ᠢᠷᠠᠭᠤ ᠭᠠᠶᠢᠬᠠᠮᠰᠢᠭᠳᠤ 70 ᠵᠢᠯ · ᠥᠳᠡᠯᠦᠭᠡ ᠨᠠᠰᠤᠨ ᠤ ᠪᠠᠨ ᠴᠤᠭ ᠵᠢᠪᠬᠤᠭ᠎ᠠ ᠶᠢ ᠪᠠᠳᠠᠷᠠᠭᠤᠯᠤᠶ᠎ᠠ—ᠠᠪᠠᠭ᠎ᠠ ᠬᠤᠰᠢᠭᠤ ᠨᠠᠰᠤᠳᠠᠶᠢᠴᠤᠳ ᠤᠨ ᠰᠤᠶᠤᠯ ᠲᠠᠮᠢᠷ ᠤᠨ ᠰᠢᠷᠢᠰ ᠠᠵᠢᠯᠯᠠᠭ᠎ᠠ  ᠦᠷᠨᠢᠭ
ᠨᠡᠶᠢᠲᠡᠯᠡᠭᠰᠡᠨ ᠴᠠᠭ᠄
2019/6/12
ᠤᠯᠤᠰ ᠪᠠᠶᠢᠭᠤᠯᠤᠭᠳᠠᠭᠰᠠᠨ 70 ᠵᠢᠯ ᠤᠨ ᠤᠢ ᠬᠦᠷᠴᠦ ᠢᠷᠡᠭᠦ ᠲᠠᠰᠢᠷᠠᠮ ᠢᠶᠠᠷ᠂ ᠠᠪᠠᠭ᠎ᠠ ᠬᠤᠰᠢᠭᠤ  ᠡᠯᠪᠡᠭ ᠪᠠᠶᠠᠯᠢᠭ ᠠᠭᠤᠯᠭ᠎ᠠ ᠲᠠᠢ ᠨᠠᠰᠤᠳᠠᠶᠢᠴᠤᠳ ᠤᠨ ᠰᠤᠶᠤᠯ ᠲᠠᠮᠢᠷ ᠤᠨ ᠠᠵᠢᠯᠯᠠᠭ᠎ᠠ ᠥᠷᠨᠢᠭᠦᠯᠵᠦ᠂ ᠨᠠᠰᠤᠳᠠᠶᠢᠴᠤᠳ ᠪᠤᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠰᠤᠶᠤᠯ ᠲᠠᠮᠢᠷ ᠤᠨ ᠬᠦᠳᠡᠯᠭᠡᠭᠡᠨ ᠳᠤ ᠤᠷᠤᠯᠴᠠᠬᠤ ᠢᠳᠡᠪᠬᠢᠵᠢᠯ ᠢ ᠬᠦᠢᠴᠡᠳ ᠲᠠᠶᠢᠴᠢᠯᠠᠭᠰᠠᠨ ᠪᠠᠶᠢᠨ᠎ᠠ᠃5 ᠰᠠᠷ᠎ᠠ ᠶᠢᠨ 22 ᠤ ᠡᠳᠦᠷ᠂ ᠠᠪᠠᠭ᠎ᠠ ᠬᠤᠰᠢᠭᠤᠨ ᠤ ᠠᠬᠠᠮᠠᠳ ᠺᠠᠳ᠋ᠷᠴᠤᠳ ᠤᠨ ᠲᠤᠪᠴᠢᠶ᠎ᠠ ᠪᠠ ᠭᠤᠷᠴᠢ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠠᠴᠠ ᠭᠤᠤᠯᠯᠠᠨ ᠡᠷᠬᠢᠯᠡᠭᠰᠡᠨ ︽ᠢᠷᠠᠭᠤ ᠭᠠᠶᠢᠬᠠᠮᠰᠢᠭᠳᠤ 70 ᠵᠢᠯ · ᠦᠵᠡᠰᠭᠦᠯᠡᠩᠳᠤ ᠠᠪᠠᠭ᠎ᠠ ᠪᠠᠨ ᠮᠠᠭᠳᠠᠨ ᠲᠠᠭᠤᠯᠠᠶ᠎ᠠ︾ ᠭᠡᠭᠦ ᠰᠡᠳᠦᠪᠳᠤ ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ ᠤᠷᠠᠨ ᠰᠠᠶᠢᠬᠠᠨ ᠤ ᠲᠤᠭᠯᠠᠯᠳᠠ ᠬᠤᠰᠢᠭᠤ ᠰᠤᠶᠤᠯ ᠤᠬᠠᠭᠤᠯᠭ᠎ᠠ ᠶᠢᠨ ᠲᠦᠪ ᠲᠤ ᠶᠠᠪᠤᠭᠳᠠᠵᠠᠢ ᠲᠤᠭᠯᠠᠯᠳᠠ ᠨᠢ ︽ᠠᠨᠳᠠᠢ ᠪᠦᠵᠢᠭ︾ ᠤᠨ ᠠᠶᠢᠵᠠᠮ ᠢᠶᠠᠷ ᠬᠦᠰᠢᠭᠡ ᠪᠠᠨ ᠰᠡᠭᠦᠵᠦ᠂ ︽ᠨᠠᠰᠤᠳᠠᠶᠢᠴᠤᠳ ᠤᠨ ᠶᠡᠭᠡ ᠰᠤᠷᠭᠠᠭᠤᠯᠢ ᠶᠢᠨ ᠰᠦᠯᠳᠡ ᠲᠠᠭᠤᠤ︾᠂ ︽ᠤᠯᠠᠷᠢᠯ ᠤᠨ ᠰᠠᠶᠢᠬᠠᠨ ᠠᠪᠠᠭ᠎ᠠ︾᠂ ︽ᠮᠠᠯᠴᠢᠨ ᠠᠷᠠᠳ ᠤᠨ ᠰᠡᠳᠬᠢᠯ︾᠂ ︽ᠲᠠᠯ᠎ᠠ ᠨᠤᠳᠤᠭ ᠤᠨ ᠵᠢᠪᠬᠤᠭᠠᠳᠤ ᠬᠦᠪᠡᠭᠦᠨ︾᠂ ︽ᠪᠤᠯᠪᠠᠰᠤᠨ ᠤ ᠬᠦᠷᠢᠶᠡᠯᠡᠩ ᠪᠡᠯᠭᠦᠳᠡᠢ ᠪᠠᠯᠭᠠᠰᠤ︾ ᠵᠡᠷᠭᠡ ᠲᠠᠭᠤᠤ᠂ ᠪᠦᠵᠢᠭ᠂ ᠬᠤᠯᠪᠤᠭ᠎ᠠ ᠪᠠ ᠬᠤᠪᠴᠠᠰᠤᠨ ᠤ ᠦᠵᠡᠬᠦᠯᠦᠯᠬᠡ ᠪᠠᠷ ᠢᠶᠠᠨ ᠨᠠᠰᠤᠳᠠᠶᠢᠴᠤᠳ ᠤᠨ ᠴᠤᠭ ᠵᠢᠪᠬᠤᠭᠠᠯᠢᠭ ᠤᠷ᠎ᠠ ᠠᠪᠢᠶᠠᠰ ᠢᠶᠠᠨ ᠪᠠᠳᠠᠷᠠᠭᠤᠯᠤᠨ᠂ ᠬᠤᠰᠢᠭᠤ ᠤᠯᠠᠭᠠᠨᠮᠦ᠋ᠴᠢᠷ ᠪᠠ ᠭᠤᠷᠴᠢ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠠᠵᠢᠯᠳᠠᠨ ᠴᠦ ᠠᠬᠤᠢ ᠲᠠᠯᠠᠪᠠᠢ ᠳᠤ ᠬᠦᠷᠴᠦ᠂ ᠢᠷᠠᠭᠤ ᠲᠠᠭᠤᠤ ᠪᠠᠨ ᠡᠷᠭᠦᠨ᠂ ᠬᠦᠭ ᠨᠡᠮᠡᠷᠢᠯᠡᠭᠰᠡᠨ ᠪᠠᠶᠢᠨ᠎ᠠ᠃ ᠠᠬᠠᠮᠠᠳ ᠺᠠᠳ᠋ᠷᠴᠤᠳ ᠪᠠ ᠨᠠᠰᠤᠳᠠᠶᠢᠴᠤᠳ ᠢᠶᠠᠨ ᠵᠤᠷᠢᠭᠵᠢᠭᠤᠯᠤᠨ᠂ ᠢᠳᠡᠪᠬᠢᠵᠢᠯ ᠢ ᠨᠢ ᠤᠯᠠᠮ ᠰᠠᠶᠢᠨ ᠲᠠᠶᠢᠴᠢᠯᠠᠬᠤ ᠶᠢᠨ ᠲᠤᠯᠠᠳᠠ᠂ ᠭᠤᠤᠯᠯᠠᠨ ᠡᠷᠬᠢᠯᠡᠭᠰᠡᠨ ᠪᠠᠶᠢᠭᠤᠯᠭ᠎ᠠ ᠨᠢᠭᠡᠴᠡ ᠠᠴᠠ ᠪᠠᠰᠠ ᠲᠤᠰᠬᠠᠶᠢᠯᠠᠨ ᠭᠤᠷᠪᠠᠨ ᠰᠢᠯᠢᠳᠡᠭ ᠲᠤᠭᠯᠠᠯᠳᠠ ᠶᠢ ᠱᠠᠩᠨᠠᠭᠰᠠᠨ ᠪᠠᠶᠢᠨ᠎ᠠ᠃ᠲᠤᠰ ᠡᠳᠦᠷ᠂ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ᠂ ᠬᠤᠰᠢᠭᠤ ᠨᠠᠮ ᠤᠨ ᠬᠤᠷᠢᠶᠠᠨ  ᠤ ᠠᠬᠠᠮᠠᠳ ᠺᠠᠳ᠋ᠷᠴᠤᠳ ᠤᠨ ᠲᠤᠪᠴᠢᠶ᠎ᠠ ᠬᠢᠭᠡᠳ ᠭᠤᠷᠴᠢ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠬᠠᠮᠳᠤᠷᠠᠨ ᠡᠷᠬᠢᠯᠡᠭᠰᠡᠨ ᠠᠩᠬᠠᠳᠤᠭᠠᠷ ᠤᠳᠠᠭᠠᠨ ᠤ ︿ᠭᠤᠷᠴᠢ﹀ ᠬᠤᠨᠳᠠᠭᠠᠳᠤ ᠡᠭᠦᠳᠡᠨ ᠪᠦᠮᠪᠦᠭᠡ ᠪᠠ ᠴᠢᠴᠢᠭᠦᠷ ᠪᠦᠮᠪᠦᠭᠡ ᠶᠢᠨ ᠤᠷᠤᠯᠳᠤᠭᠠᠨ᠂ ᠠᠬᠠᠮᠠᠳ ᠺᠠᠳ᠋ᠷᠴᠤᠳ ᠤᠨ ᠲᠤᠪᠴᠢᠶᠠᠨ ᠤ ᠡᠭᠦᠳᠡᠨ ᠪᠦᠮᠪᠦᠭᠡ ᠶᠢᠨ ᠤᠷᠳᠤᠨ ᠳᠤ ᠡᠬᠢᠯᠡᠭᠰᠡᠨ ᠪᠠᠶᠢᠨ᠎ᠠ᠃ᠤᠷᠤᠯᠳᠤᠭᠠᠨ ᠳᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠠ ᠠᠵᠢᠯ ᠤᠨ ᠪᠠᠶᠢᠷᠢᠨ ᠳᠤ ᠪᠠᠶᠢᠭ᠎ᠠ ᠠᠬᠠᠮᠠᠳ ᠺᠠᠳ᠋ᠷᠴᠤᠳ ᠨᠡᠶᠢᠳᠡ ᠵᠠᠭᠤ ᠭᠠᠷᠤᠢ ᠬᠦᠮᠦᠨ ᠨᠡᠷ᠎ᠠ ᠮᠡᠳᠡᠭᠦᠯᠦᠨ ᠤᠷᠤᠯᠴᠠᠵᠤ᠂ ᠤᠷᠤᠯᠳᠤᠭᠠᠨ ᠤ ᠲᠤᠮᠳᠠ᠂ ᠪᠦᠭᠦᠳᠡᠭᠡᠷ ᠢᠳᠡᠭᠡᠯ ᠲᠡᠭᠦᠯᠳᠡᠷ᠂ ᠤᠷᠮ᠎ᠠ ᠵᠤᠷᠢᠭᠳᠠᠢ᠂ ᠡᠶ᠎ᠡ ᠨᠠᠶᠢᠷᠳᠠᠢ ᠥᠷᠢᠰᠦᠯᠳᠤᠨ᠂ ︿ᠨᠥᠭᠦᠷᠯᠡᠯ ᠨᠢᠭᠡᠳᠦᠭᠡᠷ ᠂ ᠤᠷᠤᠯᠳᠤᠭᠠᠨ ᠬᠤᠶᠠᠳᠤᠭᠠᠷ﹀ ᠭᠡᠭᠦ ᠵᠤᠷᠢᠭ ᠰᠠᠨᠠᠭ᠎ᠠ ᠶᠢ ᠬᠦᠢᠴᠡᠳ ᠪᠠᠳᠠᠷᠠᠭᠤᠯᠤᠨ᠂ ᠮᠠᠰᠢ ᠪᠦᠯᠭᠦᠮᠳᠡᠯ ᠲᠠᠢ ᠪᠦᠭᠡᠳ ᠬᠦᠷ ᠬᠥᠭᠵᠢᠶᠡᠨᠳᠠᠢ ᠤᠷᠤᠯᠳᠤᠵᠠᠭᠠᠵᠤ ᠪᠠᠶᠢᠯ᠎ᠠ᠃ ᠲᠤᠰ ᠤᠳᠠᠭᠠᠨ ᠤ ᠨᠠᠰᠤᠳᠠᠶᠢᠴᠤᠳ ᠤᠨ ᠰᠤᠶᠤᠯ ᠲᠠᠮᠢᠷ ᠤᠨ ᠰᠢᠷᠢᠰ ᠠᠵᠢᠯᠯᠠᠭ᠎ᠠ ᠨᠢ ᠨᠠᠰᠤᠳᠠᠶᠢᠴᠤᠳ ᠪᠠ ᠠᠬᠠᠮᠠᠳ ᠺᠠᠳ᠋ᠷᠴᠤᠳ ᠤᠨ ᠰᠤᠶᠤᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠲᠡᠳᠡᠨ ᠤ ᠨᠡᠶᠢᠳᠡ ᠶᠢᠨ ᠬᠦᠳᠡᠯᠭᠡᠭᠡᠨ ᠳᠤ ᠤᠷᠤᠯᠴᠠᠬᠤ ᠤᠷᠮ᠎ᠠ ᠵᠤᠷᠢᠭ ᠪᠠ ᠢᠳᠡᠪᠬᠢᠵᠢᠯ ᠢ  ᠲᠠᠶᠢᠴᠢᠯᠠᠭᠰᠠᠨ ᠮᠦᠷᠲᠡᠭᠡᠨ ᠲᠡᠳᠡᠨ ᠤ ᠰᠢᠨ᠎ᠠ ᠴᠠᠭ ᠦᠶ᠎ᠠ ᠶᠢᠨ ᠨᠠᠰᠤᠳᠠᠶᠢᠴᠤᠤᠯ ᠤᠨ ᠴᠤᠭ ᠵᠢᠪᠬᠤᠭ᠎ᠠ ᠪᠠᠨ ᠪᠠᠳᠠᠷᠠᠭᠤᠯᠬᠤ ᠳᠤᠨᠢ ᠮᠠᠰᠢ ᠰᠠᠶᠢᠨ ᠨᠦᠭᠦᠴᠠᠯ ᠪᠠ ᠲᠠᠪᠴᠠᠩ ᠢ ᠬᠠᠩᠭᠠᠵᠤ ᠥᠭᠭᠦᠭᠰᠡᠨ ᠪᠠᠶᠢᠨ᠎ᠠ᠃ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠤᠯᠤᠳᠪᠠᠭᠠᠳᠤᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠨᠢᠭᠡᠳᠦᠮᠡᠯ ᠹᠷᠤᠨᠲ ᠤᠨ ᠭᠡᠯᠳᠡᠰ ᠤᠨ ᠲᠠᠷᠤᠭ᠎ᠠ ᠰᠠᠴᠤᠷᠠᠯᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠡᠪᠰᠡᠭᠳᠤ ᠬᠦᠴᠦᠨ ᠤ ᠬᠡᠯᠳᠡᠰ ᠤᠨ ᠲᠠᠷᠤᠭ᠎ᠠ ᠰᠦᠩ ᠱᠸᠥ ᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠯᠢᠥ ᠰᠢᠶᠤᠤ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠤᠬᠠᠭᠤᠯᠬᠤ ᠭᠡᠯᠳᠡᠰ ᠤᠨ ᠲᠠᠷᠤᠭ᠎ᠠ ᠭᠧ ᠶᠥᠩ ᠵᠢᠶᠦ᠋ᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠡᠩᠭᠤ ᠶᠢᠨ ᠬᠤᠷᠢᠶᠠᠨ  ᠤ ᠲᠡᠳ᠋ ᠡᠷᠬᠢᠯᠡᠭᠴᠢ ᠹᠠᠩ ᠬᠦᠢ ᠴᠢᠨ᠂ ᠪᠢᠶᠠᠨ ᠢᠦᠢ ᠯᠦᠩ᠂ ᠬᠤᠰᠢᠭᠤ ᠲᠡᠳ᠋ ᠲᠠᠷᠤᠭ᠎ᠠ ᠮᠠᠯᠴᠢᠨᠬᠦᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠢᠶᠤᠤ ᠴᠦᠨ᠂ ᠵᠠᠩ ᠰᠢᠥᠢ ᠳ᠋ᠦᠩ ᠬᠢᠭᠡᠳ ᠭᠤᠷᠴᠢ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠳᠤᠰ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠬᠤᠰᠢᠭᠤᠨ ᠤ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号