ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠡᠷᠯᠡᠯ
ᠨᠡᠶᠢᠲᠡᠯᠡᠭᠰᠡᠨ ᠴᠠᠭ᠄
2021/11/17
                      60 ᠳ᠋ᠤᠭᠠᠷ ᠲᠣᠭᠠᠲᠤ            ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠷᠪᠢᠰᠤᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠬᠤ ᠪᠠᠶᠢᠳᠠᠯ ᠳᠤ ᠴᠢᠭᠯᠡᠭᠦᠯᠦᠨ᠂ ︽ᠭᠠᠳᠠᠭᠠᠳᠤ ᠠᠴᠠ ᠬᠠᠯᠳᠠᠪᠤᠷᠢᠯᠠᠬᠤ ᠠᠴᠠ ᠰᠡᠷᠬᠡᠶᠢᠯᠡᠵᠤ᠂ ᠳᠣᠲᠣᠭᠠᠳᠤ ᠳᠤ ᠲᠠᠬᠢᠨ ᠲᠡᠯᠬᠡᠷᠡᠬᠦ ᠶᠢ ᠰᠡᠷᠭᠡᠶᠢᠯᠡᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠤᠯᠠᠮ ᠴᠢᠨᠠᠭᠰᠢᠳᠠ ᠪᠤᠳᠠᠳᠠᠶᠢᠵᠢᠭᠤᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠡᠷᠡᠰ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠠᠩᠬᠠᠷᠬᠤ ᠵᠦᠢᠯᠡᠰ ᠢ ᠳᠣᠣᠷᠠᠬᠢ ᠮᠡᠲᠦ ᠵᠠᠷᠯᠠᠶ᠎ᠠ᠄        ᠨᠢᠭᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠤᠡᠴᠠᠭᠠᠢ ᠤᠴᠢᠷ ᠰᠢᠯᠳᠠᠭᠠᠨ ᠦᠬᠡᠢ ᠪᠤᠯ ᠬᠤᠰᠢᠭᠤᠨ ᠠᠴᠠ ᠭᠠᠳᠠᠭᠰᠢ ᠭᠠᠷᠬᠤ ᠦᠬᠡᠢ᠂ ᠳᠤᠮᠳᠠ ᠲᠡᠰ ᠤᠨ ᠲᠦᠭᠰᠢᠭᠦᠷᠢ ᠶᠡᠬᠡᠲᠡᠶ ᠭᠠᠵᠠᠷ ᠣᠷᠣᠨ ᠳᠤ ᠤᠴᠢᠬᠤ ᠥᠬᠡᠶ ᠪᠠᠶᠢᠬᠤ ᠬᠡᠷᠡᠭᠳᠡᠢ᠃ ︵ᠤᠯᠤᠰ ᠵᠢᠴᠢ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳᠦᠷ ᠪᠦᠷᠢ ᠶᠢᠨ ᠮᠡᠳᠡᠭᠡ ᠵᠠᠩᠭᠢ ᠨᠡᠶᠢᠲᠡᠯᠡᠬᠦ ᠪᠠᠷ ᠪᠠᠷᠢᠮᠵᠢᠶ᠎ᠠ ᠪᠣᠯᠭᠠᠨ᠎ᠠ︶᠃        ᠬᠤᠶᠠᠷ᠂ 14 ᠡᠳᠦᠷ ᠤᠨ ᠳᠣᠲᠣᠷ᠎ᠠ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ ᠶᠠᠪᠤᠭᠰᠡᠨ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠲᠠᠢ ᠬᠠᠮᠳᠤ ᠠᠭᠤᠯᠵᠠᠨ ᠵᠤᠷᠴᠢᠭᠰᠡᠨ ᠬᠥᠮᠦᠰ ᠬᠤᠰᠢᠭᠤᠨ ᠳᠤ ᠢᠷᠡᠭᠰᠡᠨ ᠤ ᠳᠠᠷᠠᠭ᠎ᠠ ᠴᠠᠭ ᠲᠤᠬᠠᠢ ᠳᠤᠨᠢ ᠲᠤᠬᠠᠢ ᠶᠢᠨ ᠭᠠᠴᠠᠭ᠎ᠠ ︵ᠨᠡᠶᠢᠭᠡᠮ ᠲᠣᠭᠤᠷᠢᠭ︶᠂ ᠨᠢᠭᠡᠴᠡ ︵ᠰᠠᠭᠤᠭ᠎ᠠ ᠵᠣᠴᠢᠳ ᠤᠨ ᠪᠠᠭᠤᠳᠠᠯ︶ ᠪᠤᠶᠤ ᠬᠤᠰᠢᠭᠤᠨ ᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵0479 — 2028792︶᠂ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ︵0479 — 2022550︶᠎ ᠳᠤ ᠢᠳᠡᠪᠬᠢᠳᠡᠢ ᠪᠠᠷ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠢ ᠴᠥᠮ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠵᠦ᠂ ᠳᠤᠮᠳᠠ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠳ ᠢ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠨ᠎ᠡ᠃ ᠠᠵᠢᠭᠯᠠᠯᠲᠠ ᠬᠢᠬᠦ 1᠂ 4᠂ 7᠂ 10᠂ 14 ᠳ᠋ᠦᠭᠡᠷ ᠡᠳᠦᠷ ᠲᠤ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠪᠡᠳᠴᠢᠳᠠᠨ ᠤ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠨ ᠡᠮᠨᠡᠬᠦᠯᠬᠦ ᠬᠡᠷᠡᠭᠲᠡᠶ᠃        ᠭᠤᠷᠪᠠ᠂ ᠳᠤᠮᠳᠠ ᠲᠡᠰ ᠤᠨ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠰᠢᠶᠠᠨ ᠲᠣᠭᠤᠷᠢᠭ ᠤᠨ ᠪᠤᠰᠤᠳ ᠣᠷᠣᠨ ᠪᠦᠰᠡ ᠠᠴᠠ ᠬᠤᠰᠢᠭᠤᠨ ᠳᠤ ᠢᠷᠡᠭᠰᠡᠳ ᠴᠥᠮ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠳᠡᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ ᠳᠠᠷᠦ᠋ᠢᠬᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠳᠤᠮᠳᠠ ᠲᠡᠰ ᠤᠨ ᠲᠦᠭᠰᠢᠭᠦᠷᠢ ᠶᠡᠬᠡᠲᠡᠶ ᠪᠠᠶᠢᠭ᠎ᠠ ᠰᠢᠶᠠᠨ ᠲᠣᠭᠤᠷᠢᠭ ᠠᠴᠠ ᠬᠤᠰᠢᠭᠤᠨ ᠳᠤ ᠢᠷᠡᠭᠰᠡᠳ ᠢ ᠣᠯᠵᠤ ᠮᠡᠳᠡᠪᠡᠯ᠂ ᠳᠠᠷᠦ᠋ᠢᠬᠠᠨ ᠬᠤᠰᠢᠭᠤᠨ ᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵0479 — 2028792︶᠎ ᠲᠤ ᠮᠡᠳᠡᠭᠦᠯᠬᠦ ᠬᠡᠷᠡᠭᠲᠡᠶ᠃        ᠳᠥᠷᠪᠡ᠂ ᠲᠣᠰ ᠡᠳᠦᠷ ᠠᠴᠠ ᠡᠬᠢᠯᠡᠨ ᠨᠠᠭᠠᠳᠤᠮ ᠤᠨ ᠬᠤᠷᠠᠯ᠂ ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠲᠦᠷ ᠵᠣᠭᠰᠣᠭᠠᠵᠤ ᠂ ᠪᠣᠶ ᠪᠥᠬᠦᠶ ᠨᠡᠶᠢᠭᠡᠮ ᠲᠤᠭᠤᠷᠢᠭ ᠤᠨ ᠮᠠᠵᠢᠶᠠᠩ ᠨᠠᠭᠠᠳᠬᠤ ᠭᠠᠵᠠᠷ᠂ ᠰᠢᠲᠠᠷ᠎ᠠ ᠬᠦᠵᠤᠷ ᠲᠤᠭᠯᠠᠬᠤ ᠥᠷᠥᠭᠡ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠤᠨ ᠠᠵᠢᠯᠯᠠᠭ᠎ᠠ ᠶᠢ ᠲᠦᠷ ᠵᠣᠭᠰᠣᠭᠠᠨ᠎ᠠ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠴᠢᠯᠤᠬᠡᠳᠤ ᠳᠡᠯᠭᠡᠭᠦᠷ᠂ ᠬᠤᠭᠤᠯᠠ ᠤᠮᠳᠠ ᠬᠤᠨᠤᠭ ᠪᠠᠭᠤᠳᠠᠯ᠂ ᠦᠵᠡᠮᠵᠢ ᠶᠢᠨ ᠲᠤᠭᠤᠷᠢᠭ᠂ ᠰᠣᠶᠣᠯ ᠴᠡᠩᠭᠡᠯ ᠵᠡᠷᠭᠡ ᠬᠦᠮᠤᠨ ᠤᠯᠠᠨ ᠴᠤᠭᠯᠠᠷᠠᠬᠤ ᠭᠠᠵᠡᠷ ᠶᠠᠪᠤᠵᠤ ᠰᠠᠭᠤᠬᠤ ᠬᠦᠮᠤᠰ ᠤᠨ ᠳᠤᠯᠠᠭᠠᠨ ᠤ ᠬᠡᠮᠵᠢᠶ᠎ᠡ ᠶᠢ ᠬᠡᠮᠵᠢᠬᠦ᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠦᠨ᠎ᠡ᠃ ᠨᠢᠭᠲᠠ ᠪᠢᠲᠡᠭᠦᠮᠵᠢᠯᠡᠭᠰᠡᠨ KTV᠂ ᠺᠢᠨᠣ᠋ ᠶᠢᠨ ᠣᠷᠳᠣᠨ᠂ ᠰᠦᠯᠵᠢᠶᠡᠨ ᠪᠠᠭᠠᠷ᠂ ᠲᠣᠭᠯᠠᠭᠠᠮ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠭᠠᠵᠠᠷ ᠤᠳ  ᠬᠦᠮᠤᠨ ᠤ ᠲᠤᠭ᠎ᠠ ᠶᠢ ᠪᠠᠭᠠᠰᠬᠠᠵᠤ᠂ ᠦᠨᠡᠨ ᠨᠡᠷ᠎ᠡ ᠪᠠᠷ ᠲᠠᠩᠰᠠᠯᠠᠭᠤᠯᠬᠤ ᠶᠢ ᠬᠡᠷᠡᠭᠵᠢᠬᠦᠯᠬᠦ ᠬᠡᠷᠡᠭᠳᠡᠢ᠃ ᠬᠠᠮᠢᠶ᠎ᠠ ᠪᠥᠬᠦᠶ ᠠᠵᠢᠯ ᠲᠥᠷᠥᠯ ᠤᠨ ᠠᠵᠢᠯᠲᠠᠨ ᠬᠤᠪᠢ ᠬᠥᠮᠦᠨ ᠤ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠪᠥᠬᠦ ᠶᠠᠪᠤᠴᠠ ᠳᠤ ᠠᠮᠠᠪᠴᠢ ᠵᠡᠭᠦᠬᠦ ᠶᠢᠨ ᠬᠠᠮᠲᠤ ᠲᠣᠭᠲᠠᠭᠠᠯ ᠶᠣᠰᠣᠭᠠᠷ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠬᠤᠪᠢ ᠬᠥᠮᠦᠨ ᠤ ᠠᠷᠢᠭᠤᠳᠬᠠᠯ ᠬᠢᠵᠦ᠂ ᠪᠥᠬᠦ ᠶᠠᠪᠤᠴᠠ ᠳᠤ ᠪᠡᠭᠡᠯᠡᠶ ᠵᠡᠷᠭᠡ ᠬᠠᠮᠠᠭᠠᠯᠠᠯᠲᠠ ᠶᠢᠨ ᠲᠥᠬᠦᠭᠡᠷᠦᠮᠵᠢ ᠶᠢ ᠵᠡᠭᠦᠬᠦ ᠬᠡᠷᠡᠭᠲᠡᠶ᠃ ᠡᠵᠡᠩᠨᠡᠭᠴᠢᠳ ᠪᠣᠯᠤᠨ ᠪᠦᠬᠦ ᠠᠵᠢᠯᠲᠠᠳ ᠡᠷᠡᠭᠦᠯ ᠮᠡᠨᠳᠦ ᠶᠢᠨ ᠥᠷᠯᠥᠭᠡ ᠶᠢᠨ ᠪᠠᠶᠢᠴᠠᠭᠠᠯᠲᠠ ᠬᠢᠬᠦ ᠶᠢᠨ ᠬᠠᠮᠲᠤ ᠪᠦᠷᠢᠳᠬᠡᠨ ᠳᠠᠩᠰᠠᠯᠠᠭᠤᠯᠵᠤ᠂ ᠬᠠᠯᠠᠭᠤᠷᠠᠬᠤ ᠵᠡᠷᠭᠡ ᠢᠯᠡᠷᠡᠯ ᠭᠠᠷᠪᠠᠯ ᠡᠷᠬᠡᠪᠰᠢ ᠠᠵᠢᠯ ᠤᠨ ᠪᠠᠶᠢᠷᠢ ᠠᠴᠠ ᠪᠠᠨ ᠰᠠᠯᠵᠤ ᠡᠮᠨᠡᠭᠦᠯᠬᠦ ᠬᠡᠷᠡᠭᠲᠡᠶ ᠪᠥᠭᠡᠳ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃        ᠨᠡᠶᠢᠭᠡᠮ ᠤᠨ ᠡᠯ᠎ᠡ ᠡᠲᠡᠭᠡᠳ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠶᠢᠳᠤᠷ ᠬᠢᠨᠠᠯᠲᠠ ᠲᠠᠯᠪᠢᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠥᠯᠥ ᠨᠠᠶᠢᠳᠠᠪᠤᠷᠢᠵᠢᠭᠤᠯᠬᠤ ᠵᠢᠴᠢ ᠬᠠᠤᠯᠢ ᠠᠴᠠ ᠵᠥᠷᠢᠴᠡᠨ ᠡᠵᠡᠩᠨᠡᠬᠦ ᠠᠵᠢᠯᠯᠠᠭ᠎ᠠ ᠶᠢ ᠴᠠᠭ ᠲᠤᠬᠠᠶ ᠳᠤᠨᠢ ᠤᠲᠠᠰᠤ ᠪᠠᠷ ᠢᠯᠡᠴᠢᠯᠡᠨ ᠮᠡᠳᠡᠬᠦᠯᠤᠨ᠎ᠠ᠃ ︵ᠵᠤᠭᠠᠴᠠᠭᠰᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ᠄ 12301᠂ ᠬᠤᠰᠢᠭᠤᠨ ᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 110᠂ 0479 — 2306866᠂ ᠬᠤᠰᠢᠭᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ ᠳᠤᠭᠤᠶᠢᠯᠠᠩ᠄ 13514794980︶᠃        ᠲᠠᠪᠤ᠂ ︽ᠴᠢᠬᠤᠯᠠᠴᠢᠯᠭ᠎ᠠ ᠦᠭᠡᠢ ᠪᠣᠯ ᠡᠷᠬᠢᠯᠡᠬᠦ ᠦᠭᠡᠢ᠂ ᠬᠡᠨ ᠡᠷᠬᠢᠯᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠳᠠᠯᠠᠨ᠎ᠠ᠃ ᠤᠯᠠᠭᠠᠨ ᠴᠠᠭᠠᠨ ᠤ ᠶᠠᠪᠤᠳᠠᠯ ᠢ ᠳᠥᠭᠦᠮᠴᠢᠯᠡᠨ  ᠬᠦᠢᠴᠡᠳᠬᠡᠬᠦ ᠶᠢ ᠰᠠᠨᠠᠭᠠᠴᠢᠯᠠᠵᠤ᠂ ᠬᠤᠭᠤᠯᠠ ᠤᠮᠳ᠋ᠨ ᠶᠢᠨ ᠦᠢᠯᠡᠴᠢᠯᠡᠬᠡᠨ ᠤ ᠨᠢᠭᠡᠴᠡ 40 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢ ᠳᠠᠶᠢᠯᠠᠯᠭ᠎ᠠ ᠶᠢ 3 ᠡᠳᠦᠷ ᠤᠨ ᠡᠮᠦᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠮᠠᠯᠵᠢᠬᠤ ᠣᠷᠣᠨ ᠳᠤ 40 ᠬᠥᠮᠦᠨ ᠠᠴᠠ ᠳᠡᠭᠡᠭᠰᠢ ᠬᠠᠮᠲᠤ ᠶᠢᠨ ᠳᠠᠶᠢᠯᠠᠯᠭ᠎ᠠ ᠶᠢ 3 ᠡᠳᠦᠷ ᠤᠨ ᠡᠮᠦᠨ᠎ᠡ ᠲᠤᠬᠠᠢ ᠶᠢᠨ ᠰᠤᠮᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠳᠠᠶᠢᠯᠠᠯᠭ᠎ᠠ ᠶᠢ ᠬᠦᠯᠢᠶᠡᠨ ᠠᠪᠤᠭᠰᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ ᠭᠤᠣᠯᠯᠠᠨ ᠡᠷᠬᠢᠯᠡᠭᠴᠢ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠵᠢᠭᠦᠯᠵᠦ ᠪᠣᠯᠬᠤᠶᠢᠴᠠ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠵᠤ᠂ ᠳᠠᠶᠢᠯᠠᠯᠭ᠎ᠠ ᠳᠤ ᠣᠷᠣᠯᠴᠠᠭᠰᠠᠳ ᠤᠨ ᠺᠣᠳ᠋ ᠰᠢᠷᠪᠢᠵᠦ ᠳᠠᠩᠰᠠᠯᠠᠬᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 1 ᠰᠠᠷ᠎ᠠ ᠶᠢᠨ ᠳᠣᠲᠣᠷ᠎ᠠ ᠬᠢᠯᠢ ᠶᠢᠨ ᠭᠠᠳᠠᠨ᠎ᠠ ᠪᠤᠶᠤ ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠴᠠᠵᠤ ᠢᠷᠡᠭᠰᠡᠳ ᠢ ᠤᠷᠢᠵᠤ ᠳᠠᠶᠢᠯᠠᠯᠭ᠎ᠠ ᠳᠤ ᠣᠷᠣᠯᠴᠠᠭᠤᠯᠵᠤ ᠪᠣᠯᠬᠤ ᠥᠬᠡᠶ᠂ ᠠᠶᠢᠮᠠᠭ ᠤᠨ ᠭᠠᠳᠠᠨ᠎ᠠ ᠠᠴᠠ ᠪᠤᠴᠠᠵᠤ ᠢᠷᠡᠭᠰᠡᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠰᠢᠯᠭᠠᠯᠳᠠ ᠶᠢᠨ ᠪᠢᠯᠢᠭ  ᠴᠢᠨᠡᠷ ᠭᠡᠷᠡᠴᠢ ᠬᠠᠩᠭᠠᠬᠤ ᠶᠠᠪᠤᠬᠤ ᠬᠡᠷᠡᠭᠲᠡᠶ᠃        ᠡᠯ᠎ᠡ ᠨᠢᠬᠡᠴᠠ᠂ ᠨᠡᠶᠢᠭᠡᠮ ᠤᠨ ᠪᠦᠯᠬᠦᠮ ᠵᠡᠷᠭᠡ ᠨᠢ ᠴᠢᠬᠤᠯᠠ ᠦᠭᠡᠢ ᠪᠣᠯ ᠡᠯ᠎ᠡ ᠲᠦᠷᠦᠯ ᠤᠨ ᠲᠤᠮᠤ ᠬᠡᠯᠪᠡᠷᠢ ᠶᠢᠨ ᠬᠤᠷᠠᠯ᠂ ᠬᠦᠳᠡᠯᠬᠡᠬᠡᠨ ᠢ ᠡᠷᠬᠢᠯᠡᠵᠤ ᠪᠣᠯᠬᠤ ᠦᠭᠡᠢ᠂ ᠬᠢᠬᠦ ᠤᠳᠠᠭ᠎ᠠ ᠤᠳᠠᠭ᠎ᠠ ᠪᠠ ᠬᠡᠪᠴᠢᠶ᠎ᠡ ᠶᠢ ᠬᠢᠵᠠᠭᠠᠷᠯᠠᠨ ᠡᠵᠡᠮᠳᠡᠬᠦ ᠬᠡᠷᠡᠭᠲᠡᠶ᠃ ᠦᠨᠡᠨᠬᠦ ᠡᠷᠭᠢᠯᠡᠬᠦ ᠴᠢᠬᠤᠯᠠ ᠲᠠᠢ ᠪᠣᠯ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠬᠡᠯᠳᠡᠰ ᠲᠤ ᠮᠡᠳᠡᠭᠦᠯᠦᠨ ᠳᠠᠩᠰᠠᠯᠠᠭᠤᠯᠵᠤ᠂ ᠡᠷᠭᠢᠯᠡᠬᠦ ᠨᠢᠭᠡᠴᠡ ᠎ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠤ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠥᠢᠯ ᠤᠨ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠃ ᠪᠤᠰᠤᠳ ᠭᠠᠵᠡᠷ ᠠᠴᠠ ᠬᠤᠰᠢᠭᠤᠨ ᠳᠤ ᠢᠷᠡᠵᠤ ᠬᠤᠷᠠᠯ᠂ ᠬᠦᠳᠡᠯᠬᠡᠬᠡᠨ ᠳᠤ ᠣᠷᠣᠯᠴᠠᠭᠰᠠᠳ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠲᠡᠶ᠃        ᠵᠢᠷᠭᠤᠭ᠎ᠠ᠂ ᠲᠤᠰᠬᠠᠶ ᠮᠡᠷᠭᠡᠵᠢᠯᠲᠡᠨ ᠠᠴᠠ᠂ ᠣᠳᠣᠬᠠᠨ ᠳᠤ᠂ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠬᠢᠬᠦ ᠪᠣᠯ ᠮᠥᠨ ᠬᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠠᠮᠤᠷ ᠲᠦᠪᠰᠢᠨ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠮᠥᠨ ᠬᠡᠵᠤ ᠨᠤᠳᠠᠯᠠᠨ ᠰᠠᠨᠠᠭᠤᠯᠵᠤ ᠪᠠᠶᠢᠭ᠎ᠠ ᠪᠤᠯᠬᠤᠷ᠂ ᠥᠷᠭᠡᠨ ᠣᠯᠠᠨ ᠰᠠᠭᠤᠭᠠᠯᠢ ᠠᠷᠡᠳ ᠡᠬᠦᠷᠬᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠬᠦᠢᠴᠡᠳᠬᠡᠵᠤ᠂ ᠸᠠᠺᠼᠢᠨ ᠤ ᠲᠠᠷᠢᠯᠭ᠎ᠠ ᠶᠢ ᠱᠠᠭᠠᠷᠳᠠᠯᠭ᠎ᠠ ᠶᠤᠰᠤᠭᠠᠷ ᠬᠢᠯᠬᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠷᠭᠡᠨ ᠤᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠢᠳᠡᠪᠬᠢᠳᠡᠢ ᠣᠷᠣᠯᠴᠠᠬᠤ ᠪᠠ ᠬᠠᠮᠵᠢᠯᠴᠠᠬᠤ ᠶᠢ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃          ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                         2021 ᠣᠨ ᠤ 8 ᠰᠠᠷ᠎ᠠ ᠶᠢᠨ 8᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号