︽ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠲᠦᠰᠤᠪ ᠤᠨ ᠪᠤᠳᠤᠯᠳᠠ ᠶᠢ ᠭᠦᠢᠴᠡᠳᠬᠡᠭᠰᠡᠨ ᠪᠠᠶᠢᠳᠠᠯ︾᠎ ᠤᠨ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2021/11/17
ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠳᠤ᠄       ᠡᠳᠦᠭᠡ ︽ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠲᠦᠰᠤᠪ ᠤᠨ ᠪᠤᠳᠤᠯᠳᠠ ᠎ ᠶᠢ ᠬᠦᠢᠴᠡᠳᠬᠡᠭᠰᠡᠨ ᠪᠠᠶᠢᠳᠠᠯ︾᠎ ᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ  ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃                          2021 ᠣᠨ ᠤ 9 ᠰᠠᠷ᠎ᠠ ᠶᠢᠨ 22  ᠎ ᠤ ᠡᠳᠤᠷ       ᠠᠪᠠᠭ᠎ᠠ ᠬᠤᠰᠢᠭᠤᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠦᠰᠤᠪ ᠤᠨ ᠪᠤᠳᠤᠯᠳᠠ ᠶᠢ ᠭᠦᠢᠴᠡᠳᠬᠡᠭᠰᠡᠨ ᠪᠠᠶᠢᠳᠠᠯ       ᠳᠡᠭᠡᠷ᠎ᠡ ᠬᠠᠭᠠᠰ ᠵᠢᠯ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠲᠣᠭᠲᠠᠭᠤᠨ ᠢ ᠪᠠᠳᠤᠯᠠᠨ ᠤᠷᠤᠭᠰᠢᠯᠠᠨ ᠳᠠᠪᠰᠢᠬᠤ ᠠᠵᠢᠯ ᠤᠨ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠲᠦᠰᠤᠪᠯᠡᠨ ᠪᠣᠳᠣᠵᠤ᠂  ᠠᠵᠢᠯᠴᠢ ᠠᠷᠪᠢᠴᠢ ᠠᠷᠪᠢᠯᠠᠨ ᠭᠠᠮᠨᠠᠬᠤ ᠵᠤᠷᠢᠭ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠦᠯᠤᠪᠵᠢᠬᠦᠯᠵᠤ᠂ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠡᠷᠬᠢᠯᠳᠡ ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠨ ᠡᠵᠡᠮᠳᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠰᠠᠶᠢᠲᠤᠷ ᠬᠢᠬᠦ ᠶᠢ ᠠᠬᠢᠭᠤᠯᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠦᠳᠤᠮᠵᠢᠳᠡᠢ ᠠᠷᠭᠠᠴᠠᠬᠤ ᠤᠷᠢᠳᠠᠯ ᠳᠣᠤᠷ᠎ᠠ ︽ᠵᠠᠷᠤᠯᠭ᠎ᠠ ᠶᠢ ᠨᠡᠮᠡᠭᠳᠡᠭᠦᠯᠦᠨ ᠣᠷᠣᠯᠭ᠎ᠠ ᠪᠠᠭᠠᠰᠬᠠᠬᠤ︾᠎ ᠶᠢᠨ ᠡᠳ᠋ ᠤᠨ ᠵᠠᠰᠠᠭ ᠤᠨ ᠡᠷᠬᠢᠯᠳᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠠᠷᠭᠠᠴᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠲᠤᠯᠭᠠᠭᠤᠷᠢᠯᠠᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠪᠥᠬᠦ ᠬᠤᠰᠢᠭᠤᠨ ᠤ ᠠᠵᠤ ᠠᠬᠤᠶ ᠶᠢᠨ ᠡᠷᠬᠢᠯᠳᠠ ᠶᠢᠨ ᠲᠣᠭᠲᠠᠭᠤᠨ ᠢ ᠪᠠᠳᠤᠯᠠᠵᠤ᠂ ᠰᠢᠨ᠎ᠠ ᠠᠬᠢᠯᠳᠠ ᠲᠠᠢ ᠪᠤᠯᠭᠠᠬᠤ᠂ ᠲᠥᠰᠦᠪ ᠢ  ᠬᠦᠢᠴᠡᠳᠬᠡᠭᠰᠡᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠴᠥᠮ ︽ᠬᠤᠤᠰ ᠬᠠᠭᠠᠰ ᠠᠴᠠ ᠳᠡᠭᠡᠭᠰᠢ ᠪᠠᠶᠢᠯᠭᠠᠬᠤ︾ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠪᠥᠬᠦ ᠠᠶᠢᠮᠠᠭ ᠲᠤ ᠨᠡᠯᠢᠶᠡᠳ ᠰᠠᠶᠢᠨ ᠨᠡᠷᠡᠰ ᠤᠨ ᠵᠢᠭᠰᠠᠭᠠᠯᠳᠠ ᠳᠤ ᠤᠷᠤᠵᠤ᠂ ᠭᠤᠤᠯᠳᠠᠯᠭ᠎ᠠ ᠲᠠᠢ ᠵᠠᠷᠤᠯᠭ᠎ᠠ ᠶᠢ ᠬᠦᠴᠦᠲᠡᠶ ᠪᠠᠲᠤᠯᠠᠪᠠ᠃       ᠨᠢᠭᠡ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ       ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ       ᠲᠡᠬᠡᠷ᠎ᠠ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 18,678 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2,195 ᠲᠦᠮᠡᠨ ᠲᠥᠭᠦᠷᠢᠭ ᠬᠠᠰᠤᠭᠳᠠᠵᠤ᠂ 10.5%᠎ ᠪᠠᠷ ᠪᠠᠭᠤᠷᠠᠵᠤ᠂ ᠵᠢᠯ ᠤᠨ ᠡᠬᠢᠨ ᠤ ᠲᠥᠰᠦᠪ ᠤᠨ 83.01%᠎ ᠶᠢ ᠪᠡᠶᠡᠯᠡᠭᠦᠯᠵᠤ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠳᠣᠲᠣᠷ᠎ᠠ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠲᠠᠪᠤᠳᠤᠭᠠᠷ︔ ᠨᠡᠮᠡᠭᠳᠡᠯ ᠤᠨ ᠬᠤᠷᠳᠤᠴᠠ ᠶᠢᠰᠤᠳᠤᠬᠡᠷ ᠲᠤ ᠵᠢᠭᠰᠠᠭᠠᠭᠳᠠᠪᠠ᠃ ᠲᠦᠷᠦᠯ ᠵᠦᠢᠯ ᠬᠤᠪᠢᠶᠠᠵᠤ ᠦᠵᠡᠪᠡᠯ᠂ ᠭᠠᠶᠢᠯᠢ ᠶᠢᠨ ᠣᠷᠣᠯᠭ᠎ᠠ ᠶᠢ 11,048 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9,160 ᠲᠦᠮᠡᠨ ᠲᠥᠭᠦᠷᠢᠭ ᠪᠠᠭᠠᠰᠴᠤ᠂ 45.3%᠎ ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ ᠶᠢ 7,630 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6,965 ᠲᠦᠮᠡᠨ ᠲᠥᠭᠦᠷᠢᠭ ᠨᠡᠮᠡᠭᠳᠡᠵᠦ᠂ 1,047.4%᠎ ᠪᠠᠷ ᠨᠡᠮᠡᠭᠳᠡᠪᠡ᠃ ᠭᠠᠶᠢᠯᠢ ᠶᠢᠨ ᠣᠷᠣᠯᠭ᠎ᠠ᠂ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠨᠢ 59.1%᠄ 40.9% ᠪᠣᠯᠤᠨ᠎ᠠ᠃ ᠰᠠᠯᠠᠭ᠎ᠠ ᠮᠥᠴᠢᠷ ᠬᠤᠪᠢᠶᠠᠨ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠥᠮᠥᠷᠭᠡ ᠳᠤ ᠤᠷᠤᠭᠤᠯᠤᠭᠰᠡᠨ ᠭᠠᠶᠢᠯᠢ ᠶᠢᠨ ᠣᠷᠣᠯᠭ᠎ᠠ 11,299 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9,114 ᠲᠦᠮᠡᠨ ᠲᠥᠭᠦᠷᠢᠭ ᠪᠠᠭᠠᠰᠴᠤ᠂ 44.6%᠎ ᠪᠠᠷ ᠪᠠᠭᠤᠷᠠᠪᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠥᠮᠥᠷᠭᠡ ᠳᠤ ᠣᠷᠣᠭᠤᠯᠤᠭᠰᠠᠨ ᠣᠷᠣᠯᠭ᠎ᠠ 7,379 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6,919 ᠲᠦᠮᠡᠨ ᠲᠥᠭᠦᠷᠢᠭ ᠨᠡᠮᠡᠭᠳᠡᠵᠦ᠂ 1,504.1%᠎ ᠪᠠᠷ ᠨᠡᠮᠡᠭᠳᠡᠪᠠ᠃ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠣᠷᠣᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠨᠢ 60.5%᠄ 39.51% ᠪᠣᠯᠤᠨ᠎ᠠ᠃       ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 78,672 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4,545 ᠲᠦᠮᠡᠨ ᠲᠥᠭᠦᠷᠢᠭ ᠪᠠᠭᠠᠰᠴᠤ᠂ 5.5%᠎ ᠪᠠᠷ ᠪᠠᠭᠤᠷᠠᠵᠤ᠂ ᠲᠣᠬᠢᠷᠠᠭᠤᠯᠤᠯᠲᠠ ᠶᠢᠨ ᠲᠥᠰᠦᠪ ᠤᠨ 82.7%᠎ ᠶᠢ ᠪᠡᠶᠡᠯᠡᠭᠦᠯᠪᠡ᠃       ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ       ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 745 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 329 ᠲᠦᠮᠡᠨ ᠲᠥᠭᠦᠷᠢᠭ ᠨᠡᠮᠡᠭᠳᠡᠨ᠂ 79.1% ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ 688 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 210 ᠲᠦᠮᠡᠨ ᠲᠥᠭᠦᠷᠢᠭ ᠨᠡᠮᠡᠭᠳᠡᠨ᠂ 43.9% ᠨᠡᠮᠡᠭᠳᠡᠪᠠ᠃       ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ       ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠣᠷᠣᠯᠭ᠎ᠠ 3,357 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 348 ᠲᠦᠮᠡᠨ ᠲᠥᠭᠦᠷᠢᠭ ᠨᠡᠮᠡᠭᠳᠡᠨ᠂ 11.6% ᠨᠡᠮᠡᠭᠳᠡᠪᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ 2,818 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 155 ᠲᠦᠮᠡᠨ ᠲᠥᠭᠦᠷᠢᠭ ᠪᠠᠭᠠᠰᠴᠤ᠂ 5.2%᠎ ᠢᠶᠠᠷ ᠪᠠᠭᠤᠷᠠᠪᠠ᠃       ᠬᠤᠶᠠᠷ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠬᠦᠢᠴᠡᠳᠬᠡᠭᠰᠡᠨ ᠪᠠᠶᠢᠳᠠᠯ ᠤᠨ ᠲᠤᠬᠠᠢ ᠵᠠᠳᠠᠯᠤᠯᠲᠠ       ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.5% ᠪᠠᠭᠠᠰᠪᠠ᠃ ᠣᠷᠣᠯᠭ᠎ᠠ ᠶᠢᠨ ᠨᠡᠮᠡᠭᠳᠡᠯ ᠬᠠᠰᠤᠭᠳᠠᠯ ᠤᠨ ᠰᠢᠯᠲᠠᠭᠠᠨ ᠭᠡᠪᠡᠯ᠄ ᠨᠢᠭᠡ ᠳᠤ ᠡᠨᠡ ᠵᠢᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠠᠳᠠᠯᠢ ᠬᠤᠭᠤᠴᠠᠭᠠᠨ ᠤ ᠬᠢ ᠠᠴᠠ 10,317 ᠲᠦᠮᠡᠨ ᠲᠥᠭᠦᠷᠢᠭ ᠬᠠᠰᠤᠭᠳᠠᠪᠠ ︵ᠲᠦᠷᠦᠭᠦᠦ ᠵᠢᠯ ᠤᠨ ᠠᠳᠠᠯᠢ ᠬᠤᠭᠤᠴᠠᠭᠠᠨ ᠳᠤ 14,932 ᠲᠦᠮᠡᠨ ᠲᠥᠭᠦᠷᠢᠭ ᠬᠥᠮᠥᠷᠭᠡ ᠳᠤ ᠣᠷᠣᠭᠤᠯᠪᠠ᠂ ᠡᠭᠦᠨ ᠳᠤ ᠨᠡᠭᠦᠷᠡᠰᠦᠨ ᠤ ᠬᠦᠷᠢᠶ᠎ᠠ ᠴᠠᠷ᠎ᠠ ᠳᠠᠬᠢ ᠬᠠᠤᠯᠢ ᠲᠦᠷᠢᠮ ᠢ ᠵᠦᠷᠢᠴᠡᠭᠰᠡᠨ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠᠷ ᠲᠠᠮᠵᠢᠨ ᠲᠤᠰᠢᠶᠠᠭᠠᠳᠤᠶ ᠭᠠᠶᠢᠯᠢ ᠶᠢᠨ ᠵᠣᠭᠤᠰ ᠢ 9,573 ᠲᠦᠮᠡᠨ ᠲᠥᠭᠦᠷᠢᠭ ᠬᠥᠮᠥᠷᠭᠡ ᠳᠤ ᠣᠷᠣᠭᠤᠯᠪᠠ︶᠂ ᠬᠤᠶᠠᠷ ᠲᠤ ᠨᠡᠭᠦᠷᠡᠰᠦᠨ ᠤ  ᠬᠦᠷᠢᠶ᠎ᠠ ᠴᠡᠷ᠎ᠠ ᠳᠠᠬᠢ ᠬᠠᠤᠯᠢ ᠲᠦᠷᠢᠮ ᠢ ᠵᠦᠷᠢᠴᠡᠭᠰᠡᠨ ᠢ ᠲᠤᠰᠬᠠᠶ ᠵᠦᠢᠯ ᠢᠶᠠᠷ ᠴᠡᠭᠴᠡᠯᠡᠨ ᠵᠠᠰᠠᠵᠤ ᠲᠣᠷᠭᠠᠵᠤ ᠬᠤᠷᠢᠶᠠᠨ ᠠᠪᠤᠭᠰᠠᠨ ᠣᠷᠣᠯᠭ᠎ᠠ 5,473 ᠲᠦᠮᠡᠨ ᠲᠥᠭᠦᠷᠢᠭ ᠢ ᠬᠥᠮᠥᠷᠭᠡ ᠳᠤ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5,473 ᠲᠦᠮᠡᠨ ᠲᠥᠭᠦᠷᠢᠭ ᠨᠡᠮᠡᠭᠳᠡᠪᠡ᠃      ︵ᠬᠤᠶᠠᠷ︶ ᠭᠤᠤᠯ ᠴᠣᠭᠴᠠ ᠶᠢᠨ ᠭᠠᠶᠢᠯᠢ ᠶᠢᠨ ᠲᠥᠷᠥᠯ ᠤᠨ ᠲᠤᠯᠭᠠᠭᠤᠷᠢᠯᠠᠬᠤ ᠦᠢᠯᠡᠳᠤᠯ ᠨᠡᠯᠢᠶᠡᠳ ᠲᠤᠪᠤᠶᠢᠮ᠎ᠠ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠭᠠᠶᠢᠯᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 45.3% ᠪᠠᠭᠠᠰᠴᠤ᠂ ᠡᠭᠦᠨ ᠤ ᠳᠣᠲᠣᠷ᠎ᠠ ᠠᠵᠤ ᠠᠬᠤᠶ ᠶᠢᠨ ᠡᠷᠬᠢᠯᠳᠡ ᠳᠤ ᠬᠤᠯᠪᠣᠭᠳᠠᠬᠤ ᠨᠡᠮᠡᠭᠳᠡᠯ ᠦᠷᠳᠡᠭ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠡᠬᠢ ᠪᠠᠶᠠᠯᠢᠭ ᠤᠨ ᠭᠠᠶᠢᠯᠢ ᠵᠡᠷᠭᠡ ᠭᠤᠣᠯ ᠴᠣᠭᠴᠠ ᠶᠢᠨ ᠭᠠᠶᠢᠯᠢ ᠶᠢᠨ ᠲᠥᠷᠥᠯ ᠢ ᠨᠡᠶᠢᠲᠡ4, 955 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1,570 ᠲᠦᠮᠡᠨ ᠲᠥᠭᠦᠷᠢᠭ ᠨᠡᠮᠡᠭᠳᠡᠵᠦ᠂ 46.4%᠎ ᠪᠠᠷ ᠨᠡᠮᠡᠭᠳᠡᠪᠡ ︵ᠡᠭᠦᠨ ᠳᠤ᠄ ᠨᠡᠮᠡᠭᠳᠡᠯ ᠥᠷᠲᠡᠭ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠢᠴᠢ ᠡᠬᠢ ᠪᠠᠶᠠᠯᠢᠭ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 954 ᠲᠦᠮᠡᠨ ᠲᠥᠭᠦᠷᠢᠭ᠂ 262 ᠲᠦᠮᠡᠨ ᠲᠥᠭᠦᠷᠢᠭ᠂ 187 ᠲᠦᠮᠡᠨ ᠲᠥᠭᠦᠷᠢᠭ ᠪᠠ 167 ᠲᠦᠮᠡᠨ ᠲᠥᠭᠦᠷᠢᠭ ᠨᠡᠮᠡᠭᠳᠡᠪᠡ︶᠂ ᠭᠠᠶᠢᠯᠢ ᠶᠢᠨ ᠣᠷᠣᠯᠭ᠎ᠠ ᠶᠢ 7.8 ᠵᠠᠭᠤᠨ ᠤ ᠨᠢᠭᠡᠴᠢ ︵2020 ᠣᠨ ᠤ ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 20,208 ᠲᠦᠮᠡᠨ ᠲᠥᠭᠦᠷᠢᠭ᠂ 1570/20208≈7.8%᠎ ᠪᠠᠷ ᠪᠡᠶᠡᠯᠡᠭᠦᠯᠪᠡ︶᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ᠂ ᠬᠤᠳᠠ ᠪᠠᠯᠭᠠᠰᠤᠨ ᠤ ᠭᠠᠵᠠᠷ ᠰᠢᠷᠣᠶ ᠶᠢ ᠬᠡᠷᠡᠭᠯᠡᠬᠦ ᠭᠠᠶᠢᠯᠢ᠂ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠵᠡᠷᠭᠡ ᠣᠷᠣᠨ ᠨᠤᠲᠤᠭ ᠤᠨ ᠭᠠᠶᠢᠯᠢ ᠶᠢᠨ ᠲᠦᠷᠦᠯ ᠵᠦᠢᠯ ᠨᠡᠶᠢᠳᠡ 6,093 ᠲᠦᠮᠡᠨ ᠲᠥᠭᠦᠷᠢᠭ ᠢ ᠪᠡᠶᠡᠯᠡᠭᠦᠯᠪᠡ᠂ ᠡᠭᠦᠨ ᠤ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠳᠠᠯᠢ ᠬᠤᠭᠤᠴᠠᠭᠠᠨ ᠤ ᠬᠢ ᠠᠴᠠ 10,317 ᠲᠦᠮᠡᠨ ᠲᠥᠭᠦᠷᠢᠭ ᠪᠠᠭᠠᠰᠴᠤ᠂ ᠪᠤᠰᠤᠳ ᠵᠦᠢᠯ ᠤᠳ ᠲᠤ ᠴᠥᠮ ᠨᠠᠯᠢᠶᠠᠳ ᠶᠡᠭᠡ ᠬᠤᠪᠢᠷᠠᠯᠲᠠ ᠭᠠᠷᠤᠭᠰᠡᠨ ᠦᠭᠡᠢ᠃       ︵ᠭᠤᠷᠪᠠ︶ ᠪᠥᠬᠦ ᠵᠢᠯ ᠤᠨ ᠡᠭᠦᠷᠭᠡ ᠶᠢᠨ ᠲᠤᠯᠭᠠᠭᠤᠷᠢᠯᠠᠬᠤ ᠴᠡᠭ ᠢ ᠯᠠᠪᠳᠠᠭᠤᠨ ᠢᠶᠠᠷ ᠠᠬᠢᠭᠤᠯᠪᠠ᠃ 2021 ᠣᠨ ᠳᠤ ᠮᠠᠨ ᠤ ᠬᠤᠰᠢᠭᠤᠨ ᠤ ᠪᠦᠭᠦ ᠵᠢᠯ ᠤᠨ ᠣᠷᠣᠯᠭ᠎ᠠ ᠶᠢᠨ ᠡᠭᠦᠷᠭᠡ 22,500 ᠲᠦᠮᠡᠨ ᠲᠥᠭᠦᠷᠢᠭ ᠂ ᠳᠡᠭᠡᠷ᠎ᠡ ᠬᠠᠭᠠᠰ ᠵᠢᠯ ᠳᠤ ᠵᠢᠯ ᠤᠨ ᠡᠬᠢᠨ ᠤ ᠲᠥᠰᠦᠪ ᠤᠨ ᠢᠶᠠᠨ 83.01%᠎ ᠶᠢ ᠪᠡᠶᠡᠯᠡᠭᠦᠯᠪᠡ᠃ ᠣᠷᠣᠯᠭ᠎ᠠ ᠶᠢᠨ ᠭᠤᠣᠯ ᠲᠤᠯᠭᠠᠭᠤᠷᠢᠯᠠᠭᠴᠢ ᠴᠡᠭ᠄ ᠨᠢᠭᠡ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠡᠨᠧᠷᠬᠢ ᠪᠠ ᠬᠠᠩᠭᠠᠯᠭ᠎ᠠ ᠶᠢᠨ ᠦᠢᠯᠡᠰ ᠲᠤ 7,255 ᠲᠦᠮᠡᠨ ᠲᠥᠭᠦᠷᠢᠭ ︵ᠡᠭᠦᠨ ᠳᠤ᠄ ᠵᠢᠩ  ᠨᠸᠡᠭ ᠰᠢᠯᠢ ᠶᠢᠨ ᠭᠤᠣᠯ ᠤᠨ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠳᠤ 2,181 ᠲᠦᠮᠡᠨ ᠲᠥᠭᠦᠷᠢᠭ᠂ ᠵᠦᠩ ᠨᠸᠡᠭ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠳᠤ 1,857 ᠲᠦᠮᠡᠨ ᠲᠥᠭᠦᠷᠢᠭ ᠤᠨ ᠪᠡᠯᠡ ᠣᠷᠣᠭᠤᠯᠪᠠ︶︔ ᠬᠤᠶᠠᠷ᠂ ᠠᠭᠤᠷᠬᠠᠶ ᠶᠢᠨ ᠦᠢᠯᠡᠰ ᠲᠤ 2,080 ᠲᠦᠮᠡᠨ ᠲᠥᠭᠦᠷᠢᠭ ︵ᠡᠭᠦᠨ ᠳᠤ᠄ ᠠᠪᠠᠭ᠎ᠠ ᠬᠤᠰᠢᠭᠤᠨ ᠤ ᠵᠥᠩ ᠢᠦᠶ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠵᠠᠭᠠᠷᠲᠤ ᠺᠣᠮᠫᠠᠨᠢ 949 ᠲᠦᠮᠡᠨ ᠲᠥᠭᠦᠷᠢᠭ︶︔ ᠭᠤᠷᠪᠠ᠂ ᠪᠠᠷᠢᠯᠭ᠎ᠠ ᠶᠢᠨ ᠦᠢᠯᠡᠰ 645 ᠲᠦᠮᠡᠨ ᠲᠥᠭᠦᠷᠢᠭ︔ ᠲᠦᠷᠪᠡ᠂ ᠮᠥᠩᠭᠦᠨ ᠭᠦᠢᠯᠭᠡᠭᠡᠨ ᠤ ᠦᠢᠯᠡᠰ ᠲᠤ 364 ᠲᠦᠮᠡᠨ ᠲᠥᠭᠦᠷᠢᠭ︔ ᠲᠠᠪᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠲᠤ 240 ᠲᠦᠮᠡᠨ ᠲᠥᠭᠦᠷᠢᠭ︔ ᠵᠢᠷᠭᠤᠭ᠎ᠠ᠂ ᠦᠢᠯᠡᠳᠬᠦ ᠦᠢᠯᠡᠰ 184 ᠲᠦᠮᠡᠨ ᠲᠥᠭᠦᠷᠢᠭ︔ ᠳᠣᠯᠤᠭ᠎ᠠ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠬᠡᠨ ᠤ ᠦᠢᠯᠡᠰ 178 ᠲᠦᠮᠡᠨ ᠲᠥᠭᠦᠷᠢᠭ︔ ᠨᠠᠢᠮᠠ᠂ ᠪᠤᠰᠤᠳ ᠵᠥᠢᠯ ᠳᠤ 335 ᠲᠦᠮᠡᠨ ᠲᠥᠭᠦᠷᠢᠭ︔ ᠶᠢᠰᠦ᠂ ᠭᠠᠶᠢᠯᠢ ᠶᠢᠨ ᠪᠤᠰᠤ ᠣᠷᠣᠯᠭ᠎ᠠ 7,630 ᠲᠦᠮᠡᠨ ᠲᠥᠭᠦᠷᠢᠭ ︵ᠨᠡᠭᠦᠷᠡᠰᠦᠨ ᠤ ᠬᠦᠷᠢᠶ᠎ᠠ ᠴᠡᠷ᠎ᠠ ᠳᠠᠬᠢ ᠬᠠᠤᠯᠢ ᠲᠦᠷᠢᠮ ᠢ ᠵᠥᠷᠢᠴᠡᠭᠰᠡᠨ ᠲᠤᠰᠬᠠᠶ ᠵᠦᠢᠯ ᠢᠶᠠᠷ ᠴᠡᠭᠴᠡᠯᠡᠨ ᠵᠠᠰᠠᠭᠰᠠᠨ ᠬᠥᠮᠥᠷᠭᠡ ᠳᠤ ᠤᠷᠤᠭᠤᠯᠤᠭᠰᠡᠨ 6,168 ᠲᠦᠮᠡᠨ ᠲᠥᠭᠦᠷᠢᠭ᠂ ᠪᠤᠰᠤᠳ ᠵᠦᠢᠯ ᠤᠨ ᠣᠷᠣᠯᠭ᠎ᠠ 1,462 ᠲᠦᠮᠡᠨ ᠲᠥᠭᠦᠷᠢᠭ︶        ︵ᠲᠦᠷᠪᠡ︶ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠨ᠎ᠠ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠤ ᠡᠵᠡᠯᠡᠬᠦ ᠬᠠᠷᠢᠴᠠᠯ ᠨᠢ 40.9% ᠪᠠᠶᠢᠵᠤ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ︵30.3%︶᠎ ᠠᠴᠠ 10.6 ᠵᠠᠭᠤᠨ ᠤ ᠨᠢᠭᠡᠴᠢ ᠥᠨᠳᠥᠷ ᠪᠣᠯᠪᠠ᠃ ᠭᠠᠶᠢᠯᠢ ᠶᠢᠨ ᠪᠤᠰᠤ ᠣᠷᠣᠯᠭ᠎ᠠ ᠨᠢ ᠬᠡᠳᠦ᠋ᠢᠪᠡᠷ ᠡᠳ᠋ ᠤᠨ ᠵᠠᠰᠠᠭ ᠤᠨ ᠣᠷᠣᠯᠭ᠎ᠠ ᠶᠢᠨ ᠳᠤᠲᠠᠭᠤᠳᠠᠯ ᠢ ᠲᠦᠷ ᠨᠥᠬᠦᠪᠥᠷᠢᠯᠡᠭᠰᠡᠨ ᠪᠣᠯᠪᠠᠴᠤ ᠲᠣᠭᠲᠠᠪᠤᠷᠢᠲᠤ ᠴᠢᠨᠠᠷ ᠢᠶᠠᠷ ᠠᠨᠠᠶ ᠪᠠᠶᠢᠵᠤ᠂ ᠵᠣᠬᠢᠬᠤ ᠬᠡᠮᠵᠢᠶᠡᠨ ᠳᠡᠭᠡᠷ᠎ᠡ ᠣᠷᠣᠯᠭ᠎ᠠ ᠶᠢᠨ ᠶᠠᠰᠤ ᠴᠢᠨᠠᠷ ᠢ ᠨᠥᠯᠥᠭᠡᠯᠡᠭᠰᠡᠨ ᠪᠠᠶᠢᠨ᠎ᠠ᠃        ︵ᠲᠠᠪᠤ︶ ᠡᠯ᠎ᠡ ᠵᠦᠢᠯ ᠤᠨ ᠵᠠᠷᠤᠯᠭ᠎ᠠ ᠶᠢᠨ ᠭᠦᠢᠴᠡᠳᠬᠡᠬᠦ ᠲᠤᠭ᠎ᠠ ᠶᠢ ᠨᠡᠯᠢᠶᠡᠳ ᠰᠠᠶᠢᠨ ᠪᠡᠶᠡᠯᠡᠭᠦᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 78,672 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ ᠶᠢᠨ ᠠᠬᠢᠴᠠ ᠶᠢ 75.7%᠎ ᠳᠤ ᠬᠦᠷᠭᠡᠵᠦ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠳᠤ ᠨᠢᠭᠡᠳᠦᠭᠡᠷ ᠲᠤ ᠵᠢᠭᠰᠠᠭᠠᠭᠳᠠᠪᠠ᠃ ᠡᠭᠦᠨ ᠤ ᠳᠣᠲᠣᠷ᠎ᠠ᠂ ᠴᠠᠯᠢᠩ ᠤᠨ ᠴᠢᠨᠠᠷᠲᠠᠶ ᠵᠠᠷᠤᠯᠭ᠎ᠠ 23,260 ᠲᠦᠮᠡᠨ ᠲᠥᠭᠦᠷᠢᠭ ︵ᠡᠭᠦᠨ ᠤ ᠳᠣᠲᠣᠷ᠎ᠠ᠄ ᠠᠵᠢᠯ ᠳᠤ ᠪᠠᠶᠢᠭ᠎ᠠ ᠠᠵᠢᠯᠳᠠᠨ ᠤ ᠴᠠᠯᠢᠩ 17,803 ᠲᠦᠮᠡᠨ ᠲᠥᠭᠦᠷᠢᠭ᠂ ᠠᠵᠢᠯᠳᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ 5,457 ᠲᠦᠮᠡᠨ ᠲᠥᠭᠦᠷᠢᠭ ᠪᠣᠯᠤᠨ᠎ᠠ︶᠂ ᠲᠥᠰᠦᠪ ᠢ 57.1%᠎ ᠪᠠᠷ ᠪᠡᠶᠡᠯᠡᠭᠦᠯᠪᠠ︔ ᠠᠷᠠᠳ ᠤᠨ ᠠᠮᠢᠳᠤᠷᠠᠯ ᠤᠨ ᠵᠠᠷᠤᠯᠭ᠎ᠠ ︵ᠪᠦᠬᠦ ᠰᠢᠰᠲ᠋ᠧᠮ︶ 61,549 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3,390 ᠲᠦᠮᠡᠨ ᠲᠥᠭᠦᠷᠢᠭ ᠪᠠᠭᠠᠰᠴᠤ᠂ 5.2%᠎ ᠢᠶᠠᠷ ᠪᠠᠭᠤᠷᠠᠵᠤ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 78.2%᠎ ᠢ ᠡᠵᠡᠯᠡᠪᠡ᠃       ᠭᠤᠷᠪᠠ᠂ ᠦᠨᠤ ᠵᠢᠯ ᠤᠨ ᠡᠳ᠋ ᠤᠨ ᠵᠠᠰᠠᠭ ᠤᠨ ᠵᠢᠱᠢᠭᠰᠡᠨ ᠪᠠᠶᠢᠳᠠᠯ       2021 ᠣᠨ ᠤ ᠪᠥᠬᠦ ᠵᠢᠯ ᠤᠨ ᠡᠳ᠋ ᠤᠨ ᠵᠠᠰᠠᠭ ᠤᠨ ᠪᠠᠶᠢᠳᠠᠯ ᠵᠢᠱᠢᠯᠲᠡ ᠪᠠᠷ᠂ ᠮᠠᠨ ᠤ ᠬᠤᠰᠢᠭᠤᠨ ᠤ ᠪᠥᠬᠦ ᠵᠢᠯ ᠤᠨ ᠡᠳ᠋ ᠤᠨ ᠵᠠᠰᠠᠭ ᠤᠨ ᠪᠠᠶᠢᠳᠠᠯ ᠵᠢᠱᠢᠯᠲᠡ ᠪᠠᠷ 14.2 ᠳ᠋ᠦᠩᠰᠢᠭᠤᠷ ᠲᠥᠭᠦᠷᠢᠭ᠂ ᠡᠭᠦᠨ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 29,500 ᠲᠦᠮᠡᠨ ᠲᠥᠭᠦᠷᠢᠭ ᠢ ᠪᠡᠶᠡᠯᠡᠭᠦᠯᠵᠦ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ ︵ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠬᠦ ᠣᠷᠣᠯᠭ᠎ᠠ ᠪᠠᠭᠲᠠᠨ᠎ᠠ︶ 85,836 ᠲᠦᠮᠡᠨ ᠲᠥᠭᠦᠷᠢᠭ᠂ ᠲᠤᠰᠬᠠᠶ ᠰᠢᠯᠵᠢᠭᠦᠯᠦᠨ ᠥᠭᠬᠦ ᠵᠠᠷᠤᠯᠭ᠎ᠠ 19,517 ᠲᠦᠮᠡᠨ ᠲᠥᠭᠦᠷᠢᠭ᠂ ᠲᠡᠬᠡᠷ᠎ᠠ ᠬᠠᠭᠠᠰ ᠵᠢᠯ ᠤᠨ ᠦᠯᠡᠳᠡᠪᠦᠷᠢ ᠣᠷᠣᠯᠭ᠎ᠠ 518 ᠲᠦᠮᠡᠨ ᠲᠥᠭᠦᠷᠢᠭ᠂ ᠵᠠᠰᠠᠭ ᠤᠨ ᠣᠷᠳᠣᠨ ᠤ ᠡᠩ ᠤᠨ ᠦᠷᠢ ᠥᠭᠴᠡᠭᠡ ᠶᠢᠨ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 8,000 ᠲᠦᠮᠡᠨ ᠲᠥᠭᠦᠷᠢᠭ ᠪᠣᠯᠤᠨ᠎ᠠ᠃       ᠳᠥᠷᠪᠡ᠂ ᠳᠠᠷᠠᠭ᠎ᠠ ᠠᠯᠬᠤᠮ ᠤᠨ ᠭᠤᠤᠯᠳᠠᠯᠭ᠎ᠠ ᠲᠠᠢ ᠠᠵᠢᠯ       ︵ᠨᠢᠭᠡ︶ ᠣᠷᠣᠯᠭ᠎ᠠ ᠶᠢᠨ ᠨᠡᠮᠡᠭᠳᠡᠯ ᠢ ᠵᠣᠬᠢᠶᠠᠨ ᠪᠠᠶᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠨ᠎ᠠ᠃ ᠡᠳ᠋ ᠤᠨ ᠵᠠᠰᠠᠭ ᠤᠨ ᠣᠷᠣᠯᠭ᠎ᠠ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠲᠦᠷᠤᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠯᠭ᠎ᠠ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠣᠷᠣᠯᠭ᠎ᠠ ᠶᠢᠨ ᠪᠠᠶᠢᠳᠠᠯ ᠢ ᠢᠳᠡᠪᠬᠢᠲᠡᠶ ᠪᠠᠷ ᠨᠡᠪᠲᠡᠷᠡᠯᠴᠡᠨ ᠣᠶᠢᠯᠠᠭᠠᠵᠤ᠂ ᠪᠠᠶᠢᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠤᠨ ᠮᠠᠭᠠᠳᠯᠠᠵᠤ᠂ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠠ ᠴᠡᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠲᠦᠷᠤᠯ ᠢᠶᠠᠷ ᠴᠡᠭᠴᠡᠯᠡᠨ ᠵᠠᠰᠠᠬᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠢ ᠨᠡᠬᠡᠮᠵᠢᠯᠡᠬᠦ ᠪᠠ ᠬᠤᠬᠢᠷᠠᠯ ᠢ ᠪᠠᠭᠠᠰᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠠᠩᠬᠢᠯᠠᠭ᠎ᠠ ᠶᠢᠨ ᠭᠤᠭᠴᠤᠭ᠎ᠠ ᠳᠤ ᠡᠳ᠋ ᠤᠨ ᠵᠠᠰᠠᠭ ᠤᠨ ᠣᠷᠣᠯᠭ᠎ᠠ ᠶᠢ ᠦᠯᠡᠳᠡᠬᠡᠨ ᠡᠵᠡᠯᠡᠬᠦ ᠶᠢ ᠰᠡᠷᠬᠡᠶᠢᠯᠡᠨ ᠬᠤᠷᠢᠭᠯᠠᠨ᠎ᠠ᠃       ︵ᠬᠤᠶᠠᠷ︶ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠠᠷᠤᠯᠭ᠎ᠠ ᠶᠢᠨ ᠬᠡᠷᠡᠭᠴᠡᠭᠡ ᠶᠢ ᠪᠠᠲᠤᠯᠠᠨ᠎ᠠ᠃ ︽ᠲᠥᠰᠦᠪ ᠤᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠥᠰᠦᠪ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠵᠠᠷᠤᠯᠭ᠎ᠠ ᠶᠢ ᠡᠵᠡᠮᠳᠡᠬᠦ ᠴᠢᠳᠠᠪᠬᠢ ᠶᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠎ᠠ᠃ ᠠᠷᠪᠢᠯᠠᠨ ᠭᠠᠮᠨᠠᠬᠤ ᠵᠤᠷᠢᠭ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠳᠠᠬᠢ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠤᠨ ᠡᠩ ᠤᠨ ᠴᠢᠨᠠᠷᠲᠠᠶ ᠵᠠᠷᠤᠯᠭ᠎ᠠ ᠶᠢ ᠵᠦᠢ ᠵᠣᠬᠢᠰᠲᠠᠶ ᠪᠠᠷ ᠪᠠᠭᠠᠰᠬᠠᠵᠤ᠂ ᠪᠦᠲᠦᠮᠵᠢ ᠠᠨᠠᠢ ᠪᠠ ᠦᠷ᠎ᠡ ᠠᠰᠢᠭ ᠢᠶᠠᠷ ᠠᠨᠠᠢ ᠲᠦᠷᠤᠯ ᠵᠥᠢᠯ ᠢ ᠬᠦᠴᠦᠨ ᠦᠭᠡᠢ ᠪᠣᠯᠭᠠᠵᠤ᠂ ᠰᠢᠨ᠎ᠡ ᠪᠠᠷ ᠨᠡᠮᠡᠭᠳᠡᠭᠦᠯᠬᠦ ᠲᠦᠷᠤᠯ ᠵᠥᠢᠯ ᠢ ᠴᠢᠩᠭ᠎ᠠ ᠡᠵᠡᠮᠳᠡᠵᠤ᠂ ᠪᠠᠴᠢᠮ ᠬᠡᠷᠡᠭᠴᠡᠭᠡᠨ ᠤ ᠪᠤᠰᠤ᠂ ᠪᠠᠶᠢᠩᠭᠤ ᠶᠢᠨ ᠪᠤᠰᠤ ᠵᠠᠷᠤᠯᠭ᠎ᠠ ᠶᠢ ᠶᠡᠬᠡᠪᠡᠷ ᠪᠠᠭᠠᠰᠬᠠᠨ᠎ᠠ᠃       ︵ᠭᠤᠷᠪᠠ︶ ᠪᠥᠬᠦ ᠵᠢᠯ ᠤᠨ ᠥᠷᠢ ᠥᠭᠴᠡᠭᠡ ᠶᠢ ᠴᠠᠶᠢᠷᠠᠭᠤᠯᠬᠤ ᠡᠭᠦᠷᠭᠡ ᠶᠢ ᠴᠢᠷᠮᠠᠶᠢᠨ ᠪᠠᠶᠠᠯᠠᠬᠦᠯᠤᠨ᠎ᠠ᠃ 2021 ᠣᠨ ᠳᠤ᠂ ᠮᠠᠨ ᠤ ᠬᠤᠰᠢᠭᠤᠨ ᠤ ᠳᠠᠯᠳᠠ ᠥᠷᠢ ᠦᠭᠴᠡᠭᠡ ᠶᠢ ᠴᠠᠶᠢᠷᠠᠭᠤᠯᠬᠤ ᠡᠭᠦᠷᠭᠡ ᠪᠠᠨ 1.84 ᠳ᠋ᠦᠩᠰᠢᠭᠤᠷ ᠲᠥᠭᠦᠷᠢᠭ᠂ ᠳᠡᠭᠡᠷ᠎ᠡ ᠬᠠᠭᠠᠰ ᠵᠢᠯ ᠳᠤ ᠨᠢᠭᠡᠨᠲᠡ 0.95 ᠳ᠋ᠦᠩᠰᠢᠭᠤᠷ ᠲᠥᠭᠦᠷᠢᠭ ᠤᠨ ᠳᠠᠯᠳᠠ ᠥᠭᠴᠡᠭᠡ ᠶᠢ ᠴᠠᠶᠢᠷᠠᠭᠤᠯᠵᠤ᠂ ᠲᠥᠯᠥᠪᠯᠡᠭᠡ ᠪᠠᠨ 51.8%᠎ ᠪᠠᠷ ᠪᠡᠶᠡᠯᠡᠭᠦᠯᠪᠡ᠃ ᠳᠣᠤᠷ᠎ᠠ ᠬᠠᠭᠠᠰ ᠵᠢᠯ ᠳᠤ᠂ ᠮᠠᠨ ᠤ ᠬᠤᠰᠢᠭᠤ 0.89 ᠳ᠋ᠦᠩᠰᠢᠭᠤᠷ ᠲᠥᠭᠦᠷᠢᠭ ᠤᠨ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠᠷ 6,500 ᠲᠦᠮᠡᠨ ᠲᠥᠭᠦᠷᠢᠭ ᠤᠨ ᠥᠷᠢ ᠥᠭᠴᠡᠭᠡ ᠶᠢ ᠰᠢᠢᠳᠪᠤᠷᠢᠯᠡᠵᠤ᠂ ᠪᠤᠰᠤᠳ ᠪᠠᠯᠠ ᠮᠥᠩᠭᠦ ᠶᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠪᠠᠷ ᠳᠠᠮᠵᠢᠭᠤᠯᠵᠤ ᠰᠢᠢᠳᠪᠤᠷᠢᠯᠡᠨ᠎ᠠ᠃       ︵ᠳᠥᠷᠪᠡ︶ ᠰᠢᠭᠤᠳ ᠭᠤᠪᠢᠭᠤᠯᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ 2021 ᠣᠨ ᠤ ᠳᠡᠭᠡᠷ᠎ᠡ ᠬᠠᠭᠠᠰ ᠵᠢᠯ ᠪᠣᠯᠲᠠᠯ᠎ᠠ᠂ ᠮᠠᠨ ᠤ ᠬᠤᠰᠢᠭᠤ ᠰᠢᠭᠤᠳ ᠭᠤᠪᠢᠭᠤᠯᠬᠤ ᠪᠠᠯᠠ ᠮᠦᠩᠬᠦ ᠶᠢᠨ ᠬᠥᠳᠡᠯᠦᠩᠭᠦᠶ ᠬᠢᠨᠠᠨ ᠡᠵᠡᠮᠳᠡᠬᠦ ᠰᠢᠰᠲ᠋ᠧᠮ ᠤᠨ ᠳᠡᠭᠡᠳᠦ ᠱᠠᠲᠤᠨ ᠠᠴᠠ ᠪᠠᠭᠤᠯᠭᠠᠭᠰᠠᠨ ᠲᠥᠪ ᠤᠨ ᠰᠢᠭᠤᠳ ᠭᠤᠪᠢᠭᠤᠯᠬᠤ ᠡᠯ᠎ᠡ ᠳᠦᠷᠣᠯ ᠤᠨ ᠪᠠᠯᠠ ᠮᠥᠩᠭᠦ ᠨᠠᠶᠢᠲᠠ 5,432 ᠲᠦᠮᠡᠨ ᠲᠥᠭᠦᠷᠢᠭ ᠬᠦᠷᠴᠤ᠂ ᠪᠠᠯᠠ ᠮᠦᠩᠬᠦ ᠶᠢᠨ ᠭᠦᠢᠴᠡᠳᠬᠡᠬᠦ ᠲᠤᠭ᠎ᠠ ᠶᠢ ᠪᠦᠭᠦᠠ ᠢ ᠡᠯ᠎ᠡ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠬᠤᠪᠢᠶᠠᠷᠢᠯᠠᠨ ᠥᠭᠴᠦ᠂ ᠬᠤᠪᠢᠶᠠᠷᠢᠯᠠᠯᠲᠠ ᠶᠢᠨ ᠨᠣᠷᠮ᠎ᠠ ᠶᠢ 100%᠎ ᠳᠤ ᠬᠦᠷᠪᠠ᠃ ᠰᠢᠭᠤᠳ ᠭᠤᠪᠢᠭᠤᠯᠬᠤ ᠪᠡᠯᠡ ᠮᠥᠩᠭᠦ ᠶᠢᠨ ᠪᠠᠶᠢᠩᠭᠤ ᠶᠢᠨ ᠬᠢᠨᠠᠯᠲᠠ ᠲᠠᠯᠪᠢᠬᠤ  ᠵᠤᠬᠢᠴᠠᠮᠵᠢ ᠶᠣᠰᠣᠭᠠᠷ᠂ ᠬᠢᠨᠠᠨ ᠡᠵᠡᠮᠳᠡᠬᠦ ᠰᠢᠰᠲ᠋ᠧᠮ ᠤᠨ ᠰᠢᠭᠤᠳ ᠭᠤᠪᠢᠭᠤᠯᠬᠤ ᠪᠠᠯᠠ ᠮᠥᠩᠭᠦ ᠶᠢᠨ ᠡᠬᠡ ᠲᠠᠩᠰᠠ ᠪᠠᠶᠢᠭᠤᠯᠵᠦ᠂ ᠰᠢᠭᠤᠳ ᠭᠤᠪᠢᠭᠤᠯᠬᠤ ᠪᠠᠯᠠ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠳᠡᠮᠵᠢᠨ᠂ ᠡᠯ᠎ᠡ ᠲᠥᠰᠦᠪ ᠤᠨ ᠰᠠᠯᠠᠭ᠎ᠠ ᠮᠥᠴᠢᠷ ᠢ ᠱᠠᠯᠠᠪᠳᠠᠭᠤᠯᠵᠤ ᠰᠢᠭᠤᠳ ᠭᠤᠪᠢᠭᠤᠯᠬᠤ ᠪᠠᠯᠠ ᠮᠥᠩᠭᠦ ᠶᠢ ᠳᠣᠭᠢᠷᠠᠭᠤᠯᠤᠨ ᠬᠡᠷᠡᠭᠯᠡᠬᠦ ᠪᠠ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠬᠠᠮᠢᠶ᠎ᠠ ᠪᠥᠬᠦᠶ ᠲᠥᠰᠦᠪ ᠤᠨ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠨᠠᠨ ᠡᠵᠡᠮᠳᠡᠬᠦ ᠰᠢᠰᠲ᠋ᠧᠮ ᠳᠤ ᠣᠷᠣᠭᠤᠯᠵᠤ᠂ ᠰᠢᠭᠤᠳ ᠭᠤᠪᠢᠭᠤᠯᠬᠤ ᠪᠠᠯᠠ ᠮᠥᠩᠭᠦ ᠪᠠᠷ ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠪᠠᠯᠠ ᠮᠥᠩᠭᠦ ᠶᠢᠨ ᠠᠯᠢ ᠲᠦᠷᠭᠡᠨ ᠢᠶᠠᠷ ᠦᠷ᠎ᠡ ᠠᠰᠢᠭ ᠤᠯᠬᠤ ᠶᠢ ᠠᠬᠢᠭᠤᠯᠤᠨ᠎ᠠ᠃       ︵ᠲᠠᠪᠤ︶ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃       ᠲᠡᠬᠡᠳᠤ ᠱᠠᠲᠤᠨ ᠤ ᠱᠠᠭᠠᠷᠳᠠᠯᠭ᠎ᠠ ᠶᠤᠰᠤᠭᠠᠷ᠂ ᠦᠨᠤ ᠵᠢᠯ ᠤᠨ 9 ᠰᠠᠷ᠎ᠠ ᠳᠤ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢᠶᠠᠷ 2022 ᠣᠨ ᠤ ᠲᠥᠰᠦᠪ᠂ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠨᠠᠶᠢᠷᠠᠭᠤᠯᠤᠨ ᠵᠣᠬᠢᠶᠠᠵᠤ ᠠᠵᠢᠯᠯᠠᠭᠤᠯᠤᠭᠰᠠᠨ ᠤ ᠳᠠᠷᠠᠭ᠎ᠠ᠂ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ  ᠬᠦᠢᠴᠡᠳᠬᠡᠬᠦ᠂ ᠲᠥᠰᠦᠪ ᠤᠨ ᠬᠦᠢᠴᠡᠳᠬᠡᠯ ᠤᠨ ᠮᠡᠳᠡᠭᠦᠯᠬᠦ ᠬᠦᠰᠦᠨᠦᠭᠲᠦ ᠵᠡᠷᠭᠡ ᠠᠵᠢᠯ ᠤᠨ ᠪᠠᠷᠢᠮᠵᠢᠶᠠᠵᠢᠯᠳᠠ᠂ ᠠᠦ᠋ᠲ᠋ᠣᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ ᠪᠥᠬᠦ ᠶᠠᠪᠤᠴᠠ ᠶᠢ ᠬᠥᠳᠡᠯᠦᠩᠭᠦᠶ ᠪᠠᠷ ᠲᠤᠰᠬᠠᠬᠤ ᠪᠠ ᠪᠦᠲᠦᠮᠵᠢᠲᠡᠶ ᠡᠵᠡᠮᠳᠡᠬᠦ ᠶᠢ ᠪᠡᠶᠡᠯᠡᠭᠦᠯᠵᠦ᠂ ᠡᠯ᠎ᠡ ᠱᠠᠲᠤᠨ ᠤ ᠲᠥᠰᠦᠪ ᠤᠨ ᠬᠠᠮᠢᠶᠠᠷᠤᠯᠲᠠ ᠶᠢᠨ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠨ᠎ᠠ᠃       ︵ᠵᠢᠷᠭᠤᠭ᠎ᠠ︶ ᠳᠡᠭᠡᠳᠦ ᠱᠠᠲᠤᠨ ᠤ ᠡᠯ᠎ᠡ ᠲᠦᠷᠦᠯ ᠤᠨ ᠪᠡᠯᠡ ᠮᠥᠩᠭᠦ ᠶᠢ ᠲᠠᠮᠠᠴᠠᠨ ᠤᠯᠬᠤ ᠪᠠᠷ ᠴᠢᠷᠮᠠᠶᠢᠨ᠎ᠠ᠃ ᠨᠢᠭᠡ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠨᠡᠪᠲᠡᠷᠡᠯᠴᠡᠬᠦ ᠪᠠ ᠬᠠᠷᠢᠯᠴᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ᠂ ᠬᠦᠴᠢᠷᠳᠡᠯ ᠲᠠᠢ ᠪᠣᠳᠠᠲᠤ ᠪᠠᠶᠢᠳᠠᠯ ᠢ ᠢᠳᠡᠪᠬᠢᠲᠡᠶ ᠪᠠᠷ ᠲᠤᠰᠬᠠᠵᠤ᠂ ᠡᠯ᠎ᠡ ᠲᠦᠷᠦᠯ ᠤᠨ ᠡᠳ᠋ ᠤᠨ ᠬᠦᠴᠦᠨ ᠤ ᠴᠢᠨᠠᠷᠲᠠᠶ ᠨᠥᠬᠦᠪᠥᠷᠢ ᠪᠠ ᠲᠤᠰᠬᠠᠶ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠡᠳ᠋ ᠤᠨ ᠬᠦᠴᠦᠨ ᠤ ᠬᠦᠷᠦᠯᠴᠡᠬᠦ ᠦᠭᠡᠢ ᠵᠥᠢᠯᠡᠰ ᠢ ᠨᠥᠬᠦᠪᠥᠷᠢᠯᠡᠨ᠂ ᠡᠳ᠋ ᠤᠨ  ᠵᠠᠰᠠᠭ ᠤᠨ ᠳᠤᠲᠠᠭᠤᠳᠠᠯ ᠢ ᠪᠠᠭᠠᠰᠬᠠᠵᠤ᠂ ᠲᠥᠰᠦᠪ ᠤᠨ ᠢᠯᠭᠤᠮ ᠤᠷᠤᠭᠰᠢᠲᠠᠶ ᠬᠡᠷᠡᠭᠵᠢᠭᠦᠯᠦᠭᠳᠡᠬᠦ ᠪᠠ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠦᠨᠡᠡᠬᠦ ᠪᠠᠲᠤᠯᠠᠨ᠎ᠠ᠃ ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠴᠠᠶᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠷᠣᠨ ᠨᠤᠲᠤᠭ ᠤᠨ ᠡᠳ᠋ ᠤᠨ ᠬᠦᠴᠦᠨ ᠬᠦᠷᠦᠯᠴᠡᠬᠦ ᠦᠬᠡᠢ ᠲᠠᠷᠤᠯᠳᠠ ᠶᠢ ᠪᠠᠭᠠᠰᠬᠠᠨ᠎ᠠ᠃    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号