ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠮᠵᠢᠯᠳᠠᠳᠠᠢ ᠬᠤᠷᠠᠯᠳᠤᠵᠤ ᠳᠡᠭᠦᠰᠪᠡ
ᠨᠡᠶᠢᠲᠡᠯᠡᠭᠰᠡᠨ ᠴᠠᠭ᠄
2020/5/20
   
    5 ᠰᠠᠷ᠎ᠠ ᠶᠢᠨ 19 ᠤ ᠡᠳᠦᠷ ᠤᠨ ᠦᠳᠠ ᠶᠢᠨ ᠡᠮᠦᠨ᠎ᠡ᠂ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠨᠢ ᠪᠦᠬᠦ ᠵᠦᠪᠯᠡᠭᠦ ᠵᠦᠢᠯ ᠢᠶᠠᠨ ᠲᠠᠭᠤᠰᠬᠠᠵᠤ᠂ ᠠᠮᠵᠢᠯᠳᠠᠳᠠᠢ ᠥᠨᠳᠦᠷᠯᠡᠭᠰᠡᠨ ᠪᠠᠶᠢᠨ᠎ᠠ᠃
    ᠶᠡᠭᠡ ᠬᠤᠷᠠᠯ ᠳᠤ ᠤᠷᠤᠯᠴᠠᠬᠤ ᠵᠤᠬᠢᠰᠳᠠᠢ ᠭᠡᠰᠢᠭᠦᠳ 95 ᠨᠠᠷ᠎ᠠ᠂ ᠪᠤᠳᠠᠳᠠᠢ ᠤᠷᠤᠯᠴᠠᠭᠰᠠᠨ ᠭᠡᠰᠢᠭᠦᠨ 89 ᠨᠠᠷ᠎ᠠ ᠪᠠᠶᠢᠵᠤ᠂  ︽ᠤᠯᠤᠰ ᠲᠦᠷᠦ ᠶᠢᠨ ᠵᠦᠪᠯᠡᠯᠭᠡᠨ ᠤ ᠲᠦᠷᠢᠮ︾ ᠤᠨ ᠲᠤᠭᠳᠠᠭᠠᠭᠰᠠᠨ ᠬᠦᠮᠦᠨ ᠤ ᠳᠤᠭ᠎ᠠ ᠳᠤ ᠨᠡᠶᠢᠴᠡᠪᠡ᠃
    ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠬᠠᠰᠪᠠᠶᠠᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠢᠦᠢ ᠬᠠᠢ ᠴᠧᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ ᠱᠦᠵᠢ ᠪᠤᠯᠤᠳᠪᠠᠭᠠᠳᠤᠷ ᠬᠤᠷᠠᠯ ᠳᠤ ᠤᠷᠢᠭᠳᠠᠨ ᠤᠷᠤᠯᠴᠠᠵᠤ᠂ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠵᠠᠢ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠪᠦᠷᠢᠨᠮᠦ᠋ᠩᠭᠡ ᠬᠤᠷᠠᠯ ᠢ ᠡᠷᠬᠢᠯᠡᠭᠰᠡᠨ ᠪᠠᠶᠢᠨ᠎ᠠ᠃
    ᠬᠤᠷᠠᠯ ᠲᠡᠭᠡᠷ᠎ᠠ᠂ 6 ᠨᠡᠷ᠎ᠡ 2019 ᠤᠨ ᠤ ᠰᠢᠯᠢᠳᠡᠭ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ 6 ᠨᠡᠷ᠎ᠡ ᠰᠢᠯᠢᠳᠡᠭ ᠰᠠᠨᠠᠯ ᠲᠤᠷᠠᠳᠤᠯᠭ᠎ᠠ ᠲᠤᠷᠠᠳᠤᠭᠴᠢ ᠪᠠ 2 ᠨᠡᠷ᠎ᠡ ᠰᠠᠨᠠᠯ ᠲᠤᠷᠠᠳᠤᠯᠭ᠎ᠠ ᠶᠢ ᠲᠠᠭᠠᠭᠠᠴᠢᠯᠠᠨ ᠬᠦᠢᠴᠡᠳᠭᠡᠭᠰᠡᠨ ᠲᠡᠷᠢᠭᠦᠨ ᠤ ᠪᠠᠶᠢᠭᠤᠯᠭ᠎ᠠ ᠨᠢᠭᠡᠴᠡ ᠶᠢ ᠱᠠᠩᠨᠠᠨ  ᠬᠦᠭᠢᠭᠦᠯᠵᠠᠢ᠃
    ᠬᠤᠷᠠᠯ ᠳᠤ᠂ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ  ᠤᠨ ᠭᠤᠷᠪᠠᠳᠤᠭᠠᠷ ᠤᠳᠠᠭᠠᠨ ᠤ ᠬᠤᠷᠠᠯ ᠤᠨ ᠪᠠᠶᠢᠩᠭᠤ ᠶᠢᠨ ᠭᠡᠰᠢᠭᠦᠳ ᠤᠨ ᠵᠦᠪᠯᠡᠯ ᠤᠨ ᠠᠵᠢᠯ ᠤᠨ ᠮᠡᠳᠡᠭᠦᠯᠦᠯᠳᠡ ᠶᠢᠨ ᠰᠢᠢᠳᠪᠤᠷᠢ᠂ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠳᠡ᠂ ᠤᠯᠤᠰ ᠲᠦᠷᠦ ᠶᠢᠨ ᠵᠦᠪᠯᠡᠯᠭᠡᠨ ᠤ ᠠᠪᠠᠭ᠎ᠠ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠤᠯᠤᠰ ᠲᠦᠷᠦ ᠶᠢᠨ ᠰᠢᠢᠳᠪᠤᠷᠢ ᠢ ᠬᠢᠨᠠᠨ ᠵᠦᠪᠯᠡᠵᠦ ᠪᠠᠳᠤᠯᠠᠭᠰᠠᠨ ᠪᠠᠶᠢᠨ᠎ᠠ᠃
    ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠰᠢᠶᠤᠤ ᠴᠦᠨ ᠠᠴᠠ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠳᠡ ᠬᠢᠵᠠᠢ᠃ ᠮᠡᠳᠡᠭᠦᠯᠦᠯᠳᠡ ᠳᠤ ᠵᠢᠭᠠᠬᠤ ᠳᠤ ᠪᠠᠨ᠄ 5 ᠰᠠᠷ᠎ᠠ ᠶᠢᠨ 17  ᠤ ᠡᠳᠦᠷ ᠤᠨ 18 ᠴᠠᠭ ᠪᠤᠯᠳᠠᠯ᠎ᠠ᠂ ᠨᠡᠶᠢᠳᠡ 88 ᠬᠤᠪᠢ ᠭᠡᠰᠢᠭᠦᠳ ᠤᠨ ᠲᠡᠪᠰᠢᠭᠦᠯᠦᠭᠰᠡᠨ ᠰᠠᠨᠠᠯ ᠲᠤᠷᠠᠳᠤᠯᠭ᠎ᠠ ᠶᠢ ᠲᠤᠰᠴᠤ᠂ ᠰᠠᠨᠠᠯ ᠲᠤᠷᠠᠳᠤᠯᠭ᠎ᠠ ᠶᠢ ᠬᠢᠨᠠᠨ ᠪᠠᠶᠢᠴᠠᠭᠠᠬᠤ ᠵᠦᠪᠯᠡᠯ ᠠᠴᠠ ︽ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢᠨ ᠠᠵᠢᠯ ᠤᠨ ᠲᠤᠭᠳᠠᠭᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠷᠢᠶᠠᠭᠰᠠᠨ ᠰᠠᠨᠠᠯ ᠲᠤᠷᠠᠳᠤᠯᠭ᠎ᠠ  ᠶᠢ ᠲᠦᠪᠯᠡᠷᠡᠭᠦᠯᠦᠨ ᠬᠢᠨᠠᠨ ᠪᠠᠶᠢᠴᠠᠭᠠᠵᠤ᠂ 81 ᠬᠤᠪᠢ ᠰᠠᠨᠠᠯ ᠲᠤᠷᠠᠳᠤᠯᠭ᠎ᠠ ᠶᠢ ᠲᠠᠩᠰᠠᠯᠠᠵᠤ᠂ ᠲᠠᠩᠰᠠᠯᠠᠯᠳᠠ ᠶᠢᠨ ᠨᠤᠷᠮ᠎ᠠ ᠨᠢ 92% ᠳᠤ ᠬᠦᠷᠦᠭᠰᠡᠨ ᠪᠠᠶᠢᠨ᠎ᠠ᠃
    ᠡᠭᠦᠨ ᠳᠤ᠂ ᠠᠵᠤ ᠠᠬᠤᠢ ᠶᠢᠨ ᠪᠠᠶᠢᠭᠤᠯᠤᠯᠳᠠ ᠶᠢᠨ  ᠲᠤᠬᠠᠢ ᠰᠠᠨᠠᠯ 38 ᠬᠤᠪᠢ᠂ ᠰᠤᠶᠤᠯ ᠤᠨ ᠪᠠᠶᠢᠭᠤᠯᠤᠯᠳᠠ  ᠶᠢᠨ ᠲᠤᠬᠠᠢ ᠰᠠᠨᠠᠯ 8 ᠬᠤᠪᠢ᠂ ᠨᠡᠶᠢᠭᠡᠮ ᠤᠨ ᠬᠦᠭᠵᠢᠯᠳᠡ ᠪᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠠᠯ᠎ᠠ ᠶᠢᠨ ᠰᠠᠨᠠᠯ 23 ᠬᠤᠪᠢ ᠪᠠᠶᠢᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠰᠠᠨᠠᠯ 12 ᠬᠤᠪᠢ ᠪᠠᠶᠢᠬᠤ ᠪᠤᠯᠤᠨ᠎ᠠ᠃
    ᠲᠠᠷᠠᠭ᠎ᠠ ᠨᠢ᠂ ᠰᠢᠨ᠎ᠠ ᠪᠠᠷ ᠰᠤᠩᠭᠤᠭᠳᠠᠭᠰᠡᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠠᠴᠤᠷᠠᠯᠳᠤ ᠠᠴᠠ ᠶᠠᠷᠢᠶ᠎ᠡ ᠲᠠᠯᠪᠢᠵᠠᠢ᠃ ᠲᠡᠷᠡ ᠶᠠᠷᠢᠶᠠᠨ ᠳᠤ ᠪᠠᠨ᠂ ᠨᠢᠭᠡᠨ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠲᠤᠭᠤᠶᠢᠯᠠᠩ ᠤᠨ ᠱᠦᠵᠢ᠂ ᠲᠡᠷᠢᠭᠦᠯᠡᠭᠴᠢ ᠪᠤᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠲᠤᠮᠳᠠ ᠪᠠᠨ ᠬᠤᠰᠢᠭᠤ ᠨᠠᠮ ᠤᠨ ᠬᠤᠷᠢᠶᠠᠨ ᠤ ᠢᠳᠡᠭᠡᠯ ᠪᠠ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠦᠯ ᠦᠭᠡᠢ ᠪᠠᠷ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠨ᠂ ᠲᠤᠰᠢᠶᠠᠯ ᠳᠤ ᠪᠠᠨ ᠤᠰᠤᠯᠳᠤᠯ ᠦᠭᠡᠢ ᠠᠵᠢᠯᠯᠠᠵᠤ᠂ ᠤᠳᠤᠷᠢᠳᠬᠤ ᠪᠠᠭ  ᠤᠨ ᠬᠡᠰᠢᠭᠦᠨ ᠪᠠ ᠤᠯᠤᠰ ᠲᠦᠷᠦ ᠶᠢᠨ ᠵᠦᠪᠯᠡᠯᠭᠡᠨ ᠤ ᠪᠦᠭᠦ ᠬᠡᠰᠢᠭᠦᠳ ᠢᠶᠠᠨ ᠲᠠᠶᠢᠴᠢᠯᠡᠨ ᠲᠠᠭᠠᠭᠤᠯᠵᠤ᠂ ᠤᠯᠤᠰ ᠲᠦᠷᠦ  ᠶᠢᠨ ᠵᠦᠪᠯᠡᠯᠭᠡᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠵᠤᠭᠰᠤᠴᠠ ᠠᠴᠠ ᠰᠡᠳᠬᠢᠵᠦ᠂ ᠰᠢᠨ᠎ᠡ ᠰᠢᠯᠭᠠᠯᠳᠠ ᠶᠢ ᠵᠤᠷᠢᠭᠳᠠᠢ ᠤᠭᠳᠤᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠭᠦᠭᠵᠢᠯᠳᠡ ᠳᠤ ᠢᠳᠡᠪᠬᠢᠳᠡᠢ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠮᠡᠨ ᠢᠯᠡᠷᠭᠡᠶᠢᠯᠡᠭᠰᠡᠨ ᠪᠠᠶᠢᠨ᠎ᠠ᠃     ᠦᠳᠡ ᠶᠢᠨ ᠡᠮᠦᠨ᠎ᠡ ᠶᠢᠨ 10 ᠴᠠᠭ ᠲᠤ᠂ ᠬᠤᠷᠠᠯᠳᠤᠭᠠᠨ ᠨᠢ ᠰᠦᠷ ᠵᠢᠪᠬᠤᠯᠡᠩᠳᠤ ᠤᠯᠤᠰ ᠤᠨ ᠰᠦᠯᠳᠠ ᠳᠠᠭᠤᠨ  ᠤ ᠳᠤᠮᠳᠠ ᠠᠮᠵᠢᠯᠳᠠ ᠲᠠᠢ ᠥᠨᠳᠦᠷᠯᠡᠵᠠᠢ᠃         ᠬᠤᠰᠢᠭᠤ ᠰᠢᠭᠦᠭᠦ ᠬᠤᠷᠢᠶ᠎ᠠ ᠶᠢᠨ ᠲᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠲᠠᠷᠤᠭ᠎ᠠ ᠪᠠ ᠭᠡᠰᠡᠭ ᠬᠤᠰᠢᠭᠤᠨ ᠳᠤ ᠰᠠᠭᠤᠭ᠎ᠠ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠭᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠬᠢᠭᠡᠳ ᠡᠯ᠎ᠠ ᠰᠤᠮᠤ ᠪᠠᠯᠭᠠᠰᠤᠨ ᠤ ᠬᠠᠮᠢᠶ᠎ᠠ ᠪᠦᠭᠦᠢ ᠠᠵᠢᠯᠳᠠᠨ ᠬᠤᠷᠠᠯ ᠳᠤ ᠰᠤᠯᠠ ᠤᠷᠤᠯᠴᠠᠪᠠ᠃                    
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号