ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠠᠯᠪᠠᠨ ᠵᠠᠷᠯᠡᠯ
ᠨᠡᠶᠢᠲᠡᠯᠡᠭᠰᠡᠨ ᠴᠠᠭ᠄
2021/11/17
       ᠶᠦᠡᠨᠡᠨ ᠮᠤᠵᠢ ᠶᠢᠨ ᠡᠷᠡᠬᠦᠯ ᠬᠠᠮᠠᠭᠠᠯᠠᠯ ᠡᠷᠡᠬᠦᠯ ᠮᠠᠡᠳᠤ ᠶᠢᠨ ᠵᠦᠪᠯᠡᠯ ᠤᠨ 2021 ᠤᠨ ᠤ 4 ᠰᠠᠷ᠎ᠠ ᠎ ᠶᠢᠨ 1᠎ ᠤ ᠡᠳᠤᠷ ᠤᠨ ᠨᠠᠶᠢᠳᠡᠯᠡᠭᠰᠡᠨ ᠬᠤᠯᠪᠤᠭᠳᠠᠯ ᠪᠦᠬᠦᠢ ᠮᠡᠳᠡᠭᠡ ᠵᠠᠩᠬᠢ ᠶᠢ ᠦᠡᠳᠤᠰᠤᠯᠡᠪᠡᠯ᠂ 3 ᠰᠠᠷ᠎ᠠ ᠶᠢᠨ 31᠎ ᠤ ᠦᠷᠯᠤᠬᠡ ᠠᠴᠠ ᠡᠬᠢᠯᠡᠨ᠂ ᠷᠦᠢ ᠯᠢ ᠬᠤᠳᠠ ᠶᠢᠨ ᠬᠢᠨ ᠪᠦᠬᠦ ᠠᠷᠡᠳ ᠤᠨ ᠪᠦᠬᠡᠮ ᠬᠦᠴᠢᠯ ᠤᠨ ᠪᠠᠶᠢᠴᠠᠭᠠᠯᠳᠠ ᠶᠢ ᠦᠷᠨᠢᠬᠦᠯᠵᠤ᠂ 4 ᠰᠠᠷ᠎ᠠ ᠶᠢᠨ 1᠎ ᠤ ᠡᠳᠤᠷ ᠤᠨ 24 ᠴᠠᠭ ᠪᠤᠯᠳᠠᠯ᠎ᠠ 37 ᠬᠦᠮᠤᠨ ᠤ ᠪᠦᠬᠡᠮ ᠬᠦᠴᠢᠯ ᠤᠨ ᠪᠠᠶᠢᠴᠠᠭᠠᠯᠳᠠ ᠶᠢᠨ ᠦᠷ᠎ᠠ ᠳ᠋ᠦᠡᠭ ᠨᠢ ᠠᠷᠭ᠎ᠠ ᠴᠢᠨᠡᠷ ᠢᠯᠡᠷᠡᠵᠡᠢ᠃ ᠲᠠᠬᠤᠯ ᠡᠪᠡᠳᠴᠢᠨ ᠤ ᠰᠤᠳᠤᠯᠤᠯ ᠂ ᠡᠮᠴᠢᠯᠡᠬᠡᠨ ᠤ ᠢᠯᠡᠷᠡᠯ ᠪᠠ ᠲᠤᠷᠰᠢᠯᠳᠠ ᠶᠢᠨ ᠲᠠᠰᠤᠭ ᠤᠨ ᠪᠠᠶᠢᠴᠠᠭᠠᠯᠳᠠ ᠶᠢᠨ ᠦᠷ᠎ᠠ ᠳ᠋ᠦᠡᠭ ᠲᠠᠢ ᠤᠶᠠᠯᠳᠤᠭᠤᠯᠵᠤ᠂ 10 ᠬᠦᠮᠤᠨ ᠢ ᠰᠢᠨ᠎ᠠ ᠲᠢᠳᠢᠮᠯᠢᠭ ᠠᠭᠤᠰᠬᠢᠨ ᠦᠷᠪᠢᠰᠤᠯ ᠳᠤ ᠨᠠᠷᠪᠡᠭᠳᠡᠭᠰᠡᠨ ᠢᠶᠠᠷ ᠤᠨᠤᠰᠢᠯᠠᠵᠤ᠂ 27 ᠬᠦᠮᠤᠨ ᠢ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠴᠢ ᠪᠠᠷ ᠤᠨᠤᠰᠢᠯᠠᠵᠡᠢ᠃ ᠤᠳᠤᠬᠠᠨ ᠎ ᠳᠤ ᠲᠤᠰ ᠬᠤᠳᠠ ᠪᠦᠬᠦ ᠠᠷᠠᠳ ᠤᠨ ᠪᠦᠬᠡᠮ ᠬᠦᠴᠢᠯ ᠤᠨ ᠪᠠᠶᠢᠴᠠᠭᠠᠯᠳᠠ᠂ ᠲᠠᠬᠤᠯ ᠡᠪᠡᠳᠴᠢᠨ ᠤ ᠪᠠᠶᠢᠴᠠᠭᠠᠯᠳᠠ ᠵᠡᠷᠬᠡ ᠠᠵᠢᠯ ᠢ ᠮᠥᠨ ᠯᠠ ᠦᠷᠬᠦᠯᠵᠢᠯᠡᠨ ᠶᠠᠪᠤᠭᠳᠠᠭᠤᠯᠵᠤ ᠪᠠᠶᠢᠨ᠎ᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠬᠡᠶᠢᠯᠡᠵᠤ᠂ ᠲᠤᠳᠤᠭᠠᠳᠤ ᠳᠤ ᠪᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ︾ ᠪᠠᠶᠢᠩᠭᠤᠵᠢᠭᠰᠡᠨ ᠰᠡᠷᠬᠡᠶᠢᠯᠡᠨ ᠡᠵᠡᠮᠳᠡᠬᠦ ᠠᠷᠭ᠎ᠠ ᠪᠤᠳᠤᠯᠭ᠎ᠠ ᠶᠢ ᠤᠯᠠᠮ ᠴᠢᠨᠠᠭᠰᠢᠳᠠ ᠴᠢᠩᠭ᠎ᠠ ᠨᠠᠶᠢᠳᠠᠪᠤᠷᠢᠵᠢᠭᠤᠯᠬᠤ ᠎ ᠶᠢᠨ ᠲᠤᠰᠠᠳᠠ᠂ ᠤᠳᠤ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠤᠷᠡᠬᠢ ᠮᠠᠳᠤ ᠵᠠᠷᠯᠠᠨ ᠮᠠᠳᠡᠭᠳᠡᠶ᠎ᠠ᠄       ᠨᠢᠬᠡ᠂ 3 ᠰᠠᠷ᠎ᠠ ᠶᠢᠨ 14᠎ ᠤ ᠡᠳᠤᠷ ᠤᠨ 0 ᠴᠠᠭ ᠠᠴᠠ ᠬᠤᠶᠢᠰᠢ ᠶᠦᠡᠨᠡᠨ ᠮᠤᠵᠢ ᠶᠢᠨ ᠷᠦᠢ ᠯᠢ ᠬᠤᠳᠠ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠭᠰᠡᠨ︶ ᠬᠦᠮᠤᠰ ᠨᠢ ᠪᠠᠶᠢᠭ᠎ᠠ ᠭᠠᠴᠠᠭ᠎ᠠ ᠲᠤᠰᠬᠤᠨ   ︵ᠨᠠᠶᠢᠬᠡᠮ ᠲᠤᠭᠤᠷᠢᠭ︶᠂ ᠪᠠᠶᠢᠭᠤᠯᠭ᠎ᠠ ᠨᠢᠬᠡᠴᠠ᠂ ᠰᠠᠭᠤᠭ᠎ᠠ ᠪᠠᠭᠤᠳᠠᠯ ᠳᠤ ᠪᠠᠨ ᠤᠬᠠᠮᠰᠠᠷ ᠠᠴᠠ ᠪᠠᠨ ᠮᠡᠳᠡᠬᠦᠯᠬᠦ ᠎ ᠶᠢᠨ ᠬᠠᠮᠳᠤ ᠪᠦᠬᠡᠮ ᠬᠦᠴᠢᠯ ᠤᠨ ᠪᠠᠶᠢᠴᠠᠭᠠᠯᠳᠠ ᠬᠢᠯᠬᠡᠵᠤ᠂ ᠨᠠᠶᠢᠬᠡᠮ ᠲᠤᠭᠤᠷᠢᠭ ᠤᠨ ᠡᠷᠡᠬᠦᠯ ᠮᠠᠡᠳᠤ ᠶᠢᠨ ᠬᠠᠮᠢᠶᠠᠷᠤᠯᠳᠠ ᠳᠤ ᠤᠷᠤᠭᠤᠯᠤᠭᠰᠡᠨ ᠤ ᠲᠠᠷᠠᠭ᠎ᠠ᠂ ᠪᠦᠬᠡᠮ ᠬᠦᠴᠢᠯ ᠤᠨ ᠪᠠᠶᠢᠴᠠᠭᠠᠯᠳᠠ ᠨᠢ ᠪᠢᠯᠢᠭ ᠴᠢᠨᠡᠷ ᠲᠠᠢ ᠮᠦᠷᠳᠡᠬᠡᠨ ᠪᠠᠶ᠎ᠠ ᠶᠢᠨ ᠲᠤᠯᠠᠭᠠᠨ ᠨᠢ ᠬᠡᠪ ᠤᠨ ᠪᠠᠶᠢᠳᠠᠯ ᠲᠠᠢ ᠪᠤᠯ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠠ ᠎ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠴᠢᠯᠤᠬᠡᠳᠡᠢ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠤᠯᠤᠨ᠎ᠠ᠃       ᠬᠤᠶᠡᠷ᠂ 3 ᠰᠠᠷ᠎ᠠ ᠶᠢᠨ 14᠎ ᠤ ᠡᠳᠤᠷ ᠤᠨ 0 ᠴᠠᠭ ᠠᠴᠠ ᠬᠤᠶᠢᠰᠢ ᠶᠦᠡᠨᠡᠨ ᠮᠤᠵᠢ ᠶᠢᠨ ᠷᠦᠢ ᠯᠢ ᠬᠤᠳᠠ ᠠᠴᠠ ᠭᠠᠷᠤᠭᠠᠳ ᠮᠠᠨ ᠤ ᠬᠤᠰᠢᠭᠤᠨ ᠳᠤ ᠢᠷᠡᠬᠦ ᠬᠡᠵᠤ ᠪᠠᠶᠢᠭ᠎ᠠ ᠬᠦᠮᠤᠰ ᠨᠢ 7 ᠡᠳᠤᠷ ᠤᠨ ᠲᠤᠳᠤᠷᠡᠬᠢ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠡᠷ ᠤᠨ ᠬᠡᠷᠡᠴᠢ ᠪᠠᠨ ᠬᠠᠩᠭᠠᠵᠤ᠂ ᠪᠦᠬᠡᠮ ᠬᠦᠴᠢᠯ ᠤᠨ ᠪᠠᠶᠢᠴᠠᠭᠠᠯᠳᠠ ᠨᠢ ᠪᠢᠯᠢᠭ ᠴᠢᠨᠡᠷ ᠲᠠᠢ ᠪᠦᠬᠡᠳ ᠪᠠᠶ᠎ᠠ ᠶᠢᠨ ᠲᠤᠯᠠᠭᠠᠨ ᠨᠢ ᠬᠡᠪ ᠤᠨ ᠪᠠᠶᠢᠳᠠᠯ ᠲᠠᠢ ᠪᠤᠯ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠴᠢᠯᠤᠬᠡᠳᠡᠢ ᠡᠮᠬᠢ ᠵᠢᠷᠤᠮ ᠲᠠᠢ ᠎ ᠪᠠᠷ ᠶᠠᠪᠤᠵᠤ ᠰᠠᠭᠤᠵᠤ ᠪᠤᠯᠤᠨ᠎ᠠ᠃ ᠪᠦᠬᠡᠮ ᠬᠦᠴᠢᠯ ᠤᠨ ᠪᠠᠶᠢᠴᠠᠭᠠᠯᠳᠠ ᠶᠢᠨ ᠪᠢᠯᠢᠭ ᠴᠢᠨᠡᠷ ᠤᠨ ᠬᠡᠷᠡᠴᠢ ᠬᠠᠩᠭᠠᠵᠤ ᠲᠠᠶᠢᠯᠬᠦ ᠦᠬᠡᠢ ᠬᠦᠮᠤᠰ ᠢ  ᠴᠠᠭ ᠲᠤᠬᠠᠢ ᠳᠤᠨᠢ ᠲᠠᠷᠤᠶᠢᠬᠠᠨ ᠲᠦᠪᠯᠡᠷᠡᠬᠦᠯᠤᠨ ᠲᠤᠰᠠᠭᠠᠷᠯᠠᠵᠤ᠂ 24 ᠴᠠᠭ ᠤᠨ ᠲᠤᠳᠤᠷ᠎ᠠ ᠰᠢᠨ᠎ᠠ ᠲᠢᠳᠢᠮᠯᠢᠭ ᠸᠢᠷᠦ᠋ᠰ ᠤᠨ ᠪᠦᠬᠡᠮ ᠬᠦᠴᠢᠯ ᠤᠨ ᠪᠠᠶᠢᠴᠠᠭᠠᠯᠳᠠ ᠬᠢᠵᠤ᠂ ᠪᠠᠶᠢᠴᠠᠭᠠᠭᠰᠡᠨ ᠦᠷ᠎ᠠ ᠳ᠋ᠦᠡᠭ ᠨᠢ ᠪᠢᠯᠢᠭ ᠴᠢᠨᠡᠷ ᠲᠠᠢ ᠪᠤᠯ ᠲᠤᠰᠠᠭᠠᠷᠯᠠᠬᠤ ᠪᠠᠨ ᠪᠤᠯᠢᠵᠤ᠂ ᠪᠠᠶ᠎ᠠ ᠶᠢᠨ ᠲᠤᠯᠠᠭᠠᠨ ᠨᠢ ᠬᠡᠪ ᠤᠨ ᠪᠠᠶᠢᠳᠠᠯ ᠲᠠᠢ ᠮᠦᠷᠳᠡᠬᠡᠨ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠠ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠴᠢᠯᠤᠬᠡᠳᠡᠢ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠤᠯᠤᠨ᠎ᠠ᠃       ᠭᠤᠷᠪᠡ᠂ ᠬᠤᠰᠢᠭᠤᠨ ᠤ ᠵᠢᠯᠤᠭᠤᠳᠬᠤ ᠠᠴᠠ ᠪᠦᠬᠦ ᠬᠤᠰᠢᠭᠤᠨ ᠤ ᠠᠷᠡᠳ ᠤᠯᠠᠨ ᠳᠤ ᠰᠠᠨᠠᠭᠤᠯᠬᠤ ᠨᠢ᠂ ᠬᠢᠵᠢᠭ ᠤᠨ ᠪᠠᠶᠢᠳᠠᠯ ᠲᠠᠬᠢᠨ ᠲᠡᠯᠬᠡᠷᠡᠬᠦ ᠲᠦᠭᠰᠢᠬᠦᠷᠢ ᠮᠥᠨ ᠯᠠ ᠤᠷᠤᠰᠢᠵᠤ ᠪᠠᠶᠢᠭ᠎ᠠ ᠲᠤᠯᠠ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠠ ᠶᠢ ᠦᠨᠡᠡᠬᠦ ᠰᠠᠶᠢᠳᠤᠷ ᠬᠢᠵᠤ᠂ ᠤᠯᠠᠨ ᠨᠠᠶᠢᠳᠠ ᠶᠢᠨ ᠵᠠᠮ ᠬᠠᠷᠢᠯᠴᠠᠭᠠᠨ ᠤ ᠲᠡᠷᠬᠡ ᠤᠨᠤᠭᠠᠨ ᠳᠤ ᠰᠠᠭᠤᠬᠤ ᠪᠠ ᠤᠯᠠᠨ ᠨᠠᠶᠢᠳᠠ ᠶᠢᠨ ᠲᠠᠯᠠᠪᠤᠷ ᠲᠤ ᠤᠴᠢᠬᠤ ᠳᠤ ᠪᠠᠨ ᠱᠠᠭᠠᠷᠳᠠᠯᠭ᠎ᠠ᠂ ᠪᠠᠷᠢᠮᠵᠢᠶ᠎ᠠ ᠶᠤᠰᠤᠭᠠᠷ ᠠᠮᠠᠪᠴᠢ ᠵᠠᠬᠦᠵᠤ᠂ ᠤᠯᠠᠭᠤᠯᠠ ᠴᠤᠭᠯᠠᠷᠠᠬᠤ ᠶᠢ ᠪᠠᠭᠠᠰᠬᠠᠨ᠂ ᠭᠠᠷ ᠢᠶᠠᠨ ᠦᠷᠬᠦᠯᠵᠢ ᠤᠬᠢᠶᠠᠵᠤ᠂ ᠬᠡᠷ ᠤᠷᠤᠨ ᠳᠤ ᠪᠠᠨ ᠦᠷᠬᠦᠯᠵᠢ ᠰᠠᠯᠬᠢ ᠨᠠᠪᠳᠠᠷᠠᠬᠦᠯᠤᠨ᠂ 1 ᠮᠧᠲᠷ ᠠᠴᠠ ᠲᠡᠬᠡᠭᠰᠢᠬᠢ ᠨᠠᠶᠢᠬᠡᠮ ᠤᠨ ᠬᠠᠷᠢᠯᠴᠠᠭᠠᠨ ᠤ ᠵᠠᠢ ᠶᠢ ᠪᠠᠳᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ ᠤᠨ ᠴᠢᠨᠠᠷᠳᠡᠢ ᠠᠵᠢᠯᠯᠠᠭ᠎ᠠ ᠶᠢ ᠪᠠᠭᠠᠰᠬᠠᠨ᠂ ᠭᠠᠳᠠᠭᠰᠢ ᠭᠠᠷᠬᠤ ᠪᠠᠨ ᠵᠤᠬᠢᠰᠳᠡᠢ ᠲᠤᠬᠢᠷᠠᠭᠤᠯᠵᠤ᠂ ᠦᠢᠷ᠎ᠠ ᠶᠢᠨ ᠬᠤᠭᠤᠴᠠᠭᠠᠨ ᠳᠤ ᠠᠯᠢ ᠪᠤᠯᠬᠤ ᠪᠠᠷ ᠶᠦᠡᠨᠡᠨ ᠮᠤᠵᠢ ᠶᠢᠨ ᠷᠦᠢ ᠯᠢ ᠬᠤᠳᠠ ᠳᠤ ᠤᠴᠢᠬᠤ ᠦᠬᠡᠢ ᠪᠠᠶᠢᠬᠤ ᠶᠢ ᠠᠩᠬᠠᠷᠤᠭᠠᠷᠠᠢ᠃ ᠰᠢᠨ᠎ᠠ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠬᠤ ᠪᠤᠯ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠬᠦ ᠴᠢᠬᠤᠯᠠ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠬᠢᠬᠦ ᠪᠠᠷ ᠲᠠᠮᠵᠢᠭᠤᠯᠤᠨ ᠲᠠᠷᠢᠯᠭ᠎ᠠ ᠲᠠᠷᠢᠬᠰᠡᠨ ᠬᠦᠮᠤᠨ ᠬᠤᠪᠢ ᠪᠠᠶ᠎ᠠ ᠪᠠᠨ ᠬᠠᠮᠠᠭᠠᠯᠠᠵᠤ ᠴᠢᠳᠠᠬᠤ ᠪᠠᠷ ᠪᠠᠷᠠᠬᠤ ᠦᠬᠡᠢ ᠬᠡᠷ ᠪᠦᠯᠢ ᠶᠢᠨ ᠬᠦᠮᠤᠰ ᠪᠠ ᠨᠠᠶᠢᠬᠡᠮ ᠨᠠᠶᠢᠳᠠ ᠶᠢᠨ ᠬᠢᠨ ᠢ ᠬᠠᠮᠠᠭᠠᠯᠠᠬᠤ ᠳᠤ ᠴᠦᠮ ᠴᠢᠬᠤᠯᠠ ᠠᠴᠢ ᠬᠤᠯᠪᠤᠭᠳᠠᠯ ᠲᠠᠢ ᠶᠤᠮ᠃ ᠲᠤᠰ ᠭᠠᠵᠡᠷ ᠤᠷᠤᠨ ᠤ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠢᠷᠠᠭᠤᠯᠤᠯᠳᠠ ᠶᠢ ᠰᠠᠶᠢᠳᠤᠷ ᠠᠩᠬᠠᠷᠴᠤ᠂ ᠸᠠᠺᠼᠢᠨ ᠤ ᠲᠠᠷᠢᠯᠭ᠎ᠠ ᠶᠢ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠲᠠᠷᠢᠭᠤᠯᠵᠤ᠂ ᠤᠯᠠᠨ ᠨᠠᠶᠢᠳᠠ ᠶᠢᠨ ᠦᠯᠤ ᠬᠠᠯᠳᠠᠭᠠᠬᠤ ᠬᠠᠯᠬᠠᠪᠴᠢ ᠶᠢ ᠬᠦᠴᠤᠯᠠᠨ ᠪᠠᠶᠢᠭᠤᠯᠵᠤ᠂ ᠤᠯᠠᠨ ᠢᠶᠠᠷ ᠢᠶᠠᠨ ᠰᠡᠷᠬᠡᠶᠢᠯᠡᠵᠤ ᠤᠯᠠᠨ ᠢᠶᠠᠷ ᠢᠶᠠᠨ ᠡᠵᠡᠮᠳᠡᠬᠦ ᠬᠠᠮᠳᠤᠷᠡᠯ ᠤᠨ ᠬᠦᠴᠤᠨ ᠢ ᠪᠦᠷᠢᠯᠳᠤᠬᠦᠯᠤᠶ᠎ᠠ᠃         ᠠᠪᠠᠭ᠎ᠠ ᠬᠤᠰᠢᠭᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ                        2021 ᠤᠨ ᠤ 4 ᠰᠠᠷ᠎ᠠ ᠶᠢᠨ 2᠎ ᠤ ᠡᠳᠤᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号