ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖
ᠨᠡᠶᠢᠲᠡᠯᠡᠭᠰᠡᠨ ᠴᠠᠭ᠄
2020-04-24
     ᠠᠰᠠᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖              ᠬᠠᠷᠢᠭᠤᠯᠲᠠ᠄ ⒈ᠪᠠᠶᠢᠭᠤᠯᠭ᠎ᠠ ᠨᠢᠭᠡᠴᠢ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠯᠠᠨ ᠨᠡᠶᠢᠲᠡ ᠶᠢᠨ ᠲᠠᠯᠠᠪᠤᠷ ᠵᠡᠷᠭᠡ ᠶᠢᠨ ᠠᠷᠢᠭᠤᠳᠬᠠᠬᠤ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠠᠷᠢᠭᠤᠳᠬᠠᠬᠤ ᠦᠶ᠋ᠯᠡᠳᠬᠦᠨ ᠤ ᠲᠣᠳᠣᠷᠬᠠᠶᠢᠯᠠᠯᠲᠠ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠷᠢᠭᠤᠳᠬᠠᠬᠤ ᠡᠳ᠋ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠵᠦ᠂ ᠠᠷᠢᠭᠤᠳᠬᠠᠬᠤ ᠡᠳ᠋ ᠢ ᠳᠤᠷ᠎ᠠ ᠪᠠᠷ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠃  
     
     ⒉ ᠠᠷᠢᠭᠤᠳᠬᠠᠬᠤ ᠦᠢᠯᠡᠳᠬᠦᠨ ᠢ ᠵᠦᠪᠬᠡᠨ ᠳᠤᠲᠤᠷᠬᠠᠢᠢᠯᠠᠯᠲᠠ ᠳᠤ ᠢᠯᠡᠷᠭᠡᠶᠢᠯᠡᠭᠰᠡᠨ ᠵᠦᠢᠯ ᠳᠤ ᠬᠡᠷᠡᠭᠯᠡᠵᠦ᠂ ᠡᠨᠡ ᠬᠦ  ᠬᠦᠷᠢᠶ᠎ᠡ ᠬᠡᠪᠴᠢᠶᠡᠨ ᠠᠴᠠ ᠳᠠᠪᠠᠨ ᠬᠡᠷᠡᠭᠯᠡᠵᠦ ᠪᠤᠯᠬᠤ ᠦᠬᠡᠢ᠃              ⒊ ᠠᠷᠢᠭᠤᠳᠬᠠᠬᠤ ᠡᠳ᠋ ᠪᠤᠯᠭᠠᠨ ᠢ ᠵᠠᠪᠠᠯ ᠲᠤᠰᠠᠭᠠᠷ ᠬᠡᠷᠡᠭᠯᠡᠬᠦ  ᠴᠢᠬᠤᠯᠠᠲᠠᠢ  ᠪᠠᠶᠢᠵᠦ  ᠂ ᠠᠳᠠᠯᠢ ᠪᠤᠰᠤ ᠲᠦᠷᠦᠯ ᠵᠦᠢᠯ ᠤᠨ ᠠᠷᠢᠭᠤᠳᠬᠠᠬᠤ ᠡᠳ᠋ ᠢ ᠬᠤᠯᠢᠵᠦ ᠬᠡᠷᠡᠭᠯᠡᠵᠦ ᠪᠤᠯᠬᠤ ᠦᠬᠡᠢ᠃              ⒋ᠲᠤᠳᠤᠷᠬᠠᠢᠢᠯᠠᠯᠲᠠ ᠳᠠᠬᠢ ᠦᠳᠭᠡᠴᠡ ᠶᠢᠨ ᠬᠡᠮᠵᠢᠶ᠎ᠡ ᠶᠤᠰᠤᠭᠠᠷ ᠠᠷᠢᠭᠤᠳᠬᠠᠬᠤ ᠡᠳ᠋ ᠢ ᠨᠠᠶᠢᠷᠠᠭᠤᠯᠵᠦ᠂ ᠲᠤᠳᠤᠷᠬᠠᠢᠢᠯᠠᠯᠲᠠ ᠶᠢᠨ ᠬᠠᠮᠤᠭ ᠤᠬᠤᠷ ᠬᠢᠵᠠᠭᠠᠷ ᠤᠨ ᠠᠷᠢᠭᠤᠳᠬᠠᠬᠤ ᠴᠠᠭ ᠬᠤᠭᠤᠴᠠᠭ᠎ᠠ ᠶᠢ ᠪᠠᠲᠤᠯᠠᠬᠤ ᠬᠡᠷᠡᠭᠲᠡᠢ ᠃              ⒌ ᠬᠥᠮᠦᠨ ᠤ ᠪᠡᠶ᠎ᠡ ᠶᠢᠨ ᠠᠷᠠᠰᠤᠨ ᠤ ᠠᠷᠢᠭᠤᠳᠬᠠᠯ ᠭᠡᠳᠡᠭ ᠨᠢ ᠭᠤᠣᠯᠳᠠᠭᠤ ᠭᠠᠷ ᠤᠨ ᠬᠡᠰᠡᠭ ᠵᠡᠷᠭᠡ ᠢᠯᠡ ᠭᠠᠵᠠᠷ ᠢ ᠵᠢᠭᠠᠵᠦ ᠪᠠᠶᠢᠳᠠᠭ ᠠᠴᠠ ᠪᠦᠬᠦ ᠪᠡᠶ᠎ᠡ ᠶᠢᠨ ᠠᠷᠢᠭᠤᠳᠬᠠᠯ ᠬᠢᠬᠦ ᠴᠢᠬᠤᠯᠠ ᠦᠭᠡᠶ᠃ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠬᠠᠮᠤᠭ ᠰᠠᠶᠢᠨ ᠨᠢ ᠵᠠᠬ᠎ᠠ ᠳᠡᠯᠭᠡᠭᠦᠷ ᠲᠤ ᠪᠣᠷᠣᠯᠠᠭᠤᠯᠵᠦ ᠪᠠᠶᠢᠭ᠎ᠠ ᠦᠢᠯᠡᠳᠬᠦᠨ ᠢ ᠰᠣᠩᠭᠤᠵᠤ ᠬᠡᠷᠡᠭᠯᠡᠨ᠎ᠡ᠃ ᠵᠢᠱᠢᠶᠡᠯᠡᠪᠡᠯ 75% ᠰᠫᠢᠷᠲ᠂ ᠬᠡᠲᠦ ᠢᠰᠦᠯᠳᠦ ᠤᠰᠤᠲᠥ᠋ᠷᠥᠭᠴᠢᠲᠦ ᠠᠷᠢᠭᠤᠳᠬᠠᠬᠤ ᠰᠢᠩᠭᠡᠨ ᠵᠡᠷᠭᠡ ᠶᠢ ᠬᠡᠷᠡᠭᠯᠡᠨ᠎ᠡ  ᠃ ᠥᠪᠡᠷ ᠢᠶᠠᠨ ᠠᠷᠢᠭᠤᠳᠬᠠᠬᠤ ᠰᠢᠩᠭᠡᠨ ᠨᠠᠶᠢᠷᠠᠭᠤᠯᠵᠦ ᠠᠷᠠᠰᠤᠨ ᠤ ᠠᠷᠢᠭᠤᠳᠬᠠᠯ ᠬᠢᠵᠦ ᠪᠤᠯᠬᠤ ᠦᠬᠡᠢ᠃    
   
     ⒍ ᠭᠡᠷ ᠪᠦᠯᠢ ᠶᠢᠨ ᠬᠢᠨ ᠠᠷᠢᠭᠤᠳᠬᠠᠬᠤ ᠡᠳ᠋ ᠢ ᠠᠮᠤᠷ ᠲᠦᠪᠰᠢᠨ ᠢᠶᠠᠷ ᠬᠠᠳᠠᠭᠠᠯᠠᠬᠤ ᠬᠡᠷᠡᠭᠲᠡᠢ᠃ ᠤᠮᠳᠠᠭᠠᠨ ᠤ ᠯᠣᠩᠬᠤᠨ ᠳᠤ ᠠᠷᠢᠭᠤᠳᠬᠠᠬᠤ ᠰᠢᠩᠭᠡᠨ ᠢ ᠰᠠᠪᠠᠯᠠᠵᠤ ᠪᠣᠯᠬᠤ ᠦᠭᠡᠢ᠂ ᠠᠷᠢᠭᠤᠳᠬᠠᠬᠤ ᠡᠳ᠋ ᠢ ᠬᠡᠦᠬᠡᠳ ᠬᠦᠷᠦᠯᠴᠡᠵᠦ  ᠲᠡᠶᠢᠯᠬᠦ ᠦᠬᠡᠢ ᠰᠡᠷᠢᠭᠦᠨ ᠭᠠᠵᠠᠷ ᠲᠤ ᠲᠠᠯᠪᠢᠬᠤ ᠬᠡᠷᠡᠭᠲᠡᠢ᠃             ⒎ᠣᠨᠴᠠᠭᠠᠢ ᠣᠷᠴᠢᠨ ᠳᠤ ᠥᠨᠳᠥᠷ ᠥᠳᠬᠡᠴᠡ ᠲᠠᠢ ᠠᠷᠢᠭᠤᠳᠬᠠᠬᠤ ᠡᠮ ᠢ ᠨᠠᠶᠢᠷᠠᠭᠤᠯᠬᠤ ᠪᠠ ᠬᠡᠷᠡᠭᠯᠡᠬᠦ ᠡᠰᠡᠬᠦᠯ᠎ᠡ ᠤᠷᠲᠤ ᠬᠤᠭᠤᠴᠠᠭ᠎ᠠ ᠪᠠᠷ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠡᠷᠬᠡᠪᠰᠢ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠬᠦᠬᠦ ᠬᠡᠷᠡᠭᠲᠡᠢ᠃ ᠵᠢᠱᠢᠶᠡᠯᠡᠪᠡᠯ ᠬᠤᠣᠷ ᠠᠴᠠ ᠬᠠᠮᠠᠭᠠᠯᠠᠬᠤ ᠪᠠᠭ ︵ᠠᠮᠠᠪᠴᠢ  ᠪᠢᠰᠢ︶᠂ ᠬᠠᠮᠠᠭᠠᠯᠠᠯᠳᠠ ᠶᠢᠨ ᠪᠡᠭᠡᠯᠡᠢ ︵ᠰᠦᠨ‌‍ᠴᠠᠪᠠᠤ ᠪᠤᠶᠤ ᠭᠤᠮ ᠪᠡᠭᠡᠯᠡᠢ ᠬᠡᠷᠡᠭᠯᠡᠨ᠎ᠡ᠂ ᠬᠥᠪᠥᠩ ᠪᠦᠰ ᠪᠤᠶᠤ ᠬᠥᠪᠥᠩ ᠤᠲᠠᠰᠤᠨ ᠪᠡᠭᠡᠯᠡᠢ ᠬᠡᠷᠡᠭᠯᠡᠵᠦ ᠪᠣᠯᠬᠤ ᠦᠭᠡᠢ︶᠃ ᠲᠣᠬᠢᠷᠠᠮᠵᠢᠲᠠᠶ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠭᠦᠭᠰᠡᠨ ᠦᠭᠡᠢ ᠪᠠᠶᠢᠪᠠᠯ᠂ ᠪᠢᠲᠡᠭᠦᠮᠵᠢᠯᠡᠭᠰᠡᠨ ᠣᠷᠣᠨ ᠵᠠᠶ ᠳᠣᠲᠣᠷ᠎ᠠ ᠠᠷᠢᠭᠤᠳᠬᠠᠬᠤ ᠡᠳ᠋ ᠢ ᠨᠠᠶᠢᠷᠠᠭᠤᠯᠬᠤ ᠪᠠ ᠬᠡᠷᠡᠭᠯᠡᠵᠦ ᠪᠣᠯᠬᠤ ᠦᠭᠡᠢ᠃  
     
     ᠠᠰᠠᠭᠤᠯᠲᠠ᠄ ᠪᠠᠶᠢᠩᠭᠤ ᠲᠣᠬᠢᠶᠠᠯᠳᠤᠳᠠᠭ ᠠᠷᠢᠭᠤᠳᠬᠠᠬᠤ ᠡᠳ᠋ ᠠᠴᠠ ᠪᠣᠯᠵᠤ ᠬᠤᠣᠷᠳᠠᠭᠳᠠᠭᠰᠠᠨ ᠤ ᠳᠠᠷᠠᠭ᠎ᠠ ᠬᠡᠷᠬᠢᠨ ᠰᠢᠢᠳᠪᠦᠷᠢᠯᠡᠬᠦ ᠪᠣᠢ︖              ᠬᠠᠷᠢᠭᠤᠯᠲᠠ᠄ ⒈ᠠᠮᠢᠰᠬᠤᠯ ᠤᠨ ᠵᠠᠮ ᠬᠦᠷᠦᠯᠴᠡᠭᠰᠡᠳ ᠬᠤᠣᠷᠳᠠᠭᠳᠠᠭᠰᠠᠨ ᠣᠷᠴᠢᠨ ᠲᠣᠭᠤᠷᠢᠨ ᠠᠴᠠ ᠳᠠᠷᠦ᠋ᠢᠬᠠᠨ ᠵᠠᠶᠢᠯᠠᠵᠦ᠂ ᠰᠢᠨ᠎ᠡ ᠰᠣᠷᠭᠤᠭ ᠠᠭᠠᠷ ᠤᠨ ᠤᠷᠴᠢᠨ ᠳᠤ ᠤᠴᠢᠬᠤ ᠬᠡᠷᠡᠭᠲᠡᠢ᠃              ⒉ ᠠᠷᠠᠰᠤᠨ ᠤ ᠰᠠᠯᠢᠰᠤᠲᠤ ᠪᠦᠷᠬᠦᠪᠴᠢ ︵ᠨᠢᠳᠦ ᠪᠠᠭᠲᠠᠨ᠎ᠠ︶ ᠬᠦᠷᠦᠯᠴᠡᠭᠰᠡᠳ᠂ ᠳᠠᠷᠦ᠋ᠢᠬᠠᠨ ᠶᠡᠭᠡ ᠬᠡᠮᠵᠢᠶᠡᠨ ᠤ ᠤᠷᠤᠰᠤᠮᠠᠯ ᠴᠡᠪᠡᠷ ᠤᠰᠤ ᠪᠠᠷ 10 ᠮᠢᠨᠦ᠋ᠲ ᠠᠴᠠ ᠳᠡᠭᠡᠭᠰᠢ ᠳᠠᠬᠢᠨ ᠳᠠᠪᠲᠠᠨ ᠤᠬᠢᠶᠠᠬᠤ ᠬᠡᠷᠡᠭᠲᠡᠢ᠃      ⒊ ᠤᠤᠭᠤᠵᠦ ᠬᠦᠷᠦᠯᠴᠡᠭᠰᠡᠳ ᠠᠴᠠ ᠦᠨᠢᠶᠡᠨ ᠰᠦ᠂ ᠰᠢᠩᠭᠡᠨ  ᠪᠤᠳᠠᠭ᠎ᠠ  ᠵᠡᠷᠭᠡ ᠶᠢ  ᠤᠤᠭᠤᠵᠤ  ᠬᠤᠳᠣᠭᠤᠳᠣ ᠭᠡᠳᠡᠰᠦᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠬᠤ ᠬᠡᠷᠡᠭᠲᠡᠢ᠃              ⒋ ᠬᠡᠷᠪᠡ ᠡᠪᠡᠳᠴᠢᠲᠡᠨ ᠤ ᠬᠦᠷᠦᠯᠴᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ ᠡᠪᠡᠳᠴᠢᠨ ᠤ ᠰᠢᠨᠵᠢ ᠲᠡᠮᠳᠡᠭ ᠨᠢ ᠦᠷᠭᠦᠯᠵᠢᠯᠡᠨ ᠰᠠᠶᠢᠵᠢᠷᠠᠭᠰᠠᠨ ᠦᠭᠡᠢ ᠪᠣᠯ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号