ᠬᠠᠤᠯᠢ ᠪᠤᠰᠤ ᠪᠡᠯᠡ ᠬᠤᠷᠠᠮᠳᠤᠭᠤᠯᠭ᠎ᠠ ᠶᠢ ᠲᠡᠪᠴᠢᠨ ᠦᠨᠳᠦᠷ ᠬᠦᠦ ᠮᠦᠩᠭᠦ ᠶᠢᠨ ᠥᠳᠦᠭᠡᠯᠭᠡ ᠠᠴᠠ ᠰᠡᠷᠡᠮᠵᠢᠯᠡᠶ᠎ᠡ
ᠨᠡᠶᠢᠲᠡᠯᠡᠭᠰᠡᠨ ᠴᠠᠭ᠄
2020/4/28
       ︽ᠠᠷᠠᠳ ᠤᠨ ᠳᠡᠭᠡᠲᠦ ᠰᠢᠭᠦᠭᠦ ᠬᠤᠷᠢᠶᠠᠨ ᠠᠴᠠ ᠬᠠᠤᠯᠢ ᠪᠣᠰᠤ ᠪᠠᠷ ᠪᠡᠯᠡ ᠮᠦᠩᠭᠦ ᠬᠤᠷᠠᠮᠳᠤᠭᠤᠯᠤᠭᠰᠠᠨ ᠡᠷᠡᠭᠦᠦ ᠶᠢᠨ ᠬᠡᠷᠡᠭ ᠤᠨ ᠵᠢᠱᠢᠶ᠎ᠡ ᠳᠤ ᠪᠤᠳᠠᠳᠠᠢ ᠬᠡᠷᠡᠭᠯᠡᠭᠰᠡᠨ ᠠᠰᠠᠭᠤᠳᠠᠯ ᠤᠨ ᠲᠤᠬᠠᠢ ᠲᠠᠶᠢᠯᠪᠣᠷᠢ︾᠎ ᠶᠢ ᠦᠨᠳᠦᠰᠦᠯᠡᠪᠡᠯ᠂ ᠬᠠᠤᠯᠢ ᠪᠣᠰᠤ ᠪᠠᠷ ᠪᠡᠯᠡ ᠮᠦᠩᠭᠦ ᠬᠤᠷᠠᠮᠳᠤᠭᠤᠯᠬᠤ ᠪᠣᠯ ᠤᠯᠤᠰ ᠤᠨ ᠮᠦᠩᠭᠦᠨ ᠬᠦᠢᠯᠭᠡᠭᠡᠨ ᠤ ᠬᠠᠮᠢᠶᠠᠷᠤᠯᠲᠠ ᠶᠢᠨ ᠬᠠᠤᠯᠢ ᠲᠥᠷᠢᠮ ᠢ ᠵᠦᠷᠢᠴᠡᠭᠰᠡᠳ ᠨᠡᠶᠢᠭᠡᠮ ᠤᠨ ᠣᠯᠠᠨ ᠨᠡᠶᠢᠲᠡ ︵ᠪᠠᠶᠢᠭᠤᠯᠭ᠎ᠠ ᠪᠤᠶᠤ ᠬᠤᠪᠢ ᠬᠦᠮᠦᠨ ᠢ ᠪᠠᠭᠲᠠᠭᠠᠨ᠎ᠠ︶᠎ ᠠᠴᠠ ᠪᠡᠯᠡ ᠮᠦᠩᠭᠦ ᠬᠤᠷᠠᠮᠳᠤᠭᠤᠯᠬᠤ ᠠᠵᠢᠯᠯᠠᠭ᠎ᠠ ᠪᠣᠯᠣᠨ᠎ᠠ᠃        ᠨᠢᠭᠡ᠂ ᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ ᠨᠢ ᠲᠤᠤᠷᠠᠬᠢ ᠲᠥᠷᠪᠡᠨ ᠤᠨᠴᠠᠯᠢᠭ ᠰᠢᠨᠵᠢ ᠶᠢ ᠵᠡᠷᠭᠡᠪᠡᠷ ᠪᠦᠷᠢᠯᠳᠦᠭᠦᠯᠦᠭᠰᠡᠨ ᠪᠠᠶᠢᠳᠠᠭ᠃        ⒈ᠬᠠᠤᠯᠢ ᠪᠤᠰᠤ ᠴᠢᠨᠠᠷ       ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠬᠠᠤᠯᠢ ᠶᠤᠰᠤᠨ ᠤ ᠵᠦᠪᠰᠢᠶᠡᠷᠡᠯ ᠦᠭᠡᠢ ᠪᠤᠶᠤ ᠬᠠᠤᠯᠢ ᠲᠥᠷᠢᠮ ᠳᠤ ᠨᠡᠶᠢᠴᠡᠬᠦ ᠡᠵᠡᠩᠨᠡᠯᠲᠡ ᠶᠢᠨ ᠠᠷᠭ᠎ᠠ ᠮᠠᠶ᠋ᠢᠭ ᠢ ᠠᠰᠢᠭᠯᠠᠵᠤ ᠪᠡᠯᠡ ᠮᠦᠩᠭᠦ ᠬᠤᠷᠠᠮᠳᠤᠭᠤᠯᠳᠠᠭ᠃        ⒉ᠢᠯᠡ ᠰᠢᠨᠵᠢ        ᠬᠠᠮ ᠵᠠᠭᠤᠴᠢᠯᠠᠭᠤᠷ᠂ ᠲᠠᠨᠢᠯᠴᠠᠭᠤᠯᠭ᠎ᠠ ᠶᠢᠨ ᠬᠤᠷᠠᠯ᠂ ᠣᠬᠠᠭᠤᠯᠭ᠎ᠠ ᠶᠢᠨ ᠬᠠᠭᠤᠳᠠᠰᠤ᠂ ᠭᠠᠷ ᠣᠲᠠᠰᠤᠨ ᠤ ᠪᠢᠴᠢᠯ ᠮᠡᠳᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠨᠡᠶᠢᠭᠡᠮ ᠨᠡᠶᠢᠲᠡ ᠳᠤ ᠢᠯᠡ ᠪᠠᠷ ᠣᠬᠠᠭᠤᠯᠭ᠎ᠠ ᠬᠢᠳᠡᠭ᠃        ⒊ ᠠᠰᠢᠭ ᠢᠶᠠᠷ ᠥᠳᠦᠭᠡᠬᠦ ᠰᠢᠨᠵᠢ        ᠵᠤᠬᠢᠬᠤ ᠬᠤᠭᠤᠴᠠᠭᠠᠨ ᠤ ᠲᠤᠳᠤᠷ᠎ᠠ᠂ ᠵᠤᠭᠤᠰ᠂ ᠪᠤᠳᠠᠰ᠂ ᠰᠲ᠋ᠤᠺ ᠵᠡᠷᠬᠡ ᠪᠠᠷ ᠡᠬᠡ ᠮᠦᠩᠭᠦ ᠶᠢ ᠪᠤᠴᠠᠭᠠᠬᠤ ᠪᠤᠶᠤ ᠬᠠᠷᠢᠭᠤ ᠣᠯᠭᠤᠬᠤ ᠭᠡᠵᠦ ᠠᠮᠠᠯᠠᠳᠠᠭ᠃        ⒋ᠨᠡᠶᠢᠭᠡᠮᠴᠢ ᠰᠢᠨᠵᠢ        ᠨᠡᠶᠢᠭᠡᠮ ᠤᠨ ᠤᠯᠠᠨ ᠨᠡᠶᠢᠲᠡ ᠲᠠᠷᠤᠢ ᠨᠡᠶᠢᠭᠡᠮ ᠤᠨ ᠠᠳᠠᠯᠢ ᠪᠤᠰᠤ ᠬᠦᠮᠦᠰ ᠠᠴᠠ ᠪᠡᠯᠡ ᠮᠦᠩᠭᠦ ᠬᠤᠷᠠᠮᠳᠤᠭᠤᠯᠳᠠᠭ᠃          ᠬᠤᠶᠡᠷ᠂ ᠬᠠᠤᠯᠢ ᠪᠣᠰᠤ ᠪᠠᠷ ᠪᠡᠯᠡ ᠮᠦᠩᠭᠦ ᠬᠤᠷᠠᠮᠳᠤᠭᠤᠯᠬᠤ ᠶᠢᠨ ᠦᠷᠭᠦᠯᠵᠢ ᠬᠡᠷᠡᠭᠯᠡᠳᠡᠭ ᠠᠷᠭ᠎ᠠ ᠪᠠᠰᠢᠷ       ⒈ᠦᠨᠳᠦᠷ ᠠᠰᠢᠭ ᠣᠷᠣᠯᠭ᠎ᠠ ᠶᠢᠨ ᠠᠮᠠᠯᠠᠯᠲᠠ       ᠦᠷᠭᠦᠯᠵᠢ ︽ᠲᠡᠭᠷᠢ ᠲᠡᠭᠡᠷ᠎ᠡ ᠠᠴᠠ ᠱᠠᠯᠪᠢᠩ ᠪᠠᠭᠤᠬᠤ︾᠂ ︽ ᠨᠢᠭᠡ ᠰᠦᠨᠢ ᠶᠢᠨ ᠬᠤᠭᠤᠷᠤᠨᠳᠤ ᠪᠠᠶᠠᠵᠢᠬᠤ︾ ᠵᠡᠷᠭᠡ ᠬᠡᠢ ᠬᠤᠭᠤᠰᠤᠨ ᠳᠠᠮᠡᠢ ᠪᠠᠯᠠᠢ ᠶᠠᠷᠢᠶ᠎ᠠ ᠵᠤᠬᠢᠶᠠᠵᠤ᠂ ᠪᠡᠯᠡ ᠤᠷᠤᠭᠤᠯᠤᠭᠴᠢ ᠳᠤ ᠦᠨᠳᠦᠷ ᠠᠰᠢᠭ ᠣᠯᠭᠤᠬᠤ ᠦᠭᠶᠦᠭᠡᠳᠦᠯ ᠤᠨ ᠴᠢᠨᠠᠷ ᠲᠠᠢ ᠠᠮᠠᠯᠠᠯᠲᠠ ᠲᠠᠯᠪᠢᠵᠤ ᠬᠠᠭᠤᠷᠤᠨ ᠮᠡᠬᠡᠯᠡᠳᠡᠭ᠃ ᠬᠠᠤᠯᠢ ᠪᠤᠰᠤ ᠪᠠᠷ ᠪᠡᠯᠡ ᠤᠷᠤᠭᠤᠯᠤᠭᠴᠢ ᠨᠢ ᠪᠡᠯᠡ ᠬᠤᠷᠠᠮᠳᠤᠭᠤᠯᠬᠤ ᠡᠬᠢᠨ ᠤ ᠬᠤᠭᠤᠴᠠᠭᠠᠨ ᠳᠤ ᠦᠷᠭᠦᠯᠵᠢ ᠲᠤᠭᠲᠠᠭᠰᠠᠨ ᠴᠠᠭ ᠲᠤ ᠪᠠᠨ ᠠᠮᠠᠯᠠᠯᠲᠠ ᠬᠢᠭᠰᠡᠨ ᠠᠰᠢᠭ ᠣᠷᠣᠯᠭ᠎ᠠ ᠶᠢᠨ ᠵᠣᠭᠤᠰ ᠮᠦᠩᠭᠦ ᠪᠠᠨ ᠥᠭᠳᠡᠭ᠃ ᠪᠡᠯᠡ ᠬᠤᠷᠠᠮᠳᠤᠭᠤᠯᠤᠭᠠᠳ ᠭᠡᠰᠡᠭ ᠬᠤᠭᠤᠴᠠᠭ᠎ᠠ ᠦᠩᠭᠡᠷᠡᠵᠦ᠂ ᠪᠡᠯᠡ ᠮᠦᠩᠭᠦ ᠬᠤᠷᠠᠮᠳᠤᠭᠤᠯᠤᠭᠰᠠᠨ ᠤ ᠳᠠᠷᠠᠭ᠎ᠠ᠂ ᠨᠢᠭᠤᠴᠠ ᠪᠠᠷ ᠡᠳ᠋ ᠬᠦᠷᠦᠩᠭᠡ ᠪᠠᠨ ᠰᠢᠯᠵᠢᠭᠦᠯᠬᠦ ᠪᠤᠶᠤ ᠵᠣᠭᠤᠰ ᠮᠦᠩᠭᠦ ᠪᠠᠨ ᠠᠪᠤᠭᠠᠳ ᠠᠯᠠᠭ᠎ᠠ ᠪᠣᠯᠵᠤ ᠳᠤᠲᠠᠭᠠᠳᠠᠭ᠃ ᠡᠨᠡ ᠨᠢ ᠪᠡᠯᠡ ᠤᠷᠤᠭᠤᠯᠤᠭᠴᠢ ᠳᠤ ᠬᠦᠨᠳᠦ ᠨᠣᠴᠢᠲᠠᠢ ᠠᠵᠤ ᠠᠬᠤᠢ ᠶᠢᠨ ᠬᠤᠬᠢᠷᠠᠯ ᠤᠴᠠᠷᠠᠭᠤᠯᠳᠠᠭ᠃       ⒉ᠬᠤᠳᠠᠯ ᠬᠠᠭᠤᠷᠮᠠᠭ ᠲᠦᠷᠦᠯ ᠵᠦᠢᠯ ᠵᠤᠬᠢᠶᠠᠬᠤᠬᠠᠤᠯᠢ ᠪᠤᠰᠤ ᠡᠲᠡᠭᠡᠳ ᠤᠨ ᠤᠯᠠᠩᠬᠢ ᠨᠢ ᠬᠠᠤᠯᠢ ᠪᠠᠷ ᠵᠦᠪᠰᠢᠶᠡᠷᠡᠭᠦᠯᠦᠭᠰᠡᠨ ᠺᠤᠮᠫᠠᠨᠢ ᠪᠤᠶᠤ ᠠᠵᠤ ᠠᠬᠤᠶᠢᠯᠠᠯ ᠢ ᠳᠠᠩᠰᠠᠯᠠᠭᠤᠬᠤ ᠪᠠᠷ ᠲᠠᠮᠵᠢᠨ᠂ ᠤᠯᠤᠰ ᠤᠨ ᠠᠵᠤ ᠠᠬᠤᠶᠢᠯᠠᠯ ᠤᠨ ᠲᠦᠷᠦ ᠶᠢᠨ ᠪᠣᠳᠣᠯᠭ᠎ᠠ᠂ ᠰᠢᠨ᠎ᠡ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠶᠢ ᠵᠤᠷᠢᠭᠵᠢᠭᠤᠯᠬᠤ᠂ ︽ᠠᠵᠤ ᠠᠬᠤᠢ ᠶᠢᠨ ᠤᠬᠠᠭᠠᠨ ᠤ ᠤᠨᠤᠯ︾᠎ ᠤᠨ ᠦᠢᠯᠡᠳᠦᠯᠭᠡ ᠵᠡᠷᠭᠡ ᠲᠤᠭ ᠢ ᠡᠷᠭᠦᠵᠦ᠂ ᠡᠵᠡᠩᠨᠡᠬᠦ ᠲᠦᠷᠦᠯ ᠵᠦᠢᠯ ᠢᠶᠠᠨ ᠣᠯᠠᠮᠵᠢᠯᠠᠯᠲᠦ ᠲᠡᠷᠢᠵᠦ ᠤᠷᠭᠤᠭᠤᠯᠬᠤ᠂ ᠲᠡᠵᠢᠭᠡᠵᠦ ᠠᠷᠠᠴᠢᠯᠠᠬᠤ ᠠᠵᠢᠯ ᠲᠦᠷᠦᠯ ᠠᠴᠠ ᠬᠦᠭᠵᠢᠵᠦ ᠰᠢᠨ᠎ᠡ ᠲᠧᠭᠨᠢᠭ ᠮᠡᠷᠭᠡᠵᠢᠯ ᠢ ᠨᠡᠭᠡᠭᠡᠨ ᠠᠰᠢᠭᠯᠠᠬᠤ᠂ ᠪᠡᠯᠡ ᠬᠤᠷᠠᠮᠳᠤᠭᠤᠯᠤᠨ ᠭᠡᠷ ᠪᠠᠶᠢᠰᠢᠩ ᠪᠠᠷᠢᠬᠤ᠂ ᠬᠤᠪᠢ ᠤᠷᠤᠭᠤᠯᠵᠤ ᠬᠤᠪᠢ ᠣᠷᠣᠬᠤ᠂ ᠬᠤᠳᠠᠯᠳᠤᠭᠰᠠᠨ ᠤ ᠳᠠᠷᠠᠭ᠎ᠠ ᠳᠠᠬᠢᠨ ᠲᠦᠷᠢᠶᠠᠰᠦᠯᠡᠭᠦᠯᠬᠦ ᠵᠡᠷᠭᠡ ᠠᠭᠤᠯᠭ᠎ᠠ ᠪᠠᠷ ᠡᠵᠡᠩᠨᠡᠬᠦ ᠲᠦᠷᠦᠯ ᠵᠦᠢᠯ ᠪᠣᠯᠭᠠᠵᠤ᠂ ᠬᠤᠳᠠᠯ ᠬᠠᠭᠤᠷᠮᠠᠭ ᠭᠡᠷ᠎ᠡ ᠲᠤᠭᠲᠠᠨ᠂ ᠬᠤᠳᠠᠯ ᠬᠠᠭᠤᠷᠮᠠᠭ ᠲᠦᠷᠦᠯ ᠵᠦᠢᠯ ᠵᠤᠬᠢᠶᠠᠵᠤ᠂ ᠦᠨᠳᠦᠷ ᠠᠰᠢᠭ ᠣᠷᠣᠯᠭ᠎ᠠ ᠶᠢᠨ ᠠᠮᠠᠯᠠᠯᠲᠠ ᠬᠢᠵᠦ᠂ ᠨᠡᠶᠢᠭᠡᠮ ᠤᠨ ᠣᠯᠠᠨ ᠲᠥᠮᠡᠨ ᠢ ᠪᠡᠯᠡ ᠤᠷᠤᠭᠤᠯᠤᠯᠳᠠᠭ᠃ ᠵᠠᠷᠢᠮ ᠬᠠᠤᠯᠢ ᠪᠤᠰᠤ ᠡᠲᠡᠭᠡᠳ ᠡᠳ᠋ ᠤᠨ ᠶᠠᠪᠤᠳᠠᠯ ᠢᠶᠠᠨ ᠨᠠᠶᠢᠳᠠᠨ ᠬᠠᠮᠢᠶᠠᠷᠤᠭᠤᠯᠬᠤ ᠬᠠᠭᠤᠷᠮᠠᠭ ᠨᠡᠷ᠎ᠡ ᠶᠢ ᠠᠰᠢᠭᠯᠠᠨ᠂ ᠪᠡᠯᠡ ᠣᠷᠣᠭᠤᠯᠵᠤ᠂ ᠡᠳ᠋ ᠤᠨ ᠶᠠᠪᠤᠳᠠᠯ ᠬᠠᠮᠢᠶᠠᠷᠬᠤ ᠣᠬᠠᠭᠳᠠᠬᠤᠨ ᠲᠠᠢ ᠵᠤᠷᠢᠭᠤᠳᠠ ᠬᠤᠳᠬᠤᠯᠳᠤᠭᠤᠯᠵᠤ᠂ ᠡᠯᠧᠺᠲᠷᠣᠨ ᠠᠯᠲᠠ᠂ ᠪᠡᠯᠡ ᠣᠷᠣᠭᠤᠯᠣᠲᠠ ᠶᠢᠨ ᠰᠠᠭᠤᠷᠢ ᠮᠦᠩᠭᠦ᠂ ᠰᠦᠯᠵᠢᠶ᠎ᠡ ᠶᠢᠨ ᠭᠤᠪᠢᠭᠤᠯᠭ᠎ᠠ ᠰᠠᠷᠢᠭᠠᠯᠠᠬᠤ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠨᠡᠷᠡᠰ ᠦᠭᠡ ᠪᠠᠷ ᠨᠡᠶᠢᠭᠡᠮ ᠤᠨ ᠣᠯᠠᠨ ᠲᠥᠮᠡᠨ ᠢ ᠬᠠᠭᠤᠷᠴᠦ᠂ ᠦᠨᠳᠦᠷ ᠠᠰᠢᠭ ᠣᠷᠣᠯᠭ᠎ᠠ ᠶᠢᠨ ᠪᠠᠳᠤᠯᠠᠭ᠎ᠠ ᠲᠠᠢ ᠠᠮᠠᠯᠠᠯᠲᠠ ᠥᠭᠭᠦᠨ᠂ ᠵᠤᠭᠤᠰ ᠮᠦᠩᠬᠦ ᠶᠢ ᠨᠢ ᠮᠡᠬᠡᠯᠡᠳᠡᠭ᠃        ⒊ᠬᠤᠳᠠᠯ ᠬᠠᠭᠤᠷᠮᠠᠭ ᠣᠬᠠᠭᠤᠯᠭ᠎ᠠ ᠪᠠᠷ ᠰᠦᠷ ᠦᠵᠡᠭᠦᠯᠬᠦᠬᠠᠤᠯᠢ ᠪᠤᠰᠤ ᠡᠲᠡᠭᠡᠳ ᠨᠡᠶᠢᠭᠡᠮ ᠤᠨ ᠤᠯᠠᠨ ᠲᠥᠮᠡᠨ ᠤ ᠢᠲᠡᠭᠡᠯ ᠢ ᠣᠯᠬᠤ ᠶᠢᠨ ᠲᠥᠯᠦᠭᠡ᠂ ᠣᠬᠠᠭᠤᠯᠭ᠎ᠠ ᠬᠢᠬᠦ ᠦᠶᠡᠰ ᠴᠢᠩᠭ᠎ᠠ ᠠᠮᠠᠯᠠᠯᠲᠠ ᠬᠢᠵᠦ᠂ ᠨᠡᠷᠡᠲᠦ ᠬᠦᠮᠦᠰ ᠢ ᠤᠷᠢᠵᠦ ᠤᠬᠠᠭᠤᠯᠬᠤ᠂ ᠨᠡᠷᠡᠲᠦ ᠰᠣᠨᠢᠨ ᠰᠡᠳᠭᠦᠯ ᠤᠨ ᠪᠣᠯᠣᠩ ᠳᠤ ᠲᠤᠰᠬᠠᠢ ᠰᠤᠷᠪᠣᠯᠵᠢᠯᠠᠭ᠎ᠠ ᠶᠢᠨ ᠮᠡᠳᠡᠭᠡ ᠨᠡᠶᠢᠲᠡᠯᠡᠬᠦ᠂ ᠬᠦᠮᠦᠨ ᠬᠦᠯᠦᠰᠦᠯᠡᠵᠦ ᠣᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠡᠶᠢᠭᠡᠮ ᠤᠨ ᠬᠠᠨᠳᠢᠪ ᠤᠨ ᠦᠢᠯᠡ ᠠᠵᠢᠯᠯᠠᠭ᠎ᠠ ᠬᠢᠬᠦ ᠵᠡᠷᠭᠡ ᠠᠷᠭ᠎ᠠ  ᠪᠠᠰᠢᠷ ᠢᠶᠠᠷ ᠤᠬᠠᠭᠤᠯᠭ᠎ᠠ ᠪᠠᠨ ᠴᠢᠩᠭᠠᠳᠬᠠᠵᠤ᠂ ᠬᠤᠳᠠᠯ ᠬᠠᠭᠤᠷᠮᠠᠭ ᠨᠦᠯᠦᠭᠡ ᠲᠤᠰᠬᠠᠯ ᠲᠠᠯᠪᠢᠨ᠂ ᠨᠡᠶᠢᠭᠡᠮ ᠤᠨ ᠤᠯᠠᠨ ᠲᠥᠮᠡᠨ ᠤ ᠵᠤᠭᠤᠰ ᠮᠦᠩᠭᠦ ᠶᠢ ᠮᠡᠬᠡᠯᠡᠳᠡᠭ᠃       ⒋ᠰᠠᠳᠤᠨ ᠲᠦᠷᠦᠯ ᠤᠨ ᠬᠠᠶᠢᠷ᠎ᠠ ᠰᠡᠳᠬᠢᠯᠭᠡ ᠪᠠᠷ ᠥᠳᠦᠭᠡᠨ ᠮᠡᠬᠡᠯᠡᠬᠦᠬᠠᠤᠯᠢ ᠪᠤᠰᠤ ᠡᠲᠡᠭᠡᠳ ᠥᠷᠭᠦᠯᠵᠢ ᠰᠠᠳᠤᠨ ᠲᠦᠷᠦᠯ᠂ ᠨᠠᠶᠢᠵᠠ ᠨᠥᠬᠦᠳ᠂ ᠨᠣᠳᠤᠭ ᠨᠢᠭᠡᠳᠡᠳ ᠤᠨ ᠬᠠᠷᠢᠴᠠᠭ᠎ᠠ ᠶᠢ ᠠᠰᠢᠭᠯᠠᠵᠤ᠂ ᠦᠨᠳᠦᠷ ᠠᠰᠢᠭ ᠣᠷᠣᠯᠭ᠎ᠠ ᠶᠢᠨ ᠮᠡᠬᠡᠯᠡᠯ ᠢᠶᠠᠷ ᠥᠳᠦᠭᠡᠯᠭᠡ ᠪᠣᠯᠭᠠᠵᠤ᠂ ᠤᠯᠠᠨ ᠲᠥᠮᠡᠨ ᠢ ᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ ᠠᠵᠢᠯᠯᠠᠭ᠎ᠠ ᠳᠤ ᠤᠷᠤᠯᠴᠠᠭᠤᠯᠳᠠᠭ᠃ ᠵᠠᠷᠢᠮ ᠤᠷᠤᠯᠴᠠᠭᠴᠢ ᠨᠢ ᠳᠠᠮᠵᠢᠨ ᠪᠣᠷᠣᠯᠠᠭᠤᠯᠭ᠎ᠠ ᠶᠢᠨ ᠵᠤᠬᠢᠶᠠᠨ ᠪᠠᠶᠢᠭᠤᠯᠤᠯᠲᠠ ᠶᠢᠨ ᠤᠶᠣᠨ ᠰᠠᠨᠠᠭᠠᠨ ᠤ ᠨᠦᠯᠦᠭᠡᠯᠡᠯ ᠪᠤᠶᠤ ᠪᠡᠶ᠎ᠡ ᠮᠠᠬᠠᠪᠤᠳ ᠤᠨ ᠲᠠᠷᠴᠢᠯᠠᠭᠠᠯ ᠲᠤᠤᠷ᠎ᠠ᠂ ᠲᠤᠭᠲᠠᠭᠰᠠᠨ ᠡᠭᠦᠷᠭᠡ ᠪᠠᠨ ᠬᠦᠢᠴᠡᠳᠭᠡᠬᠦ ᠪᠤᠶᠤ ᠬᠤᠪᠢ ᠬᠦᠮᠦᠨ ᠤ ᠠᠵᠢᠯ ᠤᠨ ᠥᠷ᠎ᠡ ᠪᠦᠳᠦᠮᠵᠢ ᠪᠠᠨ ᠲᠡᠭᠡᠭᠰᠢᠯᠡᠭᠦᠯᠬᠦ ᠶᠢᠨ ᠲᠥᠯᠦᠭᠡ᠂ ᠰᠠᠳᠤᠨ ᠲᠦᠷᠦᠯ ᠤᠨ ᠬᠠᠶᠢᠷ᠎ᠠ ᠰᠡᠳᠬᠢᠯᠭᠡ᠂ ᠨᠣᠳᠤᠭ ᠨᠢᠭᠡᠲᠡᠨ ᠤ ᠬᠠᠷᠢᠴᠠᠭ᠎ᠠ ᠪᠠᠨ ᠠᠰᠢᠭᠯᠠᠨ ᠨᠠᠶᠢᠵᠠ ᠨᠦᠬᠦᠳ᠂ ᠬᠠᠮᠳᠤ ᠰᠤᠷᠤᠭᠴᠢ᠂ ᠰᠠᠳᠤᠨ ᠲᠦᠷᠦᠯ ᠪᠤᠶᠤ ᠠᠶᠢᠯ ᠰᠠᠬᠠᠭᠠᠯᠲᠠ ᠪᠠᠨ ᠳᠠᠮᠵᠢᠨ ᠪᠤᠷᠤᠯᠠᠭᠤᠯᠭ᠎ᠠ ᠳᠤ ᠥᠳᠦᠭᠡᠨ ᠤᠷᠤᠭᠤᠯᠳᠠᠭ᠃ ᠡᠭᠦᠨ ᠢᠶᠠᠷ ᠳᠠᠮᠵᠢᠨ ᠳᠠᠮᠵᠢᠨ ᠪᠣᠷᠣᠯᠠᠭᠤᠯᠭ᠎ᠠ ᠶᠢᠨ ᠭᠡᠰᠢᠭᠦᠨ ᠤ ᠲᠤᠭ᠎ᠠ ᠪᠠ ᠪᠡᠯᠡ ᠬᠤᠷᠠᠮᠳᠤᠭᠤᠯᠬᠤ ᠬᠦᠷᠢᠶ᠎ᠡ ᠬᠡᠪᠴᠢᠶ᠎ᠡ ᠪᠠᠨ ᠦᠷᠭᠡᠳᠬᠡᠳᠡᠭ᠃        ᠭᠤᠷᠪᠠ᠂ ᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠶᠢᠨ ᠠᠷᠭ᠎ᠠ ᠪᠠᠰᠢᠷ ᠤᠨ ᠤᠯᠠᠨ ᠶᠠᠩᠵᠤᠳᠦ ᠴᠢᠨᠠᠷ ᠲᠤ ᠴᠢᠭᠯᠡᠭᠦᠯᠦᠨ᠂ ᠬᠡᠷᠬᠢᠨ ᠤᠷᠠᠬ᠎ᠠ ᠳᠤ ᠤᠨᠠᠬᠤ ᠠᠴᠠ ᠰᠡᠷᠭᠡᠶᠢᠯᠡᠬᠦ ᠲᠤᠬᠠᠢ ᠰᠠᠨᠠᠭᠤᠯᠭ᠎ᠠᠬᠠᠤᠯᠢ ᠪᠤᠰᠤ ᠪᠡᠯᠡ ᠬᠤᠷᠠᠮᠳᠤᠭᠤᠯᠬᠤ ᠦᠢᠯᠡ ᠠᠵᠢᠯᠯᠠᠭ᠎ᠠ ᠨᠢ ᠦᠷᠭᠦᠯᠵᠢ ᠬᠠᠤᠯᠢ ᠳᠤ ᠨᠡᠶᠢᠴᠡᠬᠦ ᠠᠷᠭ᠎ᠠ ᠬᠡᠯᠪᠡᠷᠢ ᠪᠠᠷ ᠬᠠᠤᠯᠢ ᠪᠤᠰᠤ ᠵᠤᠷᠢᠯᠳᠠ ᠪᠠᠨ ᠬᠠᠯᠬᠠᠯᠠᠵᠤ᠂ ᠵᠤᠬᠢᠬᠤ ᠬᠡᠮᠵᠢᠶᠡᠨ ᠤ ᠥᠳᠦᠭᠡᠯᠭᠡ ᠶᠢᠨ ᠴᠢᠨᠠᠷ ᠪᠠ ᠮᠡᠬᠡᠯᠡᠬᠦ ᠴᠢᠨᠠᠷ ᠲᠠᠢ ᠪᠠᠶᠢᠳᠠᠭ᠃ ᠡᠶᠢᠮᠦᠷᠬᠦ ᠬᠠᠤᠯᠢ ᠪᠤᠰᠤ ᠪᠠᠷ ᠪᠡᠯᠡ ᠴᠤᠭᠯᠠᠭᠤᠯᠬᠤ ᠤᠨᠠᠭᠤᠯᠢ ᠳᠤ ᠴᠢᠭᠯᠡᠭᠦᠯᠦᠨ ᠪᠢᠳᠡ ᠲᠤᠤᠷᠠᠬᠢ ᠬᠡᠳᠦᠨ ᠲᠠᠯ᠎ᠠ ᠪᠠᠷ ᠠᠩᠬᠠᠷᠪᠠᠯ ᠵᠤᠬᠢᠨ᠎ᠠ᠄         ⒈ᠦᠨᠳᠦᠷ ᠠᠰᠢᠭ ᠣᠷᠣᠯᠭ᠎ᠠ ᠶᠢᠨ ᠥᠳᠦᠭᠡᠯᠭᠡ ᠳᠤ ᠰᠡᠳᠬᠢᠯ ᠬᠦᠳᠡᠯᠵᠦ ᠪᠣᠯᠬᠤ ᠦᠭᠡᠢ ︽ᠲᠡᠭᠷᠢ ᠲᠡᠭᠡᠷ᠎ᠡ ᠠᠴᠠ ᠱᠠᠯᠪᠢᠩ ᠤᠨᠠᠬᠤ︾ ᠬᠤᠳᠠᠯ ᠬᠠᠭᠤᠷᠮᠠᠭ ᠶᠠᠪᠤᠳᠠᠯ ᠲᠤᠬᠢᠶᠠᠯᠳᠤᠬᠤ ᠦᠶᠡᠰ᠂ ᠡᠷᠬᠡᠪᠰᠢ ᠰᠤᠨᠤᠷ ᠰᠠᠷᠠᠮᠵᠢ ᠲᠠᠢ ᠪᠠᠶᠢᠵᠤ᠂ ᠪᠤᠰᠤᠳ ᠤᠨ ᠠᠰᠢᠭ ᠣᠷᠣᠯᠭ᠎ᠠ ᠣᠯᠵᠤ ᠪᠠᠶᠢᠬᠤ ᠳᠤ ᠨᠢᠳᠦ ᠤᠯᠠᠶᠢᠵᠤ ᠪᠣᠯᠬᠤ ᠦᠭᠡᠢ᠂ ᠨᠡᠩ ᠥᠳᠦᠭᠡᠯᠭᠡ ᠳᠤ ᠤᠷᠤᠵᠤ᠂ ᠰᠤᠬᠤᠷ ᠪᠠᠯᠠᠢ ᠪᠠᠷ ᠪᠡᠯᠡ ᠤᠷᠤᠵᠤ ᠪᠣᠯᠬᠤ ᠦᠭᠡᠢ᠃         ⒉ ᠡᠵᠡᠨᠲᠡᠨ ᠤ ︽ᠬᠦᠴᠦᠨ ᠴᠢᠳᠠᠯ︾᠎ ᠢ ᠰᠢᠳᠦᠨ ᠪᠢᠰᠢᠷᠡᠵᠦ ᠪᠣᠯᠬᠤ ᠦᠭᠡᠢᠵᠠᠷᠢᠮ ᠺᠤᠮᠫᠠᠨᠢ ᠶᠢᠨ ᠡᠵᠡᠨᠲᠡᠨ ᠨᠢ ᠶᠡᠭᠡ ᠬᠡᠮᠵᠢᠶᠡᠨ ᠤ ᠪᠡᠯᠡ ᠵᠠᠷᠤᠴᠠᠭᠤᠯᠵᠤ ᠵᠠᠷ ᠮᠡᠳᠡᠭᠡ ᠲᠠᠯᠪᠢᠬᠤ᠂ ᠵᠡᠷᠭᠡ ᠬᠡᠷᠬᠡᠮ ᠬᠤᠳᠠᠯᠳᠤᠨ ᠠᠪᠬᠤ᠂ ᠣᠬᠠᠭᠤᠯᠭ᠎ᠠ ᠬᠢᠬᠦ᠂ ᠢᠯᠡ ᠲᠤᠳᠤ ︽ᠺᠤᠮᠫᠠᠨᠢ ᠶᠢᠨ ᠳᠦᠷᠢ ᠳᠥᠷᠬᠦ︾᠎ ᠪᠠᠷ ᠤᠯᠠᠨ ᠲᠥᠮᠡᠨ ᠢ ᠮᠡᠬᠡᠯᠡᠵᠦ ᠬᠠᠭᠤᠷᠳᠠᠭ᠃ ᠡᠶᠢᠮᠦ ᠠᠴᠠ ᠵᠠᠷᠢᠮ ᠠᠵᠤ ᠠᠬᠤᠶᠢᠯᠠᠯ ᠤᠨ ᠬᠤᠳᠠᠯ ᠬᠠᠭᠤᠷᠮᠠᠭ ᠳᠦᠷᠢ ᠳᠦᠷᠬᠦ ᠪᠠ ᠶᠠᠷᠢᠶᠠᠨ ᠳᠤ ᠮᠡᠬᠡᠯᠡᠭᠳᠡᠵᠦ ᠪᠣᠯᠬᠤ ᠦᠭᠡᠢ᠃         ⒊ ︽ᠠᠯᠪᠠᠨ ᠲᠠᠯ᠎ᠠ︾᠎ ᠶᠢᠨ ᠠᠬᠤᠢ ᠪᠠᠶᠢᠳᠠᠯ ᠢ ᠬᠡᠲᠦ ᠢᠲᠡᠭᠡᠵᠦ ᠪᠣᠯᠬᠤ ᠦᠭᠡᠢᠬᠠᠤᠯᠢ ᠪᠤᠰᠤ ᠪᠠᠷ ᠪᠡᠯᠡ ᠮᠦᠩᠭᠦ ᠬᠤᠷᠠᠮᠳᠤᠭᠤᠯᠬᠤ ᠦᠢᠯᠡ ᠠᠵᠢᠯᠯᠠᠭᠠᠨ ᠳᠤ᠂ ᠵᠠᠷᠢᠮ ᠵᠠᠰᠠᠭ ᠤᠨ ᠤᠷᠳᠤᠨ ᠤ ᠨᠤᠶᠠᠳ ᠤᠨ ᠤᠷᠤᠯᠴᠠᠯᠭ᠎ᠠ ᠪᠤᠶᠤ ᠨᠡᠷ᠎ᠡ ᠲᠦᠷᠦ ᠶᠢ ᠠᠰᠢᠭᠯᠠᠬᠤ ᠨᠢ ᠠᠯᠪᠠᠨ ᠲᠠᠯ᠎ᠠ ᠶᠢᠨ ᠠᠬᠤᠢ ᠪᠠᠶᠢᠳᠠᠯ ᠢ ᠪᠣᠢ ᠪᠣᠯᠭᠠᠵᠤ᠂ ᠨᠡᠩ ᠠᠮᠠᠷᠬᠠᠨ ᠢᠶᠠᠷ ᠤᠯᠠᠨ ᠲᠥᠮᠡᠨ ᠤ ᠰᠡᠳᠬᠢᠯ ᠢ ᠬᠦᠳᠡᠯᠭᠡᠳᠡᠭ᠃ ᠡᠶᠢᠮᠦ ᠠᠴᠠ ᠳᠠᠷᠤᠭ᠎ᠠ ᠨᠤᠶᠠᠳ ᠤᠷᠤᠯᠴᠠᠵᠤ ᠪᠠᠶᠢᠭ᠎ᠠ ᠨᠢ ᠠᠯᠪᠠᠨ ᠲᠠᠯ᠎ᠠ ᠶᠢᠨ ᠦᠢᠯᠡ ᠠᠵᠢᠯᠯᠠᠭ᠎ᠠ ᠶᠢ ᠲᠥᠯᠦᠭᠡᠯᠡᠬᠦ ᠪᠢᠰᠢ᠂ ᠳᠠᠷᠤᠭ᠎ᠠ ᠨᠤᠶᠠᠳ ᠤᠨ ᠤᠷᠤᠯᠴᠠᠯᠭ᠎ᠠ ᠨᠢ ᠵᠠᠪᠠᠯ ᠬᠠᠤᠯᠢ ᠶᠤᠰᠤᠨ ᠤ ᠪᠡᠯᠡ ᠮᠦᠩᠬᠦ ᠬᠤᠷᠠᠮᠳᠤᠭᠤᠯᠬᠤ ᠦᠢᠯᠡ ᠠᠵᠢᠯᠯᠠᠭ᠎ᠠ ᠭᠡᠰᠡᠨ ᠪᠢᠰᠢ᠃        ⒋ᠲᠠᠨᠢᠯ ᠬᠦᠮᠦᠰ ᠤᠨ ︽ᠬᠠᠯᠠᠭᠤᠨ ᠰᠡᠳᠬᠢᠯᠭᠡ︾᠎ ᠶᠢ ᠠᠮᠠᠷᠬᠠᠨ ᠢᠲᠡᠭᠡᠵᠦ ᠪᠣᠯᠬᠤ ᠦᠭᠡᠢᠬᠠᠤᠯᠢ ᠪᠤᠰᠤ ᠪᠠᠷ ᠪᠡᠯᠡ ᠬᠤᠷᠠᠮᠳᠤᠭᠤᠯᠬᠤ ᠨᠢ ᠤᠯᠠᠩᠬᠢ ᠳᠤ ᠪᠠᠨ ᠳᠠᠮᠵᠢᠨ ᠪᠣᠷᠣᠯᠠᠭᠤᠯᠭ᠎ᠠ ᠶᠢᠨ ᠠᠷᠭ᠎ᠠ ᠪᠠᠷᠢᠯ ᠪᠠᠶᠢᠵᠤ᠂ ᠤᠯᠠᠨ ᠲᠤᠭᠠᠨ ᠤ ᠬᠦᠮᠦᠰ ᠨᠢ ᠰᠠᠳᠤᠨ ᠲᠦᠷᠦᠯ᠂ ᠨᠠᠶᠢᠵᠠ ᠨᠦᠬᠦᠳ᠂ ᠲᠠᠨᠢᠯ ᠬᠦᠮᠦᠰ ᠤᠨ ᠲᠠᠨᠢᠯᠴᠠᠭᠤᠯᠭ᠎ᠠ᠂ ᠪᠣᠷᠣᠯᠠᠭᠤᠯᠭ᠎ᠠ ᠵᠡᠷᠭᠡ ᠪᠠᠷ ᠳᠠᠮᠵᠢᠳᠠᠭ᠃ ᠨᠢᠭᠡ ᠲᠠᠯ᠎ᠠ ᠪᠠᠷ᠂ ᠢᠲᠡᠭᠡᠯ ᠢ ᠠᠮᠠᠷᠬᠠᠨ ᠣᠯᠵᠤ᠂ ᠨᠦᠬᠦᠭᠡ ᠲᠠᠯ᠎ᠠ ᠪᠠᠷ᠂ ᠨᠢᠭᠤᠷ ᠢᠶᠠᠨ ᠪᠣᠳᠣᠵᠤ ᠠᠮᠠᠷᠬᠠᠨ ᠪᠤᠴᠠᠭᠠᠳᠠᠭ ᠦᠭᠡᠢ᠃ ᠡᠶᠢᠮᠦᠷᠬᠦ ᠠᠷᠭ᠎ᠠ ᠪᠠᠷᠢᠯ ᠨᠢ ᠠᠷᠠᠳ ᠲᠥᠮᠡᠨ ᠤ ᠲᠤᠮᠳᠠ ᠠᠮᠠᠷᠬᠠᠨ ᠠᠭᠤᠰᠤᠯᠴᠠᠵᠤ᠂ ᠬᠤᠤᠷ ᠬᠦᠨᠦᠭᠡᠯ ᠶᠡᠭᠡ ᠪᠠᠶᠢᠳᠠᠭ᠃ ᠲᠡᠶᠢᠮᠦ ᠠᠴᠠ ᠲᠠᠨᠢᠯ ᠬᠦᠮᠦᠰ ᠤᠨ ᠬᠠᠯᠠᠭᠤᠮᠰᠤᠭ ᠰᠡᠳᠬᠢᠯᠭᠡ ᠪᠠ ᠪᠤᠷᠤᠯᠠᠭᠤᠯᠭ᠎ᠠ ᠳᠤ ᠰᠣᠨᠤᠷ ᠰᠡᠷᠡᠮᠵᠢ ᠲᠠᠢ ᠪᠠᠶᠢᠪᠠᠯ ᠵᠤᠬᠢᠨ᠎ᠠ᠃        ⒌ ᠪᠦᠭᠡᠮ ᠬᠦᠮᠦᠰ ᠢ ᠠᠶᠠᠯᠳᠤᠨ ᠳᠠᠭᠠᠬᠤ ᠰᠡᠳᠬᠢᠴᠡ ᠪᠠᠨ ᠲᠠᠶᠠᠭᠳᠠᠬᠤ ᠬᠡᠷᠡᠭᠲᠡᠢᠬᠠᠤᠯᠢ ᠪᠤᠰᠤ ᠪᠠᠷ ᠪᠡᠯᠡ ᠬᠤᠷᠠᠮᠳᠤᠭᠤᠯᠤᠭᠰᠠᠨ ᠬᠡᠷᠡᠭ ᠤᠴᠢᠷ ᠢ ᠢᠯᠡ ᠪᠠᠷ ᠰᠢᠭᠦᠬᠦ ᠦᠶᠡᠰ᠂ ᠴᠦᠬᠡᠨ ᠲᠤᠭᠠᠨ ᠤ ᠭᠠᠵᠠᠷ ᠤᠷᠤᠨ ᠤ 90%᠎ ᠶᠢᠨ ᠭᠡᠷ ᠪᠦᠯᠢ ᠨᠢ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠤᠭᠰᠠᠨ ᠬᠡᠷᠡᠭ ᠤᠴᠢᠷ ᠲᠤ ᠤᠷᠤᠯᠴᠠᠭᠰᠠᠨ ᠪᠠᠶᠢᠨ᠎ᠠ᠃ ᠵᠤᠩᠬᠢᠯᠠᠬᠤ ᠲᠤᠭᠠᠨ ᠤ ᠬᠦᠮᠦᠰ ᠤᠨ ᠬᠠᠤᠯᠢ ᠪᠤᠰᠤ ᠪᠠᠷ ᠪᠡᠯᠡ ᠮᠦᠩᠬᠦ ᠬᠤᠷᠠᠮᠳᠤᠭᠤᠯᠬᠤ ᠳᠤ ᠤᠷᠤᠯᠴᠠᠭᠰᠠᠨ ᠰᠢᠯᠳᠠᠭᠠᠨ ᠪᠣᠯ ᠪᠤᠰᠤᠳ ᠬᠦᠮᠦᠰ ᠤᠨ ᠶᠡᠭᠡ ᠬᠡᠮᠵᠢᠶᠡᠨ ᠤ ᠠᠰᠢᠭ ᠣᠷᠣᠯᠭ᠎ᠠ ᠤᠯᠤᠭᠰᠠᠨ ᠢ ᠣᠯᠵᠤ ᠬᠠᠷᠠᠭᠰᠠᠨ ᠠᠴᠠ ᠪᠣᠯᠵᠤ᠂ ᠪᠦᠯᠦᠭ ᠪᠦᠯᠦᠭ ᠢᠶᠠᠷ ᠤᠷᠤᠯᠴᠠᠨ᠂ ᠨᠡᠩ ᠵᠠᠷᠢᠮ ᠬᠦᠮᠦᠰ ᠨᠢ ᠵᠤᠭᠤᠰ ᠵᠢᠭᠡᠯᠡᠵᠦ ᠤᠷᠤᠯᠴᠠᠭᠰᠠᠨ ᠪᠠᠶᠢᠨ᠎ᠠ᠃ ᠡᠨᠡ ᠪᠣᠯ ᠪᠦᠭᠡᠮ ᠬᠦᠮᠦᠰ ᠢ ᠠᠶᠠᠯᠳᠤᠨ ᠳᠠᠭᠠᠬᠤ ᠰᠡᠳᠬᠢᠴᠡ ᠪᠠᠶᠢᠵᠤ᠂ ᠪᠡᠯᠡ ᠤᠷᠤᠭᠤᠯᠬᠤ ᠠᠵᠤ ᠠᠬᠤᠶᠢᠯᠠᠯ ᠪᠠ ᠲᠦᠷᠦᠯ ᠵᠦᠢᠯ ᠤᠨ ᠪᠤᠳᠠᠳᠤ ᠪᠠᠶᠢᠳᠠᠯ ᠢ ᠬᠦᠢᠴᠡᠳ ᠤᠶᠢᠯᠠᠭᠠᠭᠰᠠᠨ ᠦᠭᠡᠢ ᠲᠡᠭᠡᠷ᠎ᠡ᠂ ᠬᠤᠪᠢ ᠬᠦᠮᠦᠨ ᠤ ᠬᠤᠬᠢᠷᠠᠯ ᠢ ᠠᠷᠭᠠᠴᠠᠭᠠᠬᠤ ᠴᠢᠳᠠᠪᠤᠷᠢ ᠪᠠᠨ ᠪᠤᠳᠤᠯᠬᠢᠯᠠᠭᠰᠠᠨ ᠦᠭᠡᠢ ᠠᠴᠠ ᠪᠣᠯᠵᠤ᠂ ᠡᠴᠦᠰ ᠲᠤ ᠪᠠᠨ ᠬᠦᠨᠳᠤ ᠨᠤᠴᠢᠲᠠᠢ ᠬᠤᠬᠢᠷᠠᠯ ᠢ ᠠᠮᠰᠠᠳᠠᠭ᠃         ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠦᠩᠭᠦᠨ ᠬᠦᠢᠯᠭᠡᠭᠡᠨ ᠤ ᠠᠯᠪᠠᠨ ᠭᠡᠷ ᠠᠴᠠ ᠤᠬᠠᠭᠤᠯᠪᠠ                                 2020 ᠣᠨ ᠤ 4 ᠰᠠᠷ᠎ᠠ ᠶᠢᠨ 26᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号