ᠳᠡᠯᠡᠬᠡᠢ ᠶᠢᠨ ᠨᠣᠮ ᠤᠩᠰᠢᠬᠤ ᠡᠳᠦᠷ ᠤᠨ ᠢᠷᠡᠯᠲᠡ
ᠨᠡᠶᠢᠲᠡᠯᠡᠭᠰᠡᠨ ᠴᠠᠭ᠄
2020/4/23
4 ᠰᠠᠷ᠎ᠠ ᠶᠢᠨ 23 ᠤ ᠡᠳᠦᠷ ᠢ ︽ᠳᠡᠯᠡᠬᠡᠢ ᠶᠢᠨ ᠨᠣᠮ ᠣᠩᠰᠢᠬᠤ ᠡᠳᠦᠷ︾ ᠭᠡᠳᠡᠭ ᠪᠠᠶᠢᠵᠤ᠂ ᠦᠨᠡᠨ ᠳᠡᠭᠡᠨ ᠲᠡᠭᠦᠨ ᠤ ᠨᠡᠷᠡᠶᠢᠳᠦᠯ ᠨᠢ ︽ᠳᠡᠯᠡᠬᠡᠢ ᠶᠢᠨ ᠨᠣᠮ ᠪᠢᠴᠢᠭ ᠪᠣᠯᠣᠨ ᠬᠡᠪᠯᠡᠯ ᠤᠨ ᠡᠷᠬᠡ ᠶᠢᠨ ᠡᠳᠦᠷ︾ ᠪᠣᠯᠣᠨ᠎ᠠ᠂ ᠪᠠᠰᠠ ︽ᠳᠡᠯᠡᠬᠡᠢ ᠶᠢᠨ ᠨᠣᠮ ᠪᠢᠴᠢᠭ ᠤᠨ ᠡᠳᠦᠷ︾ ᠭᠡᠳᠡᠭ᠃ ᠡᠨᠡ ᠡᠳᠦᠷ ᠨᠢ ᠪᠠᠰᠠ ᠢᠰᠫᠠᠨᠢ ᠶᠢᠨ ᠠᠯᠳᠠᠷᠳᠤ ᠵᠤᠬᠢᠶᠠᠯᠴᠢ ᠰᠧᠷᠧᠨᠡᠲ᠋ᠧᠰ ᠰᠠᠸᠧᠳ᠋ᠷᠠ᠂ ᠮᠢᠭᠧᠯ ᠳ᠋ᠧ ᠶᠢᠨ ᠨᠠᠰᠤ ᠪᠠᠷᠠᠭᠰᠠᠨ ᠡᠳᠦᠷ ᠪᠠ ᠠᠩᠭ᠍ᠯᠢ ᠶᠢᠨ ᠠᠯᠳᠠᠷᠳᠤ ᠵᠤᠬᠢᠶᠠᠯᠴᠢ ᠱᠧᠺᠠᠰᠫᠢᠶᠧᠷ ᠤᠨ ᠲᠦᠷᠦᠭᠰᠡᠨ ᠡᠳᠦᠷ ᠵᠢᠴᠢ ᠨᠠᠰᠤ ᠪᠠᠷᠠᠭᠰᠠᠨ ᠡᠳᠦᠷ ᠪᠣᠯᠣᠨ᠎ᠠ᠂ ᠮᠦᠨᠴᠦ ᠠᠮᠧᠷᠢᠺᠠ ᠶᠢᠨ ᠵᠤᠬᠢᠶᠠᠯᠴᠢ ᠨᠠᠪᠤᠺᠧᠹᠦ᠋᠂ ᠹᠷᠠᠨᠽᠢ ᠶᠢᠨ ᠵᠤᠬᠢᠶᠠᠯᠴᠢ ᠮᠤᠷᠢᠰ᠂ ᠳ᠋ᠧᠷᠣᠨ ᠪᠠ ᠨᠤᠫᠧᠯ ᠤᠨ ᠤᠳᠬ᠎ᠠ ᠵᠤᠬᠢᠶᠠᠯ ᠤᠨ ᠱᠠᠩᠨᠠᠯ ᠭᠠᠷᠳᠠᠭᠴᠢ ᠠᠶᠢᠰᠯᠠᠨᠳ᠋ ᠵᠡᠷᠭᠡ ᠤᠳᠬ᠎ᠠ ᠵᠤᠬᠢᠶᠠᠯᠴᠢᠳ ᠤᠨ ᠲᠦᠷᠦᠭᠰᠡᠨ ᠡᠳᠦᠷ ᠶᠤᠮ᠃
     1995 ᠣᠨ ᠳᠤ ᠣᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠲᠠ ᠠᠴᠠ ᠵᠢᠯ ᠪᠦᠷᠢ ᠶᠢᠨ 4 ᠰᠠᠷ᠎ᠠ ᠶᠢᠨ 23 ᠤ ᠡᠳᠦᠷ ᠢ ︽ᠳᠡᠯᠡᠬᠡᠢ ᠶᠢᠨ ᠨᠣᠮ ᠪᠢᠴᠢᠭ ᠪᠣᠯᠣᠨ ᠬᠡᠪᠯᠡᠯ ᠤᠨ ᠡᠷᠬᠡ ᠶᠢᠨ ᠡᠳᠦᠷ︾ ᠢᠶᠠᠷ ᠲᠤᠭᠲᠠᠭᠠᠨ᠂ ᠨᠡᠩ ᠤᠯᠠᠨ ᠬᠦᠮᠦᠰ ᠤᠨ ᠨᠣᠮ ᠣᠩᠰᠢᠬᠤ ᠪᠠ ᠵᠤᠬᠢᠶᠠᠨ ᠪᠦᠳᠦᠭᠡᠬᠦ ᠶᠢ ᠵᠤᠷᠢᠭᠵᠢᠭᠤᠯᠬᠤ ᠶᠢᠨ ᠬᠠᠮᠳᠤ ᠬᠦᠮᠦᠨ ᠲᠦᠷᠦᠯᠬᠢᠲᠡᠨ ᠤ ᠨᠠᠶᠢᠭᠡᠮ ᠪᠣᠯᠣᠨ ᠰᠤᠶᠤᠯ ᠤᠨ ᠬᠦᠭᠵᠢᠯᠲᠡ ᠳᠠᠪᠰᠢᠯᠲᠠ ᠳᠤ ᠭᠠᠷᠮᠠᠭᠠᠢ ᠵᠢᠳᠭᠦᠯ ᠦᠵᠡᠭᠦᠯᠦᠭᠰᠡᠨ ᠲᠡᠳᠡᠭᠡᠷ ᠠᠭᠤᠤ ᠬᠦᠮᠦᠰ ᠢᠶᠠᠨ ᠮᠦᠩᠬᠡᠯᠡᠨ ᠲᠤᠷᠠᠰᠬᠠᠬᠤ ᠶᠢ ᠵᠤᠷᠢᠭᠰᠠᠨ ᠶᠤᠮ᠃
 
ᠢᠷᠡᠯᠲᠡ᠄ ᠴᠢᠩᠬᠢᠰ ᠬᠠᠭᠠᠨ ᠰᠦᠯᠵᠢᠶ᠎ᠡ ᠦᠪᠤᠷ ᠮᠤᠩᠭᠤᠯ ᠤᠨ ᠡᠳᠦᠷ ᠤᠨ ᠰᠣᠨᠢᠨ ᠤ ᠮᠤᠩᠭᠤᠯ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号