ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠬᠡᠷᠡᠭᠯᠡᠬᠦ ᠶᠡᠷᠦ ᠶᠢᠨ ᠮᠡᠳᠡᠯᠭᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠷᠭ᠎ᠠ ᠶᠢᠨ ᠲᠤᠬᠠᠶ ᠠᠪᠠᠭ᠎ᠠ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ ᠤᠨ ᠠᠯᠪᠠᠨ ᠵᠠᠷ
ᠨᠡᠶᠢᠲᠡᠯᠡᠭᠰᠡᠨ ᠴᠠᠭ᠄
2021/11/17
     ᠠᠪᠠᠭ᠎ᠠ ᠠᠶᠤᠯᠭᠦᠶ ᠵᠥᠪᠯᠡᠯ ᠲᠠᠷᠬᠠᠭᠠᠭᠰᠡᠨ ﹇2021﹈ 26 ᠳ᠋ᠤᠭᠠᠷ ᠲᠤᠭᠠᠳᠤ      ᠰᠢ ᠶᠢᠨ ᠫᠢᠩ ᠶᠡᠷᠦᠩᠬᠡᠶ ᠱᠦᠵᠢ ᠶᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠲᠣᠭᠲᠠᠭᠤᠨ ᠠᠶᠤᠯᠭᠦᠶ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠠᠲᠤᠯᠠᠬᠤ ᠶᠢᠨ ᠲᠤᠰᠠᠳᠠ᠂ ᠤᠳᠤ ᠥᠷᠭᠡᠨ ᠤᠯᠠᠨ ᠬᠡᠷᠡᠭᠯᠡᠭᠴᠢᠳ ᠲᠤ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ ᠠᠶᠤᠯᠭᠦᠶ ᠬᠡᠷᠡᠭᠯᠡᠬᠦ ᠶᠡᠷᠦ ᠶᠢᠨ ᠮᠡᠳᠡᠯᠭᠡ      ⒈ ᠬᠢᠷᠢ ᠲᠡᠩᠴᠡᠭᠰᠡᠨ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠵᠤ᠂ ᠰᠢᠩᠭᠡᠨᠵᠢᠮᠡᠯ ᠴᠢᠯᠠᠭᠤᠨ ᠲᠣᠰᠣᠨ ᠤ ᠬᠡᠶ ᠬᠠᠩᠭᠠᠬᠤ ᠪᠢᠴᠢᠭ ᠪᠠᠷᠢᠮᠳᠠ ᠪᠦᠷᠢᠨ ᠥᠷᠲᠡᠭᠡ ︵ᠴᠡᠭ︶᠎ ᠳᠤ ᠬᠦᠷᠴᠦ ᠬᠡᠶ ᠰᠣᠯᠢᠨ᠎ᠠ᠂ ᠳᠦᠭᠦᠷᠭᠡᠨ ᠰᠠᠪᠠᠯᠠᠬᠤ ᠵᠥᠪᠰᠢᠶᠡᠷᠡᠯ ᠤᠨ ᠦᠨᠡᠮᠯᠡᠯ ᠥᠬᠡᠶ ᠨᠢᠭᠡᠴᠡ ᠠᠴᠠ ᠬᠤᠳᠠᠯᠳᠤᠨ ᠠᠪᠬᠤ ᠥᠬᠡᠶ ᠪᠠᠶᠢᠵᠤ᠂ ᠬᠤᠳᠠᠯᠳᠤᠨ ᠠᠪᠬᠤ ᠦᠶ᠎ᠠ ᠳᠤ ᠪᠠᠨ ᠪᠠᠷᠢᠮᠲᠠ ᠠᠪᠬᠤ ᠬᠡᠷᠡᠭᠲᠡᠶ᠃      ⒉ ᠰᠢᠩᠬᠡᠨᠵᠢᠮᠡᠯ ᠬᠡᠢ ᠶᠢᠨ ᠪᠤᠯᠤᠳ ᠰᠠᠪᠠ ᠡᠷᠬᠡᠪᠰᠢ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠬᠢᠨᠠᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠂ ᠰᠢᠯᠭᠠᠨ ᠪᠠᠶᠢᠴᠠᠭᠠᠯᠭᠠᠭᠰᠠᠨ ᠦᠭᠡᠢ ᠶᠢ ᠨᠢ ᠬᠡᠷᠡᠭᠯᠡᠵᠦ ᠪᠣᠯᠬᠤ ᠦᠭᠡᠢ᠃      ⒊ᠬᠢᠨᠡᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠥᠭᠡᠳ ᠨᠢᠭᠡᠨᠲᠡ ᠪᠠᠶᠢᠴᠠᠭᠠᠨ ᠰᠢᠯᠭᠠᠭᠰᠠᠨ ᠡᠩ ᠤᠨ ᠭᠡᠷ ᠪᠦᠯᠢ ᠶᠢᠨ ᠬᠡᠷᠡᠭᠯᠡᠬᠦ 15Kg᠎ ᠤᠨ ᠪᠤᠯᠤᠳ ᠰᠠᠪᠠ ᠶᠢᠨ ᠬᠡᠷᠡᠭᠯᠡᠬᠦ ᠬᠤᠭᠤᠴᠠᠭ᠎ᠠ ᠨᠢ 15 ᠵᠢᠯ᠂ ᠦᠢᠯᠡᠳᠪᠦᠷᠢᠯᠡᠭᠰᠡᠨ ᠡᠳᠦᠷ ᠠᠴᠠ ᠡᠬᠢᠯᠡᠨ 4 ᠵᠢᠯ ᠳᠤ ᠨᠢᠭᠡ ᠤᠳᠠᠭ᠎ᠠ ᠪᠠᠶᠢᠴᠠᠭᠠᠨ ᠰᠢᠯᠭᠠᠵᠤ᠂ 50Kg ᠪᠤᠯᠤᠳ ᠰᠠᠪᠠ ᠶᠢ 3 ᠵᠢᠯ ᠳᠤ ᠨᠢᠭᠡ ᠤᠳᠠᠭ᠎ᠠ ᠪᠠᠶᠢᠴᠠᠭᠠᠨ ᠰᠢᠯᠭᠠᠨ᠎ᠠ᠃      ⒋ᠬᠡᠮᠵᠢᠶᠡᠨ ᠠᠴᠠ ᠬᠡᠲᠦᠷᠡᠲᠡᠯ᠎ᠡ ᠲᠦᠬᠦᠷᠬᠡᠬᠦ ᠦᠬᠡᠢ ᠪᠠᠶᠢᠬᠤ ︵15Kg᠎ ᠤᠨ ᠪᠤᠯᠤᠳ ᠰᠠᠪᠠᠨ ᠤ ᠰᠠᠪᠠᠯᠠᠬᠤ ᠬᠡᠮᠵᠢᠶ᠎ᠡ ᠶᠢ 14᠂ 5Kg± 0᠂ 5Kg ᠭᠡᠵᠦ ᠲᠣᠭᠲᠠᠭᠠᠵᠠᠶ︔ 50Kg᠎ ᠤᠨ ᠪᠣᠯᠣᠳ ᠰᠠᠪᠠᠨ ᠤ ᠰᠠᠪᠠᠯᠠᠬᠤ ᠬᠡᠮᠵᠢᠶ᠎ᠡ ᠶᠢ 49Kg±1Kg ᠭᠡᠵᠦ ᠲᠣᠭᠲᠠᠭᠠᠪᠠ︶ ᠬᠡᠷᠡᠭᠳᠡᠢ᠃      ⒌ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠢᠯᠡ ᠭᠠᠯ ᠪᠠ ᠥᠨᠳᠥᠷ ᠳᠤᠯᠠᠭᠠᠨ ᠠᠴᠠ ᠬᠤᠯᠠ ᠪᠠᠶᠢᠯᠭᠠᠵᠤ ᠂ ᠰᠢᠩᠭᠡᠵᠢᠮᠠᠯ ᠬᠡᠢ ᠶᠢ ᠪᠤᠰᠤᠳ ᠭᠠᠯ ᠤᠨ ᠰᠤᠷᠪᠤᠯᠵᠢ ᠲᠠᠢ ᠨᠢᠭᠡ ᠥᠷᠥᠭᠡᠨ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠪᠣᠯᠣᠳ ᠯᠣᠩᠬᠤᠨ ᠤ ᠡᠷᠬᠢᠨ ᠲᠣᠭᠤᠷᠢᠨ ᠤ ᠳᠤᠯᠠᠭᠠᠨ ᠤ ᠬᠡᠮᠵᠢᠶ᠎ᠡ 45 ᠭᠷᠠᠳᠦ᠋ᠰ ᠠᠴᠠ ᠬᠡᠲᠦᠷᠡᠵᠦ ᠪᠣᠯᠬᠤ ᠦᠭᠡᠶ᠃      ⒍ ᠭᠠᠯ᠂ ᠠᠭᠤᠷ᠂ ᠪᠤᠴᠠᠯᠤᠭᠰᠠᠨ ᠤᠰᠤ ᠪᠠᠷ ᠪᠣᠯᠣᠳ ᠰᠠᠪᠠ ᠶᠢ ᠬᠠᠯᠠᠭᠠᠬᠤ ᠶᠢ ᠴᠢᠩᠭ᠎ᠠ ᠴᠠᠭᠠᠵᠠᠯᠠᠵᠤ᠂ ᠪᠣᠯᠣᠳ ᠰᠠᠪᠠᠨ ᠤ ᠳᠠᠷᠤᠯᠲᠠ ᠲᠦᠷᠭᠡᠨ ᠳᠡᠭᠡᠭᠰᠢᠯᠡᠵᠦ ᠰᠠᠨᠠᠭᠠᠨ ᠳᠤ ᠥᠬᠡᠶ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃      ⒎ ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠬᠡᠪᠲᠡᠭᠦᠯᠵᠦ ᠲᠠᠯᠪᠢᠬᠤ ᠪᠤᠶᠤ ᠲᠤᠩᠭᠤᠷᠠᠭᠤᠯᠵᠤ ᠲᠠᠯᠪᠢᠬᠤ ᠶᠢ ᠴᠢᠩᠭ᠎ᠠ ᠴᠠᠭᠠᠵᠠᠯᠠᠵᠤ᠂ ᠡᠷᠬᠡᠪᠰᠢ ᠪᠤᠰᠤᠭ᠎ᠠ ᠪᠠᠷ ᠲᠠᠯᠪᠢᠬᠤ ᠬᠡᠷᠡᠭᠲᠡᠶ᠃      ⒏ ᠬᠡᠷᠡᠭᠯᠡᠭᠴᠢ ᠶᠢᠨ ᠥᠪᠡᠰᠦᠪᠡᠨ ᠬᠡᠶ ᠳᠠᠮᠵᠢᠭᠤᠯᠬᠤ᠂ ᠦᠯᠡᠳᠡᠭᠳᠡᠯ ᠰᠢᠩᠭᠡᠨ ᠢᠶᠠᠨ ᠴᠢᠳᠬᠤᠬᠤ ᠶᠢ ᠴᠢᠩᠭ᠎ᠠ ᠴᠠᠭᠠᠵᠠᠯᠠᠵᠤ᠂ ᠰᠢᠯᠭᠠᠨ ᠪᠠᠶᠢᠴᠠᠭᠠᠬᠤ ᠲᠡᠮᠳᠡᠭ ᠪᠠ ᠰᠠᠪᠠᠨ ᠤ ᠰᠢᠷ ᠤᠨ ᠥᠩᠭᠡ ᠶᠢ ᠥᠪᠡᠰᠦᠪᠡᠨ ᠰᠣᠯᠢᠬᠤ ᠶᠢ ᠴᠢᠩᠭ᠎ᠠ ᠴᠠᠭᠠᠵᠠᠯᠠᠨ᠎ᠠ᠃      ⒐ ᠰᠢᠩᠬᠡᠨᠵᠢᠮᠡᠯ ᠬᠡᠢ ᠶᠢᠨ ᠪᠤᠯᠤᠳ ᠰᠠᠪᠠ ᠪᠣᠯᠤᠨ ᠵᠤᠤᠬᠠᠨ ᠤ ᠬᠡᠷᠡᠭᠰᠡᠯ ᠢ ᠬᠤᠯᠪᠣᠭᠰᠠᠨ ᠭᠤᠮ ᠬᠤᠭᠤᠯᠠᠶ ᠶᠢᠨ ᠬᠤᠶᠠᠷ ᠦᠵᠦᠭᠦᠷ ᠢ ᠡᠷᠬᠡᠪᠰᠢ ᠬᠤᠭᠤᠯᠠᠶ ᠶᠢᠨ ᠬᠠᠪᠴᠢᠭᠤᠷ ᠢᠶᠠᠷ ᠴᠢᠩᠭ᠎ᠠ ᠬᠠᠪᠴᠢᠵᠤ᠂ ᠪᠤᠯᠤᠳ  ᠰᠠᠪᠠ ᠪᠣᠯᠤᠨ ᠵᠤᠤᠬᠠᠨ ᠤ ᠭᠠᠳᠠᠷ ᠲᠠᠯ᠎ᠠ ᠶᠢᠨ ᠬᠤᠭᠤᠷᠣᠨᠳᠣᠬᠢ ᠵᠠᠶ ᠨᠢ 0᠂ 5 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠂ ᠭᠤᠮ ᠬᠤᠭᠤᠯᠠᠶ ᠶᠢᠨ ᠤᠷᠳᠤ ᠨᠢ 2 ᠮᠧᠲᠷ ᠠᠴᠠ ᠬᠡᠲᠦᠷᠡᠵᠦ ᠪᠣᠯᠬᠤ ᠦᠭᠡᠢ᠃      ⒑ ᠰᠢᠲᠠᠮᠠᠬᠠᠶ ᠬᠡᠶ ᠶᠢᠨ ᠵᠤᠤᠬ᠎ᠠ ᠶᠢ ᠬᠤᠳᠠᠯᠳᠤᠨ ᠠᠪᠬᠤ ᠳᠠᠭᠠᠨ ᠦᠢᠯᠡᠳᠪᠤᠷᠢ ᠶᠢᠨ ᠨᠡᠷ᠎ᠡ᠂ ᠦᠢᠯᠡᠳᠪᠤᠷᠢ ᠶᠢᠨ ᠬᠠᠶ᠋ᠢᠭ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠪᠠ ᠠᠮᠤᠷ ᠲᠦᠪᠰᠢᠨ ᠢᠶᠠᠷ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠨᠢᠮᠪᠠᠶ ᠪᠠᠶᠢᠴᠠᠭᠠᠨ ᠦᠵᠡᠵᠦ᠂ ︽ᠭᠤᠷᠪᠠ ᠥᠬᠡᠶ︾ ᠬᠠᠭᠤᠷᠮᠠᠭ ᠮᠠᠭᠤ ᠦᠢᠯᠡᠳᠬᠦᠨ ᠬᠤᠳᠠᠯᠳᠤᠨ ᠠᠪᠬᠤ ᠠᠴᠠ ᠵᠠᠶᠢᠯᠠᠰᠬᠢᠬᠦ ᠬᠡᠷᠡᠭᠲᠡᠶ᠃     ⒒ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠨᠣᠴᠣᠭᠠᠬᠤ ᠦᠶᠡᠰ᠂ ᠤᠷᠢᠳ ᠢᠶᠠᠷ ᠪᠣᠯᠣᠳ ᠰᠠᠪᠠᠨ ᠳᠡᠭᠡᠷᠡᠬᠢ ᠨᠡᠭᠡᠯᠡᠬᠡᠶ ᠶᠢ ᠨᠡᠭᠡᠭᠡᠵᠦ᠂ ᠳᠠᠷᠠᠭ᠎ᠠ ᠨᠢ ᠵᠤᠤᠬ᠎ᠠ ᠢᠶᠠᠨ ᠨᠣᠴᠣᠭᠠᠨ᠎ᠠ᠃ ᠬᠡᠷᠡᠭᠯᠡᠵᠦ ᠪᠠᠷᠠᠭᠰᠠᠨ ᠤ ᠳᠠᠷᠠᠭ᠎ᠠ᠂ ᠤᠷᠢᠳ ᠢᠶᠠᠷ ᠵᠤᠤᠬ᠎ᠠ ᠪᠠᠨ ᠬᠠᠭᠠᠵᠤ᠂ ᠳᠠᠷᠠᠭ᠎ᠠ ᠨᠢ ᠪᠣᠯᠣᠳ ᠰᠠᠪᠠᠨ ᠤ ᠨᠡᠭᠡᠯᠡᠬᠡᠶ ᠶᠢ ᠬᠠᠭᠠᠨ᠎ᠠ᠃     ⒓ᠰᠢᠩᠬᠡᠨᠵᠢᠮᠡᠯ ᠬᠡᠢ ᠶᠢᠨ ᠪᠣᠯᠣᠳ ᠰᠠᠪᠠ ᠶᠢ ᠰᠣᠯᠢᠬᠤ ᠦᠶ᠎ᠡ ᠳᠤ᠂ ᠲᠠᠷᠤᠯᠳᠠ ᠲᠣᠬᠢᠷᠠᠭᠤᠯᠤᠭᠴᠢ ᠶᠢ ᠰᠠᠯᠭᠠᠬᠤ ᠳᠤ ᠪᠠᠨ ᠲᠠᠷᠤᠯᠳᠠ ᠲᠣᠬᠢᠷᠠᠭᠤᠯᠤᠭᠴᠢ ᠶᠢᠨ ᠡᠮᠦᠨ᠎ᠡ ᠬᠡᠰᠡᠭ ᠤᠨ ᠨᠢᠭᠲᠠ ᠪᠢᠳᠠᠬᠦᠮᠵᠢᠯᠡᠬᠦ ᠭᠤᠮ ᠴᠠᠭᠠᠷᠢᠭ ᠤᠨ ᠪᠦᠷᠢᠨ ᠪᠦᠲᠦᠨ ᠪᠠᠶᠢᠬᠤ ᠶᠢ ᠨᠠᠷᠢᠨ ᠪᠠᠶᠢᠴᠠᠭᠠᠬᠤ ᠬᠡᠷᠡᠭᠲᠡᠶ᠂ ᠡᠰᠡ ᠲᠡᠭᠡᠪᠡᠯ ᠬᠡᠷᠡᠭᠯᠡᠵᠦ ᠪᠣᠯᠬᠤ ᠦᠭᠡᠢ︔ ᠲᠠᠷᠤᠯᠳᠠ ᠲᠤᠬᠢᠷᠠᠭᠤᠯᠤᠭᠴᠢ ᠶᠢ ᠤᠭᠰᠠᠷᠠᠬᠤ ᠳᠠᠭᠠᠨ ᠲᠠᠷᠤᠯᠳᠠ ᠲᠤᠬᠢᠷᠠᠭᠤᠯᠤᠭᠴᠢ ᠶᠢᠨ ᠡᠷᠬᠢᠬᠦᠯ ᠢ ᠴᠢᠩᠭᠠᠯᠠᠬᠤ ᠶᠢᠨ ᠬᠠᠮᠲᠤ ᠪᠤᠯᠤᠤᠠ ᠰᠠᠪᠠᠨ ᠤ ᠨᠡᠭᠡᠯᠡᠬᠡᠶ ᠶᠢ ᠨᠡᠭᠡᠭᠡᠵᠦ᠂ ᠰᠠᠪᠤᠩ ᠲᠠᠢ ᠤᠰᠤ ᠪᠠᠷ ᠡᠯ᠎ᠡ ᠵᠠᠯᠭᠠᠭᠠᠰᠤ ᠶᠢᠨ ᠭᠡᠢ ᠭᠤᠭᠤᠵᠢᠵᠤ ᠪᠠᠶᠢᠬᠤ ᠡᠰᠡᠬᠦ ᠶᠢ ᠪᠠᠶᠢᠴᠠᠭᠠᠨ᠎ᠠ᠃     ⒔ᠲᠠᠷᠤᠯᠳᠠ ᠲᠣᠬᠢᠷᠠᠭᠤᠯᠬᠤ ᠨᠡᠭᠡᠯᠡᠬᠡᠶ ᠶᠢ ᠵᠥᠪ ᠣᠨᠣᠪᠴᠢᠲᠠᠶ ᠰᠣᠩᠭᠤᠨ ᠬᠡᠷᠡᠭᠯᠡᠵᠦ᠂ ᠳᠤᠮᠳᠠ ᠳᠠᠷᠤᠯᠲᠠᠲᠤ ᠲᠠᠷᠤᠯᠳᠠ ᠲᠣᠬᠢᠷᠠᠭᠤᠯᠬᠤ ᠨᠡᠭᠡᠯᠡᠬᠡᠶ ᠶᠢ ᠬᠡᠷ ᠪᠦᠯᠢ ᠶᠢᠨ ᠬᠡᠷᠡᠭᠯᠡᠭᠡᠨ ᠤ ᠳᠣᠤᠷ᠎ᠠ ᠳᠠᠷᠤᠯᠲᠠᠲᠤ ᠰᠢᠲᠠᠮᠠᠬᠠᠶ ᠬᠡᠶ ᠶᠢᠨ ᠵᠤᠤᠬ᠎ᠠ ᠳᠤ ᠤᠭᠰᠠᠷᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃     ⒕ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠬᠡᠷᠡᠭᠯᠡᠬᠦ ᠦᠶ᠎ᠡ ᠳᠤ᠂ ᠬᠠᠵᠠᠭᠤ ᠳᠤᠨᠢ ᠬᠦᠮᠤᠨ ᠲᠠᠢ ᠪᠠᠶᠢᠬᠤ ᠶᠢ ᠪᠠᠳᠤᠯᠠᠨ᠂ ᠵᠤᠤᠬ᠎ᠠ ᠶᠢᠨ ᠭᠠᠯ ᠰᠠᠯᠬᠢᠨ ᠳᠤ ᠦᠯᠢᠶᠡᠭᠳᠡᠨ ᠤᠨᠲᠠᠷᠠᠬᠤ ᠪᠤᠶᠤ ᠬᠤᠭᠤᠯᠠ ᠤᠮᠳ᠋ᠨ ᠪᠢᠯᠬᠠᠨ ᠠᠰᠬᠠᠬᠤ ᠠᠴᠠ ᠪᠣᠯᠵᠣ᠂ ᠵᠤᠤᠬ᠎ᠠ ᠶᠢᠨ ᠭᠠᠯ ᠤᠨᠲᠠᠷᠠᠵᠣ ᠰᠢᠲᠠᠮᠠᠬᠠᠶ ᠬᠡᠶ ᠯᠡᠪᠡᠷᠡᠬᠦ ᠶᠢ ᠰᠡᠷᠭᠡᠶᠢᠯᠡᠵᠦ᠂ ᠭᠠᠯ ᠢᠶᠠᠨ ᠤᠡᠳᠠᠷᠠᠭᠠᠭᠠᠳ ᠶᠠᠪᠤᠬᠤ ᠶᠢ ᠪᠠᠳᠤᠯᠠᠬᠤ ᠬᠡᠷᠡᠭᠲᠡᠶ᠃     ⒖ ᠬᠡᠷ ᠪᠦᠯᠢ ᠶᠢᠨ ᠬᠡᠷᠡᠭᠯᠡᠭᠴᠢ ᠨᠢ ᠶᠠᠷᠤᠳᠡᠬᠡᠨ ᠰᠢᠩᠭᠡᠵᠢᠮᠠᠯ ᠴᠢᠯᠠᠭᠤᠨ ᠲᠣᠰᠣᠨ ᠤ ᠬᠡᠶ ᠶᠢᠨ ᠪᠣᠯᠣᠳ ᠰᠠᠪᠠ ᠶᠢ ᠨᠢᠭᠡ ᠶᠢ ᠯᠠ ᠬᠠᠳᠠᠭᠠᠯᠠᠪᠠᠯ ᠵᠣᠬᠢᠨ᠎ᠠ᠃     ᠬᠤᠶᠠᠷ᠂ ᠰᠢᠩᠭᠡᠨᠵᠢᠮᠡᠯ ᠴᠢᠯᠠᠭᠤᠨ ᠲᠤᠰᠤᠨ ᠬᠡᠢ ᠰᠠᠪᠠᠯᠠᠭᠰᠡᠨ ᠪᠤᠯᠤᠳ ᠰᠠᠪᠠ ᠶᠢ ᠬᠠᠳᠠᠭᠠᠯᠠᠬᠤ ᠠᠷᠭ᠎ᠠ     ⒈ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠭᠠᠵᠠᠷ ᠤᠨ ᠡᠵᠡᠩᠨᠡᠯᠲᠡ ᠶᠢᠨ ᠲᠢᠩᠬᠢᠮ ᠳᠤ ᠰᠢᠩᠬᠡᠨᠵᠢᠮᠡᠯ ᠬᠡᠢ ᠶᠢᠨ ᠪᠤᠯᠤᠳ ᠰᠠᠪᠠ ᠬᠠᠳᠠᠭᠠᠯᠠᠬᠤ ᠪᠠ ᠬᠡᠷᠡᠭᠯᠡᠬᠦ ᠶᠢ ᠴᠠᠭᠠᠵᠠᠯᠠᠨ᠎ᠠ᠃     ⒉ ᠭᠠᠵᠠᠷ ᠳᠣᠤᠷᠠᠬᠢ᠂ ᠬᠠᠭᠠᠰ ᠭᠠᠵᠠᠷ ᠳᠣᠤᠷᠠᠬᠢ ᠬᠡᠷ ᠪᠠ ᠲᠠᠯᠠᠪᠤᠷ ᠲᠤ ᠬᠠᠳᠠᠭᠠᠯᠠᠬᠤ ᠪᠤᠶᠤ ᠬᠡᠷᠡᠭᠯᠡᠬᠦ ᠶᠢ ᠵᠥᠪᠰᠢᠶᠡᠷᠡᠬᠦ ᠥᠬᠡᠶ᠃     ⒊ ᠪᠣᠯᠣᠳ ᠰᠠᠪᠠ ᠶᠢ ᠰᠢᠲᠠᠮ᠎ᠠ ᠨᠡᠷᠡᠨ ᠳᠤ ᠢᠯᠡ ᠰᠢᠷᠠᠭᠳᠠᠬᠤ᠂ ᠪᠣᠷᠣᠭᠠᠨ ᠳᠤ ᠨᠣᠷᠣᠭᠳᠠᠬᠤ ᠵᠢᠴᠢ ᠴᠢᠭᠢᠭᠯᠢᠭ ᠭᠠᠵᠠᠷ ᠲᠤ ᠲᠠᠯᠪᠢᠬᠤ ᠶᠢ ᠴᠢᠩᠭ᠎ᠠ ᠴᠠᠭᠠᠵᠠᠯᠠᠨ᠎ᠠ᠃     ⒋ ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠬᠠᠳᠠᠭᠠᠯᠠᠵᠤ ᠪᠠᠶᠢᠭ᠎ᠠ ᠬᠥᠮᠥᠷᠭᠡ ᠨᠢ ᠬᠥᠮᠦᠰ ᠤᠨ ᠰᠠᠭᠤᠵᠤ ᠪᠠᠶᠢᠭ᠎ᠠ ᠭᠠᠵᠠᠷ ᠲᠠᠢ ᠨᠢᠭᠡ ᠯᠡ ᠪᠠᠷᠢᠯᠭ᠎ᠠ ᠶᠢᠨ ᠳᠣᠲᠣᠷ᠎ᠠ ᠪᠠᠶᠢᠵᠤ ᠪᠣᠯᠬᠤ ᠦᠭᠡᠢ ᠪᠥᠭᠡᠳ ᠠᠮᠤᠷ ᠲᠦᠪᠰᠢᠨ ᠤ ᠵᠠᠶ ᠲᠠᠢ ᠪᠠᠶᠢᠯᠭᠠᠬᠤ ᠬᠡᠷᠡᠭᠳᠡᠢ᠃     ⒌ ᠬᠤᠳᠠᠯᠳᠤᠭᠠᠨ ᠤ ᠭᠠᠵᠡᠷ᠂ ᠢᠳᠡᠭᠡᠨ ᠤᠮᠳᠠᠭᠠᠨ ᠤ ᠲᠠᠯᠠᠪᠤᠷ ᠤᠨ ᠲᠣᠭᠤᠭᠠᠨ ᠭᠡᠷ ᠲᠤ ᠨᠢᠭᠡ ᠠᠴᠠ ᠢᠯᠡᠬᠦᠦ ᠪᠤᠯᠤᠳ ᠰᠠᠪᠠ ᠬᠡᠷᠡᠭᠯᠡᠪᠡᠯ ᠬᠠᠳᠠᠭᠠᠯᠠᠬᠤ ᠲᠠᠰᠤᠯᠭ᠎ᠠ ᠶᠢ ᠲᠤᠰᠠᠭᠠᠷ ᠪᠠᠶᠢᠷᠢᠯᠠᠭᠤᠯᠤᠨ᠂ ᠯᠣᠩᠬᠤ ᠬᠠᠳᠠᠭᠠᠯᠠᠬᠤ ᠲᠠᠰᠤᠯᠭ᠎ᠠ ᠪᠣᠯᠭᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠄     ⑴ ᠥᠷᠥᠭᠡᠨ ᠤ ᠴᠣᠩᠬᠤ ᠶᠢ ᠨᠡᠭᠡᠭᠡᠵᠦ᠂ ᠲᠠᠯᠠᠪᠠᠢ ᠨᠢ ᠳᠠᠷᠤᠯᠲᠠ ᠪᠠᠭᠤᠷᠠᠭᠤᠯᠬᠤ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠰᠠᠯᠬᠢ ᠵᠢᠪᠠᠷ ᠨᠡᠪᠲᠡᠷᠡᠬᠦ ᠳᠤ ᠰᠠᠶᠢᠨ ᠪᠠᠶᠢᠬᠤ ᠬᠡᠷᠡᠭᠳᠡᠢ᠃     ⑵ᠥᠷᠥᠭᠡᠨ ᠤ ᠴᠠᠬᠢᠯᠭᠠᠨ ᠬᠡᠷᠡᠭᠯᠡᠭᠦᠷ ᠨᠢ ᠳᠡᠯᠪᠡᠷᠡᠯᠲᠡ ᠶᠢ ᠰᠡᠷᠭᠡᠶᠢᠯᠡᠬᠦ ᠴᠠᠬᠢᠯᠭᠠᠨ ᠬᠡᠷᠡᠭᠯᠡᠭᠦᠷ ᠪᠠᠶᠢᠬᠤ ᠬᠡᠷᠡᠭᠲᠡᠶ︔     ⑶ᠭᠡᠷ ᠤᠨ ᠱᠠᠯᠠ ᠤᠴᠢ ᠦᠯᠤ ᠡᠬᠦᠰᠬᠦ ᠭᠠᠳᠠᠷᠭᠤ ᠪᠠᠶᠢᠬᠤ ᠬᠡᠷᠡᠭᠲᠡᠶ︔     ⑷ᠬᠥᠷᠰᠢ ᠵᠡᠷᠭᠡᠯᠡᠳᠡᠭᠡ ᠭᠡᠷ ᠪᠠᠶᠢᠰᠢᠩ ᠨᠢ ᠢᠯᠡ ᠭᠠᠯ ᠦᠬᠡᠢ᠂ ᠤᠴᠢ ᠦᠯᠤ ᠡᠬᠦᠰᠬᠦ ᠱᠠᠯᠠ ᠪᠠᠶᠢᠬᠤ ᠬᠡᠷᠡᠭᠲᠡᠶ︔     ⑸ ᠰᠢᠲᠠᠮᠠᠬᠠᠶ ᠬᠡᠶ ᠶᠢᠨ ᠥᠳᠬᠡᠴᠡ ᠶᠢᠨ ᠰᠠᠷᠠᠮᠵᠢᠯᠡᠬᠦᠯᠬᠦ ᠲᠦᠬᠦᠬᠡᠷᠤᠮᠵᠢ ᠲᠣᠬᠢᠷᠠᠭᠤᠯᠬᠤ ᠬᠡᠷᠡᠭᠲᠡᠶ︔     ⑹ ᠠᠳᠠᠭ ᠪᠠᠭ᠎ᠠ ᠳᠠᠭᠠᠨ 8 ᠺᠢᠯᠣᠭ᠍ᠷᠠᠮ ᠬᠠᠭᠤᠷᠠᠶ ᠨᠤᠨᠲᠠᠭ ᠤᠨ ᠭᠠᠯ ᠤᠨᠲᠠᠷᠠᠭᠠᠭᠤᠷ ᠢ 2᠎ ᠠᠴᠠ ᠳᠡᠭᠡᠭᠰᠢ ᠲᠣᠬᠢᠷᠠᠭᠤᠯᠬᠤ ᠬᠡᠷᠡᠭᠲᠡᠶ᠃     ᠭᠤᠷᠪᠠ᠂ ᠰᠢᠲᠠᠮᠠᠬᠠᠶ ᠬᠡᠶ ᠯᠡᠪᠡᠷᠡᠬᠦ ᠶᠢ ᠬᠡᠷᠬᠢᠨ ᠢᠯᠭᠠᠨ ᠲᠠᠨᠢᠬᠤ ᠪᠣᠶ     ⒈ ᠰᠢᠲᠠᠮᠠᠬᠠᠶ ᠬᠡᠶ ᠶᠢᠨ ᠲᠣᠰ ᠪᠡᠶ᠎ᠡ ᠨᠢ ᠥᠩᠭᠡ ᠥᠬᠡᠶ ᠦᠨᠦᠷ ᠥᠬᠡᠶ ᠬᠡᠶ ᠪᠡᠶᠡᠲᠦ ᠪᠠᠶᠢᠵᠤ᠂ ᠨᠢᠳᠦᠨ ᠳᠤ ᠦᠵᠡᠭᠳᠡᠬᠦ ᠥᠬᠡᠶ ᠪᠠᠶᠢᠳᠠᠭ᠃ ᠬᠡᠷᠡᠭᠯᠡᠭᠴᠢᠳ ᠤᠨ ᠢᠯᠭᠠᠨ ᠲᠠᠨᠢᠬᠤ ᠳᠤ ᠲᠥᠬᠦᠮ ᠪᠣᠯᠭᠠᠬᠤ ᠶᠢᠨ ᠲᠤᠰᠠᠳᠠ᠂ ᠰᠠᠭᠤᠭᠠᠯᠢ ᠠᠷᠠᠳ ᠲᠤ ᠬᠡᠷᠡᠭᠯᠡᠬᠦ ᠰᠢᠲᠠᠮᠠᠬᠠᠶ ᠬᠡᠶ ᠳᠤ ᠬᠦᠮᠤᠨ ᠤ ᠬᠦᠴᠤ ᠪᠠᠷ ᠠᠮᠠᠷᠬᠠᠨ ᠦᠨᠤᠷᠳᠡᠭᠳᠡᠬᠦ‍ ᠨᠢᠭᠡ ᠵᠥᠢᠯ ᠤᠨ ᠣᠨᠴᠠᠭᠠᠶ ᠦᠮᠡᠬᠡᠶ ᠦᠨᠦᠷ ᠤᠷᠤᠭᠤᠯᠤᠭᠰᠡᠨ ᠪᠠᠶᠢᠵᠤ᠂ ᠬᠥᠮᠦᠰ ᠲᠤ ᠠᠮᠠᠷᠬᠠᠨ  ᠦᠨᠤᠷᠳᠦᠭᠳᠡᠨ᠎ᠠ᠃     ⒉ᠬᠡᠷᠪᠡ ᠡᠶᠢᠮᠦᠷᠬᠦᠦ ᠦᠮᠡᠬᠡᠶ ᠦᠨᠦᠷ ᠢ ᠣᠯᠵᠤ ᠦᠨᠦᠷᠲᠦᠪᠡᠯ ᠰᠢᠲᠠᠮᠠᠬᠠᠶ ᠬᠡᠢ ᠯᠡᠪᠡᠷᠡᠵᠦ ᠪᠠᠶᠢᠬᠤ ᠡᠰᠡᠬᠦ ᠶᠢ ᠠᠩᠬᠠᠷᠬᠤ ᠬᠡᠷᠡᠭᠲᠡᠶ᠃     ⒊ᠰᠠᠪᠤᠩ ᠲᠠᠢ ᠤᠰᠤ ᠶᠢ ᠰᠢᠲᠠᠮᠠᠬᠠᠶ ᠬᠡᠶ ᠶᠢᠨ ᠬᠡᠮᠵᠢᠭᠦᠷ᠂ ᠵᠤᠤᠬ᠎ᠠ ᠪᠠ ᠬᠤᠭᠤᠯᠠᠶ ᠶᠢᠨ ᠵᠠᠯᠭᠠᠭᠠᠰᠤ ᠳᠤ ᠲᠦᠷᠬᠢᠵᠦ ᠪᠣᠯᠤᠨ᠎ᠠ᠂ ᠬᠥᠭᠡᠰᠦ ᠭᠠᠷᠤᠭᠰᠠᠨ ᠭᠠᠵᠠᠷ ᠪᠦᠬᠦᠨ ᠨᠢ ᠴᠥᠮ ᠰᠢᠲᠠᠮᠠᠬᠠᠶ ᠬᠡᠶ ᠯᠠᠪᠠᠷᠠᠵᠤ ᠪᠠᠶᠢᠬᠤ ᠭᠠᠵᠠᠷ ᠪᠠᠶᠢᠵᠤ᠂ ᠪᠣᠯᠣᠳ ᠰᠠᠪᠠᠨ ᠤ ᠨᠡᠭᠡᠯᠡᠬᠡᠶ ᠶᠢ ᠳᠠᠷᠤᠶ ᠳᠤᠨᠢ ᠬᠠᠭᠠᠵᠤ᠂ ᠬᠡᠶ ᠬᠠᠩᠭᠠᠬᠤ ᠨᠢᠬᠡᠴᠠ ᠳᠤ ᠮᠡᠳᠡᠭᠦᠯᠬᠦ ᠬᠡᠷᠡᠭᠲᠡᠶ᠃     ⒋ ᠢᠯᠡ ᠭᠠᠯ ᠢᠶᠠᠷ ᠬᠡᠶ ᠯᠡᠪᠡᠷᠡᠭᠰᠡᠨ ᠢ ᠪᠠᠶᠢᠴᠠᠭᠠᠬᠤ ᠶᠢ ᠴᠢᠩᠭ᠎ᠠ ᠴᠠᠭᠠᠵᠠᠯᠠᠨ᠎ᠠ᠃     ᠳᠥᠷᠪᠡ᠂ ᠪᠠᠴᠢᠮ ᠪᠠᠶᠢᠳᠠᠯ ᠢ ᠰᠢᠢᠳᠪᠦᠷᠢᠯᠡᠬᠦ ᠠᠷᠭ᠎ᠠ     ⒈ ᠰᠢᠩᠬᠡᠨᠵᠢᠮᠡᠯ ᠬᠡᠢ ᠶᠢᠨ ᠭᠤᠭᠤᠵᠢᠭᠰᠡᠨ ᠢ ᠪᠠᠴᠢᠮ ᠰᠢᠢᠳᠪᠤᠷᠢᠯᠡᠬᠦ ᠠᠷᠭ᠎ᠠ᠄     ⑴ ᠬᠡᠢ ᠶᠢᠨ ᠢᠷᠡᠯᠲᠡ ᠶᠢ ᠦᠳᠲᠡᠷ ᠲᠦᠷᠭᠡᠨ ᠲᠠᠰᠤᠯᠵᠤ᠂ ᠪᠣᠯᠣᠳ ᠰᠠᠪᠠᠨ ᠤ ᠨᠡᠭᠡᠯᠡᠬᠡᠶ ᠶᠢ ᠬᠠᠭᠠᠵᠤ᠂ ᠡᠭᠦᠳᠡ ᠴᠣᠩᠬᠤ ᠪᠠᠨ ᠨᠡᠭᠡᠭᠡᠵᠦ ᠠᠭᠠᠷ ᠨᠡᠪᠲᠡᠷᠡᠭᠦᠯᠦᠨ᠎ᠡ᠃     ⑵ ᠶᠠᠮᠠᠷᠪᠠ ᠴᠠᠬᠢᠯᠭᠠᠨ ᠬᠡᠷᠡᠭᠰᠡᠯ ᠢ ᠬᠥᠳᠡᠯᠭᠡᠬᠦ ᠥᠬᠡᠶ᠂ ᠶᠠᠮᠠᠷᠪᠠ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠨᠡᠭᠡᠭᠡᠵᠦ ᠪᠣᠯᠬᠤ ᠥᠬᠡᠶ᠂ ᠲᠤᠬᠠᠶ ᠶᠢᠨ ᠲᠠᠯᠠᠪᠤᠷ ᠲᠤ ᠤᠲᠠᠰᠤ ᠲᠤᠰᠴᠤ ᠰᠣᠨᠣᠰᠬᠤ ᠪᠤᠶᠤ ᠤᠲᠠᠰᠤᠳᠠᠬᠤ ᠶᠢ ᠴᠢᠩᠭ᠎ᠠ ᠴᠠᠭᠠᠵᠠᠯᠠᠨ᠎ᠠ᠃     ⑶ ᠨᠡᠭᠡᠯᠡᠬᠡᠶ ᠠᠴᠠ ᠬᠡᠢ ᠠᠯᠳᠠᠵᠤ ᠭᠠᠯ ᠭᠠᠷᠪᠠᠯ᠂ ᠬᠠᠭᠤᠷᠠᠶ ᠨᠤᠨᠲᠠᠭ ᠤᠨ ᠭᠠᠯ ᠤᠨᠲᠠᠷᠠᠭᠠᠭᠤᠷ ᠢᠶᠠᠷ ᠲᠡᠭᠦᠨ ᠤ ᠭᠠᠯ ᠭᠠᠷᠤᠭᠰᠠᠨ ᠤᠭ ᠬᠡᠰᠡᠭ ᠢ ᠰᠦᠷᠴᠢᠬᠦ ᠪᠤᠶᠤ ᠨᠦᠢᠲᠠᠨ ᠬᠥᠪᠥᠩ ᠬᠥᠨᠵᠢᠯᠡ ᠪᠤᠶᠤ ᠨᠦᠢᠲᠠᠨ  ᠪᠦᠰ ᠵᠡᠷᠭᠡ ᠪᠠᠷ ᠪᠦᠳᠡᠬᠡᠵᠤ ᠳᠠᠷᠤᠶ ᠳᠤᠨᠢ ᠨᠦᠢᠲᠠᠨ ᠠᠯᠴᠢᠭᠤᠷ ᠢᠶᠠᠷ ᠭᠠᠷ ᠢᠶᠠᠨ ᠣᠷᠢᠶᠠᠵᠤ ᠨᠡᠭᠡᠯᠡᠬᠡᠶ ᠶᠢ ᠬᠠᠭᠠᠨ᠎ᠠ     ⑷ ᠴᠦᠢᠳᠧᠩ ᠪᠤᠶᠤ ᠨᠣᠴᠣᠭᠠᠭᠤᠷ ᠢ ᠬᠡᠷᠡᠭᠯᠡᠵᠦ ᠪᠣᠯᠬᠤ ᠦᠭᠡᠢ᠂ ᠲᠠᠮᠠᠬᠢ ᠲᠠᠲᠠᠬᠤ ᠶᠢ ᠴᠢᠩᠭ᠎ᠠ ᠴᠠᠭᠠᠵᠠᠯᠠᠨ᠎ᠠ᠃     ⑸ᠭᠡᠷ ᠤᠨ ᠭᠠᠳᠠᠨᠠᠬᠢ ᠠᠶᠤᠯ ᠦᠭᠡᠶ ᠭᠠᠵᠠᠷ ᠲᠤ ᠬᠦᠷᠴᠦ ᠠᠪᠤᠷᠡᠨ ᠲᠤᠰᠠᠯᠠᠬᠤ ᠤᠳᠠᠰᠤ ᠶᠢ ᠤᠳᠠᠰᠤᠳᠠᠵᠤ ᠂ ᠬᠡᠢ ᠬᠠᠩᠭᠠᠬᠤ ᠨᠢᠬᠡᠴᠠ ᠳᠤ ᠮᠡᠳᠡᠭᠳᠡᠵᠦ ᠬᠥᠮᠦᠨ ᠲᠣᠮᠢᠯᠠᠨ ᠰᠢᠢᠳᠪᠤᠷᠢᠯᠡᠬᠦᠯᠤᠨ᠎ᠠ᠃     ⑹ ᠬᠡᠷᠡᠭ ᠶᠠᠪᠤᠳᠠᠯ ᠬᠦᠨᠳᠦ ᠨᠣᠴᠢᠲᠠᠶ ᠪᠠᠶᠢᠪᠠᠯ᠂ ᠳᠠᠷᠤᠶ ᠲᠦᠷᠭᠡᠨ ᠬᠥᠮᠦᠰ ᠢ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠤᠷ ᠠᠴᠠ ᠵᠠᠶᠢᠯᠠᠭᠤᠯᠵᠤ᠂ ᠬᠥᠮᠦᠰ ᠤᠨ ᠣᠶᠢᠷᠠᠳᠬᠤ ᠶᠢ ᠴᠠᠭᠠᠵᠠᠯᠠᠨ᠎ᠠ᠃     ⑺ ︽ᠴᠠᠭᠳᠠᠭ᠎ᠠ ᠳᠤ ᠮᠡᠳᠡᠭᠦᠯᠬᠦ ᠨᠢ ᠡᠷᠲᠡ ᠪᠤᠯ ᠬᠤᠬᠢᠷᠠᠯ ᠨᠢ ᠪᠠᠭ᠎ᠠ︾᠃ ᠳᠠᠷᠤᠶ ᠲᠦᠷᠭᠡᠨ ᠠᠮᠤᠷ ᠲᠦᠪᠰᠢᠨ ᠭᠠᠵᠠᠷ ᠲᠤ ᠬᠦᠷᠴᠦ᠂ ᠤᠲᠠᠰᠤ ᠪᠠᠷ ᠮᠡᠳᠡᠬᠦᠯᠤᠨ᠂ ᠰᠢᠲᠠᠮᠠᠬᠠᠶ ᠬᠡᠶ ᠠᠴᠠ ᠭᠠᠯ ᠭᠠᠷᠤᠭᠰᠠᠨ ᠭᠡᠳᠡᠭ ᠢ ᠲᠣᠳᠣᠷᠬᠠᠶ ᠶᠠᠷᠢᠵᠤ ᠥᠭᠬᠦ ᠶᠢᠨ ᠬᠠᠮᠲᠤ ᠭᠠᠯ ᠭᠠᠷᠤᠭᠰᠠᠨ ᠭᠠᠵᠠᠷ ᠢᠶᠠᠨ ᠲᠣᠳᠣᠷᠬᠠᠶ ᠲᠣᠳᠣᠷᠬᠠᠶᠢᠯᠠᠵᠤ᠂ ᠭᠠᠯ ᠤᠨᠲᠠᠷᠠᠭᠠᠬᠤ ᠠᠩᠭᠢ ᠶᠢᠨ ᠬᠢᠨ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠬᠤ ᠳᠤ ᠲᠥᠬᠦᠮ ᠦᠵᠡᠭᠦᠯᠦᠨ᠎ᠡ᠃     ⑻ ᠵᠡᠷᠭᠡᠯᠡᠳᠡᠭᠡ ᠠᠶᠢᠯ ᠤᠨ ᠰᠢᠩᠬᠡᠨᠵᠢᠮᠡᠯ ᠬᠡᠢ ᠯᠡᠪᠡᠷᠡᠵᠦ ᠪᠠᠶᠢᠬᠤ ᠶᠢ ᠣᠯᠵᠤ ᠮᠡᠳᠡᠪᠡᠯ ᠡᠭᠦᠳᠡ ᠲᠣᠭᠰᠢᠵᠤ ᠮᠡᠳᠡᠭᠳᠡᠬᠦ ᠬᠡᠷᠡᠭᠲᠡᠶ᠂ ᠡᠭᠦᠳᠡᠨ ᠬᠤᠩᠬᠤ ᠶᠢ ᠳᠠᠷᠤᠵᠤ ᠪᠣᠯᠬᠤ ᠦᠭᠡᠢ᠃     ⒉ ᠬᠡᠷᠪᠡ ᠲᠤᠬᠠᠶ ᠶᠢᠨ ᠲᠠᠯᠠᠪᠤᠷ ᠲᠤ ᠬᠦᠴᠢᠯᠲᠥ᠋ᠷᠥᠭᠴᠢ ᠳᠤᠲᠠᠭᠰᠠᠨ ᠪᠤᠶᠤ ᠬᠤᠣᠷᠳᠠᠭᠳᠠᠭᠰᠠᠳ ᠢ ᠣᠯᠵᠤ ᠮᠡᠳᠡᠪᠡᠯ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠲᠡᠶ᠄     ⑴ ᠬᠤᠣᠷᠳᠠᠭᠳᠠᠭᠰᠠᠳ ᠢ ᠰᠠᠯᠬᠢ ᠰᠠᠶᠢᠨ ᠨᠡᠪᠲᠡᠷᠡᠬᠦ᠂ ᠠᠭᠠᠷ ᠰᠢᠨ᠎ᠡ ᠰᠣᠷᠭᠤᠭ ᠭᠠᠵᠠᠷ ᠲᠤ ᠳᠠᠷᠦ᠋ᠢᠬᠠᠨ ᠰᠢᠯᠵᠢᠭᠦᠯᠵᠦ᠂ ᠳᠤᠯᠠᠭᠠᠯᠠᠬᠤ ᠶᠢ ᠠᠩᠬᠠᠷᠤᠨ᠎ᠠ᠃     ⑵ ᠬᠦᠨᠳᠦ ᠬᠤᠣᠷᠳᠠᠭᠳᠠᠭᠰᠠᠳ ᠢ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠭᠦᠯᠦᠨ᠎ᠡ᠃                  ᠠᠪᠠᠭ᠎ᠠ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ                       2021 ᠤᠨ ᠤ 6 ᠰᠠᠷ᠎ᠠ ᠶᠢᠨ 25᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号