ᠠᠪᠠᠭ᠎ᠠ ᠬᠤᠰᠢᠭᠤ ᠨᠢ ︽ᠪᠦ᠊ · ᠳᠠᠮᠳᠢᠨ ᠪᠠ ᠲᠡᠭᠦᠨ ᠤ ᠶᠡᠭᠡ ᠪᠦᠲᠦᠭᠡᠯ︾ ᠭᠡᠬᠦ ᠨᠤᠮ ᠢ ᠲᠠᠷᠬᠠᠭᠠᠬᠤ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2020/7/31
    7 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠠᠪᠠᠭ᠎ᠠ ᠬᠤᠰᠢᠭᠤ ᠨᠢ ︽ᠪᠦ᠊ · ᠳᠠᠮᠳᠢᠨ ᠪᠠ ᠲᠡᠭᠦᠨ ᠤ ᠶᠡᠭᠡ ᠪᠦᠲᠦᠭᠡᠯ︾ ᠭᠡᠬᠦ ᠨᠤᠮ ᠢ ᠲᠠᠷᠬᠠᠭᠠᠬᠤ ᠶᠣᠰᠣᠯᠠᠯ ᠶᠠᠪᠤᠭᠳᠠᠭᠤᠯᠪᠠ᠃     ᠬᠤᠰᠢᠭᠤ ᠳᠡᠳ᠋ ᠳᠠᠷᠤᠭ᠎ᠠ ᠤᠶᠤᠩᠭᠤᠸ᠎ᠠ ᠶᠣᠰᠣᠯᠠᠯ ᠳᠤ ᠣᠷᠣᠯᠴᠠᠵᠤ ᠪᠠᠶᠠᠷ ᠤᠨ ᠦᠬᠡ ᠶᠠᠷᠢᠪᠠ᠃ ᠳᠠᠷᠠ ᠶᠠᠷᠢᠶᠠᠨ ᠳᠤ ᠪᠠᠨ ᠪᠦ᠊ · ᠲᠠᠮᠳᠢᠨ ᠤ ᠦᠨᠳᠦᠰᠦᠲᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠵᠢᠴᠢ ᠲᠡᠭᠦᠨ ᠤ ᠪᠦᠲᠦᠭᠡᠯ ᠳᠤ ᠳᠡᠬᠡᠳᠤ ᠬᠡᠮᠵᠢᠶᠡᠨ ᠤ ᠦᠨᠡᠯᠡᠯᠲᠡ ᠦᠭᠴᠠᠢ᠃     ᠬᠤᠰᠢᠭᠤ ᠤᠯᠤᠰ ᠲᠥᠷᠥ ᠶᠢᠨ ᠵᠦᠪᠯᠡᠯᠬᠡᠨ ᠤ ᠳᠡᠳ᠋ ᠲᠡᠷᠢᠭᠦᠯᠡᠭᠴᠢ ᠪᠦᠷᠢᠨᠮᠦ᠋ᠩᠬᠡ ᠠᠴᠠ ᠪᠦ᠊ · ᠳᠠᠮᠳᠢᠨ ᠤᠨ ᠲᠤᠬᠠᠶ ᠲᠣᠪᠴᠢ ᠳᠠᠨᠢᠯᠴᠠᠭᠤᠯᠤᠨ᠂ ᠲᠤᠰ ᠨᠣᠮ ᠤᠨ ᠵᠣᠬᠢᠶᠠᠭᠴᠢ ᠶᠢᠨ ᠨᠢᠭᠡ ᠪᠣᠯᠬᠤ ᠲᠦᠮᠡᠨᠪᠠᠶᠠᠷ ᠠᠴᠠ ᠲᠤᠰ ᠨᠣᠮ ᠢ ᠨᠠᠶᠢᠷᠠᠭᠤᠯᠤᠨ ᠪᠢᠴᠢᠭᠰᠡᠨ ᠶᠠᠪᠤᠴᠠ ᠶᠢ ᠤᠯᠡᠨ ᠳᠤ ᠳᠠᠨᠢᠯᠴᠠᠭᠤᠯᠵᠡᠢ᠃ᠳᠠᠷᠠᠭ᠎ᠠ ᠨᠢ᠂ ︽ᠪᠦ᠊ · ᠳᠠᠮᠳᠢᠨ ᠪᠠ ᠲᠡᠭᠦᠨ ᠤ ᠶᠡᠭᠡ ᠪᠦᠲᠦᠭᠡᠯ︾ ᠭᠡᠬᠦ ᠨᠣᠮ ᠢ ᠲᠠᠷᠬᠠᠭᠠᠬᠤ ᠶᠣᠰᠣᠯᠠᠯ ᠶᠠᠪᠤᠭᠳᠠᠵᠤ᠂ ᠬᠤᠷᠠᠯ ᠳᠤ ᠤᠷᠤᠯᠴᠠᠭᠰᠡᠨ ᠤᠳᠤᠷᠢᠳᠤᠯᠭ᠎ᠠ ᠠᠴᠠ ᠬᠤᠯᠪᠣᠭᠳᠠᠯ ᠪᠦᠬᠦᠢ ᠪᠠᠶᠢᠭᠤᠯᠭ᠎ᠠ ᠨᠢᠬᠡᠴᠠ ᠶᠢᠨ ᠲᠥᠯᠥᠭᠡᠯᠡᠭᠴᠢᠳ ᠲᠤ ᠨᠣᠮ ᠪᠡᠯᠡᠭᠯᠡᠭᠰᠡᠨ ᠪᠠᠶᠢᠨ᠎ᠠ᠃     ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ᠂ ᠬᠤᠰᠢᠭᠤ ᠤᠯᠤᠰ ᠲᠦᠷᠦ ᠶᠢᠨ ᠵᠥᠪᠯᠡᠯᠭᠡᠨ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠡᠦᠬᠡ ᠣᠶᠢᠯᠠᠯᠭ᠎ᠠ ᠶᠢᠨ ᠠᠯᠪᠠᠨ ᠭᠡᠷ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠠᠩᠰᠠ ᠡᠪᠬᠡᠮᠡᠯ ᠤᠨ ᠳᠤᠪᠴᠢᠶ᠎ᠠ᠂ ᠷᠠᠳᠢᠣ᠋ ᠲᠧᠯᠸᠢᠰ ᠬᠤᠷᠢᠶ᠎ᠡ᠂ ᠨᠣᠮ ᠤᠨ ᠰᠠᠩ᠂ ᠰᠤᠷᠭᠠᠨ ᠬᠥᠮᠦᠵᠢᠯ ᠤᠨ ᠳᠤᠪᠴᠢᠶ᠎ᠠ᠂ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠦᠬᠦᠢ ᠬᠥᠮᠦᠰ ᠵᠢᠴᠢ ᠪᠦ᠊ · ᠳᠠᠮᠳᠢᠨ ᠤ ᠭᠡᠷ ᠪᠦᠯᠢ ᠶᠢᠨ ᠬᠢᠨ ᠨᠣᠮ ᠲᠠᠷᠬᠠᠭᠠᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号