠤ᠂ ᠬᠦᠢᠳᠡᠨ | ᠬᠦᠮᠤᠷᠬᠡ ᠶᠢᠨ ᠬᠡᠯᠬᠢᠶᠠᠵᠢᠯ ᠤᠨ ᠪᠠᠷᠢᠮᠵᠢᠶᠠᠵᠢᠭᠰᠡᠨ ᠲᠤᠷᠰᠢᠯᠳᠠ ᠶᠢᠨ ᠴᠡᠭ ᠤᠨ ᠠᠵᠤ ᠠᠬᠤᠶᠢᠯᠡᠯ ᠢ | ᠪᠤᠶᠢᠵᠢᠭᠤᠯᠤᠨ᠎ᠠ᠃ 4 ᠭᠤᠤᠯᠳᠠᠯᠭᠠᠳᠤ ᠦᠵᠡᠮᠵᠢᠳᠤ ᠤᠷᠤᠨ ᠤ ᠪᠠᠶᠢᠭᠤᠯᠤᠯᠳᠠ ᠶᠢ ᠡᠬᠢᠯᠡᠬᠦᠯᠵᠤ᠂ 1 ᠵᠤᠷᠪᠤᠰ | ᠤᠨ ᠵᠤᠭᠠᠴᠠᠯ ᠤᠨ ᠵᠠᠮ ᠱᠤᠭᠤᠮ ᠢ ᠨᠠᠪᠳᠠᠷᠠᠬᠦᠯᠤᠨᠠ᠃ ᠰᠤᠶᠤᠯ ᠤᠨ ᠪᠠᠶᠢᠭᠤᠯᠤᠯᠳᠠ ᠶᠢᠨ ᠲᠠᠯ᠎ᠠ ᠪᠠᠷ᠄ ︽ᠰᠤᠶᠤᠯ | ᠤᠨ ᠰᠣᠷᠳᠠᠯᠴᠢᠯᠠᠭ᠎ᠠ ᠶᠢᠨ ᠨᠡᠬᠦᠳᠠᠯ ᠲᠡᠷᠬᠡ︾ ᠪᠠ ᠠᠵᠢᠯ ᠤᠨ ᠴᠢᠯᠤᠬᠡᠨ ᠤ ᠤᠯᠠᠭᠠᠡᠮᠦ᠋ᠴᠢᠷ ᠤᠨ ᠪᠠᠶᠢᠭᠤᠯᠤᠯᠳᠠ | ᠵᠡᠷᠬᠡ ᠪᠠᠷ ᠲᠠᠮᠵᠢᠨ ᠮᠠᠯᠴᠢᠨ ᠲᠦᠮᠡᠨ ᠤ ᠰᠤᠶᠤᠯ ᠤᠨ ᠠᠮᠢᠳᠤᠷᠡᠯ ᠤᠨ ᠱᠠᠭᠠᠷᠳᠠᠯᠭ᠎ᠠ ᠶᠢ ᠬᠠᠩᠭᠠᠨ᠎ᠠ᠃ ᠵᠤᠬᠢᠶᠠᠨ | ᠪᠠᠶᠢᠭᠤᠯᠤᠯᠳᠠ ᠶᠢᠨ ᠲᠠᠯ᠎ᠠ ᠪᠠᠷ᠄ ᠨᠠᠮ ᠤᠨ ᠬᠡᠰᠢᠬᠦᠨ ᠤ ᠠᠯᠤᠰ ᠡᠵᠡᠮᠰᠢᠯᠳᠤ ᠰᠤᠷᠭᠠᠨ ᠬᠦᠮᠤᠵᠢᠯ ᠤᠨ ︽ᠲᠠᠪᠤ ᠶᠢ | ᠮᠤᠩᠭᠤᠯ ᠬᠡᠷ ᠲᠤ ᠤᠷᠤᠭᠤᠯᠬᠤ︾᠂ ︽ᠰᠤᠷᠤᠯᠴᠠᠯᠠᠭ᠎ᠠ ᠶᠢᠨ ᠬᠦᠴᠤᠷᠬᠡᠭ ᠤᠯᠤᠰ︾ ᠤᠨ APP᠂ ᠦᠡᠳᠤᠰᠤᠨ | ᠱᠠᠳᠤᠨ ᠤ ᠬᠢᠴᠢᠶᠠᠯ ᠤᠨ ᠲᠠᠶᠢᠯᠤᠮᠵᠢ ᠵᠡᠷᠬᠡ ᠵᠠᠭᠤᠴᠢᠯᠠᠭᠤᠷ ᠢ ᠬᠦᠢᠴᠡᠳ ᠠᠰᠢᠭᠯᠠᠨ᠂ ᠦᠡᠳᠤᠰᠤᠨ ᠱᠠᠳᠤᠨ ᠤ | ᠨᠠᠮ ᠤᠨ ᠵᠤᠬᠢᠶᠠᠨ ᠪᠠᠶᠢᠭᠤᠯᠤᠯᠳᠠ ᠶᠢ ᠴᠢᠩᠭᠠᠳᠬᠠᠨ᠎ᠠ᠃ ᠭᠠᠴᠠᠭᠠᠨ ᠤ ᠨᠠᠮ ᠤᠨ ᠡᠬᠦᠷ ᠤᠨ ᠱᠦᠵᠢ ᠶᠢᠨ | ᠬᠦᠮᠤᠵᠢᠯ ᠪᠤᠯᠪᠠᠰᠤᠷᠠᠯ ᠢ ᠰᠠᠶᠢᠳᠤᠷ ᠠᠳᠬᠤᠵᠤ᠂ ᠰᠢᠯᠢᠳᠡᠭ ᠰᠠᠶᠢᠨ ᠲᠠᠭᠠᠭᠤᠯᠤᠭᠴᠢ ᠶᠢᠨ ᠡᠩᠨᠡᠭᠡ ᠶᠢ | ᠪᠠᠶᠢᠭᠤᠯᠤᠨ᠎ᠠ᠃ ᠬᠤᠰᠢᠭᠤ ᠪᠠᠯᠭᠠᠰᠤᠨ ᠤ ᠶᠠᠷᠤᠩᠬᠡᠶᠢᠯᠡᠨ ᠵᠠᠰᠠᠬᠤ ᠠᠵᠢᠯ ᠤᠨ ᠲᠦᠪ ︵ᠦᠷᠳᠡᠭᠡ︶ ᠪᠠ ᠭᠠᠴᠠᠭᠠᠨ | ᠤ ᠶᠠᠷᠤᠩᠬᠡᠶᠢᠯᠡᠨ ᠵᠠᠰᠠᠬᠤ ᠦᠷᠳᠡᠬᠡᠨ ᠤ ᠪᠠᠶᠢᠭᠤᠯᠤᠯᠳᠠ ᠶᠢ ᠲᠦᠷᠢᠮᠵᠢᠬᠦᠯᠵᠤ᠂ ᠮᠠᠯᠵᠢᠬᠤ ᠤᠷᠤᠨ ᠤ ᠲᠤᠤᠷ | ᠰᠦᠯᠵᠢᠶᠠᠨ ᠤ ᠦᠢᠯᠡᠴᠢᠯᠡᠬᠡᠨ ᠤ ᠬᠠᠮᠢᠶᠠᠷᠤᠯᠳᠠ ᠶᠢᠨ ᠲᠦᠪ ᠢ ᠪᠠᠶᠢᠭᠤᠯᠵᠤ᠂ ᠲᠤᠤᠷ᠎ᠠ ᠰᠦᠯᠵᠢᠶᠠᠨ ᠤ | ᠬᠠᠮᠢᠶᠠᠷᠤᠭᠴᠢ ᠶᠢ ᠨᠠᠶᠢᠳᠠᠪᠤᠷᠢᠵᠢᠭᠤᠯᠤᠨ᠎ᠠ᠃ ᠴᠢᠳᠠᠪᠤᠷᠢᠳᠠᠨ ᠤ ᠪᠠᠶᠢᠭᠤᠯᠤᠯᠳᠠ ᠶᠢᠨ ᠲᠠᠯ᠎ᠠ ᠪᠠᠷ᠂ ᠤᠯᠠᠨ ᠠᠷᠭ᠎ᠠ | ᠬᠡᠮᠵᠢᠶ᠎ᠠ ᠪᠠᠷ᠂ ᠴᠢᠳᠠᠪᠤᠷᠢᠳᠠᠨ ᠤᠷᠢᠨ ᠤᠷᠤᠭᠤᠯᠬᠤ ᠪᠠᠷ ᠲᠠᠮᠵᠢᠨ᠂ ᠨᠢᠬᠡ ᠪᠦᠯᠦᠭ ᠮᠠᠯᠵᠢᠬᠤ ᠤᠷᠤᠨ ᠳᠤ ᠪᠠᠴᠢᠮ | ᠱᠠᠭᠠᠷᠳᠠᠭᠳᠠᠵᠤ ᠪᠠᠶᠢᠭ᠎ᠠ ᠮᠠᠯ ᠠᠵᠤ ᠠᠬᠤᠢ ᠶᠢᠨ ᠮᠠᠷᠬᠡᠵᠢᠯ᠂ ᠡᠮᠴᠢᠯᠡᠭᠡ ᠡᠷᠡᠬᠦᠯ ᠬᠠᠮᠠᠭᠠᠯᠠᠯ᠂ ᠰᠤᠷᠭᠠᠨ ᠬᠦᠮᠤᠵᠢᠯ | ᠂ ᠰᠤᠶᠤᠯ ᠵᠤᠭᠠᠴᠠᠯ᠂ ᠡᠯᠧᠺᠲᠷᠣᠨ ᠠᠷᠠᠯᠵᠢᠶ᠎ᠠ ᠵᠡᠷᠬᠡ ᠲᠠᠯ᠎ᠠ ᠶᠢᠨ ᠴᠢᠳᠠᠪᠤᠷᠢᠳᠠᠨ ᠢ ᠤᠷᠢᠨ ᠤᠷᠤᠭᠤᠯᠤᠨ᠎ᠠ᠃ | ᠴᠢᠳᠠᠪᠤᠷᠢᠳᠠᠨ ᠬᠦᠮᠤᠵᠢᠬᠦᠯᠬᠦ ᠨᠢᠬᠡ ᠬᠡᠮᠵᠢᠶᠠᠨ ᠤ ᠰᠠᠭᠤᠷᠢ ᠮᠦᠩᠬᠦ ᠶᠢ ᠭᠤᠶᠤᠴᠢᠯᠠᠨ᠂ ᠲᠤᠷᠰᠢᠯᠳᠠ ᠶᠢᠨ ᠴᠡᠭ ᠤᠨ | ᠪᠠᠯᠭᠠᠰᠤᠨ ᠳᠤ ᠴᠢᠳᠠᠪᠤᠷᠢᠳᠠᠨ ᠤᠷᠢᠨ ᠤᠷᠤᠭᠤᠯᠬᠤ ᠪᠤᠶᠤ ᠲᠤᠬᠠᠢ ᠶᠢᠨ ᠭᠠᠵᠡᠷ ᠤᠨ ᠬᠢ ᠪᠠᠨ ᠴᠢᠳᠠᠪᠤᠷᠢᠳᠠᠨ ᠢ | ᠬᠦᠮᠤᠵᠢᠬᠦᠯᠬᠦ ᠪᠤᠯᠪᠠᠰᠤᠷᠠᠯ ᠬᠢᠬᠦ ᠳᠤ ᠬᠡᠷᠡᠭᠯᠡᠨ᠎ᠠ᠃ ᠮᠠᠷᠬᠡᠵᠢᠯ ᠤᠨ ᠴᠤᠯᠠ ᠶᠢᠨ ᠲᠦᠷᠢᠮ ᠤᠨ ᠦᠬᠡᠷᠡᠴᠢᠯᠡᠯᠳᠡ ᠶᠢ | ᠠᠬᠢᠭᠤᠯᠵᠤ᠂ ︽ᠬᠠᠨᠳᠤᠯᠭ᠎ᠠ ᠲᠠᠢ ᠦᠨᠡᠯᠡᠯᠳᠡ ᠬᠢᠵᠦ᠂ ᠬᠠᠨᠳᠤᠯᠭ᠎ᠠ ᠲᠠᠢ ᠪᠠᠷ ᠬᠡᠷᠡᠭᠯᠡᠬᠦ︾ ᠦᠨᠡᠯᠡᠨ ᠡᠯᠰᠡᠬᠦ | ᠬᠠᠮᠢᠶᠠᠷᠤᠯᠳᠠ ᠶᠢᠨ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠰᠠᠭᠤᠷᠢᠯᠠᠭᠴᠢ ᠢᠡᠵᠧᠨᠧᠷᠢᠩ ᠤᠨ ᠲᠠᠯ᠎ᠠ ᠪᠠᠷ᠄ | ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠤᠨ ᠰᠠᠭᠤᠷᠢ ᠲᠦᠬᠦᠬᠡᠷᠤᠮᠵᠢ ᠶᠢ ᠰᠠᠶᠢᠵᠢᠷᠠᠭᠤᠯᠤᠨ᠂ | ᠬᠤᠰᠢᠭᠤ᠂ ᠪᠠᠯᠭᠠᠰᠤ᠂ ᠭᠠᠴᠠᠭᠠᠨ ᠤ ᠡᠮᠨᠡᠯᠬᠡ ᠶᠢᠨ ᠬᠤᠯᠪᠣᠯᠳᠣᠯ ᠢ ᠪᠠᠶᠢᠭᠤᠯᠵᠤ᠂ ︽ᠶᠠᠷᠤᠩᠬᠡᠶᠢᠯᠡᠭᠰᠡᠨ | ᠡᠮᠴᠢᠯᠡᠬᠡᠨ ᠤ ᠦᠢᠯᠡᠴᠢᠯᠡᠬᠡᠨ ᠤ ᠨᠡᠬᠦᠳᠠᠯ ᠲᠡᠷᠬᠡ︾ ᠪᠠᠷ ᠵᠠᠮ ᠨᠠᠪᠳᠠᠷᠠᠯᠬᠡ ᠲᠦᠬᠦᠮ ᠦᠬᠡᠢ᠂ ᠶᠠᠪᠤᠵᠤ ᠰᠠᠭᠤᠬᠤ | ᠨᠦᠬᠦᠴᠠᠯ ᠬᠦᠷᠦᠯᠴᠡᠬᠦ ᠦᠬᠡᠢ ᠮᠠᠯᠴᠢᠳ ᠲᠤ ᠲᠤᠬᠠᠢ ᠶᠢᠨ ᠭᠠᠵᠡᠷ ᠲᠤᠨᠢ ᠬᠦᠷᠴᠤ ᠡᠮᠨᠡᠬᠦ᠂ ᠪᠠᠶ᠎ᠠ ᠶᠢᠨ | ᠪᠠᠶᠢᠴᠠᠭᠠᠯᠳᠠ ᠬᠢᠬᠦ ᠦᠢᠯᠡᠴᠢᠯᠡᠭᠡ ᠬᠠᠩᠭᠠᠨ᠎ᠠ᠃ ᠤᠰᠤ ᠤᠮᠳᠠ ᠶᠢᠨ ᠠᠮᠤᠷ ᠲᠦᠪᠰᠢᠨ᠂ ᠴᠠᠬᠢᠯᠭᠠᠨ ᠬᠦᠴᠤ᠂ | ᠵᠠᠰᠠᠮᠠᠯ ᠵᠠᠮ᠂ ᠴᠢᠮᠡᠭᠡ ᠨᠠᠪᠳᠠᠷᠠᠬᠦᠯᠬᠡ ᠶᠢᠨ ᠪᠠᠶᠢᠭᠤᠯᠤᠯᠳᠠ ᠶᠢ ᠰᠢᠨ᠎ᠠ ᠨᠢᠬᠡ ᠲᠠᠪᠴᠠᠩ ᠳᠤ ᠬᠦᠷᠬᠡᠨ᠎ᠠ᠃ ᠤᠯᠠᠨ | ᠲᠦᠮᠡᠨ ᠤ ᠤᠷᠤᠰᠢᠨ ᠰᠠᠭᠤᠷᠢᠰᠢᠬᠤ ᠤᠷᠴᠢᠨ ᠤ ᠴᠡᠭᠴᠡᠯᠡᠨ ᠵᠠᠰᠠᠯᠳᠠ ᠶᠢᠨ ᠢᠡᠵᠧᠨᠧᠷᠢᠩ ᠢ ᠪᠦᠬᠦ ᠲᠠᠯ᠎ᠠ ᠪᠠᠷ | ᠠᠬᠢᠭᠤᠯᠵᠤ᠂ ᠠᠷᠢᠭᠤᠨ ᠴᠡᠪᠡᠷᠯᠡᠯᠭᠡ ᠶᠢᠨ ᠡᠩᠨᠡᠭᠡ ᠪᠠᠶᠢᠭᠤᠯᠵᠤ᠂ ᠪᠦᠷᠢᠨ ᠲᠦᠬᠦᠷ ᠲᠦᠷᠢᠮ ᠲᠤᠭᠳᠠᠭᠠᠨ᠂ | ᠪᠠᠷᠢᠮᠵᠢᠶ᠎ᠠ ᠲᠠᠢ᠂ ᠲᠤᠰᠬᠠᠢ ᠡᠩᠨᠡᠭᠡ ᠲᠠᠢ᠂ ᠱᠠᠯᠠᠪᠳᠠᠭᠤᠯᠤᠨ ᠪᠠᠶᠢᠴᠠᠭᠠᠯᠳᠠ ᠲᠠᠢ᠂ ᠵᠠᠷᠤᠳᠠᠯ ᠮᠦᠩᠬᠦ ᠲᠠᠢ | ᠮᠠᠯᠵᠢᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠤ ᠬᠠᠮᠢᠶᠠᠷᠤᠯᠳᠠ ᠶᠢᠨ ᠪᠠᠶᠢᠩᠭᠤ ᠶᠢᠨ ᠵᠤᠬᠢᠴᠠᠮᠵᠢ ᠶᠢ | ᠪᠠᠶᠢᠭᠤᠯᠤᠨ ᠪᠦᠷᠢᠡᠰᠢᠬᠦᠯᠤᠨ᠎ᠠ᠃ | ︵ᠭᠤᠷᠪᠡ︶ 2021 ᠤᠨ᠃ ︽ᠨᠢᠬᠡ ᠵᠢᠯ ᠳᠤ ᠰᠠᠭᠤᠷᠢ ᠪᠠᠨ ᠪᠠᠳᠤᠳᠬᠠᠨ᠂ ᠬᠤᠶᠡᠷ ᠵᠢᠯ ᠳᠤ ᠠᠩᠬ᠎ᠠ | ᠠᠯᠬᠤᠮ ᠤᠨ ᠦᠷ᠎ᠠ ᠪᠦᠳᠤᠮᠵᠢ ᠶᠢ ᠤᠯᠵᠤ᠂ ᠭᠤᠷᠪᠡᠨ ᠵᠢᠯ ᠳᠤ ᠦᠨᠡᠡᠬᠦ ᠦᠷ᠎ᠠ ᠠᠰᠢᠭ ᠲᠠᠢ ᠪᠤᠯᠭᠠᠬᠤ︾ | ᠬᠠᠷᠠᠯᠳᠠ ᠶᠢᠨ ᠶᠤᠰᠤᠭᠠᠷ᠂ ᠡᠯ᠎ᠠ ᠲᠦᠷᠤᠯ ᠤᠨ ᠢᠡᠵᠧᠨᠧᠷᠢᠩ ᠢ ᠬᠦᠡᠵᠡᠭᠡᠢ ᠠᠬᠢᠭᠤᠯᠤᠨ᠂ ᠪᠠᠳᠤᠳᠬᠠᠨ | ᠲᠡᠬᠡᠭᠰᠢᠯᠡᠬᠦᠯᠬᠦ᠂ ᠴᠢᠨᠠᠷ ᠢᠶᠠᠨ ᠰᠠᠶᠢᠵᠢᠷᠠᠭᠤᠯᠤᠨ ᠪᠠᠷᠢᠮᠵᠢᠶᠠᠨ ᠳᠤ ᠬᠦᠷᠬᠡᠬᠦ ᠶᠢ ᠦᠷᠬᠦᠯᠵᠢᠯᠡᠨ ᠰᠠᠶᠢᠳᠤᠷ | ᠠᠳᠬᠤᠵᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠲᠠᠶᠢᠴᠢᠯᠠᠨ ᠲᠠᠭᠠᠭᠤᠯᠬᠤ | ᠬᠦᠴᠤᠨ ᠲᠠᠢ ᠲᠡᠯᠬᠡᠷᠡᠬᠦᠯᠵᠤ ᠪᠤᠯᠬᠤᠶᠢᠴᠠ ᠲᠤᠷᠰᠢᠯᠭ᠎ᠠ ᠪᠠ ᠠᠷᠭ᠎ᠠ ᠮᠠᠶ᠋ᠢᠭ ᠢ ᠦᠡᠳᠤᠰᠤᠨ ᠳᠤ ᠪᠠᠨ | ᠪᠦᠷᠢᠯᠳᠤᠬᠦᠯᠤᠨ᠎ᠠ᠃ ᠳ᠋ᠦᠩᠨᠡᠨ ᠦᠨᠡᠯᠡᠬᠦ ᠠᠵᠢᠯ ᠢ ᠦᠷᠨᠢᠬᠦᠯᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠮᠦᠷᠳᠠᠨ ᠵᠢᠯᠤᠭᠤᠳᠴᠤ ᠦᠨᠡᠯᠡᠯᠳᠡ ᠬᠢᠵᠤ᠂ ᠡᠯ᠎ᠠ ᠲᠦᠷᠤᠯ ᠤᠨ | ᠲᠤᠷᠰᠢᠯᠳᠠ ᠶᠢᠨ ᠴᠡᠭ ᠤᠨ ᠡᠬᠦᠷᠬᠡ ᠪᠠᠨ ᠬᠦᠢᠴᠡᠳᠬᠡᠭᠰᠡᠨ ᠪᠠᠶᠢᠳᠠᠯ ᠢ ᠪᠦᠬᠦ ᠲᠠᠯ᠎ᠠ ᠪᠠᠷ ᠦᠢᠯᠠᠭᠠᠵᠤ᠂ | ᠴᠢᠬᠤᠯᠠᠳᠡᠢ ᠦᠶ᠎ᠠ ᠳᠤ ᠲᠤᠬᠠᠢ ᠶᠢᠨ ᠲᠠᠯᠠᠪᠤᠷ ᠤᠨ ᠲᠤᠭᠤᠷᠢᠨ ᠦᠵᠡᠬᠦᠯᠦᠯᠭᠡ᠂ ᠬᠠᠷᠢᠯᠴᠠᠭ᠎ᠠ ᠰᠤᠯᠢᠯᠴᠠᠭ᠎ᠠ ᠶᠢ | ᠵᠤᠬᠢᠶᠠᠨ ᠪᠠᠶᠢᠭᠤᠯᠵᠤ᠂ ᠲᠤᠷᠰᠢᠯᠳᠠ ᠶᠢᠨ ᠴᠡᠭ ᠤᠨ ᠲᠤᠷᠰᠢᠯᠭ᠎ᠠ ᠪᠠᠨ ᠳ᠋ᠦᠩᠨᠡᠨ ᠲᠡᠯᠬᠡᠷᠡᠬᠦᠯᠤᠨᠠ᠃ ᠠᠮᠢ ᠠᠬᠤᠢ | ᠶᠢᠨ ᠬᠠᠮᠠᠭᠠᠯᠠᠯᠳᠠ ᠶᠢᠨ ᠲᠠᠯ᠎ᠠ ᠪᠠᠷ᠂ ᠪᠠᠯᠴᠢᠬᠡᠷᠯᠡᠬᠦᠯᠬᠦ ᠶᠢ ᠵᠤᠭᠰᠤᠭᠠᠬᠤ᠂ ᠮᠠᠯ ᠪᠠᠯᠴᠢᠬᠡᠷ ᠤᠨ ᠲᠠᠩᠴᠠᠬᠦᠷᠢᠰᠢᠯ ᠢ | ᠪᠠᠳᠤᠯᠠᠬᠤ ᠪᠠ ᠡᠯᠡᠰᠦᠷᠭᠡᠭ ᠭᠠᠵᠡᠷ ᠬᠤᠨᠢ ᠮᠠᠯᠵᠢᠬᠤ ᠶᠢ ᠵᠤᠭᠰᠤᠭᠠᠬᠤ ᠵᠡᠷᠬᠡ ᠲᠦᠷᠤ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠬᠦᠮᠤᠨ ᠪᠠ ᠪᠠᠶᠢᠭᠠᠯᠢ ᠶᠢᠨ ᠡᠶ᠎ᠡ ᠵᠤᠬᠢᠴᠠᠯ ᠲᠠᠢ ᠤᠷᠤᠰᠢᠨ ᠲᠤᠭᠳᠠᠨᠢᠬᠤ ᠤᠬᠢ | ᠰᠠᠶᠢᠨ ᠪᠠᠶᠢᠳᠠᠯ ᠢ ᠠᠩᠬ᠎ᠠ ᠠᠯᠬᠤᠮ ᠪᠦᠷᠢᠯᠳᠤᠬᠦᠯᠤᠨ᠎ᠠ᠃ ᠠᠵᠤ ᠦᠢᠯᠡᠰ ᠤᠨ ᠬᠦᠭᠵᠢᠯᠳᠠ ᠶᠢᠨ ᠲᠠᠯ᠎ᠠ ᠪᠠᠷ᠂ | ᠤᠳᠤᠬᠢᠴᠢᠯᠠᠭᠰᠡᠨ ᠮᠠᠯ ᠠᠵᠤ ᠠᠬᠤᠢ ᠶᠢᠨ ᠠᠵᠤ ᠦᠢᠯᠡᠰ ᠤᠨ ᠵᠤᠬᠢᠴᠠᠮᠵᠢ᠂ ᠦᠢᠯᠡᠳᠪᠤᠷᠢᠯᠡᠯ ᠤᠨ ᠵᠤᠬᠢᠴᠠᠮᠵᠢ᠂ | ᠡᠵᠡᠩᠨᠡᠯᠳᠡ ᠶᠢᠨ ᠵᠤᠬᠢᠴᠠᠮᠵᠢ ᠶᠢ ᠦᠡᠳᠤᠰᠤᠨ ᠳᠤ ᠪᠠᠨ ᠪᠠᠶᠢᠭᠤᠯᠵᠤ᠂ ᠨᠢᠬᠡ ᠬᠤᠶᠡᠷ ᠭᠤᠷᠪᠡᠳᠤᠭᠠᠷ ᠠᠵᠤ | ᠦᠢᠯᠡᠰ ᠢ ᠵᠤᠬᠢᠴᠠᠩᠭᠤᠢ ᠬᠦᠭᠵᠢᠬᠦᠯᠤᠨ᠂ ᠮᠠᠯᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠤᠨ᠎ᠠ᠃ ᠰᠤᠶᠤᠯ | ᠤᠨ ᠪᠠᠶᠢᠭᠤᠯᠤᠯᠳᠠ ᠶᠢᠨ ᠲᠠᠯ᠎ᠠ ᠪᠠᠷ᠂ ᠮᠠᠯᠵᠢᠬᠤ ᠣᠷᠣᠨ ᠤ ᠤᠯᠠᠨ ᠲᠦᠮᠡᠨ ᠤ ᠰᠤᠶᠤᠯ ᠤᠨ ᠦᠢᠯᠡᠴᠢᠯᠡᠬᠡᠨ ᠤ | ᠵᠤᠬᠢᠴᠠᠮᠵᠢ ᠶᠢ ᠪᠠᠶᠢᠭᠤᠯᠤᠨ ᠪᠦᠷᠢᠡᠰᠢᠬᠦᠯᠵᠤ᠂ ᠨᠠᠶᠢᠬᠡᠮ ᠤᠨ ᠪᠤᠯᠪᠠᠰᠤᠨ ᠤ ᠬᠢᠷᠢ ᠲᠦᠪᠰᠢᠨ ᠢ ᠢᠯᠡᠳᠳᠠ | ᠲᠡᠬᠡᠭᠰᠢᠯᠡᠬᠦᠯᠤᠨ᠎ᠠ᠃ ᠵᠤᠬᠢᠶᠠᠨ ᠪᠠᠶᠢᠭᠤᠯᠤᠯᠳᠠ ᠶᠢᠨ ᠲᠠᠯ᠎ᠠ ᠪᠠᠷ᠂ ᠨᠠᠮ ᠤᠨ ᠡᠬᠦᠷ ᠠᠴᠠ ᠲᠠᠭᠠᠭᠤᠯᠤᠨ᠂ ᠦᠪᠡᠷ ᠢ | ᠪᠠᠨ ᠵᠠᠰᠠᠬᠤ᠂ ᠬᠠᠤᠯᠢ ᠪᠠᠷ ᠵᠠᠰᠠᠬᠤ᠂ ᠶᠤᠰᠤ ᠰᠤᠷᠳᠠᠬᠤᠨ ᠢᠶᠠᠷ ᠵᠠᠰᠠᠬᠤ ︽ᠭᠤᠷᠪᠡ ᠶᠢ ᠵᠤᠬᠢᠴᠠᠩᠭᠤᠢ ᠵᠠᠰᠠᠬᠤ︾ | ᠨᠠᠶᠢᠬᠡᠮ ᠤᠨ ᠵᠠᠰᠠᠨ ᠴᠡᠭᠴᠡᠯᠡᠯᠳᠡ ᠶᠢᠨ ᠵᠤᠬᠢᠴᠠᠮᠵᠢ ᠶᠢ ᠲᠠᠰᠤᠷᠠᠯᠳᠠ ᠦᠬᠡᠢ ᠪᠦᠷᠢᠡᠰᠢᠬᠦᠯᠵᠤ᠂ ᠦᠡᠳᠤᠰᠤᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠪᠠᠬᠢᠯᠠᠯᠳᠠ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠤ᠂ | ᠭᠠᠴᠠᠭᠠᠨ ᠤ ᠬᠠᠮᠳᠤ ᠶᠢᠨ ᠠᠵᠤ ᠠᠬᠤᠢ ᠶᠢ ᠲᠤᠭᠳᠠᠭᠤᠨ ᠢᠶᠠᠷ ᠬᠦᠭᠵᠢᠬᠦᠯᠤᠨ᠎ᠠ᠃ ᠴᠢᠳᠠᠪᠤᠷᠢᠳᠠᠨ ᠤ | ᠪᠠᠶᠢᠭᠤᠯᠤᠯᠳᠠ ᠶᠢᠨ ᠲᠠᠯ᠎ᠠ ᠪᠠᠷ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠠᠶᠢᠭᠤᠯᠤᠯᠳᠠ ᠶᠢ ᠲᠦᠯᠬᠢᠨ | ᠠᠬᠢᠭᠤᠯᠬᠤ ᠳᠤ ᠬᠠᠷᠠᠭᠠᠯᠵᠠᠭᠰᠡᠨ ᠴᠢᠳᠠᠪᠤᠷᠢᠳᠠᠨ ᠢ ᠤᠷᠢᠨ ᠤᠷᠤᠭᠤᠯᠬᠤ᠂ ᠬᠦᠮᠤᠵᠢᠬᠦᠯᠬᠦ᠂ ᠦᠨᠡᠯᠡᠬᠦ᠂ | ᠵᠤᠬᠢᠴᠠᠭᠤᠯᠬᠤ᠂ ᠵᠤᠷᠢᠭᠵᠢᠭᠤᠯᠬᠤ ᠪᠠ ᠪᠠᠳᠤᠯᠠᠬᠤ ᠲᠤᠭᠳᠠᠯᠴᠠᠭ᠎ᠠ ᠶᠢ ᠪᠦᠷᠢᠯᠳᠤᠬᠦᠯᠤᠨ᠂ ᠴᠢᠳᠠᠪᠤᠷᠢᠳᠠᠨ ᠤ | ᠪᠠᠳᠤᠯᠠᠭ᠎ᠠ ᠪᠠ ᠤᠶᠤᠨ ᠰᠠᠨᠠᠭᠠᠨ ᠤ ᠲᠤᠯᠭᠠᠭᠤᠷᠢᠯᠠᠬᠤ ᠬᠦᠴᠤᠨ ᠢ ᠨᠠᠩ ᠡᠷᠴᠢᠮ ᠲᠠᠢ ᠪᠤᠯᠭᠠᠨ᠎ᠠ᠃ ᠰᠠᠭᠤᠷᠢᠯᠠᠭᠴᠢ | ᠢᠡᠵᠧᠨᠧᠷᠢᠩ ᠤᠨ ᠲᠠᠯ᠎ᠠ ᠪᠠᠷ᠂ ᠤᠰᠤ ᠴᠠᠬᠢᠯᠭᠠᠨ ᠵᠠᠮ ᠨᠠᠪᠳᠠᠷᠡᠬᠦᠯᠬᠡ ᠪᠠ ᠮᠠᠯ ᠠᠵᠤ ᠠᠬᠤᠢ ᠶᠢᠨ ᠦᠢᠯᠡᠳᠪᠤᠷᠢᠯᠡᠯ | ᠂ ᠤᠯᠠᠨ ᠨᠠᠶᠢᠳᠠ ᠶᠢᠨ ᠦᠢᠯᠡᠴᠢᠯᠡᠭᠡ᠂ ᠤᠷᠤᠰᠢᠨ ᠰᠠᠭᠤᠷᠢᠰᠢᠬᠤ ᠤᠷᠴᠢᠨ ᠵᠡᠷᠬᠡ ᠰᠠᠭᠤᠷᠢ ᠪᠦᠳᠤᠬᠡᠨ | ᠪᠠᠶᠢᠭᠤᠯᠤᠯᠳᠠ ᠶᠢᠨ ᠡᠬᠦᠷᠬᠡ ᠪᠠᠨ ᠪᠦᠬᠦ ᠲᠠᠯ᠎ᠠ ᠪᠠᠷ ᠲᠠᠭᠤᠰᠬᠠᠨ᠂ ᠮᠠᠯᠴᠢᠳ ᠤᠨ ᠦᠢᠯᠡᠳᠪᠤᠷᠢᠯᠡᠯ ᠠᠮᠢᠳᠤᠷᠡᠯ ᠤᠨ | ᠨᠦᠬᠦᠴᠡᠯ ᠢ ᠢᠯᠡᠳᠳᠠ ᠰᠠᠶᠢᠵᠢᠷᠠᠭᠤᠯᠤᠨ᠎ᠠ᠃ | ᠲᠦᠷᠪᠡ᠂ ᠲᠦᠷᠤ ᠶᠢᠨ ᠪᠤᠳᠤᠯᠭ᠎ᠠ ᠶᠢᠨ ᠪᠠᠳᠤᠯᠠᠭ᠎ᠠ | ︵ᠨᠢᠬᠡ︶ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠬᠤᠰᠢᠭᠤ ᠬᠤᠶᠡᠷ ᠱᠠᠳᠣ | ᠨᠢ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠪᠠᠶᠢᠭᠤᠯᠤᠯᠳᠠ ᠶᠢ ᠲᠦᠯᠬᠢᠨ | ᠠᠬᠢᠭᠤᠯᠬᠤ ᠤᠳᠤᠷᠢᠳᠬᠤ ᠲᠤᠭᠤᠶᠢᠯᠠᠩ ᠢ ᠲᠣᠰ ᠲᠣᠰ ᠪᠠᠶᠢᠭᠤᠯᠵᠤ᠂ ᠲᠤᠷᠰᠢᠯᠳᠠ ᠶᠢᠨ ᠴᠡᠭ ᠤᠨ ᠪᠠᠶᠢᠭᠤᠯᠤᠯᠳᠠ | ᠶᠢᠨ ᠲᠦᠷᠤ ᠶᠢᠨ ᠪᠤᠳᠤᠯᠭ᠎ᠠ᠂ ᠠᠷᠭ᠎ᠠ ᠬᠡᠮᠵᠢᠶ᠎ᠠ ᠶᠢ ᠰᠤᠳᠤᠯᠤᠨ ᠨᠠᠶᠢᠷᠠᠭᠤᠯᠬᠤ ᠶᠢ ᠬᠠᠷᠢᠭᠤᠴᠠᠨ᠂ ᠠᠵᠢᠯ ᠤᠨ | ᠲᠤᠮᠳᠠ ᠢᠯᠡᠷᠡᠭᠰᠡᠨ ᠠᠰᠠᠭᠤᠳᠠᠯ ᠢ ᠬᠠᠮᠵᠢᠨ ᠰᠢᠢᠳᠪᠤᠷᠢᠯᠡᠨ᠎ᠠ᠃ ᠠᠶᠢᠮᠠᠭ ᠤᠨ ᠤᠳᠤᠷᠢᠳᠬᠤ ᠲᠤᠭᠤᠶᠢᠯᠠᠩ ᠤᠨ | ᠠᠯᠪᠠᠨ ᠬᠡᠷ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ︵ᠠᠶᠢᠮᠠᠭ ᠤᠨ ᠨᠠᠮ ᠤᠨ ᠬᠤᠷᠢᠶᠠᠨ | ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠬᠡᠷ︶ ᠳᠤ ᠲᠤᠬᠢᠷᠠᠭᠤᠯᠵᠤ᠂ ᠨᠢᠬᠡᠳᠤᠯᠳᠡᠢ | ᠲᠦᠯᠤᠪᠵᠢᠬᠦᠯᠤᠨ ᠬᠠᠮᠢᠶᠠᠷᠬᠤ᠂ ᠰᠢᠰᠲ᠋ᠧᠮ ᠲᠠᠢ ᠵᠤᠯᠭᠠᠯᠳᠤᠭᠤᠯᠬᠤ᠂ ᠵᠤᠬᠢᠴᠠᠭᠤᠯᠬᠤ ᠶᠢ ᠴᠢᠩᠭᠠᠳᠬᠠᠬᠤ ᠪᠠᠷ | ᠲᠠᠮᠵᠢᠨ ᠲᠤᠭᠳᠠᠭᠰᠡᠨ ᠬᠠᠷᠠᠯᠳᠠ ᠪᠠᠨ ᠦᠡᠳᠤᠷ ᠴᠢᠨᠠᠷ ᠴᠢᠡᠰᠠᠭ᠎ᠠ ᠲᠠᠢ ᠲᠤᠭᠳᠠᠭᠰᠡᠨ ᠬᠤᠭᠤᠴᠠᠭᠠᠨ ᠳᠤ ᠪᠠᠨ | ᠪᠠᠶᠠᠯᠠᠬᠦᠯᠬᠦ ᠶᠢ ᠪᠠᠳᠤᠯᠠᠨ᠎ᠠ᠃ ᠠᠪᠠᠭ᠎ᠠ ᠬᠤᠰᠢᠭᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠨᠢ ᠦᠪᠡᠷ ᠤᠨ | ᠪᠠᠶ᠎ᠠ ᠪᠠᠷ ᠢᠶᠠᠨ ᠭᠠᠪᠰᠢᠭᠠᠶᠢᠯᠠᠨ ᠲᠠᠭᠠᠭᠤᠯᠵᠤ᠂ ᠦᠨᠡᠡᠬᠦ ᠪᠤᠳᠡᠳᠡᠢ ᠰᠠᠶᠢᠳᠤᠷ ᠠᠳᠬᠤᠵᠤ ᠨᠠᠶᠢᠳᠠᠪᠤᠷᠢᠵᠢᠭᠤᠯᠬᠤ | ᠬᠡᠷᠡᠭᠳᠡᠢ᠃ ᠡᠯ᠎ᠠ ᠬᠡᠰᠢᠬᠦᠨ ᠪᠠᠶᠢᠭᠤᠯᠭ᠎ᠠ ᠦᠪᠡᠷ ᠦᠪᠡᠷ ᠤᠨ ᠠᠵᠢᠯ ᠤᠨ ᠡᠬᠦᠷᠬᠡ ᠬᠠᠷᠢᠭᠤᠴᠠᠯᠭ᠎ᠠ ᠤᠨ | ᠬᠤᠪᠢᠶᠠᠷᠢᠯᠠᠯ ᠶᠤᠰᠤᠭᠠᠷ ᠠᠵᠢᠯ ᠤᠨ ᠵᠢᠯᠤᠭᠤᠳᠤᠯᠭ᠎ᠠ ᠬᠢᠬᠦ᠂ ᠡᠬᠦᠷᠬᠡ ᠪᠠᠨ ᠬᠤᠪᠢᠶᠠᠷᠢᠯᠠᠬᠤ᠂ ᠵᠤᠬᠢᠶᠠᠨ | ᠪᠠᠶᠢᠭᠤᠯᠵᠤ ᠬᠡᠷᠡᠭᠵᠢᠬᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠬᠡ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ | ᠵᠤᠯᠭᠠᠯᠳᠤᠭᠤᠯᠬᠤ ᠪᠠ ᠬᠠᠮᠵᠢᠯᠴᠠᠬᠤ ᠠᠵᠢᠯ ᠢᠶᠠᠨ ᠤᠯᠠᠮ ᠴᠢᠩᠭᠠᠳᠬᠠᠨ᠂ ᠠᠵᠢᠯ ᠤᠨ ᠬᠠᠮᠳᠣᠷᠠᠯ ᠤᠨ ᠬᠦᠴᠤᠨ ᠢ | ᠪᠦᠷᠢᠯᠳᠤᠬᠦᠯᠤᠨ᠎ᠠ᠃ | ︵ᠬᠤᠶᠡᠷ︶ ᠲᠦᠷᠤ ᠶᠢᠨ ᠪᠤᠳᠤᠯᠭ᠎ᠠ ᠪᠠᠷ ᠰᠠᠭᠤᠷᠢᠯᠠᠬᠤ ᠶᠢ ᠪᠠᠳᠤᠳᠬᠠᠨ᠎ᠠ᠃ ᠵᠤᠬᠢᠴᠠᠮᠵᠢ ᠲᠤᠭᠳᠠᠯᠴᠠᠭᠠᠨ ᠤ | ᠦᠬᠡᠷᠡᠴᠢᠯᠡᠯᠳᠡ ᠰᠢᠨᠡᠴᠢᠯᠠᠯᠳᠠ ᠶᠢ ᠢᠳᠡᠪᠬᠢᠳᠡᠢ ᠠᠬᠢᠭᠤᠯᠤᠨ᠂ ᠤᠯᠤᠰ ᠤᠨ ᠲᠦᠷᠤ ᠶᠢᠨ ᠪᠤᠳᠤᠯᠭ᠎ᠠ ᠶᠢᠨ ᠠᠰᠢᠭ | ᠢ ᠮᠠᠯᠴᠢᠳ ᠲᠤ ᠬᠦᠢᠴᠡᠳ ᠬᠦᠷᠳᠡᠬᠡᠨ᠎ᠠ᠃ ᠬᠤᠶᠠᠳᠤᠭᠠᠷ ᠤᠳᠠᠭᠠᠨ ᠤ ᠨᠤᠳᠤᠭ ᠪᠠᠯᠴᠢᠬᠡᠷ ᠤᠨ ᠲᠠᠭᠠᠭᠠᠴᠢᠯᠠᠯᠳᠠ | ᠶᠢᠨ ᠬᠤᠭᠤᠴᠠᠭ᠎ᠠ ᠲᠠᠭᠤᠰᠤᠭᠰᠡᠨ ᠤ ᠲᠠᠷᠠᠭ᠎ᠠ ᠲᠡᠬᠢᠨ 30 ᠵᠢᠯ ᠤᠷᠳᠤᠳᠬᠠᠬᠤ ᠲᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠨᠤᠳᠤᠭ ᠪᠠᠯᠴᠢᠬᠡᠷ ᠤᠨ ᠡᠷᠬᠡ ᠶᠢ ᠲᠤᠳᠤᠷᠬᠠᠶᠢᠯᠠᠬᠤ ᠠᠵᠢᠯ ᠢ ᠲᠠᠭᠤᠰᠬᠠᠨ᠂ ᠨᠤᠳᠤᠭ | ᠪᠠᠯᠴᠢᠬᠡᠷ ᠤᠨ ︽ᠭᠤᠷᠪᠡᠨ ᠡᠷᠬᠡ ᠶᠢ ᠬᠤᠪᠢᠶᠠᠷᠢᠯᠠᠬᠤ︾ ᠠᠵᠢᠯ ᠢ ᠠᠬᠢᠭᠤᠯᠤᠨ᠎ᠠ᠃ ᠨᠤᠳᠤᠭ ᠪᠠᠯᠴᠢᠬᠡᠷ ᠤᠨ | ᠡᠵᠡᠩᠨᠡᠯᠳᠡ ᠶᠢᠨ ᠡᠷᠬᠡ ᠶᠢ ᠰᠢᠯᠵᠢᠬᠦᠯᠬᠦ ᠬᠡᠯᠪᠡᠷᠢ ᠶᠢ ᠰᠢᠨᠡᠴᠢᠯᠡᠨ᠂ ᠮᠠᠯᠴᠢᠳ ᠤᠨ ᠬᠠᠤᠯᠢ ᠶᠤᠰᠤᠭᠠᠷ ᠰᠢᠯᠵᠢᠬᠦᠯᠤᠨ | ᠦᠭᠬᠦ᠂ ᠲᠦᠷᠢᠶᠠᠰᠤᠯᠡᠬᠦᠯᠬᠦ ᠵᠢᠴᠢ ᠬᠤᠪᠢ ᠤᠷᠤᠬᠤ ᠵᠡᠷᠬᠡ ᠬᠡᠯᠪᠡᠷᠢ ᠪᠠᠷ ᠨᠤᠳᠤᠭ ᠪᠠᠯᠴᠢᠬᠡᠷ ᠤᠨ ᠡᠵᠡᠩᠨᠡᠯᠳᠡ ᠶᠢᠨ | ᠡᠷᠬᠡ ᠪᠠᠨ ᠰᠢᠯᠵᠢᠬᠦᠯᠬᠦ ᠶᠢ ᠵᠤᠷᠢᠭᠵᠢᠭᠤᠯᠤᠨ᠂ ᠮᠠᠯᠴᠢᠳ ᠤᠨ ᠰᠠᠶᠢᠨ ᠲᠤᠷ᠎ᠠ ᠠᠴᠠ ᠪᠠᠨ ᠨᠤᠳᠤᠭ ᠢᠶᠠᠨ ᠰᠤᠯᠢᠬᠤ | ᠵᠡᠷᠬᠡ ᠬᠡᠯᠪᠡᠷᠢ ᠪᠠᠷ ᠨᠤᠳᠤᠭ ᠪᠠᠯᠴᠢᠬᠡᠷ ᠤᠨ ᠲᠠᠰᠤᠭ ᠪᠤᠰᠤᠭ ᠪᠠᠶᠢᠬᠤ ᠠᠰᠠᠭᠤᠳᠠᠯ ᠢ ᠰᠢᠢᠳᠪᠤᠷᠢᠯᠡᠬᠦ ᠶᠢ | ᠵᠤᠷᠢᠭᠵᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠡᠯ ᠪᠠ ᠮᠠᠯᠴᠢᠳ ᠤᠨ ᠦᠷ᠎ᠠ ᠠᠰᠢᠭ ᠬᠤᠯᠪᠤᠯᠳᠤᠭᠰᠡᠨ | ᠵᠤᠬᠢᠴᠠᠮᠵᠢ ᠶᠢ ᠪᠦᠷᠢᠡᠰᠢᠬᠦᠯᠤᠨ᠂ ᠲᠤᠯᠤᠭᠠᠶᠢᠯᠠᠭᠴᠢ ᠠᠵᠤ ᠠᠬᠤᠶᠢᠯᠡᠯ ᠬᠤᠪᠢ ᠤᠷᠤᠭᠰᠡᠨ ᠬᠤᠪᠢᠴᠠᠭ᠎ᠠ | ᠲᠠᠷᠬᠠᠭᠠᠬᠤ᠂ ᠠᠰᠢᠭ ᠤᠷᠤᠯᠭ᠎ᠠ ᠠᠴᠠ ᠬᠤᠪᠢᠶᠠᠷᠢᠯᠠᠬᠤ ᠵᠡᠷᠬᠡ ᠠᠷᠭ᠎ᠠ ᠮᠠᠶ᠋ᠢᠭ ᠠᠪᠬᠤ ᠶᠢ ᠵᠤᠷᠢᠭᠵᠢᠭᠤᠯᠵᠤ᠂ | ᠡᠳ᠋ᠰᠢᠬᠦᠯᠬᠦ᠂ ᠪᠤᠷᠤᠯᠠᠭᠤᠯᠬᠤ ᠵᠡᠷᠬᠡ ᠭᠤᠭᠴᠤᠭᠠᠨ ᠤ ᠬᠡᠰᠡᠭ ᠠᠰᠢᠭ ᠤᠷᠤᠯᠭ᠎ᠠ ᠶᠢ ᠮᠠᠯᠴᠢᠳ ᠲᠤ ᠬᠤᠪᠢᠶᠠᠨ᠂ | ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ︔ ᠮᠠᠯᠴᠢᠳ ᠪᠠ ᠭᠠᠴᠠᠭᠠᠨ ᠤ ᠬᠠᠮᠳᠤ ᠨᠢᠬᠡᠴᠠ ᠨᠢ | ᠨᠤᠳᠤᠭ ᠪᠠᠯᠴᠢᠬᠡᠷ᠂ ᠦᠪ ᠬᠦᠷᠤᠩᠬᠡ ᠵᠡᠷᠬᠡ ᠪᠠᠷ ᠢᠶᠠᠨ ᠲᠤᠯᠤᠭᠠᠶᠢᠯᠠᠭᠴᠢ ᠠᠵᠤ ᠠᠬᠤᠶᠢᠯᠡᠯ ᠳᠤ ᠬᠤᠪᠢ ᠤᠷᠤᠬᠤ | ᠶᠢ ᠲᠠᠮᠵᠢᠨ᠂ ᠬᠤᠯᠪᠤᠭᠠᠯᠠᠭᠰᠡᠨ ᠵᠤᠬᠢᠴᠠᠮᠵᠢ ᠶᠢᠨ ᠨᠢᠭᠳᠠ ᠤᠶᠠᠯᠳᠤᠯ ᠢ ᠤᠯᠠᠮ ᠪᠠᠳᠤᠳᠬᠠᠨ᠎ᠠ᠃ ᠮᠠᠯᠵᠢᠬᠤ | ᠤᠷᠤᠨ ᠤ ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠡᠯ᠎ᠠ ᠲᠦᠷᠤᠯ ᠤᠨ ᠦᠬᠡᠷᠡᠴᠢᠯᠡᠯᠳᠡ ᠶᠢ | ᠨᠢᠬᠡᠳᠤᠯᠳᠡᠢ ᠲᠦᠯᠤᠪᠵᠢᠬᠦᠯᠤᠨ ᠠᠬᠢᠭᠤᠯᠵᠤ᠂ ᠡᠬᠢ ᠪᠠᠶᠠᠯᠢᠭ ᠢᠶᠠᠨ ᠪᠦᠳᠤᠮᠵᠢᠳᠡᠢ ᠠᠰᠢᠭᠯᠠᠬᠤ᠂ ᠮᠠᠯ ᠠᠵᠤ | ᠠᠬᠤᠢ ᠶᠢᠨ ᠦᠢᠯᠡᠳᠪᠤᠷᠢᠯᠡᠯ ᠤᠨ ᠦᠢᠯᠡᠴᠢᠯᠡᠭᠡ ᠬᠠᠩᠭᠠᠬᠤ᠂ ᠠᠳᠠᠯ ᠠᠬᠤᠢ ᠶᠢᠨ ᠬᠠᠮᠢᠶᠠᠷᠤᠯᠳᠠ᠂ ᠬᠤᠷᠰᠢᠭᠰᠠᠨ | ᠡᠵᠡᠩᠨᠡᠯᠳᠡ ᠶᠢ ᠬᠦᠭᠵᠢᠬᠦᠯᠬᠦ ᠵᠡᠷᠬᠡ ᠬᠠᠮᠳᠤ ᠶᠢᠨ ᠠᠵᠤ ᠠᠬᠤᠢ ᠶᠢᠨ ᠰᠢᠨ᠎ᠠ ᠬᠦᠭᠵᠢᠯᠳᠠ ᠶᠢᠨ ᠬᠡᠯᠪᠡᠷᠢ ᠶᠢ | ᠰᠦᠪᠡᠭᠴᠢᠯᠡᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠠᠮᠢᠵᠢᠷᠠᠯ ᠤᠨ ᠬᠦᠴᠤᠨ ᠢ ᠴᠢᠩᠭᠠᠳᠬᠠᠨ᠎ᠠ᠃ | ︵ᠭᠤᠷᠪᠡ︶ ᠪᠡᠯᠡ ᠤᠷᠤᠭᠤᠯᠤᠯᠳᠠ ᠪᠠᠨ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠠᠴᠠ ᠲᠦᠷᠤᠯ ᠵᠥᠢᠯ | ᠪᠠ ᠪᠡᠯᠡ ᠮᠦᠩᠬᠦᠨ ᠤ ᠲᠤᠬᠢᠷᠠᠭᠤᠯᠭ᠎ᠠ ᠪᠠᠨ ᠲᠤᠷᠰᠢᠯᠳᠠ ᠶᠢᠨ ᠬᠤᠰᠢᠭᠤ ᠰᠢᠶᠠᠨ ᠳᠤ ᠬᠡᠯᠪᠡᠶᠢᠯᠬᠡᠯᠬᠡᠬᠦ ᠶᠢ | ᠢᠳᠡᠪᠬᠢᠳᠡᠢ ᠭᠤᠶᠤᠴᠢᠯᠠᠨ᠎ᠠ᠃ ᠡᠳ᠋ ᠤᠨ ᠵᠠᠰᠠᠭ ᠤᠨ ᠬᠠᠩᠭᠠᠯᠭ᠎ᠠ ᠶᠢᠨ ᠪᠦᠳᠤᠴᠠ ᠪᠠᠨ ᠰᠢᠯᠢᠳᠡᠭᠵᠢᠬᠦᠯᠤᠨ᠂ | ᠠᠵᠢᠯ ᠲᠦᠷᠤᠯ ᠤᠨ ᠲᠤᠳᠤᠭᠠᠳᠤ ᠶᠢᠨ ᠪᠡᠯᠡ ᠮᠦᠩᠬᠦ ᠶᠢ ᠨᠢᠬᠡᠳᠬᠡᠬᠦ ᠶᠢ ᠴᠢᠩᠭᠠᠳᠬᠠᠨ᠂ ᠬᠤᠰᠢᠭᠤ ᠱᠠᠳᠤᠨ ᠤ | ᠦᠪᠡᠷ ᠢᠶᠠᠨ ᠡᠵᠡᠨ ᠮᠡᠳᠡᠵᠤ ᠨᠢᠬᠡᠳᠤᠯᠳᠡᠢ ᠲᠦᠯᠤᠪᠵᠢᠬᠦᠯᠬᠦ ᠣᠷᠣᠨ ᠵᠠᠢ ᠶᠢ ᠨᠡᠮᠡᠭᠳᠡᠬᠦᠯᠤᠨ᠂ ᠮᠠᠯ ᠠᠵᠤ ᠠᠬᠤᠢ | ᠳᠤ ᠬᠤᠯᠪᠤᠭᠳᠠᠭᠰᠡᠨ ᠪᠡᠯᠡ ᠮᠦᠩᠬᠦᠨ ᠤ ᠬᠡᠷᠡᠭᠯᠡᠯᠳᠡ ᠶᠢᠨ ᠦᠷ᠎ᠠ ᠠᠰᠢᠭ ᠢ ᠲᠡᠬᠡᠭᠰᠢᠯᠡᠬᠦᠯᠤᠨ᠎ᠠ᠃ ᠡᠳ᠋ ᠤᠨ | ᠵᠠᠰᠠᠭ ᠤᠨ ᠪᠠᠯᠠ ᠮᠦᠩᠬᠦᠨ ᠤ ᠵᠢᠯᠤᠭᠤᠳᠤᠯᠭ᠎ᠠ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠤ᠂ ᠦᠪᠡᠷᠳᠡᠬᠡᠨ | ᠵᠠᠰᠠᠬᠤ ᠤᠷᠤᠨ᠂ ᠠᠶᠢᠮᠠᠭ ᠤᠨ ᠱᠠᠳᠤᠨ ᠤ ᠡᠳ᠋ ᠤᠨ ᠬᠦᠴᠤᠨ ᠤ ᠴᠢᠨᠠᠷᠳᠡᠢ ᠨᠦᠬᠦᠪᠤᠷᠢ ᠶᠢ ᠨᠡᠮᠡᠭᠳᠡᠬᠦᠯᠬᠦ ᠪᠠᠷ | ᠲᠠᠮᠵᠢᠨ ᠨᠠᠩ ᠤᠯᠠᠨ ᠮᠦᠩᠬᠦᠨ ᠬᠦᠢᠯᠬᠡᠬᠡᠨ ᠤ ᠡᠬᠢ ᠪᠠᠶᠠᠯᠢᠭ ᠪᠠ ᠨᠠᠶᠢᠬᠡᠮ ᠤᠨ ᠬᠦᠷᠤᠩᠬᠡ ᠶᠢ ᠲᠤᠷᠰᠢᠯᠳᠠ ᠶᠢᠨ | ᠴᠡᠭ ᠤᠨ ᠪᠠᠶᠢᠭᠤᠯᠤᠯᠳᠠ ᠳᠤ ᠲᠠᠶᠢᠴᠢᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠢᠳᠡᠬᠡᠮᠵᠢᠳᠤ ᠵᠢᠬᠡᠯᠡᠯᠬᠡ ᠶᠢᠨ | ᠪᠠᠳᠤᠯᠠᠭ᠎ᠠ ᠶᠢᠨ ᠵᠤᠬᠢᠴᠠᠮᠵᠢ ᠶᠢᠨ ᠦᠢᠯᠡᠳᠤᠯ ᠢ ᠪᠠᠳᠠᠷᠠᠭᠤᠯᠤᠨ᠂ ᠡᠳ᠋ ᠤᠨ ᠵᠠᠰᠠᠭ ᠤᠨ ᠪᠡᠯᠡ ᠮᠦᠩᠬᠦᠨ ᠤ | ᠬᠡᠷᠡᠭᠯᠡᠯᠳᠡ ᠶᠢᠨ ᠠᠷᠭ᠎ᠠ ᠮᠠᠶ᠋ᠢᠭ ᠢ ᠰᠢᠨᠠᠴᠢᠯᠠᠵᠤ᠂ ᠡᠳ᠋ ᠤᠨ ᠵᠠᠰᠠᠭ ᠤᠨ ᠪᠠᠳᠤᠯᠠᠭ᠎ᠠ ᠶᠢᠨ ᠰᠦᠢᠳᠬᠡᠯ ᠤᠨ | ᠨᠦᠬᠦᠪᠤᠷᠢ ᠪᠠ ᠱᠠᠩᠨᠠᠨ ᠨᠦᠬᠦᠪᠤᠷᠢᠯᠡᠬᠦ ᠵᠡᠷᠬᠡ ᠠᠷᠭ᠎ᠠ ᠵᠠᠮ ᠢᠶᠠᠷ ᠰᠢᠨ᠎ᠠ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠲᠡᠮᠵᠢᠯᠬᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ | ︵ᠲᠦᠷᠪᠡ︶ ᠴᠢᠳᠠᠪᠤᠷᠢᠳᠠᠨ ᠢᠶᠠᠷ ᠲᠤᠯᠭᠠᠭᠤᠷᠢᠯᠠᠬᠤ ᠶᠢ ᠴᠢᠩᠭᠠᠳᠬᠠᠨ᠎ᠠ᠃ ᠮᠠᠯ ᠠᠵᠤ ᠠᠬᠤᠢ ᠶᠢ ᠦᠢᠯᠠᠭᠠᠬᠤ᠂ | ᠮᠠᠯᠵᠢᠬᠤ ᠤᠷᠤᠨ ᠢᠶᠠᠨ ᠬᠠᠶᠢᠷᠠᠯᠠᠬᠤ᠂ ᠮᠠᠯᠴᠢᠨ ᠲᠦᠮᠡᠨ ᠢᠶᠠᠨ ᠬᠦᠡᠳᠤᠳᠬᠡᠬᠦ ᠪᠠᠷ ᠰᠠᠭᠤᠷᠢ ᠪᠤᠯᠭᠠᠬᠤ ᠱᠠᠭᠠᠷᠳᠠᠯᠭ᠎ᠠ | ᠪᠠᠷ ︽ᠭᠤᠷᠪᠡᠨ ᠮᠠᠯᠵᠢᠯ︾ ᠤᠨ ᠺᠠᠳ᠋ᠷ ᠤᠨ ᠡᠩᠨᠡᠭᠡ ᠶᠢ ᠬᠦᠮᠤᠵᠢᠬᠦᠯᠬᠦ᠂ ᠲᠤᠬᠢᠷᠠᠭᠤᠯᠬᠤ᠂ ᠬᠠᠮᠢᠶᠠᠷᠬᠤ᠂ ᠬᠡᠷᠡᠭᠯᠡᠬᠦ | ᠠᠵᠢᠯ ᠢ ᠴᠢᠩᠭᠠᠳᠬᠠᠨ᠂ ᠬᠦᠮᠤᠵᠢᠯ ᠪᠤᠯᠪᠠᠰᠤᠷᠠᠯ ᠢ ᠰᠠᠶᠢᠳᠤᠷ ᠬᠢᠵᠤ᠂ ᠺᠠᠳ᠋ᠷ ᠤᠨ ᠡᠩᠨᠡᠬᠡᠨ ᠤ ᠴᠢᠳᠠᠪᠤᠷᠢ ᠶᠢᠨ | ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ ᠰᠤᠶᠤᠯ ᠲᠠᠢ᠂ ᠮᠠᠷᠬᠡᠵᠢᠯ ᠲᠠᠢ᠂ ᠡᠵᠡᠩᠨᠡᠯᠳᠡ ᠶᠢᠨ | ᠴᠢᠳᠠᠪᠤᠷᠢ ᠲᠠᠢ ᠰᠢᠨ᠎ᠠ ᠮᠠᠯᠴᠢᠳ ᠢ ᠬᠦᠴᠤᠯᠠᠨ ᠬᠦᠮᠤᠵᠢᠬᠦᠯᠵᠤ᠂ ᠮᠠᠯᠵᠢᠬᠤ ᠤᠷᠤᠨ ᠤ ᠡᠷᠤᠬᠡ ᠠᠮᠠ ᠲᠠᠢ ᠶᠡᠭᠡ | ᠰᠤᠷᠭᠠᠭᠤᠯᠢ ᠳᠤ ᠪᠠᠶᠢᠭ᠎ᠠ ᠤᠶᠤᠳᠡᠳ ᠤᠨ ᠲᠡᠬᠦᠰᠦᠭᠰᠡᠨ ᠤ ᠬᠢ ᠪᠠᠨ ᠲᠠᠷᠠᠭ᠎ᠠ ᠨᠤᠳᠤᠭ ᠤᠰᠤᠨ ᠳᠤ ᠪᠠᠨ ᠪᠤᠴᠠᠵᠤ | ᠂ ᠮᠠᠯᠴᠢᠨ ᠲᠦᠮᠡᠨ ᠢᠶᠠᠨ ᠲᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠬᠤ ᠶᠢ ᠵᠤᠷᠢᠭᠵᠢᠭᠤᠯᠤᠨ᠎ᠠ᠃ ᠲᠤᠷᠰᠢᠯᠳᠠ | ᠶᠢᠨ ᠴᠡᠭ ᠤᠨ ᠭᠠᠵᠡᠷ ᠤᠷᠤᠨ ᠤ ᠰᠤᠷᠭᠠᠨ ᠬᠦᠮᠤᠵᠢᠯ᠂ ᠡᠷᠡᠬᠦᠯ ᠬᠠᠮᠠᠭᠠᠯᠠᠯ᠂ ᠮᠠᠯ ᠡᠮᠨᠡᠯᠬᠡ᠂ ᠨᠠᠶᠢᠬᠡᠮ ᠤᠨ ᠠᠵᠢᠯ | ᠤᠨ ᠲᠠᠯ᠎ᠠ ᠪᠠᠷ ᠬᠢ ᠴᠢᠳᠠᠪᠤᠷᠢᠳᠠᠨ ᠢ ᠬᠦᠮᠤᠵᠢᠬᠦᠯᠬᠦ ᠢᠡᠵᠧᠨᠧᠷᠢᠩ ᠢ ᠬᠦᠴᠤᠯᠠᠨ ᠠᠬᠢᠭᠤᠯᠤᠨ᠎ᠠ᠃ ᠲᠤᠷᠰᠢᠯᠳᠠ | ᠶᠢᠨ ᠴᠡᠭ ᠤᠨ ᠭᠠᠵᠡᠷ ᠤᠷᠤᠨ ᠤ ᠲᠠᠪᠠᠭᠤᠯᠢᠭ ᠤᠡᠴᠠᠯᠢᠭᠳᠤ ᠠᠵᠤ ᠦᠢᠯᠡᠰ ᠪᠠ ᠰᠢᠨ᠎ᠠ ᠡᠵᠡᠩᠨᠡᠯᠳᠡ ᠶᠢᠨ | ᠬᠦᠭᠵᠢᠯᠳᠠ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠨᠢᠬᠡ ᠪᠦᠯᠦᠭ ᠲᠤᠬᠠᠶᠢᠯᠠᠭᠰᠡᠨ ᠠᠵᠢᠯ ᠤᠨ ᠵᠠᠬᠢᠷᠤᠯ᠂ | ᠲᠠᠷᠢᠵᠤ ᠠᠷᠠᠴᠢᠯᠠᠬᠤ ᠴᠢᠳᠠᠪᠤᠷᠢᠳᠠᠨ᠂ ᠡᠯᠧᠺᠲᠷᠤᠨ ᠠᠷᠠᠯᠵᠢᠶᠠᠨ ᠤ ᠢᠡᠵᠧᠨᠧᠷ᠂ ᠰᠤᠶᠤᠯ ᠤᠨ ᠴᠢᠳᠠᠪᠤᠷᠢᠳᠠᠨ᠂ | ᠪᠤᠳᠠᠰ ᠤᠨ ᠪᠤᠰᠤ ᠰᠤᠶᠤᠯ ᠤᠨ ᠦᠪ ᠤᠨ ᠵᠠᠯᠠᠭᠠᠮᠵᠢᠯᠠᠭᠴᠢ᠂ ᠦᠡᠳᠤᠰᠤᠳᠠᠨ ᠤ ᠭᠠᠷ ᠤᠷᠠᠯᠠᠯ ᠤᠨ ᠦᠢᠯᠡᠳᠦᠭᠴᠢ | ᠵᠡᠷᠬᠡ ᠲᠤᠰᠬᠠᠢ ᠮᠠᠷᠬᠡᠵᠢᠯᠳᠠᠨ ᠤ ᠡᠩᠨᠡᠭᠡ ᠶᠢ ᠬᠦᠮᠤᠵᠢᠬᠦᠯᠤᠨ᠎ᠠ᠃ | |