ᠠᠪᠠᠭ᠎ᠠ ᠬᠤᠰᠢᠭᠤᠨ ᠤ ᠠᠵᠢᠯ ᠮᠡᠷᠭᠡᠵᠢᠯ ᠤᠨ ᠥᠨᠳᠦᠷ ᠲᠤᠮᠳᠠᠳᠤ ᠶᠢᠨ ᠬᠠᠷᠢᠭᠤ ᠮᠡᠳᠡᠭᠦᠯᠦᠯᠳᠡ ᠶᠢᠨ ᠦᠵᠡᠭᠦᠯᠭᠡ ᠲᠤᠭᠯᠠᠯᠳᠠ ᠢᠯᠭᠤᠮ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2021/1/5
     ︽ᠪᠤᠷᠠᠮ ᠢᠶᠠᠷ ᠲᠡᠳᠭᠦᠭᠦ ᠪᠠᠷ ᠤᠷᠮ᠎ᠠ ᠪᠠᠷ ᠲᠡᠳᠬᠦ︾ ᠭᠡᠳᠡᠭᠴᠢᠯᠡᠨ᠂ ᠰᠢᠨ᠎ᠠ ᠴᠠᠭ ᠦᠶ᠎ᠡ ᠶᠢᠨ ᠰᠢᠯᠢᠳᠡᠭ ᠵᠠᠯᠭᠠᠮᠵᠢᠯᠠᠭᠴᠢ ᠶᠢ ᠬᠦᠮᠦᠵᠢᠬᠦᠯᠬᠦ ᠠᠶᠠᠨ ᠤ ᠲᠤᠮᠳᠠ᠂  ᠬᠦᠰᠡᠯᠡᠩ ᠢᠶᠠᠨ ᠲᠡᠷᠭᠡᠯᠰᠢᠭᠦᠯᠬᠦ ᠪᠠᠷ ᠴᠢᠷᠮᠠᠶᠢᠨ ᠰᠤᠷᠤᠯᠴᠠᠵᠦ ᠶᠠᠪᠤᠭ᠎ᠠ ᠵᠠᠯᠠᠭᠤ ᠪᠠᠭᠠᠴᠤᠳ ᠤᠨ ᠵᠤᠷᠢᠭ ᠢ ᠨᠢ ᠬᠦᠪᠴᠢᠯᠡᠵᠦ᠂ ᠤᠷᠮ᠎ᠠ ᠶᠢ ᠨᠢ ᠬᠦᠭᠵᠢᠭᠡᠵᠦ ᠶᠠᠪᠤᠬᠤ ᠨᠢ᠂ ᠤᠯᠠᠮᠵᠢᠯᠠᠯᠳᠤ ᠰᠤᠷᠭᠠᠨ ᠬᠦᠮᠦᠵᠢᠯ ᠤᠨ ᠦᠢᠯᠡᠰ ᠤᠨ ᠮᠠᠨᠢ ᠰᠢᠯᠢᠳᠡᠭ ᠤᠯᠠᠮᠵᠢᠯᠠᠯ ᠪᠢᠯᠡ᠃     ᠤᠶᠢᠷ᠎ᠠ ᠶᠢᠨ ᠡᠳᠦᠷ᠂ ᠠᠪᠠᠭ᠎ᠠ ᠬᠤᠰᠢᠭᠤᠨ ᠤ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠪᠠ ᠰᠤᠷᠭᠠᠨ ᠬᠦᠮᠦᠵᠢᠯ ᠠᠵᠢᠯ ᠮᠡᠷᠭᠡᠵᠢᠯ ᠤᠨ ᠶᠡᠷᠦᠩᠭᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠠᠴᠠ ᠬᠠᠮᠳᠤᠷᠠᠨ ᠡᠷᠬᠢᠯᠡᠭᠰᠡᠨ᠂ ︽ᠠᠵᠢᠯ ᠮᠡᠷᠭᠡᠵᠢᠯ ᠤᠨ ᠥᠨᠳᠦᠷ ᠲᠤᠮᠳᠠᠳᠤ ᠶᠢᠨ ᠬᠠᠷᠢᠭᠤ ᠮᠡᠳᠡᠭᠦᠯᠦᠯᠳᠡ ᠶᠢᠨ  ᠦᠵᠡᠭᠦᠯᠭᠡ ᠲᠤᠭᠯᠠᠯᠳᠠ︾ ᠨᠢ ᠬᠤᠰᠢᠭᠤ ᠰᠤᠷᠭᠠᠨ ᠬᠦᠮᠦᠵᠢᠯ ᠠᠵᠢᠯ ᠮᠡᠷᠭᠡᠵᠢᠯ ᠤᠨ ᠶᠡᠷᠦᠩᠭᠡᠶᠢᠯᠡᠭᠰᠡᠨ ᠪᠤᠯᠪᠠᠰᠤᠷᠠᠯ ᠤᠨ ᠰᠠᠭᠤᠷᠢᠨ ᠭᠠᠵᠠᠷ ᠲᠤ ᠢᠯᠭᠤᠮ ᠰᠠᠶᠢᠬᠠᠨ  ᠶᠠᠪᠤᠭᠳᠠᠭᠰᠠᠨ ᠪᠠᠶᠢᠨ᠎ᠠ᠃ᠦᠨᠳᠦᠰᠦᠳᠡᠨ ᠤ ᠭᠠᠷ ᠤᠷᠠᠯᠠᠯ ᠰᠤᠷᠤᠯᠴᠠᠵᠦ ᠪᠠᠶᠢᠭ᠎ᠠ ᠰᠤᠷᠤᠭᠴᠢᠳ ᠤᠨ ᠤᠷᠮ᠎ᠠ ᠵᠤᠷᠢᠭ ᠢ ᠰᠡᠷᠭᠦᠭᠡᠵᠦ᠂ ᠰᠤᠷᠤᠯᠴᠠᠬᠤ ᠢᠳᠡᠪᠬᠢᠵᠢᠯ ᠢ ᠲᠠᠶᠢᠴᠢᠯᠠᠬᠤ ᠶᠢᠨ ᠲᠤᠯᠠᠳᠠ ᠶᠠᠪᠤᠭᠳᠠᠭᠰᠠᠨ ᠦᠵᠡᠭᠦᠯᠭᠡ ᠲᠤᠭᠯᠠᠯᠳᠠ ᠨᠢ ᠦᠨᠳᠦᠰᠦᠳᠡᠨ ᠤ ᠬᠤᠪᠴᠠᠰᠤ ᠵᠠᠰᠠᠯ ᠤᠨ ᠦᠵᠡᠭᠦᠯᠭᠡ᠂ ᠲᠠᠭᠤᠤ ᠪᠦᠵᠢᠭ᠂ ᠰᠢᠯᠦᠭ ᠲᠠᠭᠤᠯᠠᠯ᠂ ᠬᠤᠱᠤᠩ ᠱᠤᠭ ᠵᠡᠷᠭᠡ ᠰᠤᠷᠤᠭᠴᠢᠳ ᠤᠨ ᠭᠤᠴᠤ ᠰᠠᠶᠢᠬᠠᠨ ᠲᠤᠭᠯᠠᠯᠳᠠ ᠪᠠᠷ ᠥᠷᠭᠦᠯᠵᠢᠯᠡᠵᠦ᠂ ᠦᠵᠡᠭᠴᠢ ᠤᠯᠠᠨ ᠤ ᠬᠠᠷᠠᠭ᠎ᠠ ᠶᠢ ᠪᠠᠶᠠᠰᠬᠠᠵᠦ᠂ ᠰᠤᠨᠤᠷ ᠢ  ᠮᠢᠯᠢᠶᠠᠭᠰᠠᠨ ᠪᠠᠶᠢᠨ᠎ᠠ᠃     ᠦᠵᠡᠭᠦᠯᠭᠡ ᠲᠤᠭᠯᠠᠯᠳᠠ ᠶᠢᠨ ᠠᠬᠤᠢ ᠲᠠᠯᠠᠪᠠᠢ ᠳᠤ ᠪᠠᠰᠠ ᠠᠵᠢᠯ ᠮᠡᠷᠭᠡᠵᠢᠯ ᠤᠨ ᠥᠨᠳᠦᠷ ᠲᠤᠮᠳᠠᠳᠤ ᠶᠢᠨ ᠰᠤᠷᠤᠭᠴᠢᠳ ‍ᠤᠨ‌ᠭᠠᠷ ᠣᠷᠠᠯᠠᠯ ᠤᠨ ᠶᠠᠰᠤᠨ ᠰᠡᠶᠢᠯᠦᠮᠡᠯ᠂ ᠮᠤᠳᠤᠨ ᠡᠳ᠋ᠯᠡᠯ᠂ ᠠᠷᠠᠰᠤᠨ ᠤᠷᠠᠯᠠᠯ᠂ ᠢᠰᠡᠭᠡᠢ ᠰᠢᠷᠢᠮᠠᠯ ᠪᠠ ᠲᠦᠷᠰᠦ ᠪᠢᠴᠢᠯᠭᠡ ᠶᠢᠨ ᠪᠦᠳᠦᠭᠡᠯ ᠢ ᠲᠡᠯᠭᠡᠨ ᠦᠵᠡᠭᠦᠯᠬᠦ ᠶᠢᠨ ᠬᠠᠮᠳᠤ᠂ ᠱᠠᠩᠨᠠᠯ ᠬᠦᠬᠢᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号