ᠠᠪᠠᠭ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ  ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ‌ᠦᠪᠡᠳᠡᠭᠰᠢ ᠡᠬᠢᠯᠡᠪᠡ
ᠨᠡᠶᠢᠲᠡᠯᠡᠭᠰᠡᠨ ᠴᠠᠭ᠄
2020/5/19
     5 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠠᠪᠠᠭ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ  ᠭᠤᠷᠪᠠᠳᠤᠭᠠᠷ ᠤᠳᠠᠭᠠᠨ ᠤ ᠬᠤᠷᠠᠯᠳᠤᠭᠠᠨ ᠨᠢ ᠠᠪᠠᠭ᠎ᠠ ᠬᠤᠰᠢᠭᠤᠨ ᠤ ᠰᠤᠶᠤᠯ ᠤᠬᠠᠭᠤᠯᠭ᠎ᠠ ᠶᠢᠨ ᠲᠦᠪ ᠲᠤ ᠦᠪᠡᠳᠡᠭᠰᠢ ᠡᠬᠢᠯᠡᠭᠰᠡᠨ ᠪᠠᠶᠢᠨ᠎ᠠ᠃
     ᠲᠤᠰ ᠤᠳᠠᠭᠠᠨ ᠤ ᠬᠤᠷᠠᠯ ᠤᠨ ᠬᠦᠢᠴᠡᠳᠬᠡᠭᠴᠢ ᠳᠡᠷᠢᠭᠦᠯᠡᠭᠴᠢ ᠪᠤᠯ᠄ ᠬᠠᠰᠪᠠᠶᠡᠷ᠂ ᠢᠦᠢ ᠬᠠᠢ ᠴᠧᠩ᠂ ᠪᠤᠯᠤᠳᠪᠠᠭᠠᠳᠤᠷ᠂ ᠸᠠᠩ ᠳ᠋ᠧ᠂ ᠪᠠᠢ ᠲᠢᠶᠧ ᠵᠤᠸᠠᠩ᠂ ᠰᠥᠩ ᠱᠧᠦ ᠢ᠂ ᠯᠢᠤ ᠰᠢᠶᠣᠣ ᠮᠢᠨ᠂ ᠬᠢᠴᠢᠶᠡᠯᠳᠤ᠂ ᠬᠡᠥ ᠵᠢᠶᠠᠨ ᠫᠢᠩ᠂ ᠦᠨᠢᠪᠠᠶᠠᠷ᠂ ᠡᠷᠳᠡᠨᠢᠰᠤᠶᠤᠯ᠂  ᠬᠠᠰᠴᠡᠴᠡᠭ᠂ ᠰᠤᠶᠤᠯᠪᠠᠭᠠᠳᠤᠷ᠂ ᠾᠧ ᠴᠧᠩ ᠬᠤᠸᠠ᠂ ᠰᠢᠶᠤᠤ ᠡᠷᠳᠡᠮᠳᠦ᠃
     ᠳᠤᠰ ᠤᠳᠠᠭᠠᠨ ᠤ ᠬᠤᠷᠡᠯ ᠳᠤ ᠤᠷᠤᠯᠴᠠᠬᠤ ᠵᠤᠬᠢᠰᠳᠠᠢ ᠲᠦᠯᠦᠭᠡᠯᠡᠭᠴᠢ 135 ᠨᠠᠷ᠎ᠠ᠂  ᠪᠤᠳᠠᠳᠠᠢ ᠤᠷᠤᠯᠴᠠᠭᠰᠠᠨ  ᠨᠢ 126 ᠨᠠᠷ᠎ᠠ ᠲᠦᠯᠦᠭᠡᠯᠡᠭᠴᠢ ᠪᠠᠶᠢᠵᠤ᠂ ᠬᠠᠤᠯᠢ ᠳᠤ ᠲᠤᠭᠳᠠᠭᠠᠭᠰᠠᠨ ᠬᠦᠮᠦᠨ ᠤ ᠲᠤᠭᠠᠨ ᠳᠤ  ᠨᠡᠶᠢᠴᠡᠵᠠᠢ᠃     ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠤᠯᠤᠰ ᠤᠨ ᠰᠦᠯᠳᠡ ᠲᠠᠭᠤᠤ ᠭᠦᠭᠵᠢᠮᠳᠡᠨ᠂ ᠶᠡᠭᠡ ᠬᠤᠷᠠᠯ ᠵᠢᠩᠭᠢᠨᠢ ᠪᠠᠷ ᠡᠬᠢᠯᠡᠵᠦ᠂ ᠶᠡᠭᠡ ᠬᠤᠷᠠᠯ ᠤᠨ ᠬᠦᠢᠴᠡᠳᠬᠡᠭᠴᠢ ᠳᠡᠷᠢᠭᠦᠯᠡᠭᠴᠢ᠂ ᠳᠡᠷᠢᠭᠦᠯᠡᠭᠴᠢᠳ ᠤᠨ ᠪᠦᠯᠬᠦᠮ ᠤᠨ ᠪᠠᠶᠢᠡᠭᠭᠤ ᠶᠢᠨ ᠳᠡᠷᠢᠭᠦᠯᠡᠭᠴᠢ ᠪᠢᠶᠡᠨ ᠢᠦᠢ ᠯᠦᠩ ᠠᠴᠠ ᠶᠡᠭᠡ ᠬᠤᠷᠠᠯ ᠢ ᠡᠷᠬᠢᠯᠡᠪᠡ᠃ᠢᠤᠢ ᠬᠠᠢ ᠴᠧᠩ ᠨᠦᠬᠦᠷ ᠠᠴᠠ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ  ᠤᠨ ᠢᠯᠡᠳᠬᠡᠯ ᠬᠢᠵᠠᠢ᠃     ᠢᠯᠡᠳᠬᠡᠯ ᠳᠤ ᠦᠩᠭᠡᠷᠡᠭᠰᠡᠨ ᠲᠠᠪᠤᠨ ᠵᠢᠯ ᠤᠨ ᠲᠤᠷᠰᠢᠬᠢ ᠡᠯ᠎ᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠡᠷᠬᠢᠴᠡᠬᠦᠯᠦᠨ ᠳ᠋ᠦᠩᠨᠡᠵᠦ᠂ 2020 ᠤᠨ ᠤ ᠡᠯ᠎ᠡ ᠲᠠᠯ᠎ᠠ ᠶᠢᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠭᠰᠡᠨ ᠪᠠᠶᠢᠨ᠎ᠠ     ᠢᠤᠢ ᠬᠠᠢ ᠴᠧᠩ ᠢᠯᠡᠳᠬᠡᠯ ᠳᠡᠭᠡᠨ᠄ 2019 ᠤᠨ ᠪᠤᠯ ᠬᠤᠰᠢᠭᠤ ᠲᠠᠶᠠᠭᠠᠷ ᠬᠦᠴᠢᠷ ᠢ ᠰᠦᠷᠤᠨ ᠡᠷᠡᠮᠡᠬᠡᠶᠢᠯᠡᠨ ᠤᠷᠤᠭᠰᠢᠯᠠᠵᠤ᠂ ᠬᠠᠳᠠᠭᠤᠵᠢᠯᠳᠡᠢ ᠲᠠᠮᠠᠴᠠᠨ ᠪᠤᠳᠡᠳᠡᠢ ᠠᠵᠢᠯᠯᠠᠭᠰᠡᠨ ᠶᠠᠷᠤ ᠪᠤᠰᠤ ᠶᠢᠨ ᠨᠢᠬᠡ ᠵᠢᠯ ᠪᠤᠯᠬᠤ ᠶᠤᠮ᠃ ᠨᠢᠬᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠤᠳᠤᠷᠢᠳᠤᠯᠭ᠎ᠠ᠂ ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠤ ᠬᠢᠨᠡᠯᠳᠡ ᠲᠡᠮᠵᠢᠯᠬᠡ ᠲᠤᠤᠷ᠎ᠠ᠂ ᠪᠢᠳᠠ ᠰᠢ  ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ  ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠤᠳᠤᠬᠡᠷ ᠶᠡᠭᠡ ᠬᠤᠷᠡᠯ ᠪᠤᠯᠤᠨ ᠠᠷᠪᠠ ᠶᠢᠰᠤᠳᠤᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ ᠪᠦᠬᠦᠳᠠ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠨᠤᠪᠴᠢᠳᠡᠢ ᠨᠠᠶᠢᠳᠠᠪᠣᠷᠢᠵᠢᠭᠤᠯᠵᠣ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠪᠠ᠃ ᠪᠦᠬᠦ ᠵᠢᠯ ᠳᠤ᠂ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ  ᠢ 34.9 ᠳ᠋ᠦᠩᠰᠢᠭᠤᠷ ᠲᠦᠬᠦᠷᠢᠭ ᠪᠠᠶᠠᠯᠠᠬᠦᠯᠵᠤ᠂ 5.7% ᠪᠠᠷ ᠨᠡᠮᠡᠭᠳᠡᠨ᠂ ᠪᠦᠬᠦ ᠠᠶᠢᠮᠠᠭ ᠤᠨ ᠲᠦᠷᠪᠡᠳᠤᠬᠡᠷ ᠲᠤ ᠵᠢᠭᠰᠠᠭᠠᠭᠳᠠᠪᠠ︔ ᠡᠩ ᠤᠨ ᠤᠯᠠᠨ ᠨᠠᠶᠢᠳᠠ ᠶᠢᠨ ᠲᠦᠰᠤᠪ ᠤᠨ ᠤᠷᠤᠯᠭ᠎ᠠ 1.88 ᠳ᠋ᠦᠩᠰᠢᠭᠤᠷ ᠲᠦᠬᠦᠷᠢᠭ ᠲᠤ ᠬᠦᠷᠴᠤ᠂ 14.2% ᠢᠶᠠᠷ ᠨᠡᠮᠡᠭᠳᠡᠨ᠂ ᠪᠦᠬᠦ ᠠᠶᠢᠮᠠᠭ ᠤᠨ ᠲᠦᠷᠪᠡᠳᠤᠬᠡᠷ ᠲᠤ ᠵᠢᠭᠰᠠᠭᠠᠭᠳᠠᠪᠠ᠃ ᠲᠤᠭᠳᠠᠮᠠᠯ ᠬᠦᠷᠤᠩᠬᠡ  ᠶᠢᠨ ᠪᠡᠯᠡ ᠤᠷᠤᠭᠤᠯᠤᠯᠳᠠ 18.1 ᠳ᠋ᠦᠩᠰᠢᠭᠤᠷ ᠲᠦᠬᠦᠷᠢᠭ ᠲᠤ ᠬᠦᠷᠴᠣ᠂ 104% ᠪᠠᠷ ᠨᠡᠮᠡᠭᠳᠠᠨ᠂ ᠪᠦᠬᠦ ᠠᠶᠢᠮᠠᠭ  ᠤᠨ ᠲᠠᠷᠢᠬᠦᠨ ᠳᠤ ᠵᠢᠭᠰᠠᠭᠠᠭᠳᠠᠪᠠ︔ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ 12.9 ᠳ᠋ᠦᠩᠰᠢᠭᠤᠷ ᠲᠦᠬᠦᠷᠢᠭ ᠲᠤ ᠬᠦᠷᠴᠤ᠂ 3.1% ᠪᠠᠷ ᠨᠡᠮᠡᠭᠳᠡᠨ᠂ ᠪᠦᠬᠦ ᠠᠶᠢᠮᠠᠭ ᠤᠨ ᠲᠤᠯᠤᠳᠤᠭᠠᠷ  ᠲᠤ ᠵᠢᠭᠰᠠᠭᠠᠭᠳᠠᠪᠠ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠲᠤᠰ ᠲᠤᠰ 40025 ᠲᠦᠬᠦᠷᠢᠭ ᠪᠠ 28335 ᠲᠦᠬᠦᠷᠢᠭ ᠲᠤ ᠬᠦᠷᠴᠤ᠂ 6.3% ᠪᠠ 9.5% ᠪᠠᠷ ᠨᠡᠮᠡᠭᠳᠡᠨ᠂ ᠪᠦᠬᠦ ᠠᠶᠢᠮᠠᠭ ᠤᠨ ᠵᠢᠷᠭᠤᠳᠤᠭᠠᠷ ᠪᠠ ᠲᠤᠯᠤᠳᠤᠭᠠᠷ ᠲᠤ ᠵᠢᠭᠰᠠᠭᠠᠭᠳᠠᠪᠠ᠃ 30 ᠭᠤᠤᠯᠳᠠᠯᠭ᠎ᠠ  ᠲᠠᠢ ᠲᠦᠷᠤᠯ ᠵᠥᠢᠯ ᠢ ᠪᠦᠬᠦᠨ ᠢ ᠠᠵᠢᠯ ᠡᠬᠢᠯᠡᠬᠦᠯᠵᠤ᠂ 31.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠠᠶᠠᠯᠠᠬᠦᠯᠪᠠ᠃
     ᠢᠤᠢ ᠬᠠᠢ ᠴᠧᠩ ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠬᠦᠯᠬᠦ ᠳᠡᠭᠡᠨ᠄ ᠬᠤᠷᠢᠭ᠎ᠠ ᠱᠤᠭᠤᠮ ᠢ ᠪᠠᠳᠤ ᠰᠠᠬᠢᠵᠦ᠂ ᠲᠤᠭᠳᠠᠭᠤᠨ ᠢ ᠠᠭᠢᠭᠤᠯᠤᠨ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢᠯᠡᠳᠳᠡ ᠦᠷ᠎ᠠ ᠪᠦᠳᠦᠮᠵᠢ ᠲᠠᠢ ᠪᠤᠯᠤᠭᠰᠠᠨ᠂ ᠪᠦᠳᠦᠴᠡ ᠶᠢ ᠲᠤᠬᠢᠷᠠᠭᠤᠯᠵᠤ᠂ ᠲᠡᠰ ᠲᠡᠪᠰᠢᠭᠦᠯᠬᠦ ᠶᠢ ᠠᠬᠢᠭᠤᠯᠤᠨ᠂ ᠠᠵᠤ ᠠᠬᠤᠢ ᠶᠢᠨ ᠴᠢᠨᠠᠷ ᠴᠢᠨᠰᠠᠭ᠎ᠠ ᠲᠤᠭᠳᠠᠭᠤᠨ ᠢᠶᠠᠷ ᠲᠡᠭᠡᠭᠰᠢᠯᠡᠭᠰᠡᠨ᠂ ᠥᠭᠡᠷᠡᠴᠢᠯᠡᠯᠳᠡ ᠶᠢ ᠠᠳᠬᠤᠵᠤ᠂ ᠭᠦᠭᠵᠢᠯᠳᠡ ᠶᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠥᠷᠭᠦᠯᠵᠢᠯᠡᠨ  ᠰᠢᠯᠢᠳᠡᠭᠵᠢᠭᠰᠡᠨ᠂ ᠰᠠᠭᠤᠷᠢ ᠪᠠᠨ ᠪᠠᠬᠢᠵᠢᠭᠦᠯᠦᠨ᠂ ᠲᠡᠭᠡᠭᠰᠢᠯᠡᠯᠳᠡ ᠶᠢ ᠠᠭᠢᠭᠤᠯᠵᠤ᠂ ᠭᠦᠭᠵᠢᠯᠳᠡ ᠶᠢᠨ ᠪᠠᠳᠤᠯᠠᠭ᠎ᠠ ᠶᠢᠨ ᠴᠢᠳᠠᠪᠤᠷᠢ ᠪᠠᠨ ᠥᠷᠭᠦᠯᠵᠢᠯᠡᠨ ᠰᠠᠶᠢᠵᠢᠷᠠᠭᠰᠠᠨ᠂ ᠠᠷᠠᠳ ᠲᠤ ᠠᠰᠢᠭ ᠬᠦᠷᠳᠡᠭᠡᠵᠦ᠂ ᠡᠶ᠎ᠡ ᠵᠤᠭᠢᠴᠠᠯ ᠢ ᠠᠬᠢᠭᠤᠯᠤᠨ᠂ ᠵᠤᠯ ᠵᠢᠷᠭᠠᠯ ᠤᠨ ᠵᠢᠭᠠᠯᠳᠠ ᠲᠤᠭ᠎ᠠ ᠲᠠᠰᠤᠷᠠᠯᠳᠠ ᠦᠭᠡᠢ ᠲᠡᠭᠡᠭᠰᠢᠯᠡᠭᠰᠡᠨ ᠵᠡᠷᠭᠡ ᠲᠠᠪᠤᠨ ᠲᠠᠯ᠎ᠠ ᠪᠠᠷ ᠳ᠋ᠦᠩᠨᠡᠨ ᠶᠠᠷᠢᠭᠰᠠᠨ ᠪᠠᠶᠢᠨ᠎ᠠ᠃     ᠢᠤᠢ ᠬᠠᠢ ᠴᠧᠩ ᠵᠢᠭᠠᠬᠤ ᠳᠠᠭᠠᠨ᠄ ᠦᠨᠤ ᠵᠢᠯ ᠪᠤᠯ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠤᠪᠵᠢᠬᠦᠯᠬᠡ  ᠶᠢᠨ ᠡᠴᠤᠰ ᠤᠨ ᠵᠢᠯ ᠪᠤᠯᠬᠤ ᠮᠦᠷᠳᠡᠬᠡᠨ ᠨᠠᠩ ᠴᠤ ᠴᠢᠨᠠᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠠᠯᠡᠬᠦᠯᠵᠤ᠂ ᠶᠠᠳᠠᠭᠤ  ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠤ ᠢᠯᠠᠯᠳᠠ ᠶᠢ ᠲᠠᠮᠠᠴᠠᠨ ᠤᠯᠬᠤ ᠵᠢᠯ ᠪᠤᠯᠬᠤᠷ ᠡᠨ᠋ᠨ ᠵᠢᠯ ᠤᠨ ᠠᠵᠢᠯ ᠢ ᠰᠠᠶᠢᠳᠤᠷ ᠬᠢᠬᠦ ᠶᠢᠨ ᠬᠠᠷᠢᠭᠤᠴᠠᠯᠭ᠎ᠠ ᠬᠦᠡᠳᠤ ᠴᠢᠬᠤᠯᠠ ᠪᠤᠯᠤᠨ᠎ᠠ᠃  ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠰᠡᠳᠬᠢᠴᠡ ᠪᠤᠯ᠄ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ  ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠡᠯ ᠪᠠ ᠠᠷᠪᠠ ᠶᠢᠰᠤᠳᠤᠬᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ ᠪᠦᠬᠦᠳᠠ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠠᠷᠤᠩᠬᠡᠢ ᠱᠦᠵᠢ ᠶᠢᠨ ᠦᠪᠤᠷ ᠮᠤᠩᠭᠤᠯ  ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠡᠵᠡᠬᠡᠢ ᠨᠠᠶᠢᠳᠠᠪᠤᠷᠢᠵᠢᠭᠤᠯᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠠᠶᠠᠯᠠᠬᠦᠯᠬᠦ ᠬᠠᠷᠠᠯᠳᠠ ᠡᠬᠦᠷᠬᠡ ᠲᠠᠢ ᠨᠢᠭᠳᠠ ᠤᠶᠠᠯᠳᠤᠭᠤᠯᠤᠨ᠂ ᠶᠠᠷᠤᠩᠬᠡᠢ ᠪᠠᠶᠢᠷᠢᠯᠠᠭᠤᠯᠤᠯᠳᠠ ᠶᠢ ᠬᠤᠪᠢᠷᠠᠭᠤᠯᠬᠤ ᠦᠬᠡᠢ᠂ ᠬᠠᠷᠠᠯᠳᠠ ᠡᠬᠦᠷᠬᠡ ᠪᠠᠨ ᠭᠤᠶᠢᠪᠢᠰᠢ ᠦᠬᠡᠢ ᠪᠠᠷᠢᠮᠳᠠᠯᠠᠵᠤ᠂ ᠲᠤᠭᠳᠠᠭᠤᠨ ᠤ ᠲᠤᠮᠳᠠ ᠤᠷᠤᠭᠰᠢᠯᠡᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠠᠮᠢ ᠠᠬᠤᠢ ᠶᠢ ᠡᠩ ᠲᠠᠷᠢᠬᠦᠨ ᠳᠤ ᠲᠠᠯᠪᠢᠬᠤ᠂ ᠪᠤᠬᠢᠷᠳᠤᠯ ᠦᠬᠡᠢ ᠬᠦᠭᠵᠢᠯᠳᠠ ᠶᠢ ᠪᠠᠷᠢᠮᠳᠠᠯᠠᠵᠤ᠂ ᠰᠢᠨ᠎ᠠ ᠬᠦᠭᠵᠢᠯᠳᠠ ᠶᠢᠨ ᠦᠵᠡᠯᠳᠡ ᠶᠢ ᠡᠷᠡᠰ ᠭᠤᠶᠢᠪᠢᠰᠢ ᠦᠬᠡᠢ ᠨᠠᠶᠢᠳᠠᠪᠤᠷᠢᠵᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠡᠢ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠪᠠᠷ ᠬᠦᠳᠡᠯᠬᠡᠬᠦ ᠬᠦᠴᠤᠨ ᠪᠤᠯᠭᠠᠬᠤ ᠶᠢ ᠪᠠᠷᠢᠮᠳᠠᠯᠠᠵᠤ᠂ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠢᠯᠡᠯᠳᠡ ᠶᠢ ᠡᠷᠡᠰ ᠲᠠᠮᠠᠴᠠᠨ ᠤᠯᠵᠤ᠂ ︽ᠵᠢᠷᠭᠤᠭᠠᠨ ᠲᠤᠭᠳᠠᠭᠤᠨ︾ ᠤ ᠠᠵᠢᠯ ᠢ ᠯᠠᠪᠳᠠᠭᠤᠨ ᠪᠠᠳᠤᠳᠡᠢ ᠰᠠᠶᠢᠳᠤᠷ ᠬᠢᠵᠤ ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷᠳᠡᠢ ᠰᠡᠷᠬᠡᠶᠢᠯᠡᠨ ᠡᠵᠡᠮᠳᠡᠬᠦ ᠶᠢᠨ ᠬᠠᠮᠳᠤ ᠠᠵᠤ ᠠᠬᠤᠢ ᠨᠠᠶᠢᠬᠡᠮ ᠤᠨ ᠴᠢᠨᠠᠷ ᠰᠠᠶᠢᠳᠡᠢ ᠬᠦᠭᠵᠢᠯᠳᠠ ᠶᠢ ᠠᠬᠢᠭᠤᠯᠵᠤ᠂ ᠬᠢᠵᠢᠭ  ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠬᠤᠤᠰ ᠢᠯᠠᠯᠳᠠ ᠶᠢ ᠲᠠᠮᠠᠴᠠᠨ ᠤᠯᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠠᠶᠠᠯᠠᠬᠦᠯᠬᠦ ᠪᠠ    ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠦᠯᠦᠪᠵᠢᠬᠦᠯᠬᠡ ᠶᠢ ᠲᠡᠬᠦᠰ ᠠᠮᠵᠢᠯᠳᠠ ᠲᠠᠢ ᠪᠠᠶᠠᠯᠠᠬᠦᠯᠬᠦ ᠶᠢ ᠦᠨᠡᠡᠬᠦ ᠪᠠᠳᠤᠯᠠᠬᠤ  ᠪᠤᠯᠤᠨ᠎ᠠ ᠭᠡᠵᠠᠢ᠃      ᠦᠨᠤ ᠵᠢᠯ ᠤᠨ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠪᠦᠬᠦ ᠵᠢᠯ ᠳᠤ ᠭᠠᠵᠡᠷ ᠤᠷᠤᠨ ᠤ ᠦᠢᠯᠡᠳᠪᠤᠷᠢᠯᠡᠯ ᠤᠨ ᠶᠠᠷᠤᠩᠬᠡᠢ ᠦᠷᠳᠡᠭ ᠢ 37.1 ᠳ᠋ᠦᠩᠰᠢᠭᠤᠷ ᠲᠦᠬᠦᠷᠢᠭ ᠪᠠᠶᠠᠯᠠᠬᠦᠯᠵᠤ᠂ 6.1%  ᠪᠠᠷ ᠨᠡᠮᠡᠭᠳᠡᠬᠦᠯᠤᠨ᠎ᠠ︔ ᠡᠩ ᠤᠨ ᠤᠯᠠᠨ ᠨᠠᠶᠢᠳᠠ ᠶᠢᠨ ᠲᠦᠰᠤᠪ ᠤᠨ ᠤᠷᠤᠯᠭ᠎ᠠ ᠶᠢ 1.9 ᠳ᠋ᠦᠩᠰᠢᠭᠤᠷ ᠲᠦᠬᠦᠷᠢᠭ ᠲᠤ ᠬᠦᠷᠬᠡᠵᠤ᠂ 1.5% ᠨᠡᠮᠡᠭᠳᠡᠬᠦᠯᠤᠨ᠎ᠠ︔ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 49 ᠳ᠋ᠦᠩᠰᠢᠭᠤᠷ ᠲᠦᠬᠦᠷᠢᠭ ᠲᠤ ᠬᠦᠷᠬᠡᠵᠤ᠂ 170% ᠪᠠᠷ ᠨᠡᠮᠡᠭᠳᠡᠬᠦᠯᠵᠤ᠂ ᠨᠠᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 13.4 ᠳ᠋ᠦᠩᠰᠢᠭᠤᠷ ᠲᠦᠬᠦᠷᠢᠭ ᠲᠤ ᠬᠦᠷᠬᠡᠵᠤ᠂ 4.0% ᠪᠠᠷ ᠨᠡᠮᠡᠭᠳᠡᠬᠦᠯᠤᠨ᠎ᠠ᠃ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠲᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰ ᠲᠤᠰ 42600 ᠲᠦᠬᠦᠷᠢᠭ ᠪᠠ 30740 ᠲᠦᠬᠦᠷᠢᠭ ᠪᠤᠯᠭᠠᠵᠤ᠂ 6.5% ᠪᠠ 8.5% ᠪᠠᠷ ᠨᠡᠮᠡᠭᠳᠡᠬᠦᠯᠤᠨ᠎ᠠ᠃ ᠡᠨᠧᠷᠬᠢ ᠠᠷᠪᠢᠯᠠᠵᠤ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠠ ᠶᠢ ᠲᠡᠬᠡᠳᠤ ᠱᠠᠳᠤᠨ  ᠠᠴᠠ ᠪᠠᠭᠤᠯᠭᠠᠭᠰᠡᠨ ᠬᠦᠢᠴᠡᠳᠬᠡᠯ ᠲᠤᠭ᠎ᠠ ᠶᠢᠨ ᠲᠤᠳᠤᠷ᠎ᠠ ᠬᠢᠵᠠᠭᠠᠷᠯᠠᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠠᠶᠠᠯᠡᠬᠦᠯᠬᠦ ᠡᠯ᠎ᠠ ᠲᠦᠷᠤᠯ ᠤᠨ ᠬᠠᠷᠠᠯᠳᠠ ᠡᠬᠦᠷᠬᠡ ᠪᠠᠨ ᠴᠢᠨᠠᠷ ᠰᠠᠶᠢᠳᠡᠢ ᠪᠠᠶᠠᠯᠠᠬᠦᠯᠤᠨ᠎ᠠ᠃     ᠢᠦᠢ ᠬᠠᠢ ᠴᠧᠩ ᠠᠵᠢᠯ ᠤᠨ ᠢᠯᠡᠳᠭᠡᠯ ᠳᠤ ᠪᠠᠨ ᠵᠢᠷᠭᠤᠭᠠᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠰᠠᠶᠢᠳᠤᠷ ᠪᠡᠶᠡᠯᠡᠭᠦᠯᠦᠨ᠎ᠠ ᠭᠡᠵᠦ ᠲᠤᠷᠠᠳᠪᠠ᠄ ᠨᠢᠭᠡ ᠳᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠦᠨ  ᠢᠶᠠᠷ ᠰᠠᠶᠢᠳᠤᠷ ᠬᠢᠨ᠎ᠡ᠃ ᠬᠤᠶᠠᠷ ᠲᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ  ᠰᠢᠨ᠎ᠡ ᠬᠠᠭᠤᠴᠢᠨ ᠭᠦᠳᠡᠯᠭᠡᠭᠴᠢ ᠡᠨᠧᠷᠬᠢ ᠶᠢᠨ ᠰᠤᠯᠢᠭᠳᠠᠯ ᠢ ᠪᠦᠬᠦ ᠭᠦᠴᠦᠨ ᠢᠶᠠᠷ ᠲᠦᠷᠭᠡᠳᠭᠡᠨ᠎ᠠ᠂ ᠥᠭᠡᠷᠡᠴᠢᠯᠡᠯᠳᠡ ᠨᠡᠭᠡᠭᠡᠯᠳᠡ ᠶᠢ ᠪᠦᠭᠦ ᠬᠦᠴᠦᠨ ᠢᠶᠠᠷ ᠲᠦᠯᠬᠢᠨ ᠠᠭᠢᠭᠤᠯᠤᠨ᠎ᠠ  ᠠᠷᠠᠳ ᠲᠦᠮᠡᠨ ᠳᠤ ᠵᠤᠯ ᠵᠢᠷᠭᠠᠯ ᠡᠳ᠋ᠯᠡᠭᠦᠯᠬᠦ ᠶᠢ ᠪᠦᠭᠦ ᠬᠦᠴᠦᠨ ᠢᠶᠠᠷ ᠠᠬᠢᠭᠤᠯᠤᠨ᠎ᠠ᠃ ᠵᠠᠰᠠᠭ ᠤᠨ ᠤᠷᠳᠤᠨ ᠤ ᠴᠡᠭᠴᠡᠯᠡᠨ ᠵᠠᠰᠠᠬᠤ ᠴᠢᠳᠠᠪᠤᠷᠢ  ᠶᠢᠨ ᠪᠠᠶᠢᠭᠤᠯᠤᠯᠳᠠ ᠶᠢ ᠴᠢᠩᠭᠠᠳᠬᠠᠨ᠎ᠠ᠃ᠢᠦᠢ ᠬᠠᠢ ᠴᠧᠩ ᠢᠯᠡᠳᠭᠡᠯ ᠤᠨ ᠲᠡᠭᠦᠰᠭᠡᠯ ᠳᠤ ᠪᠠᠨ᠄ ᠪᠢᠳᠠ ᠰᠢ ᠶᠢᠨ ᠫᠢᠡᠭ ᠨᠦᠬᠦᠷ ᠢᠶᠠᠷ  ᠭᠤᠤᠯ ᠪᠤᠯᠭᠠᠭᠰᠡᠨ ᠨᠠᠮ  ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠦᠯᠬᠦᠮᠳᠠᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠬᠤᠰᠢᠭᠤ ᠤᠯᠤᠰ ᠲᠦᠷᠤ  ᠶᠢᠨ ᠵᠦᠪᠯᠡᠯᠬᠡᠨ ᠤ ᠬᠢᠨᠡᠯᠳᠡ ᠲᠡᠮᠵᠢᠯᠬᠡ ᠲᠤᠤᠷ᠎ᠠ᠂ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ ᠤ ᠤᠶᠤᠨ ᠤᠬᠠᠭᠠᠨ ᠪᠠ ᠬᠦᠴᠤᠨ ᠴᠢᠳᠠᠯ ᠢ ᠨᠢᠭᠳᠠᠷᠠᠭᠤᠯᠤᠨ᠂ ᠡᠷᠴᠢ ᠵᠤᠷᠢᠭ ᠢᠶᠠᠨ ᠬᠦᠪᠴᠢᠯᠡᠨ ᠭᠠᠪᠰᠢᠭᠠᠶᠢᠯᠠᠨ ᠠᠵᠢᠯᠯᠠᠵᠤ᠂ ᠡᠯ᠎ᠠ ᠲᠦᠷᠤᠯ ᠤᠨ ᠲᠦᠭᠰᠢᠬᠦᠷᠢ ᠦᠷᠢᠰᠤᠯᠳᠤᠬᠡᠨ ᠢ ᠲᠠᠰᠤᠷᠠᠯᠳᠠ ᠦᠬᠡᠢ ᠢᠯᠠᠨ ᠲᠠᠪᠠᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠣᠨ ᠪᠠᠶᠠᠯᠠᠬᠦᠯᠬᠦ ᠰᠢᠢᠳᠪᠤᠷᠢᠳᠤ ᠢᠯᠠᠯᠳᠠ ᠶᠢ ᠲᠠᠮᠠᠴᠠᠨ ᠤᠯᠵᠤ᠂ ᠴᠡᠴᠡᠭᠯᠡᠨ ᠬᠦᠭᠵᠢᠭᠰᠡᠨ᠂ ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ ᠢᠶᠠᠨ ᠴᠤᠭᠴᠠᠯᠠᠨ ᠪᠠᠶᠢᠭᠤᠯᠬᠤ ᠳᠤ ᠨᠠᠩ ᠶᠡᠭᠡ ᠬᠤᠪᠢ ᠨᠠᠮᠠᠷᠢ ᠪᠠᠨ ᠡᠷᠬᠦᠴᠡᠬᠡᠶ᠎ᠠ ᠭᠡᠰᠡᠨ ᠪᠠᠶᠢᠨ᠎ᠠ᠃
     ᠶᠡᠭᠡ ᠬᠤᠷᠠᠯ ᠳᠡᠭᠡᠷ᠎ᠡ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠲᠡᠳ᠋ ᠡᠷᠬᠢᠯᠡᠭᠴᠢ ᠬᠢᠴᠢᠶᠡᠯᠳᠦ ᠠᠴᠠ ᠠᠪᠠᠭ᠎ᠠ ᠬᠤᠰᠢᠭᠤᠨ ᠤ ᠠᠷᠪᠠᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠲᠡᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠭᠰᠡᠨ ᠪᠠᠶᠢᠨ᠎ᠠ᠃      ᠮᠡᠳᠡᠬᠦᠯᠦᠯᠳᠡ ᠳᠤ ᠵᠢᠭᠠᠬᠤ ᠳᠠᠭᠠᠨ᠄ 2019 ᠤᠨ ᠳᠤ ᠠᠷᠪᠠᠨ ᠲᠠᠪᠤᠲᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠳᠦᠷᠪᠡᠨ ᠢᠲᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠨᠠᠶᠢᠳᠠᠪᠦᠷᠢᠵᠢᠭᠤᠯᠤᠯᠲᠠ ᠶᠢ ᠴᠢᠩᠭ᠎ᠠ ᠠᠳᠬᠤᠨ᠂ ᠭᠤᠥᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠨ᠂ ᠲᠣᠭᠳᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠶᠢ ᠰᠠᠶᠢᠲᠤᠷ ᠬᠡᠷᠡᠭᠵᠢᠭᠦᠯᠵᠦ᠂ ᠰᠢᠨ᠎ᠡ ᠴᠠᠭ ᠦᠶ᠎ᠡ ᠵᠢᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠪᠠ ᠭᠡᠵᠠᠢ᠃      ᠬᠢᠴᠢᠶᠡᠯᠳᠦ ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠬᠦᠯᠬᠦ ᠳᠡᠭᠡᠨ᠄ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠡᠷᠡᠰ ᠲᠡᠮᠡᠴᠡᠨ ᠤᠯᠬᠤ᠂ ᠣᠷᠣᠨ ᠨᠤᠲᠤᠭ ᠤᠨ ᠮᠠᠯ ᠠᠵᠤ ᠠᠬᠤᠢ ᠶᠢᠨ ᠬᠥᠭᠵᠢᠯᠲᠡ  ᠶᠢ ᠠᠬᠢᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢᠯᠠᠵᠤ ᠬᠢᠨᠠᠯᠲᠠ ᠲᠠᠯᠪᠢᠬᠤ᠂ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠰᠠᠭᠤᠷᠢᠯᠠᠵᠤ ᠬᠢᠨᠠᠯᠲᠠ ᠲᠠᠯᠪᠢᠬᠤ  ᠂ ᠴᠢᠳᠠᠪᠬᠢ ᠪᠠᠨ ᠪᠠᠳᠠᠷᠠᠭᠤᠯᠵᠤ᠂ ᠬᠠᠤᠯᠢ ᠪᠠᠷ ᠵᠠᠰᠠᠬᠤ᠂ᠲᠦᠯᠦᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠦ ᠢᠳᠡᠪᠬᠢᠵᠢᠯ ᠢ ᠭᠦᠢᠴᠡᠳ ᠲᠠᠶᠢᠴᠢᠯᠠᠬᠤ᠂ ᠬᠤᠪᠢ ᠪᠡᠶ᠎ᠡ ᠶᠢᠨ ᠪᠦᠲᠦᠭᠡᠨ ᠪᠠᠶᠢᠭᠤᠯᠣᠯᠲᠠ ᠪᠠᠨ ᠲᠠᠰᠣᠷᠠᠯᠲᠠ ᠦᠭᠡᠢ ᠴᠢᠩᠭᠠᠳᠬᠠᠬᠤ ᠵᠡᠷᠭᠡ ᠲᠤᠯᠤᠭᠠᠨ ᠲᠠᠯ᠎ᠠ ᠪᠠᠷ ᠳ᠋ᠦ᠋ᠩᠨᠡᠯᠳᠡ ᠬᠢᠵᠠᠢ᠃      ᠬᠢᠴᠢᠶᠡᠯᠳᠦ 2020 ᠣᠨ ᠤ ᠠᠵᠢᠯ ᠤᠨ ᠪᠠᠶᠢᠷᠢᠯᠠᠭᠤᠯᠣᠯᠳᠠ ᠳᠠᠭᠠᠨ᠄ ᠨᠠᠮ ‍ᠤᠨ‌ᠣᠳᠣᠷᠢᠳᠣᠯᠭ᠎ᠠ ᠶᠢ ᠴᠢᠩᠭ᠎ᠠ ᠪᠠᠷᠢᠮᠳᠠᠯᠠᠬᠤ᠂ ᠨᠡᠶᠢᠭᠡᠮ ᠠᠵᠤ ᠠᠬᠤᠢ  ᠶᠢᠨ ᠬᠦᠭᠵᠢᠯᠲᠡ ᠶᠢ ᠠᠬᠢᠭᠤᠯᠬᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ‍ᠦᠨ‌‍ᠲ᠋ᠦ᠋ᠯᠦᠭᠡᠯᠡᠭᠴᠢ ᠶᠢᠨ ᠠᠵᠢᠯ ᠢ ᠭᠦᠨᠵᠡᠭᠡᠶᠢᠷᠡᠭᠦᠯᠬᠦ᠂ ᠬᠤᠪᠢ ᠪᠡᠶ᠎ᠡ ᠶᠢᠨ ᠪᠠᠶᠢᠭᠤᠯᠣᠯᠲᠠ ᠪᠠᠨ ᠴᠢᠩᠭᠠᠳᠬᠠᠬᠤ ᠵᠡᠷᠭᠡ ᠲᠦᠷᠪᠡᠨ ᠲᠠᠯ᠎ᠠ ᠪᠠᠷ ᠪᠠᠶᠢᠷᠢᠯᠠᠭᠤᠯᠤᠯᠳᠠ ᠬᠢᠵᠠᠢ᠃      ᠮᠡᠳᠡᠬᠦᠯᠦᠯᠳᠡ ᠶᠢᠨ ᠳᠡᠬᠦᠰᠬᠡᠯ ᠳᠤ᠂ ᠬᠢᠴᠢᠶᠡᠯᠳᠦ ᠠᠴᠠ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠣᠳᠣᠷᠢᠳᠣᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠤᠨᠴᠠᠯᠢᠭᠲᠣ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠦᠭᠤᠳᠣᠯᠭ᠎ᠠ ᠪᠣᠯᠭᠠᠵᠣ᠂ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠢᠲᠡᠭᠡᠯ ᠵᠣᠷᠢᠭ ᠢᠶᠠᠨ ᠪᠠᠳᠤᠳᠬᠠᠵᠤ᠂ ᠦᠢᠯᠡᠰ ᠪᠦᠲᠦᠭᠡᠬᠦ ᠪᠠᠷ ᠬᠦᠴᠦᠯᠡᠨ ᠴᠢᠷᠮᠠᠶᠢᠵᠣ᠂ ᠲᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠨ᠂ ᠰᠢᠨ᠎ᠡ ᠴᠠᠭ ᠦᠶ᠎ᠡ ᠶᠢᠨ ᠣᠷᠣᠨ ᠨᠣᠲᠤᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠦᠨ᠂ ᠪᠦᠬᠦ ᠬᠤᠰᠢᠭᠤᠨ ᠤ  ᠴᠢᠨᠠᠷ ᠰᠠᠶᠢᠲᠠᠢ ᠭᠦᠭᠵᠢᠯᠲᠡ ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ ᠡᠷᠭᠦᠵᠡᠭᠡᠶ᠎ᠡ ᠭᠡᠰᠡᠨ ᠪᠠᠶᠢᠨ᠎ᠠ᠃      ᠶᠡᠭᠡ ᠬᠤᠷᠠᠯ ᠳᠤ᠂ ᠠᠪᠠᠭ᠎ᠠ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠡᠷᠳᠡᠨᠢᠪᠠᠭᠠᠳᠤᠷ ᠠᠴᠠ ᠰᠢᠬᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠬᠢᠵᠦ᠂ ᠠᠪᠠᠭ᠎ᠠ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠰᠢᠤᠸᠠᠢ ᠱᠢ ᠯᠦᠩ ᠨᠦᠬᠦᠷ ᠠᠴᠠ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠡ ᠬᠢᠪᠡ᠃      ᠶᠡᠭᠡ ᠬᠤᠷᠠᠯ ᠳᠤ ᠪᠠᠰᠠ᠂ ᠠᠪᠠᠭ᠎ᠠ ᠬᠤᠰᠢᠭᠤᠨ ᠤ 2019 ᠤᠨ ᠤ ᠤᠯᠤᠰ ᠠᠷᠠᠳ ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠬᠦᠯᠦᠯᠳᠡ ᠶᠢᠨ ᠲᠦᠯᠦᠪᠯᠡᠭᠡ ᠶᠢ ᠬᠦᠢᠴᠡᠳᠭᠡᠭᠰᠡᠨ ᠪᠠᠶᠢᠳᠠᠯ ᠪᠤᠯᠤᠨ 2020 ᠤᠨ ᠤ ᠤᠯᠤᠰ ᠠᠷᠠᠳ  ᠤᠨ ᠠᠵᠦ ᠠᠬᠤᠢ ᠪᠤᠯᠤᠨ ᠨᠡᠶᠢᠭᠡᠮ ᠤᠨ ᠬᠦᠭᠵᠢᠬᠦᠯᠦᠯᠳᠡ ᠶᠢᠨ ᠲᠦᠯᠦᠪᠯᠡᠭᠡᠨ ᠤ ᠲᠦᠰᠦᠯ ᠤᠨ ᠮᠡᠳᠡᠬᠦᠯᠦᠯᠳᠡ ᠶᠢ ᠪᠢᠴᠢᠭ  ᠤᠨ ᠬᠡᠯᠪᠡᠷᠢ ᠪᠠᠷ ᠬᠢᠨᠠᠨ ᠵᠦᠪᠯᠡᠵᠦ᠂ ᠠᠪᠠᠭ᠎ᠠ ᠬᠤᠰᠢᠭᠤᠨ ᠤ 2019 ᠤᠨ ᠤ ᠡᠳ᠋ ᠤᠨ ᠵᠠᠰᠠᠭ ᠤᠨ ᠲᠦᠰᠦᠪ ᠤᠨ ᠬᠦᠢᠴᠡᠳᠭᠡᠭᠰᠡᠨ ᠪᠠᠶᠢᠳᠠᠯ ᠪᠤᠯᠤᠨ 2020 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠬᠦᠯᠦᠯᠳᠡ ᠶᠢ ᠪᠢᠴᠢᠭ ᠤᠨ ᠬᠡᠯᠪᠡᠷᠢ ᠪᠠᠷ ᠬᠢᠨᠠᠨ ᠵᠦᠪᠯᠡᠵᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠯᠢᠤ ᠰᠢᠶᠤᠤ ᠮᠢᠨ ᠠᠴᠠ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠪᠠ ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ︵ᠲᠦᠰᠦᠯ︶ ᠤᠨ ᠲᠤᠬᠠᠢ ᠳᠤᠳᠤᠷᠬᠠᠶᠢᠯᠠᠯᠳᠠ ᠬᠢᠵᠦ᠂ ᠲᠦᠯᠦᠭᠡᠯᠡᠭᠴᠢᠳ ᠤᠨ ᠰᠠᠨᠠᠯ ᠵᠦᠪᠯᠡᠯᠭᠡ ᠳᠤᠷᠠᠳᠬᠤ ᠴᠠᠭ ᠤᠨ ᠬᠢᠵᠠᠭᠠᠷᠯᠠᠯ ᠤᠨ ᠳᠤᠭᠳᠠᠭᠠᠯ ᠢ ᠨᠡᠶᠢᠳᠡᠯᠡᠭᠰᠡᠨ ᠪᠠᠶᠢᠨ᠎ᠠ᠃      ᠶᠡᠭᠡ ᠬᠤᠷᠠᠯ ᠳᠤ᠂ ᠲᠦᠯᠦᠭᠡᠯᠡᠭᠴᠢ ᠪᠤᠰᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠤᠯᠭ᠎ᠠ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠬᠤᠰᠢᠭᠤ ᠨᠠᠮ  ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠪᠠ ᠬᠤᠰᠢᠭᠤᠨ ᠳᠤ ᠰᠠᠭᠤᠭ᠎ᠠ ᠰᠢᠰᠲ᠋ᠧᠮᠲᠦ ᠬᠠᠮᠢᠶᠠᠷᠤᠯᠳᠠᠳᠤ ᠪᠠᠶᠢᠭᠤᠯᠭ᠎ᠠ ᠨᠢᠭᠡᠴᠡ ᠶᠢᠨ ᠲᠦᠯᠦᠭᠡᠯᠡᠭᠴᠢ ᠪᠤᠰᠤ ᠵᠢᠩᠭᠢᠨᠢ ᠲᠤᠰᠢᠶᠠᠯᠳᠤ ᠤᠳᠤᠷᠢᠳᠤᠯᠭ᠎ᠠ ᠪᠤᠯᠤᠨ ᠡᠯ᠎ᠠ ᠰᠤᠮᠤ ᠪᠠᠯᠭᠠᠰᠤᠨ ᠤ ᠨᠠᠮ ᠵᠠᠰᠠᠭ ᠤᠨ ᠭᠤᠤᠯ ᠪᠤᠯᠬᠤ ᠤᠳᠤᠷᠢᠳᠤᠯᠭ᠎ᠠ ᠬᠢᠭᠡᠳ ᠠᠬᠠᠮᠠᠳ ᠺᠠᠳ᠋ᠷ ᠤᠨ ᠲᠦᠯᠦᠭᠡᠯᠡᠭᠴᠢ ᠰᠤᠯᠠ ᠤᠷᠤᠯᠴᠠᠭᠰᠠᠨ ᠪᠠᠶᠢᠨ᠎ᠠ᠃  
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号