5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠠᠷᠠᠳ ᠤᠨ ᠤᠯᠤᠰ | ᠲᠥᠷᠥ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨᠦᠪᠡᠳᠡᠭᠰᠢ ᠡᠬᠢᠯᠡᠪᠡ᠃ | | ᠦᠳᠡ ᠶᠢᠨ ᠡᠮᠦᠨ᠎ᠡ ᠶᠢᠨ 9 ᠴᠠᠭ ᠲᠤ ᠶᠡᠭᠡ ᠬᠤᠷᠠᠯ ᠨᠢ ᠰᠦᠷ ᠵᠢᠪᠬᠤᠯᠠᠩᠳᠤ ︽ᠤᠯᠤᠰ ᠤᠨ ᠰᠦᠯᠳᠡ ᠳᠠᠭᠤᠤ︾ | ᠶᠢᠨ ᠳᠤᠮᠳᠠ ᠲᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ | ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠬᠢᠯᠡᠯᠳᠡ ᠶᠢᠨ ᠬᠦᠰᠢᠭᠡ ᠪᠠᠨ | ᠰᠡᠬᠦᠵᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠨᠠᠷᠡᠨᠴᠤᠭᠳᠤ ᠤᠯᠤᠰ ᠲᠥᠷᠥ ᠶᠢᠨ | ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠡᠬᠢᠯᠡᠭᠰᠡᠨ ᠢ ᠵᠠᠷᠯᠠᠵᠠᠢ᠃ | ᠶᠡᠭᠡ ᠬᠤᠷᠠᠯ ᠤᠨ ᠲᠡᠷᠢᠬᠦᠨ ᠳᠤ᠂ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ | ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠵᠦᠪᠯᠡᠬᠦ ᠵᠦᠢᠯ ︵ᠡᠬᠡ ᠨᠤᠤᠷᠠᠭ︶ ᠢ ᠬᠢᠨᠠᠨ | ᠪᠠᠳᠤᠯᠠᠵᠠᠢ᠃ | | ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠬᠤᠰᠢᠭᠤ ᠨᠠᠮ ᠤᠨ ᠬᠤᠷᠢᠶᠠᠨ ᠤ | ᠱᠦᠵᠢ ᠬᠠᠰᠪᠠᠶᠠᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ | ᠢᠤᠢ ᠬᠠᠢ ᠴᠧᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ | ᠤᠨ ᠲᠤᠭᠤᠶᠢᠯᠠᠩ ᠤᠨ ᠱᠦᠵᠢ ᠪᠤᠯᠤᠳᠪᠠᠭᠠᠳᠣᠷ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠠᠩ | ᠤᠨ ᠱᠦᠵᠢ ᠰᠠᠴᠤᠷᠠᠯᠳᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠳ᠋ᠧ ᠵᠡᠷᠭᠡ ᠨᠠᠮ᠂ ᠵᠠᠰᠠᠭ᠂ ᠴᠡᠷᠢᠭ | ᠤᠨ ᠤᠳᠤᠷᠢᠳᠤᠯᠭ᠎ᠠ ᠬᠤᠷᠠᠯ ᠳᠤ ᠤᠷᠤᠯᠴᠠᠵᠠᠢ᠃ ᠬᠤᠰᠢᠭᠤᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠪᠠ ᠠᠶᠢᠮᠠᠭ | ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠬᠤᠰᠢᠭᠤ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠠ ᠶᠢᠨ | ᠬᠠᠷᠢᠭᠤᠴᠠᠯᠭᠠᠳᠠᠨ᠂ ᠰᠤᠮᠤ ᠪᠠᠯᠭᠠᠰᠤᠨ ᠤ ᠤᠯᠤᠰ ᠲᠦᠷᠦ ᠶᠢᠨ ᠵᠦᠪᠯᠡᠯᠭᠡᠨ ᠤ ᠬᠤᠯᠪᠤᠭᠠᠯᠠᠭᠴᠢ ᠨᠠᠷ ᠤᠷᠢᠯᠭ᠎ᠠ ᠪᠠᠷ | ᠬᠤᠷᠠᠯ ᠳᠤ ᠰᠤᠯᠠ ᠤᠷᠤᠯᠴᠠᠵᠠᠢ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠨᠠᠷᠡᠨᠴᠤᠭᠳᠤ | ᠬᠤᠷᠠᠯ ᠢ ᠡᠷᠬᠢᠯᠡᠵᠠᠢ᠃ | | ᠲᠤᠰ ᠤᠳᠠᠭᠠᠨ ᠤ ᠬᠤᠷᠠᠯ ᠳᠤ ᠤᠷᠤᠯᠴᠠᠬᠤ ᠵᠤᠬᠢᠰᠳᠠᠢ ᠭᠡᠰᠢᠬᠦᠨ 95 ᠨᠠᠷᠠ᠂ ᠦᠨᠦᠳᠦᠷ ᠤᠨ ᠬᠤᠷᠠᠯ ᠳᠤ | ᠢᠷᠡᠭᠰᠡᠨ 92 ᠬᠦᠮᠦᠨ᠂ ︽ᠤᠯᠤᠰ ᠲᠦᠷᠦ ᠶᠢᠨ ᠵᠦᠪᠯᠡᠯᠭᠡᠨ ᠤ ᠲᠦᠷᠢᠮ︾ ᠳᠤ ᠨᠡᠶᠢᠴᠡᠵᠠᠢ᠃ | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠪᠦᠷᠢᠨᠮᠦ᠋ᠩᠭᠡ ᠠᠴᠠ ᠳᠤᠮᠳᠠᠳᠦ ᠤᠯᠤᠰ ᠤᠨ ᠠᠷᠠᠳ | ᠤᠨ ᠤᠯᠤᠰ ᠲᠥᠷᠥ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠵᠦᠪᠯᠡᠯ ᠢ | ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠭᠰᠡᠨ ᠪᠠᠶᠢᠨ᠎ᠠ᠃ | ᠪᠦᠷᠢᠨᠮᠦ᠋ᠩᠭᠡ ᠮᠡᠳᠡᠭᠦᠯᠦᠯᠳᠡ ᠳᠡᠭᠡᠨ ᠵᠢᠭᠠᠵᠦ ᠭᠠᠷᠭᠠᠭᠰᠠᠨ ᠨᠢ᠄ 2019 ᠣᠨ ᠪᠣᠯ ᠰᠢᠨ᠎ᠡ ᠲᠤᠮᠳᠠᠳᠦ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠃ ᠨᠢᠭᠡ ᠵᠢᠯ ᠤᠨ ᠲᠤᠷᠰᠢ ᠬᠤᠰᠢᠭᠤ ᠨᠠᠮ ᠤᠨ ᠬᠤᠷᠢᠶᠠᠨ ᠤ ᠪᠠᠳᠦ | ᠴᠢᠩᠭ᠎ᠠ ᠤᠳᠤᠷᠢᠳᠤᠯᠭ᠎ᠠ ᠲᠤᠤᠷ᠎ᠠ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤ ᠠᠷᠠᠳ ᠤᠨ | ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠬᠦᠴᠦᠳᠠᠢ ᠳᠡᠮᠵᠢᠯᠭᠡ ᠪᠠᠷ᠂ ᠬᠤᠰᠢᠭᠤ ᠤᠯᠤᠰ | ᠲᠥᠷᠥ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠳ ᠤᠨ ᠬᠤᠷᠠᠯ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠦ ᠤᠯᠤᠰ ᠤᠨ ᠤᠨᠴᠠᠯᠢᠭ ᠪᠦᠭᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠨᠠᠮ ᠤᠨ | ᠠᠷᠪᠠᠨ ᠶᠢᠰᠦᠳᠦᠭᠡᠷ ᠶᠡᠭᠡ ᠬᠤᠷᠠᠯ ᠵᠢᠴᠢ ᠠᠷᠪᠠᠨ ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ᠂ ᠭᠤᠷᠪᠠᠳᠤᠭᠠᠷ᠂ | ᠲᠦᠷᠪᠡᠳᠦᠭᠡᠷ ᠤᠳᠠᠭᠠᠨ ᠤ ᠪᠦᠭᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠤᠱᠠᠯᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠦᠪᠯᠡᠯᠭᠡᠨ ᠤ ᠰᠢᠨ᠎ᠡ ᠪᠠᠶᠢᠷᠢᠰᠢᠯ᠂ ᠰᠢᠨ᠎ᠡ | ᠡᠭᠦᠷᠭᠡ ᠪᠠᠨ ᠰᠠᠶᠢᠳᠤᠷ ᠡᠵᠡᠮᠳᠠᠨ᠂ ᠦᠷᠭᠡᠨ ᠣᠯᠠᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠢᠶᠠᠨ | ᠪᠦᠯᠭᠦᠮᠳᠡᠭᠦᠯᠦᠨ ᠲᠠᠶᠢᠴᠢᠯᠠᠵᠤ᠂ ᠪᠦᠭᠦ ᠬᠤᠰᠢᠭᠤᠨ ᠤ ᠭᠤᠤᠯᠳᠠᠯᠭ᠎ᠠ ᠲᠠᠢ ᠠᠵᠢᠯ ᠡᠭᠦᠷᠭᠡ ᠶᠢᠨ ᠲᠤᠭᠤᠷᠢᠨ ᠳᠤ᠂ ᠤᠯᠤᠰ | ᠲᠥᠷᠥ ᠪᠠᠷ ᠵᠦᠪᠯᠡᠬᠦ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠲᠤ ᠤᠷᠣᠯᠴᠠᠨ᠂ ᠵᠠᠰᠠᠭ ᠢ ᠵᠦᠪᠯᠡᠬᠦ ᠡᠭᠦᠷᠭᠡ | ᠬᠠᠷᠢᠭᠤᠴᠠᠯᠭ᠎ᠠ ᠪᠠᠨ ᠯᠠᠪᠳᠠᠭᠤᠨ ᠪᠠᠳᠤᠲᠠᠢ ᠭᠦᠢᠴᠡᠳᠭᠡᠨ᠂ ᠪᠦᠭᠦ ᠬᠤᠰᠢᠭᠤᠨ ᠤ ᠴᠢᠨᠠᠷᠯᠢᠭ ᠬᠦᠭᠵᠢᠯᠳᠡ ᠶᠢ | ᠠᠬᠢᠭᠤᠯᠬᠤ ᠳᠤ ᠢᠳᠡᠪᠬᠢᠲᠠᠢ ᠬᠤᠪᠢ ᠨᠡᠮᠡᠷᠢ ᠪᠠᠨ ᠦᠵᠡᠭᠦᠯᠦᠭᠰᠡᠨ ᠭᠡᠵᠠᠢ᠃ | | | | | | | | | ᠪᠦᠷᠢᠨᠮᠦ᠋ᠩᠭᠡ ᠮᠡᠳᠡᠬᠦᠯᠦᠯᠳᠡ ᠳᠡᠭᠡᠨ ᠲᠦᠷᠪᠡᠨ ᠲᠠᠯ᠎ᠠ ᠠᠴᠠ 2019 ᠤᠨ ᠤ ᠤᠯᠤᠰ ᠲᠦᠷᠦ ᠶᠢᠨ ᠵᠦᠪᠯᠡᠯᠭᠡᠨ | ᠤ ᠠᠵᠢᠯ ᠢᠶᠠᠨ ᠡᠷᠬᠢᠴᠡᠬᠦᠯᠦᠨ ᠳ᠋ᠦᠩᠨᠡᠵᠠᠢ᠃ ᠤᠯᠤᠰ ᠲᠥᠷᠥ ᠶᠢᠨ ᠳᠠᠭᠠᠭᠤᠯᠭ᠎ᠠ ᠪᠠᠨ ᠴᠢᠩᠭᠠᠳᠬᠠᠵᠣ᠂ ᠬᠠᠮᠳᠦ ᠶᠢᠨ | ᠦᠵᠡᠯ ᠰᠠᠨᠠᠭᠠᠨ ᠤ ᠰᠠᠭᠤᠷᠢ ᠪᠠᠨ ᠪᠠᠳᠤᠳᠬᠠᠪᠠ᠃ ᠶᠡᠭᠡ ᠲᠠᠯ᠎ᠠ ᠳᠤ ᠦᠢᠯᠡᠴᠢᠯᠡᠨ᠂ ᠪᠦᠭᠦ ᠬᠤᠰᠢᠭᠤᠨ ᠤ ᠴᠢᠨᠠᠷᠯᠢᠭ | ᠬᠦᠭᠵᠢᠯᠳᠡ ᠶᠢ ᠠᠬᠢᠭᠤᠯᠬᠤ ᠳᠤ ᠠᠷᠭ᠎ᠠ ᠤᠬᠠᠭᠠᠨ ᠨᠡᠮᠡᠷᠢᠯᠡᠪᠡ᠃ ᠲᠠᠨᠢᠯᠲᠠ ᠪᠠᠨ ᠪᠠᠲᠤᠳᠬᠠᠵᠦ ᠬᠦᠴᠦᠨ ᠢᠶᠠᠨ | ᠨᠢᠭᠡᠳᠬᠡᠪᠡ᠃ ᠯᠠᠪᠳᠠᠭᠤᠨ ᠪᠠᠳᠤᠲᠠᠢ ᠠᠵᠢᠯ ᠤᠨ ᠰᠤᠷᠲᠠᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠪᠠ᠃ | | ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠪᠦᠷᠢᠨᠮᠦ᠋ᠩᠭᠡ ᠬᠤᠶᠢᠰᠢᠳᠠ ᠶᠢᠨ ᠠᠵᠢᠯ ᠳᠠᠭᠠᠨ | ᠪᠤᠳᠠᠳᠠᠢ ᠱᠠᠭᠠᠷᠳᠠᠯᠭ᠎ᠠ ᠳᠤᠷᠠᠳᠪᠠ᠃ ᠲᠡᠷᠡ 2020 ᠤᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠤᠨ | ᠪᠦᠳᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠰᠢᠪᠳᠣᠯᠣᠯᠲᠠ ᠬᠢᠭᠦ ᠵᠢᠯ ᠪᠤᠯᠤᠨ᠎ᠠ᠃ | ᠦᠷ᠎ᠡ ᠪᠥᠳᠥᠮᠵᠢ ᠶᠢ ᠳ᠋ᠦᠩᠨᠡᠬᠦ ᠵᠢᠯ ᠪᠤᠯᠤᠨ᠎ᠠ᠃ ᠢᠢᠮᠦ ᠠᠴᠠ ᠪᠢᠳᠡ ᠵᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠣᠯᠣᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠤᠤᠷ᠎ᠠ᠂ ᠨᠠᠮ ᠤᠨ | ᠠᠷᠪᠠᠨ ᠶᠢᠰᠦᠳᠦᠭᠡᠷ ᠬᠤᠭᠤᠴᠠᠭᠠᠨ ᠤ ᠳᠦᠷᠪᠡᠳᠦᠭᠡᠷ ᠪᠦᠭᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ ᠲᠤᠤᠱᠠᠯᠠᠭᠤᠯᠤᠨ | ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢᠶᠠᠨ ᠤᠯᠠᠮ ᠴᠢᠩᠭᠠᠳᠬᠠᠵᠦ᠂ ︽ᠳᠦᠷᠪᠡᠨ ᠢᠲᠡᠭᠡᠯ︾ ᠢ ᠡᠷᠡᠰ | ᠪᠠᠷᠢᠮᠲᠠᠯᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠣᠯᠣᠰ | ᠲᠥᠷᠥ ᠶᠢᠨ ᠵᠦᠪᠯᠡᠯᠭᠡᠨ ᠤ ᠬᠤᠷᠠᠯ ᠤᠨ ᠵᠣᠷᠢᠭ ᠰᠠᠨᠠᠭᠠᠨ ᠤ ᠲᠤᠭᠤᠷᠢᠨ ᠳᠤ ᠤᠯᠤᠰ ᠲᠦᠷᠦ ᠶᠢᠨ ᠵᠦᠪᠯᠡᠯᠭᠡᠨ ᠤ ᠠᠵᠢᠯ | ᠤᠨ ᠭᠤᠤᠯᠳᠠᠯᠭ᠎ᠠ ᠪᠠᠨ ᠤᠨᠤᠪᠴᠢᠲᠠᠢ ᠠᠳᠬᠤᠵᠤ᠂ ᠤᠯᠤᠰ ᠲᠦᠷᠦ ᠪᠠᠷ ᠵᠦᠪᠯᠡᠬᠦ᠂ ᠠᠷᠠᠳᠴᠢᠯᠠᠯ ᠢᠶᠠᠷ ᠬᠢᠨᠡᠯᠲᠠ | ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠬᠦ ᠬᠢᠷᠢ ᠳᠦᠪᠰᠢᠨ ᠢᠶᠠᠨ ᠳᠡᠭᠡᠭᠰᠢᠯᠡᠭᠦᠯᠵᠦ | ᠂ ᠵᠠᠰᠠᠭ ᠲᠤ ᠳᠤᠰᠠᠯᠠᠬᠤ ᠪᠠ ᠨᠢᠬᠲᠠᠷᠠᠯ ᠪᠦᠯᠬᠦᠮᠳᠡᠯ ᠢ ᠪᠠᠬᠢᠵᠢᠭᠦᠯᠬᠦ ᠲᠠᠯ᠎ᠠ ᠳᠤ ᠬᠦᠴᠦ ᠪᠠᠨ ᠲᠠᠯᠪᠢᠵᠦ᠂ ᠬᠦᠭᠵᠢᠨ | ᠴᠡᠴᠡᠭᠯᠡᠭᠰᠡᠨ ᠠᠵᠠ ᠵᠢᠷᠭᠠᠯᠲᠤ ᠠᠪᠠᠭ᠎ᠠ ᠨᠤᠲᠤᠭ ᠢᠶᠠᠨ ᠪᠦᠲᠦᠭᠡᠨ ᠪᠠᠶᠢᠭᠤᠯᠬᠤ ᠪᠠᠷ ᠴᠦᠬᠦᠷᠡᠰᠢ ᠦᠭᠡᠢ ᠳᠡᠮᠡᠴᠡᠬᠦ ᠬᠡᠷᠡᠭᠳᠡᠢ | ᠬᠡᠯᠡ᠃ | | | | | | | ᠪᠦᠷᠢᠨᠮᠦ᠋ᠩᠭᠡ ᠠᠵᠢᠯ ᠤᠨ ᠮᠡᠳᠡᠬᠦᠯᠦᠯᠳᠡ ᠳᠡᠭᠡᠨ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠦᠷᠦ ᠶᠢᠨ | ᠭᠤᠤᠯᠳᠠᠯᠭ᠎ᠠ ᠶᠢ ᠠᠳᠬᠤᠵᠦ᠂ ᠤᠨᠤᠯ ᠤᠨ ᠰᠤᠷᠤᠯᠴᠠᠯᠭ᠎ᠠ ᠪᠠᠨ ᠤᠯᠠᠮ ᠴᠢᠩᠭᠠᠳᠬᠠᠬᠤ ᠬᠡᠷᠡᠭᠳᠡᠢ᠃ ᠬᠤᠶᠠᠷ ᠲᠤ᠂ | ᠳᠤᠰᠢᠶᠠᠯ ᠤᠨ ᠭᠤᠤᠯᠳᠠᠯᠭ᠎ᠠ ᠪᠠᠨ ᠠᠳᠬᠤᠵᠦ᠂ ᠤᠨᠤᠪᠴᠢᠲᠠᠢ ᠪᠠᠷ ᠰᠠᠨᠠᠯ ᠲᠤᠷᠠᠳᠴᠤ ᠵᠠᠰᠠᠭ ᠲᠤ ᠲᠤᠰᠠᠯᠠᠨ᠎ᠠ᠃ ᠭᠤᠷᠪᠠ | ᠲᠤ᠂ ᠬᠤᠶᠠᠷ ᠲᠠᠯ᠎ᠠ ᠪᠠᠷ ᠬᠦᠴᠦᠯᠡᠬᠦ ᠶᠢ ᠠᠩᠬᠠᠷᠴᠦ᠂ ᠵᠦᠪ ᠡᠨᠧᠷᠭᠢ ᠶᠢ ᠬᠤᠷᠠᠮᠳᠤᠭᠤᠯᠤᠨ᠎ᠠ᠃ ᠲᠦᠷᠪᠡ ᠳᠤ᠂ ᠴᠢᠨᠡᠷ ᠢ | ᠲᠡᠬᠡᠭᠰᠢᠯᠡᠬᠦᠯᠵᠥ ᠠᠰᠢᠭ ᠢ ᠨᠡᠮᠡᠭᠳᠡᠬᠦᠯᠬᠦ ᠶᠢ ᠪᠠᠷᠢᠮᠳᠠᠯᠠᠵᠥ᠂ ᠲᠣᠰᠢᠶᠠᠯ ᠬᠦᠢᠴᠡᠳᠬᠡᠬᠦ ᠴᠢᠨᠡᠷ ᠴᠢᠨᠰᠠᠭ᠎ᠠ ᠪᠠᠨ ᠣᠯᠠᠮ ᠨᠢᠬᠡ | ᠠᠯᠬᠤᠮ ᠲᠡᠬᠡᠭᠰᠢᠯᠡᠬᠦᠯᠥᠨᠠ᠃ ᠲᠡᠪᠤ ᠳᠤ᠂ ᠲᠣᠰ ᠪᠡᠶ᠎ᠡ ᠶᠢᠨ ᠪᠠᠶᠢᠭᠤᠯᠥᠯᠳᠠ ᠪᠠᠨ ᠴᠢᠩᠭᠠᠳᠬᠠᠵᠥ᠂ ᠲᠣᠰᠢᠶᠠᠯ | ᠭᠦᠢᠴᠡᠳᠬᠡᠬᠦ ᠪᠠ ᠦᠢᠯᠡᠴᠢᠯᠡᠬᠦ ᠬᠢᠷᠢ ᠲᠦᠪᠰᠢᠨ ᠢᠶᠠᠨ ᠣᠯᠠᠮ ᠳᠡᠭᠡᠭᠰᠢᠯᠡᠬᠦᠯᠬᠦ ᠬᠡᠷᠡᠭᠳᠡᠢ ᠬᠡᠵᠠᠢ᠃ | | ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠰᠢᠶᠤᠤ ᠴᠦᠨ ᠨᠦᠬᠦᠷ ᠠᠴᠠ ᠶᠡᠭᠡ ᠬᠤᠷᠠᠯ | ᠳᠤ᠂ ᠠᠷᠪᠠᠳᠤᠭᠠᠷ ᠬᠤᠭᠤᠴᠠᠭᠠᠨ ᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠬᠦᠯᠦᠯᠳᠡ ᠬᠢᠵᠠᠢ᠃ ᠮᠡᠳᠡᠬᠦᠯᠦᠯᠳᠡ ᠳᠤ ᠵᠢᠭᠠᠭᠰᠠᠨ ᠨᠢ᠄ | ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ | ᠢᠶᠠᠷ ᠨᠡᠶᠢᠳᠡ 114 ᠬᠤᠪᠢ ᠰᠠᠨᠠᠯ ᠳᠤᠷᠠᠳᠤᠯᠭ᠎ᠠ ᠬᠤᠷᠢᠶᠠᠵᠦ᠂ 112 ᠬᠤᠪᠢ ᠶᠢ ᠨᠢ ᠳᠠᠩᠰᠠᠯᠠᠵᠦ᠂ ᠳᠠᠩᠰᠠᠯᠠᠭᠰᠠᠨ | ᠨᠤᠷᠮ᠎ᠠ 98.2% ᠳᠤ ᠬᠦᠷᠴᠠᠢ᠃ ᠡᠬᠦᠨ ᠤ ᠳᠤᠳᠤᠷ᠎ᠠ᠂ ᠬᠠᠮᠳᠤ ᠶᠢᠨ ᠰᠠᠨᠠᠯ ᠳᠤᠷᠠᠳᠤᠯᠭ᠎ᠠ 2 ᠬᠤᠪᠢ᠂ ᠨᠠᠷᠠ | ᠬᠤᠯᠪᠤᠭᠠᠯᠠᠭᠰᠠᠨ ᠰᠠᠨᠠᠯ ᠳᠤᠷᠠᠳᠤᠯᠭ᠎ᠠ 5 ᠬᠤᠪᠢ ᠪᠠᠶᠢᠨ᠎ᠠ᠃ ᠳᠠᠩᠰᠠᠯᠠᠭᠰᠠᠨ ᠰᠠᠨᠠᠯ ᠳᠤᠷᠠᠳᠤᠯᠭ᠎ᠠ ᠶᠢᠨ ᠳᠤᠳᠤᠷ᠎ᠠ ᠠᠵᠦ | ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 39 ᠬᠤᠪᠢ᠂ ᠪᠦᠬᠦ ᠲᠤᠭᠠᠨ ᠤ 34. | 8% ᠶᠢ ᠡᠵᠡᠯᠡᠨ᠂ ᠤᠯᠤᠰ ᠲᠦᠷᠦ ᠶᠢᠨ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 3 | ᠬᠤᠪᠢ᠂2.7% ᠶᠢ ᠡᠵᠡᠯᠡᠨ᠂ ᠰᠤᠶᠤᠯ ᠤᠨ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 18 | ᠬᠤᠪᠢ ᠪᠠᠶᠢᠵᠦ᠂ 16.1% ᠶᠢ ᠡᠵᠡᠯᠡᠨ᠂ ᠨᠡᠶᠢᠭᠡᠮ ᠤᠨ ᠪᠠᠶᠢᠭᠤᠯᠤᠯᠳᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 27 | ᠬᠤᠪᠢ᠂ 24.1% ᠶᠢ ᠡᠵᠡᠯᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠲᠠᠯ᠎ᠠ ᠪᠠᠷ ᠬᠢ ᠰᠠᠨᠠᠯ | ᠳᠤᠷᠠᠳᠤᠯᠭ᠎ᠠ 25 ᠬᠤᠪᠢ᠂ 22.3% ᠶᠢ ᠲᠤᠰ ᠲᠤᠰ ᠡᠵᠡᠯᠡᠪᠡ᠃ ᠪᠦᠬᠦ ᠰᠠᠨᠠᠯ ᠳᠤᠷᠠᠳᠤᠯᠭ᠎ᠠ ᠶᠢ ᠴᠦᠮ ᠳᠤᠭᠳᠠᠭᠰᠠᠨ | ᠬᠤᠭᠤᠴᠠᠭᠠᠨ ᠳᠤ ᠰᠢᠢᠳᠪᠦᠷᠢᠯᠡᠵᠦ ᠬᠠᠷᠢᠭᠤᠯᠳᠠ ᠦᠭᠭᠦᠭᠰᠡᠨ ᠪᠦᠭᠡᠳ ᠬᠠᠷᠢᠭᠤ ᠳᠤᠰᠬᠠᠬᠰᠠᠨ ᠪᠠᠶᠢᠳᠠᠯ ᠠᠴᠠ ᠦᠵᠡᠪᠡᠯ᠂ | ᠬᠡᠰᠢᠬᠦᠳ ᠤᠨ ᠬᠠᠨᠤᠮᠵᠢ ᠶᠢᠨ ᠨᠤᠷᠮ᠎ᠠ 90 % ᠳᠤ ᠬᠦᠷᠴᠠᠢ᠃ | | | | | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠳ᠋ᠧ ᠬᠤᠷᠠᠯ ᠳᠡᠭᠡᠷ᠎ᠡ ᠶᠠᠷᠢᠶ᠎ᠠ ᠲᠠᠯᠪᠢᠨ᠂ ᠲᠡᠷᠡ ᠶᠠᠷᠢᠶᠠᠨ | ᠳᠠᠭᠠᠨ᠄ 2020 ᠤᠨ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠ ︽ᠠᠷᠪᠠᠨ | ᠭᠤᠷᠪᠠᠳᠤᠭᠠᠷ ᠲᠠᠪᠤᠨ︾ ᠵᠢᠯ ᠤᠨ ᠲᠦᠯᠦᠪᠵᠢᠬᠦᠯᠭᠡ ᠶᠢᠨ ᠡᠴᠦᠰ ᠤᠨ ᠵᠢᠯ ᠪᠤᠯᠤᠨ᠎ᠠ᠂ ᠮᠦᠨᠴᠦ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠤᠯᠬᠤ ᠵᠢᠯ ᠮᠦᠨ᠃ ᠪᠦᠬᠦ ᠵᠢᠯ ᠤᠨ ᠠᠵᠢᠯ ᠢ | ᠰᠠᠶᠢᠳᠤᠷ ᠬᠢᠬᠦ ᠨᠢ ᠬᠦᠨᠳᠦ ᠴᠢᠬᠤᠯᠠ ᠠᠴᠢ ᠬᠤᠯᠪᠤᠭᠳᠠᠯ ᠲᠠᠢ᠂ ᠡᠬᠦᠷᠭᠡ ᠬᠠᠷᠢᠭᠤᠴᠠᠯᠭ᠎ᠠ ᠬᠦᠨᠳᠦ᠂ ᠪᠦᠬᠦ ᠬᠤᠰᠢᠭᠤᠨ ᠤ | ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠤ ᠮᠠᠩᠯᠠᠶᠢᠯᠠᠨ ᠤᠷᠤᠭᠰᠢᠯᠠᠯᠳᠠ᠂ ᠮᠡᠷᠡᠶᠢᠨ ᠴᠢᠷᠮᠠᠶᠢᠯᠳᠠ ᠴᠢᠬᠤᠯᠠᠳᠠᠢ᠂ | ᠨᠠᠩ ᠴᠢᠬᠤᠯᠠ ᠨᠢ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠪᠦᠬᠦ ᠲᠠᠯ᠎ᠠ ᠶᠢᠨ ᠳᠡᠮᠵᠢᠯᠭᠡ ᠪᠠ ᠦᠷᠭᠡᠨ | ᠬᠡᠪᠴᠢᠶᠡᠨ ᠤ ᠦᠢᠯᠡᠳᠦᠯᠭᠡ ᠪᠤᠯᠤᠨ᠎ᠠ ᠭᠡᠵᠠᠢ᠃ | | ᠸᠠᠩ ᠳ᠋ᠧ ᠶᠠᠷᠢᠶᠠᠨ ᠳᠠᠭᠠᠨ᠄ ᠠᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠲᠤ | ᠬᠠᠨᠳᠤᠵᠦ᠂ ᠦᠵᠡᠯ ᠰᠠᠨᠠᠭ᠎ᠠ ᠪᠠᠨ ᠴᠢᠯᠦᠭᠡᠯᠡᠵᠦ᠂ ᠴᠠᠭ ᠦᠶ᠎ᠠ ᠲᠠᠢ ᠵᠡᠷᠭᠡᠴᠡᠨ ᠤᠷᠤᠭᠰᠢᠯᠠᠵᠦ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠠᠶᠢᠮᠠᠭ | ᠤᠨ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠳᠠ ᠲᠠᠢ ᠨᠢᠭᠡᠳᠦᠬᠦᠯᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ | ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ᠂ ᠵᠠᠰᠠᠭ ᠲᠤ ᠤᠷᠤᠯᠴᠠᠨ ᠵᠠᠰᠠᠭ ᠤᠨ ᠶᠠᠪᠤᠳᠠᠯ ᠢ ᠵᠦᠪᠯᠡᠵᠦ᠂ ᠰᠠᠨᠠᠯ | ᠰᠠᠨᠠᠭᠤᠯᠭ᠎ᠠ ᠳᠤᠷᠠᠳᠤᠨ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠠᠵᠢᠯ ᠤᠨ ᠤᠪᠤᠷ ᠰᠤᠷᠳᠠᠯ ᠢᠶᠠᠷ ᠮᠠᠨ ᠤ | ᠬᠤᠰᠢᠭᠤᠨ ᠤ ᠠᠵᠦ ᠠᠬᠤᠢ ᠨᠡᠶᠢᠭᠡᠮ ᠤᠨ ᠡᠷᠡᠬᠦᠯ ᠲᠤᠭᠳᠠᠭᠤᠨ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠬᠡᠵᠠᠢ᠃ | ᠰᠢᠨ᠎ᠠ ᠴᠠᠭ ᠦᠶ᠎ᠠ ᠶᠢᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠰᠠᠶᠢᠳᠤᠷ ᠬᠢᠬᠦ ᠲᠤᠬᠠᠢ ᠸᠠᠩ ᠳ᠋ᠧ | ᠭᠤᠷᠪᠠᠨ ᠲᠠᠯ᠎ᠠ ᠶᠢᠨ ᠰᠠᠨᠠᠯ ᠳᠤᠷᠠᠳᠤᠭᠰᠠᠨ ᠪᠠᠶᠢᠨ᠎ᠠ᠄ ᠨᠢᠭᠡ ᠳᠤ᠂ ᠰᠢᠨ᠎ᠠ ᠪᠠᠶᠢᠳᠠᠯ ᠰᠢᠨ᠎ᠠ ᠡᠬᠦᠷᠭᠡ ᠶᠢᠨ ᠱᠠᠭᠠᠷᠳᠠᠯᠭ᠎ᠠ | ᠳᠤ ᠵᠤᠬᠢᠴᠠᠨ᠂ ᠡᠬᠦᠷᠭᠡ ᠴᠢᠳᠠᠪᠬᠢ ᠪᠠᠨ ᠬᠦᠢᠴᠡᠳ ᠪᠠᠳᠠᠷᠠᠭᠤᠯᠬᠤ ᠬᠡᠷᠡᠭᠳᠡᠢ᠃ ᠬᠤᠶᠠᠷ ᠲᠤ᠂ ᠤᠯᠤᠰ ᠲᠦᠷᠦ ᠶᠢᠨ | ᠵᠦᠪᠯᠡᠯᠭᠡᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠠᠵᠢᠯ ᠤᠨ | ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠬᠦᠯᠬᠦ ᠬᠡᠷᠡᠭᠳᠡᠢ᠃ ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ | ᠂ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠳᠡᠢ ᠬᠡᠵᠠᠢ᠃ | ᠬᠤᠷᠠᠯ ᠳᠡᠭᠡᠷ᠎ᠡ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠲᠤ᠋᠂ ᠲᠦᠮᠡᠨᠪᠠᠶᠠᠷ᠂ ᠨᠢᠩᠵᠢᠨ ᠠᠴᠠ ︽ | ᠤᠶᠤᠨ ᠤ ᠶᠠᠳᠠᠭᠤᠷᠠᠯ ᠠᠴᠠ ᠲᠠᠶᠢᠯᠤᠶ᠎ᠠ︾ ᠪᠠ ︽ᠰᠢᠨ᠎ᠠ ᠴᠠᠭ ᠦᠶ᠎ᠠ ᠶᠢᠨ ᠭᠡᠷ ᠤᠨ ᠬᠦᠮᠦᠵᠢᠯ ᠤᠨ ᠬᠦᠭᠵᠢᠯᠳᠡ ᠶᠢᠨ | ᠬᠠᠨᠳᠤᠰᠢ ᠶᠢᠨ ᠲᠤᠬᠠᠢ ᠰᠠᠨᠠᠭᠤᠯᠤᠮᠵᠢ︾ ᠬᠡᠬᠦ ᠰᠡᠳᠦᠪ ᠢᠶᠠᠷ ᠢᠯᠡᠳᠬᠡᠯ ᠬᠢᠵᠠᠢ᠃ ᠶᠡᠭᠡ ᠬᠤᠷᠠᠯ ᠤᠨ ᠳᠠᠷᠠᠭ᠎ᠠ᠂ ᠪᠦᠬᠦ | ᠬᠡᠰᠢᠬᠦᠳ ᠬᠠᠮᠳᠤᠪᠡᠷ ᠮᠠᠨ ᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠳᠡᠤᠬᠡ ᠶᠢᠨ ᠤᠷᠳᠤᠨ ᠢᠶᠠᠷ | ᠲᠤᠭᠤᠷᠢᠨ ᠦᠵᠡᠭᠰᠡᠨ ᠪᠠᠶᠢᠨ᠎ᠠ᠃ | | | | | |