ᠮᠦᠷᠡᠨ
ᠨᠡᠶᠢᠲᠡᠯᠡᠭᠰᠡᠨ ᠴᠠᠭ᠄
2021/1/14
     ᠳᠤᠪᠴᠢ ᠨᠠᠮᠳᠠᠷ      ᠮᠦᠷᠡᠨ᠂ ᠡᠷᠡᠭᠲᠡᠢ᠂ ᠮᠣᠩᠭᠤᠯ ᠦᠨᠳᠦᠰᠦᠲᠡᠨ᠂ 1967 ᠣᠨ ᠤ 9 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠳᠤᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠵᠢᠯᠣᠭᠤᠴᠢ ᠶᠢᠨ ᠰᠢᠯᠭᠠᠯᠲᠠ ᠶᠢᠨ ᠰᠠᠯᠠᠭᠠᠨ ᠤ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠪᠠ᠃     ᠠᠵᠢᠯ ᠤᠨ ᠬᠤᠪᠢᠶᠠᠷᠢᠯᠠᠯ     ᠬᠤᠰᠢᠭᠤ ᠳᠠᠷᠤᠭ᠎ᠠ ᠶᠢ ᠬᠠᠪᠰᠤᠷᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷ ᠵᠠᠰᠠᠬᠤ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠡᠷᠭᠢᠯᠡᠨ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃     ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠣᠲᠣᠭᠠᠳᠤ ᠶᠢ ᠬᠠᠮᠠᠭᠠᠯᠠᠬᠤ ᠳᠤᠮᠳᠠ ᠠᠩᠭᠢ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠷᠢᠴᠠᠨ᠎ᠠ᠃     ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号