ᠤᠶᠢᠷ᠎ᠠ ᠳᠤ᠂ ᠠᠪᠠᠭ᠎ᠠ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ ᠪᠠᠶᠢᠭᠤᠯᠤᠭᠳᠠᠭᠰᠠᠨ40 ᠵᠢᠯ ᠤᠨ ᠤᠢ | ᠶᠢ ᠲᠤᠬᠢᠶᠠᠯᠳᠤᠭᠤᠯᠤᠨ᠂ ᠲᠤᠰ ᠰᠤᠷᠭᠠᠭᠤᠯᠢ ᠶᠢᠨ ᠤᠤᠯ ᠤᠨ ᠪᠠᠭᠰᠢ ᠴ᠊ · ᠡᠷᠳᠡᠨᠢ ᠬᠦᠬᠡᠬᠤᠳᠠ ᠠᠴᠠ | ᠲᠤᠰᠬᠠᠶᠢᠯᠠᠨ ᠰᠤᠷᠭᠠᠭᠤᠯᠢ ᠳᠠᠭᠠᠨ ᠢᠷᠡᠵᠤ᠂ 24 ᠢᠵᠢ ︽ᠮᠤᠩᠭᠤᠯ ᠰᠤᠳᠤᠯᠤᠯ ᠤᠨ ᠨᠡᠪᠳᠡᠷᠬᠡᠢ ᠲᠤᠯᠢ︾ | ᠬᠦᠷᠭᠡᠪᠡ᠃ ᠲᠤᠯᠢ ᠪᠢᠴᠢᠭ ᠬᠦᠷᠭᠡᠬᠦ ᠠᠵᠢᠯᠯᠠᠭ᠎ᠠ ᠶᠢ ᠮᠤᠩᠭᠤᠯ ᠲᠤᠮᠳᠠᠳᠤ ᠰᠤᠷᠭᠠᠭᠤᠯᠢ ᠶᠢᠨ ᠨᠤᠮ ᠤᠨ ᠰᠠᠩ ᠤᠨ | ᠤᠩᠰᠢᠯᠭ᠎ᠠ ᠶᠢᠨ ᠦᠷᠤᠭᠡᠨ ᠳᠤ ᠶᠠᠪᠤᠭᠳᠠᠭᠤᠯᠵᠤ᠂ ᠰᠤᠷᠭᠠᠭᠤᠯᠢ ᠶᠢᠨ ᠵᠠᠬᠢᠷᠤᠯ ᠬᠠᠰᠪᠠᠭᠠᠨ᠎ᠠ ᠪᠤᠯᠤᠨ ᠭᠡᠰᠡᠭ | ᠪᠠᠭᠰᠢ ᠰᠤᠷᠤᠭᠴᠢᠳ ᠤᠨ ᠲᠦᠯᠦᠭᠡᠯᠡᠭᠴᠢ ᠤᠷᠤᠯᠴᠠᠵᠠᠢ᠃ | ᠴ᠊ · ᠡᠷᠳᠡᠨᠢ᠄ | — ᠪᠢ ᠪᠤᠯ ᠲᠡᠭᠡᠷ᠎ᠡ ᠵᠠᠭᠤᠨ ᠤ ᠨᠠᠶᠠᠭᠠᠳ ᠤᠨ ᠤ ᠡᠬᠢᠨ ᠳᠤ ᠲᠤᠰ ᠰᠤᠷᠭᠠᠭᠤᠯᠢ ᠶᠢᠨ ᠮᠤᠩᠭᠤᠯ ᠬᠡᠯᠡᠨ ᠤ | ᠪᠠᠭᠰᠢ ᠪᠠᠶᠢᠪᠠ᠃ ᠲᠡᠷᠡ ᠦᠶ᠎ᠡ ᠳᠤ ᠮᠠᠨ ᠤ ᠰᠤᠷᠭᠠᠭᠤᠯᠢ ᠶᠢᠨ ᠵᠠᠬᠢᠷᠤᠯ ᠳ᠋ᠠᠮᠪᠢᠨᠢᠮ᠎ᠠ᠂ ᠬᠢᠴᠢᠶᠡᠯ ᠬᠦᠮᠦᠵᠢᠯ ᠤᠨ | ᠡᠷᠭᠢᠯᠡᠭᠴᠢ ᠨᠠᠶᠢᠷᠠᠯᠳᠤ ᠪᠠᠭᠰᠢ ᠪᠠᠶᠢᠵᠠᠢ᠃ ᠮᠠᠨ ᠤ ᠰᠤᠷᠭᠠᠭᠤᠯᠢ ᠶᠢᠨ ᠵᠠᠬᠢᠷᠤᠯ ᠳ᠋ᠠᠮᠪᠢᠨᠢᠮ᠎ᠠ ᠪᠠᠭᠰᠢ ᠪᠤᠯ ᠮᠤᠩᠭᠤᠯ | ᠦᠨᠳᠦᠰᠦᠳᠡᠨ ᠤ ᠰᠤᠷᠭᠠᠨ ᠬᠦᠮᠦᠵᠢᠯ ᠤᠨ ᠵᠢᠳᠬᠦᠯᠳᠡᠨ᠂ ᠠᠪᠠᠭ᠎ᠠ ᠨᠤᠳᠤᠭ ᠤᠨ ᠰᠤᠷᠭᠠᠨ ᠬᠦᠮᠦᠵᠢᠯ ᠤᠨ | ᠰᠠᠭᠤᠷᠢᠯᠠᠭᠴᠢ ᠪᠠᠭᠰᠢ ᠶᠢᠨ ᠨᠢᠭᠡ ᠮᠦᠨ᠃ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠵᠤᠷᠢᠭᠳᠠᠢ ᠬᠢᠭᠰᠡᠨ | ᠬᠤᠰᠢᠭᠤᠴᠢ ᠪᠠᠭᠰᠢ ᠶᠢᠨ ᠨᠢᠭᠡ ᠮᠦᠨ᠃ ᠵᠢᠱᠢᠶᠡᠯᠡᠪᠡᠯ᠂ ᠲᠡᠷᠡ ᠦᠶ᠎ᠡ ᠳᠤ ᠳ᠋ᠠᠮᠪᠢᠨᠢᠮ᠎ᠠ ᠵᠠᠬᠢᠷᠤᠯ ᠮᠤᠩᠭᠤᠯ | ᠲᠤᠮᠳᠠᠳᠤ ᠰᠤᠷᠭᠠᠭᠤᠯᠢ ᠶᠢ ᠪᠦᠬᠦ ᠲᠠᠯ᠎ᠠ ᠪᠠᠷ ᠦᠭᠡᠷᠡᠴᠢᠯᠡᠯᠳᠡ ᠬᠢᠵᠤ᠂ ︽ᠰᠤᠷᠭᠠᠭᠤᠯᠢ ᠶᠢᠨ ᠵᠠᠬᠢᠷᠤᠯ ᠤᠨ | ᠬᠠᠷᠢᠭᠤᠴᠠᠯᠭ᠎ᠠ ᠶᠢᠨ ᠲᠦᠷᠢᠮ︾᠂ ︽ᠪᠠᠭᠰᠢ ᠶᠢ ᠤᠷᠢᠵᠤ ᠬᠡᠷᠡᠭᠯᠡᠬᠦ ᠲᠦᠷᠢᠮ︾᠂ ︽ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢᠨ ᠲᠦᠷᠢᠮ︾ ᠵᠡᠷᠭᠡ ᠶᠢ ᠬᠡᠷᠡᠭᠵᠢᠭᠦᠯᠵᠠᠢ᠃ ᠢᠩᠬᠢᠭᠡᠳ ᠪᠠᠰᠠ ᠰᠤᠷᠭᠠᠭᠤᠯᠢ ᠶᠢᠨ | ᠤᠳᠤᠷᠢᠳᠤᠯᠭ᠎ᠠ ᠶᠢᠨ ᠭᠤᠤᠯ ᠬᠦᠴᠤᠨ ᠢ ᠵᠢᠭᠠᠨ ᠰᠤᠷᠭᠠᠬᠤ ᠲᠡᠭᠡᠷ᠎ᠡ ᠰᠢᠯᠵᠢᠭᠦᠯᠵᠤ᠂ ᠭᠠᠷᠠᠭ ᠲᠤ 4 ᠴᠠᠭ ᠤᠨ | ᠬᠢᠴᠢᠶᠡᠯ ᠵᠢᠭᠠᠬᠤ ᠶᠢ ᠪᠠᠷᠢᠮᠳᠠᠯᠠᠵᠤ᠂ ᠰᠤᠷᠭᠠᠭᠤᠯᠢ ᠶᠢᠨ ᠵᠢᠭᠠᠨ ᠰᠤᠷᠭᠠᠬᠤ ᠶᠢ ᠭᠤᠤᠯᠯᠠᠨ ᠬᠠᠮᠢᠶᠠᠷᠬᠤ ᠲᠡᠳ᠋ | ᠵᠠᠬᠢᠷᠤᠯ᠂ ᠬᠢᠴᠢᠶᠡᠯ ᠬᠦᠮᠦᠵᠢᠯ ᠤᠨ ᠡᠷᠬᠢᠯᠡᠭᠴᠢ ᠲᠤᠰ ᠪᠦᠷᠢ ᠨᠢᠭᠡ ᠠᠩᠭᠢ ᠳᠤ ᠭᠤᠤᠯ ᠬᠢᠴᠢᠶᠡᠯ ᠵᠢᠭᠠᠬᠤ ᠶᠢ | ᠡᠭᠦᠷᠭᠡᠯᠡᠵᠤ᠂ ᠰᠤᠷᠭᠠᠭᠤᠯᠢ ᠶᠢᠨ ᠤᠳᠤᠷᠢᠳᠤᠯᠭ᠎ᠠ ᠭᠠᠷᠠᠭ ᠲᠤ 2-3 ᠤᠳᠠᠭ᠎ᠠ ᠪᠠᠭᠰᠢ ᠨᠠᠷ ᠤᠨ ᠬᠢᠴᠢᠶᠡᠯ ᠢ | ᠡᠭᠡᠯᠵᠢᠯᠡᠨ ᠰᠤᠨᠤᠰᠴᠤ᠂ ᠠᠬᠢᠴᠠ ᠶᠢᠨ ᠲᠦᠯᠦᠪᠯᠡᠭᠡ᠂ ᠵᠢᠭᠠᠬᠤ ᠬᠦᠳᠦᠯᠪᠦᠷᠢ᠂ ᠲᠠᠰᠬᠠᠯ ᠲᠠᠭᠠᠭᠠᠯᠭᠠᠪᠤᠷᠢ ᠵᠡᠷᠭᠡ | ᠶᠢ ᠵᠤᠷᠢᠯᠭ᠎ᠠ ᠲᠠᠢ ᠪᠠᠶᠢᠴᠠᠭᠠᠵᠤ᠂ ᠰᠤᠷᠭᠠᠭᠤᠯᠢ ᠶᠢᠨ ᠡᠯ᠎ᠡ ᠲᠦᠷᠦᠯ ᠤᠨ ᠬᠦᠰᠦᠨᠦᠭᠳᠤ᠂ ᠲᠦᠷᠢᠮ ᠲᠤᠭᠳᠠᠭᠠᠯ | ᠲᠦᠷᠢᠮᠵᠢᠵᠤ᠂ ᠤᠳᠤᠷᠢᠳᠤᠯᠭ᠎ᠠ ᠪᠤᠯᠤᠭᠰᠠᠳ ᠵᠢᠭᠠᠨ ᠰᠤᠷᠭᠠᠬᠤ ᠠᠵᠢᠯ ᠳᠤ ᠪᠡᠶ᠎ᠡ ᠪᠠᠷ ᠢᠶᠠᠨ ᠭᠦᠨᠵᠡᠭᠡᠶᠢᠷᠡᠵᠤ | ᠴᠢᠳᠠᠭᠰᠠᠨ ᠠᠴᠠ ᠪᠠᠭᠰᠢ ᠰᠤᠷᠤᠭᠴᠢᠳ ᠤᠨ ᠢᠳᠡᠪᠬᠢᠵᠢᠯ ᠤᠷᠢᠳ ᠡᠮᠤᠨ᠎ᠡ ᠭᠠᠷᠤᠭ᠎ᠠ ᠦᠭᠡᠢ ᠲᠠᠶᠢᠴᠢᠯᠠᠭᠳᠠᠵᠤ᠂ | ᠵᠢᠭᠠᠨ ᠰᠤᠷᠭᠠᠬᠤ ᠠᠵᠢᠯ ᠠᠬᠢᠴᠠ ᠲᠠᠢ ᠪᠤᠯᠵᠠᠢ᠃ ᠦᠭᠡᠷ᠎ᠡ ᠪᠠᠷ ᠬᠡᠯᠡᠪᠡᠯ ᠨᠢᠭᠡ ᠳᠤ᠂ ᠦᠭᠡᠷᠡᠴᠢᠯᠡᠯᠳᠠ ᠶᠢᠨ | ᠲᠤᠮᠳᠠ ᠮᠤᠩᠭᠤᠯ ᠲᠤᠮᠳᠠᠳᠤ ᠰᠤᠷᠭᠠᠭᠤᠯᠢ ᠳᠤ ᠪᠦᠯᠬᠦᠮᠳᠡᠨ ᠨᠢᠭᠡᠳᠦᠭᠰᠡᠨ ᠠᠵᠢᠯ ᠤᠨ ᠠᠷᠭ᠎ᠠ ᠲᠡᠮ ᠲᠠᠢ | ᠤᠳᠤᠷᠢᠳᠬᠤ ᠪᠠᠭ ᠪᠦᠷᠢᠯᠳᠦᠵᠠᠢ︔ ᠬᠤᠶᠠᠷ ᠲᠤ᠂ ᠦᠢᠯᠡᠰᠴᠢ ᠴᠢᠨᠠᠷ ᠢᠶᠠᠷ ᠴᠢᠩᠭ᠎ᠠ᠂ ᠲᠤᠰᠬᠠᠢ ᠮᠡᠷᠭᠡᠵᠢᠯ ᠲᠠᠢ᠂ | ᠠᠵᠢᠯ ᠳᠠᠭᠠᠨ ᠬᠠᠯᠠᠭᠤᠮᠰᠤᠭ ᠪᠠᠭᠰᠢ ᠶᠢᠨ ᠡᠩᠨᠡᠭᠡᠨ ᠤ ᠪᠠᠶᠢᠭᠤᠯᠤᠯᠳᠠ ᠲᠡᠭᠦᠯᠳᠡᠷᠵᠢᠵᠠᠢ︔ ᠭᠤᠷᠪᠠ ᠳᠤ᠂ | ᠰᠤᠷᠭᠠᠨ ᠬᠦᠮᠦᠵᠢᠯ ᠤᠨ ᠵᠢᠮ᠎ᠠ ᠬᠠᠤᠯᠢ ᠪᠠᠷ ᠰᠤᠷᠭᠠᠭᠤᠯᠢ ᠡᠷᠬᠢᠯᠡᠬᠦ ᠦᠵᠡᠯ ᠰᠠᠨᠠᠭ᠎ᠠ ᠤᠷᠢᠳ ᠡᠮᠤᠨ᠎ᠡ ᠭᠠᠷᠤᠭ᠎ᠠ | ᠦᠭᠡᠢ ᠲᠠᠶᠢᠴᠢᠯᠠᠭᠳᠠᠵᠠᠢ᠃ | ᠶᠡᠷᠤᠩᠬᠡᠢ ᠳᠤᠨᠢ ᠠᠪᠴᠤ ᠬᠡᠯᠡᠪᠡᠯ᠂ 1985 ᠤᠨ ᠳᠤ ᠪᠦᠬᠦ ᠤᠷᠤᠨ ᠤ ᠬᠡᠪᠴᠢᠶ᠎ᠠ ᠪᠠᠷ ᠬᠢᠭᠰᠡᠨ ᠠᠩᠬ᠎ᠠ ᠵᠡᠷᠭᠡ | ᠶᠢᠨ ᠲᠤᠮᠳᠠᠳᠤ ᠰᠤᠷᠭᠠᠭᠤᠯᠢ ᠶᠢᠨ ᠬᠢᠷᠢ ᠬᠡᠮᠵᠢᠶ᠎ᠡ ᠶᠢ ᠨᠡᠶᠢᠳᠡᠮ ᠪᠠᠶᠢᠴᠠᠭᠠᠬᠤ ᠰᠢᠯᠭᠠᠯᠳᠠ ᠳᠤ ᠮᠡᠨ ᠤ ᠰᠤᠷᠭᠠᠭᠤᠯᠢ | ᠶᠢᠨ ᠤᠯᠤᠰ ᠲᠦᠷᠦ᠂ ᠬᠢᠮᠢ᠂ ᠹᠢᠽᠢᠺ ᠵᠡᠷᠭᠡ ᠲᠠᠩ ᠲᠦᠷᠦᠯ ᠤᠨ ᠬᠢᠴᠢᠶᠡᠯ ᠤᠨ ᠬᠢᠷᠢ ᠪᠦᠳᠦᠮᠵᠢ ᠬᠢᠭᠡᠳ | ᠶᠡᠷᠤᠩᠬᠡᠢ ᠬᠤᠪᠢ ᠨᠢ ᠪᠦᠬᠦ ᠠᠶᠢᠮᠠᠭ ᠲᠤ ᠲᠡᠷᠢᠭᠦᠯᠡᠵᠠᠢ᠃ | ᠴ᠊ · ᠡᠷᠳᠡᠨᠢ ᠰᠤᠷᠪᠤᠯᠵᠢᠯᠠᠭᠴᠢ ᠳᠤ ︽35 ᠵᠢᠯ ᠤᠨ ᠲᠠᠷᠠᠭᠠᠬᠢ ᠦᠨᠦᠳᠤᠷ ᠮᠤᠩᠭᠤᠯ ᠲᠤᠮᠳᠠᠳᠤ ᠰᠤᠷᠭᠠᠭᠤᠯᠢ ᠶᠢᠨ | ᠢᠶᠠᠨ ᠠᠯᠳᠠᠨ ᠪᠤᠱᠤᠭ᠎ᠠ ᠶᠢ ᠲᠠᠬᠢᠨᠳᠠ ᠠᠯᠬᠤᠭᠰᠠᠨ ᠳᠠᠭᠠᠨ ᠮᠠᠰᠢ ᠰᠡᠳᠬᠢᠯ ᠬᠠᠨᠤᠮᠵᠢᠳᠠᠢ ᠪᠠᠶᠢᠨ᠎ᠠ᠃ ᠤᠴᠢᠷ ᠨᠢ | ᠰᠤᠷᠭᠠᠭᠤᠯᠢ ᠮᠠᠨᠢ ᠴᠤ᠋ ᠰᠢᠨ᠎ᠡ ᠲᠦᠷᠰᠤ ᠪᠠᠶᠢᠳᠠᠯ ᠢᠯᠡᠷᠡᠵᠤ᠂ ᠲᠠᠨᠢᠭᠳᠠᠰᠢ ᠦᠭᠡᠢ ᠰᠢᠨ᠎ᠡ ᠡᠷᠢᠨ ᠤ ᠰᠤᠷᠭᠠᠭᠤᠯᠢ | ᠪᠤᠯᠵᠠᠢ᠃ ᠦᠨᠦᠳᠤᠷ ᠤᠨ ᠮᠤᠩᠭᠤᠯ ᠲᠤᠮᠳᠠᠳᠤ ᠰᠤᠷᠭᠠᠭᠤᠯᠢ ᠳᠤ ᠲᠤᠯᠢ ᠪᠢᠴᠢᠭ ᠬᠦᠷᠭᠡᠬᠦ ᠠᠵᠢᠯᠯᠠᠭ᠎ᠠ ᠳᠤ | ᠶᠡᠬᠡᠬᠡᠨ ᠲᠤᠰᠠ ᠲᠡᠮᠵᠢᠯᠭᠡ ᠦᠵᠡᠭᠦᠯᠦᠭᠰᠡᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠮᠤᠩᠭᠤᠯ | ᠰᠤᠳᠤᠯᠤᠯ ᠤᠨ ᠨᠡᠪᠳᠡᠷᠬᠡᠢ ᠲᠤᠯᠢ ᠨᠠᠶᠢᠷᠠᠭᠤᠯᠬᠤ ᠵᠦᠪᠯᠡᠯ ᠤᠨ ᠶᠡᠷᠤᠩᠬᠡᠢ ᠨᠠᠶᠢᠷᠠᠭᠤᠯᠤᠭᠴᠢ ᠪᠦᠷᠢᠨᠪᠠᠶᠠᠷ᠂ ᠨᠠᠷᠢᠨ | ᠪᠢᠴᠢᠭ ᠤᠨ ᠲᠠᠷᠤᠭ᠎ᠠ ᠵᠢᠷᠭᠠᠯ ᠪᠤᠯᠤᠨ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠲᠡᠤᠬᠡ ᠤᠶᠢᠯᠠᠯᠭ᠎ᠠ ᠶᠢᠨ | ᠠᠯᠪᠠᠨ ᠭᠡᠷ ᠤᠨ ᠡᠷᠬᠢᠯᠡᠭᠴᠢ ᠤᠶᠤᠡᠭᠡᠷᠡᠯ ᠵᠡᠷᠬᠡ ᠬᠦᠮᠦᠰ ᠲᠤ ᠴᠢᠩ ᠰᠡᠳᠬᠢᠯ ᠤᠨ ᠲᠠᠯᠠᠷᠬᠠᠯ ᠢᠯᠡᠷᠬᠡᠶᠢᠯᠡᠵᠤ | ᠪᠠᠶᠢᠨ᠎ᠠ︾ ᠭᠡᠵᠤ ᠰᠡᠳᠬᠢᠯ ᠲᠤᠭᠳᠤᠯᠤᠨ ᠶᠠᠷᠢᠯ᠎ᠠ᠃ | | | | | |