ᠠᠪᠠᠭ᠎ᠠ ᠬᠤᠰᠢᠭᠤ ᠨᠢ ᠴᠠᠭᠠᠨ ᠴᠠᠴᠠᠬᠡᠢ ᠶᠢᠨ ᠦᠷᠪᠢᠰᠤᠯ ᠲᠠᠢ ᠡᠪᠡᠳᠴᠢᠳᠠᠨ ᠳᠤ ᠮᠠᠰᠠ ᠵᠠᠰᠠᠯ ᠬᠢᠬᠦ ᠎ ᠠᠴᠠᠡᠮᠤᠨᠡᠬᠢ ᠬᠤᠭᠤᠴᠠᠭᠠᠨ ᠤ ᠰᠦᠢᠳᠬᠡᠯ ᠬᠤᠷᠢᠶᠠᠬᠤ ᠦᠬᠡᠢ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠭ᠊
ᠨᠡᠶᠢᠲᠡᠯᠡᠭᠰᠡᠨ ᠴᠠᠭ᠄
2019/6/15
6 ᠰᠠᠷ᠎ᠠ ᠶᠢᠨ 11᠎ ᠤ ᠡᠳᠤᠷ᠂ ᠴᠠᠭᠠᠨ ᠴᠠᠴᠠᠬᠡᠢ ᠶᠢᠨ ᠦᠷᠪᠢᠰᠤᠯ ᠲᠠᠢ ᠡᠪᠡᠳᠴᠢᠳᠠᠨ ᠳᠤ ᠮᠠᠰᠠ ᠵᠠᠰᠠᠯ ᠬᠢᠬᠦ ᠎ ᠠᠴᠠ ᠡᠮᠤᠨᠡᠬᠢ ᠬᠤᠭᠤᠴᠠᠭᠠᠨ ᠤ ᠰᠦᠢᠳᠬᠡᠯ ᠬᠤᠷᠢᠶᠠᠬᠤ ᠦᠬᠡᠢ ᠰᠢᠭᠰᠢᠨ ᠪᠠᠶᠢᠴᠠᠭᠠᠬᠤ ᠠᠵᠢᠯᠯᠠᠭ᠎ᠠ ᠠᠪᠠᠭ᠎ᠠ ᠬᠤᠰᠢᠭᠤᠨ ᠤ ᠬᠠᠯᠠᠮᠵᠢ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠦᠢᠯᠡᠴᠢᠯᠡᠬᠡᠨ ᠤ ᠲᠦᠪ ᠲᠤ ᠶᠡᠪᠤᠭᠳᠠᠵᠡᠢ᠃ᠳᠤᠰ ᠤᠳᠠᠭᠠᠨ ᠤ ᠠᠵᠢᠯᠯᠠᠭ᠎ᠠ ᠶᠢ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠪᠤᠯᠤᠨ ᠰᠢᠯᠢᠩᠬᠤᠳᠠ ᠶᠢᠨ ᠴᠤᠤ ᠵᠢᠦᠢ ᠨᠢᠳᠤᠨ ᠤ ᠡᠮᠨᠡᠯᠬᠡ ᠶᠢᠨ ᠬᠤᠷᠢᠶ᠎ᠡ ᠬᠠᠮᠳᠤᠷᠠᠨ ᠡᠷᠬᠢᠯᠡᠵᠡᠢ᠃ ᠠᠵᠢᠯᠯᠠᠭᠠᠨ ᠤ ᠡᠮᠤᠨᠡᠬᠢ ᠬᠤᠭᠤᠴᠠᠭᠠᠨ ᠳᠤ᠂ ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠠᠴᠠ ᠪᠠᠶᠢᠭᠤᠯᠭ᠎ᠠ ᠨᠢᠬᠡᠴᠠ᠂ ᠡᠯ᠎ᠡ ᠰᠤᠮᠤ ᠪᠠᠯᠭᠠᠰᠤᠨ ᠤ ᠸᠢᠴᠠᠲ ᠳᠠᠪᠴᠠᠩ ᠵᠡᠷᠬᠡ ᠵᠠᠭᠤᠴᠢᠯᠠᠭᠤᠷ ᠢᠶᠠᠷ ᠳᠠᠮᠵᠢᠨ ᠤᠬᠠᠭᠤᠯᠤᠨ ᠲᠠᠶᠢᠯᠪᠦᠷᠢᠯᠠᠬᠤ ᠠᠵᠢᠯ ᠢ ᠬᠢᠵᠤ᠂ ᠡᠯ᠎ᠡ ᠰᠤᠮᠤ ᠪᠠᠯᠭᠠᠰᠤ᠂ ᠦᠨᠳᠤᠰᠤᠨ ᠱᠠᠳᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠵᠤᠬᠢᠶᠠᠨ ᠪᠠᠶᠢᠭᠤᠯᠤᠯᠳᠠ ᠳᠤ ᠴᠠᠭᠠᠨ ᠴᠠᠴᠠᠬᠡᠢ ᠶᠢᠨ ᠦᠷᠪᠢᠰᠤᠯ ᠲᠠᠢ ᠡᠪᠡᠳᠴᠢᠳᠠᠨ ᠤ ᠨᠠᠷᠢᠨ ᠪᠠᠶᠢᠳᠠᠯ ᠢ ᠤᠶᠢᠯᠠᠭᠠᠬᠤ ᠮᠡᠳᠡᠭᠳᠡᠯ ᠢ  ᠲᠠᠷᠠᠭᠠᠭᠰᠠᠨ ᠪᠠᠶᠢᠨ᠎ᠠ᠃ ᠨᠠᠮ ᠤᠨ ᠬᠡᠰᠢᠭᠦᠨ ᠺᠠᠳ᠋ᠷ ᠢ ᠵᠤᠬᠢᠶᠡᠨ ᠪᠠᠶᠢᠭᠤᠯᠤᠨ᠂ ᠦᠨᠳᠤᠰᠤᠨ ᠱᠠᠳᠤᠨ ᠳᠤ ᠬᠦᠨᠵᠡᠬᠡᠶᠢᠷᠡᠭᠦᠯᠵᠤ᠂ ᠴᠠᠭᠠᠨ ᠴᠠᠴᠠᠬᠡᠢ ᠶᠢᠨ ᠦᠷᠪᠢᠰᠤᠯ ᠲᠠᠢ ᠡᠪᠡᠳᠴᠢᠳᠠᠨ ᠤ ᠨᠠᠷᠢᠨ ᠪᠠᠶᠢᠳᠠᠯ ᠢ ᠪᠦᠬᠦ ᠳᠠᠯ᠎ᠠ ᠪᠠᠷ ᠤᠶᠢᠯᠠᠭᠠᠵᠤ᠂ ᠬᠤᠳᠠ ᠶᠢᠨ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠲᠤ ᠮᠡᠳᠡᠭᠦᠯᠬᠦ ᠎ ᠶᠢᠨ ᠬᠠᠮᠳᠤ᠂ ᠴᠤᠤ ᠵᠢᠦᠢ ᠨᠢᠳᠤᠨ ᠤ ᠡᠮᠨᠡᠯᠬᠡ ᠲᠠᠢ ᠬᠠᠮᠳᠤᠷᠠᠨ ᠮᠠᠨ ᠤ ᠬᠤᠰᠢᠭᠤᠨ ᠳᠤ ᠰᠢᠭᠰᠢᠨ ᠪᠠᠶᠢᠴᠠᠭᠠᠬᠤ ᠠᠵᠢᠯᠯᠠᠭ᠎ᠠ ᠦᠷᠨᠢᠭᠦᠯᠵᠤ᠂ ᠪᠦᠬᠦ ᠬᠤᠰᠢᠭᠤᠨ ᠤ ᠦᠷᠬᠡᠨ ᠤᠯᠡᠨ ᠨᠢᠳᠤᠨ ᠤ ᠡᠪᠡᠳᠴᠢᠳᠠᠨ ᠳᠤ ᠦᠨ᠎ᠠ ᠲᠦᠯᠤᠪᠤᠷᠢ ᠦᠬᠡᠢ ᠰᠢᠭᠰᠢᠨ ᠪᠠᠶᠢᠴᠠᠭᠠᠬᠤ ᠤᠶᠢᠯᠡᠴᠢᠯᠡᠭᠡ ᠬᠠᠩᠭᠠᠭᠰᠡᠨ ᠪᠠᠶᠢᠨ᠎ᠠ᠃ᠬᠦᠨᠳᠡᠯᠡᠨ ᠪᠢᠴᠢᠬᠡᠰᠤ ᠡᠯᠭᠦᠭᠰᠡᠨ ᠬᠦᠳᠡᠯᠬᠡᠬᠡᠨ ᠤ ᠠᠬᠤᠢ ᠳᠠᠯᠠᠪᠠᠢ ᠳᠤ᠂ ᠳᠠᠩᠰᠠᠯᠠᠬᠤ ᠭᠠᠵᠡᠷ᠂ ᠬᠠᠷᠠᠭ᠎ᠠ ᠪᠠᠶᠢᠴᠠᠭᠠᠬᠤ ᠳᠤᠭᠤᠷᠢᠭ ᠪᠤᠯᠤᠨ ᠬᠡᠮᠵᠢᠭᠦᠷ ᠢᠶᠠᠷ ᠪᠠᠶᠢᠴᠠᠭᠠᠬᠤ  ᠴᠡᠭ ᠢ ᠪᠠᠶᠢᠭᠤᠯᠵᠤ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠠᠵᠢᠯᠳᠡᠳ ᠠᠴᠠ ᠤᠯᠡᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ  ᠳᠠᠷᠬᠠᠭᠠᠨ ᠦᠭᠴᠤ᠂ ᠦᠷᠬᠡᠨ ᠤᠯᠡᠨ ᠲᠦᠮᠡᠨ ᠤ ᠠᠰᠠᠭᠤᠨ ᠯᠠᠪᠯᠠᠯᠳᠠ ᠶᠢ ᠬᠦᠯᠢᠶᠡᠨ ᠠᠪᠴᠤ᠂ ᠮᠠᠰᠢ ᠶᠠᠭᠠᠷᠠᠯᠳᠠᠢ ᠠᠵᠢᠯᠯᠠᠵᠤ ᠪᠠᠶᠢᠯ᠎ᠠ᠃ ᠨᠢᠬᠡᠨ ᠳᠠᠯᠠ ᠭᠠᠷᠤᠭᠰᠡ ᠨᠠᠰᠤᠳᠠᠨ ᠶᠢ ᠰᠤᠷᠪᠤᠯᠵᠢᠯᠠᠬᠤ ᠳᠤ᠄ ︽ᠪᠢ ᠨᠢᠳᠤᠨ ᠤ ᠡᠪᠡᠳᠴᠢᠨ ᠳᠤ ᠨᠡᠷᠪᠡᠭᠳᠡᠬᠡᠳ ᠤᠯᠡᠨ ᠵᠢᠯ ᠪᠤᠯᠵᠤ ᠪᠠᠶᠢᠨ᠎ᠠ᠃ ᠵᠤᠭᠤᠰ ᠮᠦᠩᠭᠦᠨ ᠤ ᠬᠦᠷᠦᠯᠴᠡᠭᠡ ᠦᠬᠡᠢ ᠠᠴᠠ ᠪᠤᠯᠵᠤ ᠡᠮᠴᠢᠯᠡᠭᠦᠯᠵᠤ ᠳᠠᠶᠢᠯᠦᠬᠡ ᠦᠬᠡᠢ᠃ ᠳᠤᠰ ᠤᠳᠠᠭᠠᠨ ᠤ ᠬᠤᠰᠢᠭᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠦᠨ᠎ᠠ ᠲᠦᠯᠦᠪᠤᠷᠢ ᠦᠬᠡᠢ ᠰᠢᠭᠰᠢᠨ ᠪᠠᠶᠢᠴᠠᠭᠠᠵᠤ ᠳᠤᠰᠠᠯᠠᠬᠤ ᠠᠵᠢᠯᠯᠠᠭ᠎ᠠ ᠪᠠᠷ ᠳᠠᠮᠵᠢᠭᠠᠳ᠂ ᠰᠦᠢᠳᠬᠡᠯ ᠳᠤᠰᠢᠶᠠᠬᠤ ᠦᠬᠡᠢ ᠪᠠᠷ ᠮᠠᠰᠠ ᠵᠠᠰᠠᠯ ᠬᠢᠵᠤ ᠳᠠᠶᠢᠯᠬᠦ ᠪᠤᠯᠤᠭᠰᠡᠨ ᠳᠤ ᠪᠠᠨ ᠮᠠᠰᠢ ᠶᠡᠭᠡ ᠪᠠᠶᠠᠷᠯᠠᠵᠤ ᠪᠠᠶᠢᠨ᠎ᠠ︾ ᠭᠡᠯ᠎ᠠ᠃ᠪᠦᠷᠢᠳᠬᠡᠯ ᠢ ᠦᠨᠳᠤᠰᠤᠯᠡᠪᠡᠯ᠂ ᠦᠨᠤᠳᠤᠷ ᠠᠬᠤᠢ ᠳᠠᠯᠠᠪᠠᠢ ᠳᠤ ᠢᠷᠡᠵᠤ ᠪᠠᠶᠢᠴᠠᠭᠠᠯᠭᠠᠭᠰᠡᠨ ᠨᠠᠰᠤᠳᠠᠨ ᠪᠦᠬᠦ ᠨᠠᠶᠢᠳᠠ 200 ᠭᠠᠷᠤᠢ ᠬᠦᠮᠦᠨ ᠤᠳᠠᠭ᠎ᠠ ᠬᠦᠷᠴᠠᠢ᠃ ᠳᠤᠰ ᠤᠳᠠᠭ᠎ᠠ ᠰᠢᠭᠰᠢᠨ ᠪᠠᠶᠢᠴᠠᠭᠠᠵᠤ ᠤᠨᠤᠰᠢᠯᠠᠭᠰᠡᠨ ᠤ ᠳᠠᠷᠠᠭ᠎ᠠ᠂ ᠠᠮᠢᠳᠤᠷᠠᠯ ᠨᠢ ᠬᠦᠴᠢᠷᠳᠠᠯᠳᠠᠢ ᠡᠪᠡᠳᠴᠢᠳᠠᠨ ᠤ ᠭᠡᠷ ᠪᠦᠯᠢ ᠳᠤ ᠦᠨ᠎ᠠ ᠲᠦᠯᠤᠪᠤᠷᠢ ᠦᠬᠡᠢ ᠪᠠᠷ ᠮᠠᠰᠠ ᠵᠠᠰᠠᠯ ᠬᠢᠬᠦ ᠤᠶᠢᠯᠡᠴᠢᠯᠡᠭᠡ ᠬᠠᠩᠭᠠᠬᠤ ᠪᠤᠯᠤᠨ᠎ᠠ᠃ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠳᠡᠳ᠋ ᠳᠠᠷᠤᠭ᠎ᠠ ᠵᠠᠯᠭᠠᠮᠵᠢ᠄— ᠤᠷᠴᠢᠮ ᠤᠨ ᠳᠠᠪᠤᠨ ᠵᠢᠯ ᠳᠤ ᠮᠠᠨ ᠤ ᠬᠤᠰᠢᠭᠤ ᠨᠢ ᠴᠠᠭᠠᠨ ᠴᠡᠴᠡᠬᠡᠢ ᠶᠢᠨ ᠦᠷᠪᠢᠰᠤᠯ ᠲᠠᠢ ᠡᠪᠡᠳᠴᠢᠳᠠᠨ ᠎ ᠳᠤ ᠮᠠᠰᠠ ᠵᠠᠰᠠᠯ ᠬᠢᠬᠦ ᠠᠴᠠ ᠡᠮᠤᠨᠡᠬᠢ ᠬᠤᠭᠤᠴᠠᠭᠠᠨ ᠤ ᠰᠦᠢᠳᠬᠡᠯ ᠬᠤᠷᠢᠶᠠᠬᠤ ᠦᠬᠡᠢ ᠰᠢᠭᠰᠢᠨ ᠪᠠᠶᠢᠴᠠᠭᠠᠬᠤ ᠠᠵᠢᠯᠯᠠᠭ᠎ᠠ ᠶᠢ ᠵᠠᠯᠭᠠᠭ᠎ᠠ ᠪᠠᠷ ᠶᠠᠪᠤᠭᠳᠠᠭᠤᠯᠵᠤ᠂ ᠪᠦᠬᠦ ᠨᠠᠶᠢᠳᠠ 100 ᠭᠠᠷᠤᠢ ᠨᠠᠷᠠᠰ ᠶᠠᠳᠠᠭᠤ ᠬᠦᠴᠢᠷᠳᠠᠯᠳᠠᠢ ᠤᠯᠡᠨ ᠲᠦᠮᠡᠨ ᠶᠢ ᠦᠨ᠎ᠠ ᠲᠦᠯᠦᠪᠤᠷᠢ ᠦᠬᠡᠢ ᠪᠠᠷ ᠡᠮᠴᠢᠯᠡᠭᠰᠡᠨ ᠪᠠᠶᠢᠨ᠎ᠠ᠃ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠠᠴᠠ ᠵᠢᠯ ᠪᠦᠷᠢ ᠳᠤᠭᠳᠠᠮᠠᠯ ᠪᠤᠰᠤ ᠬᠤᠭᠤᠴᠠᠭ᠎ᠠ ᠲᠠᠢ ᠪᠠᠷ ᠬᠠᠯᠠᠮᠵᠢ ᠨᠠᠰᠤᠳᠠᠶᠢᠴᠤᠳ ᠢ ᠠᠰᠠᠷᠠᠨ ᠬᠠᠷᠠᠭᠠᠯᠵᠠᠬᠤ ᠤᠶᠢᠯᠠᠴᠢᠯᠡᠬᠡᠨ ᠤ ᠲᠦᠪ᠂ ᠴᠤᠯᠮᠦᠨ ᠨᠠᠰᠤᠳᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠤᠨ ᠨᠠᠰᠤᠳᠠᠶᠢᠴᠤᠳ ᠲᠤ ᠦᠨ᠎ᠠ ᠲᠦᠯᠦᠪᠤᠷᠢ ᠦᠬᠡᠢ ᠪᠠᠶᠢᠴᠠᠭᠠᠯᠳᠠ ᠬᠢᠵᠤ ᠦᠭᠳᠡᠭ ᠪᠠᠶᠢᠨ᠎ᠠ᠃ ᠬᠤᠶᠢᠰᠢᠳᠠ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠨᠢ ᠶᠠᠳᠠᠭᠤ ᠬᠦᠴᠢᠷᠳᠠᠯᠳᠠᠢ ᠬᠡᠷ ᠪᠦᠯᠢ ᠶᠢ ᠬᠠᠪᠰᠤᠷᠤᠨ ᠳᠡᠮᠵᠢᠬᠦ ᠬᠦᠴᠦᠯᠡᠴᠠ ᠪᠠᠨ ᠨᠡᠮᠡᠭᠳᠡᠭᠦᠯᠵᠤ᠂ ᠳᠠᠳᠠᠨ ᠳᠤ ᠤᠯᠡᠮ ᠰᠠᠶᠢᠨ ᠤᠶᠢᠯᠡᠴᠢᠯᠡᠭᠡ ᠬᠠᠩᠭᠠᠵᠤ᠂ ᠨᠠᠩ ᠤᠯᠡᠨ ᠶᠠᠳᠠᠭᠤ ᠬᠦᠴᠢᠷᠳᠠᠯᠳᠠᠢ ᠤᠯᠡᠨ ᠲᠦᠮᠡᠨ ᠳᠤ ᠠᠰᠢᠭ ᠬᠦᠷᠳᠡᠭᠡᠬᠦ ᠪᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号