ᠴᠠᠭᠠᠨᠨᠠᠭᠤᠷ ᠪᠠᠯᠭᠠᠰᠤ ᠠᠩᠬᠠᠳᠤᠭᠠᠷ ᠬᠤᠭᠤᠴᠠᠭᠠᠨ ᠤ ᠮᠥᠩᠭᠦᠨ ᠭᠦᠢᠯᠭᠡᠭᠡ ᠪᠠ ᠣᠳᠣᠬᠢᠴᠢᠯᠠᠭᠰᠠᠨ ᠮᠠᠯ ᠠᠵᠤ ᠠᠬᠤᠶ ᠶᠢᠨ ᠠᠵᠢᠯ ᠢ ᠵᠤᠯᠭᠠᠭᠤᠯᠬᠤ ᠰᠠᠭᠠᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/4/29
      4 ᠰᠠᠷ᠎ᠠ ᠶᠢᠨ 23 ᠤ ᠡᠳᠦᠷ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤ ᠠᠩᠬᠠᠳᠤᠭᠠᠷ ᠬᠤᠭᠤᠴᠠᠭᠠᠨ ᠤ ᠮᠦᠩᠭᠦᠨ ᠭᠦᠢᠯᠭᠡᠭᠡ ᠪᠠ ᠣᠳᠣᠬᠢᠴᠢᠯᠠᠭᠰᠠᠨ ᠮᠠᠯ ᠠᠵᠤ ᠠᠬᠤᠶ ᠶᠢᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠮᠥᠩᠭᠦᠨ ᠭᠦᠢᠯᠭᠡᠭᠡ ᠪᠠᠷ ᠮᠠᠯᠵᠢᠬᠤ ᠣᠷᠣᠨ ᠤ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠳᠡᠮᠵᠢᠵᠦ᠂ ᠤᠳᠤᠬᠢᠴᠢᠯᠠᠭᠰᠠᠨ ᠮᠠᠯ ᠠᠵᠤ ᠠᠬᠤᠶ ᠶᠢᠨ ᠬᠥᠭᠵᠢᠯᠲᠡ ᠳᠤ ᠮᠦᠩᠭᠦᠨ ᠬᠦᠢᠯᠭᠡᠭᠡᠨ ᠤ ᠨᠡᠩ ᠶᠡᠭᠡ ᠪᠡᠯᠡ ᠤᠷᠤᠭᠤᠯᠤᠯᠲᠠ ᠤᠷᠤᠭᠤᠯᠬᠤ ᠶᠢ ᠠᠬᠢᠭᠤᠯᠵᠤ᠂ ᠣᠳᠣᠬᠢᠴᠢᠯᠠᠭᠰᠠᠨ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠬᠥᠳᠡᠯᠭᠡᠬᠦ ᠬᠦᠴᠦᠨ ᠪᠤᠯᠭᠠᠬᠤ ᠶᠢ ᠵᠤᠷᠢᠪᠠ᠃
      ᠰᠠᠭᠤᠳᠠᠯ ᠤᠨ ᠬᠤᠷᠠᠯ ᠳᠡᠭᠡᠷ᠎ᠡ᠂ ᠡᠯ᠎ᠡ ᠪᠠᠩᠬᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠮᠠᠯ ᠠᠵᠤ ᠠᠬᠤᠶ ᠶᠢᠨ ᠲᠡᠭᠡᠭᠡᠪᠦᠷᠢ ᠶᠢᠨ ᠦᠢᠯᠡᠴᠢᠯᠡᠭᠡ᠂ ᠮᠠᠯ ᠠᠵᠤ ᠠᠬᠤᠶ ᠶᠢᠨ ᠵᠢᠭᠡᠯᠡᠯᠭᠡ ᠵᠢᠴᠢ ᠲᠡᠵᠢᠭᠡᠨ ᠦᠷᠡᠵᠢᠭᠦᠯᠬᠦ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠤᠨ ᠲᠤᠬᠠᠶ ᠲᠠᠶᠢᠯᠪᠤᠷᠢᠯᠠᠨ ᠲᠣᠳᠣᠷᠬᠠᠶᠢᠯᠠᠵᠤ᠂ ᠮᠠᠯᠴᠢᠳ ᠤᠨ ᠲᠦᠯᠦᠭᠡᠯᠡᠭᠴᠢ ᠪᠣᠯᠤᠨ ᠡᠯ᠎ᠡ ᠪᠠᠩᠬᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠨᠠᠯ ᠢᠶᠠᠨ ᠰᠤᠯᠢᠯᠴᠠᠵᠡᠢ᠃  ᠡᠯ᠎ᠡ ᠪᠠᠩᠬᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠮᠠᠯᠵᠢᠬᠤ ᠣᠷᠣᠨ ᠤ ᠣᠳᠣᠬᠢᠴᠢᠯᠠᠭᠰᠠᠨ ᠬᠥᠭᠵᠢᠯᠲᠡ ᠶᠢ ᠳᠡᠳᠬᠦᠬᠦ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠳᠡᠮᠵᠢᠨ᠂ ᠲᠤᠬᠠᠶᠢᠯᠠᠭᠰᠠᠨ ᠠᠵᠢᠯ ᠤᠨ ᠪᠦᠷᠬᠦᠴᠡ ᠶᠢ ᠥᠷᠭᠡᠳᠬᠡᠵᠦ᠂ ᠮᠠᠯ ᠠᠵᠤ ᠠᠬᠤᠢ ᠶᠢᠨ ᠡᠵᠡᠩᠨᠡᠯᠲᠡ ᠶᠢᠨ ᠬᠥᠭᠵᠢᠯᠲᠡ ᠶᠢ ᠪᠡᠯᠡ ᠮᠥᠩᠭᠦ ᠪᠠᠷ ᠲᠡᠳᠬᠦᠬᠦ ᠡᠷᠴᠢᠮ ᠢᠶᠠᠨ ᠴᠢᠩᠭᠠᠳᠬᠠᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠥᠭᠵᠢᠯᠲᠡ ᠶᠢᠨ  ᠪᠡᠯᠡ ᠮᠦᠩᠭᠦᠨ ᠤ ᠠᠰᠠᠭᠤᠳᠠᠯ ᠢ ᠰᠢᠢᠳᠪᠦᠷᠢᠯᠡᠵᠦ᠂ ᠤᠷᠳᠤ ᠬᠤᠭᠤᠴᠠᠭᠠᠨ ᠤ ᠲᠣᠭᠲᠠᠭᠤᠨ  ᠬᠠᠮᠲᠤᠷᠠᠯᠴᠠᠭ᠎ᠠ ᠶᠢ ᠪᠠᠶᠢᠭᠤᠯᠵᠤ᠂ ᠮᠠᠯ ᠠᠵᠤ ᠠᠬᠤᠢ  ᠪᠠ ᠮᠥᠩᠭᠦᠨ ᠭᠦᠢᠯᠭᠡᠭᠡᠨ ᠤ ᠦᠢᠯᠡᠰ ᠤᠨ ᠬᠠᠮᠲᠤᠪᠠᠷ ᠬᠥᠭᠵᠢᠬᠦ ᠶᠢ ᠠᠬᠢᠭᠤᠯᠤᠨ᠎ᠠ ᠭᠡᠪᠡ᠃
       ᠮᠠᠯᠴᠢᠳ ᠲᠤ ᠮᠠᠯᠵᠢᠬᠤ ᠣᠷᠣᠨ ᠤ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠬᠤᠯᠠ ᠠᠴᠢ ᠬᠤᠯᠪᠤᠭᠳᠠᠯ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠮᠠᠯ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠢᠳᠡᠪᠬᠢᠲᠡᠢ ᠦᠢᠯᠡᠳᠦᠯ ᠢ ᠨᠠᠩ ᠰᠠᠶᠢᠨ ᠣᠶᠢᠯᠠᠭᠠᠭᠤᠯᠬᠤ ᠶᠢᠨ ᠲᠥᠯᠥᠭᠡ᠂ ᠴᠠᠭᠠᠨᠨᠠᠭᠤᠷ ᠪᠠᠯᠭᠠᠰᠤ ᠨᠢ ᠣᠨᠴᠠᠭᠠᠶᠢᠯᠠᠨ ᠲᠤᠰᠬᠠᠢ ᠮᠡᠷᠭᠡᠵᠢᠯᠲᠡᠨ ᠫᠷᠤᠹᠧᠰᠰᠤᠷ ᠤᠷᠢᠵᠤ ︽ᠦᠬᠡᠷ ᠤᠨ ᠦᠢᠯᠡᠰ ᠤᠨ ᠬᠥᠭᠵᠢᠯᠲᠡ ᠶᠢᠨ ᠴᠢᠭᠯᠡᠯ ᠪᠠ ᠬᠡᠷᠡᠭᠵᠢᠭᠦᠯᠦᠯᠲᠡ︾᠂ ︽ᠮᠥᠩᠭᠦᠨ ᠭᠦᠢᠯᠭᠡᠭᠡᠨ ᠤ ᠶᠡᠷᠦ ᠶᠢᠨ ᠮᠡᠳᠡᠯᠭᠡ ᠬᠢᠭᠡᠳ ᠮᠥᠩᠭᠦᠨ ᠭᠦᠢᠯᠭᠡᠭᠡᠨ ᠤ ᠳᠡᠮᠵᠢᠯᠭᠡ︾ ᠵᠡᠷᠭᠡ ᠬᠢᠴᠢᠶᠡᠯ ᠤᠨ ᠪᠣᠯᠪᠠᠰᠤᠷᠠᠯ ᠪᠠ ︽ᠲᠥᠷᠦ ᠶᠢᠨ ᠪᠣᠳᠣᠯᠭ᠎ᠠ ᠶᠢᠨ ᠴᠢᠨᠠᠷᠲᠠᠢ ᠰᠠᠭᠠᠯᠢ ᠶᠢᠨ ᠦᠨᠢᠶᠡᠨ ᠤ ᠳᠠᠭᠠᠳᠬᠠᠯ᠂ ᠬᠤᠳᠠᠯᠳᠤᠭᠠᠨ ᠤ ᠴᠢᠨᠠᠷᠲᠠᠢ ᠡᠭᠦᠯᠳᠡᠷ ᠤᠨ ᠮᠢᠬᠠᠨ ᠤ ᠦᠬᠡᠷ ᠤᠨ ᠳᠠᠭᠠᠳᠬᠠᠯ ᠪᠠ ᠮᠠᠯᠴᠢᠨ ᠲᠠᠷᠢᠶᠠᠴᠢᠨ ᠤ ᠭᠡᠨᠡᠳᠲᠡ ᠶᠢᠨ ᠠᠳᠡᠯ ᠤᠨ ᠳᠠᠭᠠᠳᠬᠠᠯ︾ ᠵᠡᠷᠭᠡ ᠮᠡᠳᠡᠯᠭᠡ ᠶᠢᠨ ᠲᠠᠶᠢᠯᠤᠮᠵᠢ ᠬᠢᠯᠭᠡᠪᠡ᠃
       ᠡᠨᠡ ᠤᠳᠠᠭᠠᠨ ᠤ ᠬᠤᠷᠠᠯ ᠨᠢ᠂ ᠮᠠᠯᠴᠢᠳ ᠤᠨ ᠦᠩᠭᠡᠷᠡᠭᠰᠡᠨ ᠳᠤ ᠦᠪᠡᠷᠰᠡᠳ ᠢᠶᠠᠨ ᠪᠠᠩᠬᠢ ᠶᠢ ᠡᠷᠢᠵᠦ᠂ ᠪᠡᠯᠡ ᠮᠦᠩᠭᠦᠨ ᠤ ᠠᠰᠠᠭᠤᠳᠠᠯ ᠵᠶ᠋ᠠᠨ‌‍ᠰᠢᠢᠳᠪᠦᠷᠢᠯᠡᠳᠡᠭ ᠪᠠᠶᠢᠭᠰᠠᠨ ᠪᠠᠶᠢᠳᠠᠯ ᠢ ᠰᠢᠨᠡᠴᠢᠯᠡᠵᠦ᠂ ᠮᠠᠯᠴᠢᠳ ᠪᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠭᠦᠨᠵᠡᠭᠡᠢ ᠬᠠᠷᠢᠯᠴᠠᠭ᠎ᠠ ᠶᠢ ᠠᠬᠢᠭᠤᠯᠤᠭᠰᠠᠨ ᠪᠥᠭᠡᠳ ︽ᠨᠠᠮ ᠤᠨ ᠬᠤᠷᠢᠶ᠎ᠠ ᠵᠠᠰᠠᠭ ᠤᠨ ᠣᠷᠳᠣᠨ ᠬᠦᠭᠦᠷᠭᠡ ᠪᠤᠯᠵᠤ᠂ ᠪᠠᠩᠬᠢ᠂ ᠠᠵᠤ ᠠᠬᠤᠶᠢᠯᠠᠯ  ᠪᠠ ᠮᠠᠯᠴᠢᠳ ᠢ ᠵᠣᠯᠭᠠᠭᠤᠯᠵᠤ᠂ ᠬᠠᠮᠲᠤ ᠪᠠᠷ ᠬᠦᠭᠵᠢᠯᠲᠡ ᠶᠢ ᠡᠷᠢᠯᠬᠢᠯᠡᠨ᠂ ᠬᠠᠮᠲᠤᠷᠠᠨ ᠠᠵᠢᠯᠯᠠᠵᠤ᠂ ᠬᠠᠮᠲᠤ ᠪᠠᠷ ᠠᠰᠢᠭ ᠭᠥᠷᠳᠡᠬᠦ︾ ᠪᠤᠯᠤᠮᠵᠢ ᠶᠢ ᠪᠤᠢ ᠪᠤᠯᠭᠠᠵᠡᠢ᠃        ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠰᠢᠭᠤ ᠮᠠᠯᠵᠢᠬᠤ ᠣᠷᠣᠨ ᠤ ᠣᠳᠣᠬᠢᠴᠢᠯᠠᠭᠰᠠᠨ ᠦᠢᠯᠡᠴᠢᠯᠡᠭᠡᠨ ᠤ ᠲᠥᠪ᠂ ᠰᠢᠤᠳᠠᠨ ᠤ ᠪᠦᠯᠦᠭᠯᠡᠯ ᠤᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠺᠣᠮᠫᠠᠨᠢ᠂ ᠬᠤᠰᠢᠭᠤ ᠠᠷᠠᠳ ᠤᠨ ᠪᠠᠩᠬᠢ᠂ ᠠᠵᠤ‌ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠬᠦᠳᠡᠭᠡ ᠲᠤᠰᠬᠤᠨ ᠤ  ᠢᠳᠡᠭᠡᠮᠵᠢ ᠶᠢᠨ ᠬᠤᠷᠰᠢᠶ᠎ᠠ ᠪᠠ ᠡᠯ᠎ᠡ ᠭᠠᠴᠠᠭᠠᠨ ᠤ ︽ᠬᠤᠶᠠᠷ ᠵᠥᠪᠯᠡᠯ︾ ᠂ ᠬᠡᠷ ᠪᠦᠯᠢ ᠶᠢᠨ ᠮᠠᠯᠵᠢᠯ ᠤᠨ ᠲᠠᠯᠠᠪᠠᠶ᠂ ᠮᠠᠯᠴᠢᠳ ᠤᠨ ᠬᠤᠷᠰᠢᠶᠠᠵᠢᠯ ᠤᠨ ᠬᠠᠤᠯᠢ ᠶᠢᠨ ᠡᠷᠬᠡᠲᠡᠨ᠂ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠡᠷᠦᠬᠡ  ᠵᠡᠷᠭᠡ ᠨᠡᠶᠢᠲᠡ 80 ᠭᠠᠷᠤᠶ ᠬᠥᠮᠦᠨ ᠰᠠᠭᠤᠳᠠᠯ  ᠤᠨ ᠬᠤᠷᠠᠯ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号