ᠠᠪᠠᠭ᠎ᠠ ᠬᠤᠰᠢᠭᠤᠨ ᠳᠤ ᠬᠦᠷᠬᠦ ᠵᠠᠮ ᠲᠠᠭᠤ ᠬᠡᠬᠡᠷ᠎ᠠ ᠶᠢᠨ ᠡᠪᠡᠰᠦ ᠰᠠᠯᠬᠢᠨ ᠤ ᠠᠶ᠎ᠠ ᠪᠠᠷ ᠬᠠᠯᠢᠭᠤᠷᠠᠵᠤ᠂ | ᠵᠤᠰᠠᠭᠠᠯ ᠤᠨ ᠲᠠᠯ᠎ᠠ ᠨᠤᠲᠤᠭ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠃ ᠴᠠᠷᠳᠠᠮᠠᠯ ᠵᠠᠮ ᠢᠶᠠᠷ ᠠᠶᠠᠯᠠᠬᠤ ᠳᠤ | ᠲᠠᠯ᠎ᠠ ᠨᠤᠲᠤᠭ ᠤᠨ ᠠᠳᠤᠭᠤᠨ ᠰᠦᠷᠦᠭ ᠬᠥᠮᠦᠰ ᠤᠨ ᠠᠩᠬᠠᠷᠤᠯ ᠢ ᠡᠷᠬᠡ ᠦᠬᠡᠢ ᠲᠠᠲᠠᠵᠤ᠂ ᠮᠠᠰᠢᠨ ᠲᠡᠷᠭᠡ ᠨᠢᠬᠡ | ᠮᠡᠳᠡᠬᠦ ᠳᠤ ᠬᠠᠷ᠎ᠠ ᠠᠳᠤᠭᠤ ᠴᠡᠭᠡ ᠶᠢᠨ ᠨᠡᠶᠢᠭᠡᠮᠯᠢᠭ ᠤᠨ ᠬᠤᠷᠰᠢᠶᠠᠵᠢᠯ ᠳᠤ ᠲᠠᠪᠬᠢᠨ ᠪᠠᠭᠤᠪᠠ᠃ | ᠮᠠᠰᠢᠨ ᠤ ᠴᠤᠩᠬᠤ ᠪᠠᠷ ᠠᠵᠢᠪᠠᠯ ᠰᠢᠯᠭᠠᠨ ᠪᠠᠶᠢᠴᠠᠭᠠᠭᠴᠢ ᠶᠠᠭ ᠰᠠᠶᠢᠬᠠᠨ ᠭᠡᠭᠦᠦ ᠶᠢᠨ ᠰᠦ ᠳᠤ ᠴᠢᠩᠭ᠎ᠠ | ᠪᠠᠶᠢᠴᠠᠭᠠᠯᠲᠠ ᠬᠢᠵᠦ᠂ ᠬᠤᠷᠰᠢᠶᠠᠵᠢᠯ ᠤᠨ ᠡᠮᠦᠨ᠎ᠡ ᠠᠢᠷᠠᠭ ᠰᠠᠭᠠᠮ᠎ᠠ ᠬᠦᠷᠭᠡᠳᠡᠭ ᠮᠠᠯᠴᠢᠳ ᠮᠥᠷᠯᠡᠨ ᠵᠢᠭᠰᠠᠵᠤ᠂ | ᠬᠥᠮᠦᠨ ᠨᠢᠭᠡᠪᠦᠷᠢ ᠶᠢᠨ ᠨᠢᠭᠤᠷ ᠳᠡᠭᠡᠷ᠎ᠡ ︽ᠡᠯᠪᠡᠭ ᠬᠤᠷᠢᠶᠠᠯᠲᠠ︾ ᠶᠢᠨ ᠪᠠᠶᠠᠷ ᠪᠠᠭ᠋ᠠᠳᠤᠯ ᠪᠢᠯᠬᠠᠵᠤ ᠪᠠᠶᠢᠬᠤ ᠨᠢ | ᠢᠯᠡᠬᠡᠨ᠃ | ᠬᠠᠷ᠎ᠠ ᠠᠳᠤᠭᠤ ᠴᠡᠭᠡ ᠶᠢᠨ ᠨᠡᠶᠢᠭᠡᠮᠯᠢᠭ ᠤᠨ ᠬᠤᠷᠰᠢᠶᠠᠵᠢᠯ 2013 ᠣᠨ ᠳᠤ ᠪᠠᠶᠢᠭᠤᠯᠤᠭᠳᠠᠵᠤ᠂ ᠠᠪᠠᠭ᠎ᠠ | ᠬᠤᠰᠢᠭᠤᠨ ᠤ ᠮᠠᠯᠵᠢᠬᠤ ᠡᠷᠦᠬᠡ ᠬᠠᠮᠳᠤᠷᠡᠵᠤ ᠪᠠᠶᠢᠭᠤᠯᠤᠭᠰᠠᠨ ᠬᠠᠷ᠎ᠠ ᠠᠳᠤᠭᠤᠨ ᠤ ᠠᠵᠤ ᠦᠢᠯᠡᠰ ᠤᠨ | ᠬᠤᠷᠰᠢᠶᠠᠵᠢᠯ ᠪᠤᠯᠤᠨ᠎ᠠ᠃ ᠠᠪᠠᠭ᠎ᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ | ᠳᠡᠮᠵᠢᠯᠭᠡ ᠳᠣᠤᠷ᠎ᠠ᠂ 2015 ᠣᠨ ᠠᠴᠠ ᠡᠬᠢᠯᠡᠨ ᠮᠠᠯᠵᠢᠬᠤ ᠡᠷᠦᠬᠡ ᠲᠠᠢ ᠬᠤᠳᠠᠯᠳᠤᠨ ᠠᠪᠬᠤ ᠭᠡᠷ᠎ᠡ ᠲᠣᠭᠲᠠᠵᠤ᠂ | ᠬᠤᠷᠰᠢᠶᠠᠵᠢᠯ ᠨᠢ ᠠᠶᠢᠷᠠᠭ ᠬᠤᠳᠠᠯᠳᠤᠨ ᠠᠪᠬᠤ ᠪᠠᠷ ᠳᠠᠮᠵᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠣᠳᠣ | ᠨᠢᠭᠡᠨᠲᠡ 57 ᠮᠠᠯᠴᠢᠨ ᠡᠷᠦᠬᠡ ᠲᠣᠰ ᠬᠤᠷᠰᠢᠶᠠᠵᠢᠯ ᠳᠤ ᠣᠷᠣᠵᠠᠶ᠃ | ᠵᠤᠤ ᠵᠢᠶᠠᠨ ᠵᠢᠶᠦ᠋ᠨ ᠪᠣᠯ ᠬᠤᠷᠰᠢᠶᠠᠵᠢᠯ ᠢ ᠡᠭᠦᠰᠭᠡᠨ ᠪᠠᠶᠢᠭᠤᠯᠤᠭᠴᠢ ᠶᠢᠨ ᠨᠢᠭᠡ ᠨᠢ ᠪᠤᠯᠤᠨ᠎ᠠ᠃ ᠮᠥᠨ ᠴᠦ | ᠠᠪᠠᠭ᠎ᠠ ᠬᠤᠰᠢᠭᠤᠨ ᠤ ᠵᠣᠣ ᠹᠦ᠋ ᠠᠵᠤ ᠠᠬᠤᠶ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠶᠡᠷᠦᠩᠬᠡᠶ ᠳᠠᠭᠠᠭᠠᠮᠠᠯ ᠪᠤᠯᠤᠨ᠎ᠠ᠃ ︽ᠠᠵᠤ ᠠᠬᠤᠶᠢᠯᠠᠯ + ᠮᠠᠯᠴᠢᠨ ᠡᠷᠦᠬᠡ + ᠬᠤᠷᠰᠢᠶᠠᠵᠢᠯ︾ ᠤᠨ ᠵᠠᠭᠪᠤᠷ ᠢᠶᠠᠷ | ᠲᠠᠮᠵᠢᠨ᠂ ᠦᠢᠷ᠎ᠠ ᠶᠢᠨ ᠬᠡᠳᠦᠨ ᠵᠢᠯ ᠤᠨ ᠬᠦᠭᠵᠢᠯᠳᠠ ᠪᠠᠷ ᠲᠠᠮᠵᠢᠨ᠂ ᠺᠣᠮᠫᠠᠨᠢ ᠨᠢ ᠮᠠᠯᠴᠢᠳ ᠲᠠᠢ ᠲᠣᠭᠲᠠᠭᠰᠠᠨ | ᠭᠡᠷ᠎ᠡ ᠢᠯᠡᠳᠲᠡ ᠨᠡᠮᠡᠭᠳᠡᠭᠰᠡᠨ ᠪᠠᠶᠢᠨ᠎ᠠ᠃ | ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢ᠂ ᠭᠡᠭᠦᠦ ᠶᠢᠨ ᠰᠦ ᠬᠤᠳᠠᠯᠳᠤᠨ ᠠᠪᠬᠤ ᠶᠠᠪᠤᠴᠠ ᠳᠤ᠂ ᠵᠤᠤ | ᠵᠢᠶᠠᠨ ᠵᠢᠶᠦ᠋ᠨ ᠮᠠᠯᠴᠢᠨ ᠤ ᠭᠡᠭᠦᠦ ᠶᠢᠨ ᠰᠦ ᠨᠢ ᠬᠤᠷᠰᠢᠶᠠᠵᠢᠯ ᠤᠨ ᠬᠡᠷᠡᠭᠴᠡᠭᠡ ᠶᠢ ᠬᠠᠩᠭᠠᠵᠤ ᠠᠮᠵᠢᠬᠤ ᠦᠭᠡᠢ | ᠪᠠᠶᠢᠬᠤ ᠶᠢ ᠮᠡᠳᠡᠭᠡᠳ ᠲᠡᠷᠡ 60 ᠬᠡᠬᠦᠦ ᠬᠤᠳᠠᠯᠳᠤᠨ ᠠᠪᠴᠤ ᠬᠤᠷᠰᠢᠶᠠᠵᠢᠯ ᠳᠤ ᠲᠡᠵᠢᠭᠡᠪᠡ᠃ | ︽ᠣᠳᠣ ᠪᠢᠳᠡ ᠰᠦ ᠰᠠᠭᠠᠬᠤ ᠮᠠᠰᠢᠨ ᠬᠡᠷᠡᠭᠯᠡᠵᠦ ᠪᠠᠢᠨ᠎ᠠ᠃ ᠠᠷᠢᠭᠤᠨ ᠴᠡᠪᠡᠷ ᠮᠥᠷᠲᠡᠭᠡᠨ ᠬᠤᠳᠠᠯᠳᠤᠨ ᠠᠪᠬᠤ | ᠦᠨ᠎ᠡ ᠨᠢ ᠴᠤ ᠰᠠᠶᠢᠨ︾ ᠬᠡᠵᠤ ᠮᠠᠯᠴᠢᠨ ᠪᠠᠭᠠᠲᠤᠷ ᠪᠠᠶᠡᠷᠳᠡᠢ ᠶᠠᠷᠢᠨ᠎ᠠ᠃ ᠮᠠᠯᠵᠢᠬᠤ ᠤᠷᠤᠨ ᠤ ᠣᠳᠣᠬᠢᠴᠢᠯᠠᠯᠲᠠ | ᠠᠴᠠ ᠮᠠᠯᠴᠢᠳ ᠤᠨ ᠠᠮᠢᠳᠤᠷᠠᠯ ᠴᠢᠨᠡᠬᠡᠯᠢᠭᠵᠢᠵᠤ ᠮᠠᠩᠨᠠᠢ ᠲᠠᠨᠠᠢᠭ᠍ᠰᠡᠨ ᠨᠢ ᠭᠠᠷᠴᠠᠭ᠎ᠠ ᠦᠬᠡᠢ᠃ | ︽ᠨᠢᠳᠤᠨᠤᠨ ᠠᠴᠠ ᠪᠢᠳᠡ ᠰᠦᠯᠵᠢᠶᠡᠨ ᠳᠤ ᠴᠡᠭᠡ ᠪᠣᠷᠣᠯᠠᠭᠤᠯᠬᠤ ᠵᠠᠭᠪᠤᠷ ᠢᠶᠠᠨ ᠡᠬᠢᠯᠡᠭᠦᠯᠵᠤ᠂ ᠦᠷ᠎ᠡ ᠪᠦᠳᠤᠮᠵᠢ | ᠮᠠᠰᠢ ᠲᠤᠪᠤᠶᠢᠮ᠎ᠠ᠂ ᠨᠢᠭᠡᠳᠦᠭᠡᠷ ᠵᠢᠯ ᠳᠤ 100 ᠲᠣᠨ ᠣᠷᠴᠢᠮ ᠤᠨ ᠴᠡᠭᠡ ᠬᠤᠳᠠᠯᠳᠤᠵᠤ᠂ ᠦᠨᠤ ᠵᠢᠯ 500 | ᠲᠣᠨ ᠪᠤᠷᠤᠯᠠᠭᠤᠯᠬᠤ ᠪᠠᠷ ᠴᠢᠷᠮᠠᠶᠢᠨ᠎ᠠ ᠭᠡᠵᠦ ᠵᠤᠤ ᠵᠢᠶᠠᠨ ᠵᠢᠶᠦ᠋ᠨ ᠢᠲᠡᠭᠡᠯ ᠲᠡᠬᠦᠯᠳᠡᠷ ᠶᠠᠷᠢᠵᠤ ᠪᠠᠶᠢᠯ᠎ᠠ᠃ | ᠠᠪᠠᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠬᠡᠨ ᠤ | ᠡᠵᠡᠩᠨᠡᠯᠲᠡ ᠶᠢᠨ ᠲᠥᠪ ᠤᠨ ᠬᠠᠷᠢᠭᠤᠴᠠᠯᠭᠠᠲᠠᠨ ᠳ᠋ᠤᠸᠠᠨ ᠶᠦᠩ ᠯᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠮᠠᠯᠴᠢᠳ ᠤᠨ ᠠᠮᠢᠳᠤᠷᠠᠯ ᠳᠤ ᠣᠷᠣᠭᠤᠯᠵᠤ᠂ ᠮᠠᠯᠴᠢᠳ ᠤᠨ ᠦᠵᠡᠯᠳᠡ ᠲᠠᠨᠢᠯᠳᠠ ᠶᠢ ᠬᠤᠪᠢᠷᠠᠭᠤᠯᠵᠤ᠂ ᠴᠡᠭᠡ ᠶᠢ | ᠨᠠᠷᠢᠯᠢᠭ ᠡᠳ᠋ᠰᠢᠬᠦᠯᠬᠦ᠂ ᠤᠬᠠᠭᠤᠯᠤᠨ ᠲᠠᠨᠢᠯᠴᠠᠭᠤᠯᠬᠤ ᠪᠠ ᠰᠦᠯᠵᠢᠶᠠᠨ ᠳᠠᠬᠢ ᠪᠤᠷᠤᠯᠠᠭᠤᠯᠭ᠎ᠠ ᠶᠢᠨ ᠠᠷᠭ᠎ᠠ ᠵᠠᠮ ᠢ | ᠰᠢᠯᠤᠭᠤᠳᠬᠠᠨ ᠦᠷᠬᠡᠳᠬᠡᠵᠤ᠂ ᠤᠷᠤᠯᠭ᠎ᠠ ᠶᠢᠨ ᠨᠡᠮᠡᠭᠳᠡᠯ ᠢ ᠬᠦᠢᠴᠡᠳ ᠲᠠᠶᠢᠴᠢᠯᠠᠪᠠᠯ ᠵᠤᠬᠢᠨ᠎ᠠ ᠬᠡᠵᠤ ᠦᠪᠡᠷ ᠤᠨ | ᠦᠵᠡᠯᠳᠡ ᠪᠠᠨ ᠬᠦᠳᠷᠨᠢᠵᠤ ᠪᠠᠶᠢᠯ᠎ᠠ᠃ |