ᠪᠠᠶᠠᠨᠲᠤᠭ ᠰᠤᠮᠤᠨ ᠤ ᠨᠤᠮᠤᠭᠠᠨ ᠭᠠᠴᠠᠭ᠎ᠠ ᠨᠢ ︽ᠤᠷᠢ ᠵᠠᠯᠠᠭᠤ ᠨᠠᠰᠤᠨ ᠤ ᠴᠤᠭ ᠵᠢᠪᠬᠤᠭ᠎ᠠ ᠶᠢ ᠪᠠᠳᠠᠷᠠᠭᠠᠵᠤ ᠪᠠᠶᠢᠭᠤᠯᠤᠯ ᠤᠨ ᠢᠲᠡᠭᠡᠯ ᠢ ᠪᠠᠲᠤᠵᠢᠭᠤᠯᠤᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2020/5/15
     5ᠰᠠᠷ᠎ᠠ ᠶᠢᠨ 8᠎ ᠤ ᠡᠳᠦᠷ ᠪᠠᠶᠠᠨᠲᠤᠭ ᠰᠤᠮᠤᠨ ᠤ ᠨᠤᠮᠤᠭᠠᠨ ᠭᠠᠴᠠᠭ᠎ᠠ ᠨᠢ ︽ᠤᠷᠢ ᠵᠠᠯᠠᠭᠤ ᠨᠠᠰᠤᠨ ᠤ ᠴᠤᠭ ᠵᠢᠪᠬᠤᠭ᠎ᠠ ᠶᠢ ᠪᠠᠳᠠᠷᠠᠭᠠᠵᠤ᠂ ᠪᠠᠶᠢᠭᠤᠯᠤᠯ ᠤᠨ ᠢᠲᠡᠭᠡᠯ ᠢ ᠪᠠᠲᠤᠵᠢᠭᠤᠯᠤᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠲᠦᠯ ᠲᠤᠰᠬᠤ ᠬᠠᠮᠤᠭ ᠤᠨ ᠶᠠᠭᠠᠷᠠᠯᠲᠠᠢ ᠶᠠᠳᠠᠷᠠᠯᠲᠠᠢ ᠮᠦᠴᠡ ᠪᠠᠨ ᠦᠩᠭᠡᠷᠡᠭᠦᠯᠦᠭᠰᠡᠨ ᠮᠠᠯᠴᠢᠨ ᠵᠠᠯᠠᠭᠤᠰ ᠮᠠᠨᠢ ᠡᠷᠲᠡ ᠠᠴᠠ ᠭᠠᠴᠠᠭᠠᠨ ᠲᠦᠪ ᠲᠤ ᠴᠣᠭᠯᠠᠷᠠᠨ᠂ ᠬᠠᠮᠲᠤᠪᠡᠷ ᠬᠤᠭᠤᠯᠠ ᠬᠤᠰᠢ ᠬᠢᠵᠦ᠂ ᠨᠠᠭᠠᠳᠤᠮ ᠤᠨ ᠪᠡᠯᠡᠳᠬᠡᠯ ᠳᠤ ᠪᠠᠨ ᠬᠢᠯᠠᠯᠵᠠᠭᠤᠯᠤᠨ᠎ᠠ᠃ ᠠᠵᠢᠯᠯᠠᠭ᠎ᠠ ᠶᠢᠨ ᠡᠬᠢᠨ ᠳᠤ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠰᠢ ᠶᠢᠨ ᠫᠢᠩ ᠶᠡᠷᠦᠩᠭᠡᠢ ᠱᠦᠵᠢ ᠶᠢᠨ ᠪᠡᠭᠡᠵᠢᠩ ᠶᠡᠭᠡ ᠰᠤᠷᠭᠠᠭᠤᠯᠢ ᠶᠢᠨ ᠬᠤᠪᠸᠢ ᠮᠤᠵᠢ ᠶᠢ ᠳᠡᠮᠵᠢᠨ ᠲᠤᠰᠠᠯᠠᠭᠰᠠᠨ ᠪᠦᠬᠦ ᠵᠠᠯᠠᠭᠤ ᠨᠠᠮ ᠤᠨ ᠭᠡᠰᠢᠬᠦᠳ ᠲᠤ ᠪᠢᠴᠢᠭᠰᠡᠨ ᠬᠠᠷᠢᠭᠤ ᠵᠠᠬᠢᠳᠠᠯ ᠤᠨ ᠠᠭᠤᠯᠭ᠎ᠠ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠤ ᠬᠠᠮᠲᠤ᠂ ᠨᠤᠮᠤᠭᠠᠨ ᠭᠠᠴᠠᠭᠠᠨ ᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠶᠠᠪᠤᠭᠳᠠᠭᠤᠯᠤᠭᠰᠠᠨ ᠡᠯ᠎ᠡ ᠲᠦᠷᠦᠯ ᠤᠨ ᠠᠵᠢᠯ ᠢᠶᠠᠨ ᠬᠤᠷᠢᠶᠠᠩᠭᠤᠶᠢᠯᠠᠵᠤ᠂ ᠬᠢᠵᠢᠭ ᠢ ᠰᠡᠷᠬᠡᠶᠢᠯᠡᠬᠦ ᠠᠵᠢᠯ ᠳᠤ ᠭᠠᠪᠰᠢᠭᠠᠶᠢᠯᠠᠭᠰᠠᠨ ᠵᠠᠯᠠᠭᠤᠴᠤᠳ ᠲᠤ ᠪᠠᠨ ᠲᠠᠯᠠᠷᠬᠠᠯ ᠤᠨ ᠰᠡᠳᠬᠢᠯᠬᠡ ᠪᠠᠨ ᠢᠯᠡᠷᠬᠡᠶᠢᠯᠡᠵᠡᠢ᠃      ᠬᠤᠷᠠᠯ ᠤᠨ ᠳᠠᠷᠠᠭ᠎ᠠ᠂ ᠡᠷᠭᠲᠡᠢ ᠡᠮᠡᠭᠲᠡᠢ ᠶᠢᠨ ᠬᠤᠯᠠ ᠬᠦᠶᠦᠯᠲᠡ ᠶᠢᠨ ᠤᠷᠤᠯᠳᠤᠭᠠᠨ᠂ ᠳᠡᠭᠡᠰᠦ ᠲᠠᠳᠠᠬᠤ ᠤᠷᠤᠯᠳᠤᠭᠠᠨ᠂ ᠬᠦᠵᠦᠷ ᠲᠤᠭᠯᠠᠬᠤ᠂ ᠫᠢᠩᠫᠤᠩ ᠪᠦᠮᠪᠦᠭᠡ ᠳᠠᠮᠵᠢᠭᠤᠯᠬᠤ᠂ ᠮᠡᠳᠡᠯᠭᠡ ᠶᠢᠨ ᠰᠡᠳᠦᠪ ᠬᠠᠷᠢᠭᠤᠯᠬᠤ ᠵᠡᠷᠭᠡ ᠤᠯᠠᠨ ᠲᠦᠷᠦᠯ ᠤᠨ ᠬᠦᠭᠵᠢᠯᠲᠡᠢ ᠨᠠᠭᠠᠳᠤᠮ ᠢ ᠵᠤᠬᠢᠶᠠᠨ ᠪᠠᠶᠢᠭᠤᠯᠵᠤ᠂ ᠳ᠋ᠤᠭᠠᠷ ᠲᠤ ᠤᠷᠤᠭᠰᠠᠨ ᠵᠠᠯᠠᠭᠤᠴᠤᠳ ᠢᠶᠠᠨ ᠱᠠᠩᠨᠠᠨ ᠤᠷᠮᠠᠰᠢᠭᠤᠯᠵᠠᠢ᠃      
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号