ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠳᠠ ᠳᠤ ︽ᠡᠮᠴᠢᠯᠡᠭᠡ︾ ᠶᠢᠨ ᠪᠠᠳᠤᠯᠠᠭ᠎ᠠ ᠬᠠᠩᠭᠠᠵᠦ ᠶᠠᠪᠤᠭ᠎ᠠ ᠠᠪᠠᠭ᠎ᠠ ᠬᠤᠰᠢᠭᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2020/10/29
     B ᠬᠡᠲᠦ ᠲᠤᠯᠬᠢᠶᠠᠨ᠂ X ᠰᠠᠴᠤᠷᠠᠭ ᠢᠶᠠᠷ ᠪᠠᠶᠢᠴᠠᠭᠠᠯᠲᠠ ᠬᠢᠬᠦ᠂ ᠮᠡᠰᠡ ᠵᠠᠰᠠᠯ ᠤᠨ ᠲᠠᠶᠢᠰᠠᠨ ᠲᠡᠭᠡᠷ᠎ᠠ ᠵᠠᠰᠠᠯ ᠬᠢᠬᠦ᠂ ᠨᠠᠮᠵᠢᠭᠤᠨ ᠰᠤᠳᠠᠯ ᠵᠶ᠋ᠠᠷ‌‍ᠲ᠋ᠤᠰᠣᠯ ᠲᠠᠷᠢᠶ᠎ᠠ ᠬᠢᠬᠦ᠂ ᠡᠪᠡᠳᠴᠢᠨ ᠢ ᠰᠡᠷᠭᠡᠶᠢᠯᠡᠬᠦ ᠲᠠᠷᠢᠯᠭ᠎ᠠ ᠲᠠᠷᠢᠬᠤ ᠵᠡᠷᠭᠡ ︽ᠬᠥᠮᠦᠨ ᠲᠥᠷᠥᠯᠬᠢᠲᠡᠨ︾ ᠤ ᠤᠨᠴᠠ ᠬᠦᠷᠳᠡᠬᠦ ᠶᠤᠰᠤᠳᠠᠢ ᠦᠢᠯᠡᠴᠢᠯᠡᠭᠡ ᠨᠢ ᠥᠨᠦᠳᠦᠷ ᠪᠤᠯᠬᠤ ᠳᠤ᠂ ᠲᠠᠯ᠎ᠠ ᠨᠤᠳᠤᠭ ᠤᠨ ᠮᠠᠯ ᠲᠡᠵᠢᠭᠡᠪᠦᠷᠢ ᠶᠢᠨ ᠴᠦ ᠬᠠᠷᠠᠭᠠᠯᠵᠠᠯ ᠪᠤᠯᠵᠦ᠂ ᠮᠠᠯᠴᠢᠳ ᠤᠨ ᠠᠷᠠᠴᠢᠯᠠᠨ ᠲᠡᠵᠢᠭᠡᠭᠰᠡᠨ ᠮᠠᠯ  ᠤᠨᠤᠭ᠎ᠠ ᠨᠢ ᠬᠦᠮᠦᠰ ᠲᠠᠢ ᠠᠳᠠᠯᠢ ᠪᠠᠷ᠂ ᠡᠪᠡᠳᠴᠢᠨ ᠢ ᠤᠨᠤᠰᠢᠯᠠᠬᠤ᠂ ᠪᠡᠶ᠎ᠡ ᠶᠢᠨ ᠭᠠᠷᠤᠯ ᠢ ᠮᠦᠷᠳᠡᠬᠦ᠂  ᠬᠢᠵᠢᠭ ᠢ ᠰᠡᠷᠭᠡᠶᠢᠯᠡᠬᠦ᠂ ᠲᠠᠭᠠᠳᠬᠠᠯ ᠳᠤ ᠤᠷᠤᠯᠴᠠᠬᠤ ᠵᠡᠷᠭᠡ ᠰᠢᠯᠢᠳᠡᠭ ᠦᠢᠯᠡᠴᠢᠯᠡᠭᠡ ᠶᠢ ᠬᠦᠷᠳᠡᠵᠦ ᠴᠢᠳᠠᠬᠤ ᠪᠤᠯᠵᠠᠢ᠃ ᠡᠳᠡᠭᠡᠷ ᠨᠢ ᠴᠥᠮ ᠮᠠᠨ ᠤ ᠬᠤᠰᠢᠭᠤᠨ ᠳᠤ ᠡᠭᠦᠰᠴᠦ ᠪᠠᠶᠢᠭ᠎ᠠ ᠦᠨᠡᠨ ᠪᠤᠳᠠᠳᠠᠢ ᠦᠢᠯᠡᠳᠦᠯᠭᠡ ᠶᠤᠮ᠃       ᠪᠡᠯᠭᠦᠳᠡᠢ ᠪᠠᠯᠭᠠᠰᠤᠨ ᠤ ᠵᠡᠭᠦᠨ ᠵᠠᠬ᠎ᠠ ᠳᠤ ᠪᠠᠶᠢᠷᠢᠯᠡᠵᠤ ᠪᠠᠶᠢᠭ᠎ᠠ᠂ 2100 ᠲᠡᠭᠰᠢ ᠳᠥᠷᠪᠡᠯᠵᠢᠨ ᠮᠧᠲᠷ  ᠤᠨ ᠲᠠᠯᠠᠪᠠᠢ ᠲᠠᠢ  ︽ᠮᠡᠯ ᠡᠮᠨᠡᠯᠭᠡ ᠶᠢᠨ ᠬᠤᠷᠢᠶ᠎ᠠ︾ ᠪᠣᠯ ᠲᠠᠷᠤᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠥᠪᠥᠷ ᠮᠣᠩᠭᠤᠯ ᠤᠨ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠤᠮᠫᠠᠨᠢ  ᠶᠢᠨ ᠬᠠᠮᠲᠤᠷᠠᠨ ᠪᠠᠶᠢᠭᠤᠯᠤᠭᠰᠠᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠬᠡᠭᠡᠯᠳᠦᠭᠦᠯᠭᠡ ᠬᠢᠭᠦ  ᠪᠠᠷ ᠭᠤᠤᠯᠯᠠᠭᠰᠠᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠪᠣᠯᠤᠨ᠎ᠠ᠃      ᠮᠠᠨ ᠤ ᠬᠤᠷᠢᠶᠠᠨ ᠤ ᠰᠤᠷᠪᠤᠯᠵᠢᠯᠠᠭᠴᠢ ᠰᠤᠷᠪᠤᠯᠵᠢᠯᠠᠬᠤ ᠪᠠᠷ ᠬᠦᠷᠬᠦ ᠳᠤ᠂ ᠮᠡᠰᠡ ᠵᠠᠰᠠᠯ ᠤᠨ ᠲᠠᠰᠤᠭ᠂ ᠣᠨᠣᠰᠢᠯᠠᠯᠲᠠ ᠶᠢᠨ ᠲᠠᠰᠤᠭ᠂ ᠰᠢᠯᠭᠠᠨ ᠪᠠᠶᠢᠴᠠᠭᠠᠬᠤ ᠲᠠᠰᠤᠭ᠂ ᠡᠷᠡᠭᠦᠯᠵᠢᠯ ᠤᠨ ᠲᠥᠪ᠂ ᠡᠮ ᠤᠨ ᠰᠠᠩ ᠵᠡᠷᠭᠡ ᠡᠮᠴᠢᠯᠡᠭᠡᠨ ᠤ ᠴᠢᠳᠠᠪᠬᠢ ᠶᠢ ᠢᠵᠢ ᠪᠦᠷᠢᠯᠳᠦᠭᠦᠯᠦᠭᠰᠡᠨ ᠲᠤᠰ ︽ᠡᠮᠨᠡᠯᠭᠡ ᠶᠢᠨ ᠬᠤᠷᠢᠶ᠎ᠠ︾ ᠶᠢᠨ  ᠲᠠᠰᠤᠭ ᠪᠣᠯᠭᠠᠨ ᠳᠤ᠂ ᠠᠵᠢᠯᠳᠠᠨ ᠪᠠ ᠮᠠᠯ ᠤᠨ ᠡᠮᠴᠢ ᠶᠢᠨ ᠶᠠᠭᠠᠷᠠᠯᠲᠠᠢ ᠪᠠᠶᠢᠳᠠᠯ ᠬᠠᠷᠠᠭᠠᠨ ᠳᠤ ᠲᠤᠳᠤᠷᠠᠵᠦ᠂ ᠵᠠᠷᠢᠮ ᠨᠢ ᠡᠮ ᠢᠶᠠᠨ ᠪᠦᠷᠢᠳᠭᠡᠨ᠂ ᠵᠠᠷᠢᠮ ᠨᠢ ᠵᠠᠰᠠᠯ ᠬᠢᠵᠦ᠂ ᠵᠠᠷᠢᠮ ᠨᠢ ᠵᠠᠮ ᠲᠠᠷᠢᠶ᠎ᠠ ᠬᠢᠵᠦ᠂ ᠵᠠᠷᠢᠮ ᠨᠢ ᠰᠢᠯᠭᠠᠨ ᠪᠠᠶᠢᠴᠠᠭᠠᠯᠳᠠ ᠬᠢᠵᠦ ᠵᠦᠭ ᠵᠦᠭ ᠲᠤ ᠪᠠᠨ ᠶᠠᠭᠠᠷᠠᠯᠳᠤᠵᠦ ᠪᠠᠶᠢᠯ᠎ᠠ᠃ᠰᠤᠷᠪᠤᠯᠵᠢᠯᠠᠭ᠎ᠠ᠄ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠭᠡᠶᠢᠯᠡᠭᠰᠡᠨ ᠠᠯᠪᠠᠨ ᠬᠡᠷ ᠤᠨ ᠬᠠᠷᠢᠭᠤᠴᠠᠯᠭᠠᠲᠠᠨ ᠦᠢᠯᠡᠰ᠄ ︽ᠮᠠᠨ ᠤ ᠦᠢᠯᠡᠴᠢᠯᠡᠭᠡᠨ ᠤ ᠲᠦᠪ ᠨᠢ᠂ X ᠰᠠᠴᠤᠷᠠᠭ᠂ B ᠬᠡᠲᠦ ᠳᠣᠯᠭᠢᠶᠠᠨ ᠪᠠᠷ ᠪᠠᠶᠢᠴᠠᠭᠠᠬᠤ᠂ ᠪᠢᠴᠢᠯ ᠡᠯᠧᠮᠧᠨ᠋ᠲ ᠢ ᠰᠢᠯᠭᠠᠨ  ᠪᠠᠶᠢᠴᠠᠭᠠᠬᠤ ᠪᠠ ᠴᠢᠰᠤ ᠪᠠᠶᠢᠴᠠᠭᠠᠬᠤ ᠵᠡᠷᠭᠡ ᠡᠯ᠎ᠠ ᠵᠦᠢᠯ ᠤᠨ ᠰᠢᠯᠭᠠᠨ ᠪᠠᠶᠢᠴᠠᠭᠠᠯᠲᠠ ᠪᠠᠷ ᠲᠠᠮᠵᠢᠨ᠂ ᠠᠮᠢᠲᠠᠨ ᠤ ᠡᠪᠡᠳᠴᠢᠨ ᠬᠢᠵᠢᠭ ᠢ ᠤᠨᠤᠰᠢᠯᠠᠨ᠂ ᠮᠠᠯᠵᠢᠬᠤ ᠣᠷᠣᠨ ᠤ ᠣᠳᠣᠬᠢᠴᠢᠯᠠᠭᠰᠠᠨ ᠮᠠᠯ ᠡᠮᠨᠡᠯᠭᠡ ᠶᠢᠨ ᠠᠵᠢᠯ ᠳᠤ ᠨᠠᠩ ᠳᠥᠭᠦᠮ ᠲᠦᠳᠡ ᠦᠢᠯᠡᠴᠢᠯᠡᠭᠡ ᠶᠢ ᠬᠠᠩᠭᠠᠳᠠᠭ᠃  ᠡᠳᠡᠭᠡᠷ ᠰᠢᠨ᠎ᠡ ᠮᠠᠶ᠋ᠢᠭ ᠤᠨ ᠪᠠᠶᠢᠴᠠᠭᠠᠯᠳᠠ ᠪᠠᠷ ᠲᠠᠮᠵᠢᠨ᠂ ᠮᠠᠯᠴᠢᠨ ᠲᠦᠮᠡᠨ ᠮᠠᠨᠢ ᠮᠠᠯ ᠤᠨ ᠡᠪᠡᠳᠴᠢᠨ ᠤ ᠪᠠᠶᠢᠳᠠᠯ ᠢᠶᠠᠨ ᠦᠨᠡᠨ ᠪᠤᠳᠠᠳᠠᠢ ᠤᠶᠢᠯᠠᠭᠠᠵᠦ᠂ ᠰᠢᠨᠵᠢᠯᠡᠬᠦ ᠤᠬᠠᠭᠠᠨᠴᠢ ᠡᠮᠴᠢᠯᠡᠭᠡ ᠬᠢᠵᠦ ᠪᠤᠯᠤᠨ᠎ᠠ᠃ ᠪᠠᠰᠠ ᠲᠤᠰᠬᠠᠶ ᠮᠡᠷᠭᠡᠵᠢᠯ ᠤᠨ ᠮᠠᠯ ᠤᠨ ᠡᠮᠴᠢ ᠠᠴᠠ  ᠮᠠᠯᠴᠢᠳ ᠲᠤ᠂ ᠠᠯᠤᠰ ᠠᠴᠠ ᠣᠨᠣᠰᠢᠯᠠᠨ ᠡᠮᠨᠡᠬᠦ ᠦᠢᠯᠡᠴᠢᠯᠡᠭᠡ ᠪᠤᠶᠤ ᠲᠤᠬᠠᠶ ᠶᠢᠨ ᠲᠠᠯᠠᠪᠤᠷ ᠲᠤ ᠤᠨᠤᠰᠢᠯᠠᠨ ᠵᠠᠰᠠᠬᠤ  ᠦᠢᠯᠡᠴᠢᠯᠡᠭᠡ ᠶᠢ ᠬᠠᠩᠭᠠᠵᠦ ᠥᠭᠳᠡᠭ᠃  ᠶᠠᠷᠢᠶᠠᠨ ᠦᠭᠡᠢ᠂ ᠮᠠᠨ ᠤ ᠦᠢᠯᠡᠴᠢᠯᠡᠭᠡᠨ ᠤ ᠲᠦᠪ ᠲᠤ ᠠᠪᠴᠢᠷᠠᠵᠦ ᠡᠮᠨᠡᠭᠦᠯᠦᠭᠰᠡᠨ ᠴᠦ ᠪᠤᠯᠤᠨ᠎ᠠ᠃ ᠮᠠᠨ ᠤ ᠲᠥᠪ ᠲᠤ 24 ᠴᠠᠭ  ᠢᠶᠠᠷ ᠬᠠᠷᠠᠵᠤ  ᠬᠠᠷᠠᠭᠠᠯᠵᠠᠬᠤ ᠲᠤᠰᠬᠠᠢ ᠮᠡᠷᠭᠡᠵᠢᠯᠳᠡᠨ ᠪᠠᠶᠢᠳᠠᠭ᠃ ᠪᠠᠰᠠ ᠵᠠᠰᠠᠯ ᠬᠢᠭᠰᠡᠨ ᠤ ᠳᠠᠷᠠᠭ᠎ᠠ ᠡᠷᠡᠭᠦᠯᠵᠢᠯ ᠤᠨ ᠡᠮᠴᠢᠯᠡᠭᠡ ᠬᠢᠬᠦ ᠵᠡᠷᠭᠡ ᠦᠢᠯᠡᠴᠢᠯᠡᠭᠡ ᠪᠠᠶᠢᠳᠠᠭ᠃ ᠢᠩᠭᠢᠪᠡᠯ ᠬᠤᠶᠠᠳᠠᠬᠢ ᠤᠳᠠᠭᠠᠨ ᠤ ᠰᠢᠷᠬᠠᠲᠤᠯ ᠠᠴᠠ ᠵᠠᠶᠢᠯᠠᠰᠬᠢᠵᠦ᠂ ᠮᠠᠯᠴᠢᠳ ᠤᠨ ᠠᠵᠤ ᠠᠬᠤᠢ ᠶᠢᠨ ᠬᠤᠬᠢᠷᠠᠯ ᠢ ᠪᠠᠭᠠᠰᠬᠠᠨ᠂ ᠮᠠᠯᠴᠢᠳ ᠲᠤ ᠨᠡᠩ ᠶᠡᠭᠡ ᠳᠥᠭᠦᠮ ᠦᠵᠡᠭᠦᠯᠵᠦ ᠴᠢᠳᠠᠨ᠎ᠠ︾᠃       ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠳᠡᠢ ᠲᠦᠯᠬᠢᠨ ᠠᠬᠢᠭᠤᠯᠬᠤ ᠶᠢᠨ ᠲᠥᠯᠥᠭᠡ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠭᠤᠤᠯᠳᠠᠯᠭ᠎ᠠ ᠲᠠᠢ ᠠᠵᠢᠯ ᠪᠣᠯᠭᠠᠨ ᠨᠠᠶᠢᠳᠠᠪᠤᠷᠢᠵᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠵᠦ᠂ ᠵᠠᠰᠠᠭ ᠤᠨ ᠣᠷᠳᠣᠨ ᠡᠴᠠ‌ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ᠂ ᠥᠪᠥᠷ ᠮᠣᠩᠭᠤᠯ ᠤᠨ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠲᠠᠢ ᠭᠡᠷ᠎ᠡ ᠲᠤᠭᠳᠠᠨ᠂  ᠮᠠᠯᠴᠢᠳ ᠤᠨ ᠮᠠᠯ ᠲᠡᠵᠢᠭᠡᠪᠦᠷᠢ ᠶᠢᠨ ᠬᠢᠵᠢᠭ ᠡᠪᠡᠳᠴᠢᠨ ᠢ ᠰᠢᠯᠭᠠᠨ ᠪᠠᠶᠢᠴᠠᠭᠠᠬᠤ᠂ ᠠᠮᠢᠲᠠᠨ ᠢ ᠣᠨᠣᠰᠢᠯᠠᠨ ᠡᠮᠨᠡᠵᠦ ᠡᠷᠡᠭᠦᠯᠵᠢᠭᠦᠯᠬᠦ᠂   ᠲᠠᠷᠢᠯᠭ᠎ᠠ ᠲᠠᠷᠢᠵᠤ ᠡᠮ ᠴᠢᠳᠬᠤᠬᠤ᠂ ᠫᠧᠩ  ᠬᠤᠷᠤᠭ᠎ᠠ ᠶᠢ ᠠᠷᠢᠭᠤᠳᠬᠠᠬᠤ ᠵᠡᠷᠭᠡ ᠰᠢᠷᠢᠰ ᠦᠢᠯᠡᠴᠢᠯᠡᠭᠡ ᠶᠢ ᠬᠠᠩᠭᠠᠵᠦ᠂ ᠮᠠᠯᠵᠢᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠢ ᠭᠦᠨᠵᠡᠭᠡᠢ ᠲᠡᠰᠢ ᠠᠬᠢᠭᠤᠯᠤᠭᠰᠠᠨ ᠪᠠᠶᠢᠨ᠎ᠠ᠃  ᠶᠡᠭᠡ ᠰᠠᠶᠢᠨ ᠮᠠᠯ ᠠᠵᠤ ᠠᠬᠤᠶ ᠶᠢᠨ  ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ ᠪᠠᠰᠠ᠂  ᠲᠦᠪ ᠲᠤ ᠶᠡᠷᠦᠩᠭᠡᠶᠢᠯᠡᠨ ᠲᠤᠬᠢᠷᠠᠭᠤᠯᠬᠤ᠂ ᠰᠠᠯᠪᠤᠷᠢ ᠥᠷᠲᠡᠭᠡ ᠢ ᠣᠷᠣᠨ ᠬᠤᠪᠢᠶᠠᠨ ᠬᠠᠮᠢᠶᠠᠷᠬᠤ᠂ ᠬᠢᠵᠢᠭ ᠰᠡᠷᠭᠡᠶᠢᠯᠡᠭᠴᠢ ᠡᠷᠦᠬᠡ ᠳᠤ ᠬᠦᠷᠴᠦ ᠦᠢᠯᠡᠴᠢᠯᠡᠬᠦ ᠵᠡᠷᠭᠡ ᠭᠤᠷᠪᠠᠨ ᠱᠠᠲᠤᠨ ᠤ ᠨᠡᠶᠢᠭᠡᠮᠴᠢᠯᠡᠭᠰᠡᠨ  ᠦᠢᠯᠡᠴᠢᠯᠡᠭᠡᠨ ᠤ ᠰᠦᠯᠵᠢᠶᠡᠨ ᠰᠢᠰᠲ᠋ᠧᠮ ᠢ ᠪᠠᠶᠢᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠤᠯᠠᠮ ᠴᠢᠨᠠᠭᠰᠢᠳᠠ ᠥᠷᠭᠡᠳᠭᠡᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠲᠡᠭᠡᠭᠰᠢᠯᠡᠭᠦᠯᠦᠨ᠂ ᠮᠠᠨ ᠤ ᠬᠤᠰᠢᠭᠤᠨ ᠤ ᠣᠳᠣᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠳᠡ ᠳᠤ ᠰᠢᠯᠢᠳᠡᠭ ᠡᠮ ᠡᠮᠨᠡᠯᠭᠡ ᠡᠷᠡᠭᠦᠯ ᠮᠡᠨᠳᠦ ᠶᠢᠨ ᠪᠠᠲᠤᠯᠠᠭ᠎ᠠ ᠶᠢ ᠬᠠᠩᠭᠠᠭᠰᠠᠭᠠᠷ ᠢᠷᠡᠵᠠᠢ᠃       ᠰᠤᠷᠪᠤᠯᠵᠢᠯᠠᠭ᠎ᠠ᠄ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠨᠠᠷᠠᠩᠭᠤᠸ᠎ᠠ᠄ ︽ᠮᠠᠨ ᠤ ᠦᠢᠯᠡᠴᠢᠯᠡᠭᠡᠨ ᠤ ᠲᠥᠪ ᠨᠢ ᠣᠳᠣ ᠪᠤᠯᠬᠤ ᠳᠤ ᠨᠢᠭᠡᠨᠲᠡ ᠪᠦᠬᠦ ᠲᠠᠯ᠎ᠠ ᠪᠠᠷ ᠠᠰᠢᠭᠯᠠᠯᠲᠠ ᠳᠤ ᠤᠷᠤᠭᠰᠠᠨ ᠪᠠᠶᠢᠨ᠎ᠠ᠃ ᠮᠠᠨ ᠤ ᠦᠢᠯᠡᠴᠢᠯᠡᠭᠡᠨ ᠤ ᠲᠦᠪ ᠪᠠᠶᠢᠭᠤᠯᠤᠭᠳᠠᠭᠰᠠᠨ ᠭᠤᠤᠯ ᠵᠤᠷᠢᠯᠭ᠎ᠠ ᠨᠢ ᠲᠠᠷᠤᠢ᠂ ᠣᠳᠣᠬᠢᠴᠢᠯᠠᠭᠰᠠᠨ ᠲᠣᠨᠤᠭ ᠲᠥᠬᠦᠭᠡᠷᠦᠮᠵᠢ ᠶᠢ ᠠᠰᠢᠭᠯᠠᠵᠤ᠂ ᠠᠮᠢᠲᠠᠨ ᠤ ᠡᠪᠡᠳᠴᠢᠨ ᠤ ᠪᠠᠶᠢᠳᠠᠯ ᠢ ᠨᠡᠩ ᠣᠨᠣᠪᠴᠢᠲᠠᠶ ᠣᠨᠣᠰᠢᠯᠠᠵᠤ᠂ ᠮᠠᠯᠴᠢᠨ ᠲᠦᠮᠡᠨ ᠳᠤ ᠨᠡᠩ ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠲᠦᠯᠦᠭᠡ ᠶᠤᠮ᠃ ᠤᠳᠤᠬᠠᠨ ᠳᠤ᠂ ᠮᠠᠨ ᠤ ᠦᠢᠯᠡᠴᠢᠯᠡᠭᠡᠨ ᠤ ᠲᠦᠪ ᠨᠢ ᠭᠤᠤᠯᠳᠠᠭᠤ ᠤᠳᠠᠭᠠᠨ ᠵᠢᠯ ᠤᠨ ᠲᠤᠷᠰᠢᠯᠭ᠎ᠠ ᠲᠠᠢ ᠲᠤᠰᠬᠠᠶ  ᠮᠡᠷᠭᠡᠵᠢᠯ ᠤᠨ ᠡᠮᠴᠢ ᠶᠢᠨ ᠡᠮᠴᠢᠯᠡᠭᠡ ᠪᠠᠷ ᠭᠤᠤᠯᠯᠠᠵᠤ᠂  ᠮᠠᠰᠢᠨ ᠲᠥᠬᠦᠭᠡᠷᠦᠮᠵᠢ ᠶᠢᠨ ᠰᠢᠯᠭᠠᠨ ᠪᠠᠶᠢᠴᠠᠭᠠᠯᠳᠠ ᠪᠠᠷ ᠬᠠᠪᠰᠤᠷᠤᠮᠵᠢ ᠪᠤᠯᠭᠠᠨ᠂ ᠰᠢᠨᠵᠢᠯᠡᠬᠦ ᠤᠬᠠᠭᠠᠨᠴᠢ ᠠᠷᠭ᠎ᠠ ᠬᠡᠯᠪᠡᠷᠢ ᠶᠢ ᠠᠰᠢᠭᠯᠠᠨ᠂ ᠮᠠᠯᠴᠢᠨ ᠲᠦᠮᠡᠨ ᠳᠤ ᠲᠤᠯᠭᠠᠷᠠᠭᠰᠠᠨ ᠬᠦᠴᠢᠷᠳᠡᠯ ᠢ ᠬᠦᠴᠦᠯᠡᠨ ᠰᠢᠢᠳᠪᠤᠷᠢᠯᠡᠵᠦ᠂ ᠮᠠᠯ ᠡᠮᠨᠡᠯᠭᠡ ᠶᠢᠨ ᠰᠢᠯᠢᠳᠡᠭ ᠦᠢᠯᠡᠴᠢᠯᠡᠭᠡ ᠶᠢ ᠬᠠᠩᠭᠠᠵᠤ ᠪᠠᠶᠢᠭ᠎ᠠ ᠶᠤᠮ᠃ ᠬᠤᠵᠢᠮ᠂ ᠥᠷᠭᠡᠨ ᠣᠯᠠᠨ ᠮᠠᠯᠴᠢᠨ ᠲᠦᠮᠡᠨ ᠮᠠᠨᠢ ᠪᠠᠰᠠ ᠮᠠᠨ ᠤ ᠠᠮᠢᠳᠠᠨ ᠤ ᠡᠮᠨᠡᠯᠭᠡ ᠶᠢᠨ ᠬᠤᠷᠢᠶᠠᠨ  ᠳᠤ ᠢᠯᠡᠭᠦᠭᠡᠨ ᠨᠠᠶᠢᠳᠠᠯᠭ᠎ᠠ ᠪᠠᠨ ᠶᠠᠪᠤᠭᠤᠯᠵᠤ᠂ ᠪᠢᠳᠡ ᠬᠠᠷᠢᠯᠴᠠᠨ ᠬᠠᠪᠰᠤᠷᠤᠯᠴᠠᠨ᠂ ᠮᠠᠯ ᠠᠵᠤ ᠠᠬᠤᠢ ᠶᠢᠨ ᠦᠢᠯᠡᠰ ᠲᠤ ᠪᠠᠨ ᠥᠪᠡᠷ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠦᠰᠡᠵᠦ ᠪᠠᠶᠢᠨ᠎ᠠ᠃       ᠢᠨᠲ᠋ᠧᠷ ᠰᠦᠯᠵᠢᠶ᠎ᠡ ᠶᠢᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ᠰᠦᠯᠵᠢᠶᠡᠨ ᠣᠷᠣᠨ ᠵᠠᠶ ᠨᠢ ᠨᠢᠭᠡᠨᠲᠡ ᠬᠥᠮᠦᠰ ᠤᠨ ᠦᠢᠯᠡᠳᠪᠤᠷᠢᠯᠡᠯ ᠠᠮᠢᠳᠤᠷᠠᠯ ᠤᠨ ᠰᠢᠨ᠎ᠡ ᠣᠷᠣᠨ ᠵᠠᠶ ᠪᠤᠯᠵᠠᠢ᠃ ᠮᠠᠯᠵᠢᠬᠤ ᠣᠷᠣᠨ ᠤ ᠰᠢᠯᠢᠳᠡᠭ ᠦᠢᠯᠡᠴᠢᠯᠡᠭᠡ ᠶᠢ ᠦᠨᠡᠨᠬᠦ ᠮᠠᠯᠴᠢᠳ ᠤᠨ ᠲᠡᠷᠭᠡᠳᠡ ᠬᠦᠷᠭᠡᠵᠦ᠂ ᠨᠠᠩ ᠣᠯᠠᠨ ᠮᠠᠯᠴᠢᠳ ᠲᠤ ︽ᠣᠳᠣᠬᠢᠴᠢᠯᠠᠭᠰᠠᠨ ᠦᠢᠯᠡᠴᠢᠯᠡᠭᠡ︾  ᠶᠢᠨ ᠠᠰᠢᠭ ᠢ ᠬᠦᠷᠳᠡᠭᠡᠬᠦ ᠶᠢᠨ ᠲᠤᠯᠠᠳᠠ᠂ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ ᠪᠠᠰᠠ᠂ ᠭᠠᠷ ᠤᠳᠠᠰᠤᠨ ᠤ ︽ᠶᠡᠭᠡ ᠰᠠᠶᠢᠨ APP︾ ᠶᠢ ᠡᠭᠦᠳᠦᠨ ᠪᠠᠶᠢᠭᠤᠯᠵᠦ᠂ ᠮᠠᠯᠴᠢᠳ ᠭᠡᠷ ᠲᠤ ᠪᠠᠨ ᠰᠠᠭᠤᠵᠦ ᠪᠠᠶᠢᠭᠠᠳ ᠮᠠᠯ ᠡᠮᠨᠡᠯᠭᠡ ᠶᠢᠨ ᠦᠢᠯᠡᠴᠢᠯᠡᠭᠡ ᠶᠢ ᠬᠦᠷᠲᠡᠬᠦ ᠬᠦᠰᠡᠯ ᠢ ᠪᠡᠶᠡᠯᠡᠭᠦᠯᠦᠭᠰᠡᠨ ᠪᠠᠶᠢᠨ᠎ᠠ᠃ ᠲᠡᠭᠡᠪᠡᠯ ᠡᠨᠡᠬᠦ ᠮᠠᠯᠵᠢᠬᠤ ᠤᠷᠤᠨ ᠤ ᠰᠦᠯᠵᠢᠶᠡᠨ ᠳᠠᠬᠢ ᠦᠢᠯᠡᠴᠢᠯᠡᠭᠡᠨ ᠤ ᠬᠠᠮᠢᠶᠠᠷᠤᠭᠴᠢ ᠪᠣᠯᠬᠤ ᠶᠢ ᠵᠤᠷᠢᠭᠰᠠᠨ APP ᠨᠢ ᠴᠤᠬᠤᠮ ᠶᠠᠮᠠᠷᠬᠠᠨ ᠴᠢᠳᠠᠮᠵᠢ ᠲᠠᠢ ᠪᠠᠶᠢᠳᠠᠭ ᠪᠤᠯ︖ ᠪᠢᠳᠡ ᠤᠶᠢᠯᠠᠭᠠᠵᠦ ᠦᠵᠡᠶ᠎ᠠ  ᠃             ︵ᠲᠤᠰᠬᠠᠢ ᠲᠠᠨᠢᠯᠴᠠᠭᠤᠯᠤᠭᠰᠠᠨ ᠪᠢᠴᠢᠯᠭᠡ ᠪᠠᠶᠢᠨ᠎ᠠ︶       ᠪᠠᠶᠢᠭᠤᠯᠤᠭᠳᠠᠭᠠᠳ ᠬᠤᠷᠢᠭᠠᠳ ᠵᠢᠯ ᠤᠨ ᠲᠡᠥᠭᠡ ᠲᠠᠢ ᠪᠤᠯᠤᠭᠰᠠᠨ ᠥᠪᠥᠷ ᠮᠣᠩᠭᠤᠯ ᠤᠨ ᠶᠡᠭᠡ ᠰᠠᠶᠢᠨ ᠮᠠᠯ ᠠᠵᠤ ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠨᠢ᠂ ᠮᠠᠯᠴᠢᠳ ᠤᠨ ᠤᠯᠠᠨ ᠵᠢᠯ ᠤᠨ ᠢᠲᠡᠭᠡᠯ ᠬᠦᠨᠳᠦ ᠪᠠ ᠤᠳᠠᠭᠠᠨ ᠵᠢᠯ ᠤᠨ ᠲᠤᠷᠰᠢᠯᠭ᠎ᠠ ᠳᠠᠭᠠᠨ ᠲᠦᠰᠢᠭᠯᠡᠨ᠂ ᠥᠳᠳᠡᠷ ᠲᠦᠷᠭᠡᠨ ᠥᠷᠭᠡᠵᠢᠨ ᠪᠤᠵᠠᠭᠠᠶᠢᠷᠠᠵᠦ ᠂ ᠰᠢᠭᠤᠳ ᠡᠵᠡᠩᠨᠡᠯᠳᠡ ᠶᠢᠨ ᠳᠡᠯᠭᠡᠭᠦᠷ ᠨᠢ ᠨᠢᠭᠡᠨᠳᠡ ᠪᠦᠬᠦ ᠣᠷᠣᠨ ᠤ 11 ᠠᠶᠢᠮᠠᠭ ᠬᠤᠲᠠ ᠳᠤ ᠲᠦᠭᠡᠭᠰᠡᠨ ᠪᠠᠶᠢᠨ᠎ᠠ᠃ ᠡᠳᠦᠭᠡ᠂ ᠠᠪᠠᠭ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ᠂ ᠲᠣᠰ ᠠᠵᠤ ᠠᠬᠤᠶᠢᠯᠠᠯ ᠢ ᠤᠷᠢᠨ ᠣᠷᠣᠭᠤᠯᠵᠤ ᠂ ᠮᠠᠯᠵᠢᠬᠤ ᠤᠷᠤᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠲᠤᠷᠰᠢᠨ ᠭᠡᠷᠡᠭᠵᠢᠭᠦᠯᠵᠦ᠂  ᠮᠠᠯᠴᠢᠨ ᠲᠦᠮᠡᠨ ᠳᠤ ᠮᠠᠯ ᠠᠵᠤ ᠠᠬᠤᠢ ᠶᠢᠨ ᠪᠥᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠭᠰᠠᠨ ᠠᠴᠠ᠂ ᠮᠠᠯᠴᠢᠨ ᠲᠦᠮᠡᠨ ᠤ ᠢᠳᠡᠭᠡᠯ ᠨᠠᠶᠢᠳᠠᠯᠭ᠎ᠠ ᠶᠢ ᠤᠯᠤᠭᠰᠠᠨ ᠪᠠᠶᠢᠨ᠎ᠠ᠃ ᠬᠤᠶᠢᠰᠢᠳᠠ ᠮᠠᠯᠵᠢᠬᠤ ᠤᠷᠤᠨ ᠤ ᠤᠳᠤᠬᠢᠴᠢᠯᠠᠯᠳᠠ ᠶᠢ ᠲᠦᠯᠬᠢᠨ ᠠᠬᠢᠭᠤᠯᠬᠤ ᠶᠠᠪᠤᠴᠠ ᠳᠤ ᠲᠤᠰ ᠨᠡᠶᠢᠭᠡᠮᠴᠢᠯᠡᠭᠰᠡᠨ ᠦᠢᠯᠡᠴᠢᠯᠡᠭᠡ ᠨᠢ᠂ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠵᠦ᠂ ᠠᠪᠠᠭ᠎ᠠ ᠬᠤᠰᠢᠭᠤᠨ ᠤ ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠮᠠᠯᠵᠢᠬᠤ ᠣᠷᠣᠨ ᠤ ᠣᠳᠣᠬᠢᠴᠢᠯᠠᠯᠲᠠ  ᠶᠢᠨ ᠪᠦᠳᠦᠭᠡᠨ ᠪᠠᠶᠢᠭᠤᠯᠤᠯᠳᠠ ᠶᠢ ᠨᠡᠩ ᠥᠷᠨᠢᠭᠦᠨ ᠭᠦᠭᠵᠢᠯᠳᠡ ᠶᠢᠨ ᠵᠠᠮ ᠳᠤ ᠤᠷᠤᠭᠤᠯᠤᠨ᠎ᠠ ᠭᠡᠳᠡᠭ ᠲᠤ ᠪᠢᠳᠡ ᠢᠳᠡᠭᠡᠯ ᠲᠦᠭᠦᠷᠡᠩ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号