ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠫᠠᠶᠢᠰᠠ ᠰᠡᠬᠦᠬᠦ ᠶᠣᠰᠣᠯᠠᠯ ᠶᠠᠪᠣᠭᠳᠠᠭᠤᠯᠪᠠ
ᠨᠡᠶᠢᠲᠡᠯᠡᠭᠰᠡᠨ ᠴᠠᠭ᠄
2020/5/9
      ᠪᠥᠬᠦ ᠠᠶᠢᠮᠠᠭ ᠤᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶᠠᠷᠤᠯᠲᠠ ᠶᠢᠨ ᠪᠠᠶᠢᠭᠤᠯᠣᠯ ᠢ ᠳᠣᠭᠢᠷᠠᠭᠤᠯᠬᠤ ᠠᠵᠢᠯ ᠤᠨ ᠲᠧᠯᠸᠢᠰ ᠬᠤᠷᠠᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 30 ᠤ ᠡᠳᠦᠷ ᠂ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠠᠶᠢᠮᠠᠭ ᠤᠨ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶ᠎ᠠ ᠵᠡᠷᠭᠡ ᠪᠠᠷ ᠫᠠᠶᠢᠰᠠ ᠢᠯᠡᠷᠬᠡᠶᠢᠯᠡᠯ ᠰᠡᠬᠦᠬᠦ ᠶᠣᠰᠣᠯᠠᠯ ᠶᠠᠪᠣᠭᠳᠠᠭᠤᠯᠪᠠ
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ  ᠳ᠋ᠧ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ  ᠤᠨ ᠱᠦᠵᠢ ᠮᠠᠯᠴᠢᠨᠬᠦᠣ ᠶᠣᠰᠣᠯᠠᠯ ᠳᠤ ᠣᠷᠣᠯᠴᠡᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠠᠨ ᠯᠢ ᠫᠢᠩ ᠶᠣᠰᠣᠯᠠᠯ ᠢ ᠡᠷᠭᠢᠯᠡᠪᠡ
    ᠶᠣᠰᠣᠯᠠᠯ ᠳᠤ᠂ ᠸᠠᠩ ᠳ᠋ᠧ᠂  ᠮᠠᠯᠴᠢᠨᠬᠦᠣ᠂  ᠵᠠᠨ ᠯᠢ ᠫᠢᠩ  ᠨᠠᠷ ᠬᠠᠮᠳᠣᠪᠡᠷ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠫᠠᠶᠢᠰᠠ ᠶᠢ ᠰᠡᠬᠦᠪᠡ᠃
     ᠮᠠᠯᠴᠢᠨᠬᠦᠣ ᠪᠠᠶᠠᠷ ᠤᠨ ᠶᠠᠷᠢᠶᠠᠨ ᠳᠠᠭᠠᠨ ᠵᠢᠭᠠᠭᠰᠡᠨ ᠨᠢ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶ᠎ᠠ ᠫᠠᠶᠢᠰᠠ ᠡᠯᠭᠦᠭᠰᠡᠨ ᠨᠢ ᠮᠠᠨ ᠤ ᠬᠤᠰᠢᠭᠤᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠠᠵᠢᠯ ᠦᠢᠯᠡᠰ ᠨᠢ ᠲᠡᠦᠬᠡ ᠶᠢᠨ ᠰᠢᠨ᠎ᠡ ᠡᠬᠢᠯᠡᠯᠲᠡ ᠳᠤ ᠣᠷᠣᠭᠰᠠᠨ ᠢ ᠬᠠᠷᠠᠭᠤᠯᠵᠣ ᠪᠠᠶᠢᠨ᠎ᠠ᠃ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠡᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠳᠣ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠮᠦᠨᠴᠦ ᠨᠠᠮ ᠤᠨ ᠲᠥᠪ ᠬᠤᠷᠢᠶᠠᠨ ᠤ ︽ᠵᠠᠰᠠᠭ ᠪᠣᠯ ᠵᠠᠰᠠᠭ᠂ᠴᠠᠭᠳᠠᠭ᠎ᠠ ᠪᠣᠯ ᠴᠠᠭᠳᠠᠭ᠎ᠠ᠂ ᠠᠵᠤ ᠠᠬᠤᠶᠢᠯᠠᠯ ᠪᠣᠯ ᠠᠵᠤ ᠠᠬᠤᠶᠢᠯᠠᠯ︾  ᠬᠡᠰᠡᠨ ᠬᠠᠷᠠᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠴᠢᠬᠤᠯᠠ ᠪᠦᠷᠢᠯᠳᠦᠬᠦᠨ ᠪᠠᠶᠢᠵᠣ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢ  ᠬᠦᠨᠵᠡᠭᠡᠶᠢᠷᠡᠬᠦᠯᠵᠣ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠣᠶᠢᠯᠡᠰ ᠤᠨ ᠬᠥᠭᠵᠢᠯᠲᠡ ᠳᠤ ᠵᠣᠬᠢᠴᠠᠭᠰᠡᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃      ᠮᠠᠯᠴᠢᠨᠬᠦᠦ ᠠᠴᠠ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠪᠥᠬᠦ ᠺᠠᠳ᠋ᠷ ᠴᠠᠭᠳᠠᠭ᠎ᠠ ᠶᠢ ᠡᠬᠦᠷᠭᠡ ᠬᠠᠷᠢᠭᠤᠴᠠᠯᠭ᠎ᠠ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠳᠠᠯᠪᠢᠵᠣ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠲᠤ ᠪᠤᠶᠠᠨ ᠣᠶᠢᠯᠡᠳᠬᠦ ᠶᠢ ᠤᠯᠤᠰ ᠲᠥᠷᠥ ᠶᠢᠨ ᠦᠨᠳᠦᠰᠦᠨ ᠡᠭᠦᠷᠭᠡᠯᠡᠯ ᠪᠣᠯᠭᠠᠵᠤ᠂ ᠰᠢᠨ᠎ᠡ ᠡᠭᠦᠷᠭᠡ ᠴᠢᠳᠠᠪᠤᠷᠢ ᠪᠠᠨ ᠦᠨᠡᠨ ᠬᠦ ᠰᠠᠶᠢᠲᠤᠷ ᠭᠦᠶ᠋ᠴᠡᠳᠬᠡᠬᠦ ᠬᠡᠷᠡᠭᠲᠡᠶ ᠭᠡᠵᠦ ᠵᠣᠷᠢᠭᠵᠢᠭᠤᠯᠣᠨ᠂ ᠳᠡᠳᠡᠨ ᠢ ᠠᠵᠢᠯ ᠤᠨ ᠪᠠᠶᠢᠷᠢ ᠳᠠᠭᠠᠨ ᠲᠦᠷᠭᠡᠨ ᠵᠣᠬᠢᠴᠠᠵᠤ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠡᠯ᠎ᠡ ᠵᠦᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ ᠶᠢ ᠪᠠᠳᠣᠯᠠᠵᠣ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠶ ᠰᠢᠭᠤᠶ ᠶᠢᠨ ᠠᠮᠢ ᠠᠬᠤᠶ ᠶᠢᠨ ᠡᠬᠢ ᠪᠠᠶᠠᠯᠢᠭ ᠢ ᠡᠪᠳᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠡᠬᠢ ᠪᠠᠶᠠᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠣᠶᠢᠯᠡᠴᠢᠯᠡᠭᠡ ᠪᠣᠯᠤᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠬᠡᠵᠣ ᠱᠠᠭᠠᠷᠳᠠᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号