7 ᠰᠠᠷ᠎ᠠ ᠶᠢᠨ 31 ᠤ ᠡᠳᠤᠷ᠂ ᠨᠠᠷᠠᠨᠪᠤᠯᠠᠭ ᠰᠤᠮᠤ ︽ᠪᠢ ᠡᠬᠡ ᠤᠯᠤᠰ ᠲᠠᠢ ᠪᠠᠨ ᠬᠠᠮᠳᠤ︾ ᠭᠤᠤᠯ | ᠰᠡᠳᠤᠪᠳᠤ ᠳᠠᠭᠤᠨ ᠤ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠭᠳᠠᠭᠤᠯᠵᠤ᠂ ᠳᠤᠮᠳᠠᠳᠤ ᠤᠯᠤᠰ ᠤᠨ ᠠᠷᠠᠳ | ᠤᠨ ᠴᠡᠷᠢᠭ ᠪᠠᠶᠢᠭᠤᠯᠤᠭᠳᠠᠭᠰᠡᠨ 93 ᠵᠢᠯ ᠤᠨ ᠤᠢ ᠶᠢ ᠳᠤᠷᠠᠰᠬᠠᠨ ᠳᠡᠮᠳᠡᠭᠯᠡᠪᠡ᠃ | ᠰᠢ ᠶᠢᠨ ᠫᠢᠩ ᠶᠠᠷᠥᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ | ᠳᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠠᠯᠳᠠ ᠶᠢ | ᠪᠠᠳᠠᠷᠠᠭᠤᠯᠤᠨ᠂ ᠪᠤᠯᠪᠠᠰᠤᠨ ᠡᠷᠡᠭᠦᠯ ᠴᠢᠬᠢᠷᠠᠭ ᠠᠮᠢᠳᠤᠷᠡᠯ ᠤᠨ ᠳᠠᠳᠬᠠᠯ ᠢ ᠪᠦᠷᠢᠯᠳᠤᠭᠦᠯᠵᠤ᠂ ᠰᠠᠶᠢᠨ ᠰᠠᠶᠢᠬᠠᠨ | ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠨ᠂ ᠤᠯᠡᠨ ᠲᠦᠮᠡᠨ ᠤ ᠴᠤᠭ ᠰᠦᠯᠳᠠ ᠶᠢ ᠨᠡᠮᠡᠭᠳᠡᠭᠦᠯᠵᠤ᠂ | ᠨᠢᠭᠳᠠᠷᠠᠯ ᠤᠨ ᠬᠦᠴᠦᠨ ᠢ ᠴᠢᠩᠭᠠᠳᠬᠠᠤ ᠶᠢᠨ ᠳᠤᠰᠠᠳᠠ᠂ ︽8.1︾ ᠤ ᠴᠡᠷᠢᠭ ᠪᠠᠶᠢᠭᠤᠯᠤᠭᠳᠠᠭᠰᠡᠨ ᠪᠠᠶᠠᠷ ᠤᠨ | ᠡᠳᠤᠷ ᠲᠠᠢ ᠤᠶᠠᠯᠳᠤᠭᠤᠯᠤᠨ᠂ ᠨᠠᠷᠠᠨᠪᠤᠯᠠᠭ ᠰᠤᠮᠤ ︽ᠪᠢ ᠡᠬᠡ ᠤᠯᠤᠰ ᠲᠠᠢ ᠪᠠᠨ ᠬᠠᠮᠳᠤ︾ ᠭᠤᠤᠯ ᠰᠡᠳᠤᠪᠳᠤ | ᠳᠠᠭᠤᠨ ᠤ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠭᠳᠠᠭᠤᠯᠪᠠ᠃ | ᠳᠤᠰ ᠤᠳᠠᠭᠠᠨ ᠤ ᠤᠷᠤᠯᠳᠤᠭᠠᠨ ᠢ ᠨᠠᠷᠠᠨᠪᠤᠯᠠᠭ ᠰᠤᠮᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ | ᠭᠤᠤᠯᠯᠡᠨ ᠡᠷᠬᠢᠯᠡᠵᠤ᠂ ᠠᠯᠳᠠᠨᠳᠤᠭᠤᠭᠠᠳᠤ᠂ ᠡᠷᠳᠡᠨᠢᠠᠤᠪᠤᠭ᠎ᠠ᠂ ᠠᠮᠤᠭᠤᠯᠡᠩ᠂ ᠵᠢᠷᠭᠠᠯᠠᠩᠳᠤ᠂ ᠲᠦᠰᠢᠩᠭᠤᠪᠢ᠂ | ᠨᠠᠷᠠᠳᠤ᠂ ᠦᠷᠬᠡᠨᠳᠠᠯ᠎ᠠ 7 ᠭᠠᠴᠠᠭ᠎ᠠ᠂ ᠰᠤᠮᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ᠂ ᠡᠯ᠎ᠡ ᠬᠠᠷᠢᠶ᠎ᠡ | ᠪᠠᠶᠢᠭᠤᠯᠭ᠎ᠠ ᠨᠠᠶᠢᠳᠠ 9 ᠲᠦᠯᠦᠬᠡᠯᠡᠭᠴᠢ ᠶᠢᠨ ᠳᠤᠭᠤᠶᠢᠯᠡᠩ ᠤᠷᠤᠯᠳᠤᠭᠠᠨ ᠳᠤ ᠤᠷᠤᠯᠴᠠᠪᠠ᠃ | ᠤᠷᠤᠯᠳᠤᠭᠠᠨ ᠨᠢ ︽ᠠᠪᠠᠭ᠎ᠠ ᠨᠤᠳᠤᠭ︾ ᠳᠠᠭᠤᠤ ᠪᠠᠷ ᠬᠦᠰᠢᠬᠡ ᠪᠠᠨ ᠰᠡᠭᠦᠵᠤ᠂ ᠤᠷᠤᠯᠳᠤᠭᠠᠨ ᠤ ᠳᠠᠯᠠᠪᠠᠢ | ᠳᠤ ᠨᠠᠮ᠂ ᠡᠬᠡ ᠤᠯᠤᠰ᠂ ᠨᠤᠳᠤᠭ ᠤᠰᠤ ᠪᠠᠨ ᠮᠠᠭᠳᠠᠨ ᠳᠠᠭᠤᠯᠠᠭᠰᠠᠨ ᠤᠶᠠᠩᠭᠠᠳᠤ ᠳᠠᠭᠤᠤ ᠬᠠᠩᠬᠢᠨᠠᠨ᠂ ᠤᠮᠤᠭ | ᠳᠡᠭᠦᠯᠳᠡᠷ᠂ ᠪᠠᠶᠠᠷ ᠪᠠᠶᠠᠰᠬᠤᠯᠡᠩᠳᠤ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ | ᠨᠢᠬᠡ ᠦᠳᠠ ᠶᠢᠨ ᠡᠮᠤᠨ᠎ᠠ ᠶᠢᠨ ᠬᠤᠷᠴᠠ ᠰᠢᠷᠦᠭᠦᠨ ᠦᠷᠢᠰᠤᠯᠳᠤᠬᠡᠨ ᠢᠶᠠᠷ ᠳᠠᠮᠵᠢᠨ᠂ ᠠᠮᠤᠭᠤᠯᠡᠩ ᠭᠠᠴᠠᠭ᠎ᠠ | ᠤᠷᠤᠯᠳᠤᠭᠠᠨ ᠤ ᠨᠢᠬᠡᠳᠤᠬᠡᠷ ᠳᠡᠰ᠂ ᠡᠷᠳᠡᠨᠢᠠᠤᠪᠤᠭ᠎ᠠ ᠭᠠᠴᠠᠭ᠎ᠠ᠂ ᠲᠦᠰᠢᠩᠭᠤᠪᠢ ᠭᠠᠴᠠᠭ᠎ᠠ ᠤᠷᠤᠯᠳᠤᠭᠠᠨ ᠤ | ᠬᠤᠶᠠᠳᠤᠭᠠᠷ ᠳᠡᠰ᠂ ᠦᠷᠬᠡᠨᠳᠠᠯ᠎ᠠ ᠭᠠᠴᠠᠭ᠎ᠠ᠂ ᠵᠢᠷᠭᠠᠯᠠᠩᠳᠤ ᠭᠠᠴᠠᠭ᠎ᠠ᠂ ᠠᠯᠳᠠᠨᠳᠤᠭᠤᠭᠠᠳᠤ ᠭᠠᠴᠠᠭ᠎ᠠ | ᠤᠷᠤᠯᠳᠤᠭᠠᠨ ᠤ ᠭᠤᠷᠪᠠᠳᠤᠭᠠᠷ ᠳᠡᠰ ᠲᠤ ᠳᠤᠰ ᠳᠤᠰ ᠳᠤᠳᠤᠷᠠᠭᠰᠡᠨ ᠪᠠᠶᠢᠨ᠎ᠠ᠃ | ᠳᠤᠰ ᠡᠳᠤᠷ ᠤᠨ ᠦᠳᠠ ᠶᠢᠨ ᠬᠤᠶᠢᠨ᠎ᠠ᠂ ᠨᠠᠮ ᠵᠠᠰᠠᠭ ᠴᠡᠷᠢᠭ ᠴᠠᠭᠳᠠᠭ᠎ᠠ ᠠᠷᠠᠳ᠂ ᠤᠯᠠᠭᠠᠨᠮᠦ᠋ᠴᠢᠷ | ᠬᠠᠮᠳᠤᠷᠡᠨ᠂ ᠡᠯ᠎ᠡ ᠲᠦᠷᠦᠯ ᠤᠨ ᠬᠦᠭᠵᠢᠶᠠᠨᠳᠤ ᠳᠤᠭᠯᠠᠭᠠᠮ ᠢ ᠦᠷᠨᠢᠭᠦᠯᠵᠤ᠂ ᠪᠠᠶᠠᠷ ᠪᠠᠶᠠᠰᠬᠤᠯᠠᠩᠳᠤ ᠠᠭᠤᠷ | ᠠᠮᠢᠰᠬᠤᠯ ᠤᠨ ᠳᠤᠮᠳᠠ᠂ ᠪᠦᠬᠦᠳᠡᠬᠡᠷ ᠢᠳᠡᠪᠬᠢᠳᠠᠢ ᠤᠷᠤᠯᠴᠠᠵᠤ᠂ ᠰᠢᠨ᠎ᠠ ᠴᠠᠭ ᠦᠶ᠎ᠡ ᠶᠢᠨ ᠮᠠᠯᠴᠢᠨ ᠲᠦᠮᠡᠨ᠂ | ᠺᠠᠳ᠋ᠷ ᠠᠵᠢᠯᠳᠡᠳ᠂ ᠴᠡᠷᠢᠭ ᠴᠠᠭᠳᠠᠭ᠎ᠠ ᠶᠢᠨ ᠰᠢᠨ᠎ᠠ ᠲᠦᠷᠢ ᠲᠦᠷᠬᠦ ᠶᠢ ᠢᠯᠡᠷᠡᠭᠦᠯᠪᠠ᠃ | |