2020 ᠣᠨ ᠤ ᠰᠢᠯᠢ ᠶᠢᠨ ᠭᠤᠤᠯ ᠠᠶᠢᠮᠠᠭ ᠤᠨ ︽ᠮᠣᠩᠭᠤᠯ ᠰᠢᠲᠠᠷ᠎ᠠ︾ ᠶᠢᠨ ᠤᠷᠤᠯᠳᠤᠭᠠᠨ ᠠᠪᠠᠭ᠎ᠠ ᠬᠤᠰᠢᠭᠤᠨ ᠳᠤ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2020/7/23
     7 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ 2020 ᠣᠨ ᠳᠤ ᠰᠢᠯᠢ ᠶᠢᠨ ᠭᠤᠤᠯ ᠠᠶᠢᠮᠠᠭ ᠤᠨ ︽ᠮᠤᠩᠭᠤᠯ ᠰᠢᠲᠡᠷ᠎ᠡ︾ ᠶᠢᠨ ᠤᠷᠤᠯᠳᠤᠭᠠᠨ ᠠᠪᠠᠭ᠎ᠠ ᠬᠤᠰᠢᠭᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠥᠨᠳᠥᠷᠯᠡᠪᠡ᠃ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠦᠷᠢᠨᠴᠣᠭᠲᠤ ᠲᠡᠭᠦᠰᠬᠦ ᠬᠤᠷᠠᠯ ᠳᠤ ᠣᠷᠣᠯᠴᠠᠭᠰᠠᠨ ᠪᠥᠭᠡᠳ ᠲᠠᠮᠢᠷᠴᠢᠳ ᠲᠤ ᠱᠠᠩᠨᠠᠯ ᠭᠠᠷᠳᠠᠭᠤᠯᠵᠠᠶ᠃      ᠲᠤᠰ ᠤᠳᠠᠭᠠᠨ ᠤ ᠤᠷᠤᠯᠳᠤᠭᠠᠨ ᠨᠢ ᠬᠤᠶᠠᠷ ᠡᠳᠦᠷ ᠶᠠᠪᠤᠭᠳᠠᠵᠤ᠂ ᠬᠤᠪᠢ ᠬᠥᠮᠦᠨ ᠤ ᠤᠷᠤᠯᠳᠤᠭᠠᠨ᠂ ᠬᠠᠮᠲᠤ ᠶᠢᠨ ᠤᠷᠤᠯᠳᠣᠭᠠᠨ ᠭᠡᠬᠦ ᠬᠤᠶᠠᠷ ᠤᠷᠤᠯᠳᠤᠭᠠᠨ ᠤ ᠵᠦᠢᠯ ᠢ ᠲᠣᠬᠢᠷᠠᠭᠤᠯᠪᠠ᠃ ᠲᠤᠰ ᠤᠳᠠᠭᠠᠨ ᠤ ᠣᠷᠤᠯᠳᠣᠭᠠᠨ ᠳᠤ ᠨᠡᠶᠢᠲᠡ 8 ᠬᠤᠰᠢᠭᠤ ᠰᠢᠶᠠᠨ ᠬᠤᠲᠠ ᠠᠴᠠ ᠢᠷᠡᠭᠰᠡᠨ 94 ᠲᠠᠮᠢᠷᠴᠢᠨ ᠣᠷᠣᠯᠴᠠᠵᠤ᠂ ᠪᠠᠷᠠᠭᠤᠨ ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ ᠡᠴᠦᠰ ᠲᠡᠭᠡᠨ ᠬᠠᠮᠲᠤ ᠶᠢᠨ ᠤᠷᠤᠯᠳᠤᠭᠠᠨ ᠳᠤ  ᠮᠠᠩᠯᠠᠶᠢᠯᠠᠵᠤ᠂ ᠵᠡᠭᠦᠨ ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ ᠳᠡᠳ᠋ᠯᠡᠵᠦ᠂ ᠰᠢᠯᠢᠩᠬᠤᠲᠠ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠲᠤ ᠣᠷᠣᠪᠠ᠃ ᠬᠤᠪᠢ ᠬᠥᠮᠦᠨ ᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠡᠩᠬᠡ ᠮᠠᠩᠯᠠᠶᠢᠯᠠᠵᠤ  ᠂ ᠵᠡᠭᠦᠨ ᠦᠵᠦᠮᠦᠴᠢᠨ ᠬᠤᠰᠢᠭᠤᠨ ᠤ  ᠬᠤᠤᠰᠪᠠᠶᠠᠷ ᠳᠡᠳ᠋ᠯᠡᠵᠦ᠂ ᠪᠠᠷᠠᠭᠤᠨ ᠦᠵᠦᠮᠦᠴᠢᠨ ᠬᠤᠰᠢᠭᠤᠨ  ᠤ ᠪᠤᠶᠠᠨᠮᠠᠨᠳᠤᠬᠤ ᠭᠤᠷᠪᠠᠳᠤᠭᠠᠷ ᠲᠤ ᠣᠷᠣᠪᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号