ᠠᠪᠠᠭ᠎ᠠ ᠬᠤᠰᠢᠭᠤ ᠨᠢ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠠᠵᠢᠯ ᠤᠨ ᠲᠦᠪᠯᠡᠷᠡᠩᠭᠦᠢ ᠤᠬᠠᠭᠤᠯᠤᠨ ᠳᠠᠶᠢᠯᠪᠤᠷᠢᠯᠠᠬᠤ ᠪᠤᠯᠪᠠᠰᠤᠷᠡᠯ ᠦᠷᠨᠢᠭᠦᠯᠪᠠ
ᠨᠡᠶᠢᠲᠡᠯᠡᠭᠰᠡᠨ ᠴᠠᠭ᠄
2020/6/30
    6 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠮᠠᠨ ᠤ ᠬᠤᠰᠢᠭᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠠᠵᠢᠯ ᠤᠨ ᠲᠦᠪᠯᠡᠷᠡᠩᠭᠦᠢ ᠤᠬᠠᠭᠤᠯᠤᠨ ᠳᠠᠶᠢᠯᠪᠤᠷᠢᠯᠠᠬᠤ ᠪᠤᠯᠪᠠᠰᠤᠷᠡᠯ ᠦᠷᠨᠢᠭᠦᠯᠪᠠ᠃
    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠡᠨ ᠤ ᠠᠯᠪᠠᠨ ᠭᠡᠷ ᠤᠨ ᠡᠷᠬᠢᠯᠡᠭᠴᠢ ᠠᠯᠮᠠᠰ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠧ ᠶᠦᠩ ᠵᠢᠶᠦ᠋ᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠤᠩᠭᠤᠸ᠎ᠠ ᠪᠠᠷ ᠳᠠᠭᠠᠭᠤᠯᠤᠭᠰᠡᠨ ᠰᠢᠨ᠎ᠡ ᠴᠠᠭ ᠦᠶ᠎ᠡ  ᠶᠢᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠮᠠᠯᠵᠢᠬᠤ ᠣᠷᠣᠨ ᠤ ᠣᠳᠣᠬᠢᠴᠢᠯᠠᠯᠲᠠ ᠶᠢᠨ ᠳᠤᠷᠰᠢᠯᠳᠠ ᠶᠢᠨ ᠴᠡᠭ ᠤᠨ ᠠᠵᠢᠯ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠳᠤᠭᠤᠶᠢᠯᠡᠩ ᠪᠡᠯᠭᠦᠳᠡᠶ ᠪᠠᠯᠭᠠᠰᠤ᠂ ᠬᠤᠩᠭᠤᠷᠭᠤᠤᠯ ᠪᠠᠯᠭᠠᠰᠤ᠂ ᠴᠠᠭᠠᠨᠨᠠᠭᠤᠷ ᠪᠠᠯᠭᠠᠰᠤᠨ ᠳᠤ ᠬᠦᠨᠵᠡᠬᠡᠶᠢᠷᠡᠵᠤ᠂ ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠪᠤᠯᠪᠠᠰᠤᠷᠡᠯ ᠦᠷᠨᠢᠭᠦᠯᠪᠠ ᠃ ᠲᠤᠷᠰᠢᠯᠲᠠ ᠶᠢᠨ ᠴᠡᠭ ᠤᠨ ᠪᠠᠯᠭᠠᠰᠤᠨ ᠤ ᠺᠠᠳ᠋ᠷ ᠠᠵᠢᠯᠲᠠᠨ᠂ ᠭᠠᠴᠠᠭᠠᠨ ᠤ ︽ᠬᠤᠶᠠᠷ ᠵᠥᠪᠯᠡᠯ︾ ᠤᠨ ᠬᠡᠰᠢᠭᠦᠨ᠂ ᠮᠠᠯᠴᠢᠨ ᠨᠠᠮ ᠤᠨ ᠭᠡᠰᠢᠭᠦᠨ 160 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
    ᠤᠬᠠᠭᠤᠯᠤᠨ ᠲᠠᠶᠢᠯᠪᠤᠷᠢᠯᠠᠬᠤ ᠳᠤᠮᠳᠠ᠂ ᠠᠯᠮᠠᠰ᠂ ᠭᠧ ᠶᠦᠩ ᠵᠢᠶᠦ᠋ᠨ᠂ ᠤᠶᠤᠩᠭᠤᠸ᠎ᠠ ᠠᠴᠠ ᠰᠢ ᠫᠢᠩ ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠭᠦᠨᠵᠡᠭᠡᠢ ᠤᠶᠢᠯᠡᠳᠤᠯᠬᠡᠵᠢᠭᠦᠯᠬᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠦᠨᠳᠦᠰᠦᠨ ᠱᠠᠲᠤᠨ ᠳᠤ ᠨᠠᠶᠢᠳᠠᠪᠤᠷᠢᠵᠢᠭᠳᠠᠨ ᠦᠷ᠎ᠠ ᠪᠦᠳᠦᠮᠵᠢ ᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠤᠭᠰᠡᠨ ᠠᠬᠤᠶ ᠪᠠᠶᠢᠳᠠᠯ᠂ ᠵᠣᠷᠢᠯᠭ᠎ᠠ᠂ ᠠᠴᠢ ᠬᠤᠯᠪᠣᠭᠳᠠᠯ᠂ ᠵᠠᠷᠴᠢᠮ᠂ ᠠᠭᠤᠯᠭ᠎ᠠ᠂ ᠠᠷᠭ᠎ᠠ ᠠᠪᠴᠠᠯ ᠵᠡᠷᠭᠡ ᠲᠠᠯ᠎ᠠ ᠪᠠᠷ ᠪᠦᠬᠦ ᠳᠠᠯ᠎ᠠ ᠪᠠᠷ ᠲᠠᠶᠢᠯᠤᠮᠵᠢ ᠬᠢᠭᠰᠡᠨ ᠤ ᠬᠠᠮᠲᠤ ᠡᠯ᠎ᠡ ᠰᠤᠮᠤ ᠪᠠᠯᠭᠠᠰᠤᠨ ᠤ ᠪᠠᠶᠢᠭᠤᠯᠭ᠎ᠠ ᠨᠢᠭᠡᠴᠡ ᠶᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠭᠠᠴᠠᠭᠠᠨ ᠤ ︽ᠬᠤᠶᠠᠷ ᠵᠥᠪᠯᠡᠯ︾ ᠤᠨ ᠦᠢᠯᠡᠳᠦᠯ ᠢ
ᠰᠠᠶᠢᠲᠤᠷ ᠪᠠᠳᠠᠷᠠᠭᠤᠯᠬᠤ ᠪᠠ ᠮᠠᠯᠴᠢᠳ ᠤᠨ ᠤᠷᠤᠯᠴᠠᠬᠤ ᠢᠳᠡᠪᠬᠢᠳᠤ ᠴᠢᠨᠠᠷ ᠢ ᠳᠠᠶᠢᠴᠢᠯᠠᠬᠤ ᠶᠢ ᠱᠠᠭᠠᠷᠳᠠᠵᠠᠢ᠃
    ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠬᠠᠷᠢᠭᠤᠴᠠᠯᠭᠠᠲᠠᠨ ᠡᠷᠬᠢᠮᠳᠤ᠂ ᠬᠤᠰᠢᠭᠤ ᠣᠢ ᠰᠢᠭᠤᠶ ᠨᠤᠳᠤᠭ ᠪᠡᠯᠴᠢᠭᠡᠷ ᠤᠨ ᠲᠣᠪᠴᠢᠶᠠᠨ ᠤ ᠬᠠᠷᠢᠭᠤᠴᠠᠯᠭᠠᠲᠠᠨ ᠵᠢᠷᠤᠮᠳᠤ᠂ ᠬᠤᠰᠢᠭᠤ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠭᠡᠷᠡᠯᠲᠦ ᠠᠴᠠ ᠳᠤᠰ ᠳᠤᠰ ᠠᠵᠢᠯ ᠤᠨ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠤᠨ᠂ ᠪᠥᠬᠦ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠬᠡᠷᠡᠭᠵᠢᠭᠦᠯᠬᠦ ᠲᠥᠰᠦᠯ ᠳᠤ ᠲᠠᠶᠢᠯᠤᠮᠵᠢ ᠬᠢᠭᠰᠡᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号