︽ᠤᠷᠢᠶ᠎ᠠ︾ ᠪᠠᠭᠠᠴᠤᠳ ᠬᠡᠤᠬᠡᠳ ᠤᠨ ᠤᠷ᠎ᠠ ᠴᠢᠳᠠᠪᠤᠷᠢ ᠶᠢᠨ ᠠᠩᠭᠢ ᠶᠢᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2020/12/2
       11 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ︽ᠤᠷᠢᠶ᠎ᠠ︾ ᠪᠠᠭᠠᠴᠤᠳ ᠬᠡᠤᠬᠡᠳ ᠤᠨ ᠤᠷ᠎ᠠ ᠴᠢᠳᠠᠪᠤᠷᠢ ᠶᠢᠨ ᠠᠩᠭᠢ ᠶᠢᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠠᠪᠠᠭ᠎ᠠ ᠤᠯᠠᠭᠠᠨᠮᠥ᠋ᠴᠢᠷ ᠲᠤ ᠲᠡᠭᠦᠰ ᠠᠮᠵᠢᠯᠲᠠ ᠲᠠᠢ  ᠶᠠᠪᠤᠭᠳᠠᠵᠤ ᠥᠩᠭᠡᠷᠡᠪᠡ᠃       ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠡᠤᠬᠡᠳ ᠪᠠᠭᠠᠴᠤᠳ ᠤᠨ ᠬᠠᠷᠠᠬᠠᠨ ᠪᠠᠭ᠎ᠠ ᠠᠴᠠ ᠨᠢ ᠢᠲᠡᠭᠡᠯ ᠵᠣᠷᠢᠭ ᠪᠠ ᠤᠷ᠎ᠠ ᠴᠢᠳᠠᠪᠤ‌‍ᠷᠢ ᠶᠢ ᠬᠥᠮᠦᠵᠢᠭᠦᠯᠬᠦ ᠪᠠᠷ ᠵᠣᠷᠢᠯᠲᠠ ᠪᠣᠯᠭᠠᠵᠤ᠂ ᠥᠪᠥᠷ ᠮᠣᠩᠭᠤᠯ ᠤᠨ ᠨᠡᠷᠡᠲᠦ ᠷᠤᠺ ᠳᠠᠭᠤᠴᠢᠨ ᠤᠷᠢᠶ᠎ᠠ ᠠᠴᠠ ᠠᠪᠠᠭ᠎ᠠ ᠬᠤᠰᠢᠭᠤᠨ ᠳᠤ ᠪᠣᠯᠪᠠᠰᠣᠷᠠᠯ ᠤᠨ ᠠᠩᠭᠢ ᠡᠷᠬᠢᠯᠡᠭᠰᠡᠨ ᠪᠠᠶᠢᠨ᠎ᠠ᠃ ᠠᠷᠪᠠ ᠭᠠᠷᠤᠶ ᠡᠳᠦᠷ ᠤᠨ ᠪᠣᠯᠪᠠᠰᠤᠷᠠᠯ ᠢᠶᠠᠷ ᠳᠠᠮᠵᠢᠨ ᠬᠡᠤᠬᠡᠳ ᠤᠨ ᠲᠣᠭᠯᠠᠯᠲᠠ ᠶᠢᠨ ᠦᠨᠳᠦᠰᠦᠨ ᠪᠣᠯᠪᠠᠰᠤᠷᠠᠯ ᠪᠣᠯᠤᠨ ᠢᠲᠡᠭᠡᠯ ᠵᠣᠷᠢᠭ ᠨᠢ ᠶᠡᠬᠡᠪᠡᠷ ᠳᠡᠭᠡᠭᠰᠢᠯᠡᠵᠦ᠂  ᠲᠣᠭᠯᠠᠯᠲᠠ ᠳᠤᠮᠳᠠ᠂ ᠬᠡᠦᠬᠡᠳ ᠤᠳ ᠳᠡᠰ ᠳᠠᠷᠠᠭᠠᠯᠠᠨ ᠲᠠᠢᠰᠠᠨ ᠳᠤ ᠭᠠᠷᠴᠤ᠂ ᠢᠲᠡᠭᠡᠯ ᠲᠡᠭᠦᠯᠳᠡᠷ ᠢᠶᠠᠷ ᠥᠪᠡᠷ ᠥᠪᠡᠷ ᠤᠨ ᠢᠶᠠᠨ ᠭᠤᠶᠢᠳᠠ ᠰᠠᠶᠢᠬᠠᠨ ᠲᠣᠭᠯᠠᠯᠲᠠ ᠪᠠᠨ ᠦᠵᠡᠬᠦᠯᠵᠦ᠂ ᠤᠷ᠎ᠠ ᠠᠪᠢᠶᠠᠰ ᠢᠶᠠᠨ ᠭᠠᠶᠢᠬᠠᠭᠤᠯᠤᠨ᠂ ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠦᠵᠡᠭᠴᠢᠳ ᠲᠤ ᠤᠷ᠎ᠠ ᠠᠪᠢᠶᠠᠰ ᠢᠶᠠᠨ ᠭᠠᠶᠢᠬᠠᠭᠤᠯᠤᠭᠰᠠᠨ ᠪᠥᠭᠡᠳ ᠬᠡᠷ ᠤᠨ ᠠᠬᠠᠮᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号