ᠠᠭᠲᠠ ᠶᠢᠨ ᠰᠢᠨᠳᠠᠰᠤ ᠪᠠ ᠠᠳᠤᠭᠤᠨ ᠰᠣᠶᠣᠯ ᠤᠨ ᠷᠢᠳᠢ ᠰᠢᠳᠢ ᠶᠢ ᠭᠠᠶᠢᠬᠠᠭᠤᠯᠬᠤ ᠶᠢᠨ ᠲᠤᠯᠠᠳᠠ᠂ 12 | ᠰᠠᠷ᠎ᠠ ᠶᠢᠨ 31 ᠤ ᠡᠳᠦᠷ᠂ ᠠᠪᠠᠭ᠎ᠠ ᠤᠶᠠᠭᠠᠴᠢᠳ ᠤᠨ ᠨᠡᠶᠢᠭᠡᠮᠯᠢᠭ ᠤᠨ ᠰᠢᠨᠡᠤᠨᠢᠶ᠋ᠠᠨᠤᠭᠲᠤᠬᠤ ᠦᠳᠡᠰᠢᠯᠡᠭᠡ | ᠠᠪᠠᠭ᠎ᠠ ᠴᠤᠭᠤᠷ ᠤᠨ ᠤᠷᠳᠤᠨ ᠲᠤ ᠠᠮᠵᠢᠯᠲᠠ ᠲᠠᠢ ᠶᠠᠪᠤᠭᠳᠠᠪᠠ᠃ | ᠦᠳᠡᠰᠢᠯᠡᠭᠡ ᠨᠢ ᠠᠪᠠᠭ᠎ᠠ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠤᠨ ᠬᠦᠭᠵᠢᠮᠳᠡᠭᠰᠡᠨ ᠮᠤᠷᠢᠨ | ᠬᠤᠭᠤᠷ ᠤᠨ ᠨᠠᠶᠢᠷᠠᠯ ᠬᠥᠭᠵᠢᠮ ︽ᠲᠦᠮᠡᠨ ᠠᠭᠲᠠ ᠶᠢᠨ ᠲᠦᠪᠡᠷᠭᠡᠨ︾ ᠪᠠᠷ ᠬᠥᠰᠢᠭᠡ ᠪᠠᠨ ᠰᠡᠬᠦᠵᠦ᠂ ᠲᠦᠪ | ᠡᠷᠬᠢᠮᠰᠦᠭ ᠨᠡᠪᠲᠡᠷᠡᠭᠦᠯᠭᠡ ᠶᠢᠨ ᠲᠢᠩᠬᠢᠮ ᠳᠤ᠂ ᠪᠠᠶᠠᠷ ᠪᠠᠶᠠᠰᠬᠤᠯᠠᠩ ᠲᠠᠢ ᠢᠷᠠᠭᠤ ᠤᠶᠠᠩᠭᠠᠯᠢᠭ ᠮᠤᠷᠢᠨ ᠤ | ᠳᠠᠭᠤᠤ ᠨᠤᠭᠤᠳ ᠨᠢ ᠶᠠᠭ ᠯᠠ ᠲᠤᠬᠠᠢ ᠶᠢᠨ ᠲᠠᠯᠠᠪᠠᠢ ᠶᠢᠨ ᠰᠤᠨᠤᠰᠤᠭᠴᠢᠳ ᠢ ᠥᠷᠭᠡᠨ ᠠᠭᠤᠳᠠᠮ ᠲᠠᠯ᠎ᠠ | ᠨᠤᠲᠤᠭ ᠲᠤ ᠵᠤᠭᠠᠴᠠᠭᠰᠠᠨ ᠮᠡᠲᠦ᠂ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠤᠭᠰᠠᠨ ᠦᠵᠡᠭᠴᠢᠳ | ᠡᠨᠡᠬᠦ ᠭᠤᠶᠢᠳᠠ ᠰᠠᠶᠢᠬᠠᠨ ᠲᠤᠭᠯᠠᠯᠲᠠ ᠶᠢ ᠱᠠᠭᠰᠢᠨ ᠰᠤᠨᠢᠷᠬᠠᠵᠤ᠂ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ | ᠲᠠᠰᠤᠷᠠᠯᠳᠠ ᠦᠭᠡᠢ ᠦᠷᠭᠦᠯᠵᠢᠯᠡᠵᠦ ᠪᠠᠶᠢᠯ᠎ᠠ᠃ | ᠲᠣᠭᠯᠠᠯᠲᠠ ᠶᠢᠨ ᠵᠠᠪᠰᠠᠷ ᠲᠤ᠂ ᠦᠳᠡᠰᠢᠯᠡᠭᠡ ᠶᠢ ᠭᠤᠤᠯᠯᠠᠨ ᠡᠷᠭᠢᠯᠡᠭᠰᠡᠨ ᠨᠢᠭᠡᠴᠡ ᠠᠴᠠ 2020 ᠣᠨ ᠤ | ᠡᠯ᠎ᠡ ᠵᠦᠢᠯ ᠤᠨ ᠰᠣᠶᠣᠯ ᠲᠠᠮᠢᠷ ᠤᠨ ᠤᠷᠤᠯᠳᠤᠭᠠᠨ ᠳᠤ ᠬᠤᠷᠳᠤᠨ ᠬᠦᠯᠦᠭ ᠢᠶᠠᠨ ᠰᠢᠭᠠᠭᠰᠠᠨ ᠰᠢᠯᠢᠳᠡᠭ | ᠤᠶᠠᠭᠠᠴᠢᠳ ᠪᠣᠯᠤᠨ ᠰᠢᠨ᠎ᠡ ᠪᠠᠷ ᠴᠤᠯᠭᠤᠷᠠᠨ ᠭᠠᠷᠴᠤ ᠪᠠᠶᠢᠭᠠᠤᠷᠭᠠᠴᠢᠨ ᠳᠤ ᠱᠠᠩᠨᠠᠯ ᠤᠨ ᠪᠢᠴᠢᠭ ᠭᠠᠷᠳᠠᠭᠤᠯᠵᠤ | ᠤᠷᠮᠠᠰᠢᠭᠤᠯᠤᠨ ᠱᠠᠩᠨᠠᠪᠠ᠃ | ᠠᠪᠠᠭ᠎ᠠ ᠬᠤᠰᠢᠭᠤᠨ ᠤ ᠤᠶᠠᠭᠠᠴᠢᠳ ᠤᠨ ᠨᠡᠶᠢᠭᠡᠮᠯᠢᠭ 2016 ᠣᠨ ᠳᠤ ᠪᠠᠶᠢᠭᠤᠯᠤᠭᠳᠠᠵᠤ᠂ ᠲᠤᠬᠠᠢ ᠶᠢᠨ | ᠦᠶ᠎ᠡ ᠳᠤ ᠵᠥᠪᠬᠡᠨ 20 ᠭᠡᠰᠢᠭᠦᠨ ᠲᠠᠢ ᠪᠠᠶᠢᠭᠰᠠᠨ ᠠᠴᠠ ᠤᠢᠢᠷ᠎ᠠ ᠶᠢᠨ ᠬᠡᠳᠦᠨ ᠵᠢᠯ ᠳᠤ ᠬᠥᠭᠵᠢᠨ | ᠪᠤᠵᠠᠭᠠᠶᠢᠷᠠᠵᠤ᠂ ᠤᠳᠤ 81 ᠭᠡᠰᠢᠭᠦᠨ ᠲᠠᠢ ᠪᠤᠯᠵᠠᠢ᠂ ᠨᠡᠩ ᠤᠷᠴᠢᠮ ᠤᠨ ᠬᠡᠳᠦᠨ ᠵᠢᠯ ᠤᠨ ᠲᠤᠷᠰᠢ᠂ ᠲᠤᠰ | ᠨᠡᠶᠢᠭᠡᠮᠯᠢᠭ ᠨᠢ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠬᠦᠴᠦᠲᠡᠢ | ᠳᠡᠮᠵᠢᠯᠭᠡ ᠳᠣᠣᠷ᠎ᠠ᠂ ᠠᠯᠢ ᠤᠯᠠᠨ ᠠᠳᠤᠭᠤᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠮᠠᠯᠴᠢᠳ ᠤᠨ | ᠬᠦᠷᠢᠶᠡᠯᠡᠯ ᠢ ᠤᠯᠤᠭᠰᠠᠨ ᠪᠠᠶᠢᠨ᠎ᠠ᠃ ᠠᠪᠠᠭ᠎ᠠ ᠬᠤᠰᠢᠭᠤᠨ ᠤ ᠤᠶᠠᠭᠠᠴᠢᠳ ᠤᠨ ᠨᠡᠶᠢᠭᠡᠮᠯᠢᠭ ᠤᠨ ᠳᠠᠷᠤᠭ᠎ᠠ | ᠮᠥᠩᠭᠡᠤᠷᠭᠢᠯ ᠠᠴᠠ᠂ ᠲᠤᠰ ᠨᠡᠶᠢᠭᠡᠮᠯᠢᠭ ᠤᠨ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠶᠢ ᠲᠣᠪᠴᠢᠬᠠᠨ | ᠡᠷᠭᠢᠴᠡᠭᠦᠯᠦᠨ ᠳ᠋ᠦᠩᠨᠡᠬᠦ ᠶᠢᠨ ᠬᠠᠮᠲᠤ᠂ ᠰᠢᠨ᠎ᠡ ᠨᠢᠭᠡ ᠵᠢᠯ ᠳᠤ᠂ ᠪᠦᠬᠦ ᠭᠡᠰᠢᠭᠦᠳ ᠢᠶᠠᠨ ᠪᠦᠯᠬᠦᠮᠳᠡᠭᠦᠯᠦᠨ | ᠳᠠᠭᠠᠭᠤᠯᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠲᠠᠯ᠎ᠠ ᠨᠤᠲᠤᠭ ᠤᠨ ᠠᠳᠤᠭᠤᠨ ᠰᠣᠶᠣᠯ ᠢ | ᠪᠠᠳᠠᠷᠠᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠪᠡ᠃ |