12 ᠰᠠᠷ᠎ᠠ ᠶᠢᠨ17 ᠤ ᠡᠳᠦᠷ᠂ ᠮᠠᠨ ᠤ ᠬᠤᠰᠢᠭᠤᠨ ᠤ ᠪᠦᠭᠡᠴᠢᠳ ᠤᠨ ᠡᠪᠦᠯ ᠤᠨ ᠤᠯᠠᠷᠢᠯ ᠤᠨ | ᠰᠤᠷᠢᠭ᠎ᠠ ᠪᠤᠯᠪᠠᠰᠤᠷᠠᠯ ᠤᠨ ᠪᠠᠷᠢᠯᠳᠤᠭᠠᠨ ᠶᠠᠪᠤᠭᠳᠠᠭᠰᠠᠨ ᠪᠠᠶᠢᠨ᠎ᠠ᠃ | ᠮᠠᠨ ᠤ ᠬᠤᠰᠢᠭᠤᠨ ᠤ ᠠᠵᠢᠯ ᠤᠨ ᠴᠢᠯᠦᠭᠡᠨ ᠤ ᠪᠡᠶ᠎ᠡ ᠲᠠᠮᠢᠷ ᠤᠨ ᠰᠤᠷᠭᠠᠭᠤᠯᠢ ᠨᠢ 11 ᠰᠠᠷ᠎ᠠ ᠶᠢᠨ ᠡᠬᠢ | ᠠᠴᠠ ᠡᠪᠦᠯ ᠤᠨ ᠤᠯᠠᠷᠢᠯ ᠤᠨ ᠰᠤᠷᠢᠭ᠎ᠠ ᠪᠤᠯᠪᠠᠰᠤᠷᠠᠯ ᠢᠶᠠᠨ ᠡᠬᠢᠯᠡᠬᠦᠯᠵᠦ᠂ ᠵᠠᠯᠠᠭᠤ ᠪᠦᠭᠡᠴᠢᠳ ᠤᠨ ᠢᠶᠠᠨ ᠪᠡᠶ᠎ᠡ | ᠶᠢᠨ ᠬᠡᠪ ᠪᠤᠯᠪᠠᠰᠤᠷᠠᠯ ᠢ ᠰᠤᠷᠢᠵᠦ᠂ ᠮᠡᠭᠡ ᠮᠡᠷᠭᠡᠵᠢᠯ ᠢ ᠳᠡᠭᠡᠭᠰᠢᠯᠡᠬᠦᠯᠵᠦ ᠪᠠᠶᠢᠨ᠎ᠠ᠃ | ᠰᠤᠷᠢᠭ᠎ᠠ ᠪᠤᠯᠪᠠᠰᠤᠷᠠᠯ ᠡᠬᠢᠯᠡᠭᠰᠡᠨ ᠠᠴᠠ ᠨᠠᠰᠢ᠂ 11 ᠰᠠᠷ᠎ᠠ ᠶᠢᠨ ᠳᠤᠮᠳᠠᠴᠢ ᠪᠠᠷ ᠪᠤᠰᠤᠳ ᠭᠠᠵᠠᠷ ᠤᠷᠤᠨ | ᠤ ᠪᠦᠭᠡᠴᠢᠳ ᠲᠠᠢ ᠬᠠᠮᠳᠤᠷᠠᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠦ᠂ ᠪᠦᠭᠡᠴᠢᠳ ᠤᠨ ᠢᠶᠠᠨ ᠪᠢᠷ᠎ᠠ ᠴᠢᠳᠠᠯ ᠢ | ᠰᠤᠷᠢᠯᠴᠠᠨ ᠰᠢᠯᠭᠠᠬᠤ ᠡᠬᠦᠳᠡᠨ ᠠᠴᠠ ᠵᠠᠯᠠᠭᠤ ᠪᠦᠭᠡᠴᠢᠳ ᠢᠶᠠᠨ ᠳᠠᠭᠠᠭᠤᠯᠤᠨ ᠰᠦᠨᠢᠳ ᠵᠡᠬᠦᠨ ᠬᠤᠰᠢᠭᠤᠨ ᠳᠤ | ᠨᠢᠭᠡ ᠭᠠᠷᠠᠭ ᠤᠨ ᠬᠤᠭᠤᠴᠠᠭ᠎ᠠ ᠲᠠᠢ ᠪᠤᠯᠪᠠᠰᠤᠷᠠᠯ ᠳᠤ ᠤᠷᠤᠯᠴᠠᠭᠰᠠᠨ ᠪᠠᠶᠢᠨ᠎ᠠ᠃ ᠤᠶᠢᠷ᠎ᠠ ᠶᠢᠨ ᠡᠳᠦᠷ ᠪᠠᠰᠠ | ᠠᠯᠠᠱᠠ᠂ ᠬᠦᠯᠦᠨ ᠪᠤᠶᠢᠷ᠂ ᠰᠢᠯᠤᠭᠤᠨ ᠬᠦᠭᠡ ᠵᠡᠷᠭᠡ ᠠᠶᠢᠮᠠᠭ ᠬᠤᠰᠢᠭᠤᠨ ᠤ 15 ᠵᠠᠯᠠᠭᠤ ᠪᠦᠭᠡ ᠮᠠᠨ ᠤ | ᠬᠤᠰᠢᠭᠤ ᠶᠢ ᠵᠤᠷᠢᠵᠦ ᠢᠷᠡᠨ ᠭᠠᠷᠠᠭ ᠤᠨ ᠬᠤᠭᠤᠴᠠᠭ᠎ᠠ ᠲᠠᠢ ᠬᠠᠮᠳᠤ ᠶᠢᠨ ᠪᠤᠯᠪᠠᠰᠤᠷᠠᠯ ᠰᠤᠷᠢᠭ᠎ᠠ ᠬᠢᠵᠠᠢ᠃ | ᠬᠡᠰᠡᠭ ᠬᠤᠭᠤᠴᠠᠭᠠᠨ ᠤ ᠪᠤᠯᠪᠠᠰᠤᠷᠠᠯ ᠢᠶᠠᠷ ᠳᠠᠮᠵᠢᠨ᠂ ᠢᠯᠠᠩᠭᠤᠶ᠎ᠠ ᠮᠠᠨ ᠤ ᠬᠤᠰᠢᠭᠤᠨ ᠳᠤ ᠬᠠᠮᠳᠤ | ᠰᠤᠷᠢᠭ᠎ᠠ ᠪᠤᠯᠪᠠᠰᠤᠷᠠᠯ ᠳᠤ ᠤᠷᠤᠯᠴᠠᠭᠰᠠᠨ ᠤᠯᠠᠨ ᠰᠠᠶᠢᠬᠠᠨ ᠵᠠᠯᠠᠭᠤ ᠪᠦᠭᠡᠴᠢᠳ ᠲᠠᠢ ᠪᠢᠷ᠎ᠠ ᠴᠢᠳᠠᠯ ᠢ ᠨᠢ | ᠰᠢᠯᠭᠠᠵᠦ ᠦᠵᠡᠬᠦ ᠪᠠᠷ 32 ᠪᠦᠭᠡ ᠶᠢᠨ ᠰᠤᠷᠢᠭ᠎ᠠ ᠪᠤᠯᠪᠠᠰᠤᠷᠠᠯ ᠤᠨ ᠪᠠᠷᠢᠯᠳᠤᠭᠠᠨ ᠡᠷᠬᠢᠯᠡᠵᠠᠢ᠃ | ᠪᠠᠷᠢᠯᠳᠤᠭᠠᠨ ᠨᠢ ᠮᠠᠨ ᠤ ᠬᠤᠰᠢᠭᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠤᠨ ᠪᠦᠭᠡ ᠶᠢᠨ | ᠰᠤᠷᠢᠭᠠᠨ ᠤ ᠲᠠᠯᠠᠪᠤᠷ ᠲᠤ ᠶᠠᠪᠤᠭᠳᠠᠵᠦ᠂ ᠰᠤᠷᠢᠭ᠎ᠠ ᠪᠠᠷᠢᠯᠳᠤᠭᠠᠨ ᠢᠶᠠᠷ ᠳᠠᠮᠵᠢᠨ᠂ ᠰᠢᠯᠤᠭᠤᠨ ᠬᠦᠭᠡ ᠬᠤᠰᠢᠭᠤᠨ | ᠤ ᠪᠠᠶᠠᠯᠢᠭ ᠲᠡᠷᠢᠬᠦᠯᠡᠨ᠂ ᠬᠦᠯᠦᠨ ᠪᠤᠶᠢᠷ ᠬᠤᠳᠠ ᠶᠢᠨ ᠰᠡᠩᠭᠡᠭᠠᠷᠪᠤ ᠳᠡᠳ᠋ᠯᠡᠵᠦ᠂ ᠰᠢᠯᠢᠩᠬᠤᠳᠠ ᠶᠢᠨ ᠦᠢᠯᠡᠰ | ᠭᠤᠷᠪᠠ ᠳᠤ ᠤᠷᠤᠵᠦ᠂ ᠮᠠᠨ ᠤ ᠬᠤᠰᠢᠭᠤᠨ ᠤ ᠵᠢᠷᠭᠠᠯᠠᠩᠳᠤ ᠰᠤᠮᠤᠨ ᠤ ᠪᠦᠷᠢᠨᠪᠠᠶᠠᠷ ᠲᠦᠷᠪᠡ ᠳᠤ ᠳᠤᠳᠤᠷᠠᠵᠠᠢ᠃ | ᠰᠤᠷᠢᠭ᠎ᠠ ᠪᠠᠷᠢᠯᠳᠤᠭᠠᠨ ᠢ ᠮᠠᠨ ᠤ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ ᠠᠴᠠ | ᠵᠤᠬᠢᠶᠠᠨ ᠪᠠᠶᠢᠭᠤᠯᠤᠨ ᠡᠷᠬᠢᠯᠡᠵᠦ᠂ ᠪᠦᠭᠡᠴᠢᠳ ᠢ ᠱᠠᠩᠨᠠᠨ ᠵᠤᠷᠢᠭᠵᠢᠭᠤᠯᠤᠭᠰᠠᠨ ᠪᠠᠶᠢᠨ᠎ᠠ᠃ | ᠪᠦᠭᠡᠴᠢᠨ᠄ ᠪᠠᠶᠠᠯᠢᠭ — ᠦᠨᠦᠳᠦᠷ ᠤᠨ ᠰᠤᠷᠢᠭᠠᠨ ᠪᠦᠭᠡ ᠶᠢᠨ ᠨᠠᠶᠢᠷ ᠲᠤ ᠲᠡᠷᠢᠬᠦᠯᠡᠭᠰᠡᠨ ᠳᠡᠭᠡᠨ | ᠪᠠᠶᠠᠷᠳᠠᠢ ᠪᠠᠶᠢᠨ᠎ᠠ᠂ ᠵᠢᠷᠠᠨᠪᠠᠶᠠᠷ ᠪᠠᠭᠰᠢ ᠶᠢᠨ ᠳᠠᠭᠠᠭᠤᠯᠭ᠎ᠠ ᠲᠠᠢ ᠮᠠᠨ ᠤ ᠠᠷᠪᠠᠭᠠᠳ ᠲᠠᠮᠢᠷᠴᠢᠨ ᠠᠪᠠᠭ᠎ᠠ | ᠬᠤᠰᠢᠭᠤᠨ ᠳᠤ ᠢᠷᠡᠭᠡᠳ ᠭᠠᠷᠠᠭ ᠤᠨ ᠪᠡᠯᠡᠳᠬᠡᠯ ᠰᠤᠷᠢᠭ᠎ᠠ ᠬᠢᠵᠦ᠂ ᠦᠨᠦᠳᠦᠷ ᠪᠠᠰᠠ ᠰᠠᠶᠢᠬᠠᠨ ᠰᠤᠷᠢᠭᠠᠨ ᠤ | ᠨᠠᠶᠢᠷ ᠪᠤᠯᠤᠯ᠎ᠠ᠂ ᠨᠢᠭᠡ ᠭᠠᠷᠠᠭ ᠲᠤ ᠠᠪᠠᠭ᠎ᠠ ᠶᠢᠨ ᠪᠦᠭᠡᠴᠢᠨ ᠲᠠᠢ ᠬᠠᠮᠳᠤᠷᠠᠯᠴᠠᠭᠰᠠᠨ ᠰᠤᠷᠢᠭ᠎ᠠ ᠪᠤᠯᠪᠠᠰᠤᠷᠠᠯ | ᠰᠠᠶᠢᠬᠠᠨ ᠪᠤᠯᠤᠭᠰᠠᠨ ᠪᠠᠶᠢᠨ᠎ᠠ ᠃ |