ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠠᠯᠪᠠᠨ ᠵᠡᠷᠯᠡᠯ
ᠨᠡᠶᠢᠲᠡᠯᠡᠭᠰᠡᠨ ᠴᠠᠭ᠄
2021/11/17
                 ︵62 ᠳ᠋ᠤᠭᠠᠷ ᠲᠤᠭᠠᠳᠤ︶        9 ᠰᠠᠷ᠎ᠠ ᠶᠢᠨ 21᠎ ᠤ ᠡᠳᠤᠷ᠂ ᠬᠠᠷᠠᠮᠦ᠋ᠷᠡᠨ ᠮᠤᠵᠢ ᠶᠢᠨ ᠬᠠᠷᠪᠢᠨ ᠬᠤᠳᠠ ᠶᠢᠨ ᠪᠠᠶᠠᠨ ᠰᠢᠶᠠᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠤᠨᠤᠰᠢᠯᠠᠭᠳᠠᠭᠰᠡᠨ ᠡᠪᠡᠳᠴᠢᠨ ᠤ ᠵᠢᠱᠢᠶ᠎ᠠ ᠮᠡᠳᠡᠬᠦᠯᠵᠤ᠂  ᠦᠢᠷ᠎ᠠ ᠶᠢᠨ ᠬᠤᠭᠤᠴᠠᠭᠠᠨ ᠳᠤ ᠹᠦᠵᠢᠶᠠᠨ ᠮᠤᠵᠢ ᠶᠢᠨ ᠲᠤᠬᠠᠢ ᠶᠢᠨ ᠭᠠᠵᠡᠷ ᠤᠨᠤᠰᠢᠯᠠᠭᠳᠠᠭᠰᠡᠨ ᠡᠪᠡᠳᠴᠢᠨ ᠤ ᠵᠢᠱᠢᠶ᠎ᠠ ᠮᠦᠡᠬᠦ ᠨᠡᠮᠡᠭᠳᠡᠵᠤ ᠪᠤᠢ᠃ 9 ᠰᠠᠷ᠎ᠠ ᠶᠢᠨ 24᠎ ᠤ ᠡᠳᠤᠷ ᠤᠨ 6 ᠴᠠᠭ ᠪᠤᠯᠳᠠᠯ᠎ᠠ᠂ ᠪᠦᠬᠦ ᠤᠯᠤᠰ ᠲᠤ ᠬᠢᠵᠢᠭ ᠤᠨ ᠲᠤᠮᠳᠠ ᠲᠡᠰ ᠤᠨ ᠲᠦᠭᠰᠢᠬᠦᠷᠢᠳᠤ ᠭᠠᠵᠡᠷ ᠤᠷᠤᠨ 42᠂ ᠬᠢᠵᠢᠭ ᠤᠨ ᠦᠡᠳᠤᠷ ᠲᠡᠰ ᠤᠨ ᠲᠦᠭᠰᠢᠬᠦᠷᠢᠳᠤ ᠭᠠᠵᠡᠷ ᠤᠷᠤᠨ 2 ᠪᠤᠯᠪᠠ᠃ ᠤᠯᠤᠰ ᠤᠨ ᠪᠠᠶᠠᠷ ᠤᠨ ᠠᠮᠠᠷᠠᠯᠳᠠ ᠤᠳᠠᠯ ᠦᠬᠡᠢ ᠬᠦᠷᠴᠤ ᠢᠷᠡᠬᠦ ᠲᠠᠰᠢᠷᠠᠮ ᠢᠶᠠᠷ᠂ ᠬᠦᠮᠤᠰ ᠎ ᠤᠨ ᠴᠤᠭᠯᠠᠷᠠᠯ ᠤᠨ ᠴᠢᠨᠠᠷᠳᠡᠢ ᠠᠵᠢᠯᠯᠠᠭ᠎ᠠ ᠨᠡᠮᠡᠭᠳᠡᠨ᠂ ᠬᠢᠵᠢᠭ ᠬᠠᠯᠳᠠᠪᠤᠷᠢᠯᠡᠨ ᠲᠠᠷᠬᠠᠬᠤ ᠲᠦᠭᠰᠢᠬᠦᠷᠢ ᠨᠡᠮᠡᠭᠳᠡᠪᠡ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠤ᠂ ᠬᠢᠵᠢᠭ ᠬᠠᠯᠳᠠᠪᠤᠷᠢᠯᠠᠨ ᠲᠠᠷᠬᠠᠬᠤ ᠶᠢ ᠴᠢᠩᠭ᠎ᠠ ᠡᠵᠡᠮᠳᠡᠬᠦ ᠶᠢᠨ ᠲᠤᠰᠠᠳᠠ᠂ ᠬᠠᠮᠢᠶ᠎ᠠ ᠪᠦᠬᠦᠢ ᠵᠦᠢᠯᠡᠰ ᠢ ᠲᠤᠤᠷᠡᠬᠢ ᠮᠠᠳᠤ ᠵᠠᠷᠯᠠᠶ᠎ᠠ᠄       ᠨᠢᠬᠡ᠂ ᠤᠷᠴᠢᠮ ᠤᠨ ᠬᠤᠭᠤᠴᠠᠭᠠᠨ ᠳᠤ ᠹᠦᠵᠢᠶᠠᠨ ᠮᠤᠵᠢ᠂ ᠬᠠᠷᠠᠮᠦ᠋ᠷᠡᠨ ᠮᠤᠵᠢ ᠳᠤ ᠠᠶᠠᠯᠠᠵᠤ ᠰᠠᠭᠤᠷᠢᠰᠢᠭᠰᠡᠨ ᠦᠩᠬᠡᠷᠡᠯᠳᠡ ᠲᠠᠢ ᠬᠦᠮᠤᠰ ᠠᠯᠪᠠᠨ ᠠᠴᠠ ᠨᠠᠶᠢᠳᠡᠯᠡᠭᠰᠡᠨ ᠤᠨᠤᠰᠢᠯᠠᠭᠳᠠᠭᠰᠡᠨ ᠡᠪᠡᠳᠴᠢᠨ ᠤ ᠵᠢᠱᠢᠶ᠎ᠠ ᠪᠠ ᠢᠯᠡᠷᠡᠯ ᠦᠬᠡᠢ ᠬᠠᠯᠳᠠᠪᠤᠷᠢᠯᠠᠭᠰᠡᠳ ᠤᠨ ᠠᠵᠢᠯᠯᠠᠭᠠᠨ ᠤ ᠵᠠᠮ ᠱᠤᠭᠤᠮ ᠵᠢᠴᠢ ᠤᠯᠤᠰ ᠤᠨ ᠲᠤᠳᠤᠭᠠᠳᠤ ᠶᠢᠨ ᠬᠢᠵᠢᠭ ᠤᠨ ᠲᠤᠮᠳᠠ ᠦᠡᠳᠤᠷ ᠲᠡᠰ ᠤᠨ ᠲᠦᠭᠰᠢᠬᠦᠷᠢᠳᠤ ᠭᠠᠵᠡᠷ ᠤᠷᠤᠨ ᠤ ᠲᠤᠬᠢᠷᠠᠭᠤᠯᠤᠯᠳᠠ ᠎ ᠶᠢᠨ ᠪᠠᠶᠢᠳᠠᠯ ᠢ ᠦᠷᠬᠦᠯᠵᠢᠯᠡᠨ ᠰᠠᠶᠢᠳᠤᠷ ᠠᠩᠬᠠᠷᠬᠤ ᠬᠡᠷᠡᠭᠳᠡᠢ᠃ 9 ᠰᠠᠷ᠎ᠠ ᠶᠢᠨ 7᠎ ᠤ ᠡᠳᠤᠷ ᠠᠴᠠ ᠨᠠᠰᠢ᠂ ᠹᠦᠵᠢᠶᠠᠨ ᠮᠤᠵᠢ ᠶᠢᠨ ᠲᠤᠮᠳᠠ ᠦᠡᠳᠤᠷ ᠲᠡᠰ ᠤᠨ ᠲᠦᠭᠰᠢᠬᠦᠷᠢᠳᠡᠢ ᠭᠠᠵᠡᠷ ᠤᠷᠤᠨ᠂ ᠬᠠᠷᠠᠮᠦ᠋ᠷᠡᠨ ᠮᠤᠵᠢ ᠶᠢᠨ ᠬᠠᠷᠪᠢᠨ ᠬᠤᠳᠠ ᠶᠢᠨ ᠪᠠᠶᠠᠨ ᠰᠢᠶᠠᠨ ᠳᠤ ᠠᠶᠠᠯᠠᠵᠤ ᠰᠠᠭᠤᠷᠢᠰᠢᠭᠰᠡᠨ ᠦᠩᠬᠡᠷᠡᠯᠳᠡ ᠲᠠᠢ ᠬᠦᠮᠤᠰ᠂ ᠤᠨᠤᠰᠢᠯᠠᠭᠳᠠᠭᠰᠡᠨ ᠡᠪᠡᠳᠴᠢᠨ ᠤ ᠵᠢᠱᠢᠶ᠎ᠠ ᠪᠠ ᠢᠯᠡᠷᠡᠯ ᠦᠬᠡᠢ ᠬᠠᠯᠳᠠᠪᠤᠷᠢᠯᠠᠭᠰᠡᠳ ᠲᠠᠢ ᠠᠵᠢᠯᠯᠠᠭᠠᠨ ᠤ ᠵᠠᠮ ᠮᠦᠷ ᠲᠠᠪᠬᠤᠴᠠᠭᠰᠡᠨ ᠪᠤᠶᠤ ᠬᠤᠯᠪᠤᠭᠳᠠᠯ ᠪᠦᠬᠦᠢ ᠭᠠᠵᠡᠷ ᠤᠷᠤᠨ ᠤ ᠬᠦᠮᠤᠰ ᠲᠠᠢ ᠨᠢᠭᠳᠠ ᠦᠢᠷᠡᠳᠤᠭᠰᠡᠨ ᠬᠦᠮᠤᠰ ᠰᠠᠨᠠᠭᠠᠴᠢᠯᠠᠭ᠎ᠠ ᠠᠴᠠ ᠪᠠᠨ ᠬᠠᠷᠢᠶ᠎ᠠ ᠪᠠᠶᠢᠭᠤᠯᠭ᠎ᠠ ᠨᠢᠬᠡᠴᠠ᠂ ᠭᠠᠴᠠᠭ᠎ᠠ ᠨᠠᠶᠢᠬᠡᠮ ᠲᠤᠭᠤᠷᠢᠭ ᠲᠤ ᠪᠠᠨ ᠲᠠᠷᠤᠶᠢᠬᠠᠨ ᠮᠠᠳᠡᠬᠦᠯᠵᠤ᠂ ᠬᠠᠮᠢᠶᠠᠷᠤᠨ ᠡᠵᠡᠮᠳᠡᠬᠦ ᠬᠠᠮᠢᠶᠠᠷᠤᠯᠳᠠ ᠪᠠ ᠪᠦᠬᠡᠮ ᠬᠦᠴᠢᠯ ᠤᠨ ᠪᠠᠶᠢᠴᠠᠭᠠᠯᠳᠠ ᠬᠢᠬᠦ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃       ᠬᠤᠶᠡᠷ᠂ ᠬᠢᠯᠢ ᠶᠢᠨ ᠭᠠᠳᠠᠨ᠎ᠠ ᠠᠴᠠ ᠬᠠᠷᠢᠵᠤ ᠢᠷᠡᠭᠰᠡᠳ ᠢ ᠱᠠᠭᠠᠷᠳᠠᠯᠭ᠎ᠠ ᠶᠤᠰᠤᠭᠠᠷ ᠬᠢᠯᠢ ᠳᠤ ᠤᠷᠤᠭᠰᠡᠨ ᠭᠠᠵᠡᠷ ᠲᠤ14 ᠡᠳᠤᠷ ᠲᠦᠪᠯᠡᠷᠡᠬᠦᠯᠤᠨ ᠲᠤᠰᠠᠭᠠᠷᠯᠠᠯᠳᠠ ᠬᠢᠬᠦ ᠶᠢ ᠬᠡᠷᠡᠭᠵᠢᠬᠦᠯᠵᠤ᠂ ᠲᠤᠰᠠᠭᠠᠷᠯᠠᠯᠳᠠ ᠎ ᠶᠢ ᠬᠦᠴᠤᠨ ᠦᠬᠡᠢ ᠪᠤᠯᠭᠠᠭᠠᠳ ᠮᠠᠨ ᠤ ᠬᠤᠰᠢᠭᠤᠨ ᠳᠤ ᠢᠷᠡᠭᠰᠡᠨ ᠤ ᠲᠠᠷᠠᠭ᠎ᠠ  ︽7 ᠡᠳᠤᠷ ᠬᠡᠷ ᠲᠤᠨᠢ ᠲᠤᠰᠠᠭᠠᠷᠯᠠᠯᠳᠠ ᠬᠢᠬᠦ  +2 ᠤᠳᠠᠭ᠎ᠠ ᠪᠦᠬᠡᠮ ᠬᠦᠴᠢᠯ ᠤᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠬᠦᠯᠵᠤ᠂ ᠠᠵᠢᠭᠯᠠᠯᠳᠠ ᠶᠢᠨ 1᠂ 7 ᠳ᠋ᠤᠭᠠᠷ ᠡᠳᠤᠷ ᠲᠤ ᠲᠤᠰᠪᠤᠷᠢ ᠨᠢᠬᠡ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠬᠢᠨ᠎ᠠ᠃ ᠬᠡᠷ ᠲᠤ ᠪᠠᠨ ᠲᠤᠰᠠᠭᠠᠷᠯᠠᠬᠤ ᠨᠦᠬᠦᠴᠠᠯ ᠦᠬᠡᠢ ᠪᠤᠯ ᠲᠦᠪᠯᠡᠷᠡᠬᠦᠯᠤᠨ ᠲᠤᠰᠠᠭᠠᠷᠯᠠᠬᠤ ᠶᠢ ᠬᠡᠷᠡᠭᠵᠢᠬᠦᠯᠤᠨ᠎ᠠ᠃ 14 ᠡᠳᠤᠷ ᠤᠨ ᠲᠤᠳᠤᠷ᠎ᠠ᠂ ᠬᠢᠵᠢᠭ ᠤᠨ ᠦᠡᠳᠤᠷ ᠲᠡᠰ ᠎ ᠤᠨ ᠲᠦᠭᠰᠢᠬᠦᠷᠢᠳᠤ ᠭᠠᠵᠡᠷ ᠤᠷᠤᠨ ᠳᠤ ᠠᠶᠠᠯᠠᠵᠤ ᠰᠠᠭᠤᠷᠢᠰᠢᠭᠰᠡᠨ ᠦᠩᠬᠡᠷᠡᠯᠳᠡ ᠲᠠᠢ ᠬᠤᠰᠢᠭᠤᠨ ᠳᠤ ᠬᠠᠷᠢᠵᠤ ᠢᠷᠡᠭᠰᠡᠨ ᠬᠦᠮᠤᠰ ᠲᠤ ᠴᠦᠮ ︽14 ᠡᠳᠤᠷ ᠲᠦᠪᠯᠡᠷᠡᠬᠦᠯᠤᠨ ᠲᠤᠰᠠᠭᠠᠷᠯᠠᠯᠳᠠ ᠬᠢᠬᠦ  + 5 ᠤᠳᠠᠭ᠎ᠠ ᠪᠦᠬᠡᠮ ᠬᠦᠴᠢᠯ ᠤᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠡᠭᠵᠢᠬᠦᠯᠵᠤ᠂ ᠦᠢᠷ᠎ᠠ ᠶᠢᠨ 14 ᠡᠳᠤᠷ ᠲᠤ ᠬᠢᠵᠢᠭ ᠤᠨ ᠲᠤᠮᠳᠠ ᠲᠠᠰ ᠤᠨ ᠲᠦᠭᠰᠢᠬᠦᠷᠢᠳᠤ ᠭᠠᠵᠡᠷ ᠤᠷᠤᠨ ᠠᠴᠠ ᠬᠤᠰᠢᠭᠤᠨ ᠳᠤ ᠢᠷᠡᠭᠰᠡᠳ ᠲᠤ ᠴᠦᠮ ︽14 ᠡᠳᠤᠷ ᠲᠦᠪᠯᠡᠷᠡᠬᠦᠯᠤᠨ ᠲᠤᠰᠠᠭᠠᠷᠯᠠᠯᠳᠠ ᠬᠢᠬᠦ  + 5 ᠤᠳᠠᠭ᠎ᠠ ᠪᠦᠬᠡᠮ ᠬᠦᠴᠢᠯ ᠎ ᠤᠨ ᠪᠠᠶᠢᠴᠠᠭᠠᠯᠳᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ︵ᠬᠡᠷ ᠲᠤ ᠪᠠᠨ ᠲᠤᠰᠠᠭᠠᠷᠯᠠᠬᠤ ᠨᠦᠬᠦᠴᠡᠯ ᠦᠬᠡᠢ ᠬᠦᠮᠤᠰ ᠢ ᠴᠦᠮ ᠲᠦᠪᠯᠡᠷᠡᠬᠦᠯᠤᠨ ᠲᠤᠰᠠᠭᠠᠷᠯᠠᠨ᠎ᠠ︶  ᠎ ᠶᠢ ᠬᠡᠷᠡᠭᠵᠢᠬᠦᠯᠤᠨ᠎ᠠ᠃ ᠠᠵᠢᠭᠯᠠᠯᠳᠠ ᠶᠢᠨ 1᠂ 4᠂ 7᠂ 10᠂ 14 ᠳ᠋ᠤᠬᠡᠷ ᠡᠳᠤᠷ ᠲᠤ ᠲᠤᠰᠪᠤᠷᠢ ᠨᠢᠬᠡ ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠳᠠ ᠬᠢᠨ᠎ᠠ᠃       ᠭᠤᠷᠪᠡ᠂ ᠲᠤᠰ ᠡᠳᠤᠷ ᠠᠴᠠ ᠡᠬᠢᠯᠡᠨ᠂ ᠹᠦᠵᠢᠶᠠᠨ ᠮᠤᠵᠢ᠂ ᠬᠠᠷᠠᠮᠦ᠋ᠷᠡᠨ ᠮᠤᠵᠢ ᠶᠢᠨ ᠲᠤᠮᠳᠠ ᠦᠡᠳᠤᠷ ᠲᠡᠰ ᠤᠨ ᠲᠦᠭᠰᠢᠬᠦᠷᠢᠳᠡᠢ ᠭᠠᠵᠡᠷ ᠤᠷᠤᠨ ᠤ ᠪᠠᠶᠢᠭ᠎ᠠ ᠰᠢᠶᠠᠨ ᠲᠤᠭᠤᠷᠢᠭ᠂ ᠪᠤᠰᠤᠳ ᠤᠷᠤᠨ ᠭᠠᠵᠡᠷ ᠠᠴᠠ ᠢᠷᠡᠭᠰᠡᠳ ᠡᠷᠬᠡᠪᠰᠢ 48 ᠴᠠᠭ ᠤᠨ ᠲᠤᠳᠤᠷᠡᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠡᠷ ᠤᠨ ᠬᠡᠷᠡᠴᠢ ᠶᠢ ᠬᠠᠩᠭᠠᠵᠤ᠂ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠡᠷ ᠤᠨ ᠬᠡᠷᠡᠴᠢ ᠶᠢ ᠬᠠᠩᠭᠠᠵᠤ ᠴᠢᠳᠠᠬᠤ ᠦᠬᠡᠢ ᠪᠤᠯ ᠲᠠᠷᠤᠶᠢᠬᠠᠨ ᠲᠦᠪᠯᠡᠷᠡᠬᠦᠯᠤᠨ ᠲᠤᠰᠠᠭᠠᠷᠯᠠᠬᠤ ᠶᠢᠨ ᠬᠠᠮᠳᠤ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠵᠤ᠂ 24 ᠴᠠᠭ ᠤᠨ ᠲᠤᠳᠤᠷᠡᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠳ᠋ᠦᠡᠭ ᠪᠢᠯᠢᠭ ᠴᠢᠨᠠᠷ ᠲᠠᠢ ᠪᠤᠯ ᠰᠠᠶ᠋ᠢ ᠴᠢᠯᠤᠬᠡᠳᠡᠢ ᠵᠤᠷᠴᠢᠵᠤ ᠪᠤᠯᠤᠨ᠎ᠠ᠃ ᠬᠤᠪᠢ ᠬᠦᠮᠤᠨ ᠤ ᠡᠷᠡᠬᠦᠯ ᠮᠠᠡᠳᠤ ᠶᠢᠨ ᠬᠢᠨᠡᠨ ᠬᠡᠮᠵᠢᠯᠳᠠ ᠶᠢ ᠰᠠᠶᠢᠳᠤᠷ ᠬᠢᠵᠤ᠂ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠦᠨᠤᠷᠯᠡᠬᠦ ᠠᠮᠳᠠᠯᠠᠬᠤ ᠰᠠᠷᠡᠯ ᠮᠠᠭᠤᠳᠠᠬᠤ᠂ ᠬᠤᠭᠤᠯᠠᠢ ᠡᠪᠡᠳᠬᠦ᠂ ᠰᠠᠭᠤᠯᠭᠠᠬᠤ ᠵᠡᠷᠬᠡ ᠢᠯᠡᠷᠡᠯ ᠭᠠᠷᠪᠠᠯ᠂ ᠲᠠᠷᠤᠶᠢᠬᠠᠨ ᠬᠤᠰᠢᠭᠤ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠶᠢ ᠪᠠᠶᠢᠴᠠᠭᠠᠬᠤ ᠡᠬᠦᠳᠡᠨ ᠡᠮᠨᠡᠯᠬᠡ ︵ᠤᠳᠠᠰᠤ᠄ 0479 —2308633︶᠎ ᠳᠤ ᠬᠦᠷᠴᠤ  ᠪᠠᠶᠢᠴᠠᠭᠠᠨ ᠡᠮᠴᠢᠯᠡᠬᠦᠯᠵᠤ᠂ ᠠᠶᠠᠯᠠᠵᠤ ᠰᠠᠭᠤᠷᠢᠰᠢᠭᠰᠡᠨ ᠦᠩᠬᠡᠷᠡᠯᠳᠡ ᠪᠠ ᠨᠢᠭᠳᠠ ᠦᠢᠷᠡᠳᠤᠭᠰᠡᠨ ᠪᠠᠶᠢᠳᠠᠯ ᠢᠶᠠᠨ ᠤᠬᠠᠮᠰᠠᠷ ᠠᠴᠠ ᠪᠠᠨ ᠮᠡᠳᠡᠬᠦᠯᠵᠤ᠂ ᠡᠮᠴᠢᠯᠡᠬᠦᠯᠬᠦ ᠶᠠᠪᠤᠴᠠ ᠳᠤ ᠨᠠᠶᠢᠳᠠ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠨ᠎ᠠ᠃      ᠲᠦᠷᠪᠡ᠂ ᠡᠯ᠎ᠠ ᠰᠤᠮᠤ ᠪᠠᠯᠭᠠᠰᠤ ︵ᠲᠤᠭᠤᠷᠢᠭ︶ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠭᠤᠤᠯᠳᠠᠯᠭ᠎ᠠ ᠲᠠᠢ ᠭᠠᠵᠡᠷ ᠤᠷᠤᠨ ᠠᠴᠠ ᠢᠷᠡᠭᠰᠡᠳ ᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠬᠢᠵᠤ᠂ ᠬᠡᠪ ᠤᠨ ᠪᠤᠰᠤ ᠪᠠᠶᠢᠳᠠᠯ ᠪᠠᠶᠢᠪᠠᠯ ᠲᠠᠷᠤᠶᠢᠬᠠᠨ ᠬᠤᠰᠢᠭᠤ ᠵᠢᠯᠤᠭᠤᠳᠬᠤ ᠬᠡᠯᠳᠡᠰ ᠤᠨ ᠨᠠᠶᠢᠬᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ︵0479 —2306110︶ ᠪᠠ ᠡᠮᠴᠢᠯᠡᠬᠡᠨ ᠤ ᠰᠡᠷᠬᠡᠶᠢᠯᠡᠨ ᠡᠵᠡᠮᠳᠡᠬᠦ ᠲᠤᠭᠤᠶᠢᠯᠠᠩ  ︵0479 —2028792︶᠎ ᠳᠤ ᠮᠡᠳᠡᠬᠦᠯᠬᠦ ᠶᠢᠨ ᠬᠠᠮᠳᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠰᠠᠶᠢᠳᠤᠷ ᠬᠡᠷᠡᠭᠵᠢᠬᠦᠯᠬᠦ ᠬᠡᠷᠡᠭᠳᠡᠢ᠃        ᠲᠠᠪᠤ᠂ ᠤᠯᠤᠰ ᠤᠨ ᠪᠠᠶᠠᠷ ᠤᠨ ᠠᠮᠠᠷᠠᠯᠳᠠ ᠤᠳᠠᠯ ᠦᠬᠡᠢ ᠬᠦᠷᠴᠤ ᠢᠷᠡᠬᠦ ᠲᠠᠰᠢᠷᠠᠮ ᠢᠶᠠᠷ᠂ ᠦᠷᠬᠡᠨ ᠤᠯᠠᠨ ᠰᠠᠭᠤᠭᠠᠯᠢ ᠠᠷᠡᠳ ᠶᠠᠪᠤᠵᠤ ᠰᠠᠭᠤᠬᠤ ᠪᠠᠨ ᠲᠤᠬᠢᠷᠠᠮᠵᠢᠳᠡᠢ ᠵᠤᠬᠢᠴᠠᠭᠤᠯᠵᠤ᠂ ᠭᠠᠳᠠᠭᠰᠢ ᠭᠠᠷᠬᠤ ᠠᠴᠠ ᠡᠮᠤᠨ᠎ᠠ᠂ ᠤᠴᠢᠬᠤ ᠬᠡᠵᠤ ᠪᠠᠶᠢᠭ᠎ᠠ ᠭᠠᠵᠡᠷ ᠤᠨ ᠬᠢᠵᠢᠭ ᠤᠨ ᠬᠠᠮᠢᠶᠠᠷᠤᠨ ᠡᠵᠡᠮᠳᠡᠬᠦ ᠪᠠᠶᠢᠳᠠᠯ ᠢ ᠰᠠᠶᠢᠳᠤᠷ ᠦᠢᠯᠠᠭᠠᠨ᠂ ᠬᠢᠵᠢᠭ ᠤᠨ ᠲᠤᠮᠳᠠ ᠦᠡᠳᠤᠷ ᠲᠠᠰ ᠤᠨ ᠲᠦᠭᠰᠢᠬᠦᠷᠢᠳᠤ ᠭᠠᠵᠡᠷ ᠤᠷᠤᠨ ᠳᠤ ᠤᠴᠢᠬᠤ ᠦᠬᠡᠢ ᠪᠠᠶᠢᠬᠤ ᠶᠢ ᠰᠠᠨᠠᠭᠠᠴᠢᠯᠠᠵᠤ ᠪᠠᠶᠢᠨ᠎ᠠ᠃ ᠬᠡᠷᠪᠡ ᠵᠠᠪᠠᠯ ᠤᠴᠢᠬᠤ ᠴᠢᠬᠤᠯᠠᠳᠡᠢ ᠪᠤᠯ᠂ ᠤᠷᠢᠳᠴᠢᠯᠡᠨ ᠬᠠᠷᠢᠶ᠎ᠠ ᠪᠠᠶᠢᠭᠤᠯᠭ᠎ᠠ ᠨᠢᠬᠡᠴᠠ᠂ ᠭᠠᠴᠠᠭ᠎ᠠ ᠨᠠᠶᠢᠬᠡᠮ ᠲᠤᠭᠤᠷᠢᠭ ᠲᠤ ᠪᠠᠨ ᠮᠠᠳᠡᠬᠦᠯᠤᠨ ᠲᠠᠩᠰᠠᠯᠠᠭᠤᠯᠬᠤ ᠶᠢᠨ ᠬᠠᠮᠳᠤ᠂ ᠪᠤᠴᠠᠵᠤ ᠢᠷᠡᠭᠰᠡᠨ ᠤ ᠬᠢ ᠪᠠᠨ ᠲᠠᠷᠠᠭ᠎ᠠ ᠰᠠᠨᠠᠭᠠᠴᠢᠯᠠᠭ᠎ᠠ ᠠᠴᠠ ᠪᠠᠨ ᠦᠪᠡᠷ ᠤᠨ ᠠᠵᠢᠯᠯᠠᠭᠠᠨ ᠤ ᠵᠠᠮ ᠱᠤᠭᠤᠮ ᠎ ᠢᠶᠠᠨ ᠮᠡᠳᠡᠬᠦᠯᠬᠦ ᠶᠢᠨ ᠬᠠᠮᠳᠤ ᠪᠦᠬᠡᠮ ᠬᠦᠴᠢᠯ ᠤᠨ ᠪᠠᠶᠢᠴᠠᠭᠠᠯᠳᠠ᠂ ᠲᠤᠰᠠᠭᠠᠷᠯᠠᠨ ᠠᠵᠢᠭᠯᠠᠯᠳᠠ ᠬᠢᠬᠦ ᠵᠠᠷᠬᠡ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢᠨ ᠬᠡᠷᠡᠭᠵᠢᠬᠦᠯᠤᠯᠳᠠ ᠳᠤ ᠰᠠᠶᠢᠳᠤᠷ ᠬᠠᠮᠵᠢᠯᠴᠠᠬᠤ ᠬᠡᠷᠡᠭᠳᠡᠢ᠃      ᠵᠢᠷᠭᠤᠭ᠎ᠠ᠂ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠸᠠᠺᠼᠢᠨ ᠤ ᠲᠠᠷᠢᠯᠭ᠎ᠠ ᠬᠢᠬᠦ ᠪᠤᠯ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠠᠯᠳᠠᠪᠤᠷᠢᠯᠠᠯ ᠢ ᠰᠡᠷᠬᠡᠶᠢᠯᠡᠨ ᠬᠤᠷᠢᠭᠯᠠᠬᠤ ᠬᠠᠮᠤᠭ ᠤᠨ ᠠᠮᠤᠷ ᠲᠦᠪᠰᠢᠨ ᠪᠦᠬᠡᠳ ᠪᠦᠳᠤᠮᠵᠢᠳᠡᠢ ᠠᠷᠭ᠎ᠠ ᠬᠡᠮᠵᠢᠶ᠎ᠠ ᠮᠥᠨ᠃ ᠲᠠᠷᠢᠯᠭ᠎ᠠ ᠨᠢ ᠬᠠᠯᠳᠠᠪᠤᠷᠢᠯᠡᠯ ᠤᠨ ᠨᠤᠷᠮ᠎ᠠ  ᠂ ᠬᠦᠡᠳᠤ ᠬᠠᠯᠳᠠᠪᠤᠷᠢᠯᠠᠯ ᠤᠨ ᠨᠤᠷᠮ᠎ᠠ᠂ ᠦᠬᠦᠯᠳᠠ ᠶᠢᠨ ᠨᠤᠷᠮ᠎ᠠ ᠶᠢ ᠪᠦᠳᠤᠮᠵᠢᠳᠡᠢ ᠲᠤᠷᠤᠭᠰᠢᠯᠠᠭᠤᠯᠤᠨ᠎ᠠ᠃ ᠪᠦᠬᠦᠯᠢ 12 ᠨᠠᠰᠤᠨ ᠠᠴᠠ ᠲᠡᠬᠡᠭᠰᠢ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠸᠠᠺᠼᠢᠨ ᠤ ᠲᠠᠷᠢᠯᠭ᠎ᠠ ᠲᠠᠷᠢᠭ᠎ᠠ ᠦᠬᠡᠢ ᠰᠠᠭᠤᠭᠠᠯᠢ ᠠᠷᠡᠳ ︵ᠲᠤᠰᠬᠠᠢ ᠬᠡᠷᠡᠴᠢ ᠲᠠᠢ ᠲᠠᠷᠢᠯᠭ᠎ᠠ ᠬᠢᠯᠬᠡᠵᠤ ᠪᠤᠯᠬᠤ ᠦᠬᠡᠢ ᠬᠦᠮᠤᠰ ᠠᠴᠠ ᠭᠠᠳᠠᠨ᠎ᠠ︶ ᠲᠠᠷᠤᠶᠢᠬᠠᠨ ᠲᠠᠷᠢᠯᠭ᠎ᠠ ᠲᠠᠷᠢᠭᠤᠯᠬᠤ ᠴᠡᠭ ︵ᠬᠤᠰᠢᠭᠤ ᠪᠦᠬᠦ ᠠᠷᠡᠳ ᠤᠨ ᠪᠠᠶ᠎ᠠ ᠴᠢᠬᠢᠷᠠᠭᠵᠢᠭᠤᠯᠬᠤ ᠲᠦᠪ︶᠎ ᠲᠤ ᠬᠦᠷᠴᠤ ᠲᠠᠷᠢᠯᠭ᠎ᠠ ᠲᠠᠷᠢᠭᠤᠯᠤᠨ᠂ ᠨᠢᠬᠡᠳᠤᠬᠡᠷ ᠲᠠᠷᠢᠯᠭ᠎ᠠ ᠪᠠᠨ ᠲᠠᠷᠢᠭᠠᠳ 21 ᠬᠤᠨᠤᠭᠰᠡᠨ ᠬᠦᠮᠤᠰ ᠱᠠᠭᠠᠷᠳᠠᠯᠭ᠎ᠠ ᠶᠤᠰᠤᠭᠠᠷ ᠲᠤᠭᠳᠠᠭᠰᠡᠨ ᠴᠠᠭ ᠲᠤ ᠪᠠᠨ ᠬᠤᠶᠠᠳᠤᠭᠠᠷ ᠲᠠᠷᠢᠯᠭ᠎ᠠ ᠪᠠᠨ ᠲᠠᠷᠢᠭᠤᠯᠵᠤ᠂ ᠬᠢᠵᠢᠭ ᠢ ᠰᠡᠷᠬᠡᠶᠢᠯᠡᠬᠤ ᠬᠠᠯᠬᠠᠪᠴᠢ ᠶᠢ ᠬᠠᠮᠳᠤ ᠪᠠᠷ ᠴᠤᠭᠴᠠᠯᠠᠶ᠎ᠠ᠃         ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ                   2021 ᠤᠨ ᠤ 9 ᠰᠠᠷ᠎ᠠ ᠶᠢᠨ 24᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号