ᠠᠪᠠᠭ᠎ᠠ ᠬᠤᠰᠢᠭᠤᠨ ᠤ ᠮᠠᠯ ᠲᠡᠵᠢᠬᠡᠪᠦᠷᠢ ᠶᠢᠨ ᠭᠠᠯᠵᠠᠭᠤᠡᠪᠡᠳᠴᠢᠨ ᠢ ᠰᠡᠷᠬᠡᠶᠢᠯᠡᠬᠦ ᠲᠣᠬᠠᠢ ᠰᠠᠨᠠᠭᠤᠯᠭ᠎ᠠ ᠶᠢᠨ ᠪ᠊
ᠨᠡᠶᠢᠲᠡᠯᠡᠭᠰᠡᠨ ᠴᠠᠭ᠄
2020/3/18
ᠪᠦᠬᠦ ᠬᠤᠰᠢᠭᠤᠨ ᠤ ᠦᠷᠭᠡᠨ ᠣᠯᠠᠨ ᠮᠠᠯᠴᠢᠨ ᠲᠦᠮᠡᠨ ᠳᠤ᠄      ᠣᠷᠴᠢᠮ ᠮᠠᠨ ᠤ ᠬᠤᠰᠢᠭᠤᠨ ᠤ ᠬᠡᠪᠴᠢᠶᠡᠨ ᠳᠤ ᠮᠠᠯ ᠲᠡᠵᠢᠭᠡᠪᠦᠷᠢ ᠶᠢᠨ ᠭᠠᠯᠵᠠᠭᠤ ᠡᠪᠡᠳᠴᠢᠨ ᠤ ᠰᠡᠵᠢᠭᠳᠡᠢ ᠵᠢᠱᠢᠶ᠎ᠡ ᠢᠯᠡᠷᠡᠭᠰᠡᠨ ᠪᠠᠶᠢᠨ᠎ᠠ᠂ ᠪᠦᠬᠦ ᠬᠤᠰᠢᠭᠤᠨ ᠤ ᠮᠠᠯ ᠰᠦᠷᠦᠭ ᠤᠨ ᠮᠠᠨᠳᠦ ᠣᠨᠳᠣᠷᠣᠯᠳᠠ ᠵᠢᠴᠢ ᠬᠦᠮᠦᠨ ᠠᠮᠢᠳᠠᠨ ᠤ ᠪᠡᠶ᠎ᠡ ᠮᠠᠬᠠᠪᠣᠳ ᠤᠨ ᠠᠮᠣᠷ ᠲᠦᠪᠰᠢᠨ ᠢ ᠪᠠᠳᠣᠯᠠᠬᠤ ᠶᠢᠨ ᠲᠣᠰᠠᠳᠠ᠂ ᠲᠣᠣᠷᠠᠬᠢ ᠬᠡᠳᠦᠨ ᠵᠦᠢᠯᠡᠰ ᠢ ᠮᠠᠯᠴᠢᠳ ᠲᠤ ᠪᠠᠨ ᠣᠨᠴᠠᠭᠠᠶᠢᠯᠠᠨ ᠰᠠᠨᠠᠭᠤᠯᠣᠶ᠎ᠠ᠄      ᠨᠢᠭᠡ᠂ ᠮᠠᠯ ᠲᠡᠵᠢᠭᠡᠪᠦᠷᠢ ᠭᠠᠯᠵᠠᠭᠤ ᠡᠪᠡᠳᠴᠢᠨ ᠳᠤ ᠨᠡᠷᠪᠡᠭᠳᠡᠭᠰᠡᠨ ᠰᠡᠵᠢᠭᠳᠡᠢ ᠢᠯᠡᠷᠡᠯ ᠨᠢ ᠰᠢᠯᠦᠰᠦ ᠪᠠᠨ ᠭᠤᠭᠤᠵᠢᠭᠤᠯᠬᠤ ︵ᠣᠨᠴᠠᠭᠠᠶᠢᠯᠠᠨ ᠦᠭᠡᠷ︶᠂ ᠵᠠᠩ ᠠᠭᠠᠰᠢ ᠨᠢ ᠲᠣᠭᠰᠢᠨ ᠪᠣᠯᠬᠤ᠂ ᠪᠣᠰᠣᠳ ᠮᠠᠯ ᠲᠡᠵᠢᠭᠡᠪᠦᠷᠢ᠂ ᠭᠡᠷᠡᠮ᠂ ᠣᠰᠣᠨ ᠣᠩᠭᠤᠴᠠ ᠵᠡᠷᠭᠡ ᠶᠢ ᠮᠦᠷᠬᠦᠬᠦ᠂ ᠠᠮᠠ ᠪᠠᠨ ᠠᠩᠭᠠᠯᠵᠠᠬᠤ᠂ ᠴᠢᠯᠠᠭᠤ ᠬᠡᠮᠡᠯᠢᠬᠦ᠂ ᠴᠣᠷᠣᠶᠢᠬᠤ ᠪᠣᠶᠣ ᠬᠤᠴᠠᠳᠠᠬᠤ᠂ ᠬᠦᠶᠦᠬᠦ᠂ ᠦᠭᠡᠷ ᠰᠦᠷᠴᠦ ᠮᠦᠭᠡᠷᠡᠬᠦ᠂ ᠢᠳᠡᠭᠡᠨ ᠤ ᠲᠣᠷᠠᠰᠢᠯ ᠮᠠᠭᠤᠳᠠᠬᠤ ᠵᠡᠷᠭᠡ ᠢᠯᠡᠷᠡᠯ ᠭᠠᠷᠣᠨ᠎ᠠ᠃ ᠮᠣᠣᠷ ᠨᠣᠬᠠᠢ ᠢᠳᠡᠰᠢᠨ ᠲᠣᠷᠠᠰᠢᠯ ᠨᠢ ᠮᠠᠭᠤᠳᠠᠵᠣ᠂ ᠣᠰᠣᠨ ᠠᠴᠠ ᠠᠶᠣᠬᠤ᠂ ᠬᠡᠨᠡᠳᠳᠡ ᠦᠰᠦᠷᠦᠨ ᠬᠦᠮᠦᠨ ᠢ ᠲᠠᠭᠠᠷᠢᠬᠤ ᠵᠡᠷᠭᠡ ᠢᠯᠡᠷᠡᠯ ᠭᠠᠷᠳᠠᠭ᠃     ᠬᠤᠶᠠᠷ᠂ ᠮᠠᠯ ᠲᠡᠵᠢᠭᠡᠪᠦᠷᠢ ᠭᠠᠯᠵᠠᠭᠤ ᠡᠪᠡᠳᠴᠢᠨ ᠤ ᠰᠡᠵᠢᠭᠳᠡᠢ ᠢᠯᠡᠷᠡᠯ ᠢᠯᠡᠷᠡᠪᠡᠯ᠂ ᠲᠦᠷᠭᠡᠭᠡᠨ ᠲᠣᠰᠠᠭᠠᠷᠯᠠᠨ᠂ ᠰᠣᠮᠣ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡᠨ ᠳᠤ ᠮᠡᠳᠡᠬᠦᠯᠬᠦ ᠬᠡᠷᠡᠭᠳᠡᠢ᠃ ᠡᠬᠦᠨ ᠤ ᠬᠠᠮᠳᠣ ᠮᠠᠯᠴᠢᠳ ᠬᠤᠪᠢ ᠶᠢᠨ ᠮᠠᠯ ᠡᠮᠨᠡᠯᠭᠡ ᠶᠢᠨ ᠦᠷᠳᠡᠭᠡᠨ ᠳᠤ ᠮᠡᠳᠡᠬᠦᠯᠬᠦ ᠬᠡᠷᠡᠭᠳᠡᠢ᠃ ᠡᠬᠦᠨ ᠤ ᠬᠠᠮᠳᠣ ᠮᠠᠯᠴᠢᠳ ᠬᠤᠪᠢ ᠪᠡᠶ᠎ᠡ ᠶᠢᠨ ᠬᠠᠮᠠᠭᠠᠯᠠᠯᠳᠠ ᠶᠢ ᠰᠠᠶᠢᠳᠣᠷ ᠬᠢᠵᠦ᠂ ᠮᠠᠯ ᠲᠡᠵᠢᠭᠡᠪᠦᠷᠢ ᠲᠠᠢ ᠣᠶᠢᠷᠠᠳᠬᠤ ᠳᠠᠭᠠᠨ ᠭᠤᠮ ᠪᠡᠭᠡᠯᠢ ᠵᠡᠬᠦᠵᠦ᠂ ᠮᠠᠯ ᠤᠨ ᠰᠢᠯᠣᠰᠣ ᠪᠡᠶ᠎ᠡ ᠳᠤ ᠬᠦᠷᠬᠦ ᠠᠴᠠ ᠰᠡᠷᠬᠡᠶᠢᠯᠡᠵᠦ᠂ ᠬᠡᠷᠪᠡ ᠬᠤᠪᠴᠠᠰᠣ ᠬᠤᠨᠠᠷ ᠲᠤ ᠮᠠᠯ ᠤᠨ ᠰᠢᠯᠣᠰᠣ ᠬᠦᠷᠪᠡᠯ᠂ ᠠᠷᠢᠭᠤᠳᠬᠠᠯ ᠤᠨ ᠰᠢᠩᠭᠡᠨ ᠢᠶᠠᠷ ᠰᠠᠶᠢᠳᠣᠷ ᠣᠬᠢᠶᠠᠵᠣ ᠠᠷᠢᠭᠤᠳᠬᠠᠬᠤ ᠬᠡᠷᠡᠭᠳᠡᠢ᠃     ᠭᠤᠷᠪᠠ᠂ ᠭᠠᠯᠵᠠᠭᠤ ᠡᠪᠡᠳᠴᠢᠨ ᠠᠴᠠ ᠪᠣᠯᠵᠣ ᠦᠬᠦᠭᠰᠡᠨ ᠰᠡᠵᠢᠭᠳᠡᠢ ᠮᠠᠯ ᠤᠨ ᠮᠢᠬ᠎ᠠ ᠶᠢ ᠢᠳᠡᠵᠦ ᠪᠣᠯᠬᠤ ᠦᠭᠡᠢ᠃ ᠮᠢᠬ᠎ᠠ ᠪᠠᠷ ᠨᠢ ᠨᠣᠬᠠᠢ ᠵᠡᠷᠭᠡ ᠠᠮᠢᠳᠠᠨ ᠢ ᠲᠡᠵᠢᠬᠡᠵᠦ ᠪᠣᠯᠬᠤ ᠦᠭᠡᠢ᠂ ᠨᠣᠬᠠᠢ ᠵᠡᠷᠭᠡ ᠠᠮᠢᠳᠠᠨ ᠮᠢᠬ᠎ᠠ ᠶᠢ ᠎ ᠨᠢ ᠢᠳᠡᠬᠦ ᠠᠴᠠ ᠰᠡᠷᠬᠡᠶᠢᠯᠡᠬᠦ ᠬᠡᠷᠡᠭᠳᠡᠢ᠃ ᠦᠨᠡᠭᠡ᠂ ᠬᠢᠷᠰᠠ᠂ ᠮᠠᠩᠬᠢᠰᠣ᠂ ᠬᠡᠳᠡᠷ ᠬᠦᠷᠡᠩ᠂ ᠲᠠᠣᠯᠠᠢ ᠵᠡᠷᠭᠡ ᠬᠡᠬᠡᠷ᠎ᠡ ᠶᠢᠨ ᠠᠮᠢᠳᠠᠨ ᠭᠡᠷ ᠲᠤ ᠣᠷᠣᠬᠤ᠂ ᠬᠦᠮᠦᠨ ᠮᠠᠯ ᠲᠠᠢ ᠣᠶᠢᠷᠠᠳᠬᠤ ᠠᠴᠠ ᠬᠢᠴᠢᠶᠡᠬᠦ ᠬᠡᠷᠡᠭᠳᠡᠢ᠂ ᠬᠡᠷᠪᠡ ᠬᠡᠬᠡᠷ᠎ᠡ ᠭᠠᠳᠠᠨ᠎ᠠ ᠪᠣᠶᠣ ᠭᠡᠷ ᠤᠨ ᠭᠠᠳᠠᠨ᠎ᠠ ᠦᠬᠦᠭᠰᠡᠨ ᠪᠠᠶᠢᠪᠠᠯ᠂ ᠭᠤᠮ ᠪᠡᠭᠡᠯᠢ ᠵᠡᠬᠦᠵᠦ᠂ ᠬᠦᠷᠵᠡ ᠪᠠᠷ ᠡᠯᠬᠦᠨ ᠠᠪᠴᠣ᠂ ᠰᠢᠳᠠᠭᠠᠵᠣ ᠪᠠᠷᠠᠭᠠᠳ ᠨᠦᠬᠡ ᠮᠠᠯᠳᠠᠨ ᠬᠦᠨ ᠪᠣᠯᠠᠨ᠎ᠠ᠃    ᠲᠦᠷᠪᠡ᠂ ᠦᠭᠡᠷ᠂ ᠲᠡᠮᠡᠭᠡ ᠵᠡᠷᠭᠡ ᠲᠡᠵᠢᠭᠡᠪᠦᠷᠢ ᠭᠠᠯᠵᠠᠭᠤ ᠡᠪᠡᠳᠴᠢᠨ ᠳᠤ ᠨᠡᠷᠪᠡᠭᠳᠡᠪᠡᠯ᠂ ᠲᠠᠷᠣᠢ ᠲᠦᠷᠭᠡᠨ ᠰᠣᠮᠣ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡᠨ ᠳᠤ ᠮᠡᠳᠡᠬᠦᠯᠵᠦ᠂ ᠲᠣᠰᠬᠠᠢ ᠠᠷᠭ᠎ᠠ ᠪᠠᠷᠢᠯ ᠢᠶᠠᠷ ᠰᠢᠢᠳᠪᠦᠷᠢᠯᠡᠵᠦ᠂ ᠬᠤᠪᠢ ᠪᠡᠶ᠎ᠡ ᠶᠢᠨ ᠠᠮᠣᠷ ᠲᠦᠪᠰᠢᠨ ᠢ ᠠᠩᠬᠠᠷᠬᠤ ᠬᠡᠷᠡᠭᠳᠡᠢ᠃   ᠡᠯ᠎ᠡ ᠰᠣᠮᠣ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡᠨ ᠤ ᠬᠠᠷᠢᠴᠠᠬᠤ ᠬᠦᠮᠦᠨ ᠬᠢᠭᠡᠳ ᠬᠠᠷᠢᠯᠴᠠᠬᠤ ᠣᠳᠠᠰᠣ      ᠪᠡᠯᠬᠦᠳᠡᠢ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡ᠄ ᠲᠡᠭᠰᠢᠪᠠᠶᠠᠷ 13947393669      ᠴᠠᠭᠠᠨᠨᠠᠭᠤᠷ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡ᠄ ᠬᠤᠩ ᠸᠧᠢ 13614798664      ᠬᠤᠩᠭᠤᠷᠭᠤᠣᠯ ᠪᠠᠯᠭᠠᠰᠣᠨ ᠤ ᠮᠠᠯ ᠡᠮᠨᠡᠯᠭᠡ ᠶᠢᠨ ᠦᠷᠳᠡᠭᠡ᠄  ᠲᠦᠪᠰᠢᠨᠵᠢᠷᠭᠠᠯ                 13947949494      ᠶᠠᠭᠡᠭᠤᠣᠯ ᠰᠣᠮᠣᠨ ᠤ ᠮᠠᠯ ᠡᠮᠨᠡᠯᠭᠡ ᠶᠢᠨ ᠦᠷᠳᠡᠭᠡ᠄ ᠲᠠᠰᠢᠳᠣᠷᠵᠢ 15947098679      ᠪᠠᠶᠠᠨᠳᠤᠭ ᠰᠣᠮᠣᠨ ᠤ ᠮᠠᠯ ᠡᠮᠨᠡᠯᠭᠡ ᠶᠢᠨ ᠦᠷᠳᠡᠭᠡ᠄ ᠬᠠᠰᠪᠠᠭᠠᠨ᠎ᠠ 13947967825      ᠵᠢᠷᠭᠠᠯᠠᠩᠳᠣ ᠰᠣᠮᠣᠨ ᠤ ᠮᠠᠯ ᠡᠮᠨᠡᠯᠭᠡ ᠶᠢᠨ ᠦᠷᠳᠡᠭᠡ᠄ ᠵᠠᠩ ᠵᠢᠶᠠᠨ ᠴᠢᠶᠠᠩ                    13947923999      ᠨᠠᠷᠠᠨᠪᠣᠯᠠᠭ ᠰᠣᠮᠣᠨ ᠤ ᠮᠠᠯ ᠡᠮᠨᠡᠯᠭᠡ ᠶᠢᠨ ᠦᠷᠳᠡᠭᠡ᠄ ᠡᠷᠳᠡᠨᠢᠪᠣᠯᠠᠭ 13614798751            ᠠᠪᠠᠭ᠎ᠠ ᠬᠤᠰᠢᠭᠤᠨ ᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠎ ᠤᠨ ᠲᠣᠪᠴᠢᠶ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号