ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ | ᠣᠳᠣᠬᠠᠨ ᠤ ᠪᠠ ᠠᠯᠤᠰ ᠬᠡᠳᠦ ᠶᠢᠨ ᠬᠢ ᠶᠢ ᠬᠠᠮᠲᠤ ᠳᠤ ᠨᠢ ᠬᠠᠷᠠᠭᠠᠯᠵᠠᠨ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠵᠦ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠲᠥᠯᠥᠪᠵᠢᠭᠦᠯᠭᠡ ᠶᠢᠨ | ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠳᠤ | ᠣᠷᠣᠯᠴᠠᠪᠠ᠃ | 12 ᠳ᠋ᠤᠭᠠᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ | ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠳᠠᠬᠢᠨᠲᠠ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠳᠤ | ᠣᠷᠣᠯᠴᠠᠪᠠ᠃ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠲᠥᠯᠪᠦᠷᠢ ᠶᠢᠨ | ᠲᠥᠰᠦᠯ ᠢ ᠨᠠᠶᠢᠷᠠᠭᠤᠯᠤᠨ ᠵᠣᠬᠢᠶᠠᠬᠤ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠨᠥᠬᠦᠳ | ᠰᠤᠳᠤᠯᠤᠨ ᠶᠠᠷᠢᠯᠴᠠᠵᠠᠭᠠᠪᠠ᠃ ᠯᠢ ᠺᠧ ᠴᠢᠶᠠᠩ ᠬᠡᠯᠡᠭᠰᠡᠨ ᠨᠢ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ | ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠴᠢᠬᠤᠯᠠ ᠠᠬᠢᠴᠠ ᠲᠠᠢ ᠪᠣᠯᠪᠠ᠃ ᠤᠯᠠᠨ | ᠪᠦᠭᠦᠳᠡ ᠪᠠᠷ ᠢᠶᠠᠨ ᠦᠷᠭᠦᠯᠵᠢᠯᠡᠨ ᠤᠶᠤᠨ ᠤᠬᠠᠭᠠᠨ ᠢᠶᠠᠨ ᠲᠥᠪᠯᠡᠷᠡᠭᠦᠯᠦᠨ᠂ ᠭᠦᠨᠵᠡᠭᠡᠢ ᠰᠤᠳᠤᠯᠤᠨ ᠨᠤᠲᠠᠯᠠᠵᠤ᠂ | ᠨᠢᠭᠲᠠ ᠠᠴᠠ ᠨᠢᠭᠲᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ᠂ ᠪᠥᠬᠦᠳᠡ ᠬᠤᠷᠠᠯ ᠤᠨ ︽ᠰᠠᠨᠠᠭᠤᠯᠭ᠎ᠠ︾ ᠶᠣᠰᠣᠭᠠᠷ᠂ ᠬᠥᠲᠥᠯᠪᠦᠷᠢ ᠶᠢᠨ ᠲᠥᠰᠦᠯ ᠢ ᠨᠠᠷᠢᠨ ᠨᠢᠮᠪᠠᠶ | ᠨᠠᠶᠢᠷᠠᠭᠤᠯᠤᠨ ᠵᠣᠬᠢᠶᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠳᠤ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠣᠳᠠᠲᠠᠢ ᠠᠵᠢᠯ ᠳᠤᠮᠳᠠ ᠦᠵᠡᠭᠦᠯᠬᠦ ᠲᠥᠯᠥᠪᠵᠢᠭᠦᠯᠭᠡ ᠶᠢᠨ | ᠬᠥᠲᠥᠯᠪᠦᠷᠢ ᠶᠢᠨ ᠪᠠᠷᠠᠯᠠᠯᠲᠠ ᠵᠢᠯᠣᠭᠤᠳᠤᠯᠭ᠎ᠠ ᠶᠢᠨ ᠦᠢᠯᠡᠳᠦᠯ ᠢ ᠨᠢ ᠦᠨᠡᠨ ᠬᠦ ᠪᠠᠳᠠᠷᠠᠭᠤᠯᠵᠤ᠂ ᠦᠢᠯᠡᠳᠦᠯᠭᠡ ᠪᠠ | ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠶ ᠭᠡᠪᠡ᠃ | ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ | ᠣᠳᠣᠬᠠᠨ ᠤ ᠪᠠ ᠠᠯᠤᠰ ᠬᠡᠳᠦ ᠶᠢᠨ ᠬᠢ ᠶᠢ ᠬᠠᠮᠲᠤ ᠳᠤ ᠨᠢ ᠬᠠᠷᠠᠭᠠᠯᠵᠠᠬᠤ ᠬᠡᠷᠡᠭᠲᠡᠶ᠃ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠤᠨ ︽ᠰᠠᠨᠠᠭᠤᠯᠭ᠎ᠠ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠳᠤ | ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠪᠠᠰᠠ 2035 ᠣᠨ ᠤ ᠠᠯᠤᠰ ᠤᠨ ᠬᠠᠷᠠᠯᠲᠠ ᠶᠢ ᠳᠤᠷᠠᠳᠴᠠᠶ᠃ | ᠡᠨᠡ ᠵᠢᠯ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠨᠢ ᠢᠷᠡᠬᠦ ᠵᠢᠯ ᠴᠢᠨᠠᠭᠰᠢᠯᠠᠪᠠᠯ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠪᠦᠬᠦ᠋ᠢᠯᠡ ᠬᠤᠭᠤᠴᠠᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ | ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠶ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃ ᠬᠥᠲᠥᠯᠪᠦᠷᠢ ᠶᠢᠨ | ᠲᠥᠰᠦᠯ ᠢ ᠨᠠᠶᠢᠷᠠᠭᠤᠯᠤᠨ ᠵᠣᠬᠢᠶᠠᠬᠤ ᠳᠤ ᠪᠠᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢ ᠪᠥᠬᠦ ᠲᠠᠯ᠎ᠠ ᠪᠠᠷ | ᠪᠣᠳᠣᠯᠬᠢᠯᠠᠵᠤ᠂ 2035 ᠣᠨ ᠤ ᠠᠯᠤᠰ ᠤᠨ ᠬᠠᠷᠠᠯᠲᠠ ᠲᠠᠢ ᠵᠣᠯᠭᠠᠯᠳᠤᠭᠤᠯᠬᠤ ᠪᠠᠷ ᠪᠠᠷᠠᠬᠤ ᠥᠭᠡᠢ ᠪᠠᠰᠠ | ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠢ ᠶᠢᠨ ᠬᠡᠪ ᠤᠨ ᠨᠡᠮᠡᠭᠳᠡᠯ ᠤᠨ ᠰᠡᠷᠭᠦᠯᠲᠡ ᠶᠢ ᠠᠬᠢᠭᠤᠯᠬᠤ᠂ | ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠣᠨᠴᠠᠭᠠᠢ ᠪᠠᠶᠢᠳᠠᠯ ᠳᠤ ᠴᠢᠭᠯᠡᠭᠦᠯᠦᠨ ᠨᠢᠭᠡᠳᠦᠯᠲᠡᠢ ᠲᠥᠯᠥᠪᠯᠡᠨ | ᠲᠤᠬᠢᠷᠠᠭᠤᠯᠬᠤ ᠬᠡᠷᠡᠭᠲᠡᠢ ᠭᠡᠪᠡ᠃ | ᠯᠢ ᠺᠧ ᠴᠢᠶᠠᠩ ᠬᠡᠯᠡᠭᠰᠡᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠦᠨᠡᠨ ᠠᠴᠠ | ᠵᠥᠪ ᠢ ᠡᠷᠢᠬᠦ ᠶᠢ ᠪᠠᠷᠢᠮᠲᠠᠯᠠᠵᠤ᠂ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠥᠮᠦᠰ ᠢ ᠵᠣᠷᠢᠭᠵᠢᠭᠤᠯᠬᠤ ᠪᠥᠭᠡᠳ ᠪᠠᠰᠠ | ᠣᠷᠣᠨ ᠵᠠᠶ ᠦᠯᠡᠳᠡᠭᠡᠵᠦ᠂ ᠪᠥᠬᠦ ᠨᠡᠶᠢᠭᠡᠮ ᠢ ᠬᠠᠮᠲᠤ ᠶᠢᠨ ᠲᠠᠨᠢᠯᠲᠠ ᠲᠠᠢ ᠪᠣᠯᠭᠠᠬᠤ ᠬᠡᠷᠡᠭᠲᠡᠶ᠃ ᠮᠠᠨ ᠤ ᠤᠯᠤᠰ ᠤᠨ ᠠᠵᠤ | ᠠᠬᠤᠢ ᠶᠢᠨ ᠰᠠᠭᠤᠷᠢ ᠲᠤᠭ᠎ᠠ ᠨᠢᠭᠡᠨᠲᠡ ᠨᠡᠯᠢᠶᠡᠳ ᠶᠡᠭᠡ ᠪᠤᠯᠵᠤ᠂ ᠢᠷᠡᠭᠡᠳᠦᠢ ᠶᠢᠨ ᠲᠠᠪᠤᠨ ᠵᠢᠯ ᠳᠤ ᠵᠣᠬᠢᠰᠲᠠᠢ | ᠬᠤᠷᠳᠤᠴᠠ ᠪᠠᠷ ᠲᠣᠭᠲᠠᠭᠤᠨ ᠨᠡᠮᠡᠭᠳᠡᠬᠦ ᠪᠣᠯᠣᠨ᠎ᠠ᠃ ᠬᠤᠷᠠᠮᠳᠤᠭᠤᠯᠤᠭᠠᠳ ᠠᠪᠤᠪᠠᠯ ᠬᠢᠯᠪᠠᠷ ᠪᠤᠰᠤ ᠠᠮᠵᠢᠯᠲᠠ ᠪᠣᠯᠬᠤ | ᠶᠤᠮ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠠᠭᠤᠷᠢ ᠪᠡᠯᠡᠳᠬᠡᠮᠵᠢ ᠶᠢ ᠴᠢᠩᠭᠠᠳᠬᠠᠬᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠬᠤ ᠳᠤ ᠪᠠᠨ ᠴᠥᠮ | ᠭᠤᠣᠯᠳᠠᠯᠭ᠎ᠠ ᠶᠢ ᠳᠤᠪᠤᠶᠢᠯᠭᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ | ᠰᠣᠬᠤᠷ ᠪᠠᠯᠠᠢ ᠪᠠᠷ ᠪᠦᠲᠦᠭᠡᠨ ᠪᠠᠶᠢᠭᠤᠯᠬᠤ ᠦᠭᠡᠢ ᠪᠠᠶᠢᠵᠤ᠂ ᠳᠤᠷᠠᠳᠤᠭᠰᠠᠨ ᠪᠦᠬᠦᠨ ᠢ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠬᠥᠲᠥᠯᠪᠦᠷᠢ ᠶᠢᠨ ᠲᠥᠰᠦᠯ ᠢ ᠡᠯ᠎ᠡ ᠲᠤᠰᠬᠠᠶ ᠲᠥᠯᠥᠪᠵᠢᠭᠦᠯᠭᠡ᠂ ᠣᠷᠣᠨ ᠨᠤᠲᠤᠭ ᠤᠨ | ᠲᠥᠯᠥᠪᠵᠢᠭᠦᠯᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ | ᠬᠦᠷᠢᠶᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠬᠦ ᠮᠦᠷᠲᠡᠭᠡᠨ ᠪᠠᠰᠠ | ᠪᠣᠯᠤᠯᠴᠠᠭ᠎ᠠ ᠶᠢ ᠪᠣᠳᠣᠯᠬᠢᠯᠠᠵᠤ᠂ ᠬᠠᠷᠠᠯᠲᠠ ᠪᠣᠯᠤᠨ ᠡᠭᠦᠷᠭᠡ ᠪᠠᠨ ᠰᠠᠶᠢᠲᠤᠷ ᠡᠵᠡᠮᠰᠢᠬᠦ ᠬᠡᠷᠡᠭᠲᠡᠶ᠃ ᠡᠭᠦᠨ ᠤ ᠬᠠᠮᠲᠤ ᠡᠯ᠎ᠡ | ᠭᠠᠵᠠᠷ ᠤᠨ ᠣᠷᠣᠨ ᠨᠤᠲᠤᠭ ᠤᠨ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠶᠢ ᠨᠢ | ᠬᠥᠲᠥᠯᠥᠨ ᠵᠢᠯᠣᠭᠤᠳᠴᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠪᠠᠨ | ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠬᠦ ᠶᠢ ᠲᠤᠰᠬᠠᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠶᠢ | ᠡᠷᠡᠰ ᠠᠬᠢᠭᠤᠯᠬᠤ ᠡᠷᠴᠢ ᠵᠣᠷᠢᠭ ᠢ ᠢᠯᠡᠷᠡᠭᠦᠯᠬᠦ ᠬᠡᠷᠡᠭᠲᠡᠢ᠃ ᠡᠬᠢ ᠪᠠᠶᠠᠯᠢᠭ ᠤᠨ ᠲᠤᠬᠢᠷᠠᠭᠤᠯᠤᠯᠲᠠ ᠳᠠᠬᠢ ᠵᠠᠬ᠎ᠠ | ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠥᠲᠥᠯᠪᠦᠷᠢ ᠶᠢᠨ ᠲᠥᠰᠦᠯ ᠳᠤ ᠥᠭᠡᠷᠡᠴᠢᠯᠡᠯᠲᠡ ᠶᠢᠨ | ᠰᠡᠳᠬᠢᠮᠵᠢ ᠪᠣᠯᠤᠨ ᠠᠷᠭ᠎ᠠ ᠶᠢ ᠲᠣᠪᠤᠶᠢᠮ᠎ᠠ ᠬᠡᠷᠡᠭᠯᠡᠬᠦ ᠬᠡᠷᠡᠭᠲᠡᠶ᠃ ᠠᠵᠢᠯ ᠣᠯᠭᠤᠯᠲᠠ ᠶᠢ ᠨᠡᠮᠡᠭᠳᠡᠭᠦᠯᠬᠦ᠂ ᠰᠢᠨ᠎ᠡ ᠶᠢ | ᠡᠭᠦᠳᠬᠦ ᠶᠢ ᠠᠬᠢᠭᠤᠯᠬᠤ᠂ ᠡᠳ᠋ ᠪᠠᠶᠠᠯᠢᠭ ᠢ ᠡᠭᠦᠳᠬᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ | ᠴᠥᠮ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠤᠷᠢ ᠶᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢ | ᠥᠷᠭᠡᠳᠬᠡᠬᠦ ᠵᠡᠷᠭᠡ ᠲᠠᠯ᠎ᠠ ᠪᠠᠷ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠰᠠᠭ ᠤᠨ | ᠣᠷᠳᠣᠨ ᠤ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ | ᠬᠠᠮᠲᠤ ᠪᠠᠷ ᠣᠷᠣᠯᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠲᠠᠯ᠎ᠠ ᠪᠠᠷ | ᠨᠡᠩ ᠤᠯᠠᠨ ᠳᠦᠷᠢᠮ ᠤᠨ ᠬᠡᠯᠪᠡᠷᠢ ᠶᠢᠨ ᠨᠡᠬᠡᠬᠡᠯᠳᠡ ᠶᠢᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠭᠠᠳᠠᠭᠠᠳᠤ ᠠᠷᠠᠯᠵᠢᠶ᠎ᠠ | ᠭᠠᠳᠠᠭᠠᠳᠤ ᠪᠡᠯᠡ ᠶᠢᠨ ᠣᠷᠴᠢᠨ ᠨᠦᠭᠦᠴᠡᠯ ᠢ ᠰᠠᠶᠢᠵᠢᠷᠠᠭᠤᠯᠵᠤ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠴᠢᠩᠭᠠᠳᠬᠠᠨ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠯᠢ ᠺᠧ ᠴᠢᠶᠠᠩ ᠬᠡᠯᠡᠭᠰᠡᠨ ᠨᠢ᠂ ᠥᠭᠡᠷᠡᠴᠢᠯᠡᠯᠲᠡ ᠨᠡᠭᠡᠭᠡᠯᠳᠠ ᠬᠢᠭᠰᠡᠨ ᠳᠥᠴᠢ ᠭᠠᠷᠤᠢ ᠵᠢᠯ ᠤᠨ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠪᠦᠬᠦ ᠠᠷᠠᠳ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭᠠᠳ ᠣᠯᠤᠭᠰᠠᠨ ᠶᠤᠮ᠃᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠦᠷᠭᠦᠯᠵᠢᠯᠡᠨ ᠯᠠᠪᠳᠠᠭᠤᠨ ᠪᠠᠲᠤᠲᠠᠢ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠢᠷᠡᠬᠦ ᠵᠢᠯ ᠪᠣᠯ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠡᠬᠢᠯᠡᠯᠲᠡ ᠶᠢᠨ ᠵᠢᠯ ᠮᠦᠨ᠂ ᠲᠦᠢᠯ ᠤᠨ ᠵᠠᠩᠭᠢᠯᠠᠭ᠎ᠠ ᠪᠣᠯᠤᠨ᠎ᠠ᠂ ᠠᠵᠤ ᠠᠬᠤᠶ ᠶᠢᠨ ᠲᠣᠭᠲᠠᠭᠤᠨ | ᠰᠡᠷᠭᠦᠯᠲᠡ ᠶᠢᠨ ᠪᠠᠶᠢᠳᠠᠯ ᠢ ᠬᠦᠴᠦᠯᠡᠨ ᠪᠠᠬᠢᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠬᠡᠪᠴᠢᠶᠡᠨ ᠳᠤ | ᠪᠠᠶᠢᠯᠭᠠᠬᠤ ᠶᠢ ᠪᠠᠲᠤᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃ | ᠰᠦᠨ ᠴᠦᠨ ᠯᠠᠨ᠂ ᠬᠤ᠋ ᠴᠦᠨ ᠬᠤᠸᠠ᠂ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ | ᠵᠤᠤ ᠺᠧ ᡁᠢ ᠬᠤᠷᠠᠯ ᠳᠤ ᠣᠷᠣᠯᠴᠠᠪᠠ᠃ |