ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/11/17
                             ︵50 ᠳ᠋ᠤᠭᠠᠷ ᠲᠤᠭᠠᠲᠤ︶         ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠣᠯᠠᠨ ᠲᠦᠮᠡᠨ ᠤ ᠨᠠᠰᠢ ᠴᠠᠰᠢ ᠶᠠᠪᠤᠵᠤ ᠰᠠᠭᠤᠬᠤ ᠳᠤ ᠪᠠᠨ ᠬᠢᠬᠦ ᠴᠢᠬᠤᠯᠠᠲᠠᠢ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠪᠡᠶᠡᠯᠡᠭᠦᠯᠬᠦ ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠶᠢᠨ ᠶᠡᠷᠦᠩᠬᠡᠶᠢᠯᠡᠭᠰᠡᠨ ᠲᠠᠷᠬᠠᠭᠠᠭᠰᠠᠨ ︹ 2021 ︺ 23 ᠳ᠋ᠤᠭᠠᠷ ᠲᠣᠭᠠᠲᠤ︶᠎ ᠤᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ︵1 ᠰᠠᠷ᠎ᠠ ᠶᠢᠨ 28᠎ ᠤ ᠡᠳᠦᠷ ᠠᠴᠠ 3 ᠰᠠᠷ᠎ᠠ ᠶᠢᠨ 8᠎ ᠤ ᠡᠳᠦᠷ︶ ᠣᠯᠠᠨ ᠲᠦᠮᠡᠨ ᠤ ᠨᠠᠰᠢ ᠴᠠᠰᠢ ᠶᠠᠪᠤᠵᠤ ᠰᠠᠭᠤᠬᠤ ᠳᠤ ᠪᠠᠨ ᠬᠢᠬᠦ ᠴᠢᠬᠤᠯᠠᠲᠠᠢ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠤᠨ ᠬᠤᠯᠪᠣᠭᠳᠠᠯ ᠪᠥᠬᠦᠶ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄         ᠨᠢᠭᠡ᠂ ᠣᠷᠣᠨ ᠬᠤᠪᠢᠶᠠᠵᠤ ᠲᠠᠰ ᠬᠤᠪᠢᠶᠠᠨ ᠨᠠᠷᠢᠯᠢᠭ ᠤᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠨᠠᠰᠢ ᠴᠠᠰᠢ ᠶᠠᠪᠤᠵᠤ ᠰᠠᠭᠤᠬᠤ ᠠᠴᠠ ᠪᠣᠯᠣᠭᠰᠠᠨ ᠬᠠᠯᠳᠠᠪᠤᠷᠢᠯᠠᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ        ︵ᠨᠢᠭᠡ︶ ᠳᠤᠮᠳᠠ᠂ ᠦᠨᠳᠦᠷ ᠲᠡᠰ ᠤᠨ ᠳᠦᠭᠰᠢᠭᠦᠷᠢᠲᠡᠢ ᠣᠷᠣᠨ ᠲᠤᠭᠤᠷᠢᠭ ᠵᠢᠴᠢ ᠪᠠᠶᠢᠭ᠎ᠠ ᠭᠠᠵᠠᠷ ᠤᠨ ᠲᠡᠰ ᠤᠨ ᠬᠤᠲᠠ ᠶᠢᠨ ︵ᠠᠶᠢᠮᠠᠭ ᠤᠨ ᠲᠡᠰ ᠤᠨ ᠬᠤᠲᠠ︶ ᠬᠥᠮᠦᠰ ᠤᠨ ᠶᠠᠪᠤᠵᠤ ᠰᠠᠭᠤᠬᠤ ᠱᠠᠭᠠᠷᠳᠠᠯᠭ᠎ᠠ᠃ ᠦᠨᠳᠦᠷ ᠲᠡᠰ ᠤᠨ ᠳᠦᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠦᠨᠳᠦᠷ ᠲᠡᠰ ᠤᠨ ᠳᠦᠭᠰᠢᠭᠦᠷᠢᠲᠡᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠬᠥᠮᠦᠰ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠵᠠᠷᠴᠢᠮ ᠲᠡᠭᠡᠷ᠎ᠡ ᠴᠢᠯᠦᠭᠡᠲᠡᠢ ᠶᠠᠪᠤᠵᠤ ᠰᠠᠭᠤᠵᠤ ᠪᠣᠯᠬᠤ ᠦᠭᠡᠢ᠃ ᠳᠤᠮᠳᠠ ᠲᠡᠰ ᠤᠨ ᠳᠦᠭᠰᠢᠭᠦᠷᠢᠲᠡᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠲᠡᠰ ᠤᠨ ᠳᠦᠭᠰᠢᠭᠦᠷᠢᠲᠡᠢ ᠭᠠᠵᠠᠷ ᠣᠷᠣᠨ ᠢᠶᠠᠷ ᠶᠠᠪᠤᠵᠤ ᠰᠠᠭᠤᠭᠰᠠᠨ ᠬᠥᠮᠦᠰ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠴᠢᠯᠦᠭᠡᠲᠡᠢ ᠶᠠᠪᠤᠵᠤ ᠰᠠᠭᠤᠵᠤ ᠪᠣᠯᠬᠤ ᠦᠭᠡᠢ︔ ᠬᠡᠷᠪᠡ ᠮᠠᠨ ᠤ ᠬᠤᠰᠢᠭᠤᠨ ᠳᠤ ᠵᠠᠪᠠᠯ ᠢᠷᠡᠬᠦ ᠴᠢᠬᠤᠯᠠ ᠲᠠᠢ ᠪᠣᠯ᠂ ᠡᠷᠬᠡᠪᠰᠢ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢᠶᠠᠷ ᠵᠦᠪᠰᠢᠶᠡᠷᠡᠭᠦᠯᠬᠦ ᠶᠢᠨ ᠬᠠᠮᠲᠤ᠂ 72 ᠴᠠᠭ ᠤᠨ ᠳᠣᠲᠣᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠬᠠᠩᠭᠠᠭᠰᠠᠨ ᠪᠠᠶᠢᠬᠤ ᠬᠡᠷᠡᠭᠲᠡᠶ᠃ ᠳᠤᠮᠳᠠ᠂ ᠦᠨᠳᠦᠷ ᠲᠡᠰ ᠤᠨ ᠳᠦᠭᠰᠢᠭᠦᠷᠢᠲᠡᠢ ᠣᠷᠣᠨ ᠲᠤᠭᠤᠷᠢᠭ ᠤᠨ ᠪᠠᠶᠢᠭ᠎ᠠ ᠭᠠᠵᠠᠷ ᠣᠷᠣᠨ ᠤ ᠪᠤᠰᠤᠳ ᠬᠥᠮᠦᠰ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠮᠠᠨ ᠤ ᠬᠤᠰᠢᠭᠤᠨ ᠳᠤ ᠢᠷᠡᠪᠡᠯ 7 ᠡᠳᠦᠷ ᠤᠨ ᠳᠣᠲᠣᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠬᠠᠩᠭᠠᠬᠤ ᠬᠡᠷᠡᠭᠲᠡᠶ᠃         ︵ᠬᠤᠶᠠᠷ︶ ᠲᠤᠤᠷ᠎ᠠ ᠲᠡᠰ ᠤᠨ ᠳᠦᠭᠰᠢᠭᠦᠷᠢᠲᠡᠢ ᠭᠠᠵᠠᠷ ᠣᠷᠣᠨ ᠤ ᠬᠥᠮᠦᠰ ᠤᠨ ᠶᠠᠪᠤᠵᠤ ᠰᠠᠭᠤᠬᠤ ᠱᠠᠭᠠᠷᠳᠠᠯᠭ᠎ᠠ᠃ 14 ᠡᠳᠦᠷ ᠤᠨ ᠳᠣᠲᠣᠷ᠎ᠠ ᠬᠠᠯᠠᠭᠤᠷᠠᠬᠤ᠂ ᠬᠠᠨᠢᠶᠠᠯᠭᠠᠬᠤ᠂ ᠬᠤᠭᠤᠯᠠᠶ ᠡᠪᠡᠳᠬᠦ᠂ ᠰᠠᠭᠤᠯᠭᠠᠬᠤ᠂ ᠦᠨᠦᠷ ᠤᠨ ᠰᠡᠷᠡᠯ ᠮᠠᠭᠤᠳᠠᠬᠤ ᠵᠡᠷᠭᠡ ᠢᠯᠡᠷᠡᠯ ᠪᠠᠶᠢᠪᠠᠯ ᠭᠠᠳᠠᠭᠰᠢ ᠭᠠᠷᠬᠤ ᠠᠴᠠ ᠠᠯᠢ ᠴᠢᠳᠠᠬᠤ ᠪᠠᠷ ᠵᠠᠶᠢᠯᠠᠰᠬᠢᠨ᠎ᠡ᠃ ᠲᠤᠤᠷ᠎ᠠ ᠲᠡᠰ ᠤᠨ ᠳᠦᠭᠰᠢᠭᠦᠷᠢᠲᠡᠢ ᠭᠠᠵᠠᠷ ᠣᠷᠣᠨ ᠤ ᠭᠠᠳᠠᠭᠠᠳᠤ ᠠᠴᠠ ᠣᠷᠣᠭᠤᠯᠬᠤ ᠬᠦᠢᠲᠡᠨ  ᠬᠦᠯᠳᠡᠭᠦᠦ ᠢᠳᠡᠭᠡᠨ ᠤ ᠠᠵᠢᠯ ᠡᠷᠭᠢᠯᠡᠵᠦ ᠪᠠᠶᠢᠭ᠎ᠠ ᠬᠥᠮᠦᠰ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠲᠠᠢ ᠰᠢᠭᠤᠳ ᠣᠶᠢᠷᠠᠳᠴᠤ ᠪᠠᠶᠢᠭ᠎ᠠ ᠬᠥᠮᠦᠰ᠂ ᠲᠤᠰᠠᠭᠠᠷᠯᠠᠬᠤ ᠲᠠᠯᠠᠪᠤᠷ ᠤᠨ ᠠᠵᠢᠯᠲᠠᠨ ᠵᠡᠷᠭᠡ ᠭᠤᠤᠯᠳᠠᠯᠭ᠎ᠠ ᠲᠠᠢ ᠬᠥᠮᠦᠰ ᠠᠶᠢᠮᠠᠭ ᠤᠨ ᠭᠠᠳᠠᠨ᠎ᠠ ᠠᠴᠠ ᠮᠠᠨ ᠤ ᠬᠤᠰᠢᠭᠤᠨ ᠳᠤ ᠢᠷᠡᠬᠦ ᠪᠤᠶᠤ ᠠᠶᠢᠮᠠᠭ ᠤᠨ ᠭᠠᠳᠠᠨ᠎ᠠ ᠣᠴᠢᠬᠤ ᠴᠢᠬᠤᠯᠠ ᠲᠠᠢ ᠪᠣᠯ 7 ᠡᠳᠦᠷ ᠤᠨ ᠳᠣᠲᠣᠷ᠎ᠠ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠬᠠᠩᠭᠠᠬᠤ ᠬᠡᠷᠡᠭᠲᠡᠶ᠃ ᠪᠤᠰᠤᠳ ᠬᠥᠮᠦᠰ ᠡᠷᠡᠭᠦᠯ ᠮᠡᠨᠳᠤ ᠶᠢᠨ ᠨᠡᠪᠳᠡᠷᠡᠬᠦ ︽ᠨᠣᠭᠤᠭᠠᠨ ᠺᠣᠳ᠋︾᠎ ᠢ ᠬᠠᠩᠭᠠᠵᠤ᠂ ᠪᠡᠶ᠎ᠡ ᠶᠢᠨ ᠳᠤᠯᠠᠭᠠᠨ ᠨᠢ ᠬᠡᠪ ᠤᠨ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠴᠢᠯᠦᠭᠡᠲᠡᠢ ᠨᠠᠰᠢ ᠴᠠᠰᠢ ᠶᠠᠪᠤᠵᠤ ᠰᠠᠭᠤᠵᠤ ᠪᠣᠯᠣᠨ᠎ᠠ᠃ ᠬᠡᠷᠪᠡ ᠴᠢᠬᠤᠯᠠ ᠥᠬᠡᠶ ᠪᠣᠯ  ᠲᠤᠤᠷ᠎ᠠ ᠲᠡᠰ ᠤᠨ ᠳᠦᠭᠰᠢᠭᠦᠷᠢᠲᠡᠢ ᠭᠠᠵᠠᠷ ᠣᠷᠣᠨ ᠤ ᠬᠥᠮᠦᠰ ᠳᠤᠮᠳᠠ᠂ ᠦᠨᠳᠦᠷ ᠲᠡᠰ ᠤᠨ ᠳᠦᠭᠰᠢᠭᠦᠷᠢᠲᠡᠢ ᠣᠷᠣᠨ ᠲᠤᠭᠤᠷᠢᠭ ᠵᠢᠴᠢ ᠪᠠᠶᠢᠭ᠎ᠠ ᠭᠠᠵᠠᠷ ᠤᠨ ᠲᠡᠰ ᠤᠨ ᠬᠤᠲᠠ ︵ᠠᠶᠢᠮᠠᠭ ᠤᠨ ᠱᠠᠲᠤᠨ ᠤ ᠬᠤᠲᠠ︶᠎ ᠳᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃         ᠬᠤᠶᠠᠷ᠂ ︽ᠳᠥᠷᠪᠡᠨ ᠲᠠᠯ᠎ᠠ︾᠎ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠬᠢᠯᠯᠡᠲᠡ ᠶᠢ ᠪᠠᠳᠤᠳᠬᠠᠨ᠎ᠠ         ︵ᠨᠢᠭᠡ︶ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠪᠠᠯᠭᠠᠰᠤ ︵ᠲᠣᠭᠤᠷᠢᠭ︶᠎ ᠨᠢ ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠲᠤ ᠪᠠᠨ ᠰᠢᠨᠡᠯᠡᠬᠦ ᠶᠢ ᠢᠳᠡᠪᠬᠢᠲᠡᠶ ᠪᠠᠷ ᠰᠠᠨᠠᠭᠠᠴᠢᠯᠠᠵᠤ᠂ ᠴᠢᠬᠤᠯᠠ ᠦᠭᠡᠢ ᠪᠣᠯ ᠭᠠᠳᠠᠭᠰᠢ ᠭᠠᠷᠬᠤ ᠥᠬᠡᠶ ᠪᠠᠶᠢᠬᠤ ᠬᠡᠷᠡᠭᠲᠡᠶ᠂ ᠤᠯᠤᠰ ᠤᠨ ᠳᠣᠲᠣᠭᠠᠳᠤ ᠶᠢᠨ ᠳᠤᠮᠳᠠ᠂ ᠦᠨᠳᠦᠷ ᠲᠡᠰ ᠤᠨ ᠳᠦᠭᠰᠢᠭᠦᠷᠢᠲᠡᠢ ᠣᠷᠣᠨ ᠲᠤᠭᠤᠷᠢᠭ ᠵᠢᠴᠢ ᠪᠠᠶᠢᠭ᠎ᠠ ᠭᠠᠵᠠᠷ ᠤᠷᠤᠨ ᠤ ᠬᠤᠲᠠ ᠪᠠ ᠬᠢᠯᠢ ᠶᠢᠨ ᠭᠠᠳᠠᠨ᠎ᠠ ᠴᠢᠬᠤᠯᠠ ᠦᠭᠡᠢ ᠪᠣᠯ ᠣᠴᠢᠬᠤ ᠥᠬᠡᠶ ᠪᠠᠶᠢᠬᠤ ᠬᠡᠷᠡᠭᠲᠡᠶ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠦᠢᠯᠡᠳᠪᠤᠷᠢᠯᠡᠯ᠂ ᠠᠵᠢᠯ ᠤᠨ ᠪᠠᠶᠢᠳᠠᠯ ᠪᠣᠯᠤᠨ ᠠᠵᠢᠯᠲᠠᠨ ᠠᠵᠢᠯᠴᠢᠨ ᠤ ᠬᠦᠰᠡᠯ ᠰᠠᠨᠠᠭ᠎ᠠ ᠶᠢ ᠦᠨᠳᠦᠰᠦᠯᠡᠨ᠂ ᠠᠮᠠᠷᠠᠯᠲᠠ ᠶᠢᠨ ᠴᠢᠯᠥᠭᠡ ᠶᠢ ᠠᠮᠢᠳᠤᠯᠢᠭ ᠢᠶᠠᠷ ᠳᠣᠭᠢᠷᠠᠭᠤᠯᠵᠤ᠂ ᠠᠵᠢᠯᠯᠠᠬᠤ ᠭᠠᠵᠠᠷ ᠲᠠᠭᠠᠨ ᠦᠯᠡᠳᠡᠭᠰᠡᠨ ᠠᠵᠢᠯᠲᠠᠨ ᠠᠵᠢᠯᠴᠢᠨ ᠳᠤ ᠴᠠᠭᠠᠨ ᠰᠠᠷ᠎ᠠ ᠶᠢᠨ ᠬᠤᠭᠤᠴᠠᠭᠠᠨ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠨ ᠬᠡᠮᠵᠢᠬᠦ ᠦᠷ᠎ᠡ ᠪᠦᠲᠦᠮᠵᠢ ᠪᠠ ᠲᠥᠬᠦᠮ  ᠲᠥᠲᠡ ᠴᠢᠨᠠᠷ ᠢ ᠳᠡᠭᠡᠭᠰᠢᠯᠡᠭᠦᠯᠦᠨ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠡᠮᠬᠢ ᠵᠢᠷᠤᠮ ᠲᠠᠢ ᠰᠠᠶᠢᠲᠤᠷ ᠵᠣᠬᠢᠶᠠᠨ ᠪᠠᠶᠢᠭᠤᠯᠵᠤ᠂ ᠴᠠᠭᠠᠨ ᠰᠠᠷ᠎ᠠ ᠶᠢᠨ ᠵᠦᠭᠡᠭᠡᠪᠤᠷᠢ ᠶᠢᠨ ᠬᠤᠭᠤᠴᠠᠭᠠᠨ ᠳᠤ ᠨᠠᠰᠢ ᠴᠠᠰᠢ  ᠶᠠᠪᠤᠬᠤ ᠬᠦᠮᠦᠰ ᠤᠨ ᠲᠣᠭᠲᠠᠭᠠᠯ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠪᠠᠲᠤᠯᠠᠬᠤ ᠬᠡᠷᠡᠭᠲᠡᠶ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠶ ᠭᠡᠷᠡᠴᠢ ᠪᠤᠶᠤ ᠡᠷᠡᠭᠦᠯ ᠮᠡᠨᠳᠤ ᠶᠢᠨ ᠨᠡᠪᠲᠡᠷᠡᠬᠦ ᠺᠣᠳ᠋ ᠤᠨ ︽ᠨᠣᠭᠤᠭᠠᠨ ᠺᠣᠳ᠋︾᠎ ᠢ ᠪᠠᠶᠢᠴᠠᠭᠠᠨ ᠰᠢᠯᠭᠠᠬᠤ ᠠᠵᠢᠯ ᠢ ᠨᠠᠶᠢᠳᠠᠪᠤᠷᠢᠵᠢᠭᠤᠯᠤᠨ᠂ ᠨᠡᠶᠢᠭᠡᠮ ᠲᠣᠭᠤᠷᠢᠭ ︵ᠭᠠᠴᠠᠭ᠎ᠠ ︶᠂ ᠪᠠᠶᠢᠭᠤᠯᠭ᠎ᠠ ᠨᠢ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ᠂ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭᠠᠳᠬᠠᠬᠤ ᠬᠡᠷᠡᠭᠲᠡᠶ᠃        ︵ᠬᠤᠶᠠᠷ︶ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠪᠠᠯᠭᠠᠰᠤᠨ ︵ᠲᠣᠭᠤᠷᠢᠭ︶᠎ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠤᠬᠢᠴᠠᠮᠵᠢ ᠠᠴᠠ ᠣᠯᠠᠨ ᠲᠦᠮᠡᠨ ᠤ ᠶᠠᠪᠤᠵᠤ ᠰᠠᠭᠤᠬᠤ ᠠᠴᠠ ᠡᠮᠦᠨᠡᠬᠢ ᠪᠠᠶᠢᠴᠠᠭᠠᠨ ᠰᠢᠯᠭᠠᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠵᠠᠮ ᠬᠠᠷᠢᠯᠴᠠᠭᠠᠨ ᠤ ᠳᠤᠭᠤᠶᠢᠯᠠᠩ ᠨᠢ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠠᠶᠠᠨᠴᠢᠳ ᠤᠨ ᠵᠦᠭᠡᠭᠡᠪᠤᠷᠢ ᠶᠢᠨ ᠥᠷᠲᠡᠭᠡ ᠵᠡᠷᠭᠡ ᠡᠵᠡᠩᠨᠡᠯᠲᠡ ᠶᠢᠨ ᠨᠢᠭᠡᠴᠡ ᠪᠣᠯᠤᠨ ᠠᠶᠠᠨᠴᠢᠳ ᠤᠨ ᠵᠦᠭᠡᠭᠡᠪᠤᠷᠢ ᠶᠢᠨ ᠡᠵᠡᠩᠨᠡᠭᠴᠢ ᠶᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠢᠨᠲ᠋ᠧᠷ ᠰᠦᠯᠵᠢᠶ᠎ᠡ᠂ ᠭᠠᠷ ᠤᠲᠠᠰᠣ ᠪᠠᠷ ᠳᠠᠮᠵᠢᠭᠤᠯᠤᠨ ᠪᠢᠯᠧᠲ ᠬᠤᠳᠠᠯᠳᠤᠨ ᠠᠪᠬᠤ ᠪᠤᠶᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠢᠯᠡ ᠭᠠᠵᠠᠷ ᠲᠤ ᠠᠶᠠᠨᠴᠢᠳ ᠤᠨ ᠶᠠᠪᠤᠵᠤ ᠰᠠᠭᠤᠬᠤ ᠳᠤ ᠪᠠᠶᠢᠴᠠᠭᠠᠨ ᠰᠢᠯᠭᠠᠬᠤ ᠴᠢᠬᠤᠯᠠᠲᠠᠶ ᠬᠤᠯᠪᠣᠭᠳᠠᠯ ᠪᠥᠬᠦᠶ ᠵᠦᠢᠯᠡᠰ ᠢ ᠬᠠᠮᠢᠶ᠎ᠠ ᠪᠦᠬᠦᠢ ᠲᠣᠭᠲᠠᠭᠠᠯ ᠶᠤᠰᠤᠭᠠᠷ ᠲᠣᠳᠣᠷᠬᠠᠶ ᠢᠯᠡᠷᠬᠡᠶᠢᠯᠡᠬᠦ ᠬᠡᠷᠡᠭᠲᠡᠶ᠃ ᠲᠡᠷᠭᠡ ᠬᠦᠯᠦᠰᠦᠯᠡᠬᠦ᠂ ᠲᠤᠰᠬᠠᠶ ᠭᠠᠯᠲᠤ ᠲᠡᠷᠭᠡ ︵ᠸᠠᠭᠤᠨ ᠬᠦᠯᠦᠰᠦᠯᠡᠬᠦ︶ ᠵᠡᠷᠭᠡ ︽ᠴᠡᠭ ᠠᠴᠠ ᠴᠡᠭ ᠲᠤ ᠬᠥᠷᠬᠦ᠂ ᠨᠢᠭᠡ ᠯᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠪᠠᠷ ᠳᠠᠮᠵᠢᠨ᠂ ᠭᠠᠳᠠᠨ᠎ᠠ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠢ ᠲᠥᠪᠯᠡᠷᠡᠭᠦᠯᠦᠨ ᠨᠤᠲᠤᠭ ᠲᠤᠨᠢ ᠪᠣᠴᠠᠭᠠᠬᠤ᠂ ᠠᠵᠢᠯ ᠤᠨ ᠪᠠᠶᠢᠷᠢ ᠳᠤᠨᠢ ᠪᠤᠴᠠᠭᠠᠬᠤ ᠶᠢ ᠵᠣᠷᠢᠭᠵᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠠᠶᠢᠴᠠᠭᠠᠬᠤ ᠥᠷᠲᠡᠭᠡ ᠶᠢ ᠪᠠᠶᠢᠷᠢᠯᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠲᠣᠰ ᠭᠠᠵᠠᠷ ᠤᠷᠤᠨ ᠳᠤ ᠣᠷᠣᠵᠤ ᠭᠠᠷᠬᠤ ᠲᠡᠷᠭᠡ ᠬᠥᠰᠬᠡ ᠪᠠ ᠬᠦᠮᠦᠰ ᠢ ᠪᠠᠶᠢᠴᠠᠭᠠᠨ ᠡᠵᠡᠮᠳᠡᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠪᠠᠶᠢᠭᠤᠯᠭ᠎ᠠ ᠨᠢᠭᠡᠴᠡ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠠᠵᠢᠯᠲᠠᠨ ᠠᠵᠢᠯᠴᠢᠨ ᠢᠶᠠᠨ ᠬᠥᠲᠥᠯᠦᠨ ᠵᠢᠯᠣᠭᠤᠳᠴᠤ ᠪᠠᠶᠢᠭᠠᠳ ᠲᠤᠬᠠᠶ ᠶᠢᠨ ᠭᠠᠵᠠᠷ ᠳᠤᠨᠢ ᠰᠢᠨᠡᠯᠡᠭᠦᠯᠵᠦ᠂ ᠠᠵᠢᠯᠲᠠᠨ ᠠᠵᠢᠯᠴᠢᠨ ᠤ ᠶᠠᠪᠤᠵᠤ ᠰᠠᠭᠤᠬᠤ ᠬᠠᠮᠢᠶᠠᠷᠤᠯᠲᠠ ᠶᠢ ᠴᠢᠩᠭᠠᠳᠬᠠᠨ᠂ ᠦᠨᠡᠨ ᠬᠦ ᠶᠠᠪᠤᠵᠤ ᠰᠠᠭᠤᠬᠤ ᠴᠢᠬᠤᠯᠠᠲᠠᠶ ᠬᠥᠮᠦᠰ ᠢ ᠳᠡᠩᠰᠡᠯᠡᠨ ᠲᠡᠮᠳᠡᠭᠯᠡᠬᠦ ᠶᠢᠨ ᠬᠠᠮᠲᠤ ᠠᠶᠢᠮᠠᠭ ᠤᠨ ᠭᠠᠳᠠᠨ᠎ᠠ ᠠᠴᠠ ᠪᠤᠴᠠᠵᠤ ᠢᠷᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠢᠬᠤᠯᠠᠲᠠᠶ ᠦᠶ᠎ᠡ ᠳᠤ ᠬᠤᠰᠢᠭᠤᠨ ᠤ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃         ︵ᠭᠤᠷᠪᠠ︶ ᠬᠤᠪᠢ ᠬᠥᠮᠦᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠯᠠᠨ ᠲᠥᠮᠡᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠭᠠᠳᠠᠭᠰᠢ ᠭᠠᠷᠬᠤ ᠳᠠᠭᠠᠨ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ᠂ ᠡᠷᠡᠭᠦᠯ ᠮᠡᠨᠳᠤ ᠶᠢᠨ ᠨᠡᠪᠲᠡᠷᠡᠬᠦ ᠺᠤᠳ᠋ ᠢᠶᠠᠨ ᠰᠠᠨᠠᠭᠠᠴᠢᠯᠠᠭ᠎ᠠ ᠠᠴᠠ ᠪᠠᠨ ᠬᠠᠩᠭᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠲᠠᠢ ᠬᠠᠮᠵᠢᠯᠴᠠᠨ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠬᠢᠬᠦ ᠬᠡᠷᠡᠭᠲᠡᠶ᠃ ᠠᠶᠢᠮᠠᠭ ᠤᠨ ᠭᠠᠳᠠᠨ᠎ᠠ ᠤᠴᠢᠬᠤ ᠪᠤᠶᠤ ᠠᠶᠢᠮᠠᠭ ᠤᠨ ᠭᠠᠳᠠᠨ᠎ᠠ ᠠᠴᠠ ᠪᠣᠴᠠᠵᠤ ᠢᠷᠡᠭᠰᠡᠨ ᠬᠥᠮᠦᠰ ᠣᠴᠢᠬᠤ ᠭᠡᠵᠦ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠳᠤ ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠵᠣᠷᠢᠭᠰᠠᠨ ᠭᠠᠵᠠᠷ ᠲᠠᠭᠠᠨ ᠬᠦᠷᠦᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠣᠯᠠᠨ ᠬᠦᠮᠦᠨ ᠲᠠᠢ ᠣᠶᠢᠷᠠᠳᠣᠬᠤ ᠶᠢ ᠠᠯᠢ ᠴᠢᠳᠠᠬᠤ ᠪᠠᠷ ᠪᠠᠭᠠᠰᠬᠠᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠢᠷᠤᠮᠯᠠᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠰᠠᠭᠤᠯᠭᠠᠬᠤ᠂ ᠠᠮᠲᠠ ᠦᠨᠦᠷ ᠤᠨ ᠰᠡᠷᠡᠯ ᠮᠠᠭᠤᠳᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠣᠷ᠎ᠠ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠶᠢ ᠪᠠᠶᠢᠴᠠᠭᠠᠬᠤ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠡᠮᠨᠡᠭᠦᠯᠦᠨ᠂ ᠶᠠᠪᠣᠵᠤ ᠰᠠᠭᠤᠭᠰᠠᠨ ᠶᠠᠪᠤᠴᠠ ᠵᠢᠴᠢ ᠤᠶᠢᠷᠠᠳᠣᠯᠴᠠᠭᠰᠠᠨ ᠬᠦᠮᠦᠰ ᠤᠨ ᠪᠠᠶᠢᠳᠠᠯ ᠢᠶᠠᠨ ᠦᠨᠡᠨ ᠪᠤᠳᠠᠳᠠᠢ ᠪᠠᠷ ᠮᠡᠳᠡᠭᠦᠯᠵᠦ᠂ ᠬᠠᠯᠳᠠᠪᠤᠷᠢᠲᠤ ᠡᠪᠡᠳᠴᠢᠨ ᠤ ᠠᠨᠠᠭᠠᠬᠤ ᠣᠬᠠᠭᠠᠨ ᠤ ᠪᠠᠶᠢᠴᠠᠭᠠᠯᠲᠠ ᠶᠢ ᠰᠠᠶᠢᠲᠤᠷ ᠬᠠᠮᠵᠢᠯᠴᠠᠨ ᠬᠢᠬᠦ ᠶᠢᠨ ᠬᠠᠮᠲᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠦᠰᠭᠡ ᠪᠠᠷ ᠭᠠᠳᠠᠭᠰᠢ ᠭᠠᠷᠬᠤ ᠠᠴᠠ ᠠᠯᠢ ᠴᠢᠳᠠᠬᠤ ᠪᠠᠷ ᠵᠠᠶᠢᠯᠠᠰᠬᠢᠬᠦ ᠬᠡᠷᠡᠭᠲᠡᠶ᠃           ᠠᠪᠠᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ                   ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ                                              2021 ᠣᠨ ᠤ 1 ᠰᠠᠷ᠎ᠠ ᠶᠢᠨ 29᠎ ᠤ ᠡᠳᠦᠷ                              
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号