ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/17
                         ︵49 ᠳ᠋ᠤᠬᠡᠷ ᠲᠤᠭᠠᠳᠤ︶       ᠦᠢᠷ᠎ᠠ ᠶᠢᠨ ᠡᠳᠤᠷ᠂ ᠤᠯᠤᠰ ᠤᠨ ᠲᠤᠳᠤᠭᠠᠳᠤ ᠶᠢᠨ ᠤᠯᠠᠨ ᠭᠠᠵᠡᠷ ᠲᠤᠬᠠᠢ ᠶᠢᠨ ᠭᠠᠵᠡᠷ ᠤᠨ ᠡᠪᠡᠳᠴᠢᠨ ᠤ ᠵᠢᠱᠢᠶ᠎ᠠ ᠪᠤᠶᠤ ᠴᠤᠭᠯᠠᠷᠠᠯ ᠤᠨ ᠴᠢᠨᠠᠷᠳᠡᠢ ᠬᠢᠵᠢᠭ ᠤᠨ ᠪᠠᠶᠢᠳᠠᠯ ᠢᠯᠡᠷᠡᠵᠤ᠂ ᠡᠬᠦᠨ ᠤ ᠲᠡᠬᠡᠷ᠎ᠠ ᠴᠠᠭᠠᠨ ᠰᠠᠷ᠎ᠠ ᠦᠢᠷᠡᠳᠤᠵᠤ ᠪᠠᠶᠢᠬᠤ ᠤᠴᠢᠷ ᠠᠴᠠ ᠬᠦᠮᠤᠰ ᠤᠨ ᠨᠠᠰᠢ ᠴᠠᠰᠢ ᠶᠠᠪᠤᠵᠤ ᠰᠠᠭᠤᠬᠤ ᠪᠠ ᠡᠳ᠋ ᠪᠤᠳᠠᠰ ᠵᠦᠬᠡᠬᠡᠪᠤᠷᠢᠯᠡᠬᠦ ᠬᠡᠮᠵᠢᠶ᠎ᠠ ᠨᠡᠮᠡᠭᠳᠡᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠪᠠᠶᠢᠳᠠᠯ ᠨᠠᠯᠢᠶᠠᠳ ᠬᠠᠳᠠᠭᠤ ᠴᠢᠩᠭ᠎ᠠ ᠪᠠᠶᠢᠳᠠᠯ ᠳᠤ ᠤᠷᠤᠭᠰᠡᠨ ᠪᠠᠶᠢᠨ᠎ᠠ᠃ ᠦᠨᠤ ᠡᠪᠤᠯ ᠲᠠᠷᠠᠭ᠎ᠠ ᠬᠠᠪᠤᠷ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠳᠤᠮᠵᠢᠳᠡᠢ ᠬᠢᠬᠦ ᠶᠢᠨ ᠲᠤᠰᠠᠳᠠ ᠤᠳᠤ ᠤᠯᠠᠨ ᠨᠠᠶᠢᠳᠠ ᠶᠢᠨ ᠲᠠᠯᠠᠪᠤᠷ ᠲᠤ ᠠᠮᠠᠪᠴᠢ ᠵᠡᠬᠦᠬᠦ ᠲᠤᠬᠠᠢ ᠬᠠᠮᠢᠶ᠎ᠠ ᠪᠦᠬᠦᠢ ᠶᠠᠪᠤᠳᠠᠯ ᠤᠨ ᠵᠠᠷᠯᠢᠭ ᠢ ᠲᠤᠤᠷᠡᠬᠢ ᠮᠠᠳᠤ ᠵᠠᠷᠯᠠᠶ᠎ᠠ᠄      ᠨᠢᠬᠡ᠂ ᠬᠡᠷᠡᠭᠵᠢᠬᠦᠯᠬᠦ ᠬᠦᠷᠢᠶ᠎ᠠ ᠬᠡᠪᠴᠢᠶ᠎ᠠ      ︵ᠨᠢᠬᠡ︶ ᠬᠤᠷᠡᠯ ᠪᠠ ᠡᠯ᠎ᠠ ᠲᠦᠷᠤᠯ ᠤᠨ ᠤᠯᠠᠨ ᠨᠠᠶᠢᠳᠠ ᠶᠢᠨ ᠠᠵᠢᠯᠯᠠᠭ᠎ᠠ ᠳᠤ ᠤᠷᠤᠯᠴᠠᠭᠰᠡᠳ ᠬᠡᠷᠪᠡ ᠪᠢᠳᠠᠬᠦᠮᠵᠢᠯᠡᠭᠰᠡᠨ ᠤᠷᠴᠢᠨ ᠳᠤ ᠪᠠᠶᠢᠪᠠᠯ ᠡᠷᠬᠡᠪᠰᠢ ᠴᠦᠮ ᠱᠠᠭᠠᠷᠳᠠᠯᠭ᠎ᠠ ᠶᠤᠰᠤᠭᠠᠷ ᠠᠮᠠᠪᠴᠢ ᠵᠡᠬᠦᠬᠦ ᠶᠢᠨ ᠬᠠᠮᠳᠤ ᠪᠠᠶᠠᠨ ᠳᠤ ᠪᠠᠨ ᠪᠡᠯᠡᠳᠬᠡᠯ ᠠᠮᠠᠪᠴᠢ ᠢᠯᠡᠬᠦᠦ ᠠᠪᠴᠤ ᠶᠠᠪᠤᠬᠤ ᠬᠡᠷᠡᠭᠳᠡᠢ᠃      ︵ᠬᠤᠶᠡᠷ︶ ᠡᠮᠴᠢᠯᠡᠬᠡᠨ ᠤ ᠪᠠᠶᠢᠭᠤᠯᠤᠮᠵᠢ ᠳᠤ ᠤᠴᠢᠵᠤ ᠡᠮᠴᠢᠯᠡᠬᠦᠯᠬᠦ ᠬᠦᠮᠤᠰ᠂ ᠡᠪᠡᠳᠴᠢᠳᠠᠨ ᠬᠠᠷᠠᠵᠤ ᠬᠠᠷᠠᠭᠠᠯᠵᠠᠬᠤ ᠬᠦᠮᠤᠰ︔      ︵ᠭᠤᠷᠪᠡ︶ ᠲᠦᠷᠢᠶᠠᠰᠤᠨ ᠮᠠᠰᠢᠨ᠂ ᠠᠶᠠᠡᠴᠢᠨ ᠤ ᠮᠠᠰᠢᠨ᠂ ᠭᠠᠯᠳᠤ ᠲᠡᠷᠬᠡ ᠵᠡᠷᠬᠡ ᠤᠯᠠᠨ ᠨᠠᠶᠢᠳᠠ ᠶᠢᠨ ᠵᠠᠮ ᠬᠠᠷᠢᠯᠴᠠᠭᠠᠨ ᠤ ᠦᠢᠯᠡᠴᠢᠯᠡᠬᠡᠨ ᠤ ᠬᠦᠮᠤᠰ ᠪᠠ ᠠᠶᠠᠡᠴᠢᠳ︔      ︵ᠲᠦᠷᠪᠡ︶ ᠰᠤᠷᠭᠠᠭᠤᠯᠢ ᠪᠠᠷ ᠤᠷᠤᠵᠤ ᠭᠠᠷᠬᠤ ᠬᠦᠮᠤᠰ᠂ ᠵᠢᠵᠢᠬᠦᠷᠯᠡᠭᠴᠢ᠂ ᠴᠡᠪᠡᠷᠯᠡᠭᠴᠢ ᠪᠠ ᠲᠤᠭᠤᠭᠠᠨ ᠬᠡᠷ ᠤᠨ ᠠᠵᠢᠯᠳᠠᠨ︔      ︵ᠲᠠᠪᠤ︶ ᠬᠤᠷᠰᠢᠶ᠎ᠠ ᠲᠡᠯᠬᠡᠬᠦᠷ᠂ ᠬᠡᠳᠤ ᠲᠡᠯᠬᠡᠬᠦᠷ᠂ ᠡᠮ ᠤᠨ ᠲᠡᠯᠬᠡᠬᠦᠷ ᠪᠠ ᠵᠤᠴᠢᠳ ᠤᠨ ᠪᠠᠭᠤᠳᠠᠯ ᠵᠡᠷᠬᠡ ᠤᠯᠠᠨ ᠨᠠᠶᠢᠳᠠ ᠶᠢᠨ ᠦᠢᠯᠡᠴᠢᠯᠡᠬᠡᠨ ᠤ ᠲᠠᠯᠠᠪᠤᠷ ᠤᠨ ᠦᠢᠯᠡᠴᠢᠯᠡᠬᠡᠨ ᠤ ᠬᠦᠮᠤᠰ ᠪᠠ ᠵᠤᠴᠢᠳ︔      ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠪᠠ ᠪᠤᠰᠤᠳ ᠶᠠᠪᠤᠳᠠᠯ ᠬᠦᠢᠴᠡᠳᠬᠡᠬᠦ ᠲᠢᠩᠬᠢᠮ᠂ ᠲᠡᠷᠬᠡᠨ ᠦᠷᠳᠡᠭᠡ ᠵᠡᠷᠬᠡ ᠲᠠᠯᠠᠪᠤᠷ ᠤᠨ ᠠᠵᠢᠯᠳᠠᠨ ᠪᠠ ᠤᠷᠤᠵᠤ ᠭᠠᠷᠬᠤ ᠬᠦᠮᠤᠰ︔      ︵ᠲᠤᠯᠤᠭ᠎ᠠ︶ ᠦᠰᠤ ᠵᠠᠰᠠᠬᠤ ᠭᠠᠵᠡᠷ᠂ ᠵᠢᠰᠤ ᠭᠤᠶᠤᠯᠠᠬᠤ ᠭᠠᠵᠡᠷ᠂ ᠰᠦᠯᠵᠢᠶᠠᠨ ᠤ ᠪᠠᠭᠠᠷ᠂ ᠲᠠᠮᠢᠷ ᠤᠨ ᠤᠷᠳᠤᠨ ᠵᠡᠷᠬᠡ ᠲᠠᠯᠠᠪᠤᠷ ᠤᠨ ᠵᠤᠴᠢᠳ ᠪᠠ ᠠᠵᠢᠯᠳᠠᠨ︔      ︵ᠨᠠᠢᠮᠠ︶ ᠨᠠᠰᠤᠳᠠᠶᠢᠴᠤᠤᠯ ᠤᠨ ᠠᠰᠠᠷᠠᠮᠵᠢ ᠶᠢᠨ ᠪᠠᠶᠢᠭᠤᠯᠤᠮᠵᠢ ᠳᠤ ᠦᠢᠯᠡᠴᠢᠯᠡᠭᠡ ᠬᠠᠩᠭᠠᠬᠤ ᠠᠵᠢᠯᠳᠠᠨ ᠪᠠ ᠭᠠᠳᠠᠨ᠎ᠠ ᠠᠴᠠ ᠢᠷᠡᠭᠰᠡᠳ︔      ︵ᠶᠢᠰᠤ︶ ᠴᠠᠬᠢᠯᠭᠠᠨ ᠱᠠᠳᠤ ᠵᠡᠷᠬᠡ ᠪᠤᠰᠤᠳ ᠰᠠᠯᠬᠢ ᠨᠠᠪᠳᠠᠷᠠᠬᠦ ᠪᠠᠷ ᠠᠨᠠᠢ ᠭᠠᠵᠡᠷ ᠪᠤᠶᠤ ᠬᠦᠮᠤᠨ ᠤᠯᠠᠨ ᠴᠤᠭᠯᠠᠷᠠᠬᠤ ᠲᠠᠯᠠᠪᠤᠷ ᠲᠤ ᠤᠷᠤᠵᠤ ᠭᠠᠷᠬᠤ ᠬᠦᠮᠤᠰ ᠪᠠ ᠠᠵᠢᠯ ᠲᠦᠷᠤᠯ ᠤᠨ ᠬᠠᠮᠢᠶᠠᠷᠤᠯᠳᠠ ᠶᠢᠨ ᠲᠦᠷᠢᠮᠵᠢᠯ ᠎ ᠤᠨ ᠱᠠᠭᠠᠷᠳᠠᠯᠭ᠎ᠠ ᠪᠠᠷ ᠡᠷᠬᠡᠪᠰᠢ ᠠᠮᠠᠪᠴᠢ ᠵᠠᠬᠦᠬᠦ ᠴᠢᠬᠤᠯᠠᠳᠡᠢ ᠬᠦᠮᠤᠰ᠃ ᠠᠮᠠᠪᠴᠢ ᠪᠠᠨ ᠡᠷᠬᠡᠪᠰᠢ ᠰᠢᠡᠵᠢᠯᠡᠬᠦ ᠤᠬᠠᠭᠠᠠᠴᠢ ᠪᠠᠷ ᠱᠠᠭᠠᠷᠳᠠᠯᠭ᠎ᠠ ᠶᠤᠰᠤᠭᠠᠷ ᠵᠠᠬᠦᠵᠤ᠂ ᠤᠯᠠᠨ ᠨᠠᠶᠢᠳᠠ ᠶᠢᠨ ᠲᠠᠯᠠᠪᠤᠷ ᠲᠤ ᠨᠢᠬᠡᠯᠡ ᠤᠳᠠᠭ᠎ᠠ ᠬᠡᠷᠡᠭᠯᠡᠬᠦ ᠡᠮᠴᠢᠯᠡᠬᠡᠨ ᠤ ᠠᠮᠠᠪᠴᠢ ᠪᠤᠶᠤ ᠮᠠᠰᠠ ᠵᠠᠰᠠᠯ ᠳᠤ ᠬᠡᠷᠡᠭᠯᠡᠬᠦ ᠠᠮᠠᠪᠴᠢ ᠵᠠᠬᠦᠬᠦ ᠬᠡᠷᠡᠭᠳᠡᠢ᠃ ᠭᠤᠤᠯᠳᠠᠯᠭ᠎ᠠ ᠲᠠᠢ ᠬᠦᠮᠤᠰ ᠪᠠ ᠲᠤᠬᠠᠶᠢᠯᠠᠭᠰᠡᠨ ᠠᠵᠢᠯ ᠤᠨ ᠱᠠᠭᠠᠷᠳᠠᠯᠭ᠎ᠠ ᠠᠴᠠ ᠪᠤᠯᠵᠤ ᠰᠢᠭᠤᠳ ᠬᠦᠷᠤᠯᠴᠡᠬᠦ ᠬᠦᠮᠤᠰ ᠨᠢ ᠡᠷᠬᠡᠪᠰᠢ ᠮᠠᠰᠠ ᠵᠠᠰᠠᠯ ᠳᠤ ᠬᠡᠷᠡᠭᠯᠡᠬᠦ ᠠᠮᠠᠪᠴᠢ᠂ KN95/N95᠎ ᠤᠨ ᠲᠡᠰ ᠎ ᠲᠤ ᠨᠠᠶᠢᠴᠡᠭᠰᠡᠨ ᠰᠡᠷᠬᠡᠶᠢᠯᠡᠯᠳᠡ ᠶᠢᠨ ᠠᠮᠠᠪᠴᠢ ᠪᠤᠶᠤ ᠨᠠᠩ ᠰᠠᠶᠢᠨ ᠲᠠᠰ ᠤᠨ ᠰᠡᠷᠬᠡᠶᠢᠯᠡᠯᠳᠡ ᠶᠢᠨ ᠠᠮᠠᠪᠴᠢ ᠵᠡᠬᠦᠬᠦ ᠬᠡᠷᠡᠭᠳᠡᠢ᠃       ᠬᠤᠶᠡᠷ᠂ ᠬᠠᠮᠢᠶ᠎ᠠ ᠪᠦᠬᠦᠢ ᠱᠠᠭᠠᠷᠳᠠᠯᠭ᠎ᠠ       ᠨᠢᠬᠡ ᠳᠤ᠂ ᠡᠯ᠎ᠠ ᠬᠠᠮᠢᠶ᠎ᠠ ᠪᠦᠬᠦᠢ ᠪᠠᠶᠢᠭᠤᠯᠭ᠎ᠠ ᠪᠠ ᠦᠷᠬᠡᠨ ᠤᠯᠠᠨ ᠰᠠᠭᠤᠭᠠᠯᠢᠴᠢᠳ ᠠᠴᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠱᠠᠭᠠᠷᠳᠠᠯᠭ᠎ᠠ ᠶᠤᠰᠤᠭᠠᠷ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠦᠷᠬᠡᠨ ᠤᠯᠠᠨ ᠰᠠᠭᠤᠭᠠᠯᠢᠴᠢᠳ ᠬᠤᠪᠢ ᠬᠦᠮᠤᠨ ᠤ ᠡᠬᠦᠷᠬᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠨ᠂ ᠬᠤᠪᠢ ᠪᠠᠶ᠎ᠠ ᠶᠢᠨ ᠰᠡᠷᠬᠡᠶᠢᠯᠡᠯᠳᠡ ᠬᠠᠮᠠᠭᠠᠯᠠᠯᠳᠠ ᠶᠢᠨ ᠠᠵᠢᠯ ᠢᠶᠠᠨ ᠰᠠᠶᠢᠳᠤᠷ ᠬᠢᠵᠤ᠂ ᠪᠤᠯᠬᠤ ᠶᠢᠨ ᠲᠤᠳᠤᠷ᠎ᠠ ᠭᠠᠳᠠᠭᠰᠢ ᠪᠠᠭ᠎ᠠ ᠭᠠᠷᠴᠤ᠂ ᠴᠢᠬᠤᠯᠠ ᠦᠬᠡᠢ ᠪᠤᠯ ᠲᠤᠮᠳᠠ ᠦᠡᠳᠤᠷ ᠲᠠᠰ ᠤᠨ ᠲᠦᠰᠢᠬᠦᠷᠢᠳᠡᠢ ᠭᠠᠵᠡᠷ ᠤᠷᠤᠨ ᠳᠤ ᠤᠴᠢᠬᠤ ᠦᠬᠡᠢ ᠪᠠᠶᠢᠬᠤ ᠬᠡᠷᠡᠭᠳᠡᠢ᠃ ᠡᠯ᠎ᠠ ᠰᠤᠮᠤ ᠪᠠᠯᠭᠠᠰᠤ ︵ᠲᠤᠭᠤᠷᠢᠭ︶᠎ ᠨᠢ ᠬᠠᠷᠢᠶ᠎ᠠ ᠤᠷᠤᠨ ᠤ ᠬᠢ ᠪᠠᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠯ᠎ᠠ ᠬᠠᠷᠢᠶ᠎ᠠ ᠤᠷᠤᠨ ᠤ ᠬᠢ ᠪᠠᠨ ᠠᠮᠠᠪᠴᠢ ᠵᠡᠬᠦᠬᠦ ᠵᠡᠷᠬᠡ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠠᠪᠬᠤ ᠠᠵᠢᠯ ᠎ ᠢ ᠰᠠᠶᠢᠳᠤᠷ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠠ ᠠᠵᠢᠯ ᠲᠦᠷᠤᠯ ᠤᠨ ᠲᠤᠬᠠᠶᠢᠯᠠᠭᠰᠡᠨ ᠠᠵᠢᠯ ᠤᠨ ᠰᠠᠯᠠᠭ᠎ᠠ ᠮᠦᠴᠢᠷ ᠨᠢ ᠠᠵᠢᠯ ᠲᠦᠷᠤᠯ ᠤᠨ ᠭᠤᠤᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠠᠯᠠᠪᠤᠷ ᠲᠤ ᠠᠮᠠᠪᠴᠢ ᠵᠡᠬᠦᠬᠦ ᠵᠠᠷᠬᠡ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠡᠯ᠎ᠠ ᠪᠠᠶᠢᠭᠤᠯᠭ᠎ᠠ ᠨᠢ ᠬᠢᠵᠢᠭ ᠤᠨ ᠪᠠᠶᠢᠳᠠᠯ ᠢ ᠰᠠᠷᠬᠡᠶᠢᠯᠡᠨ ᠡᠵᠡᠮᠳᠡᠬᠦ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠤ᠂ ᠲᠤᠰ ᠪᠠᠶᠢᠭᠤᠯᠭ᠎ᠠ ᠶᠢᠨ ᠢᠶᠠᠨ ᠤᠷᠤᠵᠤ ᠭᠠᠷᠬᠤ ᠬᠦᠮᠤᠰ ᠎ ᠤᠨ ᠬᠢᠵᠢᠭ ᠰᠡᠷᠬᠡᠶᠢᠯᠡᠬᠦ ᠬᠠᠮᠢᠶᠠᠷᠤᠯᠳᠠ ᠶᠢᠨ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠳᠡᠢ᠃       ᠬᠤᠶᠠᠷ ᠲᠤ᠂ ᠡᠯ᠎ᠡ ᠣᠯᠠᠨ ᠨᠡᠶᠢᠲᠡ ᠶᠢᠨ ᠲᠠᠯᠠᠪᠤᠷ ︵ᠡᠵᠡᠩᠨᠡᠯᠲᠡ ᠶᠢᠨ ᠭᠤᠤᠯ ᠴᠣᠭᠴᠠ︶᠎ ᠤᠨ ᠬᠠᠮᠢᠶᠠᠷᠤᠯᠲᠠ ᠶᠢᠨ ᠨᠢᠭᠡᠴᠡ ᠨᠢ ᠣᠷᠣᠬᠤ ᠡᠭᠦᠳᠡᠨ ᠤ ᠢᠯᠡ ᠭᠠᠵᠠᠷ ᠲᠤ ᠠᠮᠠᠪᠴᠢ ᠵᠡᠭᠦᠬᠦ ᠰᠠᠨᠠᠭᠤᠯᠤᠮᠵᠢ ᠭᠠᠷᠭᠠᠵᠤ ᠂ ᠠᠮᠠᠪᠴᠢ ᠵᠡᠭᠦᠭᠰᠡᠨ ᠥᠬᠡᠶ ᠬᠥᠮᠦᠰ ᠢ ᠤᠷᠤᠭᠤᠯᠵᠤ ᠪᠣᠯᠬᠤ ᠦᠭᠡᠢ︔ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠡᠮᠬᠢ ᠲᠢᠭᠯᠢᠮ ᠢ ᠰᠠᠮᠠᠭᠤᠷᠠᠭᠤᠯᠤᠭᠰᠠᠨ ᠬᠥᠮᠦᠨ ᠢ ᠬᠠᠤᠯᠢ ᠶᠣᠰᠣᠭᠠᠷ ᠰᠢᠢᠳᠪᠦᠷᠢᠯᠡᠨ᠎ᠡ᠃       ᠭᠤᠷᠪᠠ ᠳᠤ᠂ ᠬᠤᠪᠢ ᠬᠥᠮᠦᠨ ᠪᠠ ᠬᠡᠷ ᠪᠦᠯᠢ ᠶᠢᠨ ᠬᠢᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ︽ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠪᠠᠶᠢᠩᠭᠤ ᠨᠡᠪᠳᠡᠷᠡᠭᠦᠯᠬᠦ᠂ ᠴᠤᠭᠯᠠᠷᠠᠨ ᠨᠠᠶᠢᠷᠯᠠᠯᠳᠣᠬᠤ ᠶᠢ ᠪᠠᠭᠠᠰᠬᠠᠬᠤ︾ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ︔ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠲᠠᠢ ᠪᠠᠶᠢᠪᠠᠯ᠂ ᠡᠷᠬᠡᠪᠰᠢ ᠨᠢᠭᠡᠯᠡ ᠤᠳᠠᠭ᠎ᠠ ᠬᠡᠷᠡᠭᠯᠡᠬᠦ ᠡᠮᠴᠢᠯᠡᠭᠡᠨ ᠤ ᠠᠮᠠᠪᠴᠢ ᠵᠢᠴᠢ ᠨᠡᠩ ᠰᠠᠶᠢᠨ ᠲᠠᠰ ᠤᠨ ᠠᠮᠠᠪᠴᠢ ᠵᠡᠭᠦᠵᠦ᠂ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠬᠤ ᠶᠢᠨ ᠬᠠᠮᠲᠤ ᠣᠨᠣᠰᠢᠯᠠᠭᠤᠯᠤᠨ ᠡᠮᠴᠢᠯᠡᠭᠦᠯᠵᠤ᠂ ᠡᠪᠡᠳᠴᠢᠨ ᠦᠵᠡᠭᠦᠯᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃       ᠲᠦᠷᠪᠡ ᠳᠤ᠂ ᠰᠣᠨᠢᠨ ᠮᠡᠳᠡᠭᠡᠨ ᠤ ᠪᠠᠶᠢᠭᠤᠯᠭ᠎ᠠ ᠠᠴᠠ ᠲᠤᠰᠬᠠᠢ ᠪᠤᠯᠤᠩ ᠭᠠᠷᠭᠠᠨ ᠥᠷᠭᠡᠨ ᠢᠶᠠᠷ ᠤᠬᠠᠭᠤᠯᠵᠤ᠂ ᠲᠤᠤᠷ ᠰᠦᠯᠵᠢᠶ᠎ᠡ᠂ ᠣᠬᠤᠷ ᠮᠡᠳᠡᠭᠡ᠂ ᠸᠢᠴᠠᠲ ᠵᠡᠷᠭᠡ ᠡᠯ᠎ᠡ ᠲᠦᠷᠦᠯ ᠤᠨ ᠰᠢᠨ᠎ᠡ ᠵᠠᠭᠤᠴᠢᠯᠠᠭᠤᠷ ᠪᠣᠯᠤᠨ ᠭᠠᠳᠠᠨᠠᠬᠢ ᠡᠯᠧᠺᠲᠷᠣᠨ ᠳᠡᠯᠭᠡᠴᠡ ᠪᠠᠷ ᠨᠡᠪᠳᠡᠷᠡᠭᠦᠯᠬᠦ ᠵᠡᠷᠭᠡ ᠠᠷᠭ᠎ᠠ ᠪᠠᠷᠢᠯ ᠢ ᠭᠦᠢᠴᠡᠳ ᠠᠰᠢᠭᠯᠠᠨ᠂ ᠣᠳᠣᠬᠠᠨ ᠤ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠥᠷᠭᠡᠨ ᠬᠡᠪᠴᠢᠶ᠎ᠡ ᠪᠠᠷ ᠣᠬᠠᠭᠤᠯᠤᠨ᠂ ᠤᠯᠠᠨ ᠲᠦᠮᠡᠨ ᠳᠤ ᠬᠢᠵᠢᠭ ᠤᠨ ᠪᠠᠶᠢᠳᠠᠯ ᠳᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠬᠤᠪᠢ ᠬᠥᠮᠦᠨ ᠤ ᠬᠠᠮᠠᠭᠠᠯᠠᠯᠲᠠ ᠶᠢᠨ ᠠᠵᠢᠯ ᠢᠶᠠᠨ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠢ᠃       ᠲᠠᠪᠤ ᠳᠤ᠂ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠡᠷᠭᠡ ᠨᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠣᠯᠠᠮ ᠴᠢᠨᠠᠭᠰᠢᠳᠠ ᠴᠢᠩᠭᠠᠳᠬᠠᠵᠤ᠂ ᠪᠦᠬᠦ ᠠᠵᠢᠯᠲᠠᠨ ᠴᠥᠮ ᠠᠮᠠᠪᠴᠢ ᠵᠡᠭᠦᠬᠦ ᠬᠡᠷᠡᠭᠲᠡᠶ᠃ ᠢᠯᠠᠩᠭᠤᠶ᠎ᠠ ᠬᠤᠷᠠᠯ ᠡᠷᠭᠢᠯᠡᠬᠦ᠂ ᠲᠣᠮᠣ ᠬᠡᠯᠪᠡᠷᠢ ᠶᠢᠨ ᠠᠵᠢᠯᠯᠠᠭ᠎ᠠ ᠦᠷᠨᠢᠬᠦᠯᠬᠦ ᠴᠢᠬᠤᠯᠠ ᠲᠠᠢ ᠪᠣᠯ ᠡᠷᠬᠡᠪᠰᠢ ᠭᠤᠶᠤᠴᠢᠯᠠᠨ ᠮᠡᠳᠡᠭᠦᠯᠵᠦ ᠳᠠᠩᠰᠠᠯᠠᠭᠤᠯᠤᠨ᠂ ᠪᠥᠬᠦ ᠠᠵᠢᠯᠲᠠᠳ ᠠᠴᠠ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷ ᠠᠴᠠ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠡᠬᠦᠳᠬᠦ ᠬᠡᠷᠡᠭᠲᠡᠶ᠃       ᠵᠢᠷᠭᠤᠭ᠎ᠠ ᠳᠤ᠂ ᠠᠮᠠᠪᠴᠢ ᠵᠡᠭᠦᠭᠰᠡᠨ ᠥᠬᠡᠶ ᠬᠥᠮᠦᠰ ᠢ ᠢᠳᠬᠠᠨ ᠬᠤᠷᠢᠭᠯᠠᠵᠤ᠂ ᠢᠳᠬᠠᠬᠤ ᠶᠢ ᠰᠣᠨᠣᠰᠬᠤ ᠥᠬᠡᠶ ᠪᠣᠯ ᠡᠯ᠎ᠡ ᠬᠠᠮᠢᠶ᠎ᠠ ᠪᠥᠬᠦᠶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠤ ᠬᠠᠤᠯᠢ ᠶᠤᠰᠤᠭᠠᠷ ᠰᠢᠢᠳᠪᠤᠷᠢᠯᠡᠵᠦ᠂ ᠨᠡᠩ ᠴᠢᠨᠠᠭᠰᠢᠳᠠ ᠠᠮᠤᠷ ᠢ ᠬᠠᠮᠠᠭᠠᠯᠠᠬᠤ ᠬᠠᠷᠢᠭᠤᠴᠠᠯᠭ᠎ᠠ᠂ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠠᠨ᠎ᠠ᠃ ᠪᠥᠬᠦ ᠬᠤᠰᠢᠭᠤᠨ ᠤ ᠠᠷᠠᠳ ᠲᠦᠮᠡᠨ ᠳᠤ ᠬᠦᠰᠠᠬᠦ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠠᠷᠯᠠᠯ ᠢ ᠰᠠᠶᠢᠳᠦᠷ ᠠᠩᠬᠠᠷᠤᠨ ᠦᠢᠯᠠᠭᠠᠵᠤ ᠨᠠᠶᠢᠳᠠᠪᠤᠷᠢᠵᠢᠭᠤᠯᠬᠤ ᠪᠣᠯᠪᠠᠣ︕                 ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                    ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                       2021 ᠤᠨ ᠤ 1 ᠰᠠᠷ᠎ᠠ ᠶᠢᠨ 8᠎ ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号