ᠨᠡᠶᠢᠲᠡ ᠶᠢᠨ ᠠᠰᠠᠷᠠᠮᠵᠢ ᠶᠢᠨ ᠺᠢᠨᠣ᠋ ᠨᠢ ᠣᠯᠠᠨ ᠲᠦᠮᠡᠨ ᠤ ᠣᠶᠤᠨ ᠤ ᠠᠮᠢᠳᠣᠷᠠᠯ ᠢ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2020/7/16
     7 ᠰᠠᠷ᠎ᠠ ᠶᠢᠨ 10᠎ ᠤ ᠡᠳᠦᠷ᠂ ᠠᠪᠠᠭ᠎ᠠ ᠬᠤᠰᠢᠭᠤᠨ ᠤ ᠳᠣᠯᠭᠠᠳᠡᠨ ᠺᠢᠨᠣ᠋ ᠳᠠᠯᠪᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠬᠤᠰᠢᠭᠤ ᠮᠥᠩᠭᠦᠨ ᠲᠣᠯᠢ ᠮᠣᠩᠭᠤᠯ ᠭᠡᠷ ᠤᠨ ᠦᠢᠯᠡᠳᠪᠦᠷᠢ ᠳᠤ ᠬᠦᠷᠴᠦ᠂ ᠣᠶᠢᠯᠡᠳᠪᠦᠷᠢ ᠶᠢᠨ ᠠᠵᠢᠯᠴᠢᠨ ᠪᠠ ᠣᠯᠠᠨ ᠲᠦᠮᠡᠨ ᠳᠤ ᠰᠠᠶᠢᠨ ᠳᠣᠷ᠎ᠠ ᠠᠴᠠ ᠪᠠᠨ ᠺᠢᠨᠣ᠋ ᠳᠠᠯᠪᠢᠨ᠂ ᠳᠡᠳᠡᠨ ᠤ ᠣᠶᠤᠨ ᠤ ᠠᠮᠢᠳᠣᠷᠠᠯ ᠢ ᠪᠠᠶᠠᠯᠢᠭᠵᠢᠭᠤᠯᠣᠨ᠎ᠠ᠃     ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢ ᠺᠢᠨᠣ᠋ ᠦᠵᠡᠭᠦᠯᠦᠯᠭᠡ ᠶᠢᠨ ᠰᠠᠶᠢᠨ ᠳᠤᠷ᠎ᠠ ᠶᠢᠨ ᠣᠶᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠣ᠂ ᠦᠨᠳᠦᠰᠦᠨ ᠱᠠᠲᠤᠨ ᠤ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠦᠨᠡᠨᠬᠦ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠮᠠᠯᠴᠢᠨ ᠲᠦᠮᠡᠨ ᠤ ᠬᠦᠷᠢᠶᠡᠯᠡᠯ ᠢ ᠶᠡᠬᠡᠳᠡ ᠬᠦᠷᠳᠡᠭᠰᠡᠨ ᠪᠠᠶᠢᠨ᠎ᠠ  ᠃     ᠣᠶᠢᠯᠠᠭᠠᠭᠰᠠᠨ ᠢᠶᠠᠷ᠂ ᠡᠨᠡᠬᠦ ᠠᠵᠢᠯᠯᠠᠭ᠎ᠠ ᠨᠢ ᠳᠣᠯᠣᠳᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ ᠪᠦᠬᠦ ᠬᠤᠰᠢᠭᠤᠨ ᠤ ᠡᠯ᠎ᠡ ᠭᠠᠴᠠᠭ᠎ᠠ ᠪᠠᠷ ᠳᠣᠭᠤᠷᠢᠨ ᠦᠵᠡᠬᠦᠯᠵᠣ᠂ ᠮᠠᠯᠴᠢᠳ ᠲᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠲᠤᠰᠬᠠᠭᠰᠠᠨ ᠰᠣᠩᠭᠤᠳᠠᠭ ᠺᠢᠨᠣ᠋ ᠤᠳ ᠢ ᠳᠠᠯᠪᠢᠨ᠂ ᠮᠠᠯᠴᠢᠨ ᠲᠦᠮᠡᠨ ᠤ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠶᠢ ᠴᠢᠩᠭᠠᠳᠬᠠᠬᠤ ᠶᠢᠨ ᠳᠠᠭᠤ ᠳᠤ ᠳᠡᠳᠡᠨ ᠤ ᠤᠶᠤᠨ ᠰᠠᠨᠠᠭ᠎ᠠ ᠰᠣᠶᠣᠯ ᠤᠨ ᠠᠮᠢᠳᠣᠷᠠᠯ ᠢ ᠣᠯᠠᠮ ᠪᠠᠶᠠᠯᠢᠭᠵᠢᠭᠤᠯᠬᠤ ᠪᠣᠯᠣᠨ᠎ᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号