2020 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ | —— 2020 ᠤᠨ ᠤ 5 ᠰᠠᠷ᠎ᠠ ᠶᠢᠨ 18 ᠤ ᠡᠳᠤᠷ ᠠᠪᠠᠭ᠎ᠠ ᠬᠤᠰᠢᠭᠤᠨ ᠤ ᠠᠷᠪᠠᠨ | ᠲᠠᠪᠤᠳᠤᠭᠠᠷ ᠬᠤᠭᠤᠴᠠᠭᠠᠨ ᠤ ᠠᠷᠡᠳ ᠤᠨ ᠲᠦᠯᠤᠬᠡᠯᠡᠭᠴᠢᠳ ᠤᠨ ᠶᠡᠭᠡ ᠬᠤᠷᠡᠯ ᠤᠨ ᠭᠤᠷᠪᠠᠳᠤᠭᠠᠷ ᠤᠳᠠᠭᠠᠨ ᠤ | ᠬᠤᠷᠠᠯᠳᠤᠭᠠᠨ ᠲᠡᠬᠡᠷᠡᠬᠢ | | | ᠵᠠᠰᠠᠭ ᠤᠨ ᠤᠷᠳᠤᠨ ᠤ ᠬᠤᠰᠢᠭᠤ ᠲᠠᠷᠤᠭ᠎ᠠ ᠢᠥᠢ ᠬᠠᠢ ᠴᠸᠡᠭ | | ᠲᠦᠯᠤᠬᠡᠯᠡᠭᠴᠢᠳ ᠡ᠄ | ᠤᠳᠤ ᠪᠢ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ ᠶᠡᠭᠡ ᠬᠤᠷᠡᠯ ᠳᠤ ᠠᠵᠢᠯ ᠤᠨ | ᠢᠯᠡᠳᠬᠡᠯ ᠬᠢᠶ᠎ᠠ᠂ ᠬᠢᠨᠡᠨ ᠵᠦᠪᠯᠡᠬᠦ ᠪᠤᠯᠪᠠᠤ︕ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠪᠠ ᠬᠤᠷᠠᠯ ᠳᠤ | ᠰᠣᠯᠨ ᠣᠷᠣᠯᠴᠠᠭᠰᠠᠳ ᠰᠠᠨᠠᠯ ᠢᠶᠠᠨ ᠲᠤᠷᠡᠳᠬᠤ ᠪᠤᠯᠪᠠᠤ᠃ | ᠨᠢᠬᠡ᠂ 2019 ᠤᠨ ᠤ ᠠᠵᠢᠯ ᠤᠨ ᠡᠷᠬᠢᠴᠡᠬᠦᠯᠤᠯ | 2019 ᠤᠨ ᠪᠤᠯ ᠬᠤᠰᠢᠭᠤ ᠲᠠᠶᠠᠭᠠᠷ ᠬᠦᠴᠢᠷ ᠢ ᠰᠦᠷᠤᠨ ᠡᠷᠡᠮᠡᠬᠡᠶᠢᠯᠡᠨ ᠤᠷᠤᠭᠰᠢᠯᠠᠵᠤ᠂ ᠬᠠᠳᠠᠭᠤᠵᠢᠯᠳᠡᠢ | ᠲᠠᠮᠠᠴᠠᠨ ᠪᠤᠳᠡᠳᠡᠢ ᠠᠵᠢᠯᠯᠠᠭᠰᠡᠨ ᠶᠠᠷᠤ ᠪᠤᠰᠤ ᠶᠢᠨ ᠨᠢᠬᠡ ᠵᠢᠯ ᠪᠤᠯᠬᠤ ᠶᠤᠮ᠃ ᠨᠢᠬᠡ ᠵᠢᠯ ᠤᠨ ᠲᠤᠷᠰᠢ᠂ | ᠬᠤᠰᠢᠭᠤ ᠨᠠᠮ ᠤᠨ ᠬᠤᠷᠢᠶᠠᠨ ᠤ ᠪᠠᠳᠣ ᠴᠢᠩᠭ᠎ᠠ ᠤᠳᠤᠷᠢᠳᠤᠯᠭ᠎ᠠ᠂ ᠬᠤᠰᠢᠭᠤ ᠠᠷᠡᠳ ᠤᠨ ᠲᠦᠯᠤᠬᠡᠯᠡᠭᠴᠢᠳ ᠤᠨ | ᠶᠡᠭᠡ ᠬᠤᠷᠡᠯ᠂ ᠤᠯᠤᠰ ᠲᠦᠷᠤ ᠶᠢᠨ ᠵᠦᠪᠯᠡᠯᠬᠡᠨ ᠤ ᠬᠢᠨᠡᠯᠳᠡ ᠲᠡᠮᠵᠢᠯᠬᠡ ᠲᠤᠤᠷ᠎ᠠ᠂ ᠪᠢᠳᠠ ᠰᠢ ᠶᠢᠨ ᠫᠢᠡᠭ ᠤᠨ | ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠤᠳᠤᠬᠡᠷ ᠶᠡᠭᠡ ᠬᠤᠷᠡᠯ ᠪᠤᠯᠤᠨ ᠠᠷᠪᠠ ᠶᠢᠰᠤᠳᠤᠬᠡᠷ ᠬᠤᠭᠤᠴᠠᠭᠠᠨ | ᠤ ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ ᠪᠦᠬᠦᠳᠠ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ᠂ ᠶᠠᠷᠤᠩᠬᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠨᠤᠪᠴᠢᠳᠡᠢ ᠨᠠᠶᠢᠳᠠᠪᠣᠷᠢᠵᠢᠭᠤᠯᠵᠣ᠂ ᠲᠤᠭᠳᠠᠭᠤᠨ ᠤ ᠲᠤᠮᠳᠠ | ᠤᠷᠤᠭᠰᠢᠯᠠᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠪᠦᠬᠦ ᠬᠤᠰᠢᠭᠤᠨ ᠤ ᠠᠵᠤ ᠠᠬᠤᠢ | ᠨᠠᠶᠢᠬᠡᠮ ᠦᠷᠬᠦᠯᠵᠢᠯᠡᠨ ᠡᠷᠡᠬᠦᠯ ᠢᠶᠠᠷ ᠬᠦᠭᠵᠢᠪᠠ᠃ ᠪᠦᠬᠦ ᠵᠢᠯ ᠳᠤ᠂ ᠭᠠᠵᠡᠷ ᠤᠷᠤᠨ ᠤ ᠦᠢᠯᠡᠳᠪᠤᠷᠢᠯᠡᠯ ᠤᠨ | ᠶᠠᠷᠤᠩᠬᠡᠢ ᠦᠷᠳᠡᠭ ᠢ 34.9 ᠳ᠋ᠦᠩᠰᠢᠭᠤᠷ ᠲᠦᠬᠦᠷᠢᠭ ᠪᠠᠶᠠᠯᠠᠬᠦᠯᠵᠤ᠂ 5.7% ᠪᠠᠷ ᠨᠡᠮᠡᠭᠳᠡᠨ᠂ ᠪᠦᠬᠦ ᠠᠶᠢᠮᠠᠭ | ᠤᠨ ᠲᠦᠷᠪᠡᠳᠤᠬᠡᠷ ᠲᠤ ᠵᠢᠭᠰᠠᠭᠠᠭᠳᠠᠪᠠ︔ ᠡᠩ ᠤᠨ ᠤᠯᠠᠨ ᠨᠠᠶᠢᠳᠠ ᠶᠢᠨ ᠲᠦᠰᠤᠪ ᠤᠨ ᠤᠷᠤᠯᠭ᠎ᠠ 1.88 | ᠳ᠋ᠦᠩᠰᠢᠭᠤᠷ ᠲᠦᠬᠦᠷᠢᠭ ᠲᠤ ᠬᠦᠷᠴᠤ᠂ 14.2% ᠢᠶᠠᠷ ᠨᠡᠮᠡᠭᠳᠡᠨ᠂ ᠪᠦᠬᠦ ᠠᠶᠢᠮᠠᠭ ᠤᠨ ᠲᠦᠷᠪᠡᠳᠤᠬᠡᠷ ᠲᠤ | ᠵᠢᠭᠰᠠᠭᠠᠭᠳᠠᠪᠠ︔ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ 18.1 ᠳ᠋ᠦᠩᠰᠢᠭᠤᠷ ᠲᠦᠬᠦᠷᠢᠭ ᠲᠤ | ᠬᠦᠷᠴᠣ᠂ 104% ᠪᠠᠷ ᠨᠡᠮᠡᠭᠳᠠᠨ᠂ ᠪᠦᠬᠦ ᠠᠶᠢᠮᠠᠭ ᠤᠨ ᠲᠠᠷᠢᠬᠦᠨ ᠳᠤ ᠵᠢᠭᠰᠠᠭᠠᠭᠳᠠᠪᠠ︔ ᠨᠠᠶᠢᠬᠡᠮ ᠤᠨ | ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ 12.9 ᠳ᠋ᠦᠩᠰᠢᠭᠤᠷ ᠲᠦᠬᠦᠷᠢᠭ ᠲᠤ | ᠬᠦᠷᠴᠤ᠂ 3.1% ᠪᠠᠷ ᠨᠡᠮᠡᠭᠳᠡᠨ᠂ ᠪᠦᠬᠦ ᠠᠶᠢᠮᠠᠭ ᠤᠨ ᠲᠤᠯᠤᠳᠤᠭᠠᠷ ᠳᠤ ᠵᠢᠭᠰᠠᠭᠠᠭᠳᠠᠪᠠ︔ ᠬᠤᠳᠠ ᠬᠦᠳᠡᠭᠡ | ᠶᠢᠨ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠲᠤᠮᠳᠠᠴᠢ ᠲᠤᠬᠢᠷᠠᠭᠤᠯᠵᠤ ᠪᠤᠯᠬᠤᠶᠢᠴᠠ ᠤᠷᠤᠯᠭ᠎ᠠ ᠲᠤᠰ | ᠲᠤᠰ 40025 ᠲᠦᠬᠦᠷᠢᠭ ᠪᠠ 28335 ᠲᠦᠬᠦᠷᠢᠭ ᠲᠤ ᠬᠦᠷᠴᠤ᠂ 6.3% ᠪᠠ 9.5% ᠪᠠᠷ ᠨᠡᠮᠡᠭᠳᠡᠨ᠂ | ᠪᠦᠬᠦ ᠠᠶᠢᠮᠠᠭ ᠤᠨ ᠵᠢᠷᠭᠤᠳᠤᠭᠠᠷ ᠪᠠ ᠲᠤᠯᠤᠳᠤᠭᠠᠷ ᠲᠤ ᠵᠢᠭᠰᠠᠭᠠᠭᠳᠠᠪᠠ᠃ 30 ᠭᠤᠤᠯᠳᠠᠯᠭ᠎ᠠ ᠲᠠᠢ ᠲᠦᠷᠤᠯ | ᠵᠥᠢᠯ ᠢ ᠪᠦᠬᠦᠨ ᠢ ᠠᠵᠢᠯ ᠡᠬᠢᠯᠡᠬᠦᠯᠵᠤ᠂ 31.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ | ᠪᠠᠶᠠᠯᠠᠬᠦᠯᠪᠠ᠃ | ᠦᠩᠬᠡᠷᠡᠭᠰᠡᠨ ᠨᠢᠬᠡ ᠵᠢᠯ ᠳᠤ ᠪᠢᠳᠠ ᠬᠤᠷᠢᠭ᠎ᠠ ᠱᠤᠭᠤᠮ ᠢ ᠪᠠᠳᠤ ᠰᠠᠬᠢᠵᠤ᠂ ᠲᠤᠭᠳᠠᠭᠤᠨ ᠢ ᠠᠬᠢᠭᠤᠯᠤᠨ᠂ | ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢᠯᠠᠳᠳᠠ ᠦᠷ᠎ᠠ ᠪᠦᠳᠤᠮᠵᠢ ᠲᠠᠢ ᠪᠤᠯᠪᠠ᠃ ᠬᠦᠡᠳᠤ | ᠶᠡᠭᠡ ᠲᠦᠭᠰᠢᠬᠦᠷᠢ ᠶᠢ ᠪᠦᠳᠤᠮᠵᠢᠳᠡᠢ ᠰᠡᠷᠬᠡᠶᠢᠯᠡᠪᠡ᠃ ᠵᠠᠰᠠᠭ ᠤᠨ ᠤᠷᠳᠤᠨ ᠤ ᠦᠷᠢ ᠦᠭᠴᠡᠭᠡ ᠶᠢ ᠶᠡᠬᠡᠪᠡᠷ | ᠴᠠᠪᠠᠷᠯᠠᠵᠤ᠂ ︽ᠭᠤᠷᠪᠡ ᠶᠢ ᠪᠠᠳᠤᠯᠠᠬᠤ︾ ᠰᠠᠭᠤᠷᠢᠨ ᠲᠡᠬᠡᠷ᠎ᠠ ᠪᠦᠬᠦ ᠵᠢᠯ ᠳᠤ 8.76 ᠳ᠋ᠦᠩᠰᠢᠭᠤᠷ ᠲᠦᠬᠦᠷᠢᠭ | ᠤᠨ ᠦᠷᠢ ᠦᠭᠴᠡᠭᠡ ᠶᠢ ᠴᠠᠶᠢᠷᠠᠭᠤᠯᠪᠠ᠃ ᠡᠬᠦᠨ ᠳᠤ᠂ ᠠᠷᠡᠳ ᠠᠴᠠ ᠡᠵᠡᠩᠨᠡᠭᠰᠡᠨ ᠠᠵᠤ ᠠᠬᠤᠶᠢᠯᠡᠯ ᠤᠨ 1. | 91 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠲᠦᠯᠤᠵᠤ᠂ ᠡᠬᠦᠷᠬᠡ ᠪᠠᠨ ᠲᠠᠪᠠᠭᠤᠯᠤᠨ ᠪᠠᠶᠠᠯᠠᠬᠦᠯᠵᠤ᠂ | ᠲᠠᠯᠳᠠ ᠦᠷᠢ ᠦᠭᠴᠡᠭᠡ ᠶᠢᠨ ᠲᠦᠭᠰᠢᠬᠦᠷᠢ ᠶᠢᠨ ᠲᠠᠰ ᠨᠢ ᠤᠯᠠᠭᠠᠨ ᠦᠩᠬᠡ ᠠᠴᠠ ᠤᠯᠠᠪᠤᠷ ᠦᠩᠬᠡ ᠪᠤᠯᠪᠠ᠃ | ᠠᠷᠡᠳ ᠤᠨ ᠬᠤᠭᠤᠷᠤᠡᠳᠤᠬᠢ ᠵᠢᠬᠡᠯᠡᠯᠬᠡ ᠶᠢ ᠲᠠᠰᠤᠷᠠᠯᠳᠠ ᠦᠬᠡᠢ ᠵᠢᠷᠤᠮᠵᠢᠭᠤᠯᠵᠤ᠂ ᠵᠢᠬᠡᠯᠡᠯᠬᠡ ᠪᠠᠨ ᠪᠤᠯᠵᠤᠨ | ᠪᠤᠴᠠᠭᠠᠬᠤ᠂ ᠪᠠᠩᠬᠢ ᠶᠢᠨ ᠵᠢᠬᠡᠯᠡᠯᠬᠡ ᠶᠢ ᠰᠤᠯᠢᠬᠤ᠂ ᠵᠢᠬᠡᠯᠡᠯᠬᠡ ᠪᠤᠴᠠᠭᠠᠬᠤ ᠬᠤᠭᠤᠴᠠᠭ᠎ᠠ ᠶᠢ ᠤᠷᠳᠤᠳᠬᠠᠬᠤ ᠵᠡᠷᠬᠡ | ᠠᠷᠭ᠎ᠠ ᠮᠠᠶ᠋ᠢᠭ ᠢᠶᠠᠷ ᠲᠠᠮᠵᠢᠨ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢᠨ ᠡᠷᠤᠬᠡ ᠶᠢᠨ ᠲᠤᠭ᠎ᠠ ᠪᠤᠯᠤᠨ | ᠬᠡᠪᠴᠢᠶ᠎ᠠ ᠶᠢ ᠦᠷᠬᠦᠯᠵᠢᠯᠡᠨ ᠪᠠᠭᠠᠰᠬᠠᠪᠠ᠃ ᠨᠠᠷᠢᠯᠢᠭ ᠤᠨᠤᠪᠴᠢᠳᠡᠢ ᠪᠠᠷ ᠶᠠᠳᠠᠭᠤ ᠠᠴᠠ ᠠᠩᠬᠢᠵᠢᠷᠠᠭᠤᠯᠬᠤ ᠠᠵᠢᠯ | ᠢ ᠯᠠᠪᠳᠠᠭᠤᠨ ᠪᠠᠳᠤᠳᠡᠢ ᠠᠬᠢᠭᠤᠯᠪᠠ᠃ 2382 ᠲᠦᠮᠡᠨ ᠲᠦᠬᠦᠷᠢᠭ ᠤᠨ ᠪᠡᠯᠡ ᠤᠷᠤᠭᠤᠯᠤᠨ᠂ 608.5 | ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠵᠢᠬᠡᠯᠡᠯᠬᠡ ᠶᠢ ᠨᠠᠶᠢᠳᠠᠪᠤᠷᠢᠵᠢᠭᠤᠯᠵᠤ᠂ ᠠᠷᠪᠠᠨ ᠲᠦᠷᠤᠯ ᠤᠨ ︽ | ᠪᠦᠬᠦᠨ ᠢ ᠴᠠᠪᠠᠷᠯᠠᠵᠤ ᠪᠠᠷᠢᠮᠵᠢᠶ᠎ᠠ ᠳᠤ ᠬᠦᠷᠬᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢ ᠪᠠᠶᠠᠯᠠᠬᠦᠯᠤᠨ᠂ 454 | ᠡᠷᠤᠬᠡ ᠶᠢᠨ 1268 ᠬᠦᠮᠤᠨ ᠤ ᠶᠠᠳᠠᠭᠤ ᠠᠴᠠ ᠠᠩᠬᠢᠵᠢᠷᠠᠨ ᠪᠤᠭᠤᠮᠳᠠ ᠰᠢᠪᠳᠤᠯᠤᠭᠰᠡᠨ ᠦᠷ᠎ᠠ ᠪᠦᠳᠤᠮᠵᠢ ᠶᠢ | ᠲᠠᠰᠤᠷᠠᠯᠳᠠ ᠦᠬᠡᠢ ᠪᠠᠬᠢᠵᠢᠬᠦᠯᠤᠨ ᠲᠡᠬᠡᠭᠰᠢᠯᠡᠬᠦᠯᠪᠡ᠃ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢᠯᠠᠳᠳᠠ ᠦᠷ᠎ᠠ | ᠪᠦᠳᠤᠮᠵᠢ ᠤᠯᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠨ ᠪᠠᠶᠢᠴᠠᠭᠠᠯᠳᠠ ᠶᠢᠨ ︽ | ᠡᠷᠬᠢᠨ ᠬᠠᠷᠠᠬᠤ︾ ᠵᠢᠴᠢ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠤᠨ ᠲᠤᠰᠬᠠᠢ | ᠱᠠᠯᠠᠪᠳᠠᠨ ᠪᠠᠶᠢᠴᠠᠭᠠᠯᠳᠠ ᠪᠠ ᠭᠠᠵᠡᠷ ᠰᠢᠷᠥᠢ ᠶᠢᠨ ᠱᠠᠯᠠᠪᠳᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠡᠨ | ᠠᠰᠠᠭᠤᠳᠠᠯ ᠢ ᠪᠦᠳᠤᠮᠵᠢᠳᠡᠢ ᠴᠡᠭᠴᠡᠯᠡᠨ ᠰᠠᠶᠢᠵᠢᠷᠠᠭᠤᠯᠵᠤ᠂ ᠠᠭᠤᠷᠬᠠᠢ ᠶᠢᠨ ᠤᠷᠴᠢᠨ ᠲᠤᠭᠤᠷᠢᠨ ᠢ ᠰᠡᠷᠬᠦᠬᠡᠨ | ᠵᠠᠰᠠᠬᠤ ᠵᠢᠴᠢ ᠪᠤᠬᠢᠷᠳᠤᠯ ᠦᠬᠡᠢ ᠠᠭᠤᠷᠬᠠᠢ ᠶᠢᠨ ᠲᠤᠭᠤᠷᠢᠭ ᠤᠨ ᠪᠦᠳᠤᠬᠡᠨ ᠪᠠᠶᠢᠭᠤᠯᠤᠯᠳᠠ ᠶᠢᠨ ᠠᠬᠤᠢ ᠲᠠᠯᠠᠪᠠᠢ | ᠶᠢᠨ ᠬᠤᠷᠡᠯ ᠢ ᠬᠤᠷᠠᠯᠳᠤᠭᠤᠯᠤᠨ᠂ ᠮᠠᠨᠢᠳᠤ ᠠᠭᠤᠷᠬᠠᠢ ᠶᠢᠨ ᠲᠤᠭᠤᠷᠢᠭ ᠤᠨ ᠶᠠᠷᠤᠩᠬᠡᠶᠢᠯᠡᠨ ᠵᠠᠰᠠᠬᠤ ᠠᠵᠢᠯ | ᠢᠯᠡᠳᠳᠡ ᠦᠷ᠎ᠠ ᠪᠦᠳᠤᠮᠵᠢ ᠲᠠᠢ ᠪᠤᠯᠵᠤ᠂ ᠴᠠᠭᠠᠡᠨᠠᠭᠤᠷ ᠠᠭᠤᠷᠬᠠᠢ ᠶᠢᠨ ᠲᠤᠭᠤᠷᠢᠭ ᠤᠨ ᠵᠠᠰᠠᠠ ᠰᠡᠷᠬᠦᠬᠡᠯᠳᠡ | ᠶᠢᠨ ᠠᠵᠢᠯ ᠠᠩᠬ᠎ᠠ ᠠᠯᠬᠤᠮ ᠤᠨ ᠦᠷ᠎ᠠ ᠪᠦᠳᠤᠮᠵᠢ ᠤᠯᠤᠨ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ | ᠠᠭᠤᠷᠬᠠᠢ ᠬᠠᠶᠢᠬᠤ ᠡᠷᠬᠡ ᠶᠢ ᠪᠦᠬᠦᠨ ᠢ ᠬᠦᠴᠤᠨ ᠦᠬᠡᠢ ᠪᠤᠯᠭᠠᠪᠠ᠃ ᠨᠤᠳᠤᠭ ᠪᠠᠯᠴᠢᠬᠡᠷ ᠢ ᠲᠠᠳᠠᠪᠤᠷᠢᠯᠡᠨ | ᠬᠡᠷᠡᠭᠯᠡᠬᠦ ᠭᠠᠷᠳᠠᠮ ᠬᠦᠢᠴᠡᠳᠬᠡᠬᠡᠳᠤᠢ 78 ᠲᠦᠷᠤᠯ ᠵᠥᠢᠯ ᠢ ᠴᠡᠭᠴᠡᠯᠡᠨ ᠰᠠᠶᠢᠵᠢᠷᠠᠭᠤᠯᠵᠤ᠂ ︽ᠭᠤᠷᠪᠡᠨ | ᠲᠤᠭᠤᠷᠢᠭ ᠬᠤᠶᠡᠷ ᠱᠤᠭᠤᠮ︾ ᠤᠨ ᠤᠷᠴᠢᠨ ᠲᠤᠭᠤᠷᠢᠨ ᠢ 2000 ᠮᠤ᠋ ᠵᠠᠰᠠᠵᠤ᠂ ᠭᠤᠤᠯ ᠨᠠᠭᠤᠷ ᠤᠨ ᠡᠷᠬᠢ | ᠲᠠᠭᠠᠤ ᠶᠢᠨ ᠬᠡᠮᠵᠢᠯᠳᠠ ᠶᠢ ᠪᠠᠶᠠᠯᠠᠬᠦᠯᠤᠨ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ | ᠲᠡᠬᠡᠭᠰᠢᠯᠡᠬᠦᠯᠬᠦ ᠦᠬᠡᠷᠡᠴᠢᠯᠡᠯᠳᠡ ᠶᠢᠨ ᠪᠠᠷᠢᠯᠭ᠎ᠠ ᠶᠢ ᠲᠠᠭᠤᠰᠬᠠᠵᠤ᠂ ᠪᠦᠬᠦ ᠵᠢᠯ ᠳᠤ ᠤᠰᠤᠨ ᠤ ᠡᠬᠢ ᠪᠠᠶᠠᠯᠢᠭ ᠤᠨ | ᠭᠠᠶᠢᠯᠢ ᠶᠢ 408 ᠲᠦᠮᠡᠨ ᠲᠦᠬᠦᠷᠢᠭ ᠬᠤᠷᠢᠶᠠᠵᠤ᠂ ᠤᠰᠤ ᠰᠢᠷᠥᠢ ᠶᠢᠨ ᠲᠦᠯᠤᠪᠤᠷᠢ ᠶᠢ 212 ᠲᠦᠮᠡᠨ | ᠲᠦᠬᠦᠷᠢᠭ ᠲᠠᠳᠠᠪᠤᠷᠢᠯᠠᠪᠠ᠃ | ᠦᠩᠬᠡᠷᠡᠭᠰᠡᠨ ᠨᠢᠬᠡ ᠵᠢᠯ ᠳᠤ ᠪᠢᠳᠠ ᠪᠦᠳᠤᠴᠠ ᠶᠢ ᠲᠤᠬᠢᠷᠠᠭᠤᠯᠵᠤ᠂ ᠲᠠᠰ ᠲᠡᠪᠰᠢᠬᠦᠯᠬᠦ ᠶᠢ ᠠᠬᠢᠭᠤᠯᠤᠨ᠂ | ᠠᠵᠤ ᠠᠬᠤᠢ ᠶᠢᠨ ᠴᠢᠨᠡᠷ ᠴᠢᠡᠰᠠᠭ᠎ᠠ ᠲᠤᠭᠳᠠᠭᠤᠨ ᠢᠶᠠᠷ ᠲᠡᠬᠡᠭᠰᠢᠯᠡᠪᠡ᠃ ᠤᠳᠤᠬᠢᠴᠢᠯᠠᠭᠰᠡᠨ ᠮᠠᠯ ᠠᠵᠤ ᠠᠬᠤᠢ | ᠶᠢᠨ ᠲᠤᠭᠳᠠᠯᠴᠠᠭ᠎ᠠ ᠶᠢ ᠲᠦᠷᠬᠡᠳᠬᠡᠨ ᠪᠠᠶᠢᠭᠤᠯᠪᠠ᠃ ︽ᠠᠪᠠᠭ᠎ᠠ ᠬᠤᠰᠢᠭᠤᠨ ᠤ ᠮᠠᠯᠵᠢᠬᠤ ᠤᠷᠤᠨ ᠢ | ᠬᠦᠭᠵᠢᠬᠦᠯᠤᠨ ᠮᠠᠡᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠤᠪᠵᠢᠬᠦᠯᠬᠡ ︵2018 — 2022︶︾ ᠶᠢ | ᠨᠠᠶᠢᠷᠠᠭᠤᠯᠵᠣ ᠲᠠᠭᠤᠰᠬᠠᠨ᠂ ︽ᠠᠪᠠᠭ᠎ᠠ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ | ᠶᠢᠨ ᠴᠡᠭ ᠤᠨ ᠲᠦᠰᠤᠯ︾ ᠨᠢ ᠦᠪᠡᠷᠳᠡᠬᠡᠨ ᠵᠠᠰᠠᠬᠤ ᠤᠷᠤᠨ ᠤ ᠵᠦᠪᠰᠢᠶᠠᠷᠡᠯ ᠢ ᠣᠯᠪᠠ᠃ ᠰᠢᠯᠢ ᠶᠢᠨ ᠭᠤᠣᠯ | ᠠᠶᠢᠮᠠᠭ ᠤᠨ ᠲᠠᠯ᠎ᠠ ᠨᠣᠳᠤᠭ ᠤᠨ ᠬᠤᠨᠢᠨ ᠤ ᠦᠢᠯᠡᠰ ᠤᠨ ᠬᠦᠭᠵᠢᠯᠳᠠ ᠶᠢᠨ ᠵᠦᠪᠳᠠᠯᠴᠡᠬᠡᠷ ᠤᠨ ᠬᠤᠷᠠᠯ ᠵᠢᠴᠢ | ᠣᠷᠢᠶᠠᠩᠬᠠᠨ ᠬᠤᠨᠢᠨ ᠤ ᠲᠠᠨᠢᠯᠴᠠᠭᠤᠯᠭ᠎ᠠ ᠶᠢᠨ ᠬᠤᠷᠠᠯ᠂ ᠴᠡᠪᠡᠷ ᠪᠠᠶᠢᠭᠠᠯᠢᠯᠢᠭ ᠭᠠᠷᠣᠯᠳᠠ ᠲᠠᠢ ᠠᠪᠠᠭ᠎ᠠ ᠨᠣᠳᠤᠭ ᠢ | ᠵᠣᠷᠢᠬᠤ ᠠᠵᠢᠯᠯᠠᠭ᠎ᠠ ᠶᠢ ᠠᠮᠵᠢᠯᠳᠠ ᠲᠠᠢ ᠶᠠᠪᠤᠭᠳᠠᠭᠤᠯᠵᠤ᠂ ᠰᠢᠯᠢ ᠶᠢᠨ ᠭᠤᠤᠯ ᠤᠨ ᠰᠢᠯᠢᠳᠡᠭ ᠡᠬᠦᠯᠳᠡᠷ ᠤᠨ | ᠮᠢᠬᠠᠨ ᠤ ᠦᠬᠡᠷ ᠰᠢᠯᠭᠠᠷᠠᠭᠤᠯᠬᠤ ᠦᠵᠡᠬᠦᠯᠤᠯᠬᠡ ᠰᠤᠯᠢᠯᠴᠠᠭᠠᠨ ᠤ ᠬᠤᠷᠡᠯ ᠢ ᠣᠷᠣᠭᠰᠢᠳᠠᠢ ᠲᠠᠭᠠᠭᠠᠴᠢᠯᠠᠨ | ᠡᠷᠬᠢᠯᠠᠵᠣ᠂ ︽ᠤᠷᠢᠶᠠᠩᠬᠠᠢ ᠬᠤᠨᠢᠨ ᠤ ᠡᠬᠦᠯᠳᠡᠷ ᠢ ᠬᠢᠨᠡᠨ ᠲᠤᠭᠳᠠᠭᠠᠬᠤ ᠪᠠ ᠮᠢᠬᠠᠨ ᠤ ᠴᠢᠨᠠᠷ ᠤᠨ ᠦᠨᠡᠯᠡᠯᠳᠠ︾ | ᠶᠢᠨ ᠲᠤᠮᠳᠠᠳᠤ ᠤᠯᠤᠰ ᠤᠨ ︽ᠨᠢᠬᠡ ᠲᠣᠰᠬᠤᠨ ᠨᠢᠬᠡ ᠪᠦᠳᠣᠬᠡᠭᠳᠡᠬᠦᠨ︾ ᠪᠦᠯᠬᠦᠮ ᠤᠨ ᠪᠠᠷᠢᠮᠵᠢᠶ᠎ᠠ ᠶᠢ | ᠲᠣᠭᠳᠠᠭᠠᠭᠰᠠᠨ ᠤ ᠬᠠᠮᠳᠣ ᠤᠯᠤᠰ ᠤᠨ ᠮᠡᠳᠡᠭᠡ ᠵᠠᠩᠬᠢᠵᠢᠯᠳᠠ ᠶᠢᠨ ᠲᠠᠪᠴᠠᠩ ᠳᠤ ᠨᠠᠶᠢᠳᠠᠯᠠᠨ᠂ ᠮᠠᠯ ᠤᠨ ᠬᠢᠵᠢᠭ | ᠡᠪᠡᠳᠴᠢᠨ ᠢ ᠰᠡᠷᠬᠡᠶᠢᠯᠡᠬᠦ ᠲᠠᠷᠢᠯᠭ᠎ᠠ ᠲᠠᠷᠢᠭᠰᠠᠨ ᠨᠣᠷᠮ᠎ᠠ ᠶᠢ 100 % ᠳᠤ ᠬᠦᠷᠬᠡᠵᠤ᠂ ᠮᠠᠨ ᠤ ᠬᠤᠰᠢᠭᠤ ᠨᠢ | ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ | ᠪᠦᠳᠤᠬᠡᠭᠳᠡᠬᠦᠨ ᠤ ᠶᠠᠰᠤ ᠴᠢᠨᠡᠷ ᠠᠮᠤᠷ ᠲᠦᠪᠰᠢᠨ ᠬᠤᠰᠢᠭᠤ ᠰᠢᠶᠠᠨ︾ ᠢᠶᠠᠷ ᠦᠨᠡᠯᠡᠭᠳᠡᠪᠡ᠃ ᠮᠢᠬᠠᠨ ᠤ ᠦᠬᠡᠷ | ᠤᠨ ᠠᠶᠢᠮᠠᠭ ᠲᠡᠰ ᠤᠨ 21 ᠭᠤᠤᠯᠳᠠᠯᠭ᠎ᠠ ᠲᠠᠢ ᠰᠦᠷᠦᠭ ᠤᠨ ᠲᠡᠵᠢᠬᠡᠨ ᠦᠷᠡᠵᠢᠬᠦᠯᠬᠦ ᠬᠢᠷᠢ ᠲᠦᠪᠰᠢᠨ ᠢ | ᠲᠠᠰᠤᠷᠠᠯᠳᠠ ᠦᠬᠡᠢ ᠪᠠᠳᠤᠳᠬᠠᠨ ᠲᠡᠬᠡᠭᠰᠢᠯᠡᠬᠦᠯᠵᠤ᠂ ᠮᠢᠬᠠᠨ ᠤ ᠬᠤᠨᠢᠨ ᠤ ᠭᠤᠤᠯᠳᠠᠯᠭ᠎ᠠ ᠲᠠᠢ ᠰᠦᠷᠦᠭ 30 ᠶᠢ | ᠰᠢᠨ᠎ᠠ ᠪᠠᠷ ᠨᠡᠮᠡᠭᠳᠡᠬᠦᠯᠵᠤ᠂ ᠨᠠᠶᠢᠳᠠ 111 ᠳᠤ ᠬᠦᠷᠬᠡᠨ᠂ ᠬᠠᠷ᠎ᠠ ᠠᠳᠤᠭᠤᠨ ᠤ ᠡᠬᠦᠯᠳᠡᠷ ᠬᠠᠮᠠᠭᠠᠯᠠᠬᠤ | ᠭᠤᠤᠯᠳᠠᠯᠭ᠎ᠠ ᠲᠠᠢ ᠰᠦᠷᠦᠭ 11 ᠶᠢ ᠨᠡᠮᠡᠭᠳᠡᠬᠦᠯᠵᠤ᠂ ᠨᠠᠶᠢᠳᠠ 20 ᠳᠤ ᠬᠦᠷᠬᠡᠨ᠂ ᠪᠦᠬᠦ ᠵᠢᠯ ᠳᠤ ᠰᠢᠯᠢᠳᠡᠭ | ᠡᠬᠦᠯᠳᠠᠷ ᠤᠨ ᠮᠢᠬᠠᠨ ᠤ ᠦᠬᠡᠷ 1735 ᠲᠣᠯᠣᠭᠠᠢ ᠣᠷᠣᠭᠤᠯᠣᠨ᠂ 87 ᠲᠦᠮᠡᠨ ᠲᠤᠯᠤᠭᠠᠢ ᠮᠠᠯ ᠵᠠᠷᠤᠴᠠᠭᠤᠯᠵᠤ᠂ | 330 ᠭᠠᠷᠤᠢ ᠲᠤᠨ ᠴᠠᠭᠠᠨ ᠢᠳᠡᠬᠡᠨ᠂ 315 ᠲᠤᠨ ᠴᠡᠭᠡ᠂ 50 ᠲᠤᠨ ᠴᠡᠭᠡ ᠶᠢᠨ ᠲᠠᠯᠬ᠎ᠠ ᠪᠤᠷᠤᠯᠠᠭᠤᠯᠵᠤ᠂ | ᠨᠢᠬᠡᠳᠤᠬᠡᠷ ᠠᠵᠤ ᠦᠢᠯᠡᠰ ᠤᠨ ᠨᠡᠮᠡᠭᠳᠡᠯ ᠦᠷᠳᠡᠭ 9.4 ᠳ᠋ᠦᠩᠰᠢᠭᠤᠷ ᠲᠦᠬᠦᠷᠢᠭ ᠲᠤ ᠬᠦᠷᠴᠤ᠂ 5.3% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠡᠮᠣᠨ᠎ᠠ ᠭᠤᠷᠪᠠ ᠳᠤ ᠵᠢᠭᠰᠠᠭᠠᠭᠳᠠᠪᠠ᠃ ᠠᠵᠤ | ᠦᠢᠯᠡᠳᠪᠤᠷᠢ ᠶᠢᠨ ᠬᠡᠯᠪᠡᠷᠢ ᠶᠢᠨ ᠬᠤᠪᠢᠷᠠᠭᠤᠯᠤᠯᠳᠠ ᠶᠢ ᠯᠠᠪᠳᠠᠭᠤᠨ ᠢᠶᠠᠷ ᠠᠬᠢᠭᠤᠯᠪᠠ᠃ ᠴᠠᠭᠠᠡᠨᠠᠭᠤᠷ ᠵᠢᠯ ᠳᠤ | 500 ᠲᠦᠮᠡᠨ ᠲᠤᠨ ᠨᠠᠬᠦᠷᠡᠰᠤ ᠭᠠᠷᠭᠠᠬᠤ ᠠᠭᠤᠷᠬᠠᠢ ᠬᠢᠨᠡᠨ ᠵᠦᠪᠰᠢᠶᠠᠷᠡᠯ ᠢᠶᠠᠨ ᠤᠯᠵᠤ᠂ 2×66 ᠲᠦᠮᠡᠨ | ᠺᠢᠯᠤᠸᠠᠲ ᠤᠨ ᠴᠠᠬᠢᠯᠭᠠᠨ ᠦᠢᠯᠡᠳᠪᠤᠷᠢ ᠶᠢᠨ ᠬᠤᠪᠢ ᠤᠷᠤᠭᠤᠯᠤᠯᠳᠠ ᠶᠢᠨ ᠡᠷᠬᠡ ᠶᠢ ᠰᠢᠯᠵᠢᠬᠦᠯᠬᠦ ᠶᠢ | ᠪᠠᠶᠡᠯᠡᠬᠦᠯᠵᠣ᠂ ᠴᠠᠬᠢᠯᠭᠠᠨ ᠭᠠᠳᠠᠭᠰᠢ ᠬᠦᠷᠬᠡᠬᠦ ᠢᠨᠵᠧᠨᠧᠷᠢᠩ ᠢ ᠡᠬᠢᠯᠡᠬᠦᠯᠦᠨ᠂᠂ 130 ᠲᠦᠮᠡᠨ ᠺᠢᠯᠤᠸᠠᠲ ᠤᠨ | ᠤᠡᠴᠠ ᠦᠡᠳᠤᠷ ᠬᠦᠴᠤᠳᠠᠯᠳᠤ ᠴᠠᠬᠢᠯᠭᠠᠨ ᠭᠠᠳᠠᠭᠰᠢ ᠬᠦᠷᠬᠡᠬᠦ ᠰᠠᠯᠬᠢᠨ ᠴᠠᠬᠢᠯᠭᠠᠨ ᠤ ᠲᠦᠷᠤᠯ ᠵᠥᠢᠯ ᠢ ᠪᠦᠬᠦᠨ | ᠢ ᠠᠵᠢᠯ ᠡᠬᠢᠯᠡᠬᠦᠯᠵᠤ᠂ ᠬᠦᠸᠧ ᠲᠢᠶᠠᠨ ᠤ 10 ᠰᠠᠶ᠎ᠠ ᠸᠠᠲ ᠤᠨ ᠲᠠᠷᠬᠠᠮᠠᠯ ᠬᠡᠯᠪᠡᠷᠢ ᠶᠢᠨ ᠰᠠᠯᠬᠢᠨ ᠴᠠᠬᠢᠯᠭᠠᠨ ᠤ | ᠲᠦᠷᠤᠯ ᠵᠥᠢᠯ ᠢ ᠬᠢᠨᠡᠨ ᠵᠦᠪᠰᠢᠶᠠᠷᠡᠬᠦᠯᠵᠤ᠂ 500 ᠺᠢᠯᠤᠸᠤᠯᠲ ᠤᠨ ᠴᠠᠬᠢᠯᠭᠠᠨ ᠬᠦᠷᠬᠡᠬᠦ ᠬᠦᠴᠤᠳᠠᠯ | ᠦᠬᠡᠷᠡᠴᠢᠯᠡᠬᠦ ᠢᠡᠵᠧᠨᠧᠷᠢᠩ ᠪᠠ 220 ᠺᠢᠯᠤᠸᠤᠯᠲ ᠤᠨ ᠢᠵᠢ ᠪᠦᠷᠢᠨ ᠴᠠᠬᠢᠯᠭᠠᠨ ᠭᠠᠷᠭᠠᠬᠤ ᠢᠡᠵᠧᠨᠧᠷᠢᠩ ᠤᠨ | ᠭᠠᠷᠳᠠᠮ ᠢ ᠬᠦᠢᠴᠡᠳᠬᠡᠪᠡ᠃ ᠭᠤᠷᠴᠢ ᠶᠢᠨ ᠤᠯᠠᠨ ᠲᠠᠮᠦᠷᠯᠢᠭ ᠤᠨ ᠠᠭᠤᠷᠬᠠᠢ ᠶᠢ ᠲᠤᠷᠰᠢᠨ ᠠᠵᠢᠯᠯᠠᠭᠤᠯᠵᠤ᠂ | ᠯᠦᠡᠭ ᠰᠢᠩ ᠬᠠᠶᠢᠯᠤᠭᠤᠷ ᠵᠤᠩᠰᠢ ᠶᠢᠨ ᠠᠭᠤᠷᠬᠠᠢ ᠶᠢᠨ ᠦᠢᠯᠡᠳᠪᠤᠷᠢ ᠶᠢᠨ ᠭᠤᠤᠯ ᠲᠦᠬᠦᠬᠡᠷᠤᠮᠵᠢ ᠶᠢ ᠤᠭᠰᠠᠷᠠᠨ | ᠂ ᠳ᠋ᠠ ᠠᠨ ᠵᠢᠯ ᠳᠤ 120 ᠲᠦᠮᠡᠨ ᠲᠤᠨ ᠨᠠᠬᠦᠷᠡᠰᠤ ᠦᠢᠯᠡᠳᠪᠤᠷᠢᠯᠡᠬᠦ ᠠᠭᠤᠷᠬᠠᠢ ᠬᠢᠨᠡᠨ ᠵᠦᠪᠰᠢᠶᠠᠷᠡᠯ ᠢᠶᠠᠨ | ᠤᠯᠵᠤ᠂ ᠶᠦᠨ ᠵᠢᠢ ᠯᠢ ᠲᠤᠮᠤ ᠳ᠋ᠠᠶᠢᠲᠨ ᠶᠢᠨ ᠲᠦᠪ ᠤᠨ ᠨᠢᠬᠡᠳᠤᠬᠡᠷ ᠬᠤᠭᠤᠴᠠᠭᠠᠨ ᠤ ᠢᠡᠵᠧᠨᠧᠷᠢᠩ ᠤᠨ | ᠡᠵᠡᠩᠨᠡᠯᠳᠡ ᠶᠢ ᠡᠬᠢᠯᠡᠬᠦᠯᠵᠤ᠂ ᠵᠧᠨ ᠰᠢᠨ ᠠᠮᠢᠳᠤ ᠪᠤᠳᠠᠰ ᠤᠨ ᠰᠢᠡᠵᠢᠯᠡᠬᠦ ᠮᠡᠷᠬᠡᠵᠢᠯ ᠤᠨ ᠵᠢᠯ ᠳᠤ 5 ᠲᠦᠮᠡᠨ | ᠲᠤᠨ ᠦᠡᠳᠤᠷ ᠦᠷ᠎ᠠ ᠠᠰᠢᠭ ᠪᠦᠬᠦᠢ ᠤᠷᠭᠠᠨᠢᠭ ᠪᠤᠷᠳᠤᠭᠤᠷ ᠦᠢᠯᠡᠳᠪᠤᠷᠢᠯᠡᠬᠦ ᠲᠦᠷᠤᠯ ᠵᠥᠢᠯ ᠢ ᠠᠵᠢᠯ | ᠡᠬᠢᠯᠡᠬᠦᠯᠪᠠ᠃ ᠪᠦᠬᠦ ᠬᠤᠰᠢᠭᠤᠨ ᠤ ᠬᠡᠪᠴᠢᠶᠠᠵᠢᠯ ᠠᠴᠠ ᠲᠡᠬᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠡᠯ | 14 ᠪᠠᠶᠢᠭᠰᠡᠨ ᠠᠴᠠ ᠪᠠᠨ 18 ᠪᠤᠯᠵᠤ᠂ ᠪᠦᠬᠦ ᠵᠢᠯ ᠳᠤ 296 ᠲᠦᠮᠡᠨ ᠲᠤᠨ ᠨᠠᠬᠦᠷᠡᠰᠤ᠂ 74.9 ᠲᠦᠮᠡᠨ | ᠲᠤᠨ ᠱᠦᠢᠨᠢ᠂ 66.9 ᠲᠦᠮᠡᠨ ᠲᠤᠨ ᠪᠡᠯᠡᠨ ᠮᠠᠲ᠋ᠧᠷᠢᠶᠠᠯ᠂ 2675 ᠲᠤᠨ ᠮᠤᠯᠢᠪᠳᠧᠨ ᠤ ᠨᠠᠷᠢᠯᠢᠭ ᠨᠤᠡᠳᠠᠭ | ᠦᠢᠯᠡᠳᠪᠤᠷᠢᠯᠡᠵᠤ᠂ 16.6 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠤ᠂ 20 ᠲᠦᠮᠡᠨ ᠬᠤᠨᠢᠴᠢᠯᠠᠭᠰᠡᠨ | ᠨᠢᠬᠡᠴᠢ ᠮᠠᠯ ᠡᠳ᠋ᠰᠢᠬᠦᠯᠤᠨ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 11.3 ᠳ᠋ᠦᠩᠰᠢᠭᠤᠷ | ᠲᠦᠬᠦᠷᠢᠭ ᠪᠠᠶᠠᠯᠠᠬᠦᠯᠵᠤ᠂ 1.5% ᠪᠠᠷ ᠨᠡᠮᠡᠭᠳᠡᠪᠡ᠃ ᠦᠢᠯᠡᠴᠢᠯᠡᠬᠡᠨ ᠤ ᠦᠢᠯᠡᠰ ᠦᠷᠬᠦᠯᠵᠢᠯᠡᠨ ᠰᠠᠶᠢᠵᠢᠷᠠᠪᠠ᠃ | ᠵᠤᠭᠠᠴᠠᠯ ᠤᠨ ᠦᠢᠯᠡᠰ ᠤᠨ ᠬᠦᠭᠵᠢᠯᠳᠠ ᠶᠢ ᠢᠳᠡᠪᠬᠢᠳᠡᠢ ᠠᠬᠢᠭᠤᠯᠵᠤ᠂ ᠶᠢᠰᠤᠳᠤᠬᠡᠷ ᠬᠤᠭᠤᠴᠠᠭᠠᠨ ᠤ ︽ᠬᠠᠷ᠎ᠠ | ᠠᠳᠤᠭᠤᠨ︾ ᠰᠤᠶᠤᠯ ᠤᠨ ᠨᠠᠶᠢᠷ ᠢ ᠠᠮᠵᠢᠯᠳᠠ ᠲᠠᠢ ᠡᠷᠬᠢᠯᠡᠵᠤ᠂ ᠠᠪᠠᠭ᠎ᠠ ᠶᠢᠨ ᠵᠤᠭᠠᠴᠠᠯ ᠤᠨ ᠱᠣᠭᠤᠮ ᠢ ᠰᠢᠯᠢ | ᠶᠢᠨ ᠭᠤᠤᠯ ᠤᠨ ᠲᠠᠯ᠎ᠠ ᠨᠤᠳᠤᠭ ᠤᠨ ᠮᠢᠩᠭᠠᠨ ᠭᠠᠵᠡᠷ ᠤᠨ ᠵᠤᠭᠠᠴᠠᠯ ᠤᠨ ᠱᠤᠭᠤᠮ ᠳᠤ ᠤᠷᠤᠭᠤᠯᠤᠨ᠂ ᠠᠪᠠᠭ᠎ᠠ | ᠵᠤᠭᠠᠴᠠᠯ ᠤᠨ ᠦᠷᠳᠡᠭᠡ ᠶᠢ ᠪᠠᠶᠢᠭᠤᠯᠵᠤ᠂ 6 ᠵᠤᠭᠠᠴᠠᠯ ᠤᠨ ᠴᠡᠭ ᠤᠨ ᠵᠤᠷᠯᠤᠩ ᠢ ᠠᠰᠢᠭᠯᠠᠯᠳᠠ ᠳᠤ | ᠤᠷᠤᠭᠤᠯᠤᠨ᠂ ᠪᠦᠬᠦ ᠵᠢᠯ ᠳᠤ ᠵᠤᠭᠠᠴᠠᠭᠰᠡᠳ ᠢ 25 ᠲᠦᠮᠡᠨ ᠬᠦᠮᠤᠨ ᠤᠳᠠᠭ᠎ᠠ ᠬᠦᠯᠢᠶᠠᠨ ᠵᠤᠴᠢᠯᠠᠵᠤ᠂ 1.3 | ᠳ᠋ᠦᠩᠰᠢᠭᠤᠷ ᠲᠦᠬᠦᠷᠢᠭ ᠤᠨ ᠤᠷᠤᠯᠭ᠎ᠠ ᠡᠬᠦᠳᠤᠨ᠂ ᠠᠳᠠᠯᠢ ᠬᠤᠭᠤᠴᠠᠭᠠᠨ ᠤ ᠬᠢ ᠠᠴᠠ 2% ᠪᠠ 8.3% ᠪᠠᠷ | ᠨᠡᠮᠡᠭᠳᠡᠪᠠ᠃ ᠪᠢᠴᠢᠯ ᠦᠢᠯᠡᠴᠢᠯᠡᠬᠡᠨ ᠤ ᠠᠵᠤ ᠠᠬᠤᠶᠢᠯᠡᠯ ᠤᠨ ᠬᠦᠭᠵᠢᠯᠳᠠ ᠶᠢ ᠦᠨᠡᠡᠬᠦ ᠴᠢᠩᠭᠠᠳᠬᠠᠵᠤ᠂ ᠬᠤᠪᠢ | ᠶᠢᠨ ᠦᠢᠯᠡᠳᠪᠤᠷᠢ ᠬᠤᠳᠠᠯᠳᠤᠭᠠᠨ ᠤ 6 ᠡᠷᠤᠬᠡ ᠶᠢ ᠠᠵᠤ ᠠᠬᠤᠶᠢᠯᠡᠯ ᠪᠤᠯᠭᠠᠨ᠂ ︽ᠮᠦᠩᠬᠦᠨ ᠲᠤᠯᠢ︾ ᠮᠤᠩᠭᠤᠯ | ᠬᠡᠷ ᠤᠨ ᠦᠢᠯᠡᠳᠪᠤᠷᠢ ᠶᠢ ᠪᠠᠶᠢᠭᠤᠯᠵᠤ ᠲᠠᠭᠤᠰᠬᠠᠪᠠ᠃ ᠡᠯᠧᠺᠲᠷᠤᠨ ᠬᠤᠳᠠᠯᠳᠤᠭᠠᠨ ᠤ ᠬᠦᠭᠵᠢᠯᠳᠠ ᠶᠢ | ᠲᠦᠷᠬᠡᠳᠬᠡᠨ ᠠᠬᠢᠭᠤᠯᠵᠤ᠂ ᠡᠯᠧᠺᠲᠷᠤᠨ ᠬᠤᠳᠠᠯᠳᠤᠭᠠᠨ ᠤ ᠤᠯᠠᠨ ᠨᠠᠶᠢᠳᠠ ᠶᠢᠨ ᠦᠢᠯᠡᠴᠢᠯᠡᠬᠡᠨ ᠤ ᠲᠦᠪ ᠤᠨ | ᠪᠠᠷᠢᠯᠭ᠎ᠠ ᠶᠢ ᠡᠬᠢᠯᠡᠬᠦᠯᠵᠤ᠂ ᠶᠢᠣ ᠽᠠᠨ ᠬᠤᠳᠠᠯᠳᠣᠭᠠᠨ ᠤ ᠲᠠᠪᠴᠠᠩ ᠤᠨ ᠬᠤᠳᠠᠯᠳᠤᠭᠠᠴᠢᠳ ᠤᠨ ᠵᠦᠪᠳᠠᠯᠴᠡᠬᠡᠷ | ᠤᠨ ᠬᠤᠷᠡᠯ ᠢ ᠠᠮᠵᠢᠯᠳᠠ ᠲᠠᠢ ᠡᠷᠬᠢᠯᠡᠪᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠬᠡᠯᠡᠯᠬᠡ | ᠶᠢᠨ ᠬᠡᠪᠴᠢᠶ᠎ᠠ ᠶᠢ ᠲᠠᠰᠤᠷᠠᠯᠳᠠ ᠦᠬᠡᠢ ᠦᠷᠬᠡᠳᠬᠡᠵᠤ᠂ ᠬᠠᠳᠠᠭᠠᠯᠠᠮᠵᠢ ᠵᠢᠬᠡᠯᠡᠯᠬᠡ ᠶᠢᠨ ᠦᠯᠡᠳᠠᠪᠤᠷᠢ ᠲᠤᠭ᠎ᠠ ᠲᠤᠰ | ᠲᠤᠰ 23.6 ᠳ᠋ᠦᠩᠰᠢᠭᠤᠷ ᠲᠦᠬᠦᠷᠢᠭ ᠪᠠ 18 ᠳ᠋ᠦᠩᠰᠢᠭᠤᠷ ᠲᠦᠬᠦᠷᠢᠭ ᠲᠤ ᠬᠦᠷᠪᠠ᠃ ᠵᠠᠮ ᠬᠠᠷᠢᠯᠴᠠᠭ᠎ᠠ | ᠲᠡᠬᠡᠬᠡᠪᠤᠷᠢ ᠶᠢᠨ ᠦᠢᠯᠡᠰ ᠦᠳᠳᠡᠷ ᠲᠦᠷᠬᠡᠨ ᠬᠦᠭᠵᠢᠵᠤ᠂ ᠠᠶᠠᠡᠴᠢᠳ ᠪᠠ ᠪᠠᠷᠠᠭ᠎ᠠ ᠲᠡᠬᠡᠬᠡᠪᠤᠷᠢ ᠶᠢᠨ ᠡᠷᠬᠢᠯᠳᠠ | ᠶᠢᠨ ᠬᠡᠮᠵᠢᠶ᠎ᠠ ᠲᠤᠰ ᠲᠤᠰ 1.2 ᠳ᠋ᠦᠩᠰᠢᠭᠤᠷ ᠬᠦᠮᠤᠨ ᠺᠢᠯᠤᠮᠧᠲᠷ ᠪᠠ 3 ᠳ᠋ᠦᠩᠰᠢᠭᠤᠷ ᠲᠤᠨ ᠺᠢᠯᠤᠮᠧᠲᠷ ᠲᠤ | ᠬᠦᠷᠴᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 14.2 ᠳ᠋ᠦᠩᠰᠢᠭᠤᠷ ᠲᠦᠬᠦᠷᠢᠭ ᠲᠤ ᠬᠦᠷᠴᠤ᠂ | 10% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠲᠠᠷᠢᠬᠦᠨ ᠳᠤ ᠵᠢᠭᠰᠠᠭᠠᠭᠳᠠᠪᠠ᠃ | ᠨᠢᠬᠡ ᠵᠢᠯ ᠤᠨ ᠲᠤᠷᠰᠢ ᠦᠬᠡᠷᠡᠴᠢᠯᠡᠯᠳᠡ ᠶᠢ ᠠᠳᠬᠤᠵᠤ᠂ ᠬᠦᠭᠵᠢᠯᠳᠠ ᠶᠢ ᠠᠬᠢᠭᠤᠯᠤᠨ᠂ ᠬᠤᠳᠠᠯᠳᠤᠭ᠎ᠠ | ᠡᠵᠡᠩᠨᠡᠬᠦ ᠤᠷᠴᠢᠨ ᠦᠷᠬᠦᠯᠵᠢᠯᠡᠨ ᠰᠢᠯᠢᠳᠡᠭᠵᠢᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ | ᠶᠢ ᠦᠷᠬᠦᠯᠵᠢᠯᠡᠨ ᠬᠦᠡᠵᠡᠬᠡᠶᠢᠷᠡᠬᠦᠯᠵᠤ᠂ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠦᠪ ᠤᠨ ᠶᠠᠷᠤᠩᠬᠡᠶᠢᠯᠡᠭᠰᠡᠨ | ᠠᠰᠠᠷ ᠤᠨ ᠪᠠᠷᠢᠯᠭ᠎ᠠ ᠶᠢ ᠲᠠᠭᠤᠰᠬᠠᠵᠤ᠂ ︽ᠡᠬᠦᠯᠡᠨ ᠴᠡᠩᠬᠡᠷ ᠰᠢᠯᠢ ᠶᠢᠨ ᠭᠤᠤᠯ︾ ᠵᠠᠰᠠᠭ ᠤᠨ ᠶᠠᠪᠤᠳᠠᠯ ᠤᠨ | ᠲᠠᠪᠴᠠᠩ ᠢ ᠲᠡᠯᠬᠡᠷᠡᠬᠦᠯᠤᠨ ᠬᠡᠷᠡᠭᠯᠡᠵᠤ᠂ ᠰᠦᠯᠵᠢᠶᠠᠨ ᠲᠡᠬᠡᠷ᠎ᠠ 1956 ᠬᠤᠪᠢ ᠠᠵᠢᠯ ᠶᠠᠪᠤᠳᠠᠯ ᠢ ᠬᠦᠢᠴᠡᠳᠬᠡᠵᠤ | ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠲᠤ ᠬᠦᠢᠴᠡᠳᠬᠡᠭᠰᠡᠨ ᠠᠵᠢᠯ ᠶᠠᠪᠤᠳᠠᠯ 10 ᠲᠦᠮᠡᠨ ᠬᠤᠪᠢ | ᠶᠢ ᠲᠠᠪᠠᠵᠤ᠂ ᠰᠢᠨ᠎ᠠ ᠲᠡᠮᠳᠡᠭᠯᠡᠯ ᠢ ᠡᠬᠦᠳᠪᠡ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ | ᠶᠢ ᠯᠠᠪᠳᠠᠭᠤᠨ ᠪᠠᠳᠤᠳᠡᠢ ᠠᠬᠢᠭᠤᠯᠵᠤ᠂ 303 ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠡᠷᠦᠬᠡ ᠳᠤ ︽ | ᠬᠤᠤᠰ ᠲᠤᠭᠳᠠᠮᠠᠯ ᠪᠤᠰᠤ ᠨᠢᠬᠡ ᠢᠯᠠ ᠨᠠᠶᠢᠳᠠᠯᠠᠬᠦ︾ ᠬᠠᠤᠯᠢ ᠬᠡᠷᠡᠭᠵᠢᠬᠦᠯᠤᠯᠳᠠ ᠶᠢᠨ ᠪᠠᠶᠢᠴᠠᠭᠠᠯᠳᠠ ᠦᠷᠨᠢᠬᠦᠯᠤᠨ᠂ | ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠡᠷᠤᠬᠡ ᠰᠢᠨ᠎ᠠ ᠪᠠᠷ 534 ᠨᠡᠮᠡᠭᠳᠡᠪᠡ᠃ ᠴᠠᠬᠢᠯᠭᠠᠨ ᠬᠦᠴᠤᠨ ᠤ | ᠵᠠᠬ᠎ᠠ ᠲᠡᠯᠬᠡᠬᠦᠷᠵᠢᠯᠳᠠ ᠶᠢᠨ ᠦᠬᠡᠷᠡᠴᠢᠯᠡᠯᠳᠡ ᠪᠤᠯᠤᠨ ᠭᠠᠶᠢᠯᠢ ᠰᠦᠢᠳᠬᠡᠯ ᠢ ᠪᠠᠭᠠᠰᠬᠠᠬᠤ ᠲᠦᠷᠤ ᠶᠢᠨ ᠪᠤᠳᠤᠯᠭ᠎ᠠ | ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ 8 ᠰᠠᠯᠬᠢᠨ ᠴᠠᠬᠢᠯᠭᠠᠨ ᠤ ᠠᠵᠤ ᠠᠬᠤᠶᠢᠯᠡᠯ ᠪᠤᠯᠤᠨ 1 ᠴᠠᠬᠢᠯᠭᠠᠨ | ᠬᠡᠷᠡᠭᠯᠡᠬᠦ ᠠᠵᠤ ᠠᠬᠤᠶᠢᠯᠡᠯ ᠢ ᠠᠷᠠᠯᠵᠢᠶᠠᠨ ᠤ ᠬᠠᠮᠳᠤᠷᠠᠯᠴᠠᠭᠠᠨ ᠤ ᠲᠠᠪᠴᠠᠩ ᠳᠤ ᠤᠷᠤᠭᠤᠯᠵᠤ᠂ ᠰᠦᠯᠵᠢᠶᠠᠨ | ᠲᠡᠬᠡᠷ᠎ᠠ ᠠᠷᠠᠯᠵᠢᠶᠠᠯᠠᠭᠰᠠᠨ ᠬᠡᠮᠵᠢᠶ᠎ᠠ ᠨᠢ ᠲᠡᠬᠢᠨ ᠢᠶᠠᠷ ᠨᠡᠮᠡᠭᠳᠠᠵᠣ᠂ 5.7 ᠳ᠋ᠦᠩᠰᠢᠭᠤᠷ ᠭᠷᠠᠳᠦ᠋ᠰ ᠲᠤ ᠬᠦᠷᠴᠤ᠂ | ᠠᠵᠤ ᠠᠬᠤᠶᠢᠯᠡᠯ ᠤᠨ ᠴᠠᠬᠢᠯᠭᠠᠨ ᠬᠡᠷᠡᠭᠯᠡᠬᠦ ᠦᠪᠡᠷ ᠤᠨ ᠦᠷᠳᠡᠭ ᠢ 7177 ᠲᠦᠮᠡᠨ ᠲᠦᠬᠦᠷᠢᠭ ᠪᠠᠭᠠᠰᠬᠠᠵᠤ᠂ | 4174 ᠲᠦᠮᠡᠨ ᠲᠦᠬᠦᠷᠢᠭ ᠤᠨ ᠭᠠᠶᠢᠯᠢ ᠰᠦᠢᠳᠬᠡᠯ ᠬᠠᠰᠤᠵᠤ ᠬᠡᠯᠳᠤᠷᠢᠬᠦᠯᠪᠡ᠃ ᠮᠠᠯᠵᠢᠬᠤ ᠤᠷᠤᠨ ᠤ | ᠦᠭᠡᠷᠡᠴᠢᠯᠡᠯᠳᠡ ᠶᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠭᠠᠴᠠᠭᠠᠨ ᠤ ᠬᠠᠮᠳᠤ ᠶᠢᠨ ᠦᠮᠴᠢᠯᠡᠯ ᠤᠨ | ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠤᠷᠤᠭᠰᠢᠳᠡᠢ ᠠᠬᠢᠭᠤᠯᠤᠨ᠂ ︽ᠬᠡᠷ ᠪᠠᠶᠢᠰᠢᠩ ᠭᠠᠵᠡᠷ ᠰᠢᠷᠤᠢ ᠶᠢ | ᠨᠢᠬᠡ ᠴᠤᠭᠴᠠᠵᠢᠭᠤᠯᠬᠤ︾ ᠤᠷᠤᠨ ᠰᠠᠭᠤᠴᠠ ᠪᠠ ᠬᠠᠮᠳᠤ ᠶᠢᠨ ᠪᠦᠳᠤᠬᠡᠨ ᠪᠠᠶᠢᠭᠤᠯᠤᠯᠳᠠ ᠳᠤ ᠬᠡᠷᠡᠭᠯᠡᠬᠦ ᠭᠠᠵᠡᠷ | ᠤᠨ ᠡᠷᠬᠡ ᠶᠢ ᠨᠤᠳᠠᠯᠠᠨ ᠲᠠᠩᠰᠠᠯᠠᠬᠤ ᠠᠵᠢᠯ ᠨᠢ ᠦᠨᠡᠮᠯᠡᠯ ᠬᠦᠢᠴᠡᠳᠬᠡᠬᠦ ᠱᠠᠳᠤᠨ ᠳᠤ ᠤᠷᠤᠵᠤ᠂ 4351 | ᠮᠠᠯᠵᠢᠬᠤ ᠡᠷᠤᠬᠡ ᠤᠨ ᠨᠤᠳᠤᠭ ᠪᠠᠯᠴᠢᠬᠡᠷ ᠤᠨ ᠡᠷᠬᠡ ᠶᠢ ᠨᠤᠳᠠᠯᠠᠨ ᠲᠠᠩᠰᠠᠯᠠᠵᠤ᠂ ᠬᠦᠳᠡᠭᠡ ᠲᠤᠰᠬᠤᠨ ᠤ | ᠢᠳᠡᠬᠡᠮᠵᠢ ᠶᠢᠨ ᠬᠤᠷᠰᠢᠶᠠᠨ ᠤ ᠲᠦᠷᠢᠮ ᠤᠨ ᠦᠬᠡᠷᠡᠴᠢᠯᠡᠯᠳᠡ ᠶᠢᠨ ᠠᠵᠢᠯ ᠢ ᠡᠬᠢᠯᠡᠬᠦᠯᠪᠠ᠃ ᠬᠠᠮᠳᠤ ᠶᠢᠨ ᠠᠵᠤ | ᠠᠬᠤᠢ ᠶᠢᠨ ᠰᠠᠭᠤᠷᠢ ᠨᠢᠮᠬᠡᠨ 11 ᠭᠠᠴᠠᠭ᠎ᠠ ᠶᠢ ᠲᠡᠳᠬᠦᠨ ᠲᠠᠮᠵᠢᠵᠣ᠂ ᠬᠡᠷ ᠪᠦᠯᠢ ᠶᠢᠨ ᠮᠠᠯᠵᠢᠯ ᠤᠨ ᠲᠠᠯᠠᠪᠠᠢ | ᠰᠢᠨ᠎ᠠ ᠪᠠᠷ 27 ᠶᠢ ᠲᠤᠭᠳᠠᠭᠠᠵᠤ᠂ ᠨᠠᠶᠢᠳᠠ 124 ᠳᠤ ᠬᠦᠷᠬᠡᠨ᠂ ᠬᠤᠷᠰᠢᠶᠠᠵᠢᠯ ᠰᠢᠨ᠎ᠠ ᠪᠠᠷ 4 ᠶᠢ ᠲᠠᠩᠰᠠᠯᠠᠨ | ᠲᠡᠮᠳᠡᠭᠯᠡᠵᠤ᠂ ᠨᠠᠶᠢᠳᠠ 189 ᠳᠤ ᠬᠦᠷᠬᠡᠨ᠂ ᠦᠪᠡᠷᠳᠡᠬᠡᠨ ᠵᠠᠰᠠᠬᠤ ᠤᠷᠤᠨ ᠤ ᠵᠢᠱᠢᠶ᠎ᠠ ᠦᠵᠡᠬᠦᠯᠬᠦ ᠬᠤᠷᠰᠢᠶᠠᠵᠢᠯ | 1᠂ ᠠᠶᠢᠮᠠᠭ ᠲᠡᠰ ᠤᠨ ᠵᠢᠱᠢᠶ᠎ᠠ ᠦᠵᠡᠬᠦᠯᠬᠦ ᠬᠤᠷᠰᠢᠶᠠᠵᠢᠯ 3 ᠶᠢ ᠪᠠᠶᠢᠭᠤᠯᠪᠠ᠃ ᠭᠠᠳᠠᠭᠠᠳᠤ ᠲᠠᠢ ᠴᠢᠯᠤᠬᠡᠳᠡᠢ | ᠶᠠᠪᠤᠯᠴᠠᠬᠤ ᠠᠬᠢᠴᠠ ᠪᠠᠨ ᠲᠠᠰᠤᠷᠠᠯᠳᠠ ᠦᠬᠡᠢ ᠲᠦᠷᠬᠡᠳᠪᠡ᠃ 2019 ᠤᠨ ᠤ ᠲᠤᠮᠳᠠᠳᠤ ᠮᠤᠩᠭᠤᠯ ᠤᠨ | ᠦᠡᠳᠤᠰᠤᠳᠠᠨ ᠤ ᠲᠠᠸᠡᠷ ᠤᠨ ᠠᠷᠠᠯᠵᠢᠶᠠᠨ ᠤ ᠴᠤᠭᠯᠠᠭᠠᠨ ᠢ ᠠᠮᠵᠢᠯᠳᠠ ᠲᠠᠢ ᠡᠷᠬᠢᠯᠡᠵᠤ᠂ ᠦᠪᠤᠷ ᠮᠤᠩᠭᠤᠯ ᠤᠨ | ᠶᠡᠭᠡ ᠰᠤᠷᠭᠠᠭᠤᠯᠢ ᠶᠢᠨ ᠪᠤᠯᠪᠠᠰᠤᠷᠠᠯ ᠵᠢᠭᠠᠨ ᠰᠤᠷᠭᠠᠯᠳᠠ ᠶᠢᠨ ᠲᠠᠳᠤᠯᠭ᠎ᠠ ᠶᠢᠨ ᠰᠠᠭᠤᠷᠢᠨ ᠢ ᠪᠠᠶᠢᠭᠤᠯᠪᠠ᠃ ᠠᠵᠤ | ᠠᠬᠤᠶᠢᠯᠡᠯ ᠢ ᠵᠤᠬᠢᠶᠠᠨ ᠪᠠᠶᠢᠭᠤᠯᠵᠤ᠂ ᠪᠡᠬᠡᠵᠢᠩ ᠤᠨ ᠲᠡᠯᠡᠬᠡᠢ ᠶᠢᠨ ᠴᠡᠴᠡᠷᠯᠢᠭᠳᠦ ᠣᠷᠠᠯᠢᠭ ᠤᠨ ᠦᠵᠡᠰᠬᠦᠯᠠᠩ | ᠵᠠᠷᠬᠡ 15 ᠲᠤᠮᠤ ᠬᠡᠯᠪᠡᠷᠢ ᠶᠢᠨ ᠴᠤᠭᠯᠠᠭᠠᠨ ᠦᠵᠡᠰᠬᠦᠯᠠᠩ ᠳᠤ ᠣᠷᠣᠯᠴᠠᠭᠤᠯᠣᠨ᠂ ᠠᠷᠠᠯᠵᠢᠶᠠᠴᠢᠨ ᠤᠷᠢᠵᠤ ᠪᠡᠯᠡ | ᠤᠷᠤᠭᠤᠯᠬᠤ 12 ᠲᠦᠷᠤᠯ ᠵᠥᠢᠯ ᠢ ᠬᠡᠷᠡᠭᠵᠢᠬᠦᠯᠤᠨ᠂ 14.2 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ | ᠨᠠᠶᠢᠳᠠᠪᠤᠷᠢᠵᠢᠭᠤᠯᠪᠠ᠃ ᠲᠡᠬᠡᠳᠤ ᠱᠠᠳᠤᠨ ᠠᠴᠠ 40 ᠲᠦᠷᠤᠯ ᠵᠥᠢᠯ ᠢ ᠭᠤᠶᠤᠴᠢᠯᠡᠨ ᠤᠯᠵᠤ᠂ 3.85 | ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠶᠢ ᠨᠠᠶᠢᠳᠠᠪᠤᠷᠢᠵᠢᠭᠤᠯᠪᠠ᠃ | ᠨᠢᠬᠡ ᠵᠢᠯ ᠤᠨ ᠲᠤᠷᠰᠢ ᠪᠢᠳᠠ ᠰᠠᠭᠤᠷᠢ ᠪᠠᠨ ᠪᠠᠬᠢᠵᠢᠬᠦᠯᠤᠨ᠂ ᠲᠡᠬᠡᠭᠰᠢᠯᠡᠯᠳᠡ ᠶᠢ ᠠᠬᠢᠭᠤᠯᠵᠤ᠂ ᠬᠦᠭᠵᠢᠯᠳᠠ ᠶᠢᠨ | ᠪᠠᠳᠤᠯᠠᠭ᠎ᠠ ᠶᠢᠨ ᠴᠢᠳᠠᠪᠤᠷᠢ ᠪᠠᠨ ᠦᠷᠬᠦᠯᠵᠢᠯᠡᠨ ᠰᠠᠶᠢᠵᠢᠷᠠᠭᠤᠯᠪᠠ᠃ ᠬᠤᠳᠠ ᠪᠠᠯᠭᠠᠰᠤᠨ ᠤ ᠪᠦᠳᠤᠬᠡᠨ | ᠪᠠᠶᠢᠭᠤᠯᠤᠯᠳᠠ ᠶᠢ ᠠᠬᠢᠭᠤᠯᠪᠠ᠃ ︽ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠴᠢᠯᠡᠬᠡᠨ ᠤ ᠴᠢᠨᠡᠷ ᠴᠢᠡᠰᠠᠭ᠎ᠠ | ᠶᠢ ᠲᠡᠬᠡᠭᠰᠢᠯᠡᠬᠦᠯᠬᠦ ᠤᠨ︾ ᠤ ᠠᠵᠢᠯᠯᠠᠭ᠎ᠠ ᠶᠢ ᠯᠠᠪᠳᠠᠭᠤᠨ ᠪᠠᠳᠤᠳᠡᠢ ᠦᠷᠨᠢᠬᠦᠯᠵᠤ᠂ ᠰᠠᠭᠤᠭᠠᠯᠢ ᠲᠣᠭᠤᠷᠢᠭ ᠤᠨ | ᠠᠳᠠᠯ ᠠᠬᠤᠢ ᠶᠢᠨ ᠵᠦᠪᠯᠡᠯ 16 ᠶᠢ ᠪᠠᠶᠢᠭᠤᠯᠵᠤ᠂ 23 ᠰᠠᠭᠤᠭᠠᠯᠢ ᠲᠤᠭᠤᠷᠢᠭ ᠲᠤ ᠠᠳᠠᠯ ᠠᠬᠤᠢ ᠶᠢᠨ | ᠬᠠᠮᠢᠶᠠᠷᠤᠯᠳᠠ ᠶᠢᠨ ᠦᠢᠯᠡᠴᠢᠯᠡᠭᠡ ᠬᠠᠩᠭᠠᠪᠠ᠃ ᠰᠢᠨ᠎ᠠ ᠪᠠᠷ 26 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ | ᠨᠤᠭᠤᠭᠠᠷᠠᠭᠤᠯᠵᠤ᠂ 8000 ᠲᠡᠭᠰᠢ ᠲᠦᠷᠪᠡᠯᠵᠢᠨ ᠮᠧᠲᠷ ᠭᠠᠵᠡᠷ ᠢ ᠬᠠᠳᠠᠭᠤᠵᠢᠭᠤᠯᠵᠤ᠂ 200 ᠢᠵᠢ ᠵᠠᠮ ᠤᠨ | ᠳ᠋ᠸᠡᠭ ᠤᠭᠰᠠᠷᠠᠪᠠ᠃ 3 ᠺᠢᠯᠤᠮᠧᠲᠷ ᠲᠦᠬᠡᠬᠡᠯ ᠤᠰᠤ ᠬᠠᠩᠭᠠᠬᠤ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ᠂ | 2.2 ᠺᠢᠯᠤᠮᠧᠲᠷ ᠲᠤᠯᠠᠭᠠᠯᠭ᠎ᠠ ᠬᠠᠩᠭᠠᠬᠤ ᠬᠤᠭᠤᠯᠠᠢ ᠰᠢᠨ᠎ᠠ ᠪᠠᠷ ᠤᠭᠰᠠᠷᠠᠵᠤ᠂ 60 ᠺᠢᠯᠤᠮᠧᠲᠷ ᠴᠠᠬᠢᠯᠭᠠᠨ | ᠤᠳᠠᠰᠤ ᠲᠠᠳᠠᠨ᠂ 7351 ᠬᠠᠭᠤᠴᠢᠨ ᠴᠠᠬᠢᠯᠭᠠᠨ ᠬᠡᠮᠵᠢᠬᠦᠷ ᠢ ᠰᠤᠯᠢᠵᠤ᠂ 2 ᠰᠠᠤᠷᠢ ᠭᠠᠯ ᠤᠡᠳᠠᠷᠠᠭᠠᠬᠤ ᠤᠰᠤ | ᠨᠡᠮᠡᠬᠦ ᠦᠷᠳᠡᠭᠡ ᠶᠢ ᠪᠠᠶᠢᠭᠤᠯᠪᠠ᠃ 1200 ᠭᠠᠷᠤᠢ ᠢᠵᠢ ᠬᠠᠭᠤᠴᠢᠨ ᠪᠠᠶᠢᠰᠢᠩ ᠢ ᠨᠤᠷᠠᠭᠠᠵᠤ᠂ ᠬᠠᠭᠤᠴᠢᠨ | ᠰᠠᠭᠤᠭᠠᠯᠢ ᠲᠤᠭᠤᠷᠢᠭ ᠢ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠡᠬᠢᠯᠡᠬᠦᠯᠪᠡ᠃ ᠮᠠᠯᠵᠢᠬᠤ ᠤᠷᠤᠨ ᠤ ᠰᠠᠭᠤᠷᠢ | ᠲᠦᠬᠦᠬᠡᠷᠤᠮᠵᠢ ᠶᠢᠨ ᠨᠦᠬᠦᠴᠠᠯ ᠲᠠᠰᠤᠷᠠᠯᠳᠠ ᠦᠬᠡᠢ ᠰᠠᠶᠢᠵᠢᠷᠠᠪᠠ᠃ ᠦᠵᠠᠰᠬᠦᠯᠠᠩᠳᠤ ᠬᠦᠳᠡᠭᠡ ᠲᠤᠰᠬᠤᠨ ᠢ | ᠴᠤᠭᠴᠠᠯᠠᠬᠤ᠂ ᠬᠢᠯᠢ ᠬᠢᠵᠠᠭᠠᠷ ᠢ ᠬᠦᠭᠵᠢᠬᠦᠯᠤᠨ ᠠᠷᠡᠳ ᠢᠶᠠᠨ ᠪᠠᠶᠠᠵᠢᠭᠤᠯᠬᠤ᠂ ᠤᠰᠤ ᠤᠮᠳᠠ ᠶᠢᠨ ᠠᠮᠤᠷ | ᠲᠦᠪᠰᠢᠨ ᠵᠡᠷᠬᠡ ᠲᠦᠷᠤᠯ ᠵᠥᠢᠯ ᠢ ᠬᠡᠷᠡᠭᠵᠢᠬᠦᠯᠵᠤ᠂ ᠮᠠᠯᠵᠢᠬᠤ ᠤᠷᠤᠨ ᠤ ᠰᠠᠭᠤᠷᠢᠰᠢᠯ ᠤᠷᠴᠢᠨ ᠢ ᠶᠠᠷᠤᠩᠬᠡᠶᠢᠯᠡᠨ | ᠴᠡᠭᠴᠡᠯᠡᠨ ᠵᠠᠰᠠᠬᠤ ᠠᠵᠢᠯ ᠢ ᠡᠬᠢᠯᠡᠬᠦᠯᠤᠨ᠂ 300 ᠬᠤᠳᠳᠤᠭ ᠮᠠᠯᠳᠠᠵᠤ᠂ 4526 ᠢᠵᠢ ᠤᠰᠤ | ᠰᠠᠶᠢᠵᠢᠷᠠᠭᠤᠯᠬᠤ ᠲᠦᠬᠦᠬᠡᠷᠤᠮᠵᠢ ᠤᠭᠰᠠᠷᠠᠨ᠂ 12 ᠰᠠᠭᠤᠷᠢ ᠲᠤᠬᠢᠶᠠᠨ ᠤ ᠦᠷᠳᠡᠭᠡ᠂ 33 ᠤᠷᠤᠨ ᠰᠠᠭᠤᠴᠠ᠂ | 337 ᠵᠤᠷᠯᠤᠩ᠂ 1.8 ᠲᠦᠮᠡᠨ ᠲᠡᠭᠰᠢ ᠲᠦᠷᠪᠡᠯᠵᠢᠨ ᠮᠧᠲᠷ ᠫᠸᠡᠭ ᠬᠤᠷᠤᠭ᠎ᠠ ᠰᠢᠨ᠎ᠠ ᠪᠠᠷ ᠪᠠᠶᠢᠭᠤᠯᠵᠤ᠂ 46. | 4 ᠺᠢᠯᠤᠮᠧᠲᠷ ᠵᠠᠮ ᠲᠠᠪᠢᠰᠴᠤ᠂ 15 ᠮᠠᠯᠵᠢᠬᠤ ᠡᠷᠤᠬᠡ ᠳᠤ ᠴᠠᠬᠢᠯᠭᠠᠨ ᠨᠠᠪᠳᠠᠷᠠᠬᠦᠯᠤᠨ᠂ 94 ᠰᠠᠤᠷᠢ ᠲᠤᠮᠤ | ᠬᠡᠯᠪᠡᠷᠢ ᠶᠢᠨ ᠮᠠᠯᠵᠢᠯ ᠤᠨ ᠮᠠᠰᠢᠨ ᠮᠧᠬᠠᠨᠢᠭ ᠬᠤᠳᠠᠯᠳᠤᠨ ᠤᠷᠤᠭᠤᠯᠪᠠ᠃ ᠠᠮᠢ ᠠᠬᠤᠢ ᠶᠢᠨ ᠬᠠᠮᠠᠭᠠᠯᠠᠯᠳᠠ ᠶᠢᠨ | ᠡᠷᠴᠢᠮ ᠦᠷᠬᠦᠯᠵᠢᠯᠡᠨ ᠴᠢᠩᠭᠠᠷᠠᠪᠠ᠃ ᠨᠤᠳᠤᠭ ᠪᠠᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠡᠯ᠎ᠠ ᠵᠥᠢᠯ | ᠤᠨ ᠲᠦᠷᠤ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠯ | ᠨᠦᠬᠦᠪᠤᠷᠢ ᠶᠢᠨ ᠪᠡᠯᠡ ᠮᠦᠩᠬᠦ 1.3 ᠳ᠋ᠦᠩᠰᠢᠭᠤᠷ ᠲᠦᠬᠦᠷᠢᠭ᠂ ᠬᠠᠪᠤᠷ ᠤᠨ ᠤᠯᠠᠷᠢᠯ ᠤᠨ ᠪᠠᠯᠴᠢᠬᠡᠷ ᠰᠡᠷᠬᠦᠬᠡᠬᠦ | ᠨᠦᠬᠦᠪᠤᠷᠢ 2833 ᠲᠦᠮᠡᠨ ᠲᠦᠬᠦᠷᠢᠭ ᠢ ᠲᠠᠷᠬᠠᠭᠠᠪᠠ᠃ ᠭᠤᠷᠪᠡᠳᠤᠭᠠᠷ ᠤᠳᠠᠭᠠᠨ ᠤ ᠤᠯᠤᠰ ᠤᠨ ᠭᠠᠵᠡᠷ | ᠰᠢᠷᠥᠢ ᠶᠢᠨ ᠪᠠᠶᠢᠴᠠᠭᠠᠯᠳᠠ ᠶᠢᠨ ᠦᠷ᠎ᠠ ᠪᠦᠳᠤᠮᠵᠢ ᠨᠢ ᠤᠯᠤᠰ ᠤᠨ ᠬᠢᠨᠡᠨ ᠰᠢᠯᠭᠠᠯᠳᠠ ᠳᠤ ᠬᠢᠷᠢ ᠲᠠᠩᠴᠠᠵᠤ᠂ | ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠤᠷᠤᠨ ᠤ ᠰᠢᠶᠠᠨ ᠤ ᠬᠡᠪᠴᠢᠶᠠᠨ ᠤ ᠬᠢᠨᠡᠨ ᠦᠨᠡᠯᠡᠯᠳᠡ ᠳᠤ | ᠪᠦᠬᠦ ᠤᠷᠤᠨ ᠳᠤ ᠲᠦᠷᠪᠡᠳᠤᠬᠡᠷ ᠲᠤ ᠵᠢᠭᠰᠠᠭᠠᠭᠳᠠᠵᠤ᠂ 2579 ᠲᠦᠮᠡᠨ ᠲᠦᠬᠦᠷᠢᠭ ᠤᠨ ᠲᠦᠷᠤᠯ ᠵᠥᠢᠯ ᠤᠨ | ᠪᠡᠯᠡ ᠮᠦᠩᠬᠦ ᠨᠠᠶᠢᠳᠠᠪᠣᠷᠢᠵᠢᠭᠤᠯᠪᠠ᠃ ᠠᠮᠢ ᠠᠬᠤᠢ ᠶᠢᠨ ᠵᠠᠰᠠᠨ ᠴᠡᠭᠴᠡᠯᠡᠯᠳᠡ ᠶᠢᠨ ᠢᠡᠵᠧᠨᠧᠷᠢᠩ ᠢ ᠬᠦᠴᠤᠯᠠᠨ | ᠠᠬᠢᠭᠤᠯᠵᠤ᠂ 6.25 ᠲᠦᠮᠡᠨ ᠮᠤ᠋ ᠭᠠᠵᠡᠷ ᠢ ᠦᠢᠵᠢᠭᠤᠯᠵᠤ᠂ 2 ᠲᠦᠮᠡᠨ ᠮᠤ᠋ ᠨᠤᠳᠤᠭ ᠪᠠᠯᠴᠢᠬᠡᠷ ᠤᠨ ᠬᠤᠷᠤᠬᠠᠢ | ᠶᠢ ᠤᠰᠠᠳᠬᠠᠬᠤ ᠠᠵᠢᠯ ᠢ ᠦᠷᠨᠢᠬᠦᠯᠪᠡ᠃ | ᠨᠢᠬᠡ ᠵᠢᠯ ᠤᠨ ᠲᠤᠷᠰᠢ ᠪᠢᠳᠠ ᠠᠷᠡᠳ ᠲᠤ ᠠᠰᠢᠭ ᠬᠦᠷᠳᠡᠬᠡᠵᠤ᠂ ᠡᠶ᠎ᠡ ᠵᠤᠬᠢᠴᠠᠯ ᠢ ᠠᠬᠢᠭᠤᠯᠤᠨ᠂ ᠵᠤᠯ | ᠵᠢᠷᠭᠠᠯ ᠤᠨ ᠵᠢᠭᠠᠯᠳᠠ ᠲᠤᠭ᠎ᠠ ᠲᠠᠰᠤᠷᠠᠯᠳᠠ ᠦᠬᠡᠢ ᠲᠡᠬᠡᠭᠰᠢᠯᠡᠪᠡ᠃ ᠠᠷᠡᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠠ ᠶᠢᠨ ᠦᠢᠯᠠᠭᠠᠭᠳᠠᠬᠤᠨ ᠢ ᠡᠬᠡᠨᠡᠭᠳᠠ ᠪᠠᠷᠢᠮᠳᠠᠯᠠᠨ᠂ ᠡᠳ᠋ ᠤᠨ ᠵᠠᠰᠠᠭ ᠠᠴᠠ ᠠᠷᠡᠳ ᠤᠨ ᠠᠮᠢᠳᠤᠷᠡᠯ ᠤᠨ | ᠬᠦᠷᠢᠶ᠎ᠠ ᠬᠡᠪᠴᠢᠶᠠᠨ ᠳᠤ ᠬᠡᠷᠡᠭᠯᠡᠭᠰᠡᠨ ᠵᠠᠷᠤᠯᠭ᠎ᠠ ᠨᠢ ᠡᠩ ᠤᠨ ᠤᠯᠠᠨ ᠨᠠᠶᠢᠳᠠ ᠶᠢᠨ ᠲᠦᠰᠤᠪᠯᠡᠨ ᠪᠤᠳᠤᠯᠳᠠ ᠶᠢᠨ | ᠵᠠᠷᠤᠯᠭ᠎ᠠ ᠶᠢᠨ 77.6% ᠳᠤ ᠬᠦᠷᠪᠡ᠃ ᠠᠷᠡᠳ ᠤᠨ ᠠᠮᠢᠳᠤᠷᠡᠯ ᠤᠨ ᠪᠠᠳᠤᠯᠠᠭ᠎ᠠ ᠶᠢᠨ ᠴᠢᠳᠠᠪᠤᠷᠢ ᠲᠠᠰᠤᠷᠠᠯᠳᠠ | ᠦᠬᠡᠢ ᠴᠢᠩᠭᠠᠷᠠᠪᠠ᠃ ᠠᠵᠢᠯ ᠤᠯᠭᠤᠵᠤ ᠦᠢᠯᠡᠰ ᠪᠤᠰᠬᠠᠬᠤ ᠶᠢ ᠢᠳᠡᠪᠬᠢᠳᠡᠢ ᠠᠬᠢᠭᠤᠯᠵᠤ᠂ ᠬᠤᠳᠠ ᠬᠦᠳᠡᠭᠡ ᠶᠢᠨ | 2178 ᠬᠦᠮᠤᠨ ᠢ ᠲᠦᠪᠬᠢᠨᠡᠬᠦᠯᠵᠤ᠂ ᠬᠤᠳᠠ ᠪᠠᠯᠭᠠᠰᠤᠨ ᠤ ᠠᠵᠢᠯ ᠤᠯᠭᠤᠭᠰᠡᠨ ᠬᠦᠮᠤᠨ 745 ᠨᠡᠮᠡᠭᠳᠡᠨ᠂ | 208 ᠲᠦᠮᠡᠨ ᠲᠦᠬᠦᠷᠢᠭ ᠤᠨ ᠦᠢᠯᠡᠰ ᠪᠤᠰᠬᠠᠬᠤ ᠪᠠᠳᠣᠯᠠᠭᠠᠳᠣ ᠵᠢᠬᠡᠯᠡᠯᠬᠡ ᠲᠠᠯᠪᠢᠵᠤ᠂ ᠬᠤᠳᠠ ᠪᠠᠯᠭᠠᠰᠤᠨ ᠤ | ᠲᠠᠩᠰᠠᠯᠠᠭᠰᠡᠨ ᠠᠵᠢᠯ ᠠᠯᠳᠠᠭᠰᠡᠨ ᠨᠤᠷᠮ᠎ᠠ ᠶᠢ 3.5% ᠶᠢᠨ ᠲᠣᠳᠣᠷ᠎ᠠ ᠬᠢᠵᠠᠭᠠᠷᠯᠠᠪᠠ᠃ ᠨᠠᠶᠢᠬᠡᠮ ᠤᠨ ᠪᠠᠳᠤᠯᠠᠭ᠎ᠠ | ᠶᠢᠨ ᠠᠵᠢᠯ ᠢ ᠯᠠᠪᠳᠠᠭᠤᠨ ᠪᠠᠳᠤᠳᠡᠢ ᠠᠬᠢᠭᠤᠯᠵᠤ᠂ ᠠᠵᠢᠯ ᠠᠴᠠ ᠪᠠᠨ ᠠᠮᠠᠷᠠᠭᠰᠡᠨ ᠬᠦᠮᠤᠰ ᠤᠨ ᠨᠠᠰᠤᠵᠢᠯ ᠤᠨ | ᠠᠰᠠᠷᠠᠮᠵᠢ ᠶᠢᠨ ᠮᠦᠩᠬᠦ᠂ ᠬᠦᠴᠢᠷᠳᠡᠯᠳᠡᠢ ᠬᠦᠮᠤᠰ ᠤᠨ ᠪᠠᠳᠤᠯᠠᠭ᠎ᠠ ᠶᠢᠨ ᠪᠠᠷᠢᠮᠵᠢᠶ᠎ᠠ ᠪᠠ ᠠᠰᠠᠷᠠᠨ ᠬᠠᠷᠠᠭᠠᠯᠵᠠᠬᠤ | ᠴᠢᠬᠤᠯᠠᠳᠡᠢ ᠬᠦᠮᠣᠰ ᠤᠨ ᠨᠦᠬᠦᠪᠤᠷᠢ ᠶᠢ ᠤᠯᠠᠮ ᠴᠢᠨᠠᠭᠰᠢᠳᠠ ᠲᠡᠬᠡᠭᠰᠢᠯᠡᠬᠦᠯᠵᠤ᠂ ᠪᠦᠬᠦ ᠵᠢᠯ ᠳᠤ ᠨᠠᠶᠢᠳᠠ 1.4 | ᠳ᠋ᠦᠩᠰᠢᠭᠤᠷ ᠲᠦᠬᠦᠷᠢᠭ ᠤᠨ ᠨᠠᠰᠤᠵᠢᠯ ᠤᠨ ᠮᠦᠩᠬᠦ᠂ 1531 ᠲᠦᠮᠡᠨ ᠲᠦᠬᠦᠷᠢᠭ ᠤᠨ ᠠᠪᠤᠷᠠᠨ ᠲᠤᠰᠠᠯᠠᠬᠤ | ᠮᠦᠩᠬᠦ ᠲᠠᠷᠬᠠᠭᠠᠵᠤ᠂ 6832 ᠲᠦᠮᠡᠨ ᠲᠦᠬᠦᠷᠢᠭ ᠤᠨ ᠡᠮ ᠡᠮᠨᠡᠯᠬᠡ ᠶᠢᠨ ᠰᠦᠢᠳᠬᠡᠯ ᠢ ᠴᠠᠶᠢᠷᠠᠭᠤᠯᠪᠠ᠃ | ᠭᠠᠮᠰᠢᠭ ᠢ ᠰᠡᠷᠬᠡᠶᠢᠯᠡᠵᠤ ᠬᠤᠬᠢᠷᠡᠯ ᠢ ᠪᠠᠭᠠᠰᠬᠠᠬᠤ ᠠᠪᠤᠷᠠᠨ ᠲᠤᠰᠠᠯᠠᠬᠤ ᠠᠵᠢᠯ ᠢ ᠪᠦᠬᠦ ᠬᠦᠴᠤᠨ ᠢᠶᠠᠷ ᠰᠠᠶᠢᠳᠤᠷ | ᠬᠢᠵᠤ᠂ 1369 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠵᠤᠨ ᠤ ᠤᠯᠠᠷᠢᠯ ᠤᠨ ᠭᠠᠨᠭ᠌ ᠬᠠᠭᠰᠠᠷᠭᠠᠨ ᠤ | ᠪᠠᠶᠢᠳᠠᠯ ᠢ ᠪᠦᠳᠤᠮᠵᠢᠳᠡᠢ ᠠᠷᠭᠠᠴᠠᠭᠠᠵᠤ᠂ ᠡᠪᠤᠯ ᠤᠨ ᠤᠯᠠᠷᠢᠯ ᠳᠤ ᠵᠠᠮ ᠱᠤᠭᠤᠮ ᠴᠠᠰᠤᠨ ᠳᠤ ᠪᠢᠳᠠᠬᠦᠷᠡᠬᠦ | ᠠᠰᠠᠭᠤᠳᠠᠯ ᠢ ᠢᠳᠡᠪᠬᠢᠳᠡᠢ ᠰᠢᠢᠳᠪᠤᠷᠢᠯᠠᠪᠠ᠃ ᠨᠠᠶᠢᠬᠡᠮ ᠤᠨ ᠡᠯ᠎ᠠ ᠲᠦᠷᠤᠯ ᠤᠨ ᠠᠵᠢᠯ ᠦᠢᠯᠡᠰ ᠢ ᠨᠢᠬᠡᠳᠤᠯᠳᠡᠢ | ᠲᠦᠯᠤᠪᠵᠢᠬᠦᠯᠤᠨ ᠠᠬᠢᠭᠤᠯᠪᠠ᠃ ᠰᠤᠷᠭᠠᠨ ᠬᠦᠮᠤᠵᠢᠯ ᠤᠨ ᠦᠢᠯᠡᠰ ᠢ ᠡᠩ ᠲᠡᠷᠢᠬᠦᠨ ᠳᠤ ᠬᠦᠭᠵᠢᠬᠦᠯᠵᠤ᠂ | ᠮᠦᠩᠭᠡᠭᠠᠯ ᠬᠡᠤᠬᠡᠳ ᠤᠨ ᠴᠡᠴᠡᠷᠯᠢᠭ ᠤᠨ ᠶᠠᠷᠤᠩᠬᠡᠶᠢᠯᠡᠭᠰᠡᠨ ᠠᠰᠠᠷ ᠤᠨ ᠪᠦᠳᠤᠬᠡᠨ ᠪᠠᠶᠢᠭᠤᠯᠤᠯᠳᠠ ᠶᠢ ᠲᠦᠯᠬᠢᠨ | ᠠᠬᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠠᠰᠠᠷ ᠪᠠ ᠬᠡᠷᠡᠭᠯᠡᠬᠡᠨ ᠤ ᠬᠡᠷ | ᠪᠠᠶᠢᠰᠢᠩ᠂ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠠᠯᠪᠢᠨ ᠵᠠᠰᠠᠯᠳᠠ ᠵᠢᠴᠢ ᠭᠠᠯ | ᠤᠡᠳᠠᠷᠠᠭᠠᠬᠤ ᠢᠡᠵᠧᠨᠧᠷᠢᠩ ᠤᠨ ᠠᠵᠢᠯ ᠢ ᠲᠠᠭᠤᠰᠬᠠᠵᠣ᠂ ᠡᠯ᠎ᠠ ᠲᠦᠷᠤᠯ ᠤᠨ ᠰᠤᠷᠤᠯᠭ᠎ᠠ ᠶᠢᠨ ᠲᠠᠳᠬᠦᠮᠵᠢ ᠶᠢᠨ | ᠮᠦᠩᠬᠦ ᠶᠢ 557 ᠲᠦᠮᠡᠨ ᠲᠦᠬᠦᠷᠢᠭ ᠨᠠᠶᠢᠳᠠᠪᠤᠷᠢᠵᠢᠭᠤᠯᠣᠨ᠂ 338 ᠲᠦᠮᠡᠨ ᠲᠦᠬᠦᠷᠢᠭ ᠤᠨ ᠰᠤᠷᠤᠯᠭ᠎ᠠ | ᠲᠠᠳᠬᠦᠬᠦ ᠵᠢᠬᠡᠯᠡᠯᠬᠡ ᠲᠠᠷᠬᠠᠭᠠᠵᠤ᠂ 10 ᠨᠠᠷᠠ ᠪᠠᠭᠰᠢ ᠤᠷᠢᠨ ᠬᠡᠷᠡᠭᠯᠡᠵᠤ᠂ ᠠᠩᠬᠢ ᠶᠢᠨ ᠡᠷᠬᠢᠯᠡᠭᠴᠢ ᠶᠢᠨ | ᠨᠦᠬᠦᠪᠤᠷᠢ ᠶᠢ ᠰᠠᠷ᠎ᠠ ᠪᠦᠷᠢ 280 ᠲᠦᠬᠦᠷᠢᠭ ᠪᠤᠯᠭᠠᠨ ᠲᠡᠬᠡᠭᠰᠢᠯᠡᠬᠦᠯᠵᠤ᠂ ᠰᠤᠷᠭᠠᠨ ᠬᠦᠮᠤᠵᠢᠯ ᠵᠢᠭᠠᠨ | ᠰᠤᠷᠭᠠᠯᠳᠠ ᠶᠢᠨ ᠴᠢᠨᠠᠷ ᠴᠢᠡᠰᠠᠭ᠎ᠠ ᠯᠠᠪᠳᠠᠭᠤᠨ ᠢᠶᠠᠷ ᠲᠡᠬᠡᠭᠰᠢᠯᠡᠪᠡ᠃ ︽ᠡᠷᠡᠬᠦᠯ ᠡᠩᠬᠡ ᠠᠪᠠᠭ᠎ᠠ ᠨᠤᠳᠤᠭ︾ ᠤᠨ | ᠠᠵᠢᠯᠯᠠᠭ᠎ᠠ ᠶᠢ ᠬᠦᠡᠵᠡᠬᠡᠢ ᠠᠬᠢᠭᠤᠯᠵᠤ᠂ 17 ᠨᠠᠷᠡᠰ ᠡᠷᠡᠬᠦᠯ ᠬᠠᠮᠠᠭᠠᠯᠠᠯ ᠤᠨ ᠮᠠᠷᠬᠡᠵᠢᠯ ᠤᠨ ᠴᠢᠳᠠᠪᠤᠷᠢᠳᠠᠨ ᠢ | ᠤᠷᠢᠨ ᠤᠷᠤᠭᠤᠯᠵᠤ᠂ ᠬᠤᠰᠢᠭᠤ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠠᠵᠢᠯ ᠤᠨ ᠶᠠᠷᠤᠩᠬᠡᠶᠢᠯᠡᠭᠰᠡᠨ | ᠠᠰᠠᠷ ᠤᠨ ᠪᠠᠷᠢᠯᠭ᠎ᠠ ᠶᠢ ᠲᠠᠭᠤᠰᠬᠠᠨ᠂ ᠴᠠᠩᠬᠡᠯᠪᠤᠯᠠᠭ ᠡᠷᠡᠬᠦᠯ ᠬᠠᠮᠠᠭᠠᠯᠠᠯ ᠤᠨ ᠬᠤᠷᠢᠶ᠎ᠠ ᠶᠢ ᠦᠬᠡᠷᠡᠴᠢᠯᠡᠨ | ᠪᠠᠶᠢᠭᠤᠯᠬᠤ ᠢᠡᠵᠧᠨᠧᠷᠢᠩ ᠢ ᠠᠰᠢᠭᠯᠠᠯᠳᠠ ᠳᠤ ᠤᠷᠤᠭᠤᠯᠤᠨ᠂ ᠵᠡᠮᠳᠡᠭᠴᠤᠳ ᠤᠨ ᠡᠷᠡᠬᠦᠯᠵᠢᠯ ᠤᠨ ᠲᠦᠪ ᠤᠨ | ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠳᠤ | ᠡᠮᠴᠢᠯᠡᠬᠡᠨ ᠤ ᠲᠦᠬᠦᠬᠡᠷᠤᠮᠵᠢ 35 ᠰᠠᠤᠷᠢ ᠪᠠ ᠨᠡᠬᠦᠳᠠᠯ ᠦᠢᠯᠡᠴᠢᠯᠡᠬᠡᠨ ᠤ ᠲᠡᠷᠬᠡ 7 ᠶᠢ ᠲᠣᠬᠢᠷᠠᠭᠤᠯᠵᠣ ᠦᠭᠬᠦᠨ | ᠂ ᠪᠦᠬᠦ ᠬᠤᠰᠢᠭᠤᠨ ᠤ ᠰᠠᠭᠤᠭᠠᠯᠢ ᠠᠷᠡᠳ ᠤᠨ ᠡᠷᠡᠬᠦᠯ ᠮᠠᠡᠳᠤ ᠶᠢᠨ ᠡᠯᠧᠺᠲᠷᠤᠨ ᠲᠠᠩᠰᠠ ᠡᠪᠬᠡᠮᠡᠯ | ᠪᠠᠶᠢᠭᠤᠯᠤᠭᠰᠡᠨ ᠨᠤᠷᠮ᠎ᠠ 94.4% ᠳᠤ ᠬᠦᠷᠪᠡ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ | ᠠᠵᠢᠯ ᠢ ᠡᠮᠬᠢ ᠵᠢᠷᠤᠮ ᠲᠠᠢ ᠪᠠᠷ ᠦᠷᠨᠢᠬᠦᠯᠵᠤ᠂ ᠪᠠᠯᠠ ᠤᠷᠤᠭᠤᠯᠤᠯᠳᠠ ᠪᠠᠨ ᠨᠡᠮᠡᠭᠳᠡᠬᠦᠯᠵᠤ᠂ 358 ᠲᠦᠮᠡᠨ ᠮᠤ᠋ | ᠨᠤᠳᠤᠭ ᠪᠠᠯᠴᠢᠬᠡᠷ ᠲᠤ ᠬᠤᠯᠤᠭᠠᠨ᠎ᠠ ᠶᠢᠨ ᠬᠦᠨᠤᠬᠡᠯ ᠢ ᠰᠡᠷᠬᠡᠶᠢᠯᠡᠨ ᠵᠠᠰᠠᠵᠤ᠂ ︽ᠭᠤᠷᠪᠡᠨ ᠵᠤᠷᠪᠤᠰ ᠰᠡᠷᠬᠡᠶᠢᠯᠡᠯᠳᠡ | ᠶᠢᠨ ᠱᠤᠭᠤᠮ︾ ᠢ ᠪᠦᠬᠦ ᠲᠠᠯ᠎ᠠ ᠪᠠᠷ ᠪᠠᠶᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠬᠢᠷᠢ | ᠬᠡᠮᠵᠢᠶ᠎ᠠ ᠶᠢ ᠦᠨᠡᠡᠬᠦ ᠲᠡᠬᠡᠭᠰᠢᠯᠡᠬᠦᠯᠪᠠ᠃ ᠰᠤᠶᠤᠯ ᠲᠠᠮᠢᠷ ᠤᠨ ᠦᠢᠯᠡᠰ ᠲᠠᠰᠤᠷᠠᠯᠳᠠ ᠦᠬᠡᠢ ᠴᠡᠴᠡᠭᠯᠡᠨ ᠬᠦᠭᠵᠢᠵᠤ᠂ | ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠡᠨ 70 ᠵᠢᠯ ᠤᠨ ᠤᠢ ᠶᠢ ᠪᠡᠯᠬᠡᠯᠡᠬᠦ ᠰᠢᠷᠢᠰ ᠠᠵᠢᠯᠯᠠᠭ᠎ᠠ ᠶᠢ | ᠠᠮᠵᠢᠯᠳᠡᠳᠡᠢ ᠡᠷᠬᠢᠯᠡᠵᠤ᠂ ︽ᠵᠢᠷᠭᠠᠯᠠᠩᠳᠣ ᠲᠠᠯ᠎ᠠ ᠨᠤᠳᠤᠭ ᠰᠢᠯᠢ ᠶᠢᠨ ᠭᠤᠤᠯ︾ ᠮᠤᠩᠭᠤᠯ ᠪᠦᠬᠡ ᠶᠢᠨ | ᠴᠦᠷᠬᠡᠯᠡᠭᠡ ᠪᠠᠷᠢᠯᠳᠣᠭᠠᠨ ᠵᠢᠴᠢ ᠰᠢᠯᠢ ᠶᠢᠨ ᠭᠤᠤᠯ ᠨᠠᠭᠠᠳᠤᠮ ᠤᠨ ᠤᠯᠠᠮᠵᠢᠯᠠᠯᠳᠤ ᠮᠤᠷᠢᠨ ᠤ ᠤᠷᠤᠯᠳᠤᠭᠠᠨ ᠢ | ᠲᠠᠭᠠᠭᠠᠴᠢᠯᠠᠨ ᠡᠷᠬᠢᠯᠡᠵᠤ᠂ ᠰᠢᠷᠢᠰ ᠹᠢᠯᠢᠮ ︽ᠠᠳᠤᠭᠤᠴᠢᠨ ᠠᠶᠢᠯ︾ ᠨᠢ ᠠᠷᠪᠠᠳᠤᠭᠠᠷ ᠬᠤᠭᠤᠴᠠᠭᠠᠨ ᠤ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ︽ᠲᠠᠪᠦ ᠨᠢᠬᠡ | ᠢᠡᠵᠧᠨᠧᠷᠢᠩ ᠤᠨ ᠱᠠᠩᠨᠠᠯ︾ ᠢ ᠬᠦᠷᠳᠠᠨ᠂ ᠵᠢᠷᠤᠭᠳᠤ ᠰᠠᠬᠦᠳᠡᠷ ︽ᠡᠷᠡᠯᠬᠡᠭ ᠪᠦᠷᠬᠦᠳ ᠤᠨ ᠦᠯᠢᠬᠡᠷ︾ ᠨᠢ | ᠦᠪᠡᠷᠳᠡᠬᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠵᠤᠬᠢᠶᠠᠨ ᠪᠦᠳᠤᠬᠡᠯᠬᠡ ᠶᠢᠨ ︽ᠰᠠᠷᠠᠨ᠎ᠠ︾ ᠱᠠᠩᠨᠠᠯ ᠢ | ᠲᠣᠰᠪᠠ᠃ ᠨᠠᠶᠢᠬᠡᠮ ᠤᠨ ᠶᠡᠭᠡ ᠲᠡᠯ᠎ᠠ ᠶᠢᠨ ᠡᠶ᠎ᠡ ᠵᠤᠬᠢᠴᠠᠯ ᠪᠠ ᠲᠤᠭᠳᠠᠭᠤᠨ ᠢ ᠠᠬᠢᠭᠤᠯᠪᠠ᠃ ᠬᠠᠷ᠎ᠠ ᠪᠦᠯᠦᠭᠳᠡᠨ | ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠠᠴᠠᠯ ᠢ ᠬᠦᠡᠵᠡᠬᠡᠢ ᠦᠷᠨᠢᠬᠦᠯᠵᠤ᠂ ᠬᠠᠷᠬᠢᠰ ᠬᠦᠴᠤᠨ ᠤ ᠡᠪᠰᠡᠯ | ᠪᠦᠯᠦᠭ ᠲᠤ ᠬᠤᠯᠪᠤᠭᠳᠠᠭᠰᠡᠨ 1 ᠬᠡᠷᠡᠭ᠂ ᠬᠤᠪᠢ ᠬᠦᠮᠤᠨ ᠳᠤ ᠬᠤᠯᠪᠤᠭᠳᠠᠭᠰᠡᠨ 3 ᠬᠡᠷᠡᠭ ᠢ ᠪᠠᠶᠢᠴᠠᠭᠠᠨ | ᠢᠯᠡᠷᠡᠬᠦᠯᠪᠠ᠃ ᠨᠠᠶᠢᠬᠡᠮ ᠤᠨ ᠵᠦᠷᠢᠴᠠᠯ ᠵᠢᠭᠤᠷᠠᠭᠠᠨ ᠢ ᠪᠠᠶᠢᠴᠠᠭᠠᠨ ᠰᠢᠢᠳᠪᠤᠷᠢᠯᠡᠬᠦ ᠠᠵᠢᠯ ᠢ ᠬᠦᠴᠤᠯᠠᠨ | ᠦᠷᠨᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠶᠠᠷᠤᠩᠬᠡᠢ ᠬᠡᠮᠵᠢᠶ᠎ᠠ 6% ᠪᠠᠷ ᠪᠠᠭᠤᠷᠠᠪᠠ᠃ ︽ᠦᠷᠢ ᠦᠭᠴᠡᠭᠡ | ᠶᠢ ᠴᠡᠭᠴᠡᠯᠡᠨ᠂ ᠵᠠᠷᠤᠯᠭ᠎ᠠ ᠶᠢ ᠪᠠᠳᠤᠯᠠᠬᠤ︾ ᠠᠵᠢᠯ ᠢ ᠯᠠᠪᠳᠠᠭᠤᠨ ᠪᠠᠳᠤᠳᠡᠢ ᠰᠠᠶᠢᠳᠤᠷ ᠬᠢᠵᠤ᠂ ᠮᠠᠯᠴᠢᠨ | ᠲᠠᠷᠢᠶᠠᠴᠢᠨ ᠬᠦᠴᠤ ᠶᠠᠪᠤᠭᠰᠠᠳ ᠤᠨ ᠴᠠᠯᠢᠩ ᠢ ᠲᠦᠯᠤᠪᠤᠷᠢᠯᠡᠬᠦ ᠬᠦᠳᠡᠯᠤᠩᠬᠦᠢ ᠬᠠᠮᠢᠶᠠᠷᠤᠯᠳᠠ ᠶᠢ ᠪᠠᠶᠠᠯᠠᠬᠦᠯᠪᠠ᠃ | ᠬᠡᠷ ᠪᠠᠶᠢᠰᠢᠩ ᠡᠳ᠋ ᠬᠦᠷᠤᠩᠬᠡ ᠶᠢᠨ ᠦᠯᠡᠳᠡᠭᠳᠡᠯ ᠲᠦᠷᠤᠯ ᠵᠥᠢᠯ ᠤᠨ ᠦᠯᠤ ᠬᠦᠳᠡᠯᠬᠦ ᠬᠦᠷᠤᠩᠬᠡ ᠲᠠᠩᠰᠠᠯᠠᠬᠤ | ᠠᠰᠠᠭᠤᠳᠠᠯ ᠢ ᠬᠦᠴᠤᠯᠠᠨ ᠰᠢᠢᠳᠪᠤᠷᠢᠯᠡᠵᠤ᠂ ᠬᠤᠯᠪᠤᠭᠳᠠᠬᠤ 9 ᠰᠠᠭᠤᠭᠠᠯᠢ ᠲᠤᠭᠤᠷᠢᠭ ᠤᠨ 7 ᠰᠠᠭᠤᠭᠠᠯᠢ | ᠲᠤᠭᠤᠷᠢᠭ ᠨᠢ ᠦᠯᠤ ᠬᠦᠳᠡᠯᠬᠦ ᠬᠦᠷᠤᠩᠬᠡ ᠲᠠᠩᠰᠠᠯᠠᠬᠤ ᠦᠨᠡᠮᠯᠡᠯ ᠤᠨ ᠭᠠᠷ ᠬᠦᠢᠴᠡᠳᠬᠡᠯ ᠢᠶᠠᠨ ᠬᠢᠪᠠ᠃ | ᠠᠶᠤᠯᠬᠦᠢ ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠡᠭᠡ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠬᠦᠡᠵᠡᠬᠡᠢ | ᠦᠷᠨᠢᠬᠦᠯᠵᠤ᠂ ᠢᠳᠡᠬᠡᠨ ᠪᠠ ᠡᠮ ᠤᠨ ᠵᠥᠢᠯᠡᠰ ᠤᠨ ᠡᠬᠢ ᠡᠬᠦᠰᠤᠯ ᠠᠴᠠ ᠨᠢ ᠰᠡᠷᠬᠡᠶᠢᠯᠡᠬᠦ ᠪᠠ ᠪᠦᠬᠦ ᠶᠠᠪᠤᠴᠠ ᠶᠢᠨ | ᠬᠢᠨᠡᠯᠳᠡ ᠬᠠᠮᠢᠶᠠᠷᠤᠯᠳᠠ ᠶᠢ ᠦᠨᠡᠡᠬᠦ ᠴᠢᠩᠭᠠᠳᠬᠠᠵᠤ᠂ ︽1230︾ ᠠᠶᠤᠯᠬᠦᠢ ᠦᠢᠯᠡᠳᠪᠤᠷᠢᠯᠡᠯ ᠤᠨ ᠢᠯᠠ | ᠨᠠᠶᠢᠳᠠᠯᠠᠬᠦ ᠲᠦᠷᠢᠮ ᠢ ᠬᠡᠷᠡᠭᠵᠢᠬᠦᠯᠵᠣ᠂ ᠡᠩ ᠤᠨ ᠠᠮᠤᠷ ᠲᠦᠪᠰᠢᠨ ᠤ ᠲᠠᠯᠳᠠ ᠬᠡᠮ ᠢ 1229 ᠵᠤᠷᠪᠤᠰ | ᠴᠡᠭᠴᠡᠯᠡᠨ ᠵᠠᠰᠠᠵᠤ᠂ ᠪᠦᠬᠦ ᠵᠢᠯ ᠳᠤ ᠠᠶᠤᠯᠬᠦᠢ ᠦᠢᠯᠡᠳᠪᠤᠷᠢᠯᠡᠯ᠂ ᠢᠳᠡᠬᠡᠨ ᠡᠮ ᠤᠨ ᠵᠥᠢᠯᠡᠰ ᠤᠨ ᠠᠮᠤᠷ | ᠲᠦᠪᠰᠢᠨ ᠤ ᠠᠳᠡᠯ ᠪᠠ ᠤᠢ ᠰᠢᠭᠤᠢ ᠲᠠᠯ᠎ᠠ ᠨᠤᠳᠤᠭ ᠤᠨ ᠭᠠᠯ ᠤᠨ ᠭᠠᠮᠰᠢᠭ ᠡᠬᠦᠰᠦᠭᠰᠡᠨ ᠦᠬᠡᠢ᠂ ᠠᠮᠤᠷ | ᠲᠦᠪᠰᠢᠨ ᠤ ᠪᠠᠶᠢᠳᠠᠯ ᠦᠷᠬᠦᠯᠵᠢᠯᠡᠨ ᠰᠠᠶᠢᠵᠢᠷᠠᠪᠠ᠃ ᠡᠬᠦᠨ ᠠᠴᠠ ᠭᠠᠳᠠᠨ᠎ᠠ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠲᠠᠶᠢᠴᠢᠯᠠᠯᠳᠠ᠂ ᠠᠷᠡᠳ ᠤᠨ ᠠᠭᠠᠷ ᠤᠨ ᠰᠡᠷᠬᠡᠶᠢᠯᠡᠯᠳᠡ᠂ ᠦᠡᠳᠤᠰᠤᠳᠠᠨ ᠱᠠᠰᠢᠨ ᠰᠤᠷᠳᠠᠬᠤᠨ | ᠵᠠᠷᠬᠡ ᠲᠠᠯ᠎ᠠ ᠶᠢᠨ ᠠᠵᠢᠯ ᠢ ᠲᠠᠰᠤᠷᠠᠯᠳᠠ ᠦᠬᠡᠢ ᠴᠢᠩᠭᠠᠳᠬᠠᠵᠤ᠂ ᠰᠢᠤᠳᠠᠨ ᠬᠤᠯᠪᠤᠭ᠎ᠠ᠂ ᠭᠠᠵᠡᠷ ᠬᠦᠳᠡᠯᠤᠯᠳᠠ᠂ | ᠴᠠᠭ ᠠᠭᠤᠷ᠂ ᠲᠠᠮᠠᠬᠢᠨ ᠤ ᠦᠢᠯᠡᠰ᠂ ᠴᠢᠯᠠᠭᠤᠨ ᠲᠤᠰᠤ ᠵᠡᠷᠬᠡ ᠲᠠᠯ᠎ᠠ ᠶᠢᠨ ᠠᠵᠢᠯ ᠰᠢᠨ᠎ᠠ ᠠᠮᠵᠢᠯᠳᠠ ᠤᠯᠵᠤ᠂ | ᠠᠵᠢᠯᠴᠢᠨ ᠤ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠵᠡᠮᠳᠡᠭᠴᠤᠳ ᠤᠨ ᠬᠤᠯᠪᠤᠭ᠎ᠠ᠂ ᠡᠪ ᠬᠠᠮᠳᠤ | ᠵᠠᠯᠠᠭᠤᠴᠤᠳ ᠤᠨ ᠡᠪᠯᠡᠯ᠂ ᠦᠢᠯᠡᠳᠪᠤᠷᠢ ᠬᠤᠳᠠᠯᠳᠤᠭᠠᠨ ᠤ ᠬᠤᠯᠪᠤᠭᠠᠳᠤ ᠬᠤᠷᠡᠯ᠂ ᠤᠯᠠᠭᠠᠨ ᠵᠠᠭᠠᠯᠮᠠᠶᠢᠳᠠᠨ ᠤ | ᠨᠠᠶᠢᠬᠡᠮᠯᠢᠭ ᠵᠡᠷᠬᠡ ᠤᠯᠠᠨ ᠲᠦᠮᠠᠡᠴᠢ ᠪᠦᠯᠬᠦᠮ ᠤᠨ ᠵᠤᠬᠢᠶᠠᠨ ᠪᠠᠶᠢᠭᠤᠯᠤᠯᠳᠠ ᠶᠢᠨ ᠠᠵᠤ ᠠᠬᠤᠢ ᠨᠠᠶᠢᠬᠡᠮ ᠤᠨ | ᠬᠦᠭᠵᠢᠯᠳᠠ ᠳᠤ ᠦᠵᠡᠬᠦᠯᠬᠦ ᠦᠢᠯᠡᠳᠤᠯ ᠢ ᠬᠦᠢᠴᠡᠳ ᠪᠠᠳᠠᠷᠠᠭᠤᠯᠪᠠ᠃ | ᠨᠢᠬᠡ ᠵᠢᠯ ᠤᠨ ᠲᠤᠷᠰᠢ᠂ ᠬᠤᠰᠢᠭᠤ ᠵᠠᠰᠠᠭ ᠤᠨ ᠤᠷᠳᠤᠨ ᠠᠴᠠ ︽ᠤᠭ ᠰᠠᠨᠠᠭ᠎ᠠ ᠪᠠᠨ ᠦᠯᠤ ᠮᠠᠷᠳᠠᠨ᠂ | ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠠᠳᠤᠪᠳᠤ ᠬᠦᠮᠤᠵᠢᠯ ᠢ ᠯᠠᠪᠳᠠᠭᠤᠨ ᠪᠠᠳᠤᠳᠡᠢ | ᠠᠬᠢᠭᠤᠯᠤᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠰᠤᠷᠤᠯᠴᠠᠯᠭ᠎ᠠ ᠬᠦᠮᠤᠵᠢᠯ᠂ ᠠᠰᠠᠭᠤᠳᠠᠯ ᠢ ᠪᠠᠶᠢᠴᠠᠭᠠᠨ | ᠦᠵᠡᠬᠦ ᠲᠤᠮᠳᠠ ᠤᠭ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ᠂ ᠬᠦᠡᠵᠡᠬᠡᠢ ᠦᠢᠯᠠᠭᠠᠯᠳᠠ ᠲᠠᠢ | ᠪᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠣᠷᠢᠵᠢᠭᠤᠯᠬᠤ ᠲᠤᠮᠳᠠ ᠡᠬᠦᠷᠬᠡ ᠬᠠᠷᠢᠭᠤᠴᠠᠯᠭ᠎ᠠ ᠪᠠᠨ ᠵᠤᠷᠢᠭᠳᠡᠢ | ᠡᠬᠦᠷᠬᠡᠯᠡᠨ᠂ ︽ᠲᠦᠷᠪᠡᠨ ᠤᠬᠠᠮᠰᠠᠷ︾ ᠢ ᠪᠠᠳᠣᠵᠢᠭᠤᠯᠵᠣ᠂ ︽ᠲᠦᠷᠪᠡᠨ ᠢᠳᠡᠬᠡᠯ︾ ᠢᠶᠠᠨ ᠪᠠᠳᠣᠳᠬᠠᠨ᠂ ︽ | ᠬᠤᠶᠡᠷ ᠢ ᠬᠠᠮᠠᠭᠠᠯᠠᠬᠤ︾ ᠶᠢ ᠡᠷᠡᠰ ᠪᠠᠶᠠᠯᠠᠬᠦᠯᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ | ᠶᠢᠨ ᠬᠠᠷᠢᠭᠤᠴᠠᠯᠭ᠎ᠠ ᠪᠠ ᠨᠠᠮ ᠤᠨ ᠰᠤᠷᠳᠠᠯ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠳᠠ ᠶᠢᠨ ︽ᠨᠢᠬᠡ ᠠᠵᠢᠯ | ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠡᠷᠡᠰ ᠨᠠᠶᠢᠳᠠᠪᠤᠷᠢᠵᠢᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠠᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠭᠰᠡᠨ ᠠᠰᠠᠭᠤᠳᠠᠯ ᠢ | ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠶᠠᠳᠠᠭᠤ ᠶᠢ ᠲᠡᠳᠬᠦᠬᠦ ᠬᠡᠪᠴᠢᠶᠠᠨ ᠳᠠᠬᠢ ᠪᠠ ᠤᠯᠠᠨ ᠲᠦᠮᠡᠨ ᠤ | ᠠᠰᠢᠭ ᠲᠤᠰᠠ ᠶᠢ ᠬᠤᠬᠢᠷᠠᠭᠤᠯᠤᠭᠰᠡᠨ ᠰᠠᠬᠢᠯᠭ᠎ᠠ ᠪᠠᠳᠤ ᠬᠠᠤᠯᠢ ᠲᠦᠷᠢᠮ ᠢ ᠵᠦᠷᠢᠴᠡᠭᠰᠡᠨ ᠠᠰᠠᠭᠤᠳᠠᠯ ᠢ ᠴᠢᠩᠭ᠎ᠠ | ᠪᠠᠶᠢᠴᠠᠭᠠᠨ ᠰᠢᠢᠳᠪᠤᠷᠢᠯᠡᠵᠤ᠂ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠤᠨ ᠵᠤᠷᠢᠭ ᠰᠠᠨᠠᠭ᠎ᠠ ᠪᠠ ᠡᠯ᠎ᠠ | ᠱᠠᠳᠤᠨ ᠤ ᠢᠵᠢ ᠪᠦᠷᠢᠨ ᠲᠤᠭᠳᠠᠭᠠᠯ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠳᠠᠯ | ︾ ᠢ ᠲᠦᠢᠯᠪᠤᠷᠢᠳᠡᠢ ᠴᠡᠭᠴᠡᠯᠡᠵᠤ᠂ ᠢᠯᠵᠠᠷᠠᠯ ᠢ ᠡᠰᠡᠷᠬᠦᠴᠡᠬᠦ ᠦᠷ᠎ᠠ ᠪᠦᠳᠤᠮᠵᠢ ᠶᠢ ᠦᠷᠬᠦᠯᠵᠢᠯᠡᠨ ᠪᠠᠬᠢᠵᠢᠬᠦᠯᠪᠡ᠃ | ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠯᠠᠪᠳᠠᠭᠤᠨ ᠪᠠᠳᠤᠳᠡᠢ ᠠᠬᠢᠭᠤᠯᠵᠤ᠂ ᠴᠢᠬᠤᠯᠠ | ᠶᠡᠭᠡ ᠰᠢᠢᠳᠪᠤᠷᠢᠳᠤ ᠪᠤᠳᠤᠯᠭ᠎ᠠ ᠶᠢᠨ ᠵᠢᠷᠤᠮᠵᠢᠭᠰᠡᠨ ᠬᠠᠮᠢᠶᠠᠷᠤᠯᠳᠠ ᠶᠢ ᠬᠡᠷᠡᠭᠵᠢᠬᠦᠯᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠵᠠᠷᠭᠤ ᠬᠦᠯᠢᠶᠠᠬᠦ ᠲᠦᠷᠢᠮ ᠢ ᠲᠡᠬᠦᠯᠳᠡᠷᠵᠢᠬᠦᠯᠤᠨ᠂ ᠵᠢᠷᠤᠮᠵᠢᠯ ᠤᠨ ᠴᠢᠨᠠᠷᠳᠡᠢ ᠪᠢᠴᠢᠭ ᠮᠠᠲ᠋ᠧᠷᠢᠶᠠᠯ | ᠤᠨ ᠬᠠᠤᠯᠢ ᠶᠤᠰᠤᠨ ᠤ ᠬᠢᠨᠡᠨ ᠪᠠᠶᠢᠴᠠᠭᠠᠯᠳᠠ ᠶᠢ ᠴᠢᠩᠭ᠎ᠠ ᠬᠡᠷᠡᠭᠵᠢᠬᠦᠯᠵᠤ᠂ ᠠᠷᠡᠳ ᠤᠨ ᠲᠦᠯᠤᠬᠡᠯᠡᠭᠴᠢᠳ ᠤᠨ | ᠶᠡᠭᠡ ᠬᠤᠷᠡᠯ ᠤᠨ ᠬᠠᠤᠯᠢ ᠶᠤᠰᠤᠭᠠᠷ ᠬᠢᠨᠠᠯᠳᠠ ᠲᠠᠯᠪᠢᠬᠤ᠂ ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠡᠯ ᠢᠶᠠᠷ | ᠬᠢᠨᠡᠯᠳᠡ ᠲᠠᠯᠪᠢᠬᠤ ᠪᠠ ᠨᠠᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠡᠯᠳᠡ ᠶᠢ ᠤᠬᠠᠮᠰᠠᠷ ᠠᠴᠠ ᠪᠠᠨ ᠬᠦᠯᠢᠶᠠᠨ᠂ ᠪᠦᠬᠦ | ᠵᠢᠯ ᠳᠤ ᠠᠷᠡᠳ ᠤᠨ ᠲᠦᠯᠤᠬᠡᠯᠡᠭᠴᠢᠳ ᠤᠨ ᠰᠠᠨᠠᠯ ᠰᠠᠨᠠᠭᠤᠯᠭ᠎ᠠ᠂ ᠰᠢᠬᠦᠮᠵᠢ 170 ᠬᠤᠪᠢ᠂ ᠤᠯᠤᠰ ᠲᠦᠷᠤ | ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ 112 ᠬᠤᠪᠢ ᠶᠢ ᠬᠦᠯᠢᠶᠠᠨ ᠬᠦᠢᠴᠡᠳᠬᠡᠵᠤ᠂ ᠬᠠᠨᠤᠮᠵᠢ | ᠶᠢᠨ ᠨᠤᠷᠮ᠎ᠠ ᠨᠢ 96% ᠳᠤ ᠬᠦᠷᠤᠨ᠂ ᠰᠦᠯᠵᠢᠶᠠᠨ ᠲᠡᠬᠡᠷᠡᠬᠢ 19 ᠬᠤᠪᠢ ᠰᠠᠨᠠᠯ ᠰᠠᠨᠠᠭᠤᠯᠭ᠎ᠠ ᠳᠤ | ᠬᠠᠷᠢᠭᠤᠯᠳᠠ ᠦᠭᠪᠡ᠃ ᠬᠢᠨᠡᠨ ᠪᠤᠳᠤᠵᠤ ᠬᠢᠨᠡᠯᠳᠡ ᠲᠠᠯᠪᠢᠬᠤ ᠶᠢ ᠲᠠᠰᠤᠷᠠᠯᠳᠠ ᠦᠬᠡᠢ ᠴᠢᠩᠭᠠᠳᠬᠠᠵᠤ᠂ ᠡᠳ᠋ ᠤᠨ | ᠵᠠᠰᠠᠭ ᠤᠨ ᠲᠦᠰᠤᠪ ᠤᠨ ᠬᠡᠷᠡᠭᠵᠢᠬᠦᠯᠤᠯᠳᠠ᠂ ᠴᠢᠬᠤᠯᠠ ᠶᠡᠭᠡ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ | ᠨᠠᠶᠢᠳᠠᠪᠤᠷᠢᠵᠢᠭᠤᠯᠤᠭᠰᠡᠨ ᠪᠠᠶᠢᠳᠠᠯ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ᠂ ᠵᠠᠰᠠᠭ ᠤᠨ | ᠤᠷᠳᠤᠨ ᠤ ᠪᠡᠯᠡ ᠤᠷᠤᠭᠤᠯᠤᠯᠳᠠ ᠶᠢᠨ ᠲᠦᠷᠤᠯ ᠵᠥᠢᠯ ᠪᠠ ᠲᠤᠰᠬᠠᠢ ᠲᠦᠷᠦᠯ ᠤᠨ ᠪᠡᠯᠡ ᠮᠦᠩᠬᠦ ᠵᠡᠷᠬᠡ ᠶᠢ | ᠬᠢᠨᠡᠨ ᠪᠤᠳᠤᠬᠤ ᠠᠵᠢᠯ ᠤᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠪᠦᠬᠦ ᠵᠢᠯ ᠳᠤ 13.9 ᠳ᠋ᠦᠩᠰᠢᠭᠤᠷ | ᠲᠦᠬᠦᠷᠢᠭ ᠤᠨ ᠡᠯ᠎ᠠ ᠲᠦᠷᠤᠯ ᠤᠨ ᠪᠡᠯᠡ ᠮᠦᠩᠬᠦ ᠶᠢ ᠵᠢᠷᠤᠮᠵᠢᠭᠤᠯᠵᠤ᠂ 1112 ᠲᠦᠮᠡᠨ ᠲᠦᠬᠦᠷᠢᠭ ᠤᠨ ᠪᠡᠯᠡ | ᠮᠦᠩᠬᠦ ᠠᠷᠪᠢᠯᠠᠪᠠ᠃ ᠪᠠᠶᠢᠭᠤᠯᠤᠮᠵᠢ ᠶᠢᠨ ᠲᠤᠬᠢᠷᠠᠭᠤᠯᠤᠯᠳᠠ ᠶᠢ ᠬᠦᠴᠤᠯᠠᠨ ᠰᠢᠯᠢᠳᠡᠭᠵᠢᠬᠦᠯᠵᠤ᠂ ᠡᠬᠦᠷᠬᠡ | ᠴᠢᠳᠠᠪᠬᠢ ᠶᠢᠨ ᠲᠤᠬᠢᠷᠠᠭᠤᠯᠤᠯᠳᠠ ᠶᠢ ᠬᠤᠪᠢᠷᠠᠭᠤᠯᠤᠨ᠂ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠵᠤ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠪᠠᠶᠠᠯᠠᠬᠦᠯᠪᠠ᠃ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠵᠢᠯᠤᠭᠤᠳᠬᠤ ᠠᠵᠢᠯ ᠤᠨ ᠲᠦᠷᠢᠮ ᠢ ᠲᠠᠰᠤᠷᠠᠯᠳᠠ | ᠦᠬᠡᠢ ᠲᠡᠬᠦᠯᠳᠡᠷᠵᠢᠬᠦᠯᠵᠤ᠂ ᠠᠵᠢᠯ ᠤᠨ ᠪᠦᠳᠤᠮᠵᠢ ᠶᠢ ᠰᠢᠯᠭᠠᠨ ᠦᠨᠡᠯᠡᠬᠦ ᠶᠢ ᠴᠢᠩᠭᠠᠳᠬᠠᠨ᠂ ᠱᠠᠯᠠᠪᠳᠠᠭᠤᠯᠤᠨ | ᠵᠢᠯᠤᠭᠤᠳᠴᠤ ᠦᠷ᠎ᠠ ᠪᠦᠳᠤᠮᠵᠢ ᠶᠢ ᠨᠠᠶᠢᠳᠠᠪᠤᠷᠢᠵᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ | ᠪᠦᠳᠤᠮᠵᠢᠳᠡᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠤᠯᠠᠴᠠ ᠶᠢ ᠢᠯᠡᠳᠳᠡ | ᠲᠡᠬᠡᠭᠰᠢᠯᠡᠬᠦᠯᠪᠠ᠃ | ᠲᠦᠯᠤᠬᠡᠯᠡᠭᠴᠢᠳ ᠡ᠂ ᠪᠢᠳᠠ ᠪᠡᠷᠬᠡ ᠠᠶᠠᠨ ᠬᠠᠳᠠᠭᠤᠵᠢᠯᠳᠡᠢ ᠵᠠᠮ ᠢ ᠲᠤᠭᠤᠯᠵᠤ᠂ ᠬᠦᠴᠢᠷ ᠢ ᠰᠦᠷᠤᠨ | ᠰᠢᠨᠳᠠᠷᠠᠰᠢ ᠦᠬᠡᠢ ᠴᠢᠷᠮᠠᠶᠢᠭᠰᠡᠨ ᠤ ᠳ᠋ᠦᠡᠭ ᠳᠤ ᠦᠨᠤᠳᠤᠷ ᠤᠨ ᠠᠮᠵᠢᠯᠳᠠ ᠳᠤ ᠬᠦᠷᠦᠭᠰᠡᠨ ᠶᠤᠮ᠃ ᠨᠢᠬᠡ ᠵᠢᠯ | ᠤᠨ ᠲᠤᠷᠰᠢ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ᠂ | ᠦᠷᠢ ᠦᠭᠴᠡᠭᠡ ᠶᠢ ᠴᠠᠶᠢᠷᠠᠭᠤᠯᠬᠤ᠂ ᠮᠠᠯᠵᠢᠬᠤ ᠤᠷᠤᠨ ᠤ ᠤᠳᠤᠬᠢᠴᠢᠯᠠᠯᠳᠠ᠂ ᠰᠢᠨ᠎ᠠ ᠡᠨᠧᠷᠬᠢ ᠶᠢᠨ ᠲᠦᠷᠦᠯ | ᠵᠦᠢᠯ ᠢ ᠰᠢᠪᠳᠣᠯᠣᠯᠳᠠ ᠲᠠᠢ ᠪᠣᠯᠭᠠᠬᠤ ᠵᠡᠷᠬᠡ ᠤᠯᠠᠨ ᠲᠦᠷᠤᠯ ᠤᠨ ᠦᠬᠡᠷᠡᠴᠢᠯᠡᠯᠳᠡ ᠬᠦᠭᠵᠢᠯᠳᠠ ᠲᠤᠭᠳᠠᠭᠤᠨ ᠤ | ᠡᠬᠦᠷᠬᠡ ᠶᠢᠨ ᠡᠮᠤᠨ᠎ᠠ ᠪᠢᠳᠠ ᠤᠭ ᠰᠠᠨᠠᠭ᠎ᠠ ᠪᠠᠨ ᠦᠯᠦ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠵᠤᠷᠢᠭᠳᠡᠢ | ᠡᠬᠦᠷᠬᠡᠯᠡᠵᠤ᠂ ᠬᠦᠴᠤᠨ ᠢᠶᠠᠨ ᠲᠦᠪᠯᠡᠷᠡᠬᠦᠯᠤᠨ ᠰᠢᠷᠭᠠᠭᠤ ᠲᠠᠮᠠᠴᠠᠵᠤ᠂ ᠨᠠᠶᠢᠳᠠᠪᠤᠷᠢᠵᠢᠭᠤᠯᠤᠯᠳᠠ ᠶᠢ ᠰᠠᠶᠢᠳᠣᠷ | ᠠᠳᠬᠤᠨ᠂ ᠬᠦᠡᠳᠤ ᠪᠡᠷᠬᠡ ᠲᠠᠷᠤᠯᠳᠠ ᠶᠢᠨ ᠲᠤᠮᠳᠠ ᠰᠢᠡᠳᠡᠷᠡᠰᠢ ᠦᠬᠡᠢ ᠲᠦᠯᠬᠢᠨ ᠠᠬᠢᠭᠤᠯᠵᠤ᠂ ᠬᠠᠳᠠᠭᠤ | ᠴᠢᠩᠭ᠎ᠠ ᠡᠬᠦᠷᠬᠡ ᠶᠢᠨ ᠡᠮᠤᠨ᠎ᠠ ᠬᠦᠴᠢᠷ ᠢ ᠰᠦᠷᠤᠨ ᠵᠤᠷᠢᠭᠳᠡᠢ ᠤᠷᠤᠭᠰᠢᠯᠠᠵᠤ᠂ ᠬᠢᠨᠠᠯᠳᠠ ᠲᠠᠯᠪᠢᠵᠤ ᠬᠢᠵᠠᠭᠠᠷᠯᠠᠬᠤ | ᠲᠤᠮᠳᠠ ᠯᠠᠪᠳᠠᠭᠤᠨ ᠢᠶᠠᠷ ᠠᠯᠤᠰ ᠢ ᠵᠤᠷᠢᠵᠤ᠂ ᠨᠢᠬᠡ ᠪᠦᠯᠦᠭ ᠦᠰᠤᠷᠤᠯᠳᠠ ᠶᠢ ᠪᠠᠶᠠᠯᠠᠬᠦᠯᠤᠨ ᠬᠦᠭᠵᠢᠯᠳᠠ ᠶᠢ | ᠠᠬᠢᠭᠤᠯᠬᠤ ᠴᠢᠬᠤᠯᠠ ᠶᠠᠪᠤᠳᠠᠯ ᠢ ᠰᠢᠪᠳᠤᠯᠤᠯᠳᠠ ᠲᠠᠢ ᠪᠤᠯᠭᠠᠨ᠂ ᠨᠢᠬᠡ ᠪᠦᠯᠦᠭ ᠰᠠᠭᠤᠷᠢᠯᠠᠬᠤ ᠴᠢᠨᠡᠷᠳᠡᠢ ᠠᠯᠤᠰ | ᠬᠡᠳᠤ ᠶᠢᠨ ᠠᠴᠢ ᠬᠤᠯᠪᠤᠭᠳᠠᠯ ᠲᠠᠢ ᠭᠤᠤᠯᠳᠠᠯᠭ᠎ᠠ ᠲᠠᠢ ᠢᠡᠵᠧᠨᠧᠷᠢᠩ ᠢ ᠲᠦᠷᠬᠡᠳᠬᠡᠨ ᠪᠠᠶᠢᠭᠤᠯᠵᠤ᠂ ᠠᠷᠡᠳ | ᠲᠦᠮᠡᠨ ᠳᠤ ᠠᠰᠢᠭᠳᠡᠢ ᠠᠷᠡᠳ ᠲᠦᠮᠡᠨ ᠤ ᠰᠠᠨᠠᠭᠠᠨ ᠳᠤ ᠨᠠᠶᠢᠴᠡᠭᠰᠡᠨ ᠰᠠᠶᠢᠨ ᠶᠠᠪᠤᠳᠠᠯ ᠪᠤᠳᠠᠳᠤ ᠶᠠᠪᠤᠳᠠᠯ ᠢ | ᠪᠠᠶᠠᠯᠠᠬᠦᠯᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠰᠢᠨ᠎ᠠ ᠠᠶᠠᠨ ᠢ ᠡᠬᠢᠯᠡᠬᠦᠯᠬᠦ | ᠳᠤ ᠪᠠᠳᠤ ᠪᠠᠬᠢ ᠰᠠᠭᠤᠷᠢ ᠲᠠᠯᠪᠢᠪᠠ᠃ ᠠᠳᠡ ᠪᠢ ᠬᠤᠰᠢᠭᠤ ᠠᠷᠡᠳ ᠤᠨ ᠵᠠᠰᠠᠭ ᠤᠨ ᠤᠷᠳᠤᠨ ᠢ ᠲᠦᠯᠤᠬᠡᠯᠡᠨ᠂ | ᠪᠦᠬᠦ ᠬᠤᠰᠢᠭᠤᠨ ᠤ ᠦᠷᠬᠡᠨ ᠤᠯᠠᠨ ᠺᠠᠳ᠋ᠷ ᠠᠵᠢᠯᠳᠠᠨ᠂ ᠠᠷᠡᠳ ᠤᠨ ᠲᠦᠯᠤᠬᠡᠯᠡᠭᠴᠢ᠂ ᠤᠯᠤᠰ ᠲᠦᠷᠤ ᠶᠢᠨ | ᠵᠦᠪᠯᠡᠯᠬᠡᠨ ᠤ ᠬᠡᠰᠢᠬᠦᠳ᠂ ᠠᠪᠠᠭ᠎ᠠ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢ ᠬᠠᠯᠠᠮᠵᠢᠯᠠᠨ | ᠲᠡᠮᠵᠢᠭᠰᠡᠬᠡᠷ ᠢᠷᠡᠭᠰᠡᠨ ᠦᠡᠳᠤᠰᠤᠳᠠᠨ ᠨᠦᠭᠦᠳ ᠤᠨ ᠠᠷᠡᠳ ᠲᠦᠮᠡᠨ᠂ ᠡᠯ᠎ᠠ ᠡᠳᠡᠬᠡᠳ ᠤᠨ ᠨᠠᠶᠢᠵᠠ ᠨᠦᠬᠦᠳ | ᠲᠤ ᠡᠷᠬᠢᠮ ᠲᠡᠬᠡᠳᠤ ᠬᠦᠡᠳᠤᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠲᠠᠪᠰᠢᠬᠦᠯᠤᠶᠠ︕ | ᠠᠮᠵᠢᠯᠳᠠ ᠪᠠᠨ ᠨᠤᠳᠠᠯᠠᠬᠤ ᠶᠢᠨ ᠬᠠᠮᠳᠤ᠂ ᠪᠢᠳᠠ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ | ᠬᠦᠭᠵᠢᠯᠳᠠ ᠶᠢᠨ ᠲᠤᠮᠳᠠ ᠤᠷᠤᠰᠢᠵᠤ ᠪᠠᠶᠢᠭ᠎ᠠ ᠪᠠᠴᠢᠮ ᠰᠢᠢᠳᠪᠤᠷᠢᠯᠡᠬᠦ ᠴᠢᠬᠤᠯᠠᠳᠡᠢ ᠬᠦᠴᠢᠷᠳᠡᠯ ᠪᠠ ᠠᠰᠠᠭᠤᠳᠠᠯ ᠢ | ᠰᠡᠷᠬᠡᠭ ᠢᠶᠠᠷ ᠲᠠᠨᠢᠬᠤ ᠴᠢᠬᠤᠯᠠᠳᠡᠢ ᠪᠠᠶᠢᠨ᠎ᠠ᠃ ᠨᠢᠬᠡ ᠳᠤ᠂ ᠴᠢᠨᠠᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ | ᠪᠠᠶᠠᠯᠡᠬᠦᠯᠬᠦ ᠳᠤ ᠤᠯᠠᠨ ᠨᠠᠶᠢᠳᠠ ᠶᠢᠨ ᠦᠢᠯᠡᠴᠢᠯᠡᠭᠡ᠂ ᠨᠠᠶᠢᠬᠡᠮ ᠤᠨ ᠠᠵᠢᠯ ᠦᠢᠯᠡᠰ᠂ ᠠᠷᠡᠳ ᠤᠨ ᠠᠮᠢᠳᠤᠷᠡᠯ ᠤᠨ | ᠪᠠᠳᠤᠯᠠᠭ᠎ᠠ ᠵᠠᠷᠬᠡ ᠲᠠᠯ᠎ᠠ ᠪᠠᠷ ᠪᠠᠰᠠ ᠪᠠᠭ᠎ᠠ ᠪᠤᠰᠤ ᠲᠤᠳᠠᠭᠤᠳᠠᠯ ᠢ ᠨᠦᠬᠦᠪᠤᠷᠢᠯᠡᠬᠦ ᠴᠢᠬᠤᠯᠠᠳᠡᠢ︔ ᠬᠤᠶᠠᠷ ᠲᠤ᠂ | ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠤᠭᠰᠡᠨ ᠦᠷ᠎ᠠ ᠪᠦᠳᠤᠮᠵᠢ ᠪᠠᠨ ᠦᠷᠬᠦᠯᠵᠢᠯᠡᠨ ᠪᠠᠬᠢᠵᠢᠬᠦᠯᠤᠨ | ᠲᠡᠬᠡᠭᠰᠢᠯᠡᠬᠦᠯᠬᠦ ᠡᠬᠦᠷᠬᠡ ᠬᠦᠡᠳᠤ ᠮᠦᠷᠳᠡᠬᠡᠨ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠤᠷᠤᠯᠭ᠎ᠠ ᠶᠢ | ᠦᠷᠬᠦᠯᠵᠢᠯᠡᠨ ᠨᠡᠮᠡᠭᠳᠡᠬᠦᠯᠬᠦ ᠰᠠᠭᠤᠷᠢ ᠪᠠᠳᠤ ᠪᠠᠬᠢ ᠪᠢᠰᠢ ᠪᠠᠶᠢᠨ᠎ᠠ︔ ᠭᠤᠷᠪᠡ ᠳᠤ᠂ ᠲᠦᠷᠤᠯ ᠵᠥᠢᠯ ᠤᠨ | ᠪᠦᠳᠤᠬᠡᠨ ᠪᠠᠶᠢᠭᠤᠯᠤᠯᠳᠠ ᠪᠠ ᠡᠮᠤᠨᠡᠬᠢ ᠬᠤᠭᠤᠴᠠᠭᠠᠨ ᠤ ᠠᠵᠢᠯ ᠤᠨ ᠠᠬᠢᠴᠠ ᠬᠠᠷᠢᠴᠠᠩᠭᠤᠢ ᠤᠳᠠᠭᠠᠨ ᠪᠠᠶᠢᠵᠤ᠂ | ᠠᠵᠤ ᠠᠬᠤᠢ ᠶᠢᠨ ᠡᠷᠬᠢᠯᠳᠡ ᠶᠢᠨ ᠵᠢᠭᠠᠯᠳᠠ ᠲᠤᠭ᠎ᠠ ᠶᠢᠨ ᠨᠡᠮᠡᠭᠳᠡᠯ ᠬᠤᠷᠳᠤᠴᠠ ᠤᠳᠠᠭᠠᠰᠢᠷᠠᠵᠤ᠂ ᠲᠤᠭᠳᠠᠭᠤᠨ | ᠢᠶᠠᠷ ᠨᠡᠮᠡᠭᠳᠡᠬᠦᠯᠬᠦ ᠠᠵᠢᠯ ᠤᠨ ᠲᠠᠷᠤᠯᠳᠠ ᠦᠷᠬᠦᠯᠵᠢᠯᠡᠨ ᠶᠡᠬᠡᠰᠴᠤ ᠪᠤᠢ︔ ᠲᠦᠷᠪᠡ ᠳᠤ᠂ ᠦᠷᠢ ᠦᠭᠴᠡᠭᠡ ᠶᠢ | ᠴᠠᠶᠢᠷᠠᠭᠤᠯᠬᠤ᠂ ᠪᠤᠬᠢᠷᠳᠤᠯ ᠢ ᠰᠡᠷᠬᠡᠶᠢᠯᠡᠨ ᠵᠠᠰᠠᠬᠤ᠂ ᠠᠶᠤᠯᠬᠦᠢ ᠦᠢᠯᠡᠳᠪᠤᠷᠢᠯᠡᠯ ᠤᠨ ᠠᠵᠢᠯ ᠤᠨ ᠡᠬᠦᠷᠬᠡ ᠮᠦᠡᠬᠦ | ᠬᠦᠡᠳᠤ ᠪᠠᠶᠢᠭᠰᠠᠭᠠᠷ︔ ᠲᠠᠪᠤ ᠳᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠤᠯᠠᠮ ᠴᠢᠨᠠᠭᠰᠢᠳᠠ | ᠰᠢᠯᠢᠳᠡᠭᠵᠢᠬᠦᠯᠬᠦ ᠴᠢᠬᠤᠯᠠᠳᠡᠢ ᠪᠠᠶᠢᠵᠤ᠂ ᠠᠷᠡᠳ ᠲᠦᠮᠡᠨ ᠤ ᠰᠡᠳᠬᠢᠯ ᠬᠠᠨᠤᠮᠵᠢᠳᠡᠢ ᠦᠢᠯᠡᠴᠢᠯᠡᠬᠡᠨ ᠤ ᠬᠡᠯᠪᠡᠷᠢ | ᠶᠢᠨ ᠵᠠᠰᠠᠭ ᠤᠨ ᠤᠷᠳᠤᠨ ᠢ ᠪᠠᠶᠢᠭᠤᠯᠬᠤ ᠳᠤ ᠮᠥᠨ ᠯᠠ ᠨᠠᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠳᠡᠢ᠃ | ᠪᠢᠳᠠ ᠡᠳᠡᠬᠡᠷ ᠠᠰᠠᠭᠤᠳᠠᠯ ᠢ ᠨᠠᠷᠢᠨ ᠨᠢᠮᠪᠠᠢ ᠰᠤᠳᠤᠯᠤᠨ ᠪᠠᠶᠢᠷᠢᠯᠠᠭᠤᠯᠵᠤ᠂ ᠪᠤᠳᠡᠳᠡᠢ ᠦᠷ᠎ᠠ ᠪᠦᠳᠤᠮᠵᠢ ᠭᠠᠷᠭᠠᠵᠤ | ᠂ ᠤᠯᠠᠨ ᠲᠦᠮᠡᠨ ᠤ ᠢᠳᠡᠬᠡᠯ ᠬᠦᠷᠢᠶᠠᠯᠠᠯ ᠢ ᠤᠯᠵᠤ ᠲᠠᠶᠢᠯᠤᠨ᠎ᠠ ᠬᠡᠳᠡᠭ ᠲᠤ ᠢᠳᠡᠬᠡᠯ ᠲᠡᠬᠦᠯᠳᠡᠷ ᠪᠠᠶᠢᠨ᠎ᠠ᠃ | ᠬᠤᠶᠡᠷ᠂ 2020 ᠤᠨ ᠤ ᠠᠵᠢᠯ ᠤᠨ ᠲᠤᠬᠢᠷᠠᠭᠤᠯᠤᠯᠳᠠ | 2020 ᠤᠨ ᠪᠤᠯ ᠶᠠᠷᠤ ᠪᠤᠰᠤ ᠶᠢᠨ ᠨᠢᠬᠡ ᠵᠢᠯ ᠪᠤᠯᠤᠨ᠎ᠠ᠃ ᠬᠡᠨᠡᠳᠳᠡ ᠡᠬᠦᠰᠦᠭᠰᠡᠨ ᠰᠢᠨ᠎ᠠ ᠲᠢᠳᠢᠮᠯᠢᠭ | ᠠᠭᠤᠰᠬᠢᠨ ᠦᠷᠪᠢᠰᠤᠯ ᠤᠨ ᠬᠢᠵᠢᠭ ᠤᠨ ᠬᠦᠡᠳᠤ ᠬᠡᠴᠡᠬᠦᠦ ᠪᠠᠶᠢᠳᠠᠯ ᠲᠤᠤᠷ᠎ᠠ᠂ ᠬᠤᠰᠢᠭᠤ ᠲᠠᠶᠠᠭᠠᠷ ︽ | ᠢᠳᠡᠬᠡᠯ ᠵᠤᠷᠢᠭ ᠢᠶᠠᠨ ᠬᠦᠪᠴᠢᠯᠠᠵᠤ᠂ ᠬᠠᠳᠠᠭᠤ ᠪᠠᠷᠬᠡᠰᠢᠶᠠᠯ ᠢ ᠬᠠᠮᠳᠤ ᠪᠠᠷ ᠲᠤᠭᠤᠯᠤᠨ᠂ ᠰᠢᠡᠵᠢᠯᠡᠬᠦ ᠤᠬᠠᠭᠠᠡᠴᠢ | ᠪᠠᠷ ᠰᠡᠷᠬᠡᠶᠢᠯᠡᠨ ᠡᠵᠡᠮᠳᠡᠵᠤ᠂ ᠨᠠᠷᠢᠯᠢᠭ ᠤᠨᠤᠪᠴᠢᠳᠡᠢ ᠠᠷᠭ᠎ᠠ ᠪᠤᠳᠤᠯᠭ᠎ᠠ ᠬᠡᠷᠡᠭᠵᠢᠬᠦᠯᠬᠦ︾ ᠶᠠᠷᠤᠩᠬᠡᠢ ᠱᠠᠭᠠᠷᠳᠠᠯᠭ᠎ᠠ | ᠶᠤᠰᠤᠭᠠᠷ᠂ ᠠᠷᠡᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠤᠳ ᠤᠨ ᠡᠷᠡᠬᠦᠯ ᠮᠡᠨᠳᠣ ᠶᠢ | ᠲᠠᠷᠢᠬᠦᠨ ᠳᠤ ᠲᠠᠯᠪᠢᠵᠤ᠂ ᠴᠠᠭ ᠲᠤᠬᠠᠢ ᠳᠤᠨᠢ ᠨᠢᠬᠡᠳᠤᠬᠡᠷ ᠲᠡᠰ ᠤᠨ ᠰᠠᠷᠠᠮᠵᠢ ᠶᠢᠨ ᠲᠤᠬᠢᠶ᠎ᠠ ᠶᠢ ᠡᠬᠢᠯᠡᠬᠦᠯᠣᠨ᠂ | ᠬᠠᠮᠳᠤ ᠶᠢᠨ ᠬᠦᠴᠤᠨ ᠢ ᠨᠢᠬᠡᠳᠬᠡᠨ᠂ ᠨᠠᠷᠢᠯᠢᠭ ᠤᠨᠤᠪᠴᠢᠳᠡᠢ ᠰᠡᠷᠬᠡᠶᠢᠯᠡᠨ ᠡᠵᠡᠮᠳᠡᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠷᠡᠳ ᠤᠨ ᠲᠠᠶᠢᠨ᠂ ᠶᠠᠷᠤᠩᠬᠡᠢ ᠴᠤᠭᠴᠠ ᠶᠢᠨ ᠲᠠᠶᠢᠯᠠᠯᠳᠣᠭᠠᠨ᠂ ᠬᠤᠷᠢᠭᠯᠠᠯᠳᠠ ᠶᠢᠨ | ᠲᠠᠶᠢᠯᠠᠯᠳᠣᠭᠠᠨ ᠢ ᠪᠦᠬᠦ ᠲᠠᠯ᠎ᠠ ᠪᠠᠷ ᠡᠬᠢᠯᠡᠬᠦᠯᠪᠠ᠃ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠨ ᠵᠠᠷᠯᠢᠭ | ᠴᠠᠭᠠᠵᠠ ᠶᠢ ᠵᠢᠷᠤᠮᠯᠠᠨ ᠰᠠᠬᠢᠵᠤ᠂ ᠵᠤᠬᠢᠴᠠᠭᠤᠯᠤᠨ ᠬᠦᠳᠡᠯᠤᠯᠴᠠᠵᠤ᠂ ᠠᠵᠢᠯ ᠤᠨ ᠬᠠᠷᠢᠭᠤᠴᠠᠯᠭ᠎ᠠ ᠪᠠᠨ | ᠬᠦᠢᠴᠡᠳᠬᠡᠨ᠂ ᠦᠷᠬᠡᠨ ᠤᠯᠠᠨ ᠺᠠᠳ᠋ᠷ ᠠᠵᠢᠯᠳᠠᠨ᠂ ᠡᠮᠴᠢ ᠰᠤᠪᠢᠯᠠᠭᠴᠢᠳ᠂ ᠲᠤᠳᠤᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ ᠪᠤᠯᠤᠨ ᠰᠠᠶᠢᠨ ᠲᠤᠷᠠᠴᠤᠤᠯ ᠬᠠᠮᠳᠣᠪᠠᠷ ᠡᠮᠤᠨ᠎ᠠ ᠹᠷᠤᠡᠲ ᠲᠤ ᠭᠠᠪᠰᠢᠭᠠᠶᠢᠯᠠᠨ ᠪᠠᠶᠢᠯᠳᠤᠵᠤ᠂ ᠨᠠᠶᠢᠬᠡᠮ | ᠤᠨ ᠡᠯ᠎ᠠ ᠡᠳᠡᠬᠡᠳ ᠤᠨ ᠬᠢᠨ ᠡᠳ᠋ ᠪᠤᠳᠠᠰ ᠬᠠᠨᠳᠢᠪᠯᠠᠨ᠂ ᠪᠦᠬᠦ ᠬᠤᠰᠢᠭᠤᠨ ᠤ ᠠᠷᠡᠳ ᠲᠦᠮᠡᠨ ᠰᠡᠳᠬᠢᠯ ᠨᠢᠬᠡᠳᠤᠨ | ᠬᠦᠴᠤ ᠪᠠᠨ ᠬᠠᠮᠳᠤᠳᠬᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠳᠤᠴᠢ ᠴᠢᠨᠠᠷᠳᠡᠢ ᠠᠮᠵᠢᠯᠳᠠ ᠶᠢ | ᠤᠯᠤᠭᠰᠡᠨ ᠪᠠᠶᠢᠨ᠎ᠠ᠃ ᠬᠢᠵᠢᠭ ᠤᠨ ᠪᠠᠶᠢᠳᠠᠯ ᠢ ᠰᠠᠶᠢᠳᠤᠷ ᠰᠡᠷᠬᠡᠶᠢᠯᠡᠨ ᠡᠵᠡᠮᠳᠡᠬᠦ ᠶᠢᠨ ᠬᠠᠮᠳᠤ ᠠᠵᠤ ᠠᠬᠤᠶᠢᠯᠡᠯ ᠢ | ᠬᠠᠮᠵᠢᠵᠤ ᠬᠦᠴᠢᠷᠳᠡᠯ ᠢ ᠨᠢ ᠰᠢᠢᠳᠪᠣᠷᠢᠯᠠᠵᠣ᠂ ᠲᠠᠰ ᠲᠦᠷᠤᠯ ᠬᠤᠪᠢᠶᠠᠨ ᠦᠢᠯᠡᠳᠪᠤᠷᠢᠯᠡᠯ ᠢᠶᠠᠨ ᠰᠡᠷᠬᠦᠬᠡᠬᠦ ᠠᠵᠢᠯ | ᠢ ᠠᠳᠬᠤᠨ᠂ ᠪᠦᠬᠦ ᠬᠤᠰᠢᠭᠤᠨ ᠤ ᠬᠡᠪᠴᠢᠶᠠᠵᠢᠯ ᠠᠴᠠ ᠲᠡᠬᠡᠭᠰᠢᠬᠢ 18 ᠠᠵᠤ ᠠᠬᠤᠶᠢᠯᠡᠯ ᠪᠦᠬᠦᠨ ᠢᠶᠠᠷ ᠢᠶᠠᠨ | ᠦᠢᠯᠡᠳᠪᠤᠷᠢᠯᠡᠯ ᠢᠶᠠᠨ ᠰᠡᠷᠬᠦᠬᠡᠵᠤ᠂ ᠲᠦᠷᠦᠬᠦᠣ ᠪᠦᠯᠦᠭ ᠤᠨ ᠭᠤᠤᠯᠳᠠᠯᠭ᠎ᠠ ᠲᠠᠢ 20 ᠲᠦᠷᠤᠯ ᠵᠥᠢᠯ ᠢ | ᠲᠦᠪᠯᠡᠷᠡᠬᠦᠯᠤᠨ ᠠᠵᠢᠯ ᠡᠬᠢᠯᠡᠬᠦᠯᠵᠤ᠂ ᠦᠢᠯᠡᠳᠪᠤᠷᠢᠯᠡᠯ ᠠᠮᠢᠳᠤᠷᠡᠯ ᠤᠨ ᠡᠮᠬᠢ ᠲᠢᠭᠯᠢᠮ ᠢ ᠪᠦᠬᠦ ᠲᠠᠯ᠎ᠠ ᠪᠠᠷ | ᠰᠡᠷᠬᠦᠬᠡᠵᠤ᠂ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠶᠡᠭᠡ ᠲᠠᠯ᠎ᠠ ᠶᠢ ᠪᠦᠳᠤᠮᠵᠢᠳᠡᠢ ᠲᠤᠭᠳᠠᠪᠤᠷᠢᠵᠢᠭᠤᠯᠪᠠ᠃ | ᠠᠳᠡ ᠪᠢ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠲᠠᠶᠢᠯᠠᠯᠳᠤᠭᠠᠨ ᠳᠤ ᠭᠠᠪᠰᠢᠭᠠᠶᠢᠯᠠᠨ ᠤᠷᠤᠯᠴᠠᠭᠰᠡᠳ᠂ ᠬᠠᠯᠠᠭᠤᠨ ᠭᠠᠷ ᠢᠶᠠᠨ ᠰᠣᠩᠭᠤᠨ ᠬᠠᠷᠠᠮ ᠦᠬᠡᠢ ᠲᠠᠮᠵᠢᠯᠬᠡ | ᠦᠵᠡᠬᠦᠯᠣᠭ᠍ᠰᠡᠨ ᠬᠦᠮᠣᠰ ᠪᠠ ᠪᠦᠬᠦ ᠬᠤᠰᠢᠭᠤᠨ ᠤ ᠠᠷᠡᠳ ᠲᠦᠮᠡᠨ ᠳᠤ ᠪᠠᠨ ᠴᠢᠩ ᠰᠠᠳᠬᠢᠯ ᠤᠨ ᠲᠠᠯᠠᠷᠬᠠᠯ ᠪᠠ | ᠬᠦᠨᠳᠣᠳᠬᠡᠯ ᠢᠶᠠᠨ ᠲᠠᠪᠰᠢᠬᠦᠯᠤᠶᠠ︕ | ᠦᠨᠤ ᠵᠢᠯ ᠪᠤᠯ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠤᠪᠵᠢᠬᠦᠯᠬᠡ ᠶᠢᠨ ᠡᠴᠤᠰ ᠤᠨ ᠵᠢᠯ ᠪᠤᠯᠬᠤ | ᠮᠦᠷᠳᠡᠬᠡᠨ ᠨᠠᠩ ᠴᠤ ᠴᠢᠨᠠᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠠᠯᠡᠬᠦᠯᠵᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠤ ᠢᠯᠠᠯᠳᠠ ᠶᠢ ᠲᠠᠮᠠᠴᠠᠨ ᠤᠯᠬᠤ ᠵᠢᠯ ᠪᠤᠯᠬᠤᠷ ᠡᠨ᠋ᠨ ᠵᠢᠯ | ᠤᠨ ᠠᠵᠢᠯ ᠢ ᠰᠠᠶᠢᠳᠤᠷ ᠬᠢᠬᠦ ᠶᠢᠨ ᠬᠠᠷᠢᠭᠤᠴᠠᠯᠭ᠎ᠠ ᠬᠦᠡᠳᠤ ᠴᠢᠬᠤᠯᠠ᠃ ᠤᠳᠤᠬᠠᠨ ᠳᠤ᠂ ᠲᠠᠯᠠᠬᠡᠢ ᠶᠢᠨ ᠪᠠᠶᠢᠳᠠᠯ | ᠨᠠᠷᠢᠨ ᠪᠤᠳᠤᠯᠢᠶᠠᠡᠳᠡᠢ ᠪᠦᠬᠡᠳ ᠬᠤᠪᠢᠷᠠᠯᠳᠠ ᠶᠡᠬᠡᠳᠡᠢ ᠪᠠᠶᠢᠵᠣ᠂ ᠠᠵᠤ ᠠᠬᠤᠢ ᠶᠢᠨ ᠪᠠᠶᠢᠳᠠᠯ ᠲᠦᠪᠡᠭ | ᠪᠤᠳᠤᠯᠢᠶᠠᠡᠳᠡᠢ ᠬᠦᠴᠢᠷᠳᠡᠯ ᠳᠤ ᠲᠤᠯᠭᠠᠷᠠᠵᠤ ᠪᠤᠢ᠃ ᠬᠡᠳᠤᠶᠢᠪᠡᠷ ᠪᠦᠬᠦ ᠤᠯᠤᠰ ᠤᠨ ᠬᠢᠵᠢᠭ ᠢ ᠰᠡᠷᠬᠡᠶᠢᠯᠡᠨ | ᠡᠵᠡᠮᠳᠡᠬᠦ ᠪᠠᠶᠢᠳᠠᠯ ᠢᠯᠡᠳᠳᠡ ᠰᠠᠶᠢᠵᠢᠷᠠᠵᠤ᠂ ᠮᠠᠨ ᠤ ᠬᠤᠰᠢᠭᠤᠨ ᠳᠤ ᠤᠨᠤᠰᠢᠯᠠᠭᠰᠡᠨ ᠡᠪᠡᠳᠴᠢᠳᠠᠨ ᠢᠯᠡᠷᠡᠭᠰᠡᠨ | ᠦᠬᠡᠢ ᠦᠷ᠎ᠠ ᠪᠦᠳᠤᠮᠵᠢ ᠶᠢ ᠤᠯᠤᠭᠰᠡᠨ ᠪᠤᠯᠪᠠᠴᠤ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠰᠢᠷᠤᠬᠦᠰᠴᠤ᠂ | ᠤᠯᠤᠰ ᠤᠨ ᠲᠤᠳᠤᠭᠠᠳᠤ ᠳᠤ ᠶᠠᠪᠤᠵᠤ ᠰᠠᠭᠤᠬᠤ ᠬᠦᠮᠤᠰ ᠤᠯᠠᠰᠢᠷᠠᠵᠤ᠂ ᠭᠠᠳᠠᠭᠠᠳᠤ ᠠᠴᠠ ᠬᠠᠯᠳᠠᠪᠤᠷᠢᠯᠠᠬᠤ | ᠴᠢᠨᠠᠷᠳᠡᠢ ᠲᠦᠭᠰᠢᠬᠦᠷᠢ ᠢᠯᠡᠳᠳᠡ ᠨᠡᠮᠡᠭᠳᠡᠵᠤ᠂ ᠰᠡᠷᠬᠡᠶᠢᠯᠡᠨ ᠡᠵᠡᠮᠳᠡᠬᠦ ᠠᠵᠢᠯ ᠤᠨ ᠡᠬᠦᠷᠬᠡ ᠮᠠᠰᠢ ᠬᠦᠡᠳᠤ ᠪᠠᠶᠢᠨ᠎ᠠ | ᠃ ᠡᠬᠦᠨ ᠤ ᠬᠠᠮᠳᠤ᠂ ᠬᠢᠵᠢᠭ ᠤᠨ ᠪᠠᠶᠢᠳᠠᠯ ᠨᠢ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ | ᠪᠠᠭ᠎ᠠ ᠪᠤᠰᠤ ᠨᠦᠯᠤᠬᠡ ᠦᠵᠡᠬᠦᠯᠵᠤ᠂ ᠪᠦᠬᠦ ᠵᠢᠯ ᠤᠨ ᠬᠠᠷᠠᠯᠳᠠ ᠡᠬᠦᠷᠬᠡ ᠶᠢ ᠪᠠᠶᠠᠯᠡᠬᠦᠯᠬᠦ ᠲᠠᠷᠤᠯᠳᠠ ᠢᠯᠡᠳᠳᠡ | ᠨᠡᠮᠡᠭᠳᠡᠭᠰᠡᠨ ᠪᠠᠶᠢᠨ᠎ᠠ᠃ ᠬᠡᠪᠡᠴᠤ ᠦᠷᠢᠰᠤᠯᠳᠤᠬᠡᠨ ᠬᠢᠮᠤᠷᠡᠯ᠂ ᠠᠵᠠ ᠲᠤᠬᠢᠶᠠᠯ ᠵᠡᠷᠬᠡᠪᠡᠷ ᠤᠷᠤᠰᠢᠵᠤ ᠪᠠᠶᠢᠬᠤ ᠨᠢ | ᠭᠠᠷᠴᠠᠭ᠎ᠠ ᠦᠬᠡᠢ᠃ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ᠂ ᠦᠪᠡᠷᠳᠡᠬᠡᠨ ᠵᠠᠰᠠᠬᠤ | ᠤᠷᠤᠨ ᠪᠠ ᠠᠶᠢᠮᠠᠭ ᠤᠨ ᠨᠠᠮ ᠤᠨ ᠬᠤᠷᠢᠶᠠᠨ ᠠᠴᠠ ᠬᠦᠭᠵᠢᠯᠳᠠ ᠶᠢ ᠲᠦᠷᠬᠡᠳᠬᠡᠬᠦ ᠪᠠ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠵᠠᠯᠭᠠᠪᠠᠷ ᠨᠠᠶᠢᠳᠠᠯᠠᠵᠤ᠂ ᠪᠢᠳᠠᠨ ᠤ ᠢᠳᠡᠬᠡᠯ | ᠵᠤᠷᠢᠭ ᠢ ᠬᠦᠪᠴᠢᠯᠡᠭᠰᠡᠨ ᠪᠠᠶᠢᠨ᠎ᠠ᠃ ᠡᠳᠡᠬᠡᠷ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ ᠨᠢ ᠬᠢᠵᠢᠭ ᠠᠴᠠ | ᠪᠤᠯᠤᠭᠰᠡᠨ ᠬᠤᠬᠢᠷᠠᠯ ᠢ ᠠᠷᠭᠠᠴᠠᠭᠠᠬᠤ ᠳᠤ ᠬᠦᠴᠤᠳᠡᠢ ᠬᠠᠪᠰᠤᠷᠤᠯᠭ᠎ᠠ ᠦᠵᠡᠬᠦᠯᠬᠦ ᠨᠢ ᠭᠠᠷᠴᠠᠭ᠎ᠠ ᠦᠬᠡᠢ᠃ ᠪᠢᠳᠠ | ᠢᠳᠡᠬᠡᠯ ᠵᠤᠷᠢᠭ ᠢᠶᠠᠨ ᠪᠠᠳᠤᠳᠬᠠᠨ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠪᠠᠨ ᠪᠠᠷᠢᠮᠳᠠᠯᠠᠵᠤ᠂ | ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠠᠶᠢᠬᠡᠮ ᠤᠨ ᠬᠦᠭᠵᠢᠯᠳᠠ ᠶᠢ ᠨᠢᠬᠡᠳᠤᠯᠳᠡᠢ | ᠲᠦᠯᠤᠪᠵᠢᠬᠦᠯᠤᠨ ᠠᠬᠢᠭᠤᠯᠳᠠᠭ ᠯᠠ ᠶᠤᠮ ᠪᠤᠯ ᠠᠶᠤᠯ ᠲᠦᠭᠰᠢᠬᠦᠷᠢ ᠶᠢ ᠠᠵᠠ ᠲᠤᠬᠢᠶᠠᠯ ᠪᠤᠯᠭᠠᠨ ᠡᠵᠡᠮᠳᠡᠬᠦ ︽ | ᠬᠤᠤᠰ ᠢᠯᠠᠯᠳᠠ︾ ᠶᠢ ᠲᠠᠮᠠᠴᠠᠨ ᠤᠯᠬᠤ ᠨᠢ ᠯᠠᠪᠳᠡᠢ ᠶᠤᠮ᠃ | ᠦᠨᠤ ᠵᠢᠯ ᠤᠨ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠰᠡᠳᠬᠢᠴᠠ ᠪᠤᠯ᠄ ᠰᠢ ᠶᠢᠨ ᠫᠢᠡᠭ ᠤᠨ ᠰᠢᠨ᠎ᠠ | ᠴᠠᠭ ᠦᠶ᠎ᠠ ᠶᠢᠨ ᠲᠤᠮᠳᠠᠳᠤ ᠤᠯᠤᠰ ᠤᠨ ᠤᠡᠴᠠᠯᠢᠭ ᠪᠦᠬᠦᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠤᠬᠡᠷ ᠶᠡᠭᠡ ᠬᠤᠷᠡᠯ ᠪᠠ ᠠᠷᠪᠠ ᠶᠢᠰᠤᠳᠤᠬᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠲᠦᠷᠪᠡᠳᠤᠬᠡᠷ ᠪᠦᠬᠦᠳᠠ ᠬᠤᠷᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠶᠠᠷᠤᠩᠬᠡᠢ ᠱᠦᠵᠢ ᠶᠢᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠡᠵᠡᠬᠡᠢ ᠨᠠᠶᠢᠳᠠᠪᠤᠷᠢᠵᠢᠭᠤᠯᠵᠤ᠂ ᠴᠢᠨᠡᠬᠡᠯᠢᠭ ᠨᠠᠶᠢᠬᠡᠮ ᠢ ᠪᠦᠬᠦ | ᠲᠠᠯ᠎ᠠ ᠪᠠᠷ ᠪᠠᠶᠢᠭᠤᠯᠤᠨ ᠪᠠᠶᠠᠯᠠᠬᠦᠯᠬᠦ ᠬᠠᠷᠠᠯᠳᠠ ᠡᠬᠦᠷᠬᠡ ᠲᠠᠢ ᠨᠢᠭᠳᠠ ᠤᠶᠠᠯᠳᠤᠭᠤᠯᠤᠨ᠂ ᠶᠠᠷᠤᠩᠬᠡᠢ | ᠪᠠᠶᠢᠷᠢᠯᠠᠭᠤᠯᠤᠯᠳᠠ ᠶᠢ ᠬᠤᠪᠢᠷᠠᠭᠤᠯᠬᠤ ᠦᠬᠡᠢ᠂ ᠬᠠᠷᠠᠯᠳᠠ ᠡᠬᠦᠷᠬᠡ ᠪᠠᠨ ᠭᠤᠶᠢᠪᠢᠰᠢ ᠦᠬᠡᠢ ᠪᠠᠷᠢᠮᠳᠠᠯᠠᠵᠤ᠂ | ᠲᠤᠭᠳᠠᠭᠤᠨ ᠤ ᠲᠤᠮᠳᠠ ᠤᠷᠤᠭᠰᠢᠯᠡᠨ ᠲᠠᠪᠰᠢᠬᠤ ᠠᠵᠢᠯ ᠤᠨ ᠶᠠᠷᠤᠩᠬᠡᠢ ᠬᠦᠭ ᠠᠶᠠᠰ ᠢ ᠪᠠᠷᠢᠮᠳᠠᠯᠠᠨ᠂ ᠠᠮᠢ | ᠠᠬᠤᠢ ᠶᠢ ᠡᠩ ᠲᠠᠷᠢᠬᠦᠨ ᠳᠤ ᠲᠠᠯᠪᠢᠬᠤ᠂ ᠪᠤᠬᠢᠷᠳᠤᠯ ᠦᠬᠡᠢ ᠬᠦᠭᠵᠢᠯᠳᠠ ᠶᠢ ᠪᠠᠷᠢᠮᠳᠠᠯᠠᠵᠤ᠂ ᠰᠢᠨ᠎ᠠ ᠬᠦᠭᠵᠢᠯᠳᠠ | ᠶᠢᠨ ᠦᠵᠡᠯᠳᠡ ᠶᠢ ᠡᠷᠡᠰ ᠭᠤᠶᠢᠪᠢᠰᠢ ᠦᠬᠡᠢ ᠨᠠᠶᠢᠳᠠᠪᠤᠷᠢᠵᠢᠭᠤᠯᠤᠨ᠂ ᠬᠠᠩᠭᠠᠯᠭ᠎ᠠ ᠶᠢᠨ ᠲᠠᠯ᠎ᠠ ᠶᠢᠨ ᠪᠦᠳᠤᠴᠠ | ᠶᠢᠨ ᠴᠢᠨᠠᠷᠳᠡᠢ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠦᠬᠡᠷᠡᠴᠢᠯᠡᠯᠳᠡ ᠬᠢᠵᠤ ᠴᠢᠯᠤᠬᠡᠳᠡᠢ ᠶᠠᠪᠤᠯᠴᠠᠬᠤ ᠪᠠᠷ | ᠬᠦᠳᠡᠯᠬᠡᠬᠦ ᠬᠦᠴᠤᠨ ᠪᠤᠯᠭᠠᠬᠤ ᠶᠢ ᠪᠠᠷᠢᠮᠳᠠᠯᠠᠵᠤ᠂ ︽ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ | ᠢᠯᠡᠯᠳᠡ ᠶᠢ ᠡᠷᠡᠰ ᠲᠠᠮᠠᠴᠠᠨ ᠤᠯᠵᠤ᠂ ︽ᠵᠢᠷᠭᠤᠭᠠᠨ ᠲᠤᠭᠳᠠᠭᠤᠨ︾ ᠤ ᠠᠵᠢᠯ ᠢ ᠯᠠᠪᠳᠠᠭᠤᠨ ᠪᠠᠳᠤᠳᠡᠢ | ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠪᠠᠶᠢᠩᠭᠤ ᠶᠢᠨ ᠴᠢᠨᠠᠷᠳᠡᠢ ᠰᠡᠷᠬᠡᠶᠢᠯᠡᠨ ᠡᠵᠡᠮᠳᠡᠬᠦ ᠶᠢᠨ ᠬᠠᠮᠳᠤ ᠠᠵᠤ ᠠᠬᠤᠢ ᠨᠠᠶᠢᠬᠡᠮ ᠤᠨ ᠴᠢᠨᠠᠷ ᠰᠠᠶᠢᠳᠡᠢ | ᠬᠦᠭᠵᠢᠯᠳᠠ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ | ᠬᠦᠭᠵᠢᠯᠳᠠ ᠶᠢᠨ ᠬᠤᠤᠰ ᠢᠯᠠᠯᠳᠠ ᠶᠢ ᠲᠠᠮᠠᠴᠠᠨ ᠤᠯᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ | ᠪᠠᠶᠠᠯᠠᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢ ᠲᠡᠬᠦᠰ ᠠᠮᠵᠢᠯᠳᠠ | ᠲᠠᠢ ᠪᠠᠶᠠᠯᠠᠬᠦᠯᠬᠦ ᠶᠢ ᠦᠨᠡᠡᠬᠦ ᠪᠠᠳᠤᠯᠠᠨ᠎ᠠ᠃ | ᠠᠵᠤ ᠠᠬᠤᠢ ᠶᠢᠨ ᠬᠦᠭᠵᠢᠯᠳᠠ ᠶᠢ ᠨᠦᠯᠤᠬᠡᠯᠡᠬᠦ ᠤᠯᠠᠨ ᠵᠥᠢᠯ ᠤᠨ ᠡᠯᠧᠮᠧᠨ᠋ᠲ ᠪᠠ ᠨᠠᠶᠢᠬᠡᠮ ᠤᠨ | ᠪᠠᠶᠢᠭᠤᠯᠤᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠶᠠᠷᠤᠩᠬᠡᠶᠢᠯᠡᠨ ᠪᠤᠳᠤᠯᠬᠢᠯᠠᠵᠤ᠂ ᠦᠨᠤ ᠵᠢᠯ ᠤᠨ ᠠᠵᠤ ᠠᠬᠤᠢ | ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠪᠦᠬᠦ ᠵᠢᠯ ᠳᠤ ᠭᠠᠵᠡᠷ ᠤᠷᠤᠨ ᠤ | ᠦᠢᠯᠡᠳᠪᠤᠷᠢᠯᠡᠯ ᠤᠨ ᠶᠠᠷᠤᠩᠬᠡᠢ ᠦᠷᠳᠡᠭ ᠢ 37.1 ᠳ᠋ᠦᠩᠰᠢᠭᠤᠷ ᠲᠦᠬᠦᠷᠢᠭ ᠪᠠᠶᠠᠯᠠᠬᠦᠯᠵᠤ᠂ 6.1% ᠪᠠᠷ | ᠨᠡᠮᠡᠭᠳᠡᠬᠦᠯᠤᠨ᠎ᠠ︔ ᠡᠩ ᠤᠨ ᠤᠯᠠᠨ ᠨᠠᠶᠢᠳᠠ ᠶᠢᠨ ᠲᠦᠰᠤᠪ ᠤᠨ ᠤᠷᠤᠯᠭ᠎ᠠ ᠶᠢ 1.9 ᠳ᠋ᠦᠩᠰᠢᠭᠤᠷ ᠲᠦᠬᠦᠷᠢᠭ | ᠲᠤ ᠬᠦᠷᠬᠡᠵᠤ᠂ 1.5% ᠪᠠᠷ ᠨᠡᠮᠡᠭᠳᠡᠬᠦᠯᠤᠨ᠎ᠠ︔ ᠲᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 49 | ᠳ᠋ᠦᠩᠰᠢᠭᠤᠷ ᠲᠦᠬᠦᠷᠢᠭ ᠲᠤ ᠬᠦᠷᠬᠡᠵᠤ᠂ 170% ᠪᠠᠷ ᠨᠡᠮᠡᠭᠳᠡᠬᠦᠯᠵᠤ᠂ ᠨᠠᠶᠢᠬᠡᠮ ᠤᠨ ᠬᠡᠷᠡᠭᠯᠡᠬᠡᠨ ᠤ ᠪᠤᠳᠠᠰ ᠢ | ᠵᠢᠵᠢᠭᠯᠡᠨ ᠪᠤᠷᠤᠯᠠᠭᠤᠯᠤᠭᠰᠡᠨ ᠶᠠᠷᠤᠩᠬᠡᠢ ᠬᠡᠮᠵᠢᠶ᠎ᠠ ᠶᠢ 13.4 ᠳ᠋ᠦᠩᠰᠢᠭᠤᠷ ᠲᠦᠬᠦᠷᠢᠭ ᠲᠤ ᠬᠦᠷᠬᠡᠵᠤ᠂ 4.0% | ᠪᠠᠷ ᠨᠡᠮᠡᠭᠳᠡᠬᠦᠯᠤᠨ᠎ᠠ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠡᠳ ᠤᠨ ᠬᠦᠮᠤᠨ ᠲᠤᠮᠳᠠᠴᠢ ᠶᠢᠨ | ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ ᠲᠤᠰ ᠲᠤᠰ 42600 ᠲᠦᠬᠦᠷᠢᠭ ᠪᠠ 30740 ᠲᠦᠬᠦᠷᠢᠭ | ᠪᠤᠯᠭᠠᠵᠤ᠂ 6.5% ᠪᠠ 8.5% ᠪᠠᠷ ᠨᠡᠮᠡᠭᠳᠡᠬᠦᠯᠤᠨ᠎ᠠ᠃ ᠡᠨᠧᠷᠬᠢ ᠠᠷᠪᠢᠯᠠᠵᠤ ᠪᠤᠬᠢᠷᠳᠤᠯ ᠪᠤᠳᠠᠰ | ᠭᠠᠳᠠᠭᠰᠢᠯᠠᠭᠤᠯᠬᠤ ᠬᠡᠮᠵᠢᠶ᠎ᠠ ᠶᠢ ᠲᠡᠬᠡᠳᠤ ᠱᠠᠳᠤᠨ ᠠᠴᠠ ᠪᠠᠭᠤᠯᠭᠠᠭᠰᠡᠨ ᠬᠦᠢᠴᠡᠳᠬᠡᠯ ᠲᠤᠭ᠎ᠠ ᠶᠢᠨ ᠲᠤᠳᠤᠷ᠎ᠠ | ᠬᠢᠵᠠᠭᠠᠷᠯᠠᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠠᠶᠠᠯᠡᠬᠦᠯᠬᠦ ᠡᠯ᠎ᠠ ᠲᠦᠷᠤᠯ ᠤᠨ ᠬᠠᠷᠠᠯᠳᠠ | ᠡᠬᠦᠷᠬᠡ ᠪᠠᠨ ᠴᠢᠨᠠᠷ ᠰᠠᠶᠢᠳᠡᠢ ᠪᠠᠶᠠᠯᠠᠬᠦᠯᠤᠨ᠎ᠠ᠃ | ᠲᠡᠬᠡᠷ᠎ᠠ ᠲᠤᠷᠠᠳᠤᠭᠰᠡᠨ ᠬᠠᠷᠠᠯᠳᠠ ᠡᠬᠦᠷᠬᠡ ᠶᠢᠨ ᠲᠤᠭᠤᠷᠢᠨ ᠳᠤ᠂ ᠪᠢᠳᠠ ᠲᠤᠤᠷᠡᠬᠢ ᠵᠢᠷᠭᠤᠭᠠᠨ ᠲᠠᠯ᠎ᠠ | ᠶᠢᠨ ᠭᠤᠤᠯᠳᠠᠯᠭ᠎ᠠ ᠲᠠᠢ ᠠᠵᠢᠯ ᠢ ᠰᠠᠶᠢᠳᠤᠷ ᠪᠠᠶᠠᠯᠠᠬᠦᠯᠤᠨ᠎ᠠ᠃ | ︵ᠨᠢᠬᠡ︶ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠤᠨ ᠢᠶᠠᠷ ᠰᠠᠶᠢᠳᠤᠷ | ᠬᠢᠵᠤ᠂ ᠴᠢᠨᠡᠷ ᠰᠠᠶᠢᠳᠡᠢ ᠬᠦᠭᠵᠢᠯᠳᠠ ᠳᠤ ᠨᠦᠬᠦᠴᠠᠯ ᠡᠬᠦᠳᠤᠨ᠎ᠠ᠃ | ᠨᠢᠬᠡ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠢᠯᠠᠯᠳᠠ ᠶᠢ | ᠲᠠᠮᠠᠴᠠᠨ ᠤᠯᠤᠨ᠎ᠠ᠃ ︽ᠬᠤᠶᠡᠷ ᠲᠤ ᠵᠤᠪᠠᠭ᠋ᠤ ᠦᠬᠡᠢ ᠭᠤᠷᠪᠡ ᠶᠢ ᠪᠠᠳᠤᠯᠠᠬᠤ︾ ᠬᠠᠷᠠᠯᠳᠠ ᠶᠢᠨ ᠲᠤᠭᠤᠷᠢᠨ ᠳᠤ᠂ | ︽ᠲᠦᠷᠪᠡ ᠶᠢ ᠴᠢᠩᠭᠠᠳᠬᠠᠬᠤ︾ ᠲᠦᠷᠤ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠬᠡᠳᠤ | ᠱᠠᠳᠤᠨ ᠠᠴᠠ 1624 ᠲᠦᠮᠡᠨ ᠲᠦᠬᠦᠷᠢᠭ᠂ ᠬᠤᠰᠢᠭᠤ ᠡᠳ᠋ ᠤᠨ ᠵᠠᠰᠠᠭ ᠠᠴᠠ 800 ᠲᠦᠮᠡᠨ ᠲᠦᠬᠦᠷᠢᠭ ᠤᠨ | ᠪᠡᠯᠡ ᠤᠷᠤᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠳᠠ ᠶᠢ ᠲᠠᠮᠠᠴᠠᠨ ᠤᠯᠤᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ︽ᠡᠷᠬᠢᠨ ᠬᠠᠷᠠᠬᠤ︾ ᠠᠵᠢᠯᠯᠠᠭ᠎ᠠ ᠶᠢ ᠪᠦᠬᠦ | ᠲᠠᠯ᠎ᠠ ᠪᠠᠷ ᠦᠷᠨᠢᠬᠦᠯᠵᠤ᠂ ᠲᠦᠪ ᠤᠨ ᠲᠤᠰᠬᠠᠢ ᠲᠦᠷᠤᠯ ᠤᠨ ᠲᠤᠭᠤᠷᠢᠨ ᠪᠠᠶᠢᠴᠠᠭᠠᠯᠳᠠ᠂ ᠦᠷ᠎ᠠ ᠪᠦᠳᠤᠮᠵᠢ ᠶᠢ | ᠬᠢᠨᠡᠨ ᠦᠨᠡᠯᠡᠬᠦ᠂ ᠬᠢᠨᠠᠯᠳᠠ ᠲᠠᠯᠪᠢᠨ ᠪᠠᠶᠢᠴᠠᠭᠠᠬᠤ ᠳᠤ ᠬᠠᠷᠢᠭᠤ ᠲᠤᠰᠬᠠᠭᠰᠡᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠨ᠂ ᠴᠠᠭ ᠲᠤᠬᠠᠢ ᠳᠤᠨᠢ ᠬᠡᠷᠡᠭᠵᠢᠬᠦᠯᠵᠤ᠂ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠤᠭᠰᠡᠨ ᠦᠷ᠎ᠠ ᠪᠦᠳᠤᠮᠵᠢ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ | ᠪᠤᠳᠡᠳᠡᠢ ᠦᠢᠯᠡᠳᠤᠯᠬᠡ ᠶᠢᠨ ᠲᠤᠮᠳᠠ ᠬᠦᠢᠴᠡᠳ ᠬᠠᠷᠠᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠶᠠᠰᠤ ᠴᠢᠨᠠᠷ | ᠢ ᠲᠡᠬᠡᠭᠰᠢᠯᠡᠬᠦᠯᠤᠨ᠎ᠠ᠃ ᠭᠤᠤᠯᠯᠠᠭᠴᠢ ᠠᠵᠤ ᠦᠢᠯᠡᠰ ᠤᠨ ᠲᠤᠭᠤᠷᠢᠨ ᠳᠤ᠂ ︽ᠠᠵᠤ ᠠᠬᠤᠶᠢᠯᠡᠯ + ᠶᠠᠳᠠᠭᠤ | ᠬᠦᠴᠢᠷᠳᠡᠯᠳᠡᠢ ᠡᠷᠤᠬᠡ︾᠂ ︽ᠬᠤᠷᠰᠢᠶᠠᠵᠢᠯ + ᠶᠠᠳᠠᠭᠤ ᠬᠦᠴᠢᠷᠳᠡᠯᠳᠡᠢ ᠡᠷᠤᠬᠡ︾᠂ ︽ᠨᠠᠶᠢᠳᠡᠯᠢᠭ ᠡᠷᠤᠬᠡ + | ᠶᠠᠳᠠᠭᠤ ᠬᠦᠴᠢᠷᠳᠡᠯᠳᠡᠢ ᠡᠷᠤᠬᠡ︾ ᠶᠢᠨ ᠵᠠᠭᠪᠤᠷ ᠢ ᠤᠯᠠᠮ ᠴᠢᠨᠠᠭᠰᠢᠳᠠ ᠲᠡᠬᠦᠯᠳᠡᠷᠵᠢᠬᠦᠯᠵᠤ᠂ ᠠᠵᠤ ᠠᠬᠤᠢ ᠶᠢᠨ | ᠰᠠᠭᠤᠷᠢ ᠨᠢᠮᠬᠡᠨ ᠶᠠᠳᠠᠭᠤ ᠬᠦᠴᠢᠷᠳᠡᠯᠳᠡᠢ 6 ᠭᠠᠴᠠᠭᠠᠨ ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ | ᠠᠵᠢᠯ ᠢ ᠰᠠᠶᠢᠳᠤᠷ ᠠᠳᠬᠤᠵᠤ᠂ ᠠᠵᠤ ᠠᠬᠤᠶᠢᠯᠡᠯ᠂ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠪᠠ | ᠶᠠᠳᠠᠭᠤ ᠬᠦᠴᠢᠷᠳᠡᠯᠳᠡᠢ ᠬᠦᠮᠤᠨ ᠠᠮᠠ ᠶᠢᠨ ᠠᠰᠢᠭ ᠲᠤᠰᠠ ᠬᠤᠯᠪᠤᠭᠠᠯᠠᠭᠰᠡᠨ ᠬᠠᠷᠢᠴᠠᠯ ᠢ ᠲᠡᠬᠡᠭᠰᠢᠯᠡᠬᠦᠯᠤᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠬᠦᠳᠡᠭᠡ ᠲᠤᠰᠬᠤᠨ ᠢ ᠬᠦᠭᠵᠢᠬᠦᠯᠤᠨ ᠮᠠᠡᠳᠤᠭᠤᠯᠬᠤ | ᠲᠠᠢ ᠪᠦᠳᠤᠮᠵᠢᠳᠡᠢ ᠵᠤᠯᠭᠠᠭᠤᠯᠬᠤ ᠶᠢ ᠠᠬᠢᠭᠤᠯᠵᠤ᠂ ᠲᠠᠬᠢᠨ ᠶᠠᠳᠠᠭᠤᠷᠠᠬᠤ ᠠᠴᠠ ᠤᠷᠢᠳᠴᠢᠯᠡᠨ ᠰᠡᠷᠡᠮᠵᠢᠯᠡᠬᠦᠯᠬᠦ ᠪᠠ | ᠬᠦᠳᠡᠯᠤᠩᠬᠦᠢ ᠬᠠᠪᠰᠤᠷᠤᠨ ᠲᠠᠮᠵᠢᠬᠦ ᠵᠤᠬᠢᠴᠠᠮᠵᠢ ᠶᠢ ᠪᠠᠶᠢᠭᠤᠯᠤᠨ ᠪᠦᠷᠢᠡᠰᠢᠬᠦᠯᠵᠤ᠂ ︽ᠶᠠᠳᠠᠭᠤ ᠠᠴᠠ ᠰᠡᠷᠬᠡᠶᠢᠯᠡᠬᠦ | ᠲᠠᠭᠠᠳᠬᠠᠯ︾ ᠢ ᠪᠦᠬᠦ ᠲᠠᠯ᠎ᠠ ᠪᠠᠷ ᠬᠡᠷᠡᠭᠵᠢᠬᠦᠯᠵᠤ᠂ ᠶᠠᠷᠤᠩᠬᠡᠶᠢᠯᠡᠭᠰᠡᠨ ᠪᠠᠳᠤᠯᠠᠭ᠎ᠠ ᠶᠢᠨ ᠲᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠨᠠᠶᠢᠳᠠᠮ ᠪᠠᠶᠢᠴᠠᠭᠠᠯᠳᠠ ᠶᠢᠨ | ᠠᠵᠢᠯ ᠢ ᠡᠬᠢᠯᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠪᠠᠶᠢᠩᠭᠤ ᠶᠢᠨ ᠪᠦᠳᠤᠮᠵᠢᠳᠡᠢ ᠵᠤᠬᠢᠴᠠᠮᠵᠢ ᠶᠢ | ᠪᠠᠶᠢᠭᠤᠯᠤᠨ᠎ᠠ᠃ ᠤᠶᠤᠨ ᠤᠬᠠᠭᠠᠨ ᠪᠠ ᠡᠷᠴᠢ ᠵᠤᠷᠢᠭ ᠢ ᠨᠢ ᠵᠡᠷᠬᠡᠪᠡᠷ ᠲᠡᠳᠬᠦᠬᠦ ᠶᠢ ᠪᠠᠷᠢᠮᠳᠠᠯᠠᠨ᠎ᠠ᠃ ᠦᠵᠡᠯ | ᠰᠠᠨᠠᠭᠠᠨ ᠤ ᠲᠠᠶᠢᠴᠢᠯᠠᠯᠳᠠ ᠪᠠ ᠤᠬᠠᠭᠤᠯᠤᠨ ᠵᠢᠯᠤᠭᠤᠳᠬᠤ ᠶᠢ ᠴᠢᠩᠭᠠᠳᠬᠠᠵᠤ᠂ ᠶᠠᠳᠠᠭᠤ ᠬᠦᠴᠢᠷᠳᠡᠯᠳᠡᠢ ᠤᠯᠠᠨ | ᠲᠦᠮᠡᠨ ᠤ ᠦᠢᠯᠡᠳᠪᠤᠷᠢᠯᠡᠯ ᠢᠶᠠᠨ ᠬᠦᠭᠵᠢᠬᠦᠯᠬᠦ ᠪᠠ ᠬᠦᠴᠤ ᠶᠠᠪᠤᠵᠤ ᠬᠤᠳᠠᠯᠳᠤᠭ᠎ᠠ ᠡᠷᠬᠢᠯᠡᠬᠦ ᠮᠡᠷᠬᠡᠵᠢᠯ ᠴᠢᠳᠠᠪᠤᠷᠢ | ᠶᠢ ᠴᠢᠬᠤᠯᠠᠴᠢᠯᠠᠵᠤ᠂ ᠦᠪᠡᠷ ᠤᠨ ᠬᠦᠴᠤ ᠪᠠᠷ ᠢᠶᠠᠨ ᠲᠡᠭᠵᠢᠷᠡᠬᠦ ᠴᠢᠳᠠᠪᠤᠷᠢ ᠶᠢ ᠨᠢ ᠲᠡᠬᠡᠭᠰᠢᠯᠡᠬᠦᠯᠤᠨ᠂ ᠵᠢᠯ ᠤᠨ | ᠲᠤᠳᠤᠷ᠎ᠠ ᠶᠠᠳᠠᠭᠤ ᠶᠢ ᠲᠡᠳᠬᠦᠬᠦ ᠪᠤᠯᠪᠠᠰᠤᠷᠠᠯ ᠢ 3 ᠬᠤᠭᠤᠴᠠᠭ᠎ᠠ ᠡᠷᠬᠢᠯᠡᠵᠤ᠂ 200 ᠬᠦᠮᠤᠨ ᠤᠳᠠᠭ᠎ᠠ ᠳᠤ | ᠪᠤᠯᠪᠠᠰᠤᠷᠠᠯ ᠬᠦᠷᠳᠡᠬᠡᠨ᠎ᠠ᠃ | ᠬᠤᠶᠡᠷ ᠲᠤ᠂ ᠪᠤᠬᠢᠷᠳᠤᠯ ᠢ ᠰᠡᠷᠬᠡᠶᠢᠯᠡᠨ ᠵᠠᠰᠠᠬᠤ ᠶᠠᠷᠤᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠬᠦᠯᠤᠨ᠎ᠠ᠃ | ᠠᠭᠠᠷ ᠮᠠᠡᠳᠠᠯ᠂ ᠤᠰᠤ᠂ ᠬᠦᠷᠤᠰᠤ ᠰᠢᠷᠥᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯᠯᠠᠭᠠᠨ ᠤ | ᠲᠦᠯᠤᠪᠵᠢᠬᠦᠯᠬᠡ ᠶᠢ ᠬᠦᠡᠵᠡᠬᠡᠢ ᠬᠡᠷᠡᠭᠵᠢᠬᠦᠯᠵᠤ᠂ ᠰᠠᠭᠤᠷᠢᠨ ᠭᠠᠵᠡᠷ ᠢᠶᠠᠨ ᠪᠠᠳᠤ ᠰᠠᠬᠢᠵᠤ᠂ ᠦᠷ᠎ᠠ ᠪᠦᠳᠤᠮᠵᠢ | ᠪᠠᠨ ᠪᠠᠬᠢᠵᠢᠬᠦᠯᠤᠨ᠎ᠠ᠃ ᠠᠭᠠᠷ ᠮᠠᠡᠳᠠᠯ ᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠠᠮᠠᠴᠠᠨ ᠤᠯᠵᠤ᠂ | ᠠᠷᠢᠭᠤᠨ ᠴᠠᠪᠠᠷ ᠲᠣᠯᠠᠭᠠᠯᠭ᠎ᠠ ᠶᠢᠨ ᠮᠠᠷᠬᠡᠵᠢᠯ ᠢ ᠲᠡᠯᠬᠡᠷᠡᠬᠦᠯᠵᠤ᠂ ᠭᠤᠤᠯᠳᠠᠯᠭ᠎ᠠ ᠲᠠᠢ ᠠᠵᠤ ᠠᠬᠤᠶᠢᠯᠡᠯ ᠤᠨ | ᠪᠤᠬᠢᠷᠳᠤᠯ ᠭᠠᠳᠠᠭᠰᠢᠯᠠᠭᠤᠯᠬᠤ ᠬᠠᠮᠢᠶᠠᠷᠤᠯᠳᠠ ᠶᠢ ᠰᠠᠶᠢᠳᠤᠷ ᠵᠢᠷᠤᠮᠵᠢᠭᠤᠯᠤᠨ᠂ ᠵᠢᠶᠦ᠋ᠨ ᠯᠢᠶᠠᠨ ᠬᠤᠶᠠᠳᠤᠭᠠᠷ | ᠲᠣᠯᠠᠭᠠᠯᠭ᠎ᠠ ᠬᠠᠩᠭᠠᠬᠤ ᠦᠢᠯᠡᠳᠪᠤᠷᠢ ᠶᠢᠨ ᠨᠡᠬᠦᠷᠠᠰᠤ ᠬᠠᠳᠠᠭᠠᠯᠠᠬᠤ ᠬᠦᠮᠤᠷᠬᠡ ᠶᠢ ᠦᠬᠡᠷᠡᠴᠢᠯᠡᠨ ᠪᠠᠶᠢᠭᠤᠯᠵᠤ᠂ | ᠲᠤᠯᠠᠭᠠᠯᠭ᠎ᠠ ᠬᠠᠩᠭᠠᠬᠤ ᠠᠵᠤ ᠠᠬᠤᠶᠢᠯᠡᠯ ᠳᠤ ᠰᠦᠯᠵᠢᠶᠠᠨ ᠳᠠᠬᠢ ᠬᠢᠨᠡᠨ ᠬᠡᠮᠵᠢᠯᠳᠠ ᠶᠢᠨ ᠲᠦᠬᠦᠬᠡᠷᠤᠮᠵᠢ | ᠤᠭᠰᠠᠷᠠᠨ ᠠᠰᠢᠭᠯᠠᠯᠳᠠ ᠳᠤ ᠤᠷᠤᠭᠤᠯᠤᠨ᠎ᠠ᠃ ᠬᠦᠬᠡᠮᠳᠦᠭ ᠤᠰᠤ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ | ᠶᠢ ᠲᠠᠮᠠᠴᠠᠨ ᠤᠯᠵᠤ᠂ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠳᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢᠨ ᠲᠤᠭᠤᠷᠢᠭ ᠢ | ᠬᠤᠪᠢᠶᠠᠷᠢᠯᠠᠨ ᠲᠤᠭᠳᠠᠭᠠᠵᠤ᠂ ᠰᠤᠮᠤ ᠪᠠᠯᠭᠠᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠰᠡᠨ | ᠪᠠᠶᠢᠭᠤᠯᠤᠯᠳᠠ ᠶᠢ ᠠᠬᠢᠭᠤᠯᠤᠨ᠂ ᠬᠦᠷᠤᠰᠤ ᠰᠢᠷᠥᠢ ᠶᠢᠨ ᠬᠠᠮᠠᠭᠠᠯᠠᠯᠳᠠ ᠳᠤ ᠬᠢᠨᠠᠯᠳᠠ ᠲᠠᠯᠪᠢᠨ ᠬᠠᠤᠯᠢ | ᠬᠡᠷᠡᠭᠵᠢᠬᠦᠯᠬᠦ ᠡᠷᠴᠢᠮ ᠢ ᠲᠠᠰᠤᠷᠠᠯᠳᠠ ᠦᠬᠡᠢ ᠴᠢᠩᠭᠠᠷᠠᠭᠤᠯᠵᠤ᠂ ᠤᠰᠤ ᠶᠡᠭᠡ ᠬᠡᠷᠡᠭᠯᠡᠬᠦ ᠶᠢ ᠬᠢᠵᠠᠭᠠᠷᠯᠠᠨ ᠡᠵᠡᠮᠳᠡᠬᠦ | ᠪᠠ ᠬᠡᠮᠵᠢᠶ᠎ᠠ ᠲᠤᠭᠳᠠᠭᠠᠬᠤ ᠬᠠᠮᠢᠶᠠᠷᠤᠯᠳᠠ ᠶᠢ ᠴᠢᠩᠭᠠᠳᠬᠠᠨ᠎ᠠ᠃ ᠭᠤᠤᠯ ᠨᠠᠭᠤᠷ ᠤᠨ ᠲᠠᠷᠤᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠲᠤᠭᠳᠠᠭᠰᠡᠨ ᠬᠤᠭᠤᠴᠠᠭ᠎ᠠ ᠲᠠᠢ ᠲᠤᠭᠤᠷᠢᠨ ᠪᠠᠶᠢᠴᠠᠭᠠᠵᠤ᠂ ᠭᠤᠤᠯ ᠨᠠᠭᠤᠷ ᠤᠨ | ᠬᠠᠮᠢᠶᠠᠷᠤᠯᠳᠠ ᠶᠢᠨ ᠬᠡᠪᠴᠢᠶᠠᠨ ᠳᠠᠬᠢ ᠲᠦᠷᠢᠮ ᠲᠤᠭᠳᠠᠭᠠᠯ ᠢ ᠵᠦᠷᠢᠴᠡᠭᠰᠡᠨ ᠪᠠᠷᠢᠯᠭ᠎ᠠ ᠶᠢ ᠴᠡᠪᠡᠷᠯᠡᠵᠤ᠂ | ᠴᠠᠭᠠᠡᠨᠠᠭᠤᠷ ᠤᠨ ᠤᠰᠤᠨ ᠰᠢᠰᠲ᠋ᠧᠮ ᠢ ᠴᠡᠭᠴᠡᠯᠡᠨ ᠵᠠᠰᠠᠬᠤ ᠢᠡᠵᠧᠨᠧᠷᠢᠩ ᠢ ᠡᠬᠢᠯᠡᠬᠦᠯᠤᠨ᠎ᠠ᠃ ᠬᠤᠳᠠ ᠪᠠᠯᠭᠠᠰᠤᠨ | ᠤ ᠪᠤᠬᠢᠷ ᠤᠰᠤ ᠰᠢᠢᠳᠪᠤᠷᠢᠯᠡᠬᠦ ᠲᠦᠬᠦᠬᠡᠷᠤᠮᠵᠢ ᠶᠢ ᠦᠬᠡᠷᠡᠴᠢᠯᠡᠨ ᠰᠠᠶᠢᠵᠢᠷᠠᠭᠤᠯᠵᠤ᠂ 4.7 ᠺᠢᠯᠤᠮᠧᠲᠷ ᠤᠨ ᠪᠤᠬᠢᠷ | ᠤᠰᠤ ᠭᠠᠳᠠᠭᠰᠢᠯᠠᠭᠤᠯᠬᠤ ᠬᠤᠭᠤᠯᠠᠢ ᠰᠢᠨ᠎ᠠ ᠪᠠᠷ ᠤᠭᠰᠠᠷᠠᠨ᠂ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ | ᠪᠠᠷᠢᠮᠵᠢᠶ᠎ᠠ ᠶᠢ ᠲᠡᠬᠡᠭᠰᠢᠯᠡᠬᠦᠯᠵᠤ᠂ ᠦᠬᠡᠷᠡᠴᠢᠯᠡᠨ ᠰᠠᠶᠢᠵᠢᠷᠠᠭᠤᠯᠵᠤ ᠠᠰᠢᠭᠯᠠᠯᠳᠠ ᠳᠤ ᠤᠷᠤᠭᠤᠯᠤᠨ᠂ ᠬᠦᠢᠴᠡᠳᠬᠡᠯ | ᠲᠤᠭ᠎ᠠ ᠶᠢ ᠪᠠᠷᠢᠮᠵᠢᠶ᠎ᠠ ᠳᠤ ᠬᠦᠷᠬᠡᠬᠦ ᠶᠢ ᠪᠠᠳᠤᠯᠠᠨ᠎ᠠ᠃ ᠬᠦᠷᠤᠰᠤ ᠰᠢᠷᠥᠢ ᠶᠢ ᠬᠠᠮᠠᠭᠠᠯᠠᠬᠤ ᠲᠠᠶᠢᠯᠠᠯᠳᠤᠭᠠᠨ ᠤ | ᠢᠯᠠᠯᠳᠠ ᠶᠢ ᠡᠷᠡᠰ ᠲᠠᠮᠠᠴᠠᠨ ᠤᠯᠵᠤ᠂ ᠠᠭᠤᠷᠬᠠᠢ ᠶᠢᠨ ᠡᠬᠢ ᠪᠠᠶᠠᠯᠢᠭ ᠤᠨ ᠬᠦᠷᠢᠶ᠎ᠠ ᠬᠡᠪᠴᠢᠶᠠᠨ ᠤ ᠲᠤᠪᠤᠶᠢᠮ᠎ᠠ | ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠠᠵᠡᠷ ᠰᠢᠷᠥᠢ ᠶᠢᠨ ᠬᠢᠨᠡᠨ | ᠪᠠᠶᠢᠴᠠᠭᠠᠯᠳᠠ ᠪᠠ ᠲᠠᠭᠠᠭᠤᠯᠢ ᠤᠳᠤᠨ ᠤ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢᠨ ᠲᠤᠮᠳᠠ ᠢᠯᠡᠷᠡᠬᠦᠯᠦᠭᠰᠡᠨ | ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠵᠠᠰᠠᠨ᠎ᠠ᠃ ᠠᠵᠤ ᠦᠢᠯᠡᠳᠪᠤᠷᠢ ᠶᠢᠨ ᠬᠠᠶᠠᠭᠳᠠᠮᠠᠯ ᠤᠷᠴᠢᠨ ᠤ | ᠠᠰᠠᠭᠤᠳᠠᠯ ᠢ ᠲᠤᠰᠬᠠᠢ ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠡᠬᠢᠯᠡᠬᠦᠯᠵᠤ᠂ ᠠᠭᠤᠷᠬᠠᠢ ᠬᠠᠶᠢᠬᠤ ᠠᠭᠤᠷᠬᠠᠢ | ᠨᠡᠬᠡᠬᠡᠬᠦ ᠡᠷᠬᠡ ᠶᠢᠨ ᠬᠠᠮᠢᠶᠠᠷᠤᠯᠳᠠ ᠶᠢ ᠴᠡᠭᠴᠡᠯᠡᠨ ᠵᠠᠰᠠᠬᠤ ᠶᠢ ᠦᠷᠬᠦᠯᠵᠢᠯᠡᠨ ᠰᠠᠶᠢᠳᠤᠷ ᠠᠳᠬᠤᠨ᠂ ᠦᠢᠯᠡᠳᠪᠤᠷᠢ | ᠠᠭᠤᠷᠬᠠᠢ ᠶᠢᠨ ᠠᠵᠤ ᠠᠬᠤᠶᠢᠯᠡᠯ ᠤᠨ ᠬᠦᠷᠤᠰᠤ ᠰᠢᠷᠥᠢ ᠶᠢᠨ ᠪᠤᠬᠢᠷᠳᠤᠯ ᠢ ᠪᠠᠶᠢᠴᠠᠭᠠᠬᠤ ᠠᠵᠢᠯ ᠢ ᠰᠠᠶᠢᠳᠤᠷ | ᠬᠢᠵᠤ᠂ ᠵᠢᠯ ᠤᠨ ᠲᠤᠳᠤᠷ᠎ᠠ ᠭᠤᠷᠪᠠᠳᠤᠭᠠᠷ ᠤᠳᠠᠭᠠᠨ ᠤ ᠤᠯᠤᠰ ᠤᠨ ᠭᠠᠵᠡᠷ ᠰᠢᠷᠥᠢ ᠶᠢᠨ ᠪᠠᠶᠢᠴᠠᠭᠠᠯᠳᠠ ᠶᠢᠨ | ᠠᠵᠢᠯ ᠢ ᠪᠠᠶᠠᠯᠠᠬᠦᠯᠤᠨ᠎ᠠ᠃ ︽ᠭᠤᠷᠪᠡᠨ ᠲᠤᠭᠤᠷᠢᠭ ᠬᠤᠶᠡᠷ ᠱᠤᠭᠤᠮ︾ ᠲᠠᠭᠠᠤ ᠶᠢᠨ 1000 ᠮᠤ᠋ ᠬᠠᠶᠠᠭᠳᠠᠮᠠᠯ | ᠭᠠᠵᠡᠷ ᠢ ᠵᠠᠰᠠᠨ ᠰᠡᠷᠬᠦᠬᠡᠵᠤ᠂ 2 ᠴᠢᠯᠠᠭᠤ ᠭᠠᠷᠭᠠᠬᠤ ᠲᠠᠯᠠᠪᠠᠢ ᠶᠢ ᠰᠢᠨ᠎ᠠ ᠪᠠᠷ ᠪᠠᠶᠢᠭᠤᠯᠵᠤ᠂ ᠮᠠᠨᠢᠳᠤ ᠨᠠᠬᠦᠷᠡᠰᠤᠨ | ᠠᠭᠤᠷᠬᠠᠢ ᠶᠢᠨ ᠲᠤᠭᠤᠷᠢᠭ ᠪᠠ ᠴᠠᠭᠠᠡᠨᠠᠭᠤᠷ ᠠᠭᠤᠷᠬᠠᠢ ᠶᠢᠨ ᠲᠤᠭᠤᠷᠢᠭ ᠢ ᠶᠠᠷᠤᠩᠬᠡᠶᠢᠯᠡᠨ ᠴᠡᠭᠴᠡᠯᠡᠨ ᠵᠠᠰᠠᠬᠤ | ᠠᠵᠢᠯ ᠢ ᠪᠠᠶᠠᠯᠠᠬᠦᠯᠤᠨ᠎ᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠨ ᠪᠠᠶᠢᠴᠠᠭᠠᠯᠳᠠ ᠶᠢᠨ | ︽ᠡᠷᠬᠢᠨ ᠬᠠᠷᠠᠬᠤ︾ ᠵᠢᠴᠢ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠤᠰᠬᠠᠢ | ᠲᠦᠷᠤᠯ ᠢᠶᠠᠷ ᠱᠠᠯᠠᠪᠳᠠᠨ ᠪᠠᠶᠢᠴᠠᠭᠠᠬᠤ ᠳᠤ ᠬᠠᠷᠢᠭᠤ ᠲᠤᠰᠬᠠᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠰᠠᠶᠢᠳᠤᠷ ᠠᠳᠬᠤᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠷᠢᠶᠠᠨ ᠳᠠᠬᠢ | ᠠᠰᠠᠭᠤᠳᠠᠯ ᠤᠨ ᠬᠡᠮ ᠰᠤᠭᠤᠭ ᠢ ᠪᠠᠶᠢᠴᠠᠭᠠᠨ ᠵᠠᠯᠠᠷᠠᠭᠤᠯᠬᠤ ᠠᠵᠢᠯ ᠢ ᠬᠦᠡᠵᠡᠬᠡᠢ ᠦᠷᠨᠢᠬᠦᠯᠣᠨ᠂ ᠲᠦᠪ ᠬᠤᠷᠢᠶ᠎ᠠ᠂ | ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠡᠬᠡᠯᠵᠢ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ | ᠶᠢᠨ ᠱᠠᠯᠠᠪᠳᠠᠨ ᠪᠠᠶᠢᠴᠠᠭᠠᠯᠳᠠ ᠶᠢ ᠠᠮᠵᠢᠯᠳᠠ ᠲᠠᠢ ᠤᠭᠳᠤᠬᠤ ᠪᠡᠯᠡᠳᠬᠡᠯ ᠠᠵᠢᠯ ᠢ ᠰᠠᠶᠢᠳᠤᠷ ᠪᠠᠶᠠᠯᠠᠬᠦᠯᠵᠤ᠂ | ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢ ᠨᠠᠶᠢᠳᠠᠮ ᠪᠠᠶᠢᠴᠠᠭᠠᠵᠤ ᠰᠢᠯᠭᠠᠬᠤ ᠠᠵᠢᠯ ᠢ | ᠦᠨᠡᠨᠬᠦ ᠰᠠᠶᠢᠳᠤᠷ ᠠᠳᠬᠤᠨ᠂ ᠠᠮᠢ ᠠᠬᠤᠢ ᠤᠷᠴᠢᠨ ᠲᠤᠭᠤᠷᠢᠨ ᠢ ᠬᠤᠬᠢᠷᠠᠭᠤᠯᠤᠭᠰᠡᠨ ᠠᠵᠢᠯᠯᠠᠭ᠎ᠠ ᠶᠢ | ᠢᠯᠠᠴᠢᠯᠡᠨ ᠮᠡᠳᠡᠬᠦᠯᠦᠭᠰᠡᠳ ᠢ ᠱᠠᠩᠨᠠᠨ ᠬᠦᠬᠢᠬᠦᠯᠬᠦ ᠲᠦᠷᠢᠮ ᠢ ᠲᠤᠭᠳᠠᠭᠠᠵᠤ᠂ ᠪᠤᠢ ᠪᠦᠬᠦᠢ ᠠᠰᠠᠭᠤᠳᠠᠯ ᠢ | ᠲᠤᠭᠳᠠᠭᠰᠡᠨ ᠴᠠᠭ ᠲᠤ ᠴᠡᠭᠴᠡᠯᠡᠨ ᠰᠠᠶᠢᠵᠢᠷᠠᠭᠤᠯᠬᠤ ᠶᠢ ᠪᠠᠳᠤᠯᠠᠨ᠎ᠠ᠃ | ᠭᠤᠷᠪᠡ ᠳᠤ᠂ ᠲᠦᠭᠰᠢᠬᠦᠷᠢ ᠶᠢ ᠪᠦᠳᠤᠮᠵᠢᠳᠡᠢ ᠰᠡᠷᠬᠡᠶᠢᠯᠡᠨ ᠡᠵᠡᠮᠳᠠᠨᠠ᠃ ᠵᠠᠰᠠᠭ ᠤᠨ ᠤᠷᠳᠤᠨ ᠤ | ᠦᠷᠢ ᠦᠭᠴᠡᠭᠡ ᠶᠢ ᠴᠠᠶᠢᠷᠠᠭᠤᠯᠤᠨ᠎ᠠ᠃ ᠵᠢᠯ ᠤᠨ ᠲᠤᠳᠤᠷ᠎ᠠ ᠵᠠᠰᠠᠭ ᠤᠨ ᠤᠷᠳᠤᠨ ᠤ ᠴᠢᠨᠡᠷᠳᠡᠢ ᠦᠷᠢ ᠦᠭᠴᠡᠭᠡ | ᠶᠢ 2.21 ᠳ᠋ᠦᠩᠰᠢᠭᠤᠷ ᠲᠦᠬᠦᠷᠢᠭ ᠴᠠᠶᠢᠷᠠᠭᠤᠯᠵᠤ᠂ ᠡᠬᠦᠨ ᠳᠤ᠂ ᠠᠷᠡᠳ ᠠᠴᠠ ᠡᠷᠬᠢᠯᠡᠭᠰᠡᠨ ᠠᠵᠤ ᠠᠬᠤᠶᠢᠯᠡᠯ | ᠤᠨ ᠦᠷᠢ ᠦᠭᠴᠡᠭᠡ ᠶᠢ 1.59 ᠳ᠋ᠦᠩᠰᠢᠭᠤᠷ ᠲᠦᠬᠦᠷᠢᠭ ᠴᠠᠶᠢᠷᠠᠭᠤᠯᠤᠨ᠎ᠠ᠃ ᠵᠠᠰᠠᠭ ᠤᠨ ᠤᠷᠳᠤᠨ ᠤ ᠪᠡᠯᠡ | ᠮᠦᠩᠬᠦᠨ ᠤ ᠬᠠᠮᠢᠶᠠᠷᠤᠯᠳᠠ ᠶᠢ ᠴᠢᠩᠭᠠᠳᠬᠠᠨ᠂ ᠵᠠᠰᠠᠭ ᠤᠨ ᠤᠷᠳᠤᠨ ᠤ ᠦᠷᠢ ᠦᠭᠴᠡᠬᠡᠨ ᠤ ᠠᠵᠢᠯᠯᠠᠭ᠎ᠠ ᠶᠢ | ᠵᠢᠷᠤᠮᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ᠂ ᠬᠢᠨᠡᠨ ᠬᠠᠮᠢᠶᠠᠷᠬᠤ ᠪᠠ ᠪᠠᠶᠢᠩᠭᠤ ᠶᠢᠨ ᠵᠤᠬᠢᠴᠠᠮᠵᠢ ᠶᠢ | ᠪᠠᠶᠢᠭᠤᠯᠤᠨ ᠪᠦᠷᠢᠡᠰᠢᠬᠦᠯᠵᠤ᠂ ᠰᠢᠨ᠎ᠠ ᠪᠠᠷ ᠨᠡᠮᠡᠭᠳᠡᠭᠰᠡᠨ ᠲᠦᠷᠤᠯ ᠵᠥᠢᠯ ᠤᠨ ᠦᠷᠢ ᠦᠭᠴᠡᠭᠡ ᠶᠢᠨ ᠲᠦᠭᠰᠢᠬᠦᠷᠢ | ᠶᠢ ᠦᠨᠡᠯᠡᠨ᠂ ᠬᠢᠨᠡᠨ ᠵᠦᠪᠰᠢᠶᠠᠷᠡᠯ ᠤᠨ ᠠᠯᠬᠤᠮ ᠲᠠᠷᠠᠭᠠᠯᠠᠯ ᠢ ᠴᠢᠩᠭ᠎ᠠ ᠨᠢᠮᠪᠠᠢ ᠪᠠᠶᠢᠯᠭᠠᠵᠤ᠂ ᠲᠦᠷᠢᠮ ᠲᠤᠭᠳᠠᠭᠠᠯ | ᠢ ᠵᠦᠷᠢᠴᠠᠨ ᠦᠷᠢ ᠲᠠᠯᠪᠢᠬᠤ ᠶᠢ ᠴᠢᠩᠭ᠎ᠠ ᠰᠠᠷᠠᠮᠵᠢᠯᠠᠨ᠂ ᠵᠠᠰᠠᠭ ᠤᠨ ᠤᠷᠳᠤᠨ ᠵᠢᠬᠡᠯᠡᠯᠬᠡ ᠶᠢᠨ ᠲᠡᠮᠳᠡᠭ | ᠭᠤᠶᠤᠴᠢᠯᠡᠨ ᠤᠯᠵᠤ᠂ ᠲᠦᠷᠤᠯ ᠵᠥᠢᠯ ᠨᠦᠬᠡᠴᠡᠯᠡᠬᠦ ᠪᠠ ᠭᠤᠶᠤᠴᠢᠯᠠᠬᠤ ᠠᠵᠢᠯ ᠢ ᠰᠠᠶᠢᠳᠤᠷ ᠪᠠᠶᠠᠯᠠᠬᠦᠯᠤᠨ᠂ | ᠰᠢᠨ᠎ᠠ ᠪᠠᠷ ᠨᠡᠮᠡᠭᠳᠡᠭᠰᠡᠨ ᠵᠢᠬᠡᠯᠡᠯᠬᠡ ᠶᠢᠨ ᠲᠡᠮᠳᠡᠭ ᠤᠨ ᠲᠡᠮᠵᠢᠯᠬᠡ ᠶᠢ ᠤᠯᠵᠤ᠂ ᠬᠠᠤᠯᠢ ᠲᠤᠭᠳᠠᠭᠠᠯ ᠳᠤ | ᠨᠠᠶᠢᠴᠡᠭᠰᠡᠨ ᠵᠢᠬᠡᠯᠡᠯᠬᠡ ᠠᠪᠬᠤ ᠶᠢ ᠵᠢᠷᠤᠮᠵᠢᠭᠤᠯᠤᠨ᠎ᠠ᠃ ᠡᠳ᠋ ᠤᠨ ᠵᠠᠰᠠᠭ ᠤᠨ ᠵᠠᠷᠣᠯᠭ᠎ᠠ ᠶᠢᠨ ᠪᠦᠳᠤᠴᠠ ᠶᠢᠨ | ᠲᠤᠬᠢᠷᠠᠭᠤᠯᠤᠯᠳᠠ ᠶᠢᠨ ᠡᠷᠴᠢᠮ ᠢᠶᠠᠨ ᠦᠨᠡᠡᠬᠦ ᠴᠢᠩᠭᠠᠷᠠᠭᠤᠯᠵᠤ᠂ ᠲᠤᠰᠬᠠᠢ ᠲᠦᠷᠤᠯ ᠤᠨ ᠪᠡᠯᠡ ᠮᠦᠩᠬᠦᠨ ᠤ | ᠦᠯᠡᠳᠡᠪᠤᠷᠢ ᠶᠢ ᠲᠤᠭᠳᠠᠭᠠᠯ ᠶᠤᠰᠤᠭᠠᠷ ᠨᠠᠷᠢᠨ ᠨᠢᠮᠪᠠᠢ ᠢᠳᠡᠪᠬᠢᠳᠡᠢ ᠲᠠᠩᠰᠠᠯᠠᠨ ᠲᠢᠭᠯᠡᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠪᠠ ︽ᠭᠤᠷᠪᠡ ᠶᠢ ᠪᠠᠳᠤᠯᠠᠬᠤ︾ ᠲᠠᠯ᠎ᠠ ᠶᠢᠨ ᠪᠠᠴᠢᠮ ᠬᠡᠷᠡᠭᠰᠡᠬᠦ ᠵᠠᠷᠤᠯᠭ᠎ᠠ ᠳᠤ | ᠲᠦᠪᠯᠡᠷᠡᠬᠦᠯᠤᠨ ᠬᠡᠷᠡᠭᠯᠡᠨ᠎ᠠ᠃ ᠠᠷᠪᠢᠯᠠᠨ ᠭᠠᠮᠨᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠳ᠋ ᠤᠨ | ᠵᠠᠰᠠᠭ ᠤᠨ ᠲᠦᠰᠤᠪᠯᠡᠨ ᠪᠤᠳᠤᠯᠳᠠ ᠳᠤ ᠤᠷᠤᠭᠤᠯᠤᠭᠰᠡᠨ ᠦᠬᠡᠢ ᠵᠠᠰᠠᠭ ᠤᠨ ᠤᠷᠳᠤᠨ ᠤ ᠪᠡᠯᠡ ᠤᠷᠤᠭᠤᠯᠤᠯᠳᠠ | ᠶᠢᠨ ᠲᠦᠷᠤᠯ ᠵᠥᠢᠯ ᠤᠨ ᠠᠷᠡᠳ ᠤᠨ ᠠᠮᠢᠳᠤᠷᠡᠯ᠂ ᠤᠷᠴᠢᠨ ᠲᠤᠭᠤᠷᠢᠨ ᠤ ᠬᠠᠮᠠᠭᠠᠯᠠᠯᠳᠠ᠂ ᠪᠠᠴᠢᠮ ᠪᠠᠶᠢᠳᠠᠯ ᠢ | ᠠᠷᠭᠠᠴᠠᠭᠠᠬᠤ ᠬᠦᠷᠢᠶ᠎ᠠ ᠬᠡᠪᠴᠢᠶᠠᠨ ᠳᠠᠬᠢ ᠲᠦᠷᠤᠯ ᠵᠥᠢᠯ ᠠᠴᠠ ᠪᠤᠰᠤᠳ ᠲᠤᠨᠢ ᠲᠤᠬᠢᠷᠠᠭᠤᠯᠤᠯᠳᠠ ᠬᠢᠬᠦ ᠦᠬᠡᠢ᠃ | ᠲᠤᠭᠳᠠᠭᠠᠯ ᠶᠤᠰᠤᠭᠠᠷ ᠡᠳ᠋ ᠤᠨ ᠵᠠᠰᠠᠭ ᠤᠨ ᠤᠷᠤᠯᠭ᠎ᠠ ᠶᠢ ᠰᠠᠶᠢᠳᠤᠷ ᠵᠤᠬᠢᠶᠠᠨ ᠪᠠᠶᠢᠭᠤᠯᠵᠤ᠂ ᠰᠠᠯᠠᠭ᠎ᠠ ᠮᠦᠴᠢᠷ | ᠤᠳ ᠤᠨ ᠵᠤᠬᠢᠴᠠᠭᠤᠯᠤᠨ ᠠᠬᠢᠭᠤᠯᠬᠤ ᠵᠤᠬᠢᠴᠠᠮᠵᠢ ᠶᠢ ᠪᠠᠶᠢᠭᠤᠯᠤᠨ᠂ ᠭᠤᠤᠯᠳᠠᠯᠭ᠎ᠠ ᠲᠠᠢ ᠠᠵᠢᠯ ᠲᠦᠷᠤᠯ ᠤᠨ | ᠬᠦᠷᠢᠶ᠎ᠠ ᠬᠡᠪᠴᠢᠶ᠎ᠠ ᠶᠢ ᠴᠢᠩᠭ᠎ᠠ ᠡᠵᠡᠮᠳᠠᠵᠤ᠂ ᠠᠷᠭ᠎ᠠ ᠬᠡᠮᠵᠢᠶ᠎ᠠ ᠪᠠᠨ ᠴᠢᠩᠭᠠᠳᠬᠠᠨ ᠴᠢᠩᠭ᠎ᠠ ᠬᠠᠮᠢᠶᠠᠷᠴᠤ᠂ | ᠠᠭᠤᠷᠬᠠᠢ ᠶᠢᠨ ᠠᠵᠤ ᠠᠬᠤᠶᠢᠯᠡᠯ ᠤᠨ ᠨᠤᠳᠤᠭ ᠪᠠᠯᠴᠢᠬᠡᠷ ᠲᠠᠳᠠᠪᠤᠷᠢᠯᠠᠬᠤ᠂ ᠨᠠᠬᠦᠷᠡᠰᠤᠨ ᠠᠭᠤᠷᠬᠠᠢ ᠶᠢᠨ ᠦᠨ᠎ᠠ | ᠬᠠᠩᠰᠢ ᠵᠡᠷᠬᠡ ᠭᠠᠶᠢᠯᠢ ᠰᠦᠢᠳᠬᠡᠯ ᠲᠠᠳᠠᠪᠤᠷᠢᠯᠠᠬᠤ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠬᠦᠮᠤᠷᠬᠡ | ᠳᠤ ᠤᠷᠤᠭᠤᠯᠬᠤ ᠭᠠᠶᠢᠯᠢ ᠶᠢᠨ ᠰᠦᠢᠳᠬᠡᠯ ᠢ 1.91 ᠳ᠋ᠦᠩᠰᠢᠭᠤᠷ ᠲᠦᠬᠦᠷᠢᠭ ᠠᠴᠠ ᠲᠡᠬᠡᠭᠰᠢ ᠳᠤ ᠬᠦᠷᠬᠡᠬᠦ ᠶᠢ | ᠪᠠᠳᠤᠯᠠᠨ᠎ᠠ᠃ ᠮᠦᠩᠬᠦᠨ ᠬᠦᠢᠯᠬᠡᠬᠡᠨ ᠤ ᠠᠮᠤᠷ ᠲᠦᠪᠰᠢᠨ ᠤ ᠬᠠᠮᠢᠶᠠᠷᠤᠯᠳᠠ ᠡᠵᠡᠮᠳᠠᠯ ᠢ ᠲᠠᠰᠤᠷᠠᠯᠳᠠ ᠦᠬᠡᠢ | ᠴᠢᠩᠭᠠᠳᠬᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠨᠦᠬᠡᠴᠡᠯᠡᠬᠦ᠂ ᠲᠠᠮᠵᠢᠭᠤᠯᠤᠨ ᠪᠤᠷᠤᠯᠠᠭᠤᠯᠬᠤ᠂ | ᠦᠡᠳᠤᠷ ᠬᠦᠦ ᠲᠠᠢ ᠵᠢᠬᠡᠯᠡᠯᠬᠡ ᠵᠡᠷᠬᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ | ᠲᠦᠢᠯᠪᠤᠷᠢᠳᠡᠢ ᠴᠡᠭᠴᠡᠯᠡᠨ ᠵᠠᠰᠠᠨ᠎ᠠ᠃ ᠠᠷᠡᠳ ᠤᠨ ᠬᠤᠭᠤᠷᠤᠡᠳᠤᠬᠢ ᠵᠢᠬᠡᠯᠡᠯᠬᠡ ᠶᠢᠨ ᠠᠰᠠᠭᠤᠳᠠᠯ ᠢ ᠴᠠᠭ ᠲᠤᠬᠠᠢ | ᠳᠤᠨᠢ ᠰᠢᠢᠳᠪᠤᠷᠢᠯᠡᠵᠤ᠂ ᠰᠤᠮᠤ ᠪᠠᠯᠭᠠᠰᠤᠨ ᠤ ᠶᠠᠷᠤᠩᠬᠡᠶᠢᠯᠡᠨ ᠵᠠᠰᠠᠬᠤ ᠲᠦᠪ᠂ ᠠᠷᠡᠳ ᠤᠨ ᠡᠶᠡᠳᠡᠬᠦᠯᠬᠡ ᠶᠢᠨ | ᠵᠣᠬᠢᠶᠠᠨ ᠪᠠᠶᠢᠭᠤᠯᠣᠯᠳᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ︽ᠲᠠᠩᠰᠠ ᠪᠤᠳᠤᠵᠤ ᠮᠠᠯ ᠮᠠᠯᠵᠢᠬᠤ᠂ | ᠬᠡᠷᠡᠭᠯᠡᠭᠡ ᠪᠠᠨ ᠵᠦᠢ ᠵᠤᠬᠢᠰᠳᠡᠢ ᠲᠤᠬᠢᠷᠠᠭᠤᠯᠬᠤ᠂ ᠦᠡᠳᠤᠷ ᠬᠦᠦ ᠲᠠᠢ ᠵᠢᠬᠡᠯᠡᠯᠬᠡ ᠶᠢ ᠲᠠᠪᠴᠢᠬᠦ︾ ᠠᠵᠢᠯᠯᠠᠭ᠎ᠠ ᠶᠢ | ᠦᠷᠬᠦᠯᠵᠢᠯᠡᠨ ᠦᠷᠨᠢᠬᠦᠯᠵᠤ᠂ ᠠᠷᠡᠳ ᠤᠨ ᠬᠤᠭᠤᠷᠤᠡᠳᠤᠬᠢ ᠵᠢᠬᠡᠯᠡᠯᠬᠡ ᠶᠢᠨ ᠲᠦᠭᠰᠢᠬᠦᠷᠢ ᠶᠢ ᠠᠷᠢᠯᠭᠠᠬᠤ ᠶᠢ | ᠠᠬᠢᠭᠤᠯᠤᠨ᠎ᠠ᠃ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ ᠶᠢ ᠬᠦᠴᠤᠯᠠᠨ ᠪᠠᠶᠢᠭᠤᠯᠤᠨ᠎ᠠ᠃ ︽ᠮᠠᠯᠴᠢᠨ | ᠲᠠᠷᠢᠶᠠᠴᠢᠨ ᠬᠦᠴᠤ ᠶᠠᠪᠤᠭᠰᠡᠳ ᠤᠨ ᠴᠠᠯᠢᠩ ᠢ ᠪᠠᠳᠤᠯᠠᠬᠤ ᠲᠦᠷᠢᠮ︾ ᠢ ᠨᠠᠷᠢᠨ ᠬᠢᠨᠡᠮᠠᠭᠠᠢ ᠨᠠᠶᠢᠳᠠᠪᠤᠷᠢᠵᠢᠭᠤᠯᠤᠨ | ᠂ ᠮᠠᠯᠴᠢᠨ ᠲᠠᠷᠢᠶᠠᠴᠢᠨ ᠬᠦᠴᠤ ᠶᠠᠪᠤᠭᠰᠡᠳ ᠤᠨ ᠴᠠᠯᠢᠩ ᠢ ᠦᠷᠢᠳᠤᠵᠤ ᠪᠠᠶᠢᠭ᠎ᠠ ᠠᠰᠠᠭᠤᠳᠠᠯ ᠢ ᠵᠤᠬᠢᠴᠠᠭᠤᠯᠤᠨ | ᠰᠢᠢᠳᠪᠤᠷᠢᠯᠡᠬᠦ ᠵᠤᠬᠢᠴᠠᠮᠵᠢ ᠶᠢ ᠪᠠᠶᠢᠭᠤᠯᠵᠤ᠂ ᠵᠢᠭᠤᠷᠠᠭᠠᠨ ᠦᠬᠡᠢ ᠦᠷᠢ ᠦᠭᠴᠡᠭᠡ ᠶᠢ ︽ᠪᠦᠬᠦᠨ ᠢ | ᠴᠠᠶᠢᠷᠠᠭᠤᠯᠬᠤ︾ ᠶᠢ ᠦᠨᠡᠡᠬᠦ ᠪᠠᠳᠤᠯᠠᠵᠤ᠂ ᠵᠢᠭᠤᠷᠠᠭᠠᠨ ᠲᠠᠢ ᠦᠷᠢ ᠦᠭᠴᠡᠭᠡ ᠶᠢ ᠵᠤᠬᠢᠴᠠᠭᠤᠯᠬᠤ᠂ ᠵᠦᠪᠳᠠᠯᠴᠠᠬᠦ | ᠪᠤᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠲᠠᠮᠵᠢᠨ ᠰᠢᠢᠳᠪᠤᠷᠢᠯᠡᠨ᠎ᠠ᠃ ᠬᠡᠷ ᠪᠠᠶᠢᠰᠢᠩ ᠭᠠᠵᠡᠷ ᠰᠢᠷᠥᠢ ᠶᠢᠨ | ᠬᠦᠷᠤᠩᠬᠡ ᠶᠢᠨ ᠦᠯᠡᠳᠡᠭᠳᠡᠯ ᠲᠦᠷᠤᠯ ᠵᠥᠢᠯ ᠤᠨ ᠦᠯᠤ ᠬᠦᠳᠡᠯᠬᠦ ᠬᠦᠷᠤᠩᠬᠡ ᠲᠠᠩᠰᠠᠯᠠᠬᠤ ᠠᠰᠠᠭᠤᠳᠠᠯ ᠢ | ᠰᠠᠶᠢᠳᠤᠷ ᠰᠢᠢᠳᠪᠤᠷᠢᠯᠡᠵᠤ᠂ ᠵᠢᠯ ᠤᠨ ᠲᠤᠳᠤᠷ᠎ᠠ ᠦᠯᠡᠳᠡᠭᠳᠡᠯ ᠠᠰᠠᠭᠤᠳᠠᠯ ᠢ ᠪᠦᠳᠤᠮᠵᠢᠳᠡᠢ ᠰᠢᠢᠳᠪᠤᠷᠢᠯᠡᠬᠦ ᠪᠠᠷ | ᠴᠢᠷᠮᠠᠶᠢᠨ᠎ᠠ᠃ | ︵ᠬᠤᠶᠡᠷ︶ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ | ᠴᠢᠨᠠᠷ ᠰᠠᠶᠢᠳᠡᠢ ᠬᠦᠭᠵᠢᠯᠳᠠ ᠶᠢᠨ ᠲᠤᠳᠠᠭᠤᠳᠠᠯ ᠢ ᠨᠦᠬᠦᠪᠤᠷᠢᠯᠡᠨ᠎ᠠ᠃ | ᠨᠢᠬᠡ ᠳᠤ᠂ ᠮᠠᠯᠵᠢᠬᠤ ᠤᠷᠤᠨ ᠤ ᠠᠮᠢ ᠠᠬᠤᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠠᠷ | ᠠᠬᠢᠭᠤᠯᠤᠨ᠎ᠠ᠃ ᠤᠶᠤᠡᠳᠤ ᠬᠠᠮᠢᠶᠠᠷᠤᠯᠳᠠ ᠡᠵᠡᠮᠳᠠᠯ ᠢ ᠲᠡᠬᠡᠭᠰᠢᠯᠡᠬᠦᠯᠤᠨ᠎ᠠ᠃ ᠤᠢ ᠰᠢᠭᠤᠢ ᠨᠤᠳᠤᠭ ᠪᠠᠯᠴᠢᠬᠡᠷ᠂ | ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠳᠠ ᠴᠠᠭ ᠠᠭᠤᠷ᠂ ᠠᠮᠢ ᠠᠬᠤᠢ ᠶᠢᠨ ᠤᠷᠴᠢᠨ ᠲᠤᠭᠤᠷᠢᠨ | ᠵᠡᠷᠬᠡ ᠰᠠᠯᠠᠭ᠎ᠠ ᠮᠦᠴᠢᠷ ᠤᠨ ᠲᠤᠭ᠎ᠠ ᠪᠠᠷᠢᠮᠳᠠ ᠶᠢ ᠨᠢᠬᠡᠳᠬᠡᠵᠤ᠂ ᠲᠠᠯ᠎ᠠ ᠨᠤᠳᠤᠭ ᠤᠨ ᠠᠮᠢ ᠠᠬᠤᠢ ᠶᠢᠨ | ᠪᠤᠯᠪᠠᠰᠤᠨ ᠤ ᠲᠠᠩᠰᠠ ᠡᠪᠬᠡᠮᠡᠯ ᠢ ᠪᠠᠶᠢᠭᠤᠯᠤᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠬᠢᠨᠡᠨ | ᠬᠠᠮᠢᠶᠠᠷᠤᠯᠳᠠ ᠶᠢᠨ ᠲᠠᠪᠴᠠᠩ ᠤᠨ ᠪᠠᠶᠢᠭᠤᠯᠤᠯᠳᠠ ᠶᠢ ᠡᠬᠢᠯᠡᠬᠦᠯᠵᠤ᠂ ᠲᠠᠯ᠎ᠠ ᠨᠤᠳᠤᠭ ᠤᠨ ᠠᠮᠢ ᠠᠬᠤᠢ ᠶᠢᠨ | ᠬᠠᠮᠢᠶᠠᠷᠤᠯᠳᠠ ᠶᠢᠨ ᠤᠶᠤᠡᠴᠢᠯᠠᠯᠳᠠ᠂ ᠰᠢᠡᠵᠢᠯᠡᠬᠦ ᠤᠬᠠᠭᠠᠡᠴᠢᠯᠠᠯᠳᠠ ᠶᠢ ᠴᠢᠷᠮᠠᠶᠢᠨ ᠪᠠᠶᠠᠯᠠᠬᠦᠯᠤᠨ᠎ᠠ᠃ ᠵᠠᠰᠠᠨ | ᠰᠡᠷᠬᠦᠬᠡᠬᠦ ᠠᠵᠢᠯ ᠢ ᠦᠷᠬᠦᠯᠵᠢᠯᠡᠨ ᠪᠠᠷᠢᠮᠳᠠᠯᠠᠨ᠎ᠠ᠃ ᠤᠯᠤᠰ ᠤᠨ ᠭᠠᠵᠡᠷ ᠰᠢᠷᠥᠢ ᠶᠢᠨ ᠤᠷᠤᠨ ᠵᠠᠢ ᠶᠢᠨ ᠶᠠᠷᠤᠩᠬᠡᠢ | ᠴᠤᠭᠴᠠ ᠶᠢᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠵᠤ᠂ ᠬᠤᠯᠠᠨ ᠰᠢᠷᠭ᠎ᠠ ᠲᠠᠭ᠎ᠠ ᠶᠢᠨ ᠡᠯᠡᠰᠤᠷᠬᠡᠭ | ᠭᠠᠵᠡᠷ ᠤᠨ ᠠᠮᠢ ᠠᠬᠤᠢ ᠶᠢᠨ ᠶᠠᠷᠤᠩᠬᠡᠶᠢᠯᠡᠭᠰᠡᠨ ᠪᠠᠶᠢᠴᠠᠭᠠᠯᠳᠠ ᠪᠠ ᠠᠮᠢ ᠠᠬᠤᠢ ᠶᠢᠨ ᠨᠠᠶᠢᠳᠠ ᠶᠢᠨ ᠠᠰᠢᠭᠳᠤ | ᠤᠢ ᠶᠢᠨ ᠵᠠᠭᠠᠭ ᠢ ᠲᠤᠭᠳᠠᠭᠠᠬᠤ ᠠᠵᠢᠯ ᠢ ᠦᠷᠨᠢᠬᠦᠯᠤᠨ᠂ ᠠᠷᠴᠨ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ | ᠤ ᠬᠡᠪᠴᠢᠶ᠎ᠠ ᠪᠠ ᠴᠢᠳᠠᠮᠵᠢᠳᠤ ᠤᠷᠤᠨ ᠤ ᠬᠤᠪᠢᠶᠠᠷᠢᠯᠠᠯ ᠳᠤ ᠲᠤᠬᠢᠷᠠᠭᠤᠯᠤᠯᠳᠠ ᠬᠢᠬᠦ ᠶᠢ ᠪᠠᠶᠠᠯᠠᠬᠦᠯᠵᠤ᠂ ᠤᠯᠤᠰ | ᠤᠨ ᠰᠢᠶᠠᠨ ᠤ ᠬᠡᠪᠴᠢᠶᠠᠨ ᠤ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠲᠤᠭᠤᠷᠢᠭ ᠢ ᠰᠢᠯᠭᠠᠨ ᠦᠨᠡᠯᠡᠬᠦ | ᠬᠢᠨᠡᠨ ᠬᠡᠮᠵᠢᠬᠦ ᠠᠵᠢᠯ ᠢ ᠦᠷᠬᠦᠯᠵᠢᠯᠡᠨ ᠰᠠᠶᠢᠳᠤᠷ ᠬᠢᠵᠤ᠂ 8 ᠲᠦᠮᠡᠨ ᠮᠤ᠋ ᠳᠤ ᠠᠭᠤᠯᠠ ᠪᠢᠳᠠᠬᠦᠮᠵᠢᠯᠡᠨ | ᠦᠢᠵᠢᠭᠤᠯᠵᠤ᠂ 30 ᠲᠦᠮᠡᠨ ᠮᠤ᠋ ᠨᠤᠳᠤᠭ ᠪᠠᠯᠴᠢᠬᠡᠷ ᠢ ᠲᠤᠤᠷᠯᠠᠨ ᠦᠢᠵᠢᠭᠤᠯᠵᠤ᠂ 30 ᠲᠦᠮᠡᠨ ᠮᠤ᠋ | ᠡᠯᠡᠰᠤᠷᠬᠡᠭᠵᠢᠭᠰᠡᠨ ᠨᠤᠳᠤᠭ ᠪᠠᠯᠴᠢᠬᠡᠷ ᠢ ᠵᠠᠰᠠᠨ ᠰᠡᠷᠬᠦᠬᠡᠨ᠎ᠠ᠃ ᠪᠤᠬᠢᠷᠳᠤᠯ ᠦᠬᠡᠢ ᠠᠭᠤᠷᠬᠠᠢ ᠶᠢᠨ ᠪᠦᠳᠤᠬᠡᠨ | ᠪᠠᠶᠢᠭᠤᠯᠤᠯᠳᠠ ᠶᠢ ᠠᠬᠢᠭᠤᠯᠵᠤ᠂ ᠵᠢᠯ ᠤᠨ ᠲᠤᠳᠤᠷ᠎ᠠ ᠶᠢᠨ ᠳ᠋ᠢ ᠵᠠᠰ ᠮᠤᠯᠢᠪᠳᠧᠨ ᠤ ᠠᠭᠤᠷᠬᠠᠢ᠂ ᠭᠤᠷᠴᠢ | ᠠᠭᠤᠷᠬᠠᠢ ᠶᠢᠨ ᠦᠢᠯᠡᠰ᠂ ᠵᠢᠢ ᠳ᠋ᠦᠡᠭ ᠱᠦᠢᠨᠢ ᠶᠢ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠬᠢᠷᠳᠤᠯ ᠦᠬᠡᠢ | ᠠᠭᠤᠷᠬᠠᠢ ᠪᠤᠯᠭᠠᠨ ᠪᠠᠶᠢᠭᠤᠯᠤᠨ᠎ᠠ᠃ ᠲᠠᠯ᠎ᠠ ᠨᠤᠳᠤᠭ ᠤᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ | ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠮᠠᠯ ᠪᠠᠯᠴᠢᠬᠡᠷ ᠤᠨ ᠲᠠᠩᠴᠠᠬᠦᠷᠢ ᠶᠢ ᠪᠠᠳᠤᠯᠠᠬᠤ᠂ ᠲᠤᠭᠤᠷᠢᠭ | ᠬᠤᠪᠢᠶᠠᠨ ᠰᠠᠯᠬᠦᠨ ᠮᠠᠯᠵᠢᠬᠤ ᠪᠠᠷ ᠭᠤᠤᠯ ᠤᠡᠴᠠᠯᠢᠭ ᠪᠤᠯᠭᠠᠭᠰᠡᠨ᠂ ᠵᠤᠬᠢᠬᠤ ᠬᠡᠪᠴᠢᠶᠠᠵᠢᠯ ᠪᠦᠬᠦᠢ ᠲᠠᠯ᠎ᠠ ᠨᠤᠳᠤᠭ | ᠤᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ ︽ᠬᠦᠢᠳᠡᠨ ᠤᠯᠠᠷᠢᠯ ᠳᠤ ᠪᠤᠷᠳᠤᠭ᠎ᠠ | ᠨᠦᠬᠦᠪᠤᠷᠢᠯᠡᠵᠤ᠂ ᠲᠤᠯᠠᠭᠠᠨ ᠤᠯᠠᠷᠢᠯ ᠳᠤ ᠪᠡᠯᠴᠢᠬᠡᠷᠯᠡᠬᠦᠯᠦᠨ ᠮᠠᠯᠵᠢᠬᠤ︾ ᠪᠠᠷ ᠭᠤᠤᠯ ᠤᠡᠴᠠᠯᠢᠭ ᠪᠤᠯᠭᠠᠭᠰᠡᠨ | ᠲᠠᠯ᠎ᠠ ᠨᠤᠳᠤᠭ ᠤᠨ ᠠᠮᠢ ᠠᠬᠤᠢ ᠶᠢᠨ ᠬᠤᠷᠰᠢᠶᠠᠵᠢᠯ ᠤᠨ ᠮᠠᠯᠵᠢᠯ ᠤᠨ ᠲᠠᠯᠠᠪᠠᠢ ᠶᠢ ᠭᠤᠤᠯᠳᠠᠯᠭ᠎ᠠ ᠲᠠᠢ ᠪᠠᠶᠢᠭᠤᠯᠵᠤ | ᠂ ᠵᠢᠯ ᠤᠨ ᠲᠤᠳᠤᠷ᠎ᠠ 150 ᠠᠴᠠ ᠲᠡᠬᠡᠭᠰᠢ ᠮᠠᠯᠵᠢᠬᠤ ᠡᠷᠤᠬᠡ ᠶᠢ ᠰᠤᠩᠭᠤᠨ ᠲᠤᠷᠰᠢᠯᠳᠠ ᠶᠢᠨ ᠴᠡᠭ ᠪᠤᠯᠭᠠᠨ᠎ᠠ᠃ | ᠬᠤᠶᠡᠷ ᠲᠤ᠂ ᠮᠠᠯᠵᠢᠬᠤ ᠤᠷᠤᠨ ᠤ ᠦᠢᠯᠡᠳᠪᠤᠷᠢᠯᠡᠯ ᠤᠨ ᠤᠳᠤᠬᠢᠴᠢᠯᠠᠯᠳᠠ ᠶᠢ ᠲᠦᠯᠬᠢᠨ ᠠᠬᠢᠭᠤᠯᠤᠨ᠎ᠠ | ᠃ ᠮᠢᠬᠠᠨ ᠤ ᠦᠬᠡᠷ ᠤᠨ ᠠᠵᠤ ᠦᠢᠯᠡᠰ ᠢ ᠬᠦᠴᠤᠷᠬᠡᠭᠵᠢᠬᠦᠯᠤᠨᠠ᠃ ᠵᠢᠯ ᠤᠨ ᠲᠤᠳᠤᠷ᠎ᠠ 3500 ᠲᠤᠯᠤᠭᠠᠢ | ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠷᠤᠭᠤᠯᠵᠤ᠂ ᠰᠢᠨ᠎ᠠ ᠪᠠᠷ ᠮᠢᠬᠠᠨ ᠤ ᠦᠬᠡᠷ ᠪᠤᠷᠳᠤᠵᠤ | ᠲᠠᠷᠭᠤᠯᠠᠭᠤᠯᠬᠤ ᠰᠠᠭᠤᠷᠢᠨ ᠭᠠᠵᠡᠷ 1᠂ ᠮᠢᠬᠠᠨ ᠤ ᠦᠬᠡᠷ ᠤᠨ ᠨᠠᠶᠢᠳᠠᠨ ᠬᠠᠮᠢᠶᠠᠷᠠᠭᠤᠯᠵᠤ ᠪᠣᠷᠳᠣᠵᠣ | ᠲᠠᠷᠭᠤᠯᠠᠭᠤᠯᠣᠨ ᠰᠣᠯᠢᠯᠴᠠᠭ᠎ᠠ ᠬᠢᠬᠦ ᠲᠠᠯᠠᠪᠠᠢ 4᠂ ᠠᠶᠢᠮᠠᠭ ᠤᠨ ᠲᠡᠰ ᠤᠨ ᠮᠢᠬᠠᠨ ᠤ ᠦᠬᠡᠷ ᠤᠨ ᠭᠤᠤᠯᠳᠠᠯᠭᠠᠳᠤ | ᠰᠦᠷᠦᠭ 2 ᠢ ᠪᠠᠶᠢᠭᠤᠯᠤᠨ᠎ᠠ᠃ ᠡᠬᠦᠨ ᠤ ᠬᠠᠮᠳᠤ᠂ ᠤᠷᠤᠨ ᠨᠤᠳᠤᠭ ᠲᠤ ᠪᠠᠨ ᠪᠤᠶᠢᠵᠢᠭᠤᠯᠤᠭᠰᠡᠨ ᠰᠢᠯᠢᠳᠡᠭ | ᠡᠬᠦᠯᠳᠡᠷ ᠤᠨ ᠦᠬᠡᠷ ᠢᠶᠠᠨ ᠰᠠᠶᠢᠳᠤᠷ ᠬᠠᠮᠠᠭᠠᠯᠠᠵᠤ᠂ ᠮᠠᠯᠵᠢᠬᠤ ᠡᠷᠤᠬᠡ ᠪᠠ ᠠᠵᠤ ᠠᠬᠤᠶᠢᠯᠡᠯ ᠤᠨ ᠰᠢᠯᠢᠳᠡᠭ | ᠡᠬᠦᠯᠳᠡᠷ ᠤᠨ ᠲᠤᠭᠤᠯ ᠢᠶᠠᠨ ᠲᠤᠬᠠᠢ ᠶᠢᠨ ᠭᠠᠵᠡᠷ ᠲᠤᠨᠢ ᠵᠠᠷᠣᠴᠠᠭᠤᠯᠬᠤ ᠶᠢ ᠵᠣᠷᠢᠭᠵᠢᠭᠤᠯᠬᠤ ᠠᠷᠭ᠎ᠠ ᠬᠡᠮᠵᠢᠶ᠎ᠠ | ᠲᠤᠭᠳᠠᠭᠠᠨ᠂ ᠮᠠᠯᠵᠢᠬᠤ ᠡᠷᠤᠬᠡ ᠪᠠ ᠠᠵᠤ ᠠᠬᠤᠶᠢᠯᠡᠯ ᠤᠨ ᠪᠡᠯᠡᠳᠬᠡᠯ ᠡᠬᠡ ᠮᠠᠯ᠂ ᠦᠷ᠎ᠠ ᠶᠢᠨ ᠮᠠᠯ ᠪᠤᠶᠢᠵᠢᠭᠤᠯᠬᠤ | ᠶᠢ ᠬᠦᠳᠣᠯᠣᠨ ᠵᠢᠯᠣᠭᠤᠳᠴᠣ᠂ ᠰᠢᠯᠢᠳᠡᠭ ᠡᠬᠦᠯᠳᠡᠷ ᠤᠨ ᠲᠤᠭᠤᠯ ᠢᠶᠠᠨ ᠭᠠᠳᠠᠭᠰᠢ ᠵᠠᠷᠤᠴᠠᠭᠤᠯᠵᠤ ᠪᠠᠶᠢᠭ᠎ᠠ | ᠠᠰᠠᠭᠤᠳᠠᠯ ᠢ ᠦᠡᠳᠤᠰᠤᠨ ᠠᠴᠠ ᠨᠢ ᠰᠢᠢᠳᠪᠤᠷᠢᠯᠡᠨ᠎ᠠ᠃ ᠮᠢᠬᠠᠨ ᠤ ᠬᠤᠨᠢᠨ ᠤ ᠠᠵᠤ ᠦᠢᠯᠡᠰ ᠢ | ᠰᠢᠯᠢᠳᠡᠭᠵᠢᠬᠦᠯᠤᠨ ᠬᠦᠭᠵᠢᠬᠦᠯᠤᠨ᠎ᠠ᠃ ︽ᠲᠦᠮᠡᠨ ᠬᠤᠨᠢᠨ ᠤ ᠢᠡᠵᠧᠨᠧᠷᠢᠩ︾ ᠢ ᠬᠡᠷᠡᠭᠵᠢᠬᠦᠯᠵᠤ᠂ ︽ᠡᠷᠡᠬᠦᠯ | ᠮᠠᠡᠳᠤ ᠮᠠᠯᠵᠢᠯ ᠤᠨ ᠲᠠᠯᠠᠪᠠᠢ ᠶᠢᠨ ᠰᠢᠡᠵᠢᠯᠡᠬᠦ ᠮᠡᠷᠬᠡᠵᠢᠯ ᠤᠨ ᠬᠤᠷᠰᠢᠶᠠᠵᠢᠯ︾ ᠢ ᠪᠠᠶᠢᠭᠤᠯᠤᠨ᠂ ︽ᠡᠷᠡᠬᠦᠯ ᠮᠠᠡᠳᠤ | ᠮᠠᠯᠵᠢᠯ ᠤᠨ ᠲᠠᠯᠠᠪᠠᠢ︾ ᠶᠢᠨ ᠲᠤᠷᠰᠢᠯᠳᠠ ᠶᠢᠨ ᠴᠡᠭ ᠤᠨ ᠠᠵᠢᠯ ᠢ ᠦᠷᠨᠢᠬᠦᠯᠵᠤ᠂ ᠤᠷᠢᠶᠠᠩᠬᠠᠢ ᠬᠤᠨᠢᠨ ᠤ ᠶᠠᠰᠤ | ᠴᠢᠨᠠᠷ ᠤᠨ ᠠᠮᠤᠷ ᠲᠦᠪᠰᠢᠨ ᠤ ᠮᠦᠷᠳᠡᠵᠤ ᠪᠤᠯᠬᠤᠶᠢᠴᠠ ᠲᠤᠭᠳᠠᠯᠴᠠᠭ᠎ᠠ ᠶᠢ ᠪᠠᠶᠢᠭᠤᠯᠤᠨ᠂ ᠴᠢᠨᠠᠷ ᠰᠠᠶᠢᠳᠠᠢ᠂ | ᠦᠨ᠎ᠠ ᠬᠠᠩᠰᠢ ᠦᠨᠳᠣᠷ ᠪᠠᠶᠢᠬᠤ ᠶᠢ ᠪᠠᠶᠠᠯᠡᠬᠦᠯᠣᠨᠠ᠃ ᠲᠠᠯ᠎ᠠ ᠨᠤᠳᠤᠭ ᠤᠨ ᠮᠢᠬᠠᠨ ᠤ ᠬᠤᠨᠢᠨ ᠤ ᠠᠵᠤ ᠦᠢᠯᠡᠰ | ᠤᠨ ᠰᠦᠷᠦᠭᠵᠢᠭᠰᠡᠨ ᠬᠦᠭᠵᠢᠯᠳᠠ ᠶᠢᠨ ᠲᠦᠷᠤᠯ ᠵᠥᠢᠯ ᠢ ᠡᠬᠢᠯᠡᠬᠦᠯᠵᠤ᠂ ᠤᠷᠢᠶᠠᠩᠬᠠᠢ ᠬᠤᠨᠢᠨ ᠤ | ᠪᠠᠷᠢᠮᠵᠢᠶᠠᠵᠢᠭᠰᠡᠨ ᠰᠦᠷᠦᠭ ᠤᠨ ᠪᠠᠶᠢᠭᠤᠯᠤᠯᠳᠠ ᠶᠢ ᠴᠢᠩᠭᠠᠳᠬᠠᠵᠤ᠂ ᠦᠷ᠎ᠠ ᠶᠢᠨ ᠮᠠᠯ ᠮᠠᠯᠵᠢᠬᠤ ᠬᠠᠮᠢᠶᠠᠷᠤᠯᠳᠠ | ᠶᠢᠨ ᠲᠦᠷᠢᠮ ᠢ ᠲᠠᠰᠤᠷᠠᠯᠳᠠ ᠦᠬᠡᠢ ᠲᠡᠬᠦᠯᠳᠡᠷᠵᠢᠬᠦᠯᠵᠤ᠂ ᠵᠢᠯ ᠤᠨ ᠲᠤᠳᠤᠷ᠎ᠠ ᠦᠷ᠎ᠠ ᠶᠢᠨ ᠮᠠᠯ ᠤᠨ ᠲᠠᠯᠠᠪᠠᠢ 2᠂ | ᠭᠤᠤᠯᠳᠠᠯᠭᠠᠳᠤ ᠰᠦᠷᠦᠭ 10 ᠶᠢ ᠰᠢᠨ᠎ᠠ ᠪᠠᠷ ᠪᠠᠶᠢᠭᠤᠯᠤᠨ᠎ᠠ᠃ ᠲᠡᠵᠢᠬᠡᠨ ᠠᠷᠠᠴᠢᠯᠠᠬᠤ ᠬᠡᠯᠪᠡᠷᠢ ᠶᠢ | ᠰᠠᠶᠢᠵᠢᠷᠠᠭᠤᠯᠬᠤ ᠶᠢ ᠬᠦᠳᠤᠯᠤᠨ ᠵᠢᠯᠤᠭᠤᠳᠴᠤ᠂ ᠨᠠᠶᠢᠳᠡᠯᠢᠭ ᠵᠢᠱᠢᠶ᠎ᠠ ᠶᠢᠨ ᠤᠬᠠᠭᠤᠯᠭ᠎ᠠ᠂ ᠠᠵᠤ ᠠᠬᠤᠶᠢᠯᠡᠯ ᠤᠨ | ᠵᠠᠬᠢᠶᠠᠯᠠᠭ᠎ᠠ ᠵᠡᠷᠬᠡ ᠠᠷᠭ᠎ᠠ ᠮᠠᠶ᠋ᠢᠭ ᠢᠶᠠᠷ᠂ ᠮᠠᠯᠵᠢᠬᠤ ᠡᠷᠤᠬᠡ ᠶᠢᠨ ᠡᠪᠤᠯ ᠤᠨ ᠲᠦᠯ᠂ ᠬᠠᠪᠤᠷ ᠡᠷᠳᠡ ᠶᠢᠨ ᠲᠦᠯ | ᠲᠤᠰᠬᠤ ᠶᠢ ᠵᠤᠷᠢᠭᠵᠢᠭᠤᠯᠵᠤ᠂ ᠪᠤᠷᠳᠤᠭ᠎ᠠ ᠨᠦᠬᠦᠪᠣᠷᠢᠯᠠᠨ ᠲᠠᠷᠭᠤ ᠶᠢ ᠨᠢ ᠨᠡᠮᠡᠭᠳᠡᠬᠦᠯᠵᠣ ᠤᠷᠢᠳᠴᠢᠯᠡᠨ | ᠵᠠᠷᠤᠴᠠᠭᠤᠯᠬᠤ ᠶᠢ ᠲᠠᠮᠵᠢᠨ᠂ ᠤᠯᠠᠷᠢᠯ ᠰᠤᠯᠪᠢᠴᠠᠨ ᠵᠠᠬ᠎ᠠ ᠲᠡᠯᠬᠡᠬᠦᠷ ᠲᠤ ᠭᠠᠷᠭᠠᠬᠤ᠂ ᠵᠠᠬ᠎ᠠ ᠲᠡᠯᠬᠡᠬᠦᠷ ᠢ | ᠲᠠᠩᠴᠠᠬᠦᠷᠢᠰᠢᠬᠦᠯᠬᠦ ᠶᠢ ᠪᠠᠳᠤᠯᠠᠨ᠎ᠠ᠃ ᠠᠳᠤᠭᠤᠨ ᠤ ᠠᠵᠤ ᠦᠢᠯᠡᠰ ᠢ ᠬᠦᠭᠵᠢᠬᠦᠯᠤᠨ᠎ᠠ᠃ ᠵᠤᠬᠢᠬᠤ | ᠬᠡᠪᠴᠢᠶᠠᠵᠢᠭ᠍ᠰᠡᠨ ᠬᠦᠭᠵᠢᠯᠳᠠ ᠪᠠᠷ ᠤᠷᠢᠳᠠᠯ ᠪᠤᠯᠭᠠᠵᠤ᠂ ᠮᠤᠩᠭᠤᠯ ᠠᠳᠤᠭᠤᠨ ᠤ ᠭᠤᠤᠯᠳᠠᠯᠭᠠᠳᠤ ᠰᠦᠷᠦᠭ ᠤᠨ | ᠬᠠᠮᠠᠭᠠᠯᠠᠯᠳᠠ ᠶᠢ ᠴᠢᠩᠭᠠᠳᠬᠠᠨ᠂ ᠨᠦᠬᠦᠪᠤᠷᠢ ᠦᠭᠬᠦ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠢᠯ ᠤᠨ ᠲᠤᠳᠤᠷ᠎ᠠ ︽ᠢᠰᠬᠡ︾ ᠠᠮᠢᠳᠤ ᠪᠣᠳᠠᠰ ᠤᠨ ᠰᠢᠨᠵᠢᠯᠡᠬᠦ ᠮᠡᠷᠬᠡᠵᠢᠯ ᠤᠨ | ᠬᠢᠵᠠᠭᠠᠷᠳᠣ ᠺᠣᠮᠫᠠᠨᠢ ᠶᠢᠨ ᠴᠡᠭᠡ ᠢᠰᠬᠡᠬᠦ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠳᠠ ᠳᠤ ᠣᠷᠣᠭᠤᠯᠣᠨ᠂ | ᠮᠣᠩᠭᠤᠯ ᠠᠳᠣᠭᠤᠨ ᠰᠣᠶᠣᠯ ᠤᠨ ᠠᠵᠣ ᠦᠢᠯᠡᠰ ᠤᠨ ᠲᠣᠭᠤᠷᠢᠭ ᠤᠨ ᠪᠠᠷᠢᠯᠭ᠎ᠠ ᠶᠢ ᠲᠠᠭᠤᠰᠬᠠᠨ᠎ᠠ᠃ | ᠦᠡᠳᠤᠰᠤᠳᠠᠨ ᠤ ᠤᠡᠴᠠᠯᠢᠭᠳᠤ ᠴᠠᠭᠠᠨ ᠢᠳᠡᠬᠡᠨ ᠡᠳ᠋ᠰᠢᠬᠦᠯᠬᠦ ᠠᠵᠤ ᠦᠢᠯᠡᠰ ᠢ ᠬᠦᠭᠵᠢᠬᠦᠯᠵᠤ᠂ ︽ᠪᠦᠬᠦ | ᠣᠷᠣᠨ ᠤ ᠦᠨᠳᠣᠰᠣᠳᠠᠨ ᠤ ᠣᠯᠠᠮᠵᠢᠯᠠᠯᠳᠣ ᠴᠠᠭᠠᠨ ᠢᠳᠡᠬᠡᠨ ᠤ ᠠᠵᠣ ᠦᠢᠯᠡᠰ ᠤᠨ ᠬᠦᠭᠵᠢᠯᠳᠠ ᠶᠢ ᠲᠦᠯᠬᠢᠨ | ᠠᠬᠢᠭᠤᠯᠬᠤ ᠲᠣᠬᠠᠢ ᠮᠡᠳᠡᠭᠳᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ 1— 2 | ᠲᠣᠯᠣᠭᠠᠶᠢᠯᠠᠭᠴᠢ ᠠᠵᠣ ᠠᠬᠤᠶᠢᠯᠠᠯ᠂ ᠮᠠᠯᠵᠢᠬᠤ ᠣᠷᠣᠨ ᠤ ᠬᠤᠷᠰᠢᠶᠠᠵᠢᠯ 20᠂ ᠪᠠᠭ᠎ᠠ ᠬᠡᠪᠴᠢᠶᠠᠨ ᠤ | ᠣᠯᠠᠮᠵᠢᠯᠠᠯᠳᠣ ᠴᠠᠭᠠᠨ ᠢᠳᠡᠬᠡᠨ ᠡᠳ᠋ᠰᠢᠬᠦᠯᠬᠦ ᠵᠢᠱᠢᠶ᠎ᠠ ᠦᠵᠡᠬᠦᠯᠬᠦ 100 ᠡᠷᠣᠬᠡ ᠶᠢ ᠭᠤᠣᠯᠳᠠᠯᠭ᠎ᠠ ᠲᠠᠢ ᠲᠠᠮᠵᠢᠵᠤ᠂ | ᠪᠠᠷᠢᠮᠵᠢᠶ᠎ᠠ᠂ ᠲᠠᠸᠠᠷ ᠤᠨ ᠲᠠᠮᠳᠡᠭ᠂ ᠬᠡᠷᠡᠴᠢᠯᠠᠯ᠂ ᠪᠣᠭᠤᠳᠠᠯ᠂ ᠬᠢᠨᠡᠯᠳᠡ ᠬᠠᠮᠢᠶᠠᠷᠤᠯᠳᠠ ᠶᠢ ᠨᠢᠬᠡᠳᠤᠯᠳᠡᠢ ᠪᠤᠯᠭᠠᠬᠤ | ᠪᠠᠷ ᠲᠠᠮᠵᠢᠨ᠂ ᠠᠵᠣ ᠦᠢᠯᠡᠰ ᠤᠨ ᠬᠦᠭᠵᠢᠯᠳᠠ ᠶᠢ ᠪᠦᠬᠦ ᠲᠠᠯ᠎ᠠ ᠪᠠᠷ ᠬᠦᠳᠣᠯᠣᠨ ᠵᠢᠯᠣᠭᠤᠳᠣᠨ᠎ᠠ᠃ | ᠭᠤᠷᠪᠠ ᠳᠤ᠂ ᠮᠠᠯᠵᠢᠬᠤ ᠣᠷᠣᠨ ᠤ ᠠᠮᠢᠳᠣᠷᠠᠯ ᠤᠨ ᠣᠳᠣᠬᠢᠴᠢᠯᠠᠯᠳᠠ ᠶᠢ ᠢᠳᠡᠪᠬᠢᠳᠠᠢ ᠠᠬᠢᠭᠤᠯᠣᠨ᠎ᠠ᠃ | ᠣᠰᠣ ᠣᠮᠳᠠ ᠶᠢᠨ ᠲᠠᠯ᠎ᠠ ᠪᠠᠷ᠂ ᠪᠠᠶᠡᠡᠭᠤᠣᠯ ᠣᠰᠣᠨ ᠴᠦᠬᠦᠷᠣᠮ ᠤᠨ ᠬᠡᠷᠡᠭᠯᠡᠬᠦ ᠡᠷᠬᠡ ᠶᠢ ᠬᠤᠷᠢᠶᠠᠨ ᠠᠪᠴᠣ᠂ | ᠴᠠᠭᠠᠨ ᠤᠰᠤᠨ ᠴᠦᠬᠦᠷᠤᠮ ᠤᠨ ᠬᠠᠮᠢᠶᠠᠷᠣᠯᠳᠠ ᠶᠢ ᠦᠨᠡᠨᠬᠦ ᠴᠢᠩᠭᠠᠳᠬᠠᠵᠣ᠂ ᠪᠡᠯᠬᠦᠳᠡᠢ ᠪᠠᠯᠭᠠᠰᠤᠨ ᠤ ᠤᠰᠤ | ᠬᠠᠩᠭᠠᠬᠤ ᠤᠰᠤᠨ ᠰᠤᠷᠪᠤᠯᠵᠢ ᠶᠢᠨ ᠭᠠᠵᠡᠷ ᠰᠢᠡᠵᠢᠯᠡᠬᠡᠨ ᠤ ᠨᠠᠷᠢᠨ ᠪᠠᠶᠢᠴᠠᠭᠠᠯᠳᠠ ᠶᠢᠨ ᠲᠦᠷᠤᠯ ᠵᠥᠢᠯ ᠢ | ᠡᠬᠢᠯᠡᠬᠦᠯᠵᠤ᠂ ᠰᠢᠨ᠎ᠠ ᠪᠠᠷ 80 ᠬᠤᠳᠳᠤᠭ ᠮᠠᠯᠳᠠᠵᠣ᠂ 100 ᠢᠵᠢ ᠤᠰᠤ ᠲᠠᠳᠠᠬᠤ ᠲᠦᠬᠦᠬᠡᠷᠤᠮᠵᠢ᠂ 1000 | ᠢᠵᠢ ᠣᠰᠣ ᠰᠠᠶᠢᠵᠢᠷᠠᠭᠤᠯᠬᠤ ᠲᠦᠬᠦᠬᠡᠷᠦᠮᠵᠢ ᠣᠭᠰᠠᠷᠠᠨ᠎ᠠ᠃ ᠴᠠᠬᠢᠯᠭᠠᠨ ᠬᠦᠴᠣᠨ ᠤ ᠲᠠᠯ᠎ᠠ ᠪᠠᠷ᠂ ᠮᠠᠯᠵᠢᠬᠤ | ᠣᠷᠣᠨ ᠤ ᠨᠠᠷᠨ ᠰᠠᠯᠬᠢᠨ ᠬᠠᠪᠰᠤᠷᠠᠭᠠᠭᠰᠡᠨ ᠲᠦᠬᠦᠬᠡᠷᠦᠮᠵᠢ ᠶᠢ ᠲᠠᠰ ᠲᠠᠪᠰᠢᠬᠦᠯᠬᠦ ᠲᠦᠷᠦᠯ ᠵᠦᠢᠯ ᠢ ᠢᠳᠡᠪᠬᠢᠳᠠᠢ | ᠭᠤᠶᠤᠴᠢᠯᠠᠨ ᠣᠯᠵᠣ᠂ ᠬᠦᠳᠡᠭᠡ ᠲᠣᠰᠬᠤᠨ ᠤ ᠴᠠᠬᠢᠯᠭᠠᠨ ᠲᠣᠣᠷ ᠢ ᠦᠬᠡᠷᠡᠴᠢᠯᠠᠨ ᠲᠠᠰ ᠲᠠᠪᠰᠢᠬᠦᠯᠬᠦ | ᠢᠨᠵᠧᠨᠧᠷᠢᠩ ᠢ ᠲᠦᠯᠬᠢᠨ ᠠᠬᠢᠭᠤᠯᠵᠣ᠂ 220 ᠺᠢᠯᠣᠮᠧᠲᠷ ᠴᠠᠬᠢᠯᠭᠠᠨ ᠣᠳᠠᠰᠣ ᠲᠠᠳᠠᠨ᠎ᠠ᠃ ᠰᠢᠨ᠎ᠠ ᠬᠡᠯᠪᠡᠷᠢ ᠶᠢᠨ | ᠲᠣᠯᠠᠭᠠᠯᠭ᠎ᠠ ᠬᠠᠩᠭᠠᠬᠤ ᠴᠠᠬᠢᠯᠭᠠᠨ ᠲᠦᠬᠦᠬᠡᠷᠤᠮᠵᠢ ᠶᠢ ᠲᠡᠯᠬᠡᠷᠡᠬᠦᠯᠵᠤ᠂ ᠮᠠᠯᠵᠢᠬᠤ ᠤᠷᠤᠨ ᠤ ᠠᠷᠢᠭᠤᠨ ᠴᠡᠪᠡᠷ | ᠲᠤᠯᠠᠭᠠᠯᠭ᠎ᠠ ᠶᠢᠨ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠠ᠃ ᠵᠠᠰᠠᠮᠠᠯ ᠵᠠᠮ ᠤᠨ ᠲᠠᠯ᠎ᠠ ᠪᠠᠷ᠂ ︽ᠲᠦᠷᠪᠠᠨ | ᠰᠠᠶᠢᠨ ᠮᠠᠯᠵᠢᠬᠤ ᠣᠷᠣᠨ ᠤ ᠵᠠᠰᠠᠮᠠᠯ ᠵᠠᠮ︾ ᠤᠨ ᠪᠦᠳᠣᠬᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ | ᠦᠷᠬᠦᠯᠵᠢᠯᠠᠨ ᠪᠠᠶᠢᠭᠤᠯᠬᠤ 5 ᠪᠠᠷᠢᠯᠭ᠎ᠠ ᠶᠢ ᠲᠠᠭᠤᠰᠬᠠᠬᠤ ᠪᠠᠷ ᠴᠢᠷᠮᠠᠶᠢᠨ᠂ ᠰᠢᠨ᠎ᠠ ᠪᠠᠷ ᠪᠠᠶᠢᠭᠤᠯᠬᠤ 8 ᠲᠦᠷᠦᠯ | ᠵᠦᠢᠯ ᠢ ᠠᠵᠢᠯ ᠡᠬᠢᠯᠡᠬᠦᠯᠤᠨ᠂ 267 ᠺᠢᠯᠤᠮᠧᠲᠷ ᠮᠠᠯᠵᠢᠬᠤ ᠤᠷᠤᠨ ᠤ ᠵᠠᠰᠠᠮᠠᠯ ᠵᠠᠮ ᠢ ᠰᠢᠨᠡᠳᠬᠡᠨ ᠵᠠᠰᠠᠨ᠎ᠠ᠃ | ᠴᠢᠮᠡᠭᠡ ᠨᠠᠪᠳᠠᠷᠠᠬᠦᠯᠬᠡ ᠶᠢᠨ ᠲᠠᠯ᠎ᠠ ᠪᠠᠷ᠂ ᠦᠡᠳᠤᠰᠤᠨ ᠣᠯᠠᠨ ᠨᠠᠶᠢᠳᠠ ᠶᠢᠨ ᠦᠢᠯᠡᠴᠢᠯᠡᠭᠡ ᠶᠢ ᠡᠷᠤᠬᠡ ᠳᠤ | ᠤᠷᠤᠭᠤᠯᠬᠤ ᠢᠡᠵᠧᠨᠧᠷᠢᠩ ᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ᠲᠤᠬᠢᠶᠠᠨ ᠤ ᠰᠠᠭᠤᠷᠢ ᠦᠷᠳᠡᠭᠡ 10 | ᠶᠢ ᠪᠠᠶᠢᠭᠤᠯᠤᠨ᠎ᠠ᠃ ᠫᠧᠩ ᠬᠤᠷᠤᠭ᠎ᠠ ᠶᠢᠨ ᠲᠠᠯ᠎ᠠ ᠪᠠᠷ᠂ 2 ᠲᠦᠮᠡᠨ ᠲᠡᠭᠰᠢ ᠲᠦᠷᠪᠡᠯᠵᠢᠨ ᠮᠧᠲᠷ ᠫᠧᠩ | ᠬᠤᠷᠤᠭ᠎ᠠ᠂ 7000 ᠲᠡᠭᠰᠢ ᠲᠦᠷᠪᠠᠯᠵᠢᠨ ᠮᠧᠲᠷ ᠡᠪᠡᠰᠣ ᠬᠠᠳᠠᠭᠠᠯᠠᠬᠤ ᠫᠧᠩ ᠪᠠᠶᠢᠭᠤᠯᠣᠨ᠎ᠠ᠃ ᠰᠠᠭᠤᠷᠢᠰᠢᠯ | ᠤᠷᠴᠢᠨ ᠢ ᠴᠡᠭᠴᠡᠯᠡᠨ ᠵᠠᠰᠠᠬᠤ ᠲᠠᠯ᠎ᠠ ᠪᠠᠷ᠂ ᠮᠠᠯ ᠲᠡᠵᠢᠬᠡᠪᠤᠷᠢ ᠶᠢᠨ ᠢᠯᠭᠠᠳᠠᠰᠤ ᠶᠢ ᠡᠬᠢ ᠪᠠᠶᠠᠯᠢᠭ ᠪᠤᠯᠭᠠᠨ | ᠠᠰᠢᠭᠯᠠᠬᠤ ᠲᠦᠷᠤᠯ ᠵᠥᠢᠯ ᠢ ᠬᠦᠴᠤᠯᠠᠨ ᠠᠬᠢᠭᠤᠯᠵᠤ᠂ 1190 ᠮᠠᠯᠵᠢᠬᠤ ᠡᠷᠣᠬᠡ ᠶᠢᠨ ᠵᠣᠷᠯᠣᠩ ᠢ | ᠦᠬᠡᠷᠡᠴᠢᠯᠠᠨ ᠰᠠᠶᠢᠵᠢᠷᠠᠭᠤᠯᠵᠣ᠂ ᠠᠮᠢᠳᠣᠷᠠᠯ ᠤᠨ ᠬᠤᠭ ᠨᠣᠪᠰᠢ ᠶᠢ ᠰᠢᠢᠳᠪᠤᠷᠢᠯᠡᠬᠦ 3 ᠰᠠᠭᠤᠷᠢ ᠲᠦᠬᠦᠬᠡᠷᠦᠮᠵᠢ | ᠶᠢ ᠪᠠᠶᠢᠭᠤᠯᠣᠨ᠎ᠠ᠃ ᠤᠶᠤᠡᠳᠤ ᠮᠠᠯ ᠠᠵᠤ ᠠᠬᠤᠢ ᠶᠢᠨ ᠲᠠᠯ᠎ᠠ ᠪᠠᠷ᠂ ᠣᠶᠣᠨᠳᠣ ᠮᠠᠯ ᠠᠵᠣ ᠠᠬᠤᠢ ᠶᠢᠨ | ᠲᠣᠷᠰᠢᠯᠳᠠ ᠶᠢᠨ ᠴᠡᠭ 20 ᠶᠢ ᠰᠢᠨ᠎ᠠ ᠪᠠᠷ ᠪᠠᠶᠢᠭᠤᠯᠵᠣ᠂ ᠬᠢᠨᠠᠨ ᠡᠵᠡᠮᠳᠡᠬᠦ ᠲᠦᠬᠦᠬᠡᠷᠦᠮᠵᠢ 120 ᠢᠵᠢ | ᠣᠭᠰᠠᠷᠠᠨ᠎ᠠ᠃ ᠡᠪᠡᠰᠤ ᠪᠣᠷᠳᠣᠭᠠᠨ ᠤ ᠪᠠᠳᠤᠯᠠᠭ᠎ᠠ ᠶᠢᠨ ᠲᠠᠯ᠎ᠠ ᠪᠠᠷ᠂ ᠬᠤᠰᠢᠭᠤ᠂ ᠰᠤᠮᠤ ᠪᠠᠯᠭᠠᠰᠤ ᠬᠤᠶᠡᠷ ᠱᠠᠳᠤᠨ | ᠤ ᠭᠠᠮᠰᠢᠭ ᠢ ᠰᠡᠷᠬᠡᠶᠢᠯᠡᠵᠤ ᠬᠤᠬᠢᠷᠠᠯ ᠢ ᠪᠠᠭᠠᠰᠬᠠᠬᠤ ᠲᠡᠵᠢᠬᠡᠯ ᠡᠪᠡᠰᠤ ᠪᠤᠷᠳᠤᠭ᠎ᠠ ᠲᠡᠬᠡᠬᠡᠪᠤᠷᠢᠯᠡᠬᠦ ᠰᠠᠭᠤᠷᠢᠨ | ᠭᠠᠵᠡᠷ ᠢ ᠰᠢᠨ᠎ᠠ ᠪᠠᠷ ᠪᠠᠶᠢᠭᠤᠯᠵᠤ᠂ ᠲᠡᠵᠢᠬᠡᠯ ᠡᠪᠡᠰᠤ ᠪᠤᠷᠳᠤᠭ᠎ᠠ ᠨᠦᠬᠡᠴᠡᠯᠡᠬᠦ ᠶᠢ ᠪᠠᠴᠢᠮ ᠪᠠᠶᠢᠳᠠᠯ ᠢ | ᠠᠷᠭᠠᠴᠠᠭᠠᠬᠤ ᠪᠠᠶᠢᠭᠰᠠᠨ ᠠᠴᠠ ᠭᠠᠮᠰᠢᠭ ᠲᠠᠢ ᠲᠠᠮᠠᠴᠠᠵᠤ ᠭᠠᠮᠰᠢᠭ ᠠᠴᠠ ᠠᠪᠤᠷᠠᠬᠤ ᠲᠦᠷᠢᠮᠵᠢᠯ ᠤᠨ ᠴᠢᠨᠠᠷᠳᠡᠢ | ᠠᠵᠢᠯ ᠪᠣᠯᠭᠠᠨ ᠬᠤᠪᠢᠷᠠᠭᠤᠯᠵᠣ᠂ ᠲᠦᠷᠢᠮᠵᠢᠯ ᠤᠨ ᠴᠢᠨᠠᠷᠳᠠᠢ ᠭᠠᠮᠰᠢᠭ ᠢ ᠰᠡᠷᠬᠡᠶᠢᠯᠠᠵᠣ ᠬᠤᠬᠢᠷᠠᠯ ᠪᠠᠭᠠᠰᠬᠠᠬᠤ | ᠪᠠᠶᠢᠭᠰᠠᠨ ᠠᠴᠠ ᠣᠯᠠᠷᠢᠯ ᠤᠨ ᠴᠢᠨᠠᠷᠳᠠᠢ ᠮᠠᠯ ᠤᠨ ᠲᠠᠷᠭᠤ ᠬᠦᠴᠣ ᠶᠢ ᠪᠠᠳᠣᠯᠠᠬᠤ ᠰᠢᠮᠡᠳᠣ ᠲᠡᠵᠢᠬᠡᠯ ᠨᠦᠬᠡᠴᠡᠯᠡᠬᠦ | ᠬᠡᠯᠪᠡᠷᠢ ᠪᠣᠯᠭᠠᠨ ᠬᠤᠪᠢᠷᠠᠭᠤᠯᠣᠨ᠎ᠠ᠃ ᠡᠯᠧᠺᠲᠷᠤᠨ ᠬᠤᠳᠠᠯᠳᠤᠭᠠᠨ ᠤ ᠲᠠᠯ᠎ᠠ ᠪᠠᠷ᠂ ᠵᠢᠯ ᠤᠨ ᠲᠤᠳᠤᠷ᠎ᠠ | ᠬᠤᠰᠢᠭᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ ᠲᠦᠪ ᠪᠠ | ᠰᠤᠮᠤ ᠪᠠᠯᠭᠠᠰᠤᠨ ᠤ 6 ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠷᠳᠡᠭᠡ ᠶᠢ | ᠠᠰᠢᠭᠯᠠᠯᠳᠠ ᠳᠤ ᠤᠷᠤᠭᠤᠯᠤᠨ᠎ᠠ᠃ ᠮᠠᠯ ᠠᠵᠣ ᠠᠬᠤᠢ ᠶᠢᠨ ᠮᠠᠰᠢᠨ ᠮᠧᠬᠠᠨᠢᠭ ᠤᠨ ᠲᠠᠯ᠎ᠠ ᠪᠠᠷ᠂ ᠦᠪᠡᠷᠳᠡᠬᠡᠨ | ᠵᠠᠰᠠᠬᠤ ᠣᠷᠣᠨ ᠤ ︽ᠲᠠᠷᠢᠶᠠᠯᠠᠩ ᠮᠠᠯ ᠠᠵᠣ ᠠᠬᠤᠢ ᠶᠢᠨ ᠮᠠᠰᠢᠨᠴᠢᠯᠠᠯᠳᠠ ᠪᠠ ᠲᠠᠷᠢᠶᠠᠯᠠᠩ ᠤᠨ ᠮᠠᠰᠢᠨ ᠮᠧᠬᠠᠨᠢᠭ | ᠤᠨ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠲᠠᠰ ᠲᠠᠪᠰᠢᠬᠦᠯᠬᠦ ᠶᠢ ᠲᠦᠯᠬᠢᠨ ᠠᠬᠢᠭᠤᠯᠬᠤ ᠲᠣᠬᠠᠢ ᠰᠠᠨᠠᠯ | ︾ ᠢ ᠬᠢᠨᠠᠮᠠᠭᠠᠢ ᠨᠠᠶᠢᠳᠠᠪᠣᠷᠢᠵᠢᠭᠤᠯᠣᠨ᠂ ᠰᠢᠨ᠎ᠠ ᠬᠡᠯᠪᠡᠷᠢ ᠶᠢᠨ ᠮᠠᠯ ᠠᠵᠣ ᠠᠬᠤᠢ ᠶᠢᠨ ᠮᠠᠰᠢᠨ ᠮᠧᠬᠠᠨᠢᠭ ᠢ ᠪᠦᠬᠦ | ᠬᠦᠴᠣᠨ ᠢᠶᠠᠷ ᠢᠶᠠᠨ ᠲᠡᠯᠬᠡᠷᠡᠬᠦᠯᠦᠨ ᠬᠡᠷᠡᠭᠯᠠᠵᠣ᠂ ᠬᠦᠳᠡᠯᠮᠤᠷᠢ ᠬᠦᠴᠤ ᠶᠢ ᠠᠷᠪᠢᠯᠠᠨ᠎ᠠ᠃ ᠴᠢᠳᠠᠪᠣᠷᠢᠳᠠᠨ ᠤ | ᠪᠠᠳᠣᠯᠠᠭ᠎ᠠ ᠶᠢᠨ ᠲᠠᠯ᠎ᠠ ᠪᠠᠷ᠂ ᠠᠶᠢᠮᠠᠭ ᠤᠨ ᠲᠤᠳᠤᠨ᠎ᠠ ᠭᠠᠳᠠᠨᠠᠬᠢ ᠰᠤᠳᠤᠯᠭᠠᠨ ᠤ ᠲᠡᠬᠡᠳᠤ ᠰᠤᠷᠭᠠᠭᠤᠯᠢ ᠪᠠ | ᠲᠤᠬᠠᠶᠢᠯᠠᠭᠰᠡᠨ ᠠᠵᠢᠯ ᠤᠨ ᠰᠠᠯᠠᠭ᠎ᠠ ᠮᠦᠴᠢᠷ ᠤᠨ ᠲᠤᠰᠬᠠᠢ ᠮᠠᠷᠬᠡᠵᠢᠯᠳᠠᠨ ᠤ ᠪᠦᠯᠬᠦᠮ ᠢ ᠤᠷᠢᠨ ᠬᠡᠷᠡᠭᠯᠡᠵᠤ᠂ | ᠲᠤᠰᠬᠠᠢ ᠮᠠᠷᠬᠡᠵᠢᠯᠳᠠᠨ ᠤ ᠡᠩᠨᠡᠭᠡ ᠪᠠᠶᠢᠭᠤᠯᠤᠨ᠂ ᠮᠠᠷᠬᠡᠵᠢᠯ ᠴᠢᠳᠠᠪᠤᠷᠢ ᠪᠠᠨ ᠲᠡᠬᠡᠭᠰᠢᠯᠡᠬᠦᠯᠤᠨ᠎ᠠ᠃ ᠰᠢᠨ᠎ᠠ ᠴᠠᠭ | ᠦᠶ᠎ᠠ ᠶᠢᠨ ᠠᠵᠢᠯ ᠮᠡᠷᠬᠡᠵᠢᠯ ᠤᠨ ᠮᠠᠯᠴᠢᠳ ᠢ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠣ᠂ ᠣᠷᠣᠨ ᠨᠣᠳᠤᠭ | ᠤᠨ ᠴᠢᠳᠠᠪᠣᠷᠢᠳᠠᠨ ᠢ ᠬᠦᠮᠤᠵᠢᠬᠦᠯᠤᠨ᠎ᠠ᠃ ᠶᠠᠰᠣ ᠴᠢᠨᠠᠷ ᠤᠨ ᠪᠠᠳᠣᠯᠠᠭ᠎ᠠ ᠶᠢᠨ ᠲᠠᠯ᠎ᠠ ᠪᠠᠷ᠂ ᠶᠠᠰᠣ ᠴᠢᠨᠠᠷ ᠢᠶᠠᠷ | ᠬᠤᠰᠢᠭᠤ ᠪᠠᠨ ᠬᠦᠴᠣᠷᠬᠡᠭᠵᠢᠬᠦᠯᠬᠦ ᠠᠬᠢᠴᠨ ᠪᠠᠨ ᠲᠦᠷᠬᠡᠳᠬᠡᠵᠣ᠂ ᠡᠯ᠎ᠠ ᠠᠵᠢᠯ ᠲᠦᠷᠦᠯ ᠤᠨ ᠶᠠᠰᠣ ᠴᠢᠨᠠᠷ ᠤᠨ | ᠣᠬᠠᠮᠰᠠᠷ ᠢᠶᠠᠨ ᠴᠢᠩᠭᠠᠳᠬᠠᠵᠣ᠂ ᠬᠠᠮᠢᠶᠠᠷᠣᠯᠳᠠ ᠶᠢᠨ ᠬᠢᠷᠢ ᠲᠦᠪᠰᠢᠨ ᠢᠶᠠᠨ ᠲᠡᠬᠡᠭᠰᠢᠯᠡᠬᠦᠯᠣᠨᠠ᠃ ᠬᠢᠵᠢᠭ | ᠡᠪᠡᠳᠴᠢᠨ ᠪᠠ ᠬᠤᠯᠤᠭᠠᠨ᠎ᠠ ᠬᠤᠷᠤᠬᠠᠢ ᠶᠢᠨ ᠬᠦᠨᠤᠬᠡᠯ ᠢ ᠰᠠᠷᠬᠡᠶᠢᠯᠠᠨ ᠵᠠᠰᠠᠬᠤ ᠲᠠᠯ᠎ᠠ ᠪᠠᠷ᠂ ᠠᠮᠢᠳᠠᠨ ᠤ ᠬᠢᠵᠢᠭ | ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠰᠠᠶᠢᠳᠣᠷ ᠠᠳᠬᠤᠵᠣ᠂ ᠭᠠᠯᠵᠠᠭᠤ ᠡᠪᠡᠳᠴᠢᠨ᠂ ᠰᠢᠯᠤᠬᠡᠢ ᠡᠪᠡᠳᠴᠢᠨ | ᠵᠡᠷᠬᠡ ᠶᠢ ᠰᠠᠶᠢᠳᠤᠷ ᠰᠡᠷᠬᠡᠶᠢᠯᠡᠵᠤ᠂ ᠮᠠᠯ ᠤᠨ ᠬᠢᠵᠢᠭ ᠰᠠᠷᠬᠡᠶᠢᠯᠡᠬᠦ ᠲᠠᠷᠢᠯᠭ᠎ᠠ ᠲᠠᠷᠢᠭᠰᠠᠨ ᠨᠣᠷᠮ᠎ᠠ ᠶᠢ 100% ᠳᠤ | ᠬᠦᠷᠬᠡᠬᠦ ᠶᠢ ᠦᠨᠡᠨᠬᠦ ᠪᠠᠳᠣᠯᠠᠬᠤ ᠬᠡᠷᠡᠭᠳᠠᠢ᠃ ᠬᠠᠮᠠᠭᠠᠯᠠᠯᠳᠠ ᠶᠢᠨ ᠴᠢᠨᠠᠷᠳᠠᠢ ᠬᠤᠯᠣᠭᠠᠨ᠎ᠠ ᠣᠰᠠᠳᠬᠠᠬᠤ ᠠᠵᠢᠯ ᠢ | ᠪᠦᠬᠦ ᠲᠠᠯ᠎ᠠ ᠪᠠᠷ ᠰᠠᠶᠢᠳᠣᠷ ᠦᠷᠨᠢᠬᠦᠯᠵᠣ᠂ ᠵᠢᠯ ᠤᠨ ᠲᠤᠳᠤᠷ᠎ᠠ 400 ᠲᠦᠮᠡᠨ ᠮᠤ᠋ ᠠᠴᠠ ᠲᠡᠬᠡᠭᠰᠢ ᠨᠤᠳᠤᠭ | ᠪᠠᠯᠴᠢᠬᠡᠷ ᠢ ᠬᠤᠯᠤᠭᠠᠨ᠎ᠠ ᠶᠢᠨ ᠬᠦᠨᠤᠬᠡᠯ ᠠᠴᠠ ᠰᠡᠷᠬᠡᠶᠢᠯᠡᠵᠤ᠂ ᠬᠤᠯᠤᠭᠠᠨ᠎ᠠ ᠶᠢᠨ ᠨᠢᠭᠳᠠᠴᠠ ᠶᠢ ᠵᠦᠢ ᠵᠤᠬᠢᠰᠳᠡᠢ | ᠬᠡᠪᠴᠢᠶᠠᠨ ᠳᠤ ᠬᠢᠵᠠᠭᠠᠷᠯᠠᠬᠤ ᠶᠢ ᠦᠨᠡᠡᠬᠦ ᠪᠠᠳᠤᠯᠠᠨ᠎ᠠ᠃ ᠨᠤᠳᠤᠭ ᠪᠠᠯᠴᠢᠬᠡᠷ ᠤᠨ ᠬᠤᠷᠤᠬᠠᠢ ᠶᠢᠨ ᠬᠦᠨᠤᠬᠡᠯ ᠢ | ᠰᠡᠷᠬᠡᠶᠢᠯᠡᠨ ᠵᠠᠰᠠᠬᠤ ᠠᠵᠢᠯ ᠢ ᠴᠠᠭ ᠲᠤᠬᠠᠢ ᠳᠤᠨᠢ ᠦᠷᠨᠢᠬᠦᠯᠵᠤ᠂ ᠵᠢᠯ ᠤᠨ ᠲᠤᠳᠤᠷ᠎ᠠ 72 ᠲᠦᠮᠡᠨ ᠮᠤ᠋ ᠳᠤ | ᠬᠠᠷ᠎ᠠ ᠬᠤᠷᠤᠬᠠᠢ ᠶᠢᠨ ᠭᠠᠮᠰᠢᠭ ᠢ ᠰᠡᠷᠬᠡᠶᠢᠯᠡᠨ ᠵᠠᠰᠠᠵᠤ᠂ 170 ᠲᠦᠮᠡᠨ ᠮᠤ᠋ ᠳᠤ ᠴᠡᠷᠴᠠᠬᠠᠢ ᠶᠢᠨ ᠭᠠᠮᠰᠢᠭ ᠢ | ᠰᠡᠷᠬᠡᠶᠢᠯᠡᠨ ᠵᠠᠰᠠᠨ᠎ᠠ᠃ | ᠲᠦᠷᠪᠠ ᠳᠤ᠂ ᠪᠠᠶᠢᠭᠤᠯᠣᠮᠵᠢ ᠵᠣᠬᠢᠴᠠᠮᠵᠢ ᠶᠢᠨ ᠣᠳᠣᠬᠢᠴᠢᠯᠠᠯᠳᠠ ᠶᠢ ᠠᠬᠢᠭᠤᠯᠤᠨ᠎ᠠ᠃ ᠮᠠᠯᠵᠢᠬᠤ | ᠤᠷᠤᠨ ᠤ ᠨᠡᠶᠢᠬᠡᠮᠴᠢᠯᠡᠭᠰᠡᠨ ᠦᠢᠯᠡᠴᠢᠯᠡᠬᠡᠨ ᠤ ᠲᠣᠭᠳᠠᠯᠴᠠᠭᠠᠨ ᠤ ᠪᠠᠶᠢᠭᠤᠯᠣᠯᠳᠠ ᠶᠢ ᠪᠦᠬᠦ ᠬᠦᠴᠣᠨ ᠢᠶᠠᠷ | ᠲᠦᠯᠬᠢᠨ ᠠᠬᠢᠭᠤᠯᠣᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠣᠨ ᠠᠪᠬᠤ᠂ ᠢᠳᠡᠬᠡᠮᠵᠢᠳᠣ ᠵᠢᠬᠡᠯᠡᠯᠬᠡ | ᠶᠢᠨ ᠲᠠᠮᠵᠢᠯᠬᠡ ᠦᠵᠡᠬᠦᠯᠬᠦ ᠵᠡᠷᠬᠡ ᠠᠷᠭ᠎ᠠ ᠪᠠᠷ ᠲᠠᠮᠵᠢᠨ᠂ ᠵᠠᠰᠠᠭ ᠤᠨ ᠣᠷᠳᠣᠨ ᠤ ᠨᠠᠶᠢᠳᠠ ᠶᠢᠨ ᠠᠰᠢᠭᠳᠤ | ᠦᠢᠯᠡᠴᠢᠯᠡᠬᠡᠨ ᠤ ᠪᠠᠶᠢᠭᠤᠯᠣᠮᠵᠢ ᠠᠴᠠ ᠬᠢᠨᠠᠯᠳᠠ ᠲᠠᠯᠪᠢᠨ᠂ ᠨᠡᠶᠢᠬᠡᠮᠴᠢᠯᠡᠭᠰᠡᠨ ᠦᠢᠯᠡᠴᠢᠯᠡᠬᠡᠨ ᠤ ᠠᠵᠣ ᠠᠬᠤᠶᠢᠯᠠᠯ | ᠠᠴᠠ ᠦᠢᠯᠡᠴᠢᠯᠡᠭᠡ ᠬᠠᠩᠭᠠᠬᠤ ᠶᠢ ᠣᠶᠠᠯᠳᠣᠭᠤᠯᠣᠭᠰᠠᠨ ᠠᠷᠭ᠎ᠠ ᠬᠡᠮᠵᠢᠶ᠎ᠠ ᠠᠪᠴᠣ᠂ ᠵᠢᠯ ᠤᠨ ᠲᠣᠳᠣᠷ᠎ᠠ 1│2 | ᠦᠢᠯᠡᠳᠪᠣᠷᠢᠯᠠᠯ ᠠᠮᠢᠳᠤᠷᠡᠯ ᠤᠨ ᠦᠢᠯᠡᠴᠢᠯᠡᠬᠡᠨ ᠤ ᠠᠵᠣ ᠠᠬᠤᠶᠢᠯᠠᠯ ᠢ ᠣᠷᠢᠨ ᠣᠷᠣᠭᠤᠯᠵᠣ᠂ ᠲᠣᠷᠰᠢᠯᠳᠠ ᠶᠢᠨ | ᠴᠡᠭ ᠤᠨ ᠭᠠᠵᠡᠷ ᠤᠷᠤᠨ ᠳᠤ ᠦᠢᠯᠡᠴᠢᠯᠡᠭᠡ ᠦᠷᠨᠢᠬᠦᠯᠣᠨ᠎ᠠ᠃ ᠠᠰᠢᠭ ᠲᠣᠰᠨ ᠬᠤᠯᠪᠣᠭᠠᠯᠠᠭᠰᠠᠨ ᠵᠣᠬᠢᠴᠠᠮᠵᠢ | ᠪᠠᠶᠢᠭᠤᠯᠬᠤ ᠶᠢ ᠠᠬᠢᠭᠤᠯᠣᠨ᠎ᠠ᠃ ︽+ ᠮᠠᠯᠵᠢᠬᠤ ᠡᠷᠦᠬᠡ︾ ᠶᠢᠨ ᠵᠠᠭᠪᠣᠷ ᠢᠶᠠᠷ ᠲᠠᠮᠵᠢᠨ᠂ ᠲᠡᠵᠢᠬᠡᠨ | ᠦᠷᠠᠵᠢᠬᠦᠯᠬᠦ᠂ ᠨᠠᠶᠢᠳᠠᠨ ᠲᠡᠵᠢᠬᠡᠯᠬᠡᠬᠦ᠂ ᠡᠳ᠋ᠰᠢᠬᠦᠯᠬᠦ᠂ ᠵᠦᠬᠡᠬᠡᠪᠣᠷᠢᠯᠡᠬᠦ᠂ ᠪᠣᠷᠣᠯᠠᠭᠤᠯᠭ᠎ᠠ ᠵᠡᠷᠬᠡ ᠠᠵᠣ ᠦᠢᠯᠡᠰ ᠤᠨ | ᠬᠡᠯᠬᠢᠶᠠᠵᠢᠯ ᠤᠨ ᠡᠵᠡᠩᠨᠠᠯᠳᠠ ᠶᠢᠨ ᠭᠤᠣᠯ ᠴᠣᠭᠴᠨ ᠶᠢ ᠪᠠᠶᠢᠭᠤᠯᠵᠤ᠂ ᠮᠠᠯ ᠣᠨᠤᠭ᠎ᠠ ᠶᠢ ᠨᠠᠶᠢᠳᠠᠨ ᠲᠡᠵᠢᠬᠡᠯᠬᠡᠬᠦ᠂ | ᠬᠤᠪᠢ ᠣᠷᠣᠭᠤᠯᠵᠣ ᠬᠤᠷᠰᠢᠬᠤ᠂ ᠬᠦᠷᠣᠩᠬᠡ ᠨᠡᠶᠢᠯᠡᠬᠦᠯᠬᠦ ᠵᠡᠷᠬᠡ ᠠᠷᠭ᠎ᠠ ᠮᠠᠶ᠋ᠢᠭ ᠢᠶᠠᠷ ᠲᠠᠮᠵᠢᠨ᠂ ᠨᠢᠬᠡ ᠪᠦᠯᠦᠭ | ᠮᠠᠯ ᠠᠵᠣ ᠠᠬᠤᠢ ᠶᠢᠨ ᠠᠵᠣ ᠦᠢᠯᠡᠰ ᠤᠨ ᠬᠤᠯᠪᠤᠭᠠᠯᠠᠭᠰᠡᠨ ᠴᠣᠭᠴᠨ ᠶᠢ ᠪᠦᠬᠦ ᠬᠦᠴᠣᠨ ᠢᠶᠠᠷ ᠪᠠᠶᠢᠭᠤᠯᠵᠣ᠂ | 80% ᠠᠴᠠ ᠲᠡᠬᠡᠭᠰᠢᠬᠢ ᠮᠠᠯ ᠠᠵᠣ ᠠᠬᠤᠢ ᠶᠢᠨ ᠠᠵᠣ ᠠᠬᠤᠶᠢᠯᠠᠯ ᠬᠢᠬᠡᠳ ᠮᠠᠯᠵᠢᠬᠤ ᠡᠷᠦᠬᠡ ᠶᠢᠨ ᠠᠰᠢᠭ | ᠲᠤᠰᠠ ᠬᠤᠯᠪᠤᠭᠠᠯᠠᠭᠰᠡᠨ ᠵᠣᠬᠢᠴᠮᠠᠵᠢ ᠶᠢ ᠪᠠᠶᠢᠭᠤᠯᠤᠨ᠎ᠠ᠃ ᠡᠷᠣᠬᠡ ᠬᠤᠯᠪᠣᠭᠠᠯᠠᠨ ᠡᠵᠡᠩᠨᠡᠬᠦ ᠶᠢ ᠲᠦᠯᠬᠢᠨ | ᠠᠬᠢᠭᠤᠯᠵᠣ᠂ ᠣᠶᠣᠨᠳᠣ ᠮᠠᠯ ᠠᠵᠣ ᠠᠬᠤᠢ ᠶᠢᠨ ᠮᠡᠷᠬᠡᠵᠢᠯ ᠤᠨ ᠦᠢᠯᠡᠳᠣᠯ ᠢ ᠬᠦᠢᠴᠡᠳ ᠪᠠᠳᠠᠷᠠᠭᠤᠯᠣᠨ᠂ ᠨᠣᠳᠤᠭ | ᠪᠠᠯᠴᠢᠬᠡᠷ ᠤᠨ ᠲᠠᠯᠠᠪᠠᠢ ᠨᠢ ᠪᠠᠭ᠎ᠠ ᠮᠦᠷᠳᠡᠬᠡᠨ ᠬᠦᠳᠠᠯᠮᠣᠷᠢ ᠬᠦᠴᠣ ᠬᠦᠷᠣᠯᠴᠠᠬᠦ ᠦᠬᠡᠢ ᠬᠤᠷᠰᠢᠨ ᠡᠵᠡᠩᠨᠡᠬᠦ | ᠰᠠᠨᠠᠭ᠎ᠠ ᠲᠠᠢ ᠮᠠᠯᠵᠢᠬᠤ ᠡᠷᠦᠬᠡ ᠶᠢ ᠰᠣᠩᠭᠤᠵᠣ᠂ ᠲᠣᠣᠷ ᠬᠦᠷᠢᠶ᠎ᠠ ᠪᠠᠨ ᠵᠠᠶᠢᠯᠠᠭᠤᠯᠵᠤ ᠨᠤᠳᠤᠭ ᠪᠠᠯᠴᠢᠬᠡᠷ ᠢᠶᠠᠨ | ᠨᠢᠬᠡᠳᠬᠡᠬᠦ᠂ ᠰᠠᠭᠤᠷᠢ ᠲᠦᠬᠦᠬᠡᠷᠦᠮᠵᠢ ᠪᠠᠨ ᠬᠠᠮᠳᠤᠪᠠᠷ ᠬᠡᠷᠡᠭᠯᠡᠬᠦ᠂ ᠨᠤᠳᠤᠭ ᠪᠠᠯᠴᠢᠬᠡᠷ ᠢᠶᠠᠨ ᠲᠣᠭᠤᠷᠢᠭ ᠬᠤᠪᠢᠶᠠᠨ | ᠰᠡᠯᠬᠦᠨ ᠮᠠᠯᠵᠢᠬᠤ ᠵᠡᠷᠬᠡ ᠡᠷᠣᠬᠡ ᠬᠤᠯᠪᠣᠭᠠᠯᠠᠨ ᠡᠵᠡᠩᠨᠡᠬᠦ ᠲᠣᠷᠰᠢᠯᠳᠠ ᠶᠢᠨ ᠴᠡᠭ ᠤᠨ ᠠᠵᠢᠯ ᠢ ᠦᠷᠨᠢᠬᠦᠯᠵᠣ᠂ | ᠵᠢᠯ ᠤᠨ ᠲᠤᠳᠤᠷ᠎ᠠ ᠰᠤᠮᠤ ᠪᠠᠯᠭᠠᠰᠤ ᠪᠦᠷᠢ ᠳᠤ 1 ᠠᠴᠠ ᠲᠡᠬᠡᠭᠰᠢ ᠡᠷᠤᠬᠡ ᠬᠤᠯᠪᠤᠭᠠᠯᠠᠨ ᠡᠵᠡᠩᠨᠡᠬᠦ ᠲᠤᠷᠰᠢᠯᠳᠠ | ᠶᠢᠨ ᠴᠡᠭ ᠪᠠᠶᠢᠭᠤᠯᠤᠨ᠎ᠠ᠃ | ︵ᠭᠤᠷᠪᠠ︶ ᠰᠢᠨ᠎ᠠ ᠬᠠᠭᠤᠴᠢᠨ ᠬᠦᠳᠠᠯᠬᠡᠭᠴᠢ ᠡᠨᠧᠷᠬᠢ ᠶᠢᠨ ᠰᠣᠯᠢᠭᠳᠠᠯ ᠢ ᠪᠦᠬᠦ ᠬᠦᠴᠦᠨ ᠢᠶᠠᠷ ᠢᠶᠠᠨ | ᠲᠦᠷᠬᠡᠳᠬᠡᠵᠣ᠂ ᠴᠢᠨᠠᠷ ᠰᠠᠶᠢᠳᠠᠢ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠣᠨᠠ᠃ | ᠨᠢᠬᠡ ᠳᠤ᠂ ᠠᠵᠣ ᠦᠢᠯᠡᠰ ᠤᠨ ᠪᠦᠳᠣᠴᠨ ᠶᠢ ᠲᠠᠰᠣᠷᠠᠯᠳᠠ ᠦᠬᠡᠢ ᠰᠢᠯᠢᠳᠡᠭᠵᠢᠬᠦᠯᠣᠨᠠ᠃ ᠡᠨᠧᠷᠬᠢ ᠶᠢᠨ | ᠰᠣᠷᠪᠣᠯᠵᠢ ᠶᠢᠨ ᠠᠵᠣ ᠦᠢᠯᠡᠰ ᠢ ᠬᠦᠭᠵᠢᠬᠦᠯᠣᠨ᠎ᠠ᠃ ᠮᠠᠨ ᠤ ᠠᠶᠢᠮᠠᠭ ᠤᠨ ᠬᠠᠩᠭᠠᠯᠭ᠎ᠠ ᠶᠢ ᠪᠠᠳᠣᠯᠠᠬᠤ ᠲᠦᠷᠦᠯ | ᠤᠨ ᠨᠡᠬᠦᠷᠠᠰᠣᠨ ᠠᠭᠤᠷᠬᠠᠢ ᠶᠢᠨ ᠭᠠᠷ ᠬᠦᠢᠴᠡᠳᠬᠡᠯ ᠢ ᠠᠬᠢᠭᠤᠯᠬᠤ ᠲᠣᠷᠰᠢᠯᠳᠠ ᠶᠢᠨ ᠴᠡᠭ ᠢᠶᠠᠷ | ᠲᠤᠭᠳᠠᠭᠠᠭᠳᠠᠭᠰᠡᠨ ᠠᠵᠨ ᠲᠣᠬᠢᠶᠠᠯ ᠢ ᠡᠵᠡᠮᠳᠠᠨ᠂ ᠴᠠᠭᠠᠨᠨᠠᠭᠤᠷ ᠤᠨ ᠵᠢᠯ ᠳᠤ 500 ᠲᠦᠮᠠᠨ ᠲᠤᠨ ᠨᠠᠬᠦᠷᠠᠰᠣ | ᠦᠢᠯᠡᠳᠪᠤᠷᠢᠯᠡᠬᠦ ᠠᠭᠤᠷᠬᠠᠢ ᠪᠠ ᠳ᠋ᠠ ᠠᠨ ᠵᠢᠯ ᠳᠤ 120 ᠲᠦᠮᠡᠨ ᠲᠤᠨ ᠤ ᠨᠠᠬᠦᠷᠡᠰᠤ ᠭᠠᠷᠭᠠᠬᠤ ᠠᠭᠤᠷᠬᠠᠢ ᠶᠢᠨ | ᠠᠭᠤᠷᠬᠠᠢ ᠨᠡᠬᠡᠬᠡᠬᠦ ᠦᠨᠡᠮᠯᠠᠯ ᠤᠨ ᠭᠠᠷᠳᠠᠮ ᠢ ᠬᠦᠢᠴᠡᠳᠬᠡᠵᠤ᠂ ᠮᠠᠨᠢᠳᠣ ᠠᠭᠤᠷᠬᠠᠢ ᠶᠢᠨ ᠲᠤᠭᠤᠷᠢᠭ ᠤᠨ 3 | ᠨᠠᠬᠦᠷᠡᠰᠤᠨ ᠠᠭᠤᠷᠬᠠᠢ ᠶᠢ ᠴᠡᠭᠴᠡᠯᠡᠨ ᠨᠢᠬᠡᠳᠬᠡᠵᠤ᠂ 3 ᠨᠠᠬᠦᠷᠠᠰᠣ ᠣᠬᠢᠶᠠᠬᠤ ᠦᠢᠯᠡᠳᠪᠣᠷᠢ ᠶᠢ ᠪᠦᠬᠦ ᠲᠠᠯ᠎ᠠ ᠪᠠᠷ | ᠠᠰᠢᠭᠯᠠᠯᠳᠠ ᠳᠤ ᠣᠷᠣᠭᠤᠯᠣᠨ᠎ᠠ᠃ ᠴᠠᠭᠠᠨᠨᠠᠭᠤᠷ ᠤᠨ 2×66 ᠲᠦᠮᠡᠨ ᠺᠢᠯᠣᠸᠠᠲ ᠤᠨ ᠴᠠᠬᠢᠯᠭᠠᠨ ᠤ | ᠦᠢᠯᠡᠳᠪᠣᠷᠢ ᠶᠢᠨ ᠪᠦᠳᠣᠬᠡᠨ ᠪᠠᠶᠢᠭᠤᠯᠣᠯᠳᠠ ᠶᠢ 5 ᠰᠠᠷ᠎ᠠ ᠳᠤ ᠠᠵᠢᠯ ᠡᠬᠢᠯᠡᠬᠦᠯᠵᠤ᠂ ᠴᠠᠬᠢᠯᠭᠠᠨ ᠭᠠᠳᠠᠭᠰᠢ | ᠬᠦᠷᠬᠡᠬᠦ ᠲᠦᠷᠦᠯ ᠵᠦᠢᠯ ᠤᠨ ᠪᠠᠷᠢᠯᠭ᠎ᠠ ᠶᠢ ᠲᠠᠭᠤᠰᠬᠠᠵᠤ᠂ ᠨᠠᠶᠢᠳᠠ 130 ᠲᠦᠮᠡᠨ ᠺᠢᠯᠣᠸᠠᠲ ᠤᠨ ᠰᠢᠨ᠎ᠠ | ᠡᠨᠧᠷᠬᠢ ᠶᠢᠨ ᠰᠠᠯᠬᠢᠨ ᠬᠦᠴᠣᠨ ᠤ ᠴᠠᠬᠢᠯᠭᠠᠨ ᠤ ᠲᠦᠷᠦᠯ ᠵᠦᠢᠯ᠂ 500 ᠺᠢᠯᠤᠸᠤᠯᠲ ᠤᠨ ᠬᠦᠴᠤᠳᠠᠯ | ᠬᠤᠪᠢᠰᠬᠠᠬᠤ ᠢᠨᠵᠧᠨᠧᠷᠢᠩ᠂ 220 ᠺᠢᠯᠤᠸᠤᠯᠲ ᠤᠨ ᠢᠵᠢ ᠪᠦᠷᠢᠳᠦᠭᠰᠡᠨ ᠴᠠᠬᠢᠯᠭᠠᠨ ᠬᠦᠷᠬᠡᠬᠦ ᠱᠣᠭᠤᠮ ᠤᠨ | ᠢᠨᠵᠧᠨᠧᠷᠢᠩ ᠤᠨ ᠪᠠᠷᠢᠯᠭ᠎ᠠ ᠶᠢ ᠲᠠᠭᠤᠰᠬᠠᠨ᠂ ᠡᠷᠢᠶᠠᠨ ᠤ ᠪᠢᠴᠢᠯ ᠴᠠᠬᠢᠯᠭᠠᠨ ᠤ ᠠᠪᠠᠭ᠎ᠠ ᠬᠤᠰᠢᠭᠤᠨ ᠤ ᠪᠦᠯᠦᠭᠯᠠᠯ | ᠤᠨ ᠲᠦᠷᠦᠯ ᠵᠦᠢᠯ ᠤᠨ ᠭᠠᠷᠳᠠᠮ ᠬᠦᠢᠴᠡᠳᠬᠡᠬᠦ ᠠᠵᠢᠯ ᠢ ᠡᠮᠬᠢ ᠵᠢᠷᠣᠮ ᠲᠠᠢ ᠠᠬᠢᠭᠤᠯᠵᠣ᠂ ᠪᠠᠷᠠᠭᠤᠨ ᠬᠡᠰᠡᠭ ᠤᠨ | ᠡᠯᠡᠰᠣᠷᠬᠡᠭ ᠭᠠᠵᠠᠷ ᠣᠷᠣᠨ ᠤ ᠮᠢᠩᠭᠠᠨ ᠲᠦᠮᠡᠨ ᠺᠢᠯᠣᠸᠠᠲ ᠤᠨ ᠰᠢᠨ᠎ᠠ ᠡᠨᠧᠷᠬᠢ ᠶᠢ ᠨᠡᠬᠡᠬᠡᠨ ᠬᠦᠭᠵᠢᠬᠦᠯᠬᠦ | ᠬᠢᠬᠡᠳ ᠠᠮᠢ ᠠᠬᠤᠢ ᠶᠢ ᠵᠠᠰᠠᠨ ᠰᠡᠷᠬᠦᠬᠡᠵᠤ ᠵᠤᠬᠢᠴᠠᠩᠭᠤᠢ ᠬᠦᠭᠵᠢᠬᠦᠯᠬᠦ ᠵᠢᠱᠢᠶ᠎ᠠ ᠦᠵᠡᠬᠦᠯᠬᠦ ᠰᠠᠭᠤᠷᠢᠨ ᠭᠠᠵᠠᠷ | ᠤᠨ ᠮᠠᠨ ᠤ ᠬᠤᠰᠢᠭᠤᠨ ᠤ ᠲᠦᠷᠦᠯ ᠵᠦᠢᠯ ᠳᠤ ᠬᠤᠯᠪᠣᠭᠳᠠᠬᠤ ᠡᠮᠣᠨᠡᠬᠢ ᠬᠤᠭᠤᠴᠠᠭᠠᠨ ᠤ ᠠᠵᠢᠯ ᠢ | ᠪᠠᠶᠠᠯᠠᠬᠦᠯᠤᠨ᠎ᠠ᠃ ᠠᠭᠤᠷᠬᠠᠢ ᠶᠢᠨ ᠬᠦᠳᠠᠷ ᠰᠢᠯᠢᠬᠦ ᠠᠵᠣ ᠦᠢᠯᠡᠰ ᠢ ᠬᠦᠭᠵᠢᠬᠦᠯᠣᠨ᠎ᠠ᠃ ᠶᠢᠨ ᠳ᠋ᠢ ᠵᠠᠰ ᠮᠣᠯᠢᠪᠳᠧᠨ | ᠤ ᠠᠭᠤᠷᠬᠠᠢ ᠶᠢᠨ ᠲᠤᠭᠳᠠᠭᠤᠨ ᠡᠷᠬᠢᠯᠳᠠ ᠶᠢ ᠪᠠᠳᠤᠯᠠᠵᠤ᠂ ᠭᠤᠷᠴᠢ ᠡᠳᠣᠷ ᠲᠤ 2000 ᠲᠣᠨ ᠣᠯᠠᠨ ᠲᠠᠮᠦᠷᠯᠢᠭ | ᠤᠨ ᠬᠦᠳᠠᠷ ᠰᠢᠯᠢᠬᠦ ᠲᠦᠷᠦᠯ ᠵᠦᠢᠯ ᠠᠶᠣᠯᠬᠦᠢ ᠦᠢᠯᠡᠳᠪᠣᠷᠢᠯᠠᠯ ᠤᠨ ᠵᠦᠪᠰᠢᠶᠠᠷᠠᠯ ᠢ ᠤᠯᠵᠤ᠂ ᠯᠦᠩ ᠰᠢᠩ | ᠬᠠᠶᠢᠯᠣᠭᠤᠷ ᠵᠣᠩᠰᠢ ᠶᠢᠨ ᠡᠳᠤᠷ ᠲᠤ 1000 ᠲᠤᠨ ᠬᠦᠳᠡᠷ ᠰᠢᠯᠢᠬᠦ ᠠᠭᠤᠷᠬᠠᠢ ᠶᠢ ᠪᠦᠬᠦ ᠲᠠᠯ᠎ᠠ ᠪᠠᠷ ᠲᠤᠷᠰᠢᠨ | ᠠᠵᠢᠯᠯᠠᠭᠤᠯᠤᠨ᠎ᠠ᠃ ᠮᠠᠯ ᠤᠨ ᠠᠰᠢᠭ ᠰᠢᠮ᠎ᠠ ᠶᠢ ᠡᠳ᠋ᠰᠢᠬᠦᠯᠬᠦ ᠠᠵᠣ ᠦᠢᠯᠡᠰ ᠤᠨ ᠬᠢᠷᠢ ᠲᠦᠪᠰᠢᠨ ᠢ | ᠲᠡᠬᠡᠭᠰᠢᠯᠡᠬᠦᠯᠦᠨ᠎ᠠ᠃ ᠡᠷᠳᠠᠨᠢ ᠢᠳᠡᠬᠡᠨ ᠤ ᠬᠢᠵᠠᠭᠠᠷᠳᠣ ᠺᠣᠮᠫᠠᠨᠢ ᠶᠢᠨ ᠮᠢᠬᠠᠨ ᠤ ᠦᠬᠡᠷ ᠡᠳ᠋ᠰᠢᠬᠦᠯᠬᠦ᠂ ᠪᠣᠯᠭᠤᠭᠰᠠᠨ | ᠢᠳᠡᠬᠡᠨ ᠡᠳ᠋ᠰᠢᠬᠦᠯᠬᠦ ᠬᠢᠷᠢ ᠲᠦᠪᠰᠢᠨ ᠢ ᠲᠠᠰᠣᠷᠠᠯᠳᠠ ᠦᠬᠡᠢ ᠲᠡᠬᠡᠭᠰᠢᠯᠡᠬᠦᠯᠵᠣ᠂ ᠨᠣᠮᠢᠨ ᠲᠡᠯᠡᠬᠡᠢ ᠲᠠᠷᠢᠶᠠᠯᠠᠩ ᠮᠠᠯ | ᠠᠵᠤ ᠠᠬᠤᠢ ᠶᠢᠨ ᠬᠢᠵᠠᠭᠠᠷᠳᠤ ᠺᠤᠮᠫᠠᠨᠢ ᠶᠢ ᠦᠬᠡᠷᠡᠴᠢᠯᠡᠨ ᠰᠠᠶᠢᠵᠢᠷᠠᠭᠤᠯᠵᠤ ᠲᠡᠰ ᠲᠠᠪᠰᠢᠬᠦᠯᠬᠦ ᠶᠢ ᠬᠦᠴᠤᠯᠡᠨ | ᠠᠬᠢᠭᠤᠯᠵᠤ᠂ ᠮᠣᠩᠭᠤᠯ ᠺᠣᠮᠫᠠᠨᠢ᠂ ᠮᠧᠩ ᠶᠣᠸᠠᠨ ᠣᠯᠠᠭᠠᠨ ᠢᠳᠡᠬᠡᠨ ᠡᠳ᠋ᠰᠢᠬᠦᠯᠬᠦ ᠠᠵᠣ ᠠᠬᠤᠶᠢᠯᠠᠯ ᠤᠨ | ᠦᠢᠯᠡᠳᠪᠤᠷᠢᠯᠡᠯ ᠢ ᠰᠡᠷᠬᠦᠬᠡᠨ᠂ ᠵᠢᠯ ᠤᠨ ᠲᠤᠳᠤᠷ᠎ᠠ 30 ᠲᠦᠮᠠᠨ ᠬᠤᠨᠢᠴᠢᠯᠠᠭᠰᠠᠨ ᠨᠢᠬᠡᠴᠢ ᠮᠠᠯ ᠤᠨ ᠠᠰᠢᠭ | ᠰᠢᠮ᠎ᠠ ᠶᠢ ᠡᠳ᠋ᠰᠢᠬᠦᠯᠤᠨᠠ᠃ ᠰᠢᠨ᠎ᠠ ᠪᠠᠷ ᠮᠠᠡᠳᠤᠭᠰᠡᠨ ᠠᠵᠣ ᠦᠢᠯᠡᠰ ᠢ ᠪᠣᠶᠢᠵᠢᠭᠤᠯᠣᠨ ᠬᠦᠭᠵᠢᠬᠦᠯᠣᠨ᠎ᠠ᠃ ᠵᠧᠨ | ᠰᠢᠨ ᠠᠮᠢᠳᠣ ᠪᠣᠳᠠᠰ ᠤᠨ ᠰᠢᠨᠵᠢᠯᠡᠬᠦ ᠮᠡᠷᠬᠡᠵᠢᠯ ᠤᠨ ᠵᠢᠯ ᠳᠤ 5 ᠲᠦᠮᠡᠨ ᠲᠣᠨ ᠣᠷᠭᠠᠨᠢᠭ ᠪᠣᠷᠳᠣᠭᠤᠷ | ᠦᠢᠯᠡᠳᠪᠣᠷᠢᠯᠡᠬᠦ ᠲᠦᠷᠦᠯ ᠵᠦᠢᠯ ᠢ 7 ᠰᠠᠷ᠎ᠠ ᠳᠤ ᠠᠰᠢᠭᠯᠠᠯᠳᠠ ᠳᠤ ᠣᠷᠣᠭᠤᠯᠵᠣ᠂ ᠶᠦᠨ ᠵᠢᠢ ᠯᠢ ᠲᠣᠮᠣ | ᠳ᠋ᠠᠶᠢᠲᠨ ᠶᠢᠨ ᠲᠦᠪ ᠤᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠢ 10 ᠰᠠᠷ᠎ᠠ ᠳᠤ ᠡᠵᠡᠩᠨᠡᠯᠳᠠ | ᠡᠬᠢᠯᠡᠬᠦᠯᠵᠣ᠂ ᠶᠦᠨ ᠬᠠᠢ ᠲᠣᠭᠤᠷᠢᠭ ᠤᠨ ᠬᠡᠯᠬᠢᠶᠠᠵᠢᠭ᠍ᠰᠡᠨ ᠲᠣᠮᠣ ᠳ᠋ᠠᠶᠢᠲᠨ ᠶᠢᠨ ᠲᠦᠷᠦᠯ ᠵᠦᠢᠯ ᠢ 8 ᠰᠠᠷ᠎ᠠ ᠳᠤ | ᠪᠠᠷᠢᠯᠭ᠎ᠠ ᠶᠢᠨ ᠠᠵᠢᠯ ᠡᠬᠢᠯᠡᠬᠦᠯᠤᠨ᠎ᠠ᠃ ᠵᠣᠭᠠᠴᠠᠯ ᠤᠨ ᠠᠵᠣ ᠦᠢᠯᠡᠰ ᠢ ᠨᠠᠷᠢᠨ ᠬᠢᠨᠠᠮᠠᠭᠠᠢ ᠲᠦᠯᠦᠪᠵᠢᠬᠦᠯᠣᠨᠠ᠃ | ᠪᠦᠬᠦ ᠬᠤᠰᠢᠭᠤᠨ ᠤ ᠵᠣᠭᠠᠴᠠᠯ ᠤᠨ ᠬᠦᠭᠵᠢᠯᠳᠠ ᠶᠢᠨ ᠲᠦᠯᠦᠪᠵᠢᠬᠦᠯᠬᠡ ᠶᠢ ᠨᠠᠶᠢᠷᠠᠭᠤᠯᠣᠨ ᠲᠤᠭᠳᠠᠭᠠᠵᠤ᠂ | ᠠᠪᠠᠭ᠎ᠠ ᠵᠤᠭᠠᠴᠠᠯ ᠤᠨ ᠦᠷᠳᠡᠭᠡ ᠶᠢ ᠠᠰᠢᠭᠯᠠᠯᠳᠠ ᠳᠤ ᠤᠷᠤᠭᠤᠯᠤᠨ᠂ ᠰᠤᠶᠤᠯ ᠵᠤᠭᠠᠴᠠᠯ ᠤᠨ ᠰᠠᠭᠤᠷᠢ | ᠲᠦᠬᠦᠬᠡᠷᠤᠮᠵᠢ ᠶᠢᠨ ᠨᠠᠷᠢᠨ ᠪᠠᠶᠢᠴᠠᠭᠠᠯᠳᠠ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠤᠨ᠎ᠠ᠃ ᠬᠠᠷ᠎ᠠ ᠠᠳᠤᠭᠤᠨ | ᠰᠤᠶᠤᠯ ᠤᠨ ᠨᠠᠶᠢᠷ ᠤᠨ ᠠᠭᠤᠯᠭ᠎ᠠ ᠶᠢ ᠪᠠᠶᠠᠯᠢᠭᠵᠢᠭᠤᠯᠤᠨ᠂ ᠨᠦᠯᠤᠬᠡ ᠲᠤᠰᠬᠠᠯ ᠢ ᠣᠯᠠᠮ ᠴᠢᠨᠠᠭᠰᠢᠳᠠ | ᠲᠡᠬᠡᠭᠰᠢᠯᠡᠬᠦᠵᠤ᠂ ᠪᠡᠯᠬᠦᠳᠠᠢ ᠵᠢᠰᠨ ᠶᠢᠨ ᠠᠪᠠᠭ᠎ᠠ ᠠᠶᠢᠮᠠᠭ ᠤᠨ ᠨᠡᠬᠦᠳᠠᠯ ᠰᠣᠶᠣᠯ ᠤᠨ ᠠᠵᠣ ᠦᠢᠯᠡᠰ ᠤᠨ | ᠰᠠᠭᠤᠷᠢᠨ ᠭᠠᠵᠠᠷ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠡᠬᠢᠯᠡᠬᠦᠯᠤᠨ᠂ ᠠᠪᠠᠭ᠎ᠠ ᠬᠤᠰᠢᠭᠤᠨ ᠤ ᠮᠣᠩᠭᠤᠯ | ᠡᠮᠨᠡᠯᠬᠡ ᠶᠢᠨ ᠬᠤᠷᠢᠶᠠᠨ ᠤ ᠡᠮᠴᠢᠯᠡᠭᠡ ᠰᠣᠪᠢᠯᠠᠯᠳᠠ ᠶᠢ ᠣᠶᠠᠯᠳᠣᠭᠤᠯᠣᠭᠰᠠᠨ ᠡᠷᠡᠬᠦᠯᠵᠠᠯ ᠰᠣᠪᠢᠯᠠᠯᠳᠠ ᠶᠢᠨ | ᠦᠢᠯᠡᠴᠢᠯᠡᠬᠡᠨ ᠤ ᠰᠠᠭᠤᠷᠢᠨ ᠭᠠᠵᠠᠷ᠂ ᠦᠬᠡᠷᠡᠴᠢᠯᠠᠯᠳᠠ ᠶᠢᠨ ᠬᠤᠰᠢᠭᠤᠴᠢ ᠲᠢᠩ · ᠪᠠᠭᠠᠳᠣᠷ ᠤᠨ ᠬᠡᠷ ᠪᠦᠯᠢ | ᠶᠢᠨ ᠮᠠᠯᠵᠢᠯ ᠤᠨ ᠲᠠᠯᠠᠪᠠᠢ ᠶᠢᠨ ᠠᠮᠢ ᠠᠬᠤᠢ ᠶᠢᠨ ᠪᠣᠯᠪᠠᠰᠣᠨ ᠤ ᠵᠢᠱᠢᠶ᠎ᠠ ᠦᠵᠡᠬᠦᠯᠬᠦ ᠰᠠᠭᠤᠷᠢᠨ ᠭᠠᠵᠠᠷ ᠪᠠ | ᠴᠠᠭᠠᠨᠨᠠᠭᠤᠷ ᠤᠨ ᠡᠪᠣᠯ ᠤᠨ ᠣᠯᠠᠷᠢᠯ ᠤᠨ ᠮᠦᠰᠣᠨ ᠲᠡᠬᠡᠷ᠎ᠠ ᠲᠡᠷᠬᠡ ᠣᠷᠣᠯᠳᠣᠬᠤ ᠰᠠᠭᠤᠷᠢᠨ ᠭᠠᠵᠠᠷ ᠤᠨ | ᠠᠷᠠᠯᠵᠢᠶᠠᠴᠢᠨ ᠣᠷᠢᠬᠤ ᠠᠵᠢᠯ ᠢ ᠰᠠᠶᠢᠳᠤᠷ ᠪᠠᠶᠠᠯᠠᠬᠦᠯᠵᠤ᠂ ᠰᠢᠨ᠎ᠠ ᠰᠢᠪᠳᠤᠯᠤᠯᠳᠠ ᠲᠠᠢ ᠪᠤᠯᠭᠠᠨ᠎ᠠ᠃ | ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠠᠨ ᠪᠡᠯᠨ ᠣᠷᠣᠭᠤᠯᠣᠯᠳᠠ ᠶᠢ ᠦᠷᠬᠡᠳᠬᠡᠨ᠎ᠠ᠃ ᠲᠦᠷᠦᠯ | ᠵᠦᠢᠯ ᠨᠦᠬᠡᠴᠡᠯᠡᠬᠦ ᠪᠠ ᠬᠡᠷᠡᠭᠵᠢᠬᠦᠯᠬᠦ ᠶᠢ ᠰᠠᠶᠢᠳᠣᠷ ᠠᠳᠬᠤᠨ᠎ᠠ᠃ ᠲᠡᠬᠡᠳᠤ ᠱᠠᠳᠤᠨ ᠤ ᠠᠵᠤ ᠦᠢᠯᠡᠰ ᠤᠨ | ᠲᠦᠷᠤ ᠶᠢᠨ ᠪᠤᠳᠤᠯᠭ᠎ᠠ ᠶᠢ ᠬᠢᠨᠠᠮᠠᠭᠠᠢ ᠰᠣᠳᠣᠯᠵᠣ᠂ ᠠᠵᠢᠯ ᠲᠦᠷᠦᠯ ᠤᠨ ᠬᠦᠭᠵᠢᠯᠳᠠ ᠶᠢ ᠲᠠᠶᠢᠴᠢᠯᠠᠬᠤ᠂ ᠠᠵᠣ | ᠦᠢᠯᠡᠰ ᠢ ᠲᠠᠰ ᠲᠠᠪᠰᠢᠬᠦᠯᠬᠦ ᠶᠢ ᠬᠦᠳᠣᠯᠣᠨ ᠲᠠᠭᠠᠭᠤᠯᠬᠤ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ | ᠪᠦᠬᠦ ᠬᠦᠴᠣᠨ ᠢᠶᠠᠷ ᠨᠦᠬᠡᠴᠡᠯᠡᠵᠣ᠂ ᠬᠦᠭᠵᠢᠯᠳᠠ ᠶᠢᠨ ᠲᠠᠯᠳ᠋ᠨ ᠬᠦᠴᠣᠨ ᠢ ᠲᠠᠰᠣᠷᠠᠯᠳᠠ ᠦᠬᠡᠢ ᠲᠡᠬᠡᠭᠰᠢᠯᠡᠬᠦᠯᠣᠨ | ᠂ ᠲᠦᠷᠤᠯ ᠵᠥᠢᠯ ᠢᠶᠠᠨ ᠭᠤᠷᠪᠡᠨ ᠵᠢᠯ ᠤᠨ ᠬᠡᠷᠡᠭᠵᠢᠬᠦᠯᠤᠯᠳᠠ ᠳᠤ ᠬᠦᠷᠤᠯᠴᠠᠬᠦᠶᠢᠴᠠ ᠨᠦᠬᠡᠴᠠᠯᠡᠵᠤ᠂ ᠬᠡᠷᠡᠭᠵᠢᠬᠦᠯᠬᠦ | ᠳᠤ ᠪᠡᠯᠡᠬᠡᠨ ᠪᠠᠶᠢᠯᠭᠠᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ ᠬᠤᠰᠢᠭᠤ ᠱᠠᠳᠣᠨ ᠤ ᠣᠳᠣᠷᠢᠳᠣᠯᠭ᠎ᠠ | ᠬᠠᠷᠢᠴᠠᠬᠤ᠂ ᠰᠠᠯᠠᠭ᠎ᠠ ᠮᠦᠴᠢᠷ ᠠᠴᠠ ᠦᠢᠯᠡᠴᠢᠯᠡᠬᠦ᠂ ᠭᠠᠷ ᠬᠦᠢᠴᠡᠳᠬᠡᠯ ᠢ ᠴᠠᠭ ᠲᠣᠭᠳᠠᠭᠠᠨ ᠬᠦᠢᠴᠡᠳᠬᠡᠬᠦ ᠶᠢ | ᠴᠢᠩᠭ᠎ᠠ ᠨᠠᠶᠢᠳᠠᠪᠤᠷᠢᠵᠢᠭᠤᠯᠤᠨ᠂ ᠡᠮᠣᠨᠡᠬᠢ ᠬᠤᠭᠤᠴᠠᠭᠠᠨ ᠤ ᠠᠵᠢᠯ ᠢ ᠨᠠᠷᠢᠨ ᠨᠢᠮᠪᠠᠢ ᠬᠢᠵᠣ᠂ 37 ᠭᠤᠣᠯᠳᠠᠯᠭ᠎ᠠ | ᠲᠠᠢ ᠲᠦᠷᠦᠯ ᠵᠦᠢᠯ ᠤᠨ ᠭᠠᠷ ᠬᠦᠢᠴᠡᠳᠬᠡᠯ ᠢ 6 ᠰᠠᠷ᠎ᠠ ᠶᠢᠨ ᠲᠤᠮᠳᠠᠴᠢ ᠪᠠᠷ ᠪᠦᠬᠦᠨ ᠢ ᠪᠠᠶᠠᠯᠠᠬᠦᠯᠬᠦ ᠶᠢ ᠪᠠᠳᠤᠯᠠᠨ | ᠂ ᠵᠢᠯ ᠤᠨ ᠲᠣᠳᠣᠷ᠎ᠠ 51.4 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠣᠯᠳᠠ ᠶᠢ ᠪᠡᠶᠡᠯᠡᠬᠦᠯᠣᠨ᠎ᠠ᠃ ᠲᠦᠷᠦᠯ | ᠵᠦᠢᠯ ᠤᠨ ᠪᠡᠯᠨ ᠤᠷᠤᠭᠤᠯᠤᠯᠳᠠ ᠬᠤᠷᠠᠮᠳᠣᠭᠤᠯᠭ᠎ᠠ ᠶᠢ ᠰᠠᠶᠢᠳᠣᠷ ᠠᠳᠬᠤᠨ᠎ᠠ᠃ ᠣᠯᠣᠰ ᠠᠴᠠ ᠡᠳ᠋ ᠤᠨ ᠵᠠᠰᠠᠭ | ᠤᠨ ᠢᠳᠡᠪᠬᠢᠳᠠᠢ ᠲᠦᠷᠦ ᠶᠢᠨ ᠪᠣᠳᠣᠯᠭ᠎ᠠ ᠬᠡᠷᠡᠭᠵᠢᠬᠦᠯᠬᠦ᠂ ᠣᠷᠣᠨ ᠨᠣᠳᠤᠭ ᠤᠨ ᠵᠠᠰᠠᠭ ᠤᠨ ᠣᠷᠳᠣᠨ ᠤ ᠵᠢᠬᠡᠯᠡᠯᠬᠡ | ᠶᠢᠨ ᠲᠡᠮᠳᠡᠭ ᠢ ᠨᠡᠮᠡᠭᠳᠡᠬᠦᠯᠬᠦ ᠪᠠ ᠰᠣᠯᠢᠬᠤ ᠬᠡᠪᠴᠢᠶ᠎ᠠ ᠶᠢ ᠦᠷᠬᠡᠳᠬᠡᠬᠦ ᠠᠵᠨ ᠲᠣᠬᠢᠶᠠᠯ ᠢ ᠡᠵᠡᠮᠳᠠᠨ᠂ ᠲᠦᠷᠦ ᠶᠢᠨ | ᠪᠣᠳᠣᠯᠭ᠎ᠠ ᠶᠢᠨ ᠱᠠᠭᠠᠷᠳᠠᠯᠭ᠎ᠠ᠂ ᠲᠠᠮᠵᠢᠬᠦ ᠬᠡᠪᠴᠢᠶ᠎ᠠ ᠪᠠ ᠭᠤᠣᠯᠳᠠᠯᠭ᠎ᠠ ᠲᠠᠢ ᠪᠡᠯᠨ ᠣᠷᠣᠭᠤᠯᠣᠯᠳᠠ ᠶᠢᠨ ᠬᠠᠨᠳᠣᠰᠢ | ᠶᠢ ᠬᠢᠨᠠᠮᠠᠭᠠᠢ ᠰᠣᠳᠣᠯᠵᠣ᠂ ᠡᠩ ᠤᠨ ᠵᠢᠬᠡᠯᠡᠯᠬᠡ ᠶᠢᠨ ᠲᠡᠮᠳᠡᠭ ᠤᠨ ᠲᠠᠮᠵᠢᠯᠬᠡ ᠳᠤ ᠨᠡᠶᠢᠴᠡᠬᠦ 7 ᠶᠡᠭᠡ ᠬᠦᠷᠢᠶ᠎ᠠ | ᠬᠡᠪᠴᠢᠶ᠎ᠠ ᠪᠠ ᠲᠤᠰᠬᠠᠢ ᠲᠦᠷᠤᠯ ᠤᠨ ᠵᠢᠬᠡᠯᠡᠯᠬᠡ ᠶᠢᠨ ᠲᠠᠮᠳᠡᠭ ᠤᠨ ᠲᠡᠮᠵᠢᠯᠬᠡ ᠳᠤ ᠨᠠᠶᠢᠴᠡᠬᠦ 12 ᠶᠡᠭᠡ ᠬᠦᠷᠢᠶ᠎ᠠ | ᠬᠡᠪᠴᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠬᠢᠨᠠᠮᠠᠭᠠᠢ ᠨᠦᠬᠡᠴᠡᠯᠡᠬᠦ ᠶᠢᠨ ᠬᠠᠮᠳᠣ᠂ ᠲᠦᠷᠦᠯ ᠵᠦᠢᠯ | ᠲᠡᠬᠡᠭᠰᠢ ᠮᠡᠳᠡᠬᠦᠯᠬᠦ 5 ᠴᠢᠬᠤᠯᠨ ᠨᠦᠬᠦᠴᠡᠯ ᠤᠨ ᠱᠠᠭᠠᠷᠳᠠᠯᠭ᠎ᠠ ᠶᠣᠰᠣᠭᠠᠷ᠂ ᠡᠮᠣᠨᠡᠬᠢ ᠬᠤᠭᠤᠴᠠᠭᠠᠨ ᠤ ᠠᠵᠢᠯ ᠢ | ᠰᠠᠶᠢᠳᠣᠷ ᠬᠦᠢᠴᠡᠳᠬᠡᠵᠣ᠂ ᠪᠡᠯᠨ ᠮᠦᠩᠬᠦ ᠶᠢ ᠪᠦᠳᠤᠮᠵᠢᠳᠡᠢ ᠭᠤᠶᠤᠴᠢᠯᠡᠨ ᠣᠯᠣᠨ᠎ᠠ᠃ | ᠭᠤᠷᠪᠡ ᠳᠤ᠂ ᠠᠮᠤᠷ ᠲᠦᠪᠰᠢᠨ ᠲᠤᠭᠳᠠᠭᠤᠨ ᠬᠦᠭᠵᠢᠯᠳᠠ ᠶᠢᠨ ᠤᠷᠴᠢᠨ ᠨᠦᠬᠦᠴᠠᠯ ᠢ ᠪᠤᠢ ᠪᠤᠯᠭᠠᠨ᠎ᠠ᠃ | ᠠᠶᠤᠯᠬᠦᠢ ᠦᠢᠯᠡᠳᠪᠤᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠠᠮᠤᠷ ᠲᠦᠪᠰᠢᠨ ᠤ ᠲᠦᠭᠰᠢᠬᠦᠷᠢ ᠶᠢ | ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠬᠡᠮ ᠢ ᠪᠠᠶᠢᠴᠠᠭᠠᠨ ᠵᠠᠰᠠᠬᠤ ᠬᠤᠤᠰ ᠤᠷᠢᠳᠴᠢᠯᠡᠨ ᠰᠡᠷᠬᠡᠶᠢᠯᠡᠬᠦ | ᠵᠤᠬᠢᠴᠠᠮᠵᠢ ᠶᠢ ᠪᠦᠬᠦ ᠲᠠᠯ᠎ᠠ ᠪᠠᠷ ᠠᠬᠢᠭᠤᠯᠵᠤ᠂ ᠬᠠᠷᠢᠭᠤᠴᠠᠯᠭ᠎ᠠ ᠲᠤᠳᠤᠷᠬᠠᠢ᠂ ᠪᠠᠷᠢᠮᠵᠢᠶ᠎ᠠ ᠲᠤᠳᠤᠷᠬᠠᠢ᠂ ᠲᠠᠰ | ᠲᠠᠷᠠᠭ᠎ᠠ ᠲᠤᠳᠤᠷᠬᠠᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠲᠦᠷᠢᠮ ᠢ ᠪᠠᠶᠢᠭᠤᠯᠤᠨ ᠪᠦᠷᠢᠡᠰᠢᠬᠦᠯᠵᠤ᠂ | ᠰᠤᠮᠤ ᠪᠠᠯᠭᠠᠰᠤ᠂ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ᠂ ᠠᠵᠢᠯ ᠲᠦᠷᠤᠯ ᠤᠨ ᠭᠤᠤᠯ ᠴᠤᠭᠴᠠ ᠶᠢᠨ | ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢ ᠰᠠᠶᠢᠳᠤᠷ ᠲᠤᠳᠤᠷᠬᠠᠶᠢᠯᠠᠨ᠂ ︽1230︾ ᠲᠦᠷᠢᠮ ᠪᠠ | ᠠᠶᠤᠯᠬᠦᠢ ᠦᠢᠯᠡᠳᠪᠤᠷᠢᠯᠡᠯ ᠤᠨ ᠬᠦᠷᠢᠶ᠎ᠠ ᠬᠡᠪᠴᠢᠶᠠᠨ ᠳᠠᠬᠢ ᠠᠰᠠᠭᠤᠳᠠᠯ ᠢ ᠢᠯᠠᠴᠢᠯᠠᠨ ᠮᠡᠳᠡᠬᠦᠯᠬᠦ ᠶᠢ ᠱᠠᠩᠨᠠᠬᠤ | ᠠᠷᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠵᠢᠯ ᠲᠦᠷᠤᠯ ᠤᠨ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ | ᠶᠢ ᠴᠢᠩᠭᠠᠳᠬᠠᠨ᠂ ᠵᠢᠯ ᠤᠨ ᠲᠣᠳᠣᠷ᠎ᠠ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ | ᠪᠠᠶᠢᠭᠤᠯᠵᠤ᠂ ᠠᠶᠤᠯ ᠲᠦᠭᠰᠢᠬᠦᠷᠢ ᠲᠠᠢ ᠠᠵᠢᠯ ᠲᠦᠷᠤᠯ ᠤᠨ ᠠᠵᠤ ᠠᠬᠤᠶᠢᠯᠡᠯ ᠢ ᠠᠶᠢᠮᠠᠭ ᠤᠨ ᠠᠶᠤᠯ | ᠲᠦᠰᠢᠬᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠲᠠᠯᠳᠠ ᠬᠡᠮ ᠠᠶᠤᠯ ᠲᠦᠭᠰᠢᠬᠦᠷᠢ ᠶᠢ ᠪᠠᠶᠢᠴᠠᠭᠠᠨ | ᠡᠵᠡᠮᠳᠡᠬᠦ ᠰᠤᠷᠠᠭ ᠵᠠᠩᠬᠢ ᠶᠢᠨ ᠰᠢᠰᠲ᠋ᠧᠮ ᠳᠤ ᠤᠷᠤᠭᠤᠯᠵᠤ᠂ ᠬᠦᠡᠳᠤ ᠶᠡᠭᠡ ᠠᠮᠤᠷ ᠲᠦᠪᠰᠢᠨ ᠤ ᠠᠳᠡᠯ ᠡᠬᠦᠰᠬᠦ | ᠠᠴᠠ ᠪᠦᠳᠤᠮᠵᠢᠳᠡᠢ ᠤᠷᠢᠳᠴᠢᠯᠠᠨ ᠰᠡᠷᠬᠡᠶᠢᠯᠠᠨ᠎ᠠ᠃ ᠢᠳᠡᠬᠡᠨ ᠪᠠ ᠡᠮ ᠤᠨ ᠵᠥᠢᠯᠡᠰ ᠤᠨ ᠬᠢᠨᠡᠯᠳᠡ ᠬᠠᠮᠢᠶᠠᠷᠤᠯᠳᠠ | ᠶᠢ ᠴᠢᠩᠭᠠᠳᠬᠠᠵᠤ᠂ ᠬᠤᠳᠠᠯ ᠬᠠᠭᠤᠷᠮᠠᠭ᠂ ᠴᠢᠨᠡᠷ ᠮᠠᠭᠤ᠂ ᠬᠤᠭᠤᠴᠠᠭ᠎ᠠ ᠨᠢ ᠦᠩᠬᠡᠷᠡᠭᠰᠡᠨ ᠢᠳᠡᠬᠡᠨ ᠪᠠ ᠡᠮ ᠤᠨ | ᠵᠥᠢᠯ ᠳᠤ ᠴᠢᠩᠭ᠎ᠠ ᠴᠤᠬᠢᠯᠳᠠ ᠦᠭᠴᠤ᠂ ᠮᠠᠯᠵᠢᠬᠤ ᠤᠷᠤᠨ ᠪᠠ ᠰᠤᠷᠭᠠᠭᠤᠯᠢ ᠶᠢᠨ ᠡᠷᠬᠢᠨ ᠲᠤᠭᠤᠷᠢᠨ ᠤ | ᠲᠡᠯᠬᠡᠬᠦᠷ ᠪᠠ ᠪᠦᠬᠦ ᠬᠤᠰᠢᠭᠤᠨ ᠤ ᠡᠮ ᠤᠨ ᠲᠡᠯᠬᠡᠬᠦᠷ ᠤᠨ ᠪᠠᠶᠢᠴᠠᠭᠠᠯᠳᠠ ᠶᠢ ᠭᠤᠤᠯᠳᠠᠯᠭ᠎ᠠ ᠲᠠᠢ ᠰᠠᠶᠢᠳᠤᠷ | ᠠᠳᠬᠤᠵᠤ᠂ ᠠᠵᠤ ᠠᠬᠤᠶᠢᠯᠡᠯ᠂ ᠲᠡᠯᠬᠡᠬᠦᠷ ᠪᠠ ᠬᠤᠳᠠᠯᠳᠤᠭᠠᠨ ᠤ ᠲᠠᠯᠠᠪᠠᠢ ᠶᠢᠨ ᠤᠶᠤᠡᠳᠤ ᠬᠢᠨᠡᠯᠳᠡ | ᠬᠠᠮᠢᠶᠠᠷᠤᠯᠳᠠ ᠶᠢᠨ ᠢᠡᠵᠧᠨᠧᠷᠢᠩ ᠢ ᠢᠳᠡᠪᠬᠢᠳᠡᠢ ᠠᠬᠢᠭᠤᠯᠵᠤ᠂ ᠤᠯᠠᠨ ᠲᠦᠮᠡᠨ ᠤ ᠢᠳᠡᠬᠡᠨ ᠤᠮᠳᠠᠭᠠᠨ ᠤ ᠠᠮᠤᠷ | ᠲᠦᠪᠰᠢᠨ ᠢ ᠴᠢᠷᠮᠠᠶᠢᠨ ᠪᠠᠳᠤᠯᠠᠨ᠎ᠠ᠃ ᠨᠠᠶᠢᠬᠡᠮ ᠤᠨ ᠡᠶ᠎ᠡ ᠵᠤᠬᠢᠴᠠᠯ ᠲᠤᠭᠳᠠᠭᠤᠨ ᠢ ᠬᠠᠮᠠᠭᠠᠯᠠᠨ᠎ᠠ᠃ ᠬᠤᠳᠠ ᠶᠢᠨ | ᠬᠡᠪᠴᠢᠶᠠᠨ ᠤ ᠨᠠᠶᠢᠬᠡᠮ ᠤᠨ ᠵᠠᠰᠠᠨ ᠴᠡᠭᠴᠡᠯᠡᠯᠳᠡ ᠶᠢᠨ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ᠂ | ᠮᠠᠯᠵᠢᠬᠤ ᠤᠷᠤᠨ ᠤ ᠲᠤᠤᠷᠴᠢᠯᠠᠭᠰᠡᠨ ᠬᠠᠮᠢᠶᠠᠷᠤᠯᠳᠠ᠂ ︽ᠠᠮᠤᠷ ᠲᠠᠶᠢᠪᠤᠡᠭ ᠠᠪᠠᠭ᠎ᠠ︾ ᠶᠢᠨ ᠪᠠᠶᠢᠭᠤᠯᠤᠯᠳᠠ ᠶᠢ | ᠰᠠᠶᠢᠳᠣᠷ ᠠᠬᠢᠭᠤᠯᠵᠤ᠂ ︽ᠤᠶᠤᠡᠳᠤ ᠲᠤᠳᠤᠭᠠᠳᠤ ᠶᠢ ᠬᠠᠮᠠᠭᠠᠯᠠᠬᠤ︾ ᠪᠠᠶᠢᠭᠤᠯᠤᠯᠳᠠ ᠶᠢ ᠠᠬᠢᠭᠤᠯᠵᠤ᠂ | ᠵᠦᠷᠢᠴᠠᠯ ᠵᠢᠭᠤᠷᠠᠭᠠᠨ ᠢ ᠪᠠᠶᠢᠴᠠᠭᠠᠨ ᠵᠤᠬᠢᠴᠠᠭᠤᠯᠬᠤ ᠪᠠ ᠨᠠᠶᠢᠬᠡᠮ ᠤᠨ ᠠᠮᠤᠷ ᠲᠦᠪᠰᠢᠨ ᠢ ᠶᠠᠷᠤᠩᠬᠡᠶᠢᠯᠡᠨ ᠵᠠᠰᠠᠬᠤ | ᠠᠵᠢᠯ ᠢ ᠴᠢᠩᠭᠠᠳᠬᠠᠨ᠂ ︽ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ︾ ᠲᠤᠰᠬᠠᠢ ᠲᠠᠮᠠᠴᠠᠯ ᠢ | ᠦᠷᠬᠦᠯᠵᠢᠯᠡᠨ ᠬᠦᠨᠵᠡᠬᠡᠶᠢᠷᠠᠬᠦᠯᠦᠨ᠂ ︽ᠱᠠᠯᠢᠭ ᠵᠠᠪᠠᠭ᠋ᠠᠢ ᠵᠤᠭᠤᠰ ᠮᠦᠷᠤᠶᠢᠴᠠᠬᠦ ᠬᠤᠤᠷᠳᠤ ᠡᠳ᠋ ᠫᠠᠨᠽᠠᠯᠠᠬᠤ︾ | ᠵᠠᠷᠬᠡ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠰᠦᠯᠵᠢᠶᠠᠨ | ᠲᠡᠬᠡᠷᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ︽1328︾ ᠵᠠᠬᠢᠳᠠᠯ | ᠰᠤᠷᠪᠤᠯᠵᠢᠯᠠᠭ᠎ᠠ ᠶᠢ ᠬᠦᠯᠢᠶᠠᠨ ᠠᠪᠬᠤ ᠡᠳᠤᠷ᠂ ᠬᠦᠡᠳᠤ ᠴᠢᠬᠤᠯᠠ ᠬᠦᠴᠢᠷ ᠲᠦᠪᠡᠭᠳᠡᠢ ᠵᠠᠬᠢᠳᠠᠯ ᠰᠤᠷᠪᠤᠯᠵᠢᠯᠠᠭ᠎ᠠ | ᠶᠢ ᠤᠳᠤᠷᠢᠳᠤᠯᠭ᠎ᠠ ᠲᠠᠭᠠᠭᠠᠨ ᠠᠪᠬᠤ ᠪᠠ ᠭᠠᠵᠡᠷ ᠤᠨ ᠲᠠᠰ ᠤᠨ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ | ᠶᠢᠨ ᠵᠢᠵᠢᠬᠦᠷᠯᠡᠬᠦ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠠᠯ ᠱᠠᠭᠠᠷᠳᠠᠯᠭ᠎ᠠ | ᠶᠢ ᠬᠠᠤᠯᠢ ᠶᠤᠰᠤᠭᠠᠷ ᠴᠠᠭ ᠲᠤᠬᠠᠢ ᠳᠤᠨᠢ ᠰᠢᠢᠳᠪᠤᠷᠢᠯᠡᠵᠤ᠂ ᠤᠯᠠᠨ ᠲᠦᠮᠡᠨ ᠤ ᠦᠡᠳᠤᠰᠤᠨ ᠠᠰᠢᠭ ᠲᠤᠰᠨ ᠶᠢ | ᠬᠠᠮᠠᠭᠠᠯᠠᠨ᠎ᠠ᠃ ᠨᠠᠮ ᠤᠨ ᠦᠡᠳᠤᠰᠤᠳᠠᠨ ᠱᠠᠰᠢᠨ ᠰᠤᠷᠳᠠᠬᠤᠨ ᠤ ᠲᠦᠷᠤ ᠶᠢᠨ ᠪᠤᠳᠤᠯᠭ᠎ᠠ ᠶᠢ ᠤᠯᠠᠮ ᠨᠢᠬᠡ | ᠠᠯᠬᠤᠮ ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠢ ᠬᠦᠭᠵᠢᠬᠦᠯᠤᠨ ᠠᠷᠡᠳ ᠢ ᠪᠠᠶᠠᠵᠢᠭᠤᠯᠬᠤ ᠢᠡᠵᠧᠨᠧᠷᠢᠩ ᠢ | ᠬᠡᠷᠡᠭᠵᠢᠬᠦᠯᠤᠨ᠂ ᠦᠡᠳᠤᠰᠤᠳᠠᠨ ᠤ ᠪᠦᠯᠬᠦᠮᠳᠠᠯ ᠤᠨ ᠰᠤᠷᠭᠠᠨ ᠬᠦᠮᠤᠵᠢᠯ ᠤᠨ ᠰᠠᠭᠤᠷᠢᠨ ᠭᠠᠵᠡᠷ ᠢ ᠢᠳᠡᠪᠬᠢᠳᠡᠢ | ᠠᠬᠢᠭᠤᠯᠵᠤ᠂ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠬᠠᠤᠯᠢ ᠶᠤᠰᠤᠭᠠᠷ ᠡᠮᠬᠢ ᠵᠢᠷᠤᠮ ᠲᠠᠢ ᠬᠠᠮᠢᠶᠠᠷᠤᠨ᠂ | ᠦᠡᠳᠤᠰᠤᠳᠠᠨ ᠤ ᠪᠦᠯᠬᠦᠮᠳᠠᠯ ᠤᠨ ᠴᠡᠴᠡᠭ ᠢ ᠠᠪᠠᠭ᠎ᠠ ᠨᠤᠳᠤᠭ ᠲᠤ ᠪᠠᠶᠢᠩᠭᠤ ᠴᠡᠴᠡᠭᠯᠡᠬᠦᠯᠤᠨᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠦᠨᠡᠡᠬᠦ ᠰᠠᠶᠢᠳᠤᠷ ᠠᠳᠬᠤᠵᠤ᠂ ᠤᠯᠤᠰ ᠤᠨ ᠠᠮᠤᠷ ᠲᠦᠪᠰᠢᠨ ᠪᠠ | ᠰᠦᠯᠵᠢᠶᠠᠨ ᠤ ᠶᠠᠷᠢᠶ᠎ᠠ ᠬᠡᠯᠡᠯᠴᠡᠬᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠴᠡᠷᠢᠭ ᠢᠶᠠᠨ | ᠬᠦᠷᠢᠶᠠᠯᠠᠨ ᠬᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠠᠯᠠᠨ ᠠᠷᠡᠳ ᠢᠶᠠᠨ ᠬᠠᠶᠢᠷᠠᠯᠠᠬᠤ᠂ ᠴᠡᠷᠢᠭ | ᠠᠷᠡᠳ ᠤᠨ ᠬᠠᠷᠢᠴᠠᠭ᠎ᠠ ᠶᠢ ᠵᠤᠵᠠᠭᠠᠳᠬᠠᠬᠤ ᠠᠵᠢᠯ ᠢ ᠬᠦᠡᠵᠡᠬᠡᠢ ᠦᠷᠨᠢᠬᠦᠯᠵᠤ᠂ ᠤᠮᠠᠷᠠᠰᠢ ᠨᠠᠬᠡᠬᠡᠯᠳᠡ ᠬᠢᠬᠦ ᠠᠵᠢᠯ | ᠢ ᠤᠯᠠᠮ ᠴᠢᠨᠠᠭᠰᠢᠳᠠ ᠴᠢᠩᠭᠠᠳᠬᠠᠵᠤ᠂ ᠬᠢᠯᠢ ᠬᠢᠵᠠᠭᠠᠷ ᠤᠨ ᠠᠮᠤᠷ ᠲᠤᠭᠳᠠᠭᠤᠨ ᠪᠠᠶᠢᠳᠠᠯ ᠢ ᠪᠠᠬᠢᠵᠢᠬᠦᠯᠬᠦ ᠶᠢ | ᠲᠠᠰᠤᠷᠠᠯᠳᠠ ᠦᠬᠡᠢ ᠴᠢᠩᠭᠠᠳᠬᠠᠵᠤ᠂ ᠡᠬᠡ ᠤᠯᠤᠰ ᠤᠨ ᠤᠮᠠᠷᠡᠳᠤ ᠬᠢᠯᠢ ᠶᠢᠨ ᠠᠮᠤᠷ ᠲᠦᠪᠰᠢᠨ ᠲᠤᠭᠳᠠᠭᠤᠨ ᠤ | ᠬᠠᠯᠬᠠᠪᠴᠢ ᠶᠢ ᠪᠠᠬᠢᠵᠢᠬᠦᠯᠤᠨ᠎ᠠ᠃ | ︵ᠲᠦᠷᠪᠠ︶ ᠦᠬᠡᠷᠡᠴᠢᠯᠠᠯᠳᠠ ᠨᠡᠬᠡᠬᠡᠯᠳᠠ ᠶᠢ ᠪᠦᠬᠦ ᠬᠦᠴᠣᠨ ᠢᠶᠠᠷ ᠲᠦᠯᠬᠢᠨ ᠠᠬᠢᠭᠤᠯᠵᠣ᠂ ᠴᠢᠨᠠᠷ | ᠰᠠᠶᠢᠳᠠᠢ ᠬᠦᠭᠵᠢᠯᠳᠠ ᠶᠢᠨ ᠠᠮᠢᠵᠢᠷᠠᠯ ᠤᠨ ᠬᠦᠴᠣᠨ ᠢ ᠬᠦᠭᠵᠢᠬᠡᠨ᠎ᠠ᠃ | ᠨᠢᠬᠡ ᠳᠤ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠢ ᠦᠷᠬᠦᠯᠵᠢᠯᠡᠨ ᠰᠢᠯᠢᠳᠡᠭᠵᠢᠬᠦᠯᠤᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠡᠵᠡᠬᠡᠶᠢᠷᠡᠬᠦᠯᠤᠨ᠂ ︽ᠬᠤᠳᠠᠯᠳᠤᠭ᠎ᠠ ᠡᠵᠡᠩᠨᠡᠬᠦ ᠤᠷᠴᠢᠨ | ᠨᠦᠬᠦᠴᠠᠯ ᠢ ᠰᠢᠯᠢᠳᠡᠭᠵᠢᠬᠦᠯᠬᠦ ᠲᠦᠷᠢᠮ︾ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠭᠠᠶᠢᠯᠢ ᠰᠦᠢᠳᠬᠡᠯ ᠬᠠᠰᠤᠵᠤ | ᠬᠡᠯᠳᠤᠷᠢᠬᠦᠯᠬᠦ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠡᠯ ᠤᠨ | ᠬᠤᠳᠠᠯᠳᠤᠭ᠎ᠠ ᠡᠵᠡᠩᠨᠡᠬᠦ ᠤᠷᠴᠢᠨ ᠨᠦᠬᠦᠴᠠᠯ ᠤᠨ ᠲᠦᠷᠤ ᠶᠢᠨ ᠪᠤᠳᠤᠯᠭ᠎ᠠ ᠲᠤᠭᠳᠠᠭᠠᠬᠤ ᠳᠤ ᠤᠷᠤᠯᠴᠠᠬᠤ᠂ | ᠭᠤᠷᠪᠠᠳᠡᠬᠢ ᠡᠳᠡᠬᠡᠳ ᠠᠴᠠ ᠦᠨᠡᠯᠡᠬᠦ ᠵᠡᠷᠬᠡ ᠲᠦᠷᠢᠮ ᠢ ᠪᠦᠷᠢᠡᠰᠢᠬᠦᠯᠤᠨ᠎ᠠ᠃ ︽ᠲᠤᠰᠬᠠᠢ ᠴᠤᠩᠬᠤ ᠪᠠᠷ | ᠬᠦᠯᠢᠶᠠᠨ ᠠᠪᠴᠤ᠂ ᠲᠦᠷᠤᠯ ᠬᠤᠪᠢᠶᠠᠨ ᠬᠢᠨᠡᠨ ᠵᠦᠪᠰᠢᠶᠠᠷᠡᠬᠦ᠂ ᠶᠠᠷᠤᠩᠬᠡᠶᠢᠯᠡᠭᠰᠡᠨ ᠴᠤᠩᠬᠤᠪᠴᠢ ᠪᠠᠷ ᠭᠠᠷ | ᠬᠦᠢᠴᠡᠳᠬᠡᠯ ᠬᠢᠬᠦ︾ ᠦᠢᠯᠡᠴᠢᠯᠡᠬᠡᠨ ᠤ ᠵᠠᠭᠪᠤᠷ ᠢ ᠬᠦᠴᠤᠯᠠᠨ ᠠᠬᠢᠭᠤᠯᠵᠤ᠂ ︽ᠨᠢᠬᠡ ᠴᠤᠩᠬᠤ ᠪᠠᠷ ᠬᠦᠯᠢᠶᠠᠨ | ᠠᠪᠴᠤ ᠰᠢᠢᠳᠪᠤᠷᠢᠯᠡᠬᠦ︾᠂ ︽ᠨᠢᠬᠡ ᠰᠦᠯᠵᠢᠶ᠎ᠠ ᠪᠠᠷ ᠰᠢᠭᠤᠳ ᠬᠦᠢᠴᠡᠳᠬᠡᠬᠦ︾ ᠶᠢ ᠪᠠᠶᠠᠯᠠᠬᠦᠯᠤᠨ᠎ᠠ᠃ ᠵᠠᠰᠠᠭ | ᠤᠨ ᠶᠠᠪᠤᠳᠠᠯ ᠤᠨ ᠦᠢᠯᠡᠴᠢᠯᠡᠭᠡ ᠶᠢ ᠦᠡᠳᠤᠰᠤᠨ ᠱᠠᠳᠤᠨ ᠳᠤ ᠬᠦᠷᠬᠡᠬᠦ ᠶᠢ ᠲᠦᠯᠬᠢᠨ ᠠᠬᠢᠭᠤᠯᠵᠤ᠂ ᠰᠢᠨ᠎ᠠ ᠪᠠᠷ | ᠪᠠᠶᠢᠭᠤᠯᠤᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠤᠨ᠂ ᠵᠢᠯ ᠤᠨ | ᠲᠤᠳᠤᠷ᠎ᠠ ᠰᠤᠮᠤ ᠪᠠᠯᠭᠠᠰᠤᠨ ᠤ ᠠᠷᠡᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠲᠦᠪ ᠲᠠᠢ ᠬᠠᠮᠵᠢᠯᠴᠠᠨ | ᠠᠵᠢᠯᠯᠠᠭᠤᠯᠵᠤ᠂ ᠬᠠᠪᠰᠤᠷᠤᠨ ᠬᠦᠢᠴᠡᠳᠬᠡᠬᠦ᠂ ᠤᠷᠤᠯᠠᠨ ᠬᠦᠢᠴᠡᠳᠬᠡᠬᠦ ᠠᠵᠢᠯᠳᠠᠨ ᠲᠤᠬᠢᠷᠠᠭᠤᠯᠵᠤ᠂ ︽ᠨᠢᠬᠡᠯᠡ | ᠤᠳᠠᠭ᠎ᠠ ᠳᠤ ᠬᠦᠢᠴᠡᠳᠬᠡᠬᠦ︾ ᠶᠢ ᠴᠢᠷᠮᠠᠶᠢᠨ ᠪᠠᠶᠠᠯᠠᠬᠦᠯᠤᠨ᠎ᠠ᠃ ᠠᠵᠢᠯ ᠶᠠᠪᠤᠳᠠᠯ ᠤᠨ ᠪᠦᠬᠦ ᠶᠠᠪᠤᠴᠠ ᠳᠠᠬᠢ | ᠬᠢᠨᠡᠯᠳᠡ ᠬᠠᠮᠢᠶᠠᠷᠤᠯᠳᠠ ᠶᠢ ᠴᠢᠩᠭᠠᠳᠬᠠᠨ ᠲᠡᠬᠦᠯᠳᠡᠷᠵᠢᠬᠦᠯᠵᠤ᠂ ︽ᠬᠤᠤᠰ ᠲᠤᠭᠳᠠᠮᠠᠯ ᠪᠤᠰᠤ᠂ ᠨᠢᠬᠡ ᠶᠢ ᠢᠯᠠ | ᠨᠠᠶᠢᠳᠠᠯᠠᠬᠦ︾ ᠶᠢ ᠪᠦᠬᠦ ᠲᠠᠯ᠎ᠠ ᠪᠠᠷ ᠬᠡᠷᠡᠭᠵᠢᠬᠦᠯᠤᠨ᠎ᠠ᠃ ᠪᠡᠯᠡ ᠤᠷᠤᠭᠤᠯᠤᠯᠳᠠ ᠶᠢᠨ ᠲᠦᠷᠤᠯ ᠵᠥᠢᠯ ᠤᠨ ᠬᠢᠨᠡᠨ | ᠵᠦᠪᠰᠢᠶᠠᠷᠡᠯ ᠤᠨ ᠦᠬᠡᠷᠡᠴᠢᠯᠡᠯᠳᠡ ᠶᠢ ᠬᠦᠡᠵᠡᠬᠡᠶᠢᠷᠡᠬᠦᠯᠵᠤ᠂ ᠬᠠᠮᠳᠤᠷᠠᠨ ᠬᠢᠨᠠᠵᠤ ᠬᠠᠮᠳᠤᠷᠠᠨ ᠵᠦᠪᠰᠢᠶᠠᠷᠡᠬᠦ ᠡᠷᠴᠢᠮ | ᠢ ᠴᠢᠩᠭᠠᠷᠠᠭᠤᠯᠤᠨ᠂ ᠬᠢᠨᠡᠨ ᠵᠦᠪᠰᠢᠶᠠᠷᠡᠯ ᠤᠨ ᠬᠤᠭᠤᠴᠠᠭ᠎ᠠ ᠶᠢ ᠪᠤᠭᠤᠨᠢᠰᠬᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠦᠪ ᠤᠨ ᠠᠵᠢᠯ ᠤᠨ ᠪᠠᠶᠢᠳᠠᠯ ᠢ ᠦᠨᠡᠯᠡᠬᠦ ᠲᠦᠷᠢᠮ ᠢ ᠪᠦᠷᠢᠡᠰᠢᠬᠦᠯᠤᠨ ᠲᠡᠬᠦᠯᠳᠡᠷᠵᠢᠬᠦᠯᠵᠤ᠂ | ᠦᠢᠯᠡᠴᠢᠯᠡᠬᠡᠨ ᠤ ᠦᠷ᠎ᠠ ᠪᠦᠳᠤᠮᠵᠢ ᠪᠠᠨ ᠲᠡᠬᠡᠭᠰᠢᠯᠡᠬᠦᠯᠤᠨ᠎ᠠ᠃ ᠨᠠᠶᠢᠬᠡᠮ ᠤᠨ ᠢᠳᠡᠬᠡᠮᠵᠢ ᠶᠢᠨ ᠲᠤᠭᠳᠠᠯᠴᠠᠭ᠎ᠠ ᠶᠢ | ᠪᠦᠷᠢᠡᠰᠢᠬᠦᠯᠤᠨ ᠲᠡᠬᠦᠯᠳᠡᠷᠵᠢᠬᠦᠯᠵᠤ᠂ ᠢᠳᠡᠬᠡᠯ ᠢ ᠡᠷᠬᠢᠮᠯᠡᠭᠰᠡᠳ ᠢ ᠤᠷᠮᠠᠰᠢᠭᠤᠯᠬᠤ ᠪᠠ ᠢᠳᠡᠬᠡᠯ ᠠᠯᠳᠠᠭᠰᠡᠳ ᠢ | ᠵᠠᠯᠬᠠᠭᠠᠨ ᠴᠡᠬᠡᠷᠯᠡᠬᠦᠯᠬᠦ ᠵᠤᠬᠢᠴᠠᠮᠵᠢ ᠶᠢ ᠠᠬᠢᠭᠤᠯᠤᠨ᠎ᠠ᠃ ︽ᠬᠤᠪᠢ ᠶᠢᠨ ᠡᠵᠡᠩᠨᠡᠯᠳᠠ ᠶᠢᠨ ᠡᠷᠤᠬᠡ ᠶᠢ ᠠᠵᠤ | ᠠᠬᠤᠶᠢᠯᠡᠯ ᠪᠤᠯᠭᠠᠬᠤ︾ ᠠᠵᠢᠯ ᠢ ᠦᠷᠬᠦᠯᠵᠢᠯᠡᠨ ᠠᠬᠢᠭᠤᠯᠵᠤ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ 9 | ᠡᠷᠤᠬᠡ ᠶᠢ ᠠᠵᠤ ᠠᠬᠤᠶᠢᠯᠡᠯ ᠪᠤᠯᠭᠠᠨ ᠬᠤᠪᠢᠷᠠᠭᠤᠯᠤᠨ᠎ᠠ᠃ | ᠬᠤᠶᠡᠷ ᠲᠤ᠂ ᠪᠦᠬᠦ ᠲᠠᠯ᠎ᠠ ᠪᠠᠷ ᠨᠡᠬᠡᠬᠡᠯᠳᠡ ᠬᠢᠬᠦ ᠶᠢ ᠬᠦᠴᠤᠯᠠᠨ ᠠᠬᠢᠭᠤᠯᠤᠨ᠎ᠠ᠃ ᠮᠠᠨ ᠤ ᠬᠤᠰᠢᠭᠤᠨ ᠤ ᠬᠢ | ᠪᠠᠨ ᠤᠷᠤᠨ ᠪᠦᠰᠠ ᠪᠠ ᠡᠬᠢ ᠪᠠᠶᠠᠯᠢᠭ ᠤᠨ ᠲᠠᠪᠠᠭᠤᠯᠢᠭ ᠲᠤ ᠰᠠᠭᠤᠷᠢᠯᠠᠨ᠂ ᠤᠡᠴᠠᠯᠢᠭᠳᠤ ᠪᠦᠳᠤᠬᠡᠭᠳᠡᠬᠦᠨ ᠤ | ᠲᠤᠭᠤᠷᠢᠨ ᠳᠤ᠂ ᠴᠠᠪᠡᠷ ᠡᠨᠧᠷᠬᠢ ᠶᠢ ᠭᠠᠳᠠᠭᠰᠢ ᠬᠦᠷᠬᠡᠬᠦ ᠬᠡᠪᠴᠢᠶ᠎ᠠ ᠪᠠᠨ ᠦᠷᠬᠡᠳᠬᠡᠵᠣ᠂ ᠪᠤᠬᠢᠷᠳᠤᠯ ᠦᠬᠡᠢ | ᠤᠷᠭᠠᠨᠢᠭ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠲᠡᠬᠡᠳᠤ ᠲᠡᠰ ᠤᠨ ᠵᠠᠬ᠎ᠠ ᠲᠡᠯᠬᠡᠬᠦᠷ ᠨᠠᠬᠡᠬᠡᠬᠦ ᠶᠢ | ᠠᠬᠢᠭᠤᠯᠤᠨ᠂ ᠨᠠᠩ ᠤᠯᠠᠨ ᠠᠵᠤ ᠠᠬᠤᠶᠢᠯᠡᠯ ᠪᠤᠯᠤᠨ ᠨᠠᠷᠡᠳᠤ ᠲᠡᠮᠳᠡᠭ ᠢ ᠤᠯᠤᠰ ᠤᠷᠤᠨ ᠤ ᠬᠡᠪᠴᠢᠶᠠᠨ ᠳᠤ | ᠠᠯᠳᠠᠷᠰᠢᠭᠤᠯᠤᠨ᠎ᠠ᠃ ᠡᠯ᠎ᠠ ᠲᠦᠷᠤᠯ ᠤᠨ ᠨᠠᠶᠢᠬᠡᠮᠯᠢᠭ᠂ ᠬᠤᠳᠠᠯᠳᠤᠭᠠᠴᠢᠳ ᠤᠨ ᠬᠤᠯᠪᠤᠭ᠎ᠠ ᠶᠢᠨ ᠦᠢᠯᠡᠳᠤᠯ ᠢ | ᠬᠦᠢᠴᠡᠳ ᠪᠠᠳᠠᠷᠠᠭᠤᠯᠤᠨ᠂ ︽ᠠᠪᠠᠭ᠎ᠠ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠤᠷᠤᠭᠤᠯᠬᠤ ᠬᠠᠷᠠᠭᠠᠯᠵᠠᠯ | ᠤᠨ ᠲᠦᠷᠤ ᠶᠢᠨ ᠪᠤᠳᠤᠯᠭ᠎ᠠ ᠪᠠ ᠱᠠᠩᠨᠠᠨ ᠬᠦᠬᠢᠬᠦᠯᠬᠦ ᠠᠷᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠠᠳᠠᠭᠰᠢ ᠤᠬᠠᠭᠤᠯᠤᠨ ᠲᠠᠨᠢᠯᠴᠠᠭᠤᠯᠬᠤ ᠪᠠ ᠤᠷᠢᠨ ᠤᠷᠤᠭᠤᠯᠵᠤ ᠮᠡᠳᠡᠷᠡᠬᠦᠯᠬᠦ ᠪᠠᠷ ᠲᠠᠮᠵᠢᠨ᠂ ᠮᠠᠨ ᠤ ᠬᠤᠰᠢᠭᠤᠨ | ᠤ ᠬᠢ ᠪᠠᠨ ᠨᠦᠯᠤᠬᠡ ᠲᠤᠰᠬᠠᠯ ᠪᠠ ᠨᠠᠷᠠ ᠠᠯᠳᠠᠷᠰᠢᠯ ᠢ ᠲᠠᠰᠤᠷᠠᠯᠳᠠ ᠦᠬᠡᠢ ᠦᠷᠬᠡᠳᠬᠡᠵᠤ᠂ ᠨᠠᠩ ᠤᠯᠠᠨ ᠠᠵᠤ | ᠠᠬᠤᠶᠢᠯᠡᠯ ᠮᠠᠨ ᠤ ᠬᠤᠰᠢᠭᠤᠨ ᠳᠤ ᠪᠡᠯᠡ ᠤᠷᠤᠭᠤᠯᠤᠨ ᠦᠢᠯᠡᠰ ᠡᠷᠬᠢᠯᠡᠬᠦ ᠶᠢ ᠠᠬᠢᠭᠤᠯᠤᠨ᠎ᠠ᠃ | ︵ᠲᠠᠪᠤ︶ ᠠᠷᠡᠳ ᠲᠦᠮᠡᠨ ᠳᠤ ᠵᠤᠯ ᠵᠢᠷᠭᠠᠯ ᠡᠳ᠋ᠯᠡᠬᠦᠯᠬᠦ ᠶᠢ ᠪᠦᠬᠦ ᠬᠦᠴᠤᠨ ᠢᠶᠠᠷ ᠠᠬᠢᠭᠤᠯᠵᠤ᠂ ᠴᠢᠨᠠᠷ | ᠰᠠᠶᠢᠳᠡᠢ ᠬᠦᠭᠵᠢᠯᠳᠠ ᠶᠢᠨ ᠦᠷ᠎ᠠ ᠪᠦᠳᠤᠮᠵᠢ ᠶᠢ ᠬᠠᠮᠳᠤ ᠪᠠᠷ ᠡᠳ᠋ᠯᠠᠨ᠎ᠠ᠃ | ᠨᠢᠬᠡ ᠳᠤ᠂ ᠠᠵᠢᠯ ᠤᠯᠭᠤᠯᠳᠠ ᠶᠢ ᠲᠠᠮᠵᠢᠬᠦ ᠲᠦᠷᠤ ᠶᠢᠨ ᠪᠤᠳᠤᠯᠭ᠎ᠠ ᠬᠡᠷᠡᠭᠵᠢᠬᠦᠯᠤᠨ᠎ᠠ᠃ ᠪᠦᠬᠦ ᠬᠤᠰᠢᠭᠤᠨ ᠤ | ᠠᠵᠤ ᠦᠢᠯᠡᠰ ᠤᠨ ᠪᠠᠶᠢᠷᠢᠰᠢᠭᠤᠯᠤᠯᠳᠠ ᠪᠠ ᠠᠵᠢᠯᠴᠢᠨ ᠬᠡᠷᠡᠭᠯᠡᠬᠦ ᠪᠠᠶᠢᠭᠤᠯᠭ᠎ᠠ ᠨᠢᠬᠡᠴᠠ ᠶᠢᠨ ᠠᠵᠢᠯ ᠤᠨ ᠪᠠᠶᠢᠷᠢ | ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠵᠠᠬᠢᠶᠠᠯᠠᠭ᠎ᠠ ᠠᠪᠬᠤ᠂ ᠠᠵᠢᠯ ᠤᠨ ᠪᠠᠶᠢᠷᠢ ᠲᠤᠭᠳᠠᠭᠠᠬᠤ | ᠂ ᠬᠠᠨᠳᠤᠯᠭ᠎ᠠ ᠲᠤᠭᠳᠠᠭᠠᠬᠤ︾ ᠪᠤᠯᠪᠠᠰᠤᠷᠠᠯ ᠬᠦᠷᠳᠡᠬᠡᠬᠦ ᠬᠦᠴᠤᠯᠠᠴᠠ ᠪᠠᠨ ᠴᠢᠩᠭᠠᠳᠬᠠᠵᠤ᠂ ᠪᠤᠯᠪᠠᠰᠤᠷᠠᠯ | ᠬᠦᠷᠳᠡᠬᠡᠬᠦ ᠪᠠ ᠠᠵᠢᠯ ᠤᠯᠭᠤᠯᠳᠠ ᠶᠢ ᠤᠶᠠᠯᠳᠤᠭᠤᠯᠬᠤ ᠶᠢ ᠠᠬᠢᠭᠤᠯᠵᠤ᠂ ᠬᠤᠳᠠ ᠬᠦᠳᠡᠭᠡ ᠶᠢᠨ ᠡᠯ᠎ᠠ ᠲᠦᠷᠤᠯ | ᠤᠨ ᠬᠦᠮᠤᠰ ᠤᠨ ᠠᠵᠢᠯ ᠤᠯᠭᠤᠯᠳᠠ ᠶᠢᠨ ᠶᠠᠰᠤ ᠴᠢᠨᠠᠷ ᠢ ᠲᠡᠬᠡᠭᠰᠢᠯᠡᠬᠦᠯᠤᠨ᠎ᠠ᠃ ᠶᠡᠭᠡ ᠲᠡᠬᠡᠳᠤ ᠰᠤᠷᠭᠠᠭᠤᠯᠢ | ᠲᠡᠬᠦᠰᠦᠭᠰᠡᠳ᠂ ᠴᠡᠷᠢᠭ ᠠᠴᠠ ᠬᠠᠯᠠᠭᠳᠠᠭᠰᠡᠳ᠂ ᠬᠤᠳᠠ ᠤᠷᠤᠭᠰᠡᠨ ᠮᠠᠯᠴᠢᠳ ᠪᠠ ᠬᠦᠴᠢᠷᠳᠡᠯᠳᠡᠢ ᠤᠯᠠᠨ | ᠲᠦᠮᠡᠨ ᠳᠤ ᠠᠵᠢᠯ ᠤᠯᠭᠤᠬᠤ ᠠᠵᠢᠯ ᠢ ᠰᠠᠶᠢᠳᠤᠷ ᠠᠳᠬᠤᠨ᠎ᠠ᠃ ᠠᠳᠠᠯ ᠦᠢᠯᠡᠰ ᠪᠤᠰᠬᠠᠬᠤ ᠶᠢ ᠲᠡᠮᠵᠢᠬᠦ ᠡᠷᠴᠢᠮ | ᠢᠶᠠᠨ ᠴᠢᠩᠭᠠᠷᠠᠭᠤᠯᠤᠨ᠂ ᠰᠤᠷᠭᠠᠨ ᠬᠦᠮᠤᠵᠢᠯ ᠤᠨ ᠪᠤᠯᠪᠠᠰᠤᠷᠠᠯ ᠤᠨ ᠰᠠᠭᠤᠷᠢᠨ ᠭᠠᠵᠡᠷ ᠤᠨ ᠬᠠᠮᠢᠶᠠᠷᠤᠯᠳᠠ | ᠪᠤᠯᠪᠠᠰᠤᠷᠠᠯ ᠤᠨ ᠬᠢᠷᠢ ᠲᠦᠪᠰᠢᠨ ᠢ ᠴᠢᠷᠮᠠᠶᠢᠨ ᠲᠡᠬᠡᠭᠰᠢᠯᠡᠬᠦᠯᠵᠤ᠂ ᠦᠢᠯᠡᠰ ᠤᠨ ᠦᠯᠤᠬᠡᠢ ᠶᠢᠨ ᠰᠠᠭᠤᠷᠢᠨ ᠭᠠᠵᠡᠷ | ᠵᠡᠷᠬᠡ ᠲᠠᠪᠴᠡᠩ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ︽ᠪᠤᠯᠪᠠᠰᠤᠷᠠᠯ ᠬᠦᠷᠳᠡᠬᠡᠬᠦ + ᠦᠢᠯᠡᠰ ᠤᠨ | ᠦᠯᠤᠬᠡᠢ ᠳᠤ ᠣᠷᠣᠭᠤᠯᠬᠤ︾ ᠵᠠᠭᠪᠤᠷ ᠢᠶᠠᠷ᠂ ᠴᠢᠳᠠᠪᠤᠷᠢ ᠲᠠᠢ ᠠᠵᠢᠯ ᠤᠯᠬᠤ ᠬᠦᠰᠠᠯ ᠲᠠᠢ ᠬᠦᠮᠤᠰ ᠲᠤ ᠦᠢᠯᠡᠰ | ᠡᠷᠬᠢᠯᠡᠵᠤ ᠠᠵᠢᠯ ᠤᠯᠭᠤᠬᠤ ᠰᠢᠯᠢᠳᠡᠭ ᠨᠦᠬᠦᠴᠠᠯ ᠢ ᠪᠦᠷᠢᠯᠳᠤᠬᠦᠯᠤᠨ ᠦᠭᠴᠤ᠂ ᠵᠢᠯ ᠤᠨ ᠲᠤᠳᠤᠷ᠎ᠠ 4000 | ᠠᠵᠢᠯ ᠤᠨ ᠪᠠᠶᠢᠷᠢ ᠴᠤᠭᠯᠠᠭᠤᠯᠵᠤ᠂ ᠬᠤᠳᠠ ᠬᠦᠳᠡᠭᠡ ᠶᠢᠨ 2000 ᠬᠦᠮᠤᠨ ᠢ ᠲᠦᠪᠬᠢᠨᠡᠬᠦᠯᠵᠤ᠂ ᠬᠤᠳᠠ | ᠪᠠᠯᠭᠠᠰᠣᠨ ᠤ 700 ᠬᠦᠮᠤᠨ ᠳᠤ ᠰᠢᠨ᠎ᠠ ᠪᠠᠷ ᠠᠵᠢᠯ ᠤᠯᠭᠤᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠡᠨ | ᠠᠵᠢᠯ ᠠᠯᠳᠠᠯᠳᠠ ᠶᠢᠨ ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠨ᠎ᠠ᠃ | ᠬᠤᠶᠡᠷ ᠲᠤ᠂ ᠨᠠᠶᠢᠬᠡᠮ ᠤᠨ ᠪᠠᠳᠤᠯᠠᠭ᠎ᠠ ᠶᠢᠨ ᠠᠵᠢᠯ ᠢ ᠴᠢᠩᠭᠠᠳᠬᠠᠨ᠎ᠠ᠃ ᠨᠠᠶᠢᠬᠡᠮ ᠤᠨ ᠠᠪᠤᠷᠠᠨ | ᠲᠤᠰᠠᠯᠠᠯᠳᠠ ᠶᠢᠨ ᠡᠬᠢ ᠪᠠᠶᠠᠯᠢᠭ ᠢ ᠨᠢᠬᠡᠳᠤᠯᠳᠡᠢ ᠲᠦᠯᠤᠪᠵᠢᠬᠦᠯᠤᠨ᠂ ᠠᠵᠤ ᠠᠬᠤᠢ ᠶᠢᠨ ᠬᠦᠭᠵᠢᠯᠳᠠ ᠶᠢᠨ ᠬᠢᠷᠢ | ᠲᠦᠪᠰᠢᠨ ᠪᠠ ᠡᠳ᠋ ᠤᠨ ᠵᠠᠰᠠᠭ ᠤᠨ ᠴᠢᠳᠠᠪᠬᠢ ᠲᠠᠢ ᠬᠠᠷᠢᠯᠴᠠᠨ ᠲᠤᠬᠢᠷᠠᠯᠴᠠᠭᠰᠡᠨ ᠬᠤᠳᠠ ᠬᠦᠳᠡᠭᠡ ᠶᠢᠨ ᠬᠠᠮᠤᠭ | ᠨᠠᠭᠠᠳᠤ ᠵᠠᠬ᠎ᠠ ᠶᠢᠨ ᠠᠮᠢᠳᠤᠷᠡᠯ ᠤᠨ ᠪᠠᠳᠤᠯᠠᠭ᠎ᠠ ᠶᠢᠨ ᠪᠠᠷᠢᠮᠵᠢᠶ᠎ᠠ ᠵᠢᠴᠢ ᠨᠦᠬᠦᠪᠤᠷᠢ ᠶᠢᠨ ᠬᠢᠷᠢ ᠲᠦᠪᠰᠢᠨ ᠢ | ᠲᠤᠬᠢᠷᠠᠭᠤᠯᠬᠤ ᠵᠤᠬᠢᠴᠠᠮᠵᠢ ᠪᠠᠶᠢᠭᠤᠯᠵᠤ᠂ ᠲᠦᠷ ᠴᠠᠭ ᠠᠪᠤᠷᠠᠨ ᠲᠤᠰᠠᠯᠠᠬᠤ᠂ ᠠᠰᠠᠷᠠᠮᠵᠢ ᠬᠠᠷᠠᠭᠠᠯᠵᠠᠯ ᠦᠵᠡᠬᠦᠯᠬᠦ | ᠵᠠᠷᠬᠡ ᠲᠦᠷᠢᠮ ᠢ ᠲᠠᠰᠤᠷᠠᠯᠳᠠ ᠦᠬᠡᠢ ᠲᠡᠬᠦᠯᠳᠡᠷᠵᠢᠬᠦᠯᠤᠨ᠂ ᠵᠡᠮᠳᠡᠭᠴᠤᠳ ᠢ ᠨᠠᠶᠢᠳᠠᠨ ᠠᠰᠠᠷᠠᠭᠤᠯᠬᠤ | ᠦᠢᠯᠡᠴᠢᠯᠡᠬᠡᠨ ᠤ ᠲᠦᠪ ᠢ ᠠᠰᠢᠭᠯᠠᠯᠳᠠ ᠳᠤ ᠤᠷᠤᠭᠤᠯᠵᠤ᠂ ᠬᠦᠴᠢᠷᠳᠡᠯᠳᠡᠢ ᠤᠯᠠᠨ ᠲᠦᠮᠡᠨ ᠤ ᠦᠡᠳᠤᠰᠤᠨ | ᠠᠮᠢᠳᠤᠷᠡᠯ ᠢ ᠰᠠᠶᠢᠳᠤᠷ ᠪᠠᠳᠤᠯᠠᠨ᠎ᠠ᠃ ᠪᠦᠬᠦ ᠠᠷᠡᠳ ᠢᠶᠠᠷ ᠢᠶᠠᠨ ᠲᠠᠭᠠᠳᠬᠠᠯ ᠳᠤ ᠤᠷᠤᠬᠤ ᠲᠦᠯᠤᠪᠯᠡᠭᠡ ᠶᠢ | ᠬᠦᠡᠵᠡᠬᠡᠢ ᠬᠡᠷᠡᠭᠵᠢᠬᠦᠯᠵᠤ᠂ ᠦᠡᠳᠤᠰᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠦᠪᠡᠷᠳᠡᠬᠡᠨ ᠵᠠᠰᠠᠬᠤ | ᠤᠷᠤᠨ ᠤ ᠱᠠᠳᠤᠨ ᠤ ᠨᠢᠬᠡᠳᠤᠯᠳᠡᠢ ᠲᠦᠯᠤᠪᠵᠢᠬᠦᠯᠬᠦ ᠠᠵᠢᠯ ᠳᠤ ᠰᠠᠶᠢᠳᠤᠷ ᠬᠠᠮᠵᠢᠯᠴᠠᠨ᠂ ᠨᠠᠰᠤᠵᠢᠯ ᠤᠨ | ᠠᠰᠠᠷᠠᠮᠵᠢ ᠶᠢᠨ ᠮᠦᠩᠬᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠲᠠᠷᠬᠠᠭᠠᠬᠤ ᠶᠢ ᠦᠨᠡᠡᠬᠦ ᠪᠠᠳᠤᠯᠠᠨ᠎ᠠ᠃ ᠡᠮ | ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠬᠡᠪᠴᠢᠶ᠎ᠠ ᠶᠢ ᠦᠷᠬᠡᠳᠬᠡᠬᠦ ᠠᠵᠢᠯ ᠢ ᠬᠦᠴᠤᠯᠠᠨ ᠠᠬᠢᠭᠤᠯᠵᠤ᠂ ᠬᠤᠳᠠ | ᠬᠦᠳᠡᠭᠡ ᠶᠢᠨ ᠰᠠᠭᠤᠭᠠᠯᠢ ᠠᠷᠡᠳ ᠤᠨ ᠦᠡᠳᠤᠰᠤᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠬᠤ ᠨᠤᠷᠮ᠎ᠠ ᠶᠢ | 95% ᠳᠤ ᠬᠦᠷᠬᠡᠬᠦ ᠶᠢ ᠪᠠᠳᠤᠯᠠᠨ᠎ᠠ᠃ ᠡᠮ ᠡᠮᠨᠡᠯᠬᠡ ᠶᠢᠨ ᠲᠠᠭᠠᠳᠬᠠᠯ ᠢ ᠲᠤᠰᠬᠠᠢ ᠲᠦᠷᠤᠯ ᠢᠶᠠᠷ ᠴᠡᠭᠴᠡᠯᠡᠨ | ᠵᠠᠰᠠᠬᠤ ᠠᠵᠢᠯᠯᠠᠭ᠎ᠠ ᠶᠢ ᠬᠦᠡᠵᠡᠬᠡᠢ ᠦᠷᠨᠢᠬᠦᠯᠵᠤ᠂ ᠲᠤᠭᠳᠠᠭᠰᠡᠨ ᠡᠮᠴᠢᠯᠡᠬᠡᠨ ᠤ ᠪᠠᠶᠢᠭᠤᠯᠤᠮᠵᠢ ᠪᠤᠯᠤᠨ ᠡᠮ ᠤᠨ | ᠲᠡᠯᠬᠡᠬᠦᠷ ᠤᠨ ᠲᠦᠷᠢᠮᠵᠢᠭᠰᠡᠨ ᠬᠠᠮᠢᠶᠠᠷᠤᠯᠳᠠ ᠶᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠰᠠᠭᠤᠷᠢ ᠮᠦᠩᠬᠦᠨ | ᠤ ᠬᠡᠷᠡᠭᠯᠡᠯᠳᠡ ᠶᠢᠨ ᠪᠦᠳᠤᠮᠵᠢᠳᠡᠢ ᠮᠦᠷᠳᠡᠬᠡᠨ ᠠᠮᠤᠷ ᠲᠦᠪᠰᠢᠨ ᠪᠠᠶᠢᠬᠤ ᠶᠢ ᠪᠠᠳᠤᠯᠠᠨ᠎ᠠ᠃ ᠨᠠᠰᠤᠵᠢᠯ ᠤᠨ | ᠦᠢᠯᠡᠴᠢᠯᠡᠬᠡᠨ ᠤ ᠶᠠᠰᠤ ᠴᠢᠨᠠᠷ ᠢ ᠲᠡᠬᠡᠭᠰᠢᠯᠡᠬᠦᠯᠬᠦ ᠲᠤᠰᠬᠠᠢ ᠲᠦᠷᠤᠯ ᠤᠨ ᠠᠵᠢᠯᠯᠠᠭ᠎ᠠ ᠶᠢ ᠪᠦᠬᠦ ᠲᠠᠯ᠎ᠠ ᠪᠠᠷ | ᠦᠷᠨᠢᠬᠦᠯᠵᠤ᠂ ᠬᠠᠯᠠᠮᠵᠢ ᠨᠠᠰᠤᠳᠠᠶᠢᠴᠤᠳ ᠤᠨ ᠦᠢᠯᠡᠴᠢᠯᠡᠬᠡᠨ ᠤ ᠲᠦᠪ ᠤᠨ ᠦᠢᠯᠡᠴᠢᠯᠡᠭᠡ ᠬᠠᠮᠢᠶᠠᠷᠤᠯᠳᠠ ᠶᠢᠨ | ᠬᠢᠷᠢ ᠲᠦᠪᠰᠢᠨ ᠢ ᠲᠡᠬᠡᠭᠰᠢᠯᠡᠬᠦᠯᠤᠨ᠂ ᠮᠤᠩᠭᠤᠯ ᠡᠮᠨᠡᠯᠬᠡ ᠶᠢᠨ ᠬᠤᠷᠢᠶᠠᠨ ᠤ ᠲᠦᠬᠦᠬᠡᠷᠤᠮᠵᠢ ᠶᠢ ᠬᠦᠢᠴᠡᠳ | ᠠᠰᠢᠭᠯᠠᠵᠤ᠂ ᠴᠡᠭᠡ ᠵᠠᠰᠠᠯᠭ᠎ᠠ᠂ ᠰᠡᠳᠬᠢᠴᠠ ᠶᠢᠨ ᠵᠦᠪᠯᠡᠯᠬᠡ ᠪᠠ ᠮᠤᠩᠭᠤᠯ ᠡᠮᠴᠢᠯᠡᠬᠡᠨ ᠤ ᠡᠷᠡᠬᠦᠯ ᠮᠠᠡᠳᠤ ᠳᠤ | ᠦᠵᠡᠬᠦᠯᠬᠦ ᠤᠡᠴᠠᠭᠠᠢ ᠦᠢᠯᠡᠳᠤᠯ ᠢ ᠪᠠᠳᠠᠷᠠᠭᠤᠯᠤᠨ᠂ ᠡᠮᠴᠢᠯᠡᠭᠡ ᠰᠤᠪᠢᠯᠠᠯᠳᠠ ᠶᠢ ᠤᠶᠠᠯᠳᠤᠭᠤᠯᠤᠭᠰᠡᠨ | ᠦᠢᠯᠡᠴᠢᠯᠡᠭᠡ ᠶᠢ ᠪᠦᠬᠦ ᠲᠠᠯ᠎ᠠ ᠪᠠᠷ ᠦᠷᠨᠢᠬᠦᠯᠤᠨ᠎ᠠ᠃ | ᠭᠤᠷᠪᠡ ᠳᠤ᠂ ᠠᠷᠡᠳ ᠲᠦᠮᠡᠨ ᠤ ᠬᠠᠨᠤᠮᠵᠢᠳᠡᠢ ᠰᠤᠷᠭᠠᠨ ᠬᠦᠮᠤᠵᠢᠯ ᠢ ᠡᠷᠬᠢᠯᠠᠨ᠎ᠠ᠃ ᠰᠠᠭᠤᠷᠢ ᠰᠤᠷᠭᠠᠨ | ᠬᠦᠮᠤᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠲᠡᠬᠡᠭᠰᠢᠯᠡᠬᠦᠯᠬᠦ ᠬᠤᠶᠠᠳᠤᠭᠠᠷ ᠬᠤᠭᠤᠴᠠᠭᠠᠨ ᠤ ᠭᠤᠷᠪᠡᠨ ᠵᠢᠯ ᠤᠨ | ᠠᠵᠢᠯᠯᠠᠭᠠᠨ ᠤ ᠲᠦᠯᠤᠪᠯᠡᠭᠡ ᠶᠢ ᠨᠠᠷᠢᠨ ᠬᠢᠨᠠᠮᠠᠭᠠᠢ ᠬᠡᠷᠡᠭᠵᠢᠬᠦᠯᠤᠨ᠂ ᠲᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠠᠯ | ᠤᠨ ᠲᠠᠩᠬᠢᠮ ᠤᠨ ᠵᠢᠭᠠᠨ ᠰᠤᠷᠭᠠᠯᠳᠠ ᠶᠢᠨ ᠦᠬᠡᠷᠡᠴᠢᠯᠡᠯᠳᠡ ᠶᠢ ᠪᠦᠬᠦ ᠬᠦᠴᠤᠨ ᠢᠶᠠᠷ ᠠᠬᠢᠭᠤᠯᠵᠤ᠂ ︽ | ᠬᠢᠴᠢᠶᠠᠯ ᠰᠤᠨᠤᠰᠬᠤ ᠲᠦᠷᠢᠮ︾ ᠢ ᠦᠷᠬᠦᠯᠵᠢᠯᠡᠨ ᠬᠡᠷᠡᠭᠵᠢᠬᠦᠯᠵᠤ᠂ ᠤᠯᠠᠨ ᠠᠷᠭ᠎ᠠ ᠮᠠᠶ᠋ᠢᠭ ᠢᠶᠠᠷ ᠬᠡᠷ ᠤᠨ | ᠠᠬᠠᠮᠠᠳ ᠤᠨ ᠬᠦᠮᠤᠵᠢᠯ ᠤᠨ ᠠᠰᠠᠭᠤᠳᠠᠯ ᠢ ᠡᠷᠴᠢᠮᠳᠡᠢ ᠰᠠᠶᠢᠳᠤᠷ ᠦᠷᠨᠢᠬᠦᠯᠤᠨ᠎ᠠ᠃ ︽ᠵᠢᠷᠭᠤᠭᠠᠨ ᠡᠩᠨᠡᠭᠡ︾ | ᠶᠢᠨ ᠪᠠᠶᠢᠭᠤᠯᠤᠯᠳᠠ ᠶᠢ ᠴᠢᠩᠭᠠᠳᠬᠠᠵᠤ᠂ ︽ᠬᠤᠰᠢᠭᠤᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ︾ | ᠦᠬᠡᠷᠡᠴᠢᠯᠡᠯᠳᠡ ᠶᠢᠨ ᠲᠤᠷᠰᠢᠯᠭ᠎ᠠ ᠶᠢ ᠲᠡᠯᠬᠡᠷᠡᠬᠦᠯᠵᠤ᠂ ᠪᠠᠭᠰᠢ ᠶᠢᠨ ᠡᠩᠨᠡᠭᠡ ᠲᠤᠳᠠᠭᠳᠠᠵᠤ ᠪᠠᠶᠢᠭ᠎ᠠ ᠠᠰᠠᠭᠤᠳᠠᠯ | ᠢ ᠢᠳᠡᠪᠬᠢᠳᠡᠢ ᠰᠢᠢᠳᠪᠤᠷᠢᠯᠡᠵᠤ᠂ ᠵᠢᠯ ᠤᠨ ᠲᠤᠳᠤᠷ᠎ᠠ ᠬᠡᠤᠬᠡᠳ ᠤᠨ ᠰᠤᠷᠭᠠᠨ ᠬᠦᠮᠤᠵᠢᠯ ᠤᠨ ᠨᠠᠶᠢᠳᠠ ᠶᠢᠨ | ᠠᠰᠢᠭᠳᠤ ᠠᠵᠢᠯ ᠤᠨ ᠪᠠᠶᠢᠷᠢ ᠶᠢᠨ ᠪᠠᠭᠰᠢ ᠠᠵᠢᠯᠳᠠᠨ 40 ᠶᠢ ᠡᠯᠰᠡᠨ᠎ᠠ᠃ ᠰᠠᠭᠤᠷᠢ ᠲᠦᠬᠦᠬᠡᠷᠤᠮᠵᠢ ᠶᠢᠨ ᠬᠢᠷᠢ | ᠲᠦᠪᠰᠢᠨ ᠢ ᠲᠡᠬᠡᠭᠰᠢᠯᠡᠬᠦᠯᠵᠤ᠂ ᠰᠢᠨ᠎ᠠ ᠪᠠᠷ ᠪᠠᠶᠢᠭᠤᠯᠣᠭᠰᠠᠨ ᠮᠦᠩᠬᠡᠭᠠᠯ ᠬᠡᠤᠬᠡᠳ ᠤᠨ ᠴᠡᠴᠡᠷᠯᠢᠭ ᠰᠢᠨ᠎ᠠ | ᠴᠡᠴᠡᠷᠯᠢᠭ ᠤᠨ ᠲᠤᠭᠤᠷᠢᠭ ᠢ ᠠᠰᠢᠭᠯᠠᠯᠳᠠ ᠳᠤ ᠤᠷᠤᠭᠤᠯᠤᠨ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ | ᠤᠨ ᠰᠤᠳᠤᠯᠤᠨ ᠰᠤᠷᠤᠯᠴᠠᠬᠤ ᠦᠢᠯᠡᠳᠤᠯᠬᠡ ᠬᠦᠮᠤᠵᠢᠯ ᠤᠨ ᠰᠠᠭᠤᠷᠢᠨ ᠭᠠᠵᠡᠷ ᠢ ᠪᠦᠬᠦ ᠲᠠᠯ᠎ᠠ ᠪᠠᠷ ᠡᠬᠢᠯᠡᠬᠦᠯᠵᠤ᠂ | ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠰᠤᠷᠭᠠᠭᠤᠯᠢ ᠡᠷᠬᠢᠯᠡᠬᠦ ᠨᠦᠬᠦᠴᠠᠯ ᠢ ᠰᠠᠶᠢᠵᠢᠷᠠᠭᠤᠯᠬᠤ ᠪᠠ ᠴᠢᠨᠠᠷ | ᠴᠢᠡᠰᠠᠭ᠎ᠠ ᠶᠢ ᠲᠡᠬᠡᠭᠰᠢᠯᠡᠬᠦᠯᠬᠦ ᠢᠡᠵᠧᠨᠧᠷᠢᠩ ᠢ ᠰᠠᠶᠢᠳᠤᠷ ᠬᠡᠷᠡᠭᠵᠢᠬᠦᠯᠤᠨ᠎ᠠ᠃ | ᠲᠦᠷᠪᠡ ᠳᠤ᠂ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠪᠠᠳᠤᠯᠠᠨ᠎ᠠ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠬᠦ ᠠᠵᠢᠯᠯᠠᠭ᠎ᠠ ᠪᠠ ᠤᠷᠤᠨ ᠨᠤᠳᠤᠭ | ᠤᠨ ᠡᠪᠡᠳᠴᠢᠨ ᠢ ᠰᠡᠷᠬᠡᠶᠢᠯᠡᠨ ᠵᠠᠰᠠᠬᠤ ᠲᠤᠰᠬᠠᠢ ᠲᠦᠷᠤᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠤᠨ᠂ | ᠰᠢᠨ᠎ᠠ ᠲᠢᠳᠢᠮᠯᠢᠭ ᠠᠭᠤᠰᠬᠢᠨ ᠦᠷᠪᠢᠰᠤᠯ ᠵᠠᠷᠬᠡ ᠬᠦᠡᠳᠤ ᠶᠡᠭᠡ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ | ᠡᠵᠡᠮᠳᠡᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠵᠤ᠂ ᠡᠬᠡ ᠤᠷᠤᠡᠴᠢ ᠡᠷᠡᠬᠦᠯ ᠬᠠᠮᠠᠭᠠᠯᠠᠯ ᠤᠨ ᠬᠦᠳᠡᠯᠬᠡᠬᠡᠨ᠂ | ᠪᠦᠬᠦ ᠠᠷᠡᠳ ᠤᠨ ᠡᠷᠡᠬᠦᠯ ᠮᠠᠡᠳᠤ ᠶᠢᠨ ᠬᠦᠮᠤᠵᠢᠯ᠂ ᠬᠢᠵᠢᠭ ᠡᠪᠡᠳᠴᠢᠨ ᠢ ᠬᠢᠨᠡᠨ ᠪᠠᠶᠢᠴᠠᠭᠠᠬᠤ ᠠᠵᠢᠯ ᠢ | ᠪᠠᠶᠢᠩᠭᠤ ᠶᠢᠨ ᠴᠢᠨᠠᠷᠳᠡᠢ ᠰᠠᠶᠢᠳᠤᠷ ᠦᠷᠨᠢᠬᠦᠯᠵᠤ᠂ ᠰᠡᠷᠬᠡᠶᠢᠯᠡᠨ ᠡᠵᠡᠮᠳᠡᠬᠦ ᠲᠤᠰᠬᠠᠢ ᠮᠠᠷᠬᠡᠵᠢᠯᠳᠠᠨ ᠤ ᠡᠩᠨᠡᠭᠡ᠂ | ᠤᠨᠤᠰᠢᠯᠠᠨ ᠡᠮᠨᠡᠬᠦ ᠡᠮᠨᠡᠯᠬᠡ ᠶᠢᠨ ᠠᠵᠢᠯᠳᠠᠨ᠂ ᠲᠤᠷᠰᠢᠯᠳᠠ ᠶᠢᠨ ᠲᠠᠰᠤᠭ ᠤᠨ ᠪᠠᠶᠢᠴᠠᠭᠠᠨ ᠬᠡᠮᠵᠢᠯᠳᠠ ᠪᠠ ᠡᠷᠡᠬᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠪᠡᠨ ᠴᠢᠳᠠᠪᠤᠷᠢ ᠶᠢᠨ ᠪᠠᠶᠢᠭᠤᠯᠤᠯᠳᠠ ᠶᠢ ᠲᠡᠬᠡᠭᠰᠢᠯᠡᠬᠦᠯᠵᠤ᠂ | ᠵᠢᠯ ᠤᠨ ᠲᠤᠳᠤᠷ᠎ᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠶᠠᠷᠤᠩᠬᠡᠶᠢᠯᠡᠭᠰᠡᠨ | ᠠᠰᠠᠷ ᠢ ᠠᠰᠢᠭᠯᠠᠯᠳᠠ ᠳᠤ ᠤᠷᠤᠭᠤᠯᠤᠨ᠂ ᠬᠤᠯᠤᠭᠠᠨ᠎ᠠ ᠶᠢᠨ ᠬᠢᠵᠢᠭ ᠢ ᠲᠤᠭᠳᠠᠮᠠᠯ ᠬᠢᠨᠡᠨ ᠬᠡᠮᠵᠢᠬᠦ ᠤᠯᠤᠰ ᠤᠨ | ᠲᠡᠰ ᠤᠨ ᠲᠤᠷᠰᠢᠯᠳᠠ ᠶᠢᠨ ᠲᠠᠰᠤᠭ ᠢ ᠰᠢᠨ᠎ᠠ ᠪᠠᠷ ᠪᠠᠶᠢᠭᠤᠯᠵᠤ᠂ PCR ᠲᠤᠷᠰᠢᠯᠳᠠ ᠶᠢᠨ ᠲᠠᠰᠤᠭ ᠪᠠ | ᠬᠤᠯᠤᠭᠠᠨ᠎ᠠ ᠶᠢᠨ ᠬᠢᠵᠢᠭ ᠤᠨ P2 ᠲᠤᠷᠰᠢᠯᠳᠠ ᠶᠢᠨ ᠲᠠᠰᠤᠭ ᠤᠨ ᠪᠠᠶᠢᠭᠤᠯᠤᠯᠳᠠ ᠶᠢ ᠲᠠᠭᠤᠰᠬᠠᠨ᠎ᠠ᠃ ᠡᠷᠡᠬᠦᠯ | ᠬᠠᠮᠠᠭᠠᠯᠠᠯ ᠡᠮ ᠡᠮᠨᠡᠯᠬᠡ ᠶᠢᠨ ᠮᠠᠷᠬᠡᠵᠢᠯ ᠤᠨ ᠠᠵᠢᠯᠳᠠᠨ ᠢ ᠤᠷᠢᠨ ᠬᠡᠷᠡᠭᠯᠡᠬᠦ ᠪᠠᠷ ᠲᠠᠮᠵᠢᠨ᠂ ᠮᠠᠷᠬᠡᠵᠢᠯ ᠤᠨ | ᠠᠵᠢᠯᠳᠠᠨ ᠤᠨ ᠬᠦᠮᠤᠵᠢᠯ ᠪᠤᠯᠪᠠᠰᠤᠷᠠᠯ ᠢ ᠴᠢᠩᠭᠠᠳᠬᠠᠵᠤ᠂ ᠲᠡᠬᠡᠳᠤ ᠱᠠᠳᠤᠨ ᠠᠴᠠ ᠠᠵᠢᠯ ᠲᠦᠷᠤᠯ ᠤᠨ | ᠬᠠᠨᠳᠤᠯᠭᠠᠳᠤ ᠲᠤᠰᠠᠯᠠᠮᠵᠢ ᠶᠢ ᠢᠳᠡᠪᠬᠢᠳᠡᠢ ᠭᠤᠶᠤᠴᠢᠯᠠᠵᠤ᠂ ᠡᠮᠴᠢᠯᠡᠬᠡᠨ ᠤ ᠬᠤᠯᠪᠤᠭᠠᠳᠤ ᠴᠤᠭᠴᠠ᠂ ᠡᠮᠴᠢᠯᠡᠬᠡᠨ | ᠤ ᠬᠠᠮᠳᠤ ᠶᠢᠨ ᠴᠤᠭᠴᠠ ᠶᠢ ᠪᠠᠶᠢᠭᠤᠯᠬᠤ ᠵᠡᠷᠬᠡ ᠠᠷᠭ᠎ᠠ ᠮᠠᠶ᠋ᠢᠭ ᠢᠶᠠᠷ᠂ ᠡᠮᠴᠢᠯᠡᠭᠡ ᠡᠷᠡᠬᠦᠯ ᠬᠠᠮᠠᠭᠠᠯᠠᠯ᠂ | ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠪᠠ ᠬᠢᠨᠠᠯᠳᠠ ᠬᠠᠮᠢᠶᠠᠷᠤᠯᠳᠠ ᠵᠡᠷᠬᠡ ᠲᠠᠯ᠎ᠠ ᠶᠢᠨ ᠲᠤᠳᠠᠭᠤᠳᠠᠯ ᠢ | ᠨᠦᠬᠦᠪᠤᠷᠢᠯᠡᠵᠤ᠂ ᠡᠮᠴᠢᠯᠡᠭᠡ ᠡᠷᠡᠬᠦᠯ ᠬᠠᠮᠠᠭᠠᠯᠠᠯ ᠤᠨ ᠮᠡᠷᠬᠡᠵᠢᠯ ᠤᠨ ᠬᠢᠷᠢ ᠲᠦᠪᠰᠢᠨ ᠪᠠ ᠦᠢᠯᠡᠴᠢᠯᠡᠬᠡᠨ ᠤ | ᠴᠢᠳᠠᠪᠤᠷᠢ ᠶᠢ ᠪᠦᠬᠦ ᠲᠠᠯ᠎ᠠ ᠪᠠᠷ ᠲᠡᠬᠡᠭᠰᠢᠯᠡᠬᠦᠯᠦᠨ᠂ ᠤᠯᠠᠨ ᠲᠦᠮᠡᠨ ᠤ ︽ᠡᠪᠡᠳᠴᠢᠨ ᠢᠶᠠᠨ ᠦᠵᠡᠬᠦᠯᠬᠦ᠂ | ᠡᠪᠡᠳᠴᠢᠨ ᠦᠵᠡᠬᠦᠯᠵᠤ ᠲᠠᠶᠢᠯᠬᠦ᠂ ᠡᠪᠡᠳᠴᠢᠨ ᠢᠶᠠᠨ ᠡᠮᠨᠡᠨ ᠡᠳᠡᠬᠡᠷᠡᠬᠦᠯᠵᠤ ᠲᠠᠶᠢᠯᠬᠦ︾ ᠶᠢ ᠴᠢᠷᠮᠠᠶᠢᠨ | ᠪᠠᠶᠠᠯᠠᠬᠦᠯᠤᠨ᠎ᠠ᠃ ᠬᠦᠮᠤᠨ ᠠᠮᠠ ᠲᠦᠯᠤᠪᠯᠡᠬᠡᠳᠤ ᠦᠷᠡᠵᠢᠯ ᠤᠨ ᠠᠵᠢᠯ ᠢ ᠢᠳᠡᠪᠬᠢᠳᠡᠢ ᠰᠠᠶᠢᠳᠤᠷ ᠬᠢᠵᠤ᠂ ᠪᠦᠬᠦ | ᠤᠯᠤᠰ ᠤᠨ ᠲᠤᠯᠤᠳᠤᠭᠠᠷ ᠤᠳᠠᠭᠠᠨ ᠤ ᠬᠦᠮᠤᠨ ᠠᠮᠠ ᠶᠢᠨ ᠨᠠᠶᠢᠳᠠᠮ ᠪᠠᠶᠢᠴᠠᠭᠠᠯᠳᠠ ᠤᠨ ᠠᠵᠢᠯ ᠢ ᠡᠬᠢᠯᠡᠬᠦᠯᠣᠨᠠ᠃ | | ᠲᠠᠪᠤ ᠳᠤ᠂ ᠰᠤᠶᠤᠯ ᠲᠠᠮᠢᠷ ᠤᠨ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠰᠤᠶᠤᠯ ᠢᠶᠠᠷ | ᠠᠷᠡᠳ ᠲᠤ ᠠᠰᠢᠭ ᠬᠦᠷᠳᠡᠬᠡᠬᠦ ᠢᠡᠵᠧᠨᠧᠷᠢᠩ ᠢ ᠲᠦᠯᠬᠢᠨ ᠠᠬᠢᠭᠤᠯᠵᠤ᠂ ᠴᠤᠭᠤᠷ ᠲᠠᠭᠤᠤ ᠦᠪᠯᠡᠨ | ᠤᠯᠠᠮᠵᠢᠯᠠᠬᠤ ᠲᠦᠪ ᠢ ᠠᠰᠢᠭᠯᠠᠯᠳᠠ ᠳᠤ ᠤᠷᠤᠭᠤᠯᠤᠨ᠂ ᠤᠯᠠᠭᠠᠡᠮᠦ᠋ᠴᠢᠷ ᠤᠨ ᠤᠯᠠᠨ ᠴᠢᠳᠠᠪᠬᠢᠳᠤ | ᠶᠠᠷᠤᠩᠬᠡᠶᠢᠯᠡᠭᠰᠡᠨ ᠠᠰᠠᠷ ᠤᠨ ᠪᠦᠳᠤᠬᠡᠨ ᠪᠠᠶᠢᠭᠤᠯᠤᠯᠳᠠ ᠶᠢ ᠡᠬᠢᠯᠡᠬᠦᠯᠵᠤ᠂ ᠬᠠᠮ ᠵᠠᠭᠤᠴᠢᠯᠠᠭᠤᠷ ᠤᠨ ᠲᠦᠪ ᠤᠨ | ᠪᠦᠳᠤᠬᠡᠨ ᠪᠠᠶᠢᠭᠤᠯᠤᠯᠳᠠ ᠶᠢ ᠰᠠᠶᠢᠳᠤᠷ ᠠᠬᠢᠭᠤᠯᠤᠨ᠎ᠠ᠃ ᠤᠯᠠᠨ ᠨᠠᠶᠢᠳᠠ ᠶᠢᠨ ᠰᠤᠶᠤᠯ ᠤᠨ ᠰᠠᠭᠤᠷᠢ | ᠲᠦᠬᠦᠬᠡᠷᠤᠮᠵᠢ ᠶᠢᠨ ᠨᠦᠬᠦᠴᠠᠯ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠤᠯᠠᠨ ᠲᠦᠮᠡᠨ ᠳᠤ ᠨᠡᠬᠡᠬᠡᠯᠳᠡ ᠲᠠᠢ | ᠬᠡᠷᠡᠭᠯᠡᠬᠦᠯᠬᠦ ᠶᠢ ᠬᠦᠴᠤᠯᠡᠨ ᠠᠬᠢᠭᠤᠯᠵᠤ᠂ ᠦᠢᠯᠡᠴᠢᠯᠡᠬᠡᠨ ᠤ ᠲᠦᠷᠤᠯ ᠵᠥᠢᠯ ᠢ ᠰᠢᠨᠠᠴᠢᠯᠡᠨ᠂ ᠤᠯᠠᠨ ᠨᠠᠶᠢᠳᠠ ᠶᠢᠨ | ᠰᠤᠶᠤᠯ ᠤᠨ ᠲᠦᠬᠦᠬᠡᠷᠤᠮᠵᠢ ᠶᠢᠨ ᠠᠰᠢᠭᠯᠠᠯᠳᠠ ᠶᠢᠨ ᠨᠤᠷᠮ᠎ᠠ ᠶᠢ ᠲᠡᠬᠡᠭᠰᠢᠯᠡᠬᠦᠯᠤᠨ᠎ᠠ᠃ ᠤᠯᠠᠨ ᠲᠦᠮᠡᠨ ᠢ | ᠰᠠᠶᠢᠳᠤᠷ ᠬᠦᠳᠤᠯᠤᠨ ᠵᠢᠯᠤᠭᠤᠳᠴᠤ᠂ ᠤᠯᠠᠨ ᠲᠦᠮᠡᠨ ᠳᠤ ᠰᠠᠶᠢᠳᠤᠷ ᠦᠢᠯᠡᠴᠢᠯᠡᠨ᠎ᠠ᠃ ᠰᠤᠶᠤᠯ ᠢᠶᠠᠷ ᠠᠷᠡᠳ ᠲᠤ | ᠠᠰᠢᠭ ᠬᠦᠷᠳᠡᠬᠡᠬᠦ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠤ᠂ ︽ᠤᠯᠠᠭᠠᠡᠮᠦ᠋ᠴᠢᠷ ᠤᠨ ᠵᠤᠷᠢᠭ ᠰᠠᠨᠠᠭ᠎ᠠ ᠶᠢ | ᠪᠠᠳᠠᠷᠠᠭᠤᠯᠵᠤ᠂ ᠠᠷᠡᠳ ᠲᠦᠮᠡᠨ ᠤ ᠲᠤᠮᠳᠠ ᠬᠦᠡᠵᠡᠬᠡᠶᠢᠷᠡᠬᠦ︾ ᠦᠡᠳᠤᠰᠤᠨ ᠱᠠᠳᠤᠨ ᠤ ᠶᠠᠷᠤᠩᠬᠡᠶᠢᠯᠡᠭᠰᠡᠨ | ᠦᠢᠯᠡᠴᠢᠯᠡᠬᠡᠨ ᠤ ᠠᠵᠢᠯᠯᠠᠭ᠎ᠠ ᠶᠢ ᠦᠷᠬᠦᠯᠵᠢᠯᠡᠨ ᠬᠦᠡᠵᠡᠬᠡᠢ ᠦᠷᠨᠢᠬᠦᠯᠵᠤ᠂ ᠰᠢᠨ᠎ᠠ ᠴᠠᠭ ᠦᠶ᠎ᠠ ᠶᠢᠨ ᠪᠤᠯᠪᠠᠰᠤᠨ ᠤ | ᠦᠢᠯᠡᠳᠤᠯᠬᠡ ᠶᠢᠨ ᠲᠦᠪ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠰᠤᠶᠤᠯ ᠢᠶᠠᠨ ᠦᠪᠯᠡᠨ ᠬᠠᠮᠠᠭᠠᠯᠠᠬᠤ᠂ | ᠤᠳᠬ᠎ᠠ ᠤᠷᠠᠯᠢᠭ ᠤᠨ ᠰᠤᠳᠤᠨ ᠪᠦᠳᠤᠬᠡᠯ ᠢ ᠵᠤᠬᠢᠶᠠᠨ ᠪᠦᠳᠤᠬᠡᠬᠦ᠂ ᠴᠢᠳᠠᠪᠤᠷᠢᠳᠠᠨ ᠤ ᠡᠩᠨᠡᠭᠡ ᠶᠢ ᠬᠦᠮᠤᠵᠢᠬᠦᠯᠬᠦ᠂ | ᠰᠤᠶᠤᠯ ᠤᠨ ᠨᠠᠷᠡᠳᠤ ᠲᠡᠮᠳᠡᠭ ᠢ ᠡᠬᠦᠳᠬᠦ᠂ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠵᠤ ᠠᠰᠢᠭᠯᠠᠬᠤ᠂ | ᠤᠯᠠᠨ ᠲᠦᠮᠡᠡᠴᠢ ᠴᠢᠨᠠᠷᠳᠡᠢ ᠰᠤᠶᠤᠯ ᠲᠠᠮᠢᠷ ᠤᠨ ᠠᠵᠢᠯᠯᠠᠭ᠎ᠠ ᠵᠡᠷᠬᠡ ᠠᠵᠢᠯ ᠢ ᠪᠦᠬᠦ ᠲᠠᠯ᠎ᠠ ᠪᠠᠷ ᠦᠷᠨᠢᠬᠦᠯᠵᠤ᠂ | ᠤᠯᠠᠨ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠡᠯ ᠢ ᠪᠠᠶᠠᠯᠢᠭᠵᠢᠭᠤᠯᠤᠨ᠎ᠠ᠃ | ᠵᠢᠷᠭᠤᠭ᠎ᠠ ᠳᠤ᠂ ᠲᠤᠬᠢᠯᠢᠭ ᠲᠠᠭᠠᠯᠠᠮᠵᠢᠳᠡᠢ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠤᠨ᠎ᠠ᠃ ᠬᠤᠳᠠ | ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠨᠦᠬᠦᠴᠠᠯ ᠢ ᠲᠠᠰᠤᠷᠠᠯᠳᠠ ᠦᠬᠡᠢ ᠰᠠᠶᠢᠵᠢᠷᠠᠭᠤᠯᠵᠤ᠂ ᠵᠢᠯ ᠤᠨ | ᠲᠤᠳᠤᠷ᠎ᠠ 15 ᠬᠠᠭᠤᠴᠢᠨ ᠰᠠᠭᠤᠭᠠᠯᠢ ᠲᠤᠭᠤᠷᠢᠭ ᠢ ᠦᠬᠡᠷᠡᠴᠢᠯᠡᠨ ᠰᠠᠶᠢᠵᠢᠷᠠᠭᠤᠯᠵᠤ᠂ 18 ᠺᠢᠯᠤᠮᠧᠲᠷ ᠤᠰᠤ | ᠬᠠᠩᠭᠠᠬᠤ ᠪᠠ ᠭᠠᠳᠠᠭᠰᠢᠭᠤᠯᠬᠤ ᠬᠤᠭᠤᠯᠠᠢ᠂ 6.1 ᠺᠢᠯᠤᠮᠧᠲᠷ ᠲᠤᠯᠠᠭᠠᠯᠭ᠎ᠠ ᠬᠠᠩᠭᠠᠬᠤ ᠬᠤᠭᠤᠯᠠᠢ ᠶᠢ ᠰᠢᠨ᠎ᠠ ᠪᠠᠷ | ᠤᠭᠰᠠᠷᠠᠬᠤ ᠪᠠ ᠦᠬᠡᠷᠡᠴᠢᠯᠡᠨ ᠰᠠᠶᠢᠵᠢᠷᠠᠭᠤᠯᠵᠣ᠂ 1.3 ᠺᠢᠯᠤᠮᠧᠲᠷ ᠤᠨ ᠪᠠᠯᠭᠠᠰᠤᠨ ᠤ ᠲᠤᠭᠤᠷᠢᠭ ᠤᠨ ᠵᠠᠰᠠᠮᠠᠯ | ᠵᠠᠮ᠂ ᠤᠰᠤ ᠪᠠᠷ ᠴᠡᠪᠡᠷᠰᠢᠬᠦᠯᠬᠦ ᠵᠤᠷᠯᠤᠩ 3 ᠶᠢ ᠰᠢᠨ᠎ᠠ ᠪᠠᠷ ᠪᠠᠶᠢᠭᠤᠯᠵᠤ᠂ ᠪᠠᠷᠢᠮᠵᠢᠶ᠎ᠠ ᠪᠠᠨ ᠲᠡᠬᠡᠭᠰᠢᠯᠡᠬᠦᠯᠤᠨ | ᠢᠯᠴᠢ ᠰᠤᠯᠢᠬᠤ ᠦᠷᠳᠡᠭᠡ 3 ᠶᠢ ᠰᠢᠨ᠎ᠠ ᠪᠠᠷ ᠪᠠᠶᠢᠭᠤᠯᠤᠨ᠂ 2.6 ᠲᠦᠮᠡᠨ ᠲᠡᠭᠰᠢ ᠲᠦᠷᠪᠡᠯᠵᠢᠨ ᠮᠧᠲᠷ ᠭᠠᠵᠡᠷ | ᠢ ᠬᠠᠳᠠᠭᠤᠵᠢᠭᠤᠯᠵᠤ᠂ 18 ᠲᠦᠮᠡᠨ ᠲᠡᠭᠰᠢ ᠲᠦᠷᠪᠡᠯᠵᠢᠨ ᠮᠧᠲᠷ ᠭᠠᠵᠡᠷ ᠢ ᠨᠤᠭᠤᠭᠠᠷᠠᠭᠤᠯᠤᠨ᠂ 1.1 ᠲᠦᠮᠡᠨ | ᠬᠠᠭᠤᠴᠢᠨ ᠴᠠᠬᠢᠯᠭᠠᠨ ᠬᠡᠮᠵᠢᠬᠦᠷ ᠢ ᠰᠤᠯᠢᠵᠤ᠂ ᠪᠡᠯᠬᠦᠳᠡᠢ ᠪᠠᠯᠭᠠᠰᠤᠨ ᠤ ᠤᠰᠤ ᠬᠠᠩᠭᠠᠬᠤ ᠤᠰᠤᠨ ᠤ ᠡᠬᠢ | ᠰᠤᠷᠪᠤᠯᠵᠢ ᠶᠢᠨ ᠭᠠᠵᠡᠷ ᠰᠢᠡᠵᠢᠯᠡᠬᠡᠨ ᠤ ᠨᠠᠷᠢᠨ ᠪᠠᠶᠢᠴᠠᠭᠠᠯᠳᠠ ᠶᠢᠨ ᠲᠦᠷᠤᠯ ᠵᠥᠢᠯ ᠢ ᠪᠠᠶᠠᠯᠠᠬᠦᠯᠤᠨ᠂ ᠪᠡᠯᠬᠦᠳᠡᠢ | ᠪᠠᠯᠭᠠᠰᠤᠨ ᠤ ᠤᠰᠤᠨ ᠤ ᠡᠬᠢ ᠰᠤᠷᠪᠤᠯᠵᠢ ᠶᠢ ᠬᠤᠯᠪᠤᠬᠤ ᠢᠡᠵᠧᠨᠧᠷᠢᠩ ᠢ ᠢᠳᠡᠪᠬᠢᠳᠡᠢ ᠠᠬᠢᠭᠤᠯᠤᠨ᠎ᠠ᠃ ᠬᠤᠳᠠ | ᠪᠠᠯᠭᠠᠰᠤᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠪᠠᠯᠭᠠᠰᠤᠨ ᠤ | ᠲᠤᠳᠤᠷᠠᠬᠢ ᠮᠠᠯ ᠤᠨ ᠠᠷᠠᠯᠵᠢᠶᠠᠨ ᠤ ᠵᠠᠬ᠎ᠠ ᠲᠡᠯᠬᠡᠬᠦᠷ ᠢ ᠪᠦᠬᠦᠨ ᠢ ᠪᠠᠯᠭᠠᠰᠤᠨ ᠤ ᠲᠤᠭᠤᠷᠢᠭ ᠠᠴᠠ ᠰᠢᠯᠵᠢᠬᠦᠯᠵᠤ᠂ | ᠴᠤᠭᠯᠠᠭ᠎ᠠ ᠠᠷᠠᠯᠵᠢᠶᠠᠨ ᠤ ᠵᠠᠬ᠎ᠠ ᠲᠡᠯᠬᠡᠬᠦᠷ ᠢ ᠠᠰᠢᠭᠯᠠᠯᠳᠠ ᠳᠤ ᠤᠷᠤᠭᠤᠯᠤᠨ᠂ ᠡᠬᠦᠳᠠᠨ ᠡᠮᠤᠨᠡᠬᠢ ᠲᠠᠪᠤᠨ | ᠲᠠᠭᠠᠭᠠᠴᠢᠯᠠᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠷ᠎ᠠ ᠪᠠᠷ | ᠲᠡᠷᠬᠡ ᠵᠤᠭᠰᠤᠭᠠᠬᠤ᠂ ᠲᠤᠷ᠎ᠠ ᠪᠠᠷ ᠭᠠᠵᠡᠷ ᠡᠵᠡᠯᠡᠬᠦ᠂ ᠲᠤᠷ᠎ᠠ ᠪᠠᠷ ᠪᠤᠳᠠᠰ ᠤᠪᠤᠭᠠᠯᠠᠬᠤ ᠵᠡᠷᠬᠡ ᠦᠵᠡᠭᠳᠡᠯ ᠢ | ᠰᠠᠶᠢᠳᠤᠷ ᠴᠡᠭᠴᠡᠯᠡᠨ ᠵᠠᠰᠠᠨ᠎ᠠ᠃ ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠴᠢᠯᠡᠬᠡᠨ ᠤ ᠶᠠᠰᠤ ᠴᠢᠨᠠᠷ ᠢ | ᠲᠡᠬᠡᠭᠰᠢᠯᠡᠬᠦᠯᠬᠦ ᠤᠨ ᠤ ᠠᠵᠢᠯᠯᠠᠭ᠎ᠠ ᠶᠢᠨ ᠦᠷ᠎ᠠ ᠪᠦᠳᠤᠮᠵᠢ ᠶᠢ ᠦᠷᠬᠦᠯᠵᠢᠯᠡᠨ ᠪᠠᠬᠢᠵᠢᠬᠦᠯᠵᠤ᠂ ᠰᠠᠭᠤᠭᠠᠯᠢ | ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠨᠠᠶᠢᠳᠠᠮ ᠲᠡᠬᠡᠭᠰᠢᠯᠡᠬᠦᠯᠤᠨ᠎ᠠ᠃ | ︵ᠵᠢᠷᠭᠤᠭ᠎ᠠ︶ ᠵᠠᠰᠠᠭ ᠤᠨ ᠤᠷᠳᠤᠨ ᠤ ᠴᠡᠭᠴᠡᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠳᠠ ᠶᠢ | ᠴᠢᠩᠭᠠᠳᠬᠠᠵᠤ᠂ ᠴᠢᠨᠠᠷ ᠰᠠᠶᠢᠳᠡᠢ ᠬᠦᠭᠵᠢᠯᠳᠠ ᠶᠢᠨ ᠤᠷᠴᠢᠨ ᠢ ᠪᠤᠢ ᠪᠤᠯᠭᠠᠨ᠎ᠠ᠃ | ᠨᠢᠬᠡ ᠳᠤ᠂ ᠲᠦᠪ ᠴᠢᠩᠭ᠎ᠠ ᠪᠠᠷ ᠵᠠᠰᠠᠭ ᠪᠠᠷᠢᠬᠤ ᠶᠢ ᠪᠠᠷᠢᠮᠳᠠᠯᠠᠨ᠎ᠠ᠃ ᠨᠠᠮ ᠠᠴᠠ ᠨᠠᠮ ᠢ ᠬᠠᠮᠢᠶᠠᠷᠬᠤ᠂ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ ᠶᠠᠪᠤᠴᠠ ᠳᠤ ᠲᠤᠤᠱᠯᠠᠭᠤᠯᠵᠤ᠂ ᠠᠵᠤ | ᠠᠬᠤᠢ ᠨᠠᠶᠢᠬᠡᠮ ᠤᠨ ᠬᠦᠭᠵᠢᠯᠳᠠ ᠶᠢ ᠲᠦᠯᠬᠢᠨ ᠠᠬᠢᠭᠤᠯᠬᠤ ᠡᠯ᠎ᠠ ᠬᠦᠷᠢᠶ᠎ᠠ ᠬᠡᠪᠴᠢᠶ᠎ᠠ ᠡᠯ᠎ᠠ ᠭᠤᠭᠴᠤᠭᠠᠨ ᠳᠤ | ᠨᠠᠶᠢᠳᠠᠪᠤᠷᠢᠵᠢᠭᠤᠯᠤᠨ᠂ ᠵᠠᠰᠠᠭ ᠤᠨ ᠠᠯᠪᠠᠨ ᠲᠤᠰᠢᠶᠠᠯᠳᠡᠳ ᠤᠬᠠᠮᠰᠠᠷ ᠠᠴᠠ ᠪᠠᠨ ᠲᠦᠷᠢᠮ ᠲᠤᠭᠳᠠᠭᠠᠯ ᠢ | ᠬᠦᠡᠳᠤᠳᠬᠡᠬᠦ᠂ ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠬᠦ᠂ ᠲᠦᠷᠢᠮ ᠢ ᠡᠷᠡᠰ ᠵᠢᠷᠣᠮᠯᠠᠬᠤ ᠶᠢ ᠪᠦᠬᠦ ᠲᠠᠯ᠎ᠠ | ᠪᠠᠷ ᠲᠦᠯᠬᠢᠨ ᠠᠬᠢᠭᠤᠯᠵᠤ᠂ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠬᠦ᠂ ᠡᠷᠬᠡ ᠪᠠᠨ ᠬᠡᠷᠡᠭᠵᠢᠬᠦᠯᠬᠦ᠂ | ᠠᠵᠢᠯ ᠢᠶᠠᠨ ᠦᠷᠨᠢᠬᠦᠯᠬᠦ ᠶᠢ ᠤᠯᠠᠮ ᠴᠢᠨᠠᠭᠰᠢᠳᠠ ᠴᠢᠩᠭᠠᠳᠬᠠᠨ᠂ ᠰᠢᠡᠵᠢᠯᠡᠬᠦ ᠤᠬᠠᠭᠠᠡᠴᠢ ᠲᠦᠷᠢᠮᠵᠢᠭᠰᠡᠨ | ᠪᠦᠳᠤᠮᠵᠢᠳᠡᠢ ᠲᠦᠷᠢᠮ ᠤᠨ ᠲᠤᠭᠳᠠᠯᠴᠠᠭ᠎ᠠ ᠶᠢ ᠪᠠᠶᠢᠭᠤᠯᠤᠨ ᠪᠦᠷᠢᠡᠰᠢᠬᠦᠯᠬᠦ ᠪᠠᠷ ᠲᠠᠮᠵᠢᠨ᠂ ᠰᠢᠢᠳᠪᠤᠷᠢᠳᠤ | ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠬᠡᠢ | ᠶᠠᠪᠤᠭᠳᠠᠬᠤ ᠶᠢ ᠪᠠᠳᠤᠯᠠᠨ᠎ᠠ᠃ | ᠬᠤᠶᠡᠷ ᠲᠤ᠂ ᠠᠷᠢᠭᠤᠨ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠢᠡᠳᠡᠷᠡᠰᠢ ᠦᠬᠡᠢ | ᠬᠠᠳᠠᠨ ᠵᠤᠷᠢᠭ ᠢᠶᠠᠷ ᠰᠠᠬᠢᠯᠭ᠎ᠠ ᠪᠠᠳᠤ ᠶᠤᠰᠤ ᠲᠦᠷᠢᠮ ᠢ ᠪᠠᠳᠤ ᠰᠠᠬᠢᠵᠤ᠂ ᠵᠠᠰᠠᠭ ᠤᠨ ᠤᠷᠳᠤᠨ ᠤ ᠨᠠᠮ ᠤᠨ | ᠲᠤᠭᠤᠶᠢᠯᠠᠩ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ︽ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠵᠢᠷᠤᠮᠯᠠᠨ᠂ | ︽ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠲᠤᠭᠳᠠᠭᠠᠬᠤ᠂ ᠴᠢᠬᠤᠯᠨ ᠶᠡᠭᠡ ᠠᠵᠢᠯᠳᠠᠨ ᠤ ᠶᠠᠪᠣᠳᠠᠯ ᠤᠨ | ᠲᠣᠬᠢᠷᠠᠭᠤᠯᠣᠯᠳᠠ᠂ ᠴᠢᠬᠤᠯᠠ ᠶᠡᠭᠡ ᠲᠦᠷᠤᠯ ᠵᠥᠢᠯ ᠤᠨ ᠪᠠᠶᠢᠷᠢᠯᠠᠭᠤᠯᠣᠯᠳᠠ᠂ ᠶᠡᠭᠡ ᠬᠡᠮᠵᠢᠶᠠᠨ ᠤ ᠪᠠᠯᠠ ᠮᠦᠩᠬᠦᠨ | ᠤ ᠬᠡᠷᠡᠭᠯᠡᠯᠳᠡ︾ ᠶᠢᠨ ᠲᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠤᠨ᠂ ᠴᠢᠬᠤᠯᠨ ᠶᠡᠭᠡ ᠢᠨᠵᠧᠨᠧᠷᠢᠩ᠂ | ᠭᠤᠣᠯᠳᠠᠯᠭ᠎ᠠ ᠲᠠᠢ ᠬᠦᠷᠢᠶ᠎ᠠ ᠬᠡᠪᠴᠢᠶ᠎ᠠ᠂ ᠵᠠᠩᠬᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠡᠵᠡᠮᠳᠠᠵᠣ᠂ ᠤᠯᠠᠨ | ᠨᠠᠶᠢᠳᠠ ᠶᠢᠨ ᠪᠠᠯᠠ ᠮᠦᠩᠬᠦ᠂ ᠤᠯᠤᠰ ᠤᠨ ᠦᠮᠴᠢᠯᠡᠯ ᠤᠨ ᠡᠳ᠋ ᠬᠦᠷᠤᠩᠬᠡ᠂ ᠤᠯᠤᠰ ᠤᠨ ᠦᠮᠴᠢᠯᠡᠯ ᠤᠨ ᠡᠬᠢ | ᠪᠠᠶᠠᠯᠢᠭ ᠤᠨ ᠠᠮᠤᠷ ᠲᠦᠪᠰᠢᠨ ᠢ ᠦᠨᠡᠡᠬᠦ ᠪᠠᠳᠤᠯᠠᠵᠤ᠂ ᠰᠤᠷᠳᠠᠯ ᠴᠢᠬᠡᠴᠢ ᠤᠪᠤᠷ ᠲᠦᠪ ᠵᠠᠰᠠᠭ ᠤᠨ ᠶᠠᠪᠤᠳᠠᠯ ᠤᠨ | ᠤᠷᠴᠢᠨ ᠢ ᠪᠤᠢ ᠪᠤᠯᠭᠠᠨ᠎ᠠ᠃ | ᠭᠤᠷᠪᠡ ᠳᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠵᠠᠰᠠᠭ ᠤᠨ ᠤᠷᠳᠤᠨ ᠤ | ᠬᠠᠤᠯᠢ ᠶᠤᠰᠤᠭᠠᠷ ᠵᠠᠰᠠᠭᠯᠠᠬᠤ ᠬᠢᠷᠢ ᠲᠦᠪᠰᠢᠨ ᠢ ᠲᠠᠰᠤᠷᠠᠯᠳᠠ ᠦᠬᠡᠢ ᠲᠡᠬᠡᠭᠰᠢᠯᠡᠬᠦᠯᠵᠤ᠂ ᠠᠯᠪᠠᠨ ᠲᠤᠰᠢᠶᠠᠯᠳᠠᠨ | ᠤ ᠲᠦᠷᠢᠮ ᠲᠤᠭᠳᠠᠭᠠᠯ ᠬᠠᠤᠯᠢ ᠴᠠᠭᠠᠵᠠ ᠶᠢᠨ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠵᠤ᠂ ᠵᠠᠰᠠᠭ ᠤᠨ | ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠬᠠᠮᠢᠶᠠᠷᠤᠯᠳᠠ ᠶᠢ ᠲᠠᠰᠤᠷᠠᠯᠳᠠ ᠦᠬᠡᠢ ᠵᠢᠷᠤᠮᠵᠢᠭᠤᠯᠤᠨ᠂ | ᠵᠠᠰᠠᠭ ᠤᠨ ᠤᠷᠳᠤᠨ ᠤ ᠠᠵᠢᠯ ᠤᠨ ᠬᠠᠤᠯᠢ ᠶᠤᠰᠤᠨ ᠤ ᠬᠢᠨᠡᠨ ᠪᠠᠶᠢᠴᠠᠭᠠᠯᠳᠠ ᠶᠢ ᠠᠬᠢᠭᠤᠯᠵᠤ᠂ ︽ᠲᠤᠯᠤᠳᠤᠭᠠᠷ | ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ ᠠᠵᠢᠯ ᠢ ᠰᠠᠶᠢᠳᠤᠷ ᠦᠷᠨᠢᠬᠦᠯᠤᠨ᠂ ︽ᠨᠠᠢᠮᠠ ᠶᠢ ᠦᠡᠳᠤᠰᠤᠨ | ᠱᠠᠳᠤᠨ ᠳᠤ ᠬᠦᠷᠬᠡᠬᠦ︾᠂ ︽ᠬᠠᠤᠯᠢ ᠴᠠᠭᠠᠵᠠ ᠶᠢ ᠵᠢᠷᠭᠤᠭᠠᠨ ᠬᠦᠷᠢᠶ᠎ᠠ ᠬᠡᠪᠴᠢᠶᠠᠨ ᠳᠤ ᠤᠷᠤᠭᠤᠯᠬᠤ︾ | ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠬᠠᠤᠯᠢ ᠴᠠᠭᠠᠵᠠ ᠲᠦᠷᠢᠮ ᠲᠤᠭᠳᠠᠭᠠᠯ ᠢ ᠵᠦᠷᠢᠴᠡᠭᠰᠡᠨ ᠠᠵᠤ | ᠠᠬᠤᠶᠢᠯᠡᠯ᠂ ᠬᠤᠪᠢ ᠬᠦᠮᠤᠨ ᠢ ᠢᠯᠡᠴᠢᠯᠡᠨ ᠵᠠᠭᠠᠯᠳᠤᠬᠤ ᠶᠢ ᠴᠢᠩᠭᠠᠳᠬᠠᠵᠤ᠂ ᠬᠠᠤᠯᠢ ᠲᠦᠷᠢᠮ ᠤᠨ ᠰᠡᠳᠬᠢᠬᠦᠢ | ᠪᠠ ᠬᠠᠤᠯᠢ ᠲᠦᠷᠢᠮ ᠤᠨ ᠠᠷᠭ᠎ᠠ ᠮᠠᠶ᠋ᠢᠭ ᠢᠶᠠᠷ ᠦᠬᠡᠷᠡᠴᠢᠯᠡᠯᠳᠡ ᠶᠢ ᠬᠦᠡᠵᠡᠬᠡᠶᠢᠷᠡᠬᠦᠯᠬᠦ᠂ ᠬᠦᠭᠵᠢᠯᠳᠠ ᠶᠢ | ᠠᠬᠢᠭᠤᠯᠬᠤ᠂ ᠵᠦᠷᠢᠴᠠᠯ ᠢ ᠨᠠᠮᠳᠠᠭᠠᠬᠤ᠂ ᠲᠤᠭᠳᠠᠭᠤᠨ ᠢ ᠬᠠᠮᠠᠭᠠᠯᠠᠬᠤ᠂ ᠲᠦᠭᠰᠢᠬᠦᠷᠢ ᠶᠢ ᠠᠷᠭᠠᠴᠠᠭᠠᠬᠤ ᠴᠢᠳᠠᠪᠤᠷᠢ | ᠶᠢ ᠲᠡᠬᠡᠭᠰᠢᠯᠡᠬᠦᠯᠤᠨ᠎ᠠ᠃ ᠰᠢᠡᠵᠢᠯᠡᠬᠦ ᠤᠬᠠᠭᠠᠡᠴᠢ᠂ ᠠᠷᠡᠳᠴᠢᠯᠡᠯᠳᠤ᠂ ᠬᠠᠤᠯᠢ ᠶᠤᠰᠤᠭᠠᠷ ᠰᠢᠢᠳᠪᠤᠷᠢᠳᠤ ᠪᠤᠳᠤᠯᠭ᠎ᠠ | ᠲᠤᠭᠳᠠᠭᠠᠬᠤ ᠶᠢ ᠪᠠᠷᠢᠮᠳᠠᠯᠠᠨ᠂ ︽ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠵᠤᠷᠪᠤᠰ︾᠂ ︽ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠡᠰ ᠲᠠᠷᠠᠭᠠᠯᠠᠯ ᠤᠨ ᠲᠦᠷ ᠬᠡᠷᠡᠭᠵᠢᠬᠦᠯᠬᠦ | ᠵᠤᠷᠪᠤᠰ︾ ᠢ ᠬᠢᠨᠠᠮᠠᠭᠠᠢ ᠨᠠᠶᠢᠳᠠᠪᠤᠷᠢᠵᠢᠭᠤᠯᠤᠨ᠂ ᠶᠠᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ | ᠦᠬᠡᠷᠡᠴᠢᠯᠡᠯᠳᠡ ᠶᠢ ᠰᠠᠶᠢᠳᠤᠷ ᠬᠢᠵᠤ᠂ ᠬᠠᠤᠯᠢ ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠪᠤᠯᠤᠨ | ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠬᠡᠷᠡᠭᠵᠢᠬᠦᠯᠤᠨ᠎ᠠ᠃ | ᠲᠦᠷᠪᠡ ᠳᠤ᠂ ᠵᠤᠷᠢᠭᠳᠡᠢ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠤᠷᠮᠠᠰᠢᠭᠤᠯᠤᠨ | ᠵᠤᠷᠢᠭᠵᠢᠭᠤᠯᠬᠤ ᠪᠠ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ ᠵᠤᠬᠢᠴᠠᠮᠵᠢ ᠶᠢ ᠲᠡᠬᠦᠯᠳᠡᠷᠵᠢᠬᠦᠯᠵᠤ᠂ | ᠤᠬᠠᠮᠰᠠᠷ ᠠᠴᠠ ᠪᠠᠨ ᠵᠤᠷᠢᠭᠳᠡᠢ ᠪᠠᠷ ᠡᠬᠦᠷᠬᠡ ᠬᠠᠷᠢᠭᠤᠴᠠᠯᠭ᠎ᠠ ᠡᠬᠦᠷᠬᠡᠯᠡᠨ᠂ ᠦᠬᠡᠷᠡᠴᠢᠯᠡᠯᠳᠡ ᠬᠢᠵᠤ ᠰᠢᠨ᠎ᠠ ᠶᠢ | ᠡᠬᠦᠳᠦᠭᠴᠢ ᠶᠢ ᠤᠷᠮᠠᠰᠢᠭᠤᠯᠤᠨ ᠵᠤᠷᠢᠭᠵᠢᠭᠤᠯᠵᠤ᠂ ᠤᠳᠤᠷᠢᠳᠤᠯᠭ᠎ᠠ ᠠᠴᠠ ᠰᠠᠯᠠᠭ᠎ᠠ ᠮᠦᠴᠢᠷ ᠢ ᠲᠠᠶᠢᠴᠢᠯᠠᠬᠤ᠂ | ᠰᠠᠯᠠᠭ᠎ᠠ ᠮᠦᠴᠢᠷ ᠠᠴᠠ ᠦᠡᠳᠤᠰᠤᠨ ᠱᠠᠳᠤ ᠶᠢ ᠲᠠᠮᠵᠢᠬᠦ ᠠᠵᠢᠯ ᠤᠨ ᠠᠭᠤᠷ ᠠᠮᠢᠰᠬᠤᠯ ᠢ ᠪᠤᠢ ᠪᠤᠯᠭᠠᠨ᠎ᠠ᠃ | ᠬᠡᠯᠪᠡᠷᠢᠴᠢ ᠦᠵᠡᠯ᠂ ᠨᠤᠶᠠᠡᠴᠢ ᠰᠤᠷᠳᠠᠯ ᠢ ᠲᠣᠶᠢᠯᠪᠣᠷᠢᠳᠠᠢ ᠠᠷᠢᠯᠭᠠᠵᠤ᠂ ︽ᠲᠠᠷᠤᠶᠢᠬᠠᠨ ᠬᠦᠢᠴᠡᠳᠬᠡᠬᠦ᠂ ᠦᠨᠡᠡᠬᠦ | ᠠᠳᠬᠤᠵᠤ ᠪᠤᠳᠡᠳᠡᠢ ᠠᠵᠢᠯᠯᠠᠬᠤ︾ ᠠᠵᠢᠯ ᠤᠨ ᠰᠤᠷᠳᠠᠯ ᠢ ᠰᠤᠷᠳᠠᠯᠴᠢᠯᠡᠨ᠂ ᠵᠠᠰᠠᠭ ᠤᠨ ᠤᠷᠳᠤᠨ ᠤ ᠠᠵᠢᠯ ᠢ | ᠨᠠᠷᠢᠯᠢᠭᠵᠢᠭᠤᠯᠤᠨ ᠪᠤᠳᠠᠳᠠᠶᠢᠵᠢᠭᠤᠯᠵᠤ᠂ ᠲᠦᠷᠤᠯ ᠵᠥᠢᠯ ᠳᠤ ᠤᠷᠤᠭᠤᠯᠤᠭᠰᠡᠨ᠂ ᠨᠠᠷᠢᠯᠢᠭ ᠬᠤᠪᠢᠶᠠᠷᠢᠯᠠᠭᠰᠡᠨ᠂ | ᠲᠡᠰ ᠲᠠᠷᠠᠮᠵᠢᠭᠰᠡᠨ ᠲᠦᠷᠢᠮ ᠤᠨ ᠬᠠᠮᠢᠶᠠᠷᠤᠯᠳᠠ ᠶᠢ ᠬᠡᠷᠡᠭᠵᠢᠬᠦᠯᠵᠤ᠂ ᠵᠠᠰᠠᠭ ᠤᠨ ᠤᠷᠳᠤᠨ ᠤ ᠬᠡᠷᠡᠭᠵᠢᠬᠦᠯᠬᠦ | ᠡᠷᠴᠢᠮ ᠢᠶᠠᠨ ᠴᠢᠩᠭᠠᠳᠬᠠᠨ᠎ᠠ᠃ | ᠲᠦᠯᠤᠬᠡᠯᠡᠭᠴᠢᠳ ᠡ︕ ᠦᠨᠤ ᠵᠢᠯ ᠤᠨ ᠬᠠᠷᠠᠯᠳᠠ ᠡᠬᠦᠷᠬᠡ ᠨᠢᠬᠡᠨᠳᠡ ᠲᠤᠳᠤᠷᠬᠠᠢ ᠪᠤᠯᠤᠯ᠎ᠠ᠃ ᠪᠢᠳᠠ | ᠰᠢ ᠶᠢᠨ ᠫᠢᠡᠭ ᠨᠦᠬᠦᠷ ᠢᠶᠠᠷ ᠭᠤᠤᠯᠯᠠᠭᠴᠢ ᠪᠤᠯᠭᠠᠭᠰᠡᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ | ᠪᠦᠯᠬᠦᠮᠳᠠᠵᠤ᠂ ᠬᠤᠰᠢᠭᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤ ᠠᠷᠡᠳ | ᠤᠨ ᠲᠦᠯᠤᠬᠡᠯᠡᠭᠴᠢᠳ ᠤᠨ ᠶᠡᠭᠡ ᠬᠤᠷᠡᠯ ᠪᠠ ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠬᠢᠨᠡᠯᠳᠡ ᠲᠡᠮᠵᠢᠯᠬᠡ | ᠲᠤᠤᠷ᠎ᠠ᠂ ᠪᠦᠬᠦ ᠬᠤᠰᠢᠭᠤᠨ ᠤ ᠦᠡᠳᠤᠰᠤᠳᠠᠨ ᠨᠦᠭᠦᠳ ᠤᠨ ᠠᠷᠡᠳ ᠲᠦᠮᠡᠨ ᠤ ᠤᠶᠤᠨ ᠤᠬᠠᠭᠠᠨ ᠪᠠ ᠬᠦᠴᠤᠨ | ᠴᠢᠳᠠᠯ ᠢ ᠨᠢᠭᠳᠠᠷᠠᠭᠤᠯᠤᠨ᠂ ᠡᠷᠴᠢ ᠵᠤᠷᠢᠭ ᠢᠶᠠᠨ ᠬᠦᠪᠴᠢᠯᠡᠨ ᠭᠠᠪᠰᠢᠭᠠᠶᠢᠯᠠᠨ ᠠᠵᠢᠯᠯᠠᠵᠤ᠂ ᠡᠯ᠎ᠠ ᠲᠦᠷᠤᠯ ᠤᠨ | ᠲᠦᠭᠰᠢᠬᠦᠷᠢ ᠦᠷᠢᠰᠤᠯᠳᠤᠬᠡᠨ ᠢ ᠲᠠᠰᠤᠷᠠᠯᠳᠠ ᠦᠬᠡᠢ ᠢᠯᠠᠨ ᠲᠠᠪᠠᠵᠤ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ | ᠪᠠᠶᠢᠭᠤᠯᠣᠨ ᠪᠠᠶᠠᠯᠠᠬᠦᠯᠬᠦ ᠰᠢᠢᠳᠪᠤᠷᠢᠳᠤ ᠢᠯᠠᠯᠳᠠ ᠶᠢ ᠲᠠᠮᠠᠴᠠᠨ ᠤᠯᠵᠤ᠂ ᠴᠡᠴᠡᠭᠯᠡᠨ ᠬᠦᠭᠵᠢᠭᠰᠡᠨ᠂ | ᠦᠵᠡᠰᠬᠦᠯᠠᠩᠳᠤ ᠰᠠᠶᠢᠬᠠᠨ᠂ ᠪᠤᠯᠪᠠᠰᠤᠨ᠂ ᠵᠤᠯ ᠵᠢᠷᠭᠠᠯᠳᠤ ᠠᠪᠠᠭ᠎ᠠ ᠨᠤᠳᠤᠭ ᠢᠶᠠᠨ ᠴᠤᠭᠴᠠᠯᠠᠨ ᠪᠠᠶᠢᠭᠤᠯᠬᠤ ᠳᠤ | ᠨᠠᠩ ᠶᠡᠭᠡ ᠬᠤᠪᠢ ᠨᠠᠮᠠᠷᠢ ᠪᠠᠨ ᠡᠷᠬᠦᠴᠡᠬᠡᠶᠠ︕ |