ᠠᠪᠠᠭ᠎ᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠨᠢ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠦᠢᠯᠡᠴᠢᠯᠡᠭᠡᠨ ᠤ ᠦᠷᠳᠡᠭᠡ ᠳᠤ ᠬᠦᠨᠵᠡᠭᠡᠶᠢᠷᠡᠨ ᠲᠤᠭᠤᠷᠢᠨ ᠰᠤᠷᠤᠯᠴᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2020/10/29
     ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠪᠦᠯᠬᠦᠮᠳᠡᠯ᠂ ᠰᠤᠷᠭᠠᠨ ᠬᠦᠮᠦᠵᠢᠯ ᠤᠨ ᠠᠵᠢᠯ  ᠤᠨ ᠲᠤᠬᠠᠢ ᠴᠢᠬᠤᠯᠠ ᠦᠬᠦᠯᠡᠮᠵᠢ ᠶᠢ ᠬᠦᠨᠵᠡᠭᠡᠢ ᠲᠤᠤᠱᠯᠠᠭᠤᠯᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢ ᠪᠤᠳᠤᠯᠭ᠎ᠠ  ᠶᠢ ᠪᠤᠳᠠᠳᠠᠢ ᠨᠠᠶᠢᠳᠠᠪᠤᠷᠢᠵᠢᠭᠤᠯᠤᠨ ᠨᠠᠩ ᠰᠠᠶᠢᠨ ᠦᠢᠯᠡᠳᠦᠯᠭᠡᠵᠢᠬᠦᠯᠬᠦ ᠶᠢᠨ ᠲᠦᠯᠦᠭᠡ᠂10 ᠰᠠᠷ᠎ᠠ ᠶᠢᠨ 26 ᠤ ᠤᠷᠤᠢ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠨᠢ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠦᠢᠯᠡᠴᠢᠯᠡᠭᠡᠨ ᠤ ᠦᠷᠳᠡᠭᠡ ᠳᠤ ᠬᠦᠨᠵᠡᠭᠡᠶᠢᠷᠡᠨ ᠲᠤᠭᠤᠷᠢᠨ ᠰᠤᠷᠤᠯᠴᠠᠪᠠ᠃     ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠪᠦᠷᠢᠨᠮᠦ᠋ᠩᠭᠡ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠳᠠᠨ᠂ ᠬᠡᠰᠡᠭ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠵᠢᠴᠢ ᠳᠡᠳᠡᠨ ᠤ ᠭᠡᠷ ᠪᠦᠯᠢ ᠶᠢᠨ ᠬᠢᠨ ᠨᠡᠶᠢᠳᠡ60 ᠰᠢᠬᠠᠮ ᠬᠦᠮᠦᠨ ᠬᠤᠰᠢᠭᠤ ᠰᠤᠷᠭᠠᠨ ᠬᠦᠮᠦᠵᠢᠯ ᠤᠨ ᠵᠢᠯᠤᠭᠤᠳᠴᠦ ᠦᠢᠯᠡᠴᠢᠯᠡᠬᠦ ᠦᠷᠳᠡᠭᠡ ᠳᠤ ᠬᠦᠨᠵᠡᠭᠡᠶᠢᠷᠡᠨ ᠲᠤᠭᠤᠷᠢᠨ ᠰᠤᠷᠤᠯᠴᠠᠬᠤ ᠠᠵᠢᠯᠯᠠᠭ᠎ᠠ ᠳᠤ ᠤᠷᠤᠯᠴᠠᠪᠠ᠃     ᠠᠬᠤᠢ ᠲᠠᠯᠠᠪᠠᠢ ᠶᠢᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠭᠡᠷ ᠪᠦᠯᠢ ᠶᠢᠨ ᠰᠤᠷᠭᠠᠨ ᠬᠦᠮᠦᠵᠢᠯ ᠤᠨ ᠵᠢᠯᠤᠭᠤᠳᠤᠯᠭ᠎ᠠ ᠦᠢᠯᠡᠴᠢᠯᠡᠭᠡᠨ ᠤ ᠦᠷᠳᠡᠭᠡᠨ ᠤ ᠭᠡᠷ ᠤᠨ ᠰᠤᠷᠳᠠᠯ ᠰᠤᠷᠭᠠᠯ ᠤᠨ ᠦᠵᠡᠬᠦᠯᠭᠡ ᠶᠢᠨ ᠲᠢᠩᠭᠢᠮ᠂ ᠰᠡᠳᠬᠢᠴᠠ ᠶᠢᠨ ᠵᠦᠪᠯᠡᠯᠭᠡ ᠠᠪᠬᠤ ᠳᠠᠰᠤᠭ᠂ ᠭᠡᠷ ᠶᠢᠨ ᠠᠬᠠᠮᠠᠳ ᠤᠨ ᠪᠤᠯᠪᠠᠰᠤᠷᠠᠯ ᠤᠨ ᠳᠠᠰᠤᠭ᠂ ᠡᠴᠢᠭᠡ ᠡᠬᠡ ᠬᠡᠤᠬᠡᠳ ‍ᠤᠨ‌ᠤᠩᠰᠢᠯᠭ᠎ᠠ ᠶᠢᠨ ᠳᠠᠰᠤᠭ ᠵᠡᠷᠭᠡ ᠪᠠᠷ ᠲᠤᠭᠤᠷᠢᠨ ᠦᠵᠡᠵᠦ᠂ ᠲᠤᠰ ᠰᠤᠷᠭᠠᠨ ᠬᠦᠮᠦᠵᠢᠯ ᠤᠨ ᠵᠢᠯᠤᠭᠤᠳᠴᠦ ᠦᠢᠯᠡᠴᠢᠯᠡᠬᠦ ᠦᠷᠳᠡᠭᠡᠨ ᠤ ᠦᠢᠯᠡᠴᠢᠯᠡᠭᠡ ᠶᠢ ᠤᠶᠢᠯᠠᠭᠠᠭᠰᠠᠨ ᠤ ᠬᠠᠮᠳᠤ᠂ ᠮᠠᠨ ᠤ ᠬᠤᠰᠢᠭᠤᠨ ᠤ ᠶᠤᠰᠤ ᠰᠤᠷᠳᠠᠬᠤᠨ ᠤ ᠵᠢᠱᠢᠶᠡᠴᠢ ᠬᠡᠷ ᠪᠦᠯᠢ ᠶᠢᠨ ᠪᠤᠳᠠᠳᠠᠢ ᠦᠯᠢᠭᠡᠷ ᠶᠠᠪᠤᠳᠠᠯ ᠪᠤᠯᠤᠨ ᠳᠤᠮᠳᠠᠳᠦ ᠶᠢᠨ ᠦᠨᠳᠦᠰᠦᠳᠡᠨ ᠤ ᠤᠯᠠᠮᠵᠢᠯᠠᠯᠳᠤ ᠭᠡᠷ ᠪᠦᠯᠢ ᠶᠢᠨ ᠡᠷᠬᠢᠮ ᠰᠤᠷᠳᠠᠯ ᠢ ᠤᠶᠢᠯᠠᠭᠠᠨ ᠰᠤᠷᠤᠯᠴᠠᠵᠦ᠂ ᠳᠡᠳᠡᠨ ᠳᠤ ᠭᠡᠷ ᠪᠦᠯᠢ ᠶᠢᠨ ᠬᠦᠮᠦᠵᠢᠯ ᠤᠨ ᠴᠢᠬᠤᠯᠠ ᠴᠢᠨᠠᠷ ᠢ ᠬᠦᠨᠵᠡᠭᠡᠢ ᠲᠠᠨᠢᠨ᠂ ᠦᠵᠡᠯ ᠰᠠᠨᠠᠭ᠎ᠠ ᠪᠠᠨ ᠨᠢᠭᠡᠳᠬᠡᠨ᠂ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠬᠦᠮᠦᠨ ᠬᠦᠮᠦᠵᠢᠬᠦᠯᠬᠦ ᠴᠢᠭᠯᠡᠯᠳᠡ ᠶᠢᠨ ᠴᠢᠬᠤᠯᠠ ᠴᠢᠨᠠᠷ ᠢ ᠤᠯᠠᠮ ᠬᠦᠨᠴᠠ ᠲᠠᠢ ᠤᠶᠢᠯᠠᠭᠠᠭᠤᠯᠤᠭᠰᠠᠨ ᠪᠠᠶᠢᠨ᠎ᠠ᠃     ᠲᠤᠭᠤᠷᠢᠨ ᠰᠤᠷᠤᠯᠴᠠᠬᠤ ᠠᠵᠢᠯᠯᠠᠭ᠎ᠠ ᠳᠤ ᠤᠷᠤᠯᠴᠠᠭᠰᠠᠨ ᠭᠡᠷ ᠪᠦᠯᠢ ᠶᠢᠨ ᠬᠢᠨ ᠤ ᠤᠯᠤᠯᠳᠠ ᠲᠦᠷᠦᠭᠳᠡᠯ ᠶᠡᠭᠡ ᠪᠠᠶᠢᠵᠦ᠂ ᠡᠴᠢᠭᠡ ᠡᠬᠡ ᠪᠤᠯᠤᠭᠰᠠᠳ ᠤᠨ ᠡᠳᠦᠷ ᠳᠤᠳᠤᠮ ᠤᠨ ᠰᠠᠨᠠᠭᠠᠨ ᠳᠤ ᠦᠭᠡᠢ ᠢᠯᠡᠷᠡᠬᠦᠯᠦᠭᠰᠡᠨ ᠰᠡᠳᠬᠢᠯ ᠵᠦᠢ ᠵᠢᠴᠢ ᠦᠭᠡ ᠶᠠᠷᠢᠶ᠎ᠠ ᠦᠢᠯᠡ ᠠᠵᠢᠯᠯᠠᠭ᠎ᠠ ᠨᠢ ᠬᠡᠤᠬᠡᠳ ᠤᠨ ᠦᠰᠦᠨ ᠪᠤᠶᠢᠵᠢᠯᠳᠠ ᠳᠤ ᠨᠦᠯᠦᠭᠡ ᠲᠤᠰᠬᠠᠯ ᠶᠡᠭᠡ ᠪᠠᠶᠢᠳᠠᠭ ᠢ ᠤᠬᠠᠨ ᠤᠶᠢᠯᠠᠭᠠᠵᠦ᠂ ᠬᠤᠶᠢᠰᠢᠳᠡ ᠲᠤᠭᠤᠷᠢᠨ ᠰᠤᠷᠤᠯᠴᠠᠭᠰᠠᠨ ᠮᠡᠳᠡᠯᠭᠡ ᠲᠠᠨᠢᠯᠳᠠ  ᠪᠠᠨ ᠭᠡᠷ ᠪᠦᠯᠢ ᠳᠡᠭᠡᠨ ᠦᠢᠯᠡᠳᠦᠯᠭᠡᠵᠢᠬᠦᠯᠵᠦ᠂ ᠬᠡᠤᠬᠡᠳ ᠤᠨ ᠢᠶᠠᠨ ᠰᠠᠶᠢᠨ ᠳᠠᠭᠤᠷᠢᠶᠠᠯ ᠪᠤᠯᠵᠦ᠂ ᠬᠡᠤᠬᠡᠳ ᠲᠤ ᠢᠳᠡᠪᠬᠢᠳᠡᠢ᠂ ᠡᠷᠡᠬᠦᠯ᠂ ᠥᠭᠡᠳᠡᠷᠬᠡᠭ ᠭᠡᠷ ᠪᠦᠯᠢ ᠶᠢᠨ ᠤᠷᠴᠢᠨ ᠠᠮᠢᠰᠬᠠᠯ ᠢ ᠪᠦᠷᠢᠯᠳᠦᠬᠦᠯᠬᠦ ᠪᠠᠷ ᠴᠢᠷᠮᠠᠶᠢᠨ᠎ᠠ ᠬᠡᠵᠦ ᠢᠯᠡᠳᠭᠡᠪᠡ᠃ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠴᠦ ᠬᠤᠪᠢ ᠪᠡᠶ᠎ᠡ ᠶᠢᠨ ᠳᠠᠭᠠᠭᠤᠯᠤᠭᠴᠢ ᠦᠢᠯᠡᠳᠦᠯ ᠢᠶᠠᠨ ᠰᠠᠶᠢᠳᠤᠷ ᠪᠠᠳᠠᠷᠠᠭᠤᠯᠤᠨ᠂ ᠰᠤᠷᠭᠠᠭᠤᠯᠢ ᠪᠤᠯᠤᠨ ᠪᠠᠭᠰᠢ ᠨᠠᠷ ᠲᠠᠢ ᠰᠠᠶᠢᠳᠤᠷ ᠬᠠᠮᠵᠢᠯᠴᠠᠵᠦ᠂ ᠵᠦᠪ ᠬᠦᠮᠦᠨ ᠬᠦᠮᠦᠵᠢᠬᠦᠯᠬᠦ ᠤᠶᠢᠯᠠᠭᠠᠭᠳᠠᠬᠤᠨ ᠢ ᠡᠯ᠎ᠡ ᠡᠳᠡᠭᠡᠳ ᠤᠨ ᠠᠷᠠᠳ ᠲᠦᠮᠡᠨ ᠤ ᠰᠡᠳᠬᠢᠯ ᠳᠤ ᠬᠦᠷᠭᠡᠬᠦ  ᠪᠠᠷ ᠴᠢᠷᠮᠠᠶᠢᠨ᠂  ᠬᠠᠮᠳᠤ ᠪᠠᠷ ᠶᠡᠷᠦᠩᠭᠡᠢ ᠱᠦᠵᠢ ᠰᠢ ᠶᠢᠨ ᠫᠢᠩ ᠤᠨ ᠰᠤᠷᠭᠠᠨ ᠬᠦᠮᠦᠵᠢᠯ ᠤᠨ ᠠᠵᠢᠯ ᠤᠨ ᠲᠤᠬᠠᠢ ᠴᠢᠬᠤᠯᠠ ᠦᠬᠦᠯᠡᠮᠵᠢ ᠲᠠᠢ ᠲᠠᠨᠢᠯᠳᠠ ᠪᠠᠨ ᠨᠢᠭᠳᠠᠷᠠᠭᠤᠯᠤᠨ᠂ ᠳᠤᠮᠳᠠᠳᠦ ᠶᠢᠨ ᠦᠨᠳᠦᠰᠦᠳᠡᠨ ᠤ ᠬᠠᠮᠳᠤ  ᠶᠢᠨ ᠴᠤᠭᠴᠠ ᠶᠢ ᠪᠠᠳᠤ ᠴᠤᠭᠴᠠᠯᠠᠬᠤ ᠪᠠᠷ ᠬᠦᠴᠦᠨ ᠢᠶᠠᠨ ᠡᠷᠬᠦᠬᠦ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号