ᠠᠪᠠᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠥ᠋ᠰ ᠠᠴᠠ ᠬᠠᠯᠳᠠᠪᠤᠷᠢᠯᠠᠭᠰᠠᠨ ᠠᠭᠤᠰᠬᠢᠨ ᠎ ᠤ ᠥᠷᠪᠢᠰᠣᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠵᠠᠷᠯᠢᠭ ︵38 ᠳ᠋ᠤᠭᠠᠷ ᠲᠤᠭᠠᠳᠤ︶
ᠨᠡᠶᠢᠲᠡᠯᠡᠭᠰᠡᠨ ᠴᠠᠭ᠄
2020/5/25
    ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠬᠡᠰᠡᠭ ᠭᠠᠵᠠᠷ ᠣᠷᠣᠨ ᠳᠤ ᠲᠤᠬᠠᠢ ᠶᠢᠨ ᠭᠠᠵᠠᠷ ᠤᠨ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠵᠠᠯᠭᠠᠪᠠᠷ ᠡᠭᠦᠰᠴᠦ᠂ ᠭᠢᠷᠢᠨ ᠬᠤᠲᠠ ᠶᠢᠨ ᠱᠥᠯᠡᠨ ᠬᠤᠲᠠ ᠶᠢᠨ ᠨᠠᠯᠢᠶᠡᠳ ᠬᠥᠮᠣᠨ ᠤᠨᠤᠰᠢᠯᠠᠭᠳᠠᠵᠤ᠂ ᠨᠢᠬᠡᠨᠳᠠ ᠮᠤᠵᠢ ᠠᠯᠤᠰᠯᠠᠨ ᠯᠢᠶᠤᠤᠨᠢᠩ ᠮᠤᠵᠢ ᠶᠢᠨ ᠮᠦᠭᠳᠡᠨ ᠬᠤᠲᠠ ᠳᠤ ᠬᠠᠯᠳᠠᠪᠤᠷᠢᠯᠠᠵᠤ ᠪᠤᠢ᠃      ᠲᠡᠯᠡᠬᠡᠢ ᠶᠢᠨ ᠬᠡᠵᠢᠭ ᠤᠨ ᠪᠠᠶᠢᠳᠠᠯ ᠤᠨ ᠲᠥᠭᠰᠢᠬᠦᠷᠢ ᠥᠷᠬᠦᠯᠵᠢᠯᠡᠵᠤ ᠪᠠᠶᠢᠭ᠎ᠠ ᠪᠥᠬᠡᠳ ᠤᠯᠤᠰ ᠤᠨ ᠲᠤᠳᠤᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠵᠠᠷᠢᠮ ᠭᠠᠵᠠᠷ ᠲᠤ ᠲᠠᠬᠢᠨ ᠡᠬᠦᠰᠴᠤ ᠪᠠᠶᠢᠭ᠎ᠠ ᠪᠠᠶᠢᠳᠠᠯ ᠳᠤ ᠴᠢᠭᠯᠡᠬᠦᠯᠤᠨ᠂ ᠲᠥᠷᠤ ᠶᠢᠨ ᠶᠠᠪᠤᠳᠠᠯ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠥ᠋ᠰ ᠎ ᠠᠴᠠ ᠬᠠᠯᠳᠠᠪᠤᠷᠢᠯᠠᠭᠰᠠᠨ ᠠᠭᠤᠰᠬᠢᠨ ᠤ ᠥᠷᠪᠢᠰᠤᠯ ᠤᠨ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠬᠡᠶᠢᠯᠡᠵᠤ ᠬᠤᠯᠪᠣᠭᠠᠯᠠᠨ ᠡᠵᠡᠮᠳᠡᠬᠦ ᠵᠤᠬᠢᠴᠠᠮᠵᠢ ᠶᠢᠨ ︽ᠰᠢᠨ᠎ᠡ ᠬᠡᠯᠪᠠᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠎ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ᠢᠯᠡ ᠴᠠᠬᠢᠯᠭᠠᠨ ﹇2020﹈ 14 ᠳ᠋ᠦ᠋ᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠬᠡᠶᠢᠯᠡᠨ᠂ ᠲᠤᠳᠤᠨ᠎ᠠ ᠪᠠᠨ  ᠲᠡᠬᠢᠨ ᠲᠠᠷᠬᠠᠨ ᠲᠡᠯᠬᠡᠷᠡᠬᠦ ᠶᠢ ᠰᠡᠷᠬᠡᠶᠢᠯᠡᠬᠦ︾ ᠶᠡᠷᠤᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠬᠠᠯᠳᠠᠪᠤᠷᠢᠯᠠᠬᠤ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠣᠪᠴᠢᠲᠠᠶ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠥᠷᠭᠡᠨ ᠣᠯᠠᠨ ᠲᠦᠮᠡᠨ ᠰᠡᠷᠬᠡᠶᠢᠯᠠᠬᠦ ᠤᠬᠠᠮᠰᠠᠷ ᠢᠶᠠᠨ ᠲᠡᠬᠡᠭᠰᠢᠯᠡᠬᠦᠯᠵᠤ᠂ ᠥᠪᠡᠷ ᠢ ᠪᠠᠨ ᠰᠡᠷᠬᠡᠶᠢᠯᠡᠨ ᠬᠠᠮᠠᠭᠠᠯᠠᠬᠤ ᠠᠵᠢᠯ ᠢᠶᠠᠨ ᠴᠢᠩᠭᠠᠳᠬᠠᠨ᠂ ᠬᠥᠮᠦᠨ ᠤᠯᠠᠨ ᠨᠢᠭᠲᠠᠷᠠᠭᠰᠠᠨ ᠪᠢᠲᠡᠭᠦᠮᠵᠢᠯᠡᠭᠰᠡᠨ ᠲᠠᠯᠠᠪᠤᠷ ᠎ ᠲᠤ᠂ ᠪᠤᠰᠤᠳ ᠠᠴᠠ 1 ᠮᠧᠲᠷ ᠠᠴᠠ ᠦᠢᠷ᠎ᠠ ᠪᠠᠶᠢᠪᠠᠯ ᠠᠮᠠᠪᠴᠢ ᠪᠠᠨ ᠪᠠᠷᠢᠮᠵᠢᠶ᠎ᠠ ᠶᠤᠰᠤᠭᠠᠷ ᠰᠠᠶᠢᠳᠤᠷ ᠵᠡᠭᠦᠬᠦ ᠬᠡᠷᠡᠭᠲᠡᠶ᠃ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠵᠤ᠂ ᠠᠯᠢ ᠴᠢᠳᠠᠬᠤ ᠪᠠᠷ ᠬᠥᠮᠦᠨ ᠤᠯᠠᠨ ᠴᠤᠭᠯᠠᠷᠠᠭᠰᠠᠨ ᠲᠠᠯᠠᠪᠤᠷ᠂ ᠢᠯᠠᠩᠭᠤᠶ᠎ᠠ ᠠᠭᠠᠷ ᠰᠠᠯᠬᠢ ᠨᠠᠪᠳᠠᠷᠠᠬᠦ ᠨᠢ ᠠᠨᠠᠢ ᠲᠠᠯᠠᠪᠤᠷ ᠲᠤ ᠣᠴᠢᠬᠤ ᠦᠭᠡᠢ ᠪᠠᠶᠬᠤ ᠬᠡᠷᠡᠭᠲᠡᠶ᠃ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠵᠡᠭᠦᠬᠦ᠂ ᠲᠤᠰᠬᠠᠢ ᠬᠡᠷᠡᠭᠯᠡᠬᠡᠨ ᠤ ᠰᠠᠪᠬ᠎ᠠ ᠬᠡᠷᠡᠭᠯᠡᠬᠦ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠎ᠠ᠃     ᠬᠤᠶᠠᠷ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠨᠢ ᠳᠤᠮᠳᠠ᠂ ᠥᠨᠳᠤᠷ ᠲᠠᠰ ᠲᠤ ᠲᠣᠭᠠᠴᠢᠭᠳᠠᠬᠤ ᠬᠢᠵᠢᠭ ᠤᠨ ᠲᠦᠭᠰᠢᠬᠦᠷᠢ ᠶᠡᠬᠡᠲᠡᠶ ᠭᠠᠵᠠᠷ ᠣᠷᠣᠨ ᠪᠣᠯᠬᠤ ᠭᠢᠷᠢᠨ ᠮᠤᠵᠢ ᠶᠢᠨ ᠭᠢᠷᠢᠨ ᠬᠤᠲᠠ ᠎ ᠶᠢᠨ ᠱᠥᠯᠡᠨ ᠬᠤᠲᠠ᠂ ᠹᠧᠩ ᠮᠠᠨ ᠲᠣᠭᠤᠷᠢᠭ᠂ ᠴᠤᠸᠠᠨ ᠫᠠᠨ ᠶᠢᠩ᠂ ᠬᠤᠪᠸᠢ ᠮᠤᠵᠢ ᠶᠢᠨ ᠦᠬᠠᠨ ᠬᠤᠲᠠ ᠶᠢᠨ ᠵᠡᠬᠦᠨ ᠰᠢ ᠬᠤ᠋ ᠲᠣᠭᠤᠷᠢᠭ᠂ ᠯᠢᠶᠣᠤᠨᠢᠩ ᠮᠤᠵᠢ ᠶᠢᠨ ᠮᠦᠭᠳᠡᠨ ᠬᠤᠲᠠ ᠶᠢᠨ ᠰᠦ᠋ ᠵᠢᠶᠠ ᠳᠦᠨ ᠲᠣᠭᠤᠷᠢᠭ ᠵᠡᠷᠭᠡ ᠭᠠᠵᠠᠷ ᠣᠷᠣᠨ ᠠᠴᠠ ᠮᠠᠨ ᠬᠤᠰᠢᠭᠤᠨ ᠳᠤ ᠢᠷᠡᠭᠰᠡᠳ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ + 1 ᠤᠳᠠᠭᠠᠨ ᠤ ᠴᠢᠰᠤᠨ ᠴᠠᠶᠢᠪᠠᠨᠭ᠌ ᠤᠨ ᠪᠠᠶᠢᠴᠠᠭᠠᠯᠳᠠ ᠬᠢᠬᠦ︾ ᠬᠠᠮᠢᠶᠠᠷᠣᠯᠳᠠ ᠡᠵᠡᠮᠳᠠᠯ ᠤᠨ ᠠᠷᠭ᠎ᠠ ᠬᠡᠮᠵᠢᠶ᠎ᠡ ᠶᠢ ᠬᠡᠷᠡᠭᠵᠢᠬᠦᠯᠤᠨ᠎ᠠ᠃     ᠬᠤᠪᠧᠶ ᠮᠤᠵᠢ ᠪᠠ ᠦᠬᠠᠨ ᠬᠤᠲᠠ ᠶᠢᠨ ᠲᠦᠭᠰᠢᠭᠦᠷᠢ ᠪᠠᠭᠠᠲᠠᠶ ᠭᠠᠵᠠᠷ ᠣᠷᠣᠨ ᠠᠴᠠ ᠮᠠᠨ ᠤ ᠬᠤᠰᠢᠭᠤᠨ ᠎ ᠳᠤ ᠢᠷᠡᠭᠰᠡᠳ ᠲᠤ ︽ᠲᠠᠪᠤ ᠶᠢ ᠴᠥᠮ ᠬᠦᠢᠴᠡᠳᠬᠡᠬᠦ︾ ︵ᠪᠠᠶᠢᠴᠠᠭᠠᠭᠳᠠᠬᠤ ᠡᠲᠡᠭᠡᠳ ᠪᠤᠯᠭᠠᠨ ᠳᠤ ᠴᠥᠮ ᠡᠷᠡᠭᠦᠯ ᠮᠡᠨᠳᠦ ᠶᠢᠨ ᠮᠡᠳᠡᠭᠳᠡᠬᠦ ᠪᠢᠴᠢᠭ ᠲᠠᠷᠬᠠᠭᠠᠬᠤ᠂ ᠡᠷᠡᠭᠦᠯ ᠮᠡᠨᠳᠦ ᠶᠢᠨ ᠪᠠᠶᠢᠳᠠᠯ ᠢ ᠠᠰᠠᠭᠤᠨ ᠣᠨᠣᠰᠢᠯᠠᠬᠤ᠂ ᠡᠷᠡᠭᠦᠯ ᠮᠡᠨᠳᠦ ᠶᠢᠨ ᠨᠡᠪᠲᠡᠷᠡᠬᠦ ᠺᠠᠷᠲ ᠤᠨ ᠮᠡᠳᠡᠭᠡ ᠵᠠᠩᠭᠢ ᠶᠢ ᠰᠢᠯᠭᠠᠨ ᠪᠠᠶᠢᠴᠠᠭᠠᠬᠤ᠂ ᠪᠦᠬᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ᠂ ᠪᠦᠬᠦᠨ ᠢ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠤᠷᠤᠭᠤᠯᠬᠤ︶᠎ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠠᠬᠢᠨ 1 ᠤᠳᠠᠭ᠎ᠠ ᠴᠢᠰᠤᠨ ᠴᠠᠶᠢᠪᠠᠨᠭ᠌ ᠤᠨ ᠪᠠᠶᠢᠴᠠᠭᠠᠯᠳᠠ ᠬᠢᠬᠦ ᠬᠡᠷᠡᠭᠲᠡᠶ᠃     ᠬᠢᠵᠢᠭ ᠤᠨ ᠲᠦᠭᠰᠢᠬᠦᠷᠢ ᠶᠢᠨ ᠲᠡᠰ ᠨᠢ ᠲᠤᠮᠳᠠ ᠦᠡᠳᠤᠷ ᠲᠡᠰ ᠠᠴᠠ ᠲᠤᠤᠷ᠎ᠠ ᠲᠡᠰ ᠪᠣᠯᠣᠭᠰᠠᠨ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠳ᠋ᠤᠤ ᠸᠠᠶ ᠲᠣᠭᠤᠷᠢᠭ᠂ ᠨᠠᠨ ᠭᠠᠩ ᠲᠣᠭᠤᠷᠢᠭ᠂ ᠳ᠋ᠤᠤ ᠯᠢ ᠲᠣᠭᠤᠷᠢᠭ᠂ ᠬᠤ᠋ ᠯᠠᠨ ᠲᠣᠭᠤᠷᠢᠭ᠂ ᠠ ᠴᠧᠩ ᠲᠣᠭᠤᠷᠢᠭ᠂ ᠮᠦ ᠯᠠᠨ ᠰᠢᠶᠠᠨ᠂ ᠮᠦ ᠳ᠋ᠠᠨ ᠵᠢᠶᠠᠩ ᠬᠤᠲᠠ ᠶᠢᠨ ᠰᠦᠶ ᠹᠧᠨ ᠾᠧ ᠬᠤᠲᠠ᠂ ᠰᠢ ᠠᠨ ᠲᠣᠭᠤᠷᠢᠭ᠂ ᠯᠢᠶᠣᠤᠨᠢᠩ ᠮᠤᠵᠢ ᠶᠢᠨ ᠹᠦᠱᠦ᠋ᠨ ᠬᠤᠲᠠ ᠶᠢᠨ ᠱᠦᠨ ᠴᠧᠩ ᠲᠣᠭᠤᠷᠢᠭ᠂ ᠪᠡᠭᠡᠵᠢᠩ ᠬᠤᠲᠠ ᠶᠢᠨ ᠴᠤᠤ ᠶᠠᠩ ᠲᠣᠭᠤᠷᠢᠭ ᠠᠴᠠ ᠮᠠᠨ ᠤ ᠬᠤᠰᠢᠭᠤᠨ ᠳᠤ ᠢᠷᠡᠭᠰᠡᠳ ᠨᠢ ᠡᠷᠡᠭᠦᠯ ᠮᠠᠡᠳᠤ ᠶᠢᠨ ᠨᠡᠪᠲᠡᠷᠡᠬᠦ ᠬᠡᠷᠡᠴᠢ ᠶᠢᠨ ︽ᠨᠣᠭᠤᠭᠠᠨ ᠬᠡᠷᠡᠴᠢ︾᠎ ᠲᠠᠢ ᠮᠥᠷᠲᠡᠭᠡᠨ ᠲᠦᠷᠦᠭᠦᠦ 7 ᠡᠳᠦᠷ ᠤᠨ ᠪᠥᠭᠡᠮ ᠬᠥᠴᠢᠯ ᠤᠨ ᠪᠠᠶᠢᠴᠠᠭᠠᠯᠳᠠ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠬᠡᠪ ᠤᠨ ᠶᠣᠰᠣᠭᠠᠷ ᠠᠵᠢᠯ ᠢᠶᠠᠨ ᠰᠡᠷᠭᠦᠭᠡᠵᠦ ᠰᠤᠷᠤᠯᠭ᠎ᠠ ᠪᠠᠨ ᠡᠬᠢᠯᠡᠬᠦᠯᠵᠤ ᠪᠣᠯᠤᠨ᠎ᠠ︔ ᠡᠷᠡᠭᠦᠯ ᠮᠡᠨᠳᠦ ᠶᠢᠨ ᠨᠡᠪᠲᠡᠷᠡᠬᠦ ᠬᠡᠷᠡᠴᠢ ᠶᠢᠨ ︽ᠨᠣᠭᠤᠭᠠᠨ ᠬᠡᠷᠡᠴᠢ︾᠎ ᠲᠠᠢ ᠪᠣᠯᠪᠠᠴᠤ᠂ ᠪᠥᠬᠡᠮ ᠬᠦᠴᠢᠯ ᠤᠨ ᠪᠠᠶᠢᠴᠠᠭᠠᠯᠳᠠ ᠶᠢᠨ ᠭᠡᠷᠡᠴᠢ ᠬᠠᠩᠭᠠᠵᠤ ᠲᠡᠶᠢᠯᠬᠦ ᠥᠬᠡᠢ ᠪᠤᠯ᠂ ᠮᠠᠨ ᠤ ᠬᠤᠰᠢᠭᠤᠨ ᠳᠤ ᠤᠷᠤᠬᠰᠠᠨ ᠤ ᠬᠢ ᠪᠠᠨ ᠲᠠᠷᠠᠭ᠎ᠠ 24 ᠴᠠᠭ ᠤᠨ ᠳᠣᠲᠣᠷ᠎ᠠ ᠡᠷᠬᠡᠪᠰᠢ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠨᠢ ᠪᠢᠯᠢᠭ ᠴᠢᠨᠠᠷ ᠲᠠᠢ ᠪᠣᠯ᠂ ᠬᠡᠪ ᠤᠨ ᠶᠣᠰᠣᠭᠠᠷ ᠠᠵᠢᠯ ᠢᠶᠠᠨ ᠰᠡᠷᠭᠦᠭᠡᠵᠦ ᠰᠤᠷᠤᠯᠭ᠎ᠠ ᠪᠠᠨ ᠡᠬᠢᠯᠡᠬᠦᠯᠵᠤ ᠪᠣᠯᠤᠨ᠎ᠠ᠃ ᠬᠤᠶᠢᠰᠢᠳᠠ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠢ ᠲᠤᠤᠷ᠎ᠠ ᠲᠦᠭᠰᠢᠭᠦᠷᠢ ᠶᠢᠨ ᠲᠠᠰ ᠠᠴᠠ ᠳᠤᠮᠳᠠ ᠥᠨᠳᠥᠷ ᠲᠦᠭᠰᠢᠭᠦᠷᠢ ᠶᠢᠨ ᠲᠡᠰ ᠪᠤᠯᠭᠠᠨ ᠲᠤᠬᠢᠷᠠᠭᠤᠯᠤᠯᠳᠠ ᠬᠢᠭᠰᠡᠨ ᠪᠤᠶᠤ ᠳᠤᠮᠳᠠ ᠥᠨᠳᠥᠷ ᠲᠦᠭᠰᠢᠭᠦᠷᠢ ᠶᠢᠨ ᠲᠡᠰ ᠠᠴᠠ ᠲᠤᠤᠷ᠎ᠠ ᠲᠦᠭᠰᠢᠭᠦᠷᠢ ᠶᠢᠨ ᠲᠡᠰ ᠪᠤᠯᠭᠠᠨ ᠲᠤᠬᠢᠷᠠᠭᠤᠯᠤᠯᠳᠠ ᠬᠢᠭᠰᠡᠨ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠳ ᠨᠢ ᠳᠡᠭᠡᠷ᠎ᠡ ᠲᠤᠷᠠᠳᠤᠭᠰᠠᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃      ᠭᠤᠷᠪᠠ᠂ ᠳᠤᠮᠳᠠ ᠥᠨᠳᠤᠷ ᠲᠠᠰ ᠤᠨ ᠬᠢᠵᠢᠭ ᠤᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠠᠨ︶ ᠬᠥᠮᠦᠰ ᠢ ᠲᠤᠰᠠᠭᠠᠷᠯᠠᠬᠤ ᠬᠤᠭᠤᠴᠠᠭᠠᠨ ᠳᠤ᠂ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠤᠯ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠳᠠᠷᠤᠶ ᠲᠦᠷᠭᠡᠨ ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠪᠠᠶᠢᠴᠠᠭᠠᠯᠭᠠᠬᠤ ᠬᠡᠷᠡᠭᠲᠡᠶ᠃      ᠲᠥᠷᠪᠡ᠂ ᠭᠠᠳᠠᠭᠠᠳᠤ ᠠᠴᠠ ᠣᠷᠣᠵᠤ ᠢᠷᠡᠭᠰᠡᠨ ᠪᠦᠬᠦᠢ ᠬᠥᠮᠦᠰ ︵ᠣᠷᠣᠨ ᠤ ᠳᠣᠲᠣᠷᠠᠬᠢ ᠪᠣᠭᠤᠮᠲᠠ ᠪᠠ ᠣᠷᠣᠨ ᠭᠠᠳᠠᠨᠠᠬᠢ ᠪᠣᠭᠤᠮᠲᠠ ᠶᠢ ᠲᠠᠮᠵᠢᠨ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠤᠰ ᠪᠠᠭᠲᠠᠨ᠎ᠠ︶᠎ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 14 ᠡᠳᠦᠷ ᠭᠡᠷ ᠎ ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠳᠠ ᠬᠢᠬᠦ + 1 ᠤᠳᠠᠭᠠᠨ ᠤ ᠴᠢᠰᠤᠨ ᠴᠠᠶᠢᠪᠠᠨᠭ᠌ ᠤᠨ ᠪᠠᠶᠢᠴᠠᠭᠠᠯᠳᠠ ᠬᠢᠬᠦ︾ ᠬᠠᠮᠢᠶᠠᠷᠤᠯᠳᠠ ᠡᠵᠡᠮᠳᠡᠯ ᠎ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠲᠠᠪᠤ᠂ ᠤᠯᠤᠰ ︵ᠬᠢᠯᠢ︶᠎ ᠤᠨ ᠭᠠᠳᠠᠨ᠎ᠠ ᠪᠠ ᠤᠯᠤᠰ ᠤᠨ ᠳᠣᠲᠣᠭᠠᠳᠤ ᠶᠢᠨ ᠳᠤᠮᠳᠠ ᠦᠡᠳᠤᠷ ᠲᠡᠰ ᠤᠨ ᠬᠢᠵᠢᠭ ᠤᠨ ᠲᠦᠭᠰᠢᠬᠦᠷᠢ ᠶᠡᠬᠡᠳᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ ᠡᠷᠬᠡᠪᠰᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠠᠰ ᠎ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃ ᠮᠡᠳᠡᠭᠡ ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠬᠠᠭᠤᠷᠮᠠᠭ ᠢᠶᠠᠷ ᠮᠡᠳᠡᠬᠦᠯᠬᠦ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠳᠤ ᠬᠠᠮᠵᠢᠯᠴᠠᠬᠤ ᠦᠭᠡᠢ ᠠᠴᠠ ᠪᠤᠯᠵᠤ ᠬᠢᠵᠢᠭ ᠬᠠᠯᠳᠠᠪᠤᠷᠢᠯᠠᠨ ᠲᠠᠷᠬᠠᠭᠰᠠᠨ ᠵᠡᠷᠭᠡ ᠬᠦᠨᠳᠦ ᠨᠣᠴᠢᠲᠠᠶ ᠦᠷ᠎ᠡ ᠳ᠋ᠦᠡᠭ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠤᠰᠢᠭᠤ ᠡᠯ᠎ᠡ ᠭᠠᠴᠠᠭ᠎ᠠ ︵ᠨᠡᠶᠢᠭᠡᠮ ᠲᠣᠭᠤᠷᠢᠭ︶᠂ ᠬᠤᠰᠢᠭᠤᠨ ᠳᠤ ᠰᠠᠭᠤᠭ᠎ᠠ  ᠰᠢᠰᠲ᠋ᠧᠮᠳᠠᠳᠣ ᠬᠠᠮᠢᠶᠠᠷᠤᠯᠳᠠ ᠶᠢᠨ ᠪᠠᠶᠢᠭᠤᠯᠭ᠎ᠠ᠂ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ︵ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ︶᠂ ᠭᠠᠯᠲᠤ ᠲᠡᠷᠭᠡᠨ ᠤ ᠥᠷᠲᠡᠭᠡ᠂ ᠠᠵᠤ ᠠᠬᠤᠶᠢᠯᠠᠯ᠂ ᠲᠥᠷᠥᠯ ᠵᠦᠶᠯ ᠡᠵᠡᠩᠨᠡᠭᠴᠢᠳ ᠨᠢ ᠪᠠᠶᠢᠭ᠎ᠠ ᠰᠤᠮᠤ ᠪᠠᠯᠭᠠᠰᠤᠨ ︵ᠲᠣᠭᠤᠷᠢᠭ︶᠎ ᠤ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠤᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠠᠳᠠᠨ᠎ᠠ ᠠᠴᠠ ᠢᠷᠡᠭᠰᠡᠨ ᠬᠥᠮᠦᠰ ᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠬᠦᠯᠤᠨ ᠲᠠᠩᠰᠠᠯᠠᠭᠤᠯᠣᠨ᠎ᠠ᠃      ᠵᠢᠷᠭᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠤᠨ ︽ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠬᠡᠪᠴᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ ᠮᠡᠳᠡᠭᠳᠡᠯ︾ ︵ᠥᠪᠥᠷ ᠰᠡᠷᠬᠡᠶᠢᠯᠡᠬᠦ ᠵᠢᠯᠤᠭᠤᠳᠬᠤ ᠲᠠᠷᠬᠠᠭᠠᠭᠰᠠᠨ ﹇2020﹈ 88 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠪᠥᠭᠡᠮ ᠬᠦᠴᠢᠯ ᠤᠨ ᠪᠠᠶᠢᠴᠠᠭᠠᠯᠳᠠ ᠬᠢᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠭᠤᠤᠯᠳᠠᠯᠭ᠎ᠠ ᠲᠠᠢ ᠬᠥᠮᠦᠰ ᠲᠤ ︽ᠪᠠᠶᠢᠴᠠᠭᠠᠬᠤ ᠶᠣᠰᠣᠲᠠᠶ ᠶᠢ ᠪᠦᠬᠦᠨ ᠢ ᠪᠠᠶᠢᠴᠠᠭᠠᠬᠤ︾᠂ ᠪᠤᠰᠤᠳ ᠬᠥᠮᠦᠰ ᠎ ᠲᠤ ︽ᠰᠠᠶᠢᠨ ᠲᠤᠷ᠎ᠠ ᠠᠴᠠ ᠪᠠᠨ ᠪᠠᠶᠢᠴᠠᠭᠠᠯᠳᠠ ᠬᠢᠯᠬᠡᠪᠡᠯ ᠪᠦᠬᠦᠨ ᠢ ᠪᠠᠶᠢᠴᠠᠭᠠᠬᠤ︾᠎ ᠶᠢ ᠬᠡᠷᠡᠭᠵᠢᠭᠦᠯᠦᠨ᠎ᠡ᠃     ︵ᠨᠢᠭᠡ︶ ᠪᠥᠭᠡᠮ ᠬᠦᠴᠢᠯ ᠤᠨ ᠪᠠᠶᠢᠴᠠᠭᠠᠯᠳᠠ ᠶᠢᠨ ︽ᠪᠠᠶᠢᠴᠠᠭᠠᠬᠤ ᠶᠣᠰᠣᠲᠠᠶ ᠶᠢ ᠪᠦᠬᠦᠨ ᠢ ᠪᠠᠶᠢᠴᠠᠭᠠᠬᠤ︾ ᠬᠦᠷᠢᠶ᠎ᠡ ᠬᠡᠪᠴᠢᠶ᠎ᠡ᠄ ⒈ᠤᠨᠤᠰᠢᠯᠠᠭᠳᠠᠭᠰᠡᠨ ᠡᠪᠡᠳᠴᠢᠳᠠᠨ ᠲᠠᠢ ᠨᠢᠭᠲᠠ ᠣᠶᠢᠷᠠᠳᠣᠭᠰᠠᠳ︔ ⒉  ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ︔ ⒊ᠳᠤᠮᠳᠠ ᠦᠡᠳᠤᠷ ᠲᠡᠰ ᠤᠨ ᠬᠢᠵᠢᠭ ᠤᠨ ᠲᠦᠭᠰᠢᠭᠦᠷᠢ ᠶᠡᠬᠡᠲᠡᠶ ᠭᠠᠵᠠᠷ ᠣᠷᠣᠨ ᠪᠣᠯᠤᠨ ᠬᠤᠪᠸᠢ ᠮᠤᠵᠢ ᠠᠴᠠ ᠮᠠᠨ ᠤ ᠬᠤᠰᠢᠭᠤᠨ ᠳᠤ ᠤᠷᠤᠵᠤ ᠢᠷᠡᠭᠰᠡᠳ︔ ⒋ᠬᠠᠯᠠᠭᠤᠷᠠᠬᠤ ᠡᠭᠦᠳᠡᠨ ᠡᠮᠨᠡᠯᠭᠡ ᠶᠢᠨ ᠡᠪᠡᠳᠴᠢᠲᠡᠨ᠂ ᠡᠮᠨᠡᠯᠭᠡ ᠳᠤ ᠰᠢᠨ᠎ᠠ ᠪᠠᠷ ᠤᠷᠤᠵᠤ ᠰᠠᠭᠤᠭᠰᠠᠨ ᠡᠪᠡᠳᠴᠢᠲᠡᠨ ᠵᠢᠴᠢ ᠠᠰᠠᠷᠠᠨ ᠬᠠᠷᠠᠭᠠᠯᠵᠠᠬᠤ ᠬᠦᠮᠤᠰ︔⒌ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ᠂ ᠪᠣᠭᠤᠮᠲᠠ ᠶᠢᠨ ᠬᠢᠵᠢᠭ ᠤᠨ ᠪᠠᠶᠢᠴᠠᠭᠠᠯᠳᠠ ᠶᠢᠨ ᠠᠵᠢᠯᠳᠠᠨ ᠪᠠ ᠬᠢᠯᠢ ᠶᠢᠨ ᠰᠡᠷᠬᠡᠶᠢᠯᠡᠯᠳᠡ ᠶᠢᠨ ᠪᠠᠶᠢᠴᠠᠭᠠᠭᠴᠢ︔ ⒍ᠬᠤᠷᠢᠭᠤᠯ ᠤᠨ ᠭᠠᠵᠠᠷ ᠎ ᠤᠨ ᠠᠵᠢᠯᠲᠠᠨ᠂ ᠨᠡᠶᠢᠭᠡᠮ ᠤᠨ ᠠᠰᠠᠷᠠᠮᠵᠢ ᠨᠠᠰᠤᠵᠢᠯ ᠤᠨ ᠪᠠᠶᠢᠭᠤᠯᠤᠮᠵᠢ ᠶᠢᠨ ᠠᠵᠢᠯᠲᠠᠨ᠂ ᠣᠯᠠᠨ ᠨᠡᠶᠢᠲᠡ ᠶᠢᠨ ᠲᠠᠯᠠᠪᠤᠷ ᠤᠨ ᠦᠶᠯᠡᠴᠢᠯᠡᠭᠡᠨ ᠤ ᠠᠵᠢᠯᠲᠠᠨ︔ ⒎ ᠲᠤᠮᠳᠠ ᠦᠡᠳᠤᠷ ᠲᠡᠰ ᠤᠨ ᠬᠢᠵᠢᠭ ᠤᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠠᠭᠰᠢ ᠠᠵᠢᠯᠲᠠᠨ ᠪᠠ ᠰᠤᠷᠤᠭᠴᠢ᠃      ︵ᠬᠤᠶᠠᠷ︶ ᠪᠥᠭᠡᠮ ᠬᠦᠴᠢᠯ ᠤᠨ ᠪᠠᠶᠢᠴᠠᠭᠠᠯᠳᠠ ᠶᠢᠨ ︽ᠰᠠᠶᠢᠨ ᠲᠤᠷ᠎ᠠ ᠠᠴᠠ ᠪᠠᠨ ᠪᠠᠶᠢᠴᠠᠭᠠᠯᠳᠠ ᠬᠢᠯᠬᠡᠪᠡᠯ ᠪᠦᠬᠦᠨ ᠢ ᠪᠠᠶᠢᠴᠠᠭᠠᠬᠤ︾ ᠬᠡᠪᠴᠢᠶ᠎ᠡ᠄ ᠳᠡᠭᠡᠷ᠎ᠡ ᠳᠤᠷᠠᠳᠤᠭᠰᠠᠨ ᠬᠦᠮᠤᠰ ᠠᠴᠠ ᠪᠤᠰᠤᠳ ᠰᠠᠶᠢᠨ ᠳᠤᠷ᠎ᠠ ᠎ ᠠᠴᠠ ᠪᠠᠨ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠬᠦ ᠲᠤᠷᠡᠳᠡᠢ ᠬᠦᠮᠤᠰ᠃ ︵ᠭᠤᠷᠪᠠ︶ ︽ᠪᠠᠶᠢᠴᠠᠭᠠᠬᠤ ᠶᠣᠰᠣᠲᠠᠶ ᠶᠢ ᠪᠦᠬᠦᠨ ᠢ ᠪᠠᠶᠢᠴᠠᠭᠠᠬᠤ︾᠎ ᠳᠤ ᠬᠡᠷᠡᠭᠰᠡᠬᠦ ᠵᠠᠷᠤᠳᠠᠯ ᠢ ᠵᠠᠰᠠᠭ ᠤᠨ ᠤᠷᠳᠤᠨ ᠠᠴᠠ ᠡᠬᠦᠷᠬᠡᠯᠡᠨ ︵ᠬᠠᠯᠠᠭᠤᠷᠠᠬᠤ ᠡᠭᠦᠳᠡᠨ ᠡᠮᠨᠡᠯᠭᠡ ᠶᠢᠨ ᠡᠪᠡᠳᠴᠢᠲᠡᠨ ᠪᠠ ᠡᠮᠨᠡᠯᠭᠡ ᠳᠤ ᠰᠢᠨ᠎ᠠ ᠪᠠᠷ ᠤᠷᠤᠵᠤ ᠰᠠᠭᠤᠭᠰᠡᠨ ᠡᠪᠡᠳᠴᠢᠲᠡᠨ ᠪᠠᠭᠲᠠᠬᠤ ᠦᠭᠡᠢ︶᠃ ︽ᠰᠠᠶᠢᠨ ᠲᠤᠷ᠎ᠠ ᠠᠴᠠ ᠪᠠᠨ ᠪᠠᠶᠢᠴᠠᠭᠠᠯᠳᠠ ᠬᠢᠯᠬᠡᠪᠡᠯ ᠪᠦᠬᠦᠨ ᠢ ᠪᠠᠶᠢᠴᠠᠭᠠᠬᠤ︾᠎ ᠳᠤ ᠬᠡᠷᠡᠭᠰᠡᠬᠦ ᠵᠠᠷᠤᠳᠠᠯ  ᠎ ᠢ ᠠᠵᠤ ᠠᠬᠤᠶᠢᠯᠠᠯ ᠠᠵᠢᠯ ᠦᠶᠯᠡᠰ  ᠎ ᠤᠨ ᠨᠢᠭᠡᠴᠡ ᠪᠤᠶᠤ ᠬᠤᠪᠢ ᠬᠥᠮᠦᠨ ᠠᠴᠠ ᠡᠭᠦᠷᠭᠡᠯᠡᠨ᠎ᠡ᠃      ︵ᠳᠥᠷᠪᠡ︶ ︽ᠪᠠᠶᠢᠴᠠᠭᠠᠬᠤ ᠶᠤᠰᠤᠳᠡᠢ ᠶᠢ ᠪᠦᠬᠦᠨ ᠢ ᠪᠠᠶᠢᠴᠠᠭᠠᠬᠤ︾ ᠪᠦᠬᠡᠮ ᠬᠦᠴᠢᠯ ᠤᠨ ᠪᠠᠶᠢᠴᠠᠭᠠᠯᠳᠠ ᠶᠢᠨ ᠲᠥᠷᠥᠯ ᠵᠦᠶᠯ ᠢ ︽ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠤᠯᠠᠮ ᠴᠢᠨᠠᠭᠰᠢᠳᠠ ᠴᠢᠩᠭᠠᠳᠬᠠᠨ᠂ ᠬᠢᠵᠢᠭ ᠭᠠᠳᠠᠨ᠎ᠠ ᠠᠴᠠ ᠬᠠᠯᠳᠠᠪᠣᠷᠢᠯᠠᠨ ᠤᠷᠤᠬᠤ᠂ ᠬᠠᠯᠳᠠᠪᠤᠷᠢᠯᠠᠨ ᠲᠠᠷᠬᠠᠬᠤ ᠶᠢ ᠴᠢᠩᠭ᠎ᠠ ᠰᠡᠷᠬᠡᠶᠢᠯᠡᠬᠦ ᠲᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠪᠠᠴᠢᠮ ᠮᠡᠳᠡᠭᠳᠡᠯ︾ ︵ᠥᠪᠥᠷ ᠰᠡᠷᠬᠡᠶᠢᠯᠡᠬᠦ ᠵᠢᠯᠤᠭᠤᠳᠬᠤ ᠴᠠᠬᠢᠯᠭᠠᠨ ﹇2020﹈ 37 ᠳ᠋ᠤᠭᠠᠷ ᠲᠣᠭᠠᠲᠤ︶᠎ ᠤᠨ ᠶᠣᠰᠣᠭᠠᠷ ᠬᠡᠷᠡᠭᠵᠢᠭᠦᠯᠦᠨ᠎ᠡ᠃      ᠳᠣᠯᠤᠭ᠎ᠠ᠂ ᠥᠷᠭᠡᠨ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠲᠠᠮᠵᠢᠨ ᠢᠳᠡᠪᠬᠢᠲᠡᠢ ᠬᠠᠮᠵᠢᠯᠴᠠᠵᠤ᠂ ᠤᠯᠤᠰ ︵ᠬᠢᠯᠢ︶᠎ ᠤᠨ ᠭᠠᠳᠠᠨ᠎ᠠ ᠪᠠ ᠤᠯᠤᠰ ᠤᠨ ᠳᠣᠲᠣᠭᠠᠳᠤ ᠶᠢᠨ  ᠬᠢᠵᠢᠭ ᠤᠨ ᠲᠡᠰ ᠨᠢ ᠲᠤᠮᠳᠠ ᠦᠡᠳᠤᠷ ᠲᠡᠰ ᠲᠤ ᠲᠤᠭᠠᠴᠢᠭᠳᠠᠬᠤ ᠬᠢᠵᠢᠭ ᠤᠨ ᠲᠦᠭᠰᠢᠬᠦᠷᠢ ᠶᠡᠬᠡᠳᠡᠢ ᠭᠠᠵᠡᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ︵ᠪᠣᠴᠠᠭᠰᠠᠨ︶ ᠬᠥᠮᠦᠰ ᠤᠨ ᠪᠣᠳᠠᠲᠤ ᠪᠠᠶᠢᠳᠠᠯ ᠢ ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠣᠬᠡᠷᠡᠢ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠢᠨᠠᠨ ᠪᠠᠶᠢᠴᠠᠭᠠᠭᠠᠳ ᠦᠨᠡᠨ ᠪᠣᠳᠠᠲᠠᠶ ᠪᠣᠯ ᠨᠢᠭᠡᠳᠦᠭᠡᠷ ᠢᠯᠠᠴᠢᠯᠡᠨ ᠮᠡᠳᠡᠬᠦᠯᠦᠭᠰᠡᠨ ᠬᠦᠮᠤᠨ ᠢ 5000 ᠲᠥᠭᠦᠷᠢᠭ ᠢᠶᠠᠷ ᠱᠠᠩᠨᠠᠨ᠎ᠠ᠃          ᠢᠯᠠᠴᠢᠯᠡᠨ ᠮᠡᠳᠡᠬᠦᠯᠬᠦ ᠤᠲᠠᠰᠤ᠄ 0479 — 2022950 ᠠᠪᠠᠭ᠎ᠠ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠬᠡᠷ       2020 ᠤᠨ ᠤ 5 ᠰᠠᠷ᠎ᠠ ᠶᠢᠨ 19᠎ ᠤ ᠡᠳᠦᠷ    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号