︽ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2019 ᠣᠨ ᠤ ᠬᠢᠨᠠᠨ ᠪᠤᠳᠤᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ︾᠎ ᠶᠢ ᠳᠡᠭᠡᠭᠰᠢ ᠮᠡᠳᠡᠭᠦᠯᠬᠦ ᠲᠤᠬᠠᠢ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2021/11/17
ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ᠄       ᠡᠳᠦᠭᠡ ︽ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2019 ᠣᠨ ᠤ ᠬᠢᠨᠠᠨ ᠪᠤᠳᠤᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾᠎ ᠶᠢ ᠪᠢᠴᠢᠭ ᠮᠠᠲ᠋ᠧᠷᠢᠶᠠᠯ ᠤᠨ ᠬᠠᠮᠲᠤ ᠳᠡᠭᠡᠭᠰᠢ ᠮᠡᠳᠡᠭᠦᠯᠪᠡ᠂ ᠬᠢᠨᠠᠨ ᠵᠥᠪᠯᠡᠬᠦ ᠪᠣᠯᠪᠠᠤ᠃                          2021 ᠣᠨ ᠤ 9 ᠰᠠᠷ᠎ᠠ ᠶᠢᠨ 22        ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2019 ᠣᠨ ᠤ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ           2020 ᠣᠨ ᠤ 9 ᠰᠠᠷ᠎ᠠ ᠶᠢᠨ 28᠎ ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠣᠳᠠᠭᠠᠨ ᠤ ᠬᠤᠷᠠᠯ ᠳᠡᠭᠡᠷ᠎ᠡ ︽ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2019 ᠣᠨ ᠤ ᠠᠪᠠᠭ᠎ᠠ ᠬᠤᠰᠢᠭᠤᠨ ᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠬᠤ ᠠᠵᠢᠯ ᠤᠨ ᠪᠠᠶᠢᠳᠠᠯ ᠤᠨ ᠮᠡᠳᠡᠭᠦᠯᠦᠯᠲᠡ︾ ᠬᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ ᠪᠤᠳᠤᠬᠤ ᠠᠵᠢᠯ ᠤᠨ ᠪᠠᠶᠢᠳᠠᠯ ᠤᠨ ᠮᠡᠳᠡᠭᠦᠯᠦᠯᠲᠡ ᠳᠤ ᠭᠤᠷᠪᠠᠨ ᠵᠦᠢᠯ ᠤᠨ ᠬᠢᠨᠠᠨ ᠵᠥᠪᠯᠡᠬᠦ ᠰᠠᠨᠠᠯ ᠲᠤᠷᠠᠳᠪᠠ᠄ ᠨᠢᠭᠡ ᠳᠤ᠂ ᠠᠵᠢᠯ ᠣᠯᠭᠤᠯᠲᠠ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠬᠤᠲᠠ ᠶᠢᠨ ᠪᠥᠲᠥᠭᠡᠨ ᠪᠠᠶᠢᠭᠤᠯᠤᠯᠲᠠ᠂ ᠶᠠᠳᠠᠭᠤ ᠶᠢ ᠲᠡᠳᠬᠦᠬᠦ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯᠯᠠᠭᠠᠨ ᠢ ᠨᠢᠭᠲᠠ ᠠᠩᠬᠠᠷᠴᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠲᠤ ᠥᠷᠢᠲᠦᠭᠰᠡᠨ ᠪᠡᠯᠡ ᠮᠦᠩᠭᠦ ᠵᠡᠷᠭᠡ ᠲᠠᠯ᠎ᠠ ᠪᠠᠷ ᠬᠢᠨᠠᠨ ᠪᠤᠳᠤᠵᠤ ᠬᠢᠨᠠᠯᠲᠠ ᠲᠠᠯᠪᠢᠨ᠎ᠠ︔ ᠬᠤᠶᠠᠷ ᠲᠤ᠂ ᠲᠤᠰᠬᠠᠶ ᠲᠦᠷᠦᠯ ᠤᠨ ᠪᠡᠯᠡ ᠮᠥᠩᠭᠦ ᠶᠢᠨ ᠲᠦᠯᠦᠪᠦᠷᠢᠯᠡᠯᠲᠡ ᠪᠠ ᠬᠡᠷᠡᠭᠯᠡᠯᠲᠡ ᠶᠢ ᠲᠦᠷᠭᠡᠳᠬᠡᠨ᠎ᠡ︔ ᠭᠤᠷᠪᠠ ᠳᠤ᠂ ᠬᠢᠨᠠᠨ ᠪᠤᠳᠤᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠤᠷᠠᠳᠤᠭᠰᠠᠨ ᠬᠢᠨᠠᠨ ᠵᠥᠪᠯᠡᠭᠰᠡᠨ ᠰᠠᠨᠠᠯ ᠢ ᠦᠨᠳᠦᠰᠦᠯᠡᠨ᠂ ᠬᠤᠯᠪᠣᠭᠳᠠᠯ ᠪᠥᠬᠦᠶ ᠨᠢᠭᠡᠴᠡ ᠶᠢᠨ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠱᠠᠯᠠᠪᠳᠠᠭᠤᠯᠪᠠ᠃       2019 ᠣᠨ ᠤ 8 ᠰᠠᠷ᠎ᠠ ᠠᠴᠠ 2020 ᠣᠨ ᠤ 7 ᠰᠠᠷ᠎ᠠ ᠪᠣᠯᠲᠠᠯ᠎ᠠ᠂ ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠳᠤ ᠵᠤᠭᠤᠰ ᠤᠨ ᠲᠤᠭ᠎ᠠ ᠪᠠᠷ ᠬᠡᠮᠵᠢᠶᠡᠯᠡᠭᠰᠡᠨ 26 ᠠᠰᠠᠭᠤᠳᠠᠯ ᠢ ᠪᠠᠶᠢᠴᠠᠭᠠᠨ ᠭᠠᠷᠭᠠᠵᠤ᠂ ᠬᠠᠮᠢᠶᠠᠷᠤᠯᠲᠠ ᠨᠢ ᠵᠢᠷᠤᠮᠵᠢᠭᠤᠨ ᠪᠤᠰᠤ 13.74 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠠᠶᠢᠴᠠᠭᠠᠨ ᠭᠠᠷᠭᠠᠪᠠ᠃ ᠵᠤᠭᠤᠰ ᠤᠨ ᠲᠤᠭ᠎ᠠ ᠪᠠᠷ ᠬᠡᠮᠵᠢᠶᠡᠯᠡᠭᠰᠡᠨ ᠪᠣᠰᠤ 13 ᠠᠰᠠᠭᠤᠳᠠᠯ ᠢ ᠪᠠᠶᠢᠴᠠᠭᠠᠨ ᠭᠠᠷᠭᠠᠵᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ 6 ᠵᠦᠢᠯ ᠢ ᠰᠢᠯᠵᠢᠭᠦᠯᠦᠨ ᠬᠦᠷᠭᠡᠭᠰᠡᠨ ᠪᠠᠶᠢᠨ᠎ᠠ᠃ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ᠂ 13.65 ᠳ᠋ᠦᠩᠰᠢᠭᠤᠷ ᠲᠥᠭᠦᠷᠢᠭ ᠤᠨ ᠬᠠᠮᠢᠶᠠᠷᠤᠯᠲᠠ ᠵᠢᠷᠤᠮᠵᠢᠭᠤᠨ ᠪᠤᠰᠤ ᠪᠠᠯᠠ ᠮᠥᠩᠭᠦ ᠶᠢ ᠴᠡᠭᠴᠡᠯᠡᠨ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 99.34%᠎ ᠳᠤ  ᠬᠦᠷᠪᠡ︔ ᠵᠣᠭᠤᠰ ᠤᠨ ᠲᠤᠭ᠎ᠠ ᠪᠠᠷ ᠬᠡᠮᠵᠢᠶᠡᠯᠡᠭᠰᠡᠨ ᠪᠣᠰᠤ ᠠᠰᠠᠭᠤᠳᠠᠯ ᠢ 12 ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 92.3%᠎ ᠳᠤ ᠬᠥᠷᠪᠡ︔ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠰᠢᠢᠳᠪᠤᠷᠢᠯᠡᠭᠰᠡᠨ 6 ᠵᠦᠢᠯ ᠢ ᠨᠢᠭᠡᠨᠲᠡ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃       ᠨᠢᠭᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ       ︵ᠨᠢᠭᠡ︶ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠠᠴᠠ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠭᠦᠨ ᠤ ᠬᠠᠮᠲᠤ ᠮᠡᠳᠡᠭᠦᠯᠦᠨ ᠬᠦᠷᠭᠡᠭᠰᠡᠨ ︽2020 ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ ᠳ᠋ᠦᠩᠨᠡᠯᠲᠡ︾ ᠪᠠ ︽2020 ᠣᠨ ᠤ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠰᠡᠳᠦᠪᠲᠦ ᠮᠡᠳᠡᠭᠦᠯᠦᠯᠲᠡ︾᠎ ᠳᠤ ᠴᠣᠬᠤᠯᠠᠪᠤᠷᠢ ᠬᠢᠵᠦ᠂ 2021 ᠣᠨ ᠤ 9 ᠰᠠᠷ᠎ᠠ ᠶᠢᠨ 8᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠣᠳᠠᠭᠠᠨ ᠤ ᠬᠤᠷᠠᠯ ᠠᠴᠠ ︽ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ 2020 ᠣᠨ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︾᠎ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠢᠨᠠᠨ ᠪᠤᠳᠤᠬᠤ ᠵᠥᠪᠯᠡᠯ ᠤᠨ ᠡᠷᠬᠢᠯᠡᠭᠴᠢ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠰᠠᠭᠤᠳᠠᠯ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ︽ᠨᠢᠭᠡᠨᠲᠡ ᠡᠪᠡᠳᠴᠢᠯᠡᠭᠰᠡᠨ ᠢ ᠵᠠᠰᠠᠬᠤ︾᠂ ︽ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾᠎ ᠶᠢ ᠬᠠᠷᠢᠯᠴᠠᠨ ᠤᠶᠠᠯᠳᠤᠭᠤᠯᠵᠤ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠤᠭᠰᠣᠯᠲᠠ ᠴᠢᠩᠭ᠎ᠠ᠂ ᠤᠯᠤᠰ ᠲᠦᠷᠦ ᠶᠢᠨ ᠣᠬᠠᠮᠰᠠᠷ ᠦᠨᠳᠦᠷ᠂ ᠬᠠᠷᠢᠭᠤᠴᠠᠯᠭ᠎ᠠ ᠲᠠᠢ᠂ ᠴᠢᠳᠠᠪᠤᠷᠢ ᠲᠠᠢ᠂ ᠣᠪᠣᠷ ᠰᠤᠷᠲᠠᠯ ᠴᠢᠭᠡᠴᠢ ᠪᠠᠶᠢᠬᠤ ᠱᠠᠭᠠᠷᠳᠠᠯᠭ᠎ᠠ ᠶᠣᠰᠣᠭᠠᠷ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭᠠᠲᠤ ᠰᠡᠳᠬᠢᠯᠭᠡ ᠲᠠᠢ ᠬᠢᠨᠠᠨ ᠪᠤᠳᠤᠬᠤ ᠡᠩᠨᠡᠭᠡ ᠶᠢ ᠴᠢᠷᠮᠠᠶᠢᠨ ᠪᠠᠶᠢᠭᠤᠯᠵᠤ᠂ ᠬᠢᠨᠠᠨ ᠪᠤᠳᠤᠯᠳᠠ ᠶᠢ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠵᠤ᠂ ᠬᠢᠨᠠᠨ ᠪᠤᠳᠤᠬᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠪᠠᠳᠣᠯᠠᠪᠠ᠃       ︵ᠬᠤᠶᠠᠷ︶ ᠮᠥᠷᠳᠡᠨ ᠱᠠᠯᠠᠪᠳᠠᠭᠤᠯᠬᠤ ᠶᠢ ᠴᠢᠩᠭᠠᠳᠬᠠᠪᠠ᠃ ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠨ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠬᠢᠨᠠᠨ ᠪᠤᠳᠤᠬᠤ ᠬᠤᠭᠤᠴᠠᠭᠠᠨ ᠳᠤ᠂ ᠬᠢᠨᠠᠨ ᠪᠣᠳᠣᠯᠲᠠ ᠬᠦᠯᠢᠶᠡᠵᠦ ᠪᠠᠶᠢᠭ᠎ᠠ ᠨᠢᠭᠡᠴᠡ ᠶᠢ ᠱᠠᠯᠠᠪᠳᠠᠭᠤᠯᠵᠤ ᠪᠠᠶᠢᠭᠠᠳ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠲᠡᠷᠡ ᠳᠠᠷᠤᠶ ᠳᠤᠨᠢ ᠪᠠᠶᠢᠴᠠᠭᠠᠵᠤ ᠲᠡᠷᠡ ᠳᠠᠷᠤᠶ ᠳᠤᠨᠢ ᠴᠡᠭᠴᠡᠯᠡᠪᠡ᠃ ᠬᠢᠨᠠᠨ ᠪᠤᠳᠤᠯᠲᠠ ᠳᠠᠭᠤᠰᠤᠭᠰᠠᠨ ᠤ ᠳᠠᠷᠠᠭ᠎ᠠ᠂ ᠬᠢᠨᠠᠨ ᠪᠤᠳᠤᠯᠲᠠ ᠶᠢᠨ ᠲᠣᠭᠲᠠᠭᠠᠯ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠤᠨ ᠲᠠᠩᠰᠠ ᠪᠠᠶᠢᠭᠤᠯᠤᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠡᠰ ᠳᠠᠷᠠᠭ᠎ᠠ ᠎ ᠲᠠᠢ ᠭᠦᠢᠴᠡᠳᠭᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠎ᠠ᠃ ᠵᠢᠯ ᠤᠨ ᠡᠴᠦᠰ ᠲᠤ᠂ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ ᠵᠦᠢᠯ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠮᠡᠳᠡᠭᠦᠯᠬᠦ ᠬᠡᠯᠪᠡᠷᠢ ᠪᠠᠷ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠵᠦ᠂ ᠵᠣᠬᠢᠶᠠᠨ ᠪᠠᠶᠢᠭᠤᠯᠬᠤ ᠬᠡᠯᠲᠡᠰ ᠠᠴᠠ ᠴᠡᠭᠴᠡᠯᠡᠨ ᠰᠠᠶᠢᠵᠢᠷᠠᠭᠤᠯᠤᠭᠰᠠᠨ ᠥᠬᠡᠶ ᠨᠢᠭᠡᠴᠡ ᠶᠢ ᠳᠠᠬᠢᠨᠲᠠ ᠱᠠᠯᠠᠪᠳᠠᠭᠤᠯᠪᠠ᠃       ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠭᠲᠠᠭᠠᠪᠠ᠃ ᠴᠡᠭᠴᠡᠯᠡᠨ ᠰᠠᠶᠢᠵᠢᠷᠠᠭᠤᠯᠬᠤ ᠠᠵᠢᠯ ᠢ ᠤᠷᠤᠭᠰᠢᠲᠠᠶ ᠠᠬᠢᠭᠤᠯᠬᠤ ᠪᠠ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠬᠠᠮᠢᠶ᠎ᠠ ᠪᠥᠬᠦᠶ ᠨᠢᠭᠡᠴᠡ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠢᠳᠡᠪᠬᠢᠲᠡᠶ ᠪᠠᠷ ᠰᠤᠳᠤᠯᠤᠨ ᠪᠠᠶᠢᠷᠢᠯᠠᠭᠤᠯᠵᠤ᠂ ᠬᠡᠰᠡᠭ ᠪᠠᠶᠢᠭᠤᠯᠭ᠎ᠠ ᠨᠢᠭᠡᠴᠡ ᠨᠢ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠢᠨᠠᠨ ᠪᠤᠳᠤᠯᠲᠠ ᠶᠢᠨ ᠲᠣᠭᠲᠠᠭᠰᠠᠨ ᠴᠠᠭ ᠤᠨ  ᠬᠢᠵᠠᠭᠠᠷ ᠤᠨ ᠲᠣᠳᠣᠷ᠎ᠠ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠭᠡᠷᠡᠴᠢ ᠮᠠᠲ᠋ᠧᠷᠢᠶᠠᠯ ᠪᠣᠯᠤᠨ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠬᠤᠰᠢᠭᠤ ᠬᠢᠨᠠᠨ ᠪᠤᠳᠤᠬᠤ ᠲᠤᠪᠴᠢᠶᠠᠨ ᠳᠤ ᠮᠡᠳᠡᠭᠦᠯᠦᠨ ᠬᠦᠷᠭᠡᠪᠡ᠃       ᠬᠤᠶᠠᠷ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠶ ᠪᠠᠶᠢᠳᠠᠯ       ︵ᠨᠢᠭᠡ︶ 2019 ᠣᠨ ᠤ ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠳᠤ ᠬᠢᠨᠠᠨ ᠪᠤᠳᠤᠯᠲᠠ ᠬᠢᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ       ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠢᠳᠡᠪᠬᠢᠲᠡᠢ ᠠᠷᠭ᠎ᠠ ᠬᠡᠮᠵᠢᠶ᠎ᠡ ᠠᠪᠴᠦ ᠴᠡᠭᠴᠡᠯᠡᠨ ᠰᠠᠶᠢᠵᠢᠷᠠᠭᠤᠯᠪᠠ᠃ 2019 ᠣᠨ ᠤ ᠡᠴᠦᠰ ᠪᠣᠯᠲᠠᠯ᠎ᠠ ᠳᠡᠭᠡᠳᠦ ᠱᠠᠲᠤᠨ ᠤ 45369 ᠲᠦᠮᠡᠨ ᠲᠥᠭᠦᠷᠢᠭ ᠤᠨ ᠲᠥᠯᠦᠪᠤᠷᠢᠯᠡᠬᠦ ᠶᠤᠰᠤᠲᠠᠢ ᠲᠤᠰᠬᠠᠶ ᠪᠠᠯᠠ ᠮᠥᠩᠭᠦ ᠶᠢ ᠲᠥᠯᠦᠪᠤᠷᠢᠯᠡᠭᠰᠡᠨ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠳᠡᠭᠡᠳᠦ ᠱᠠᠲᠤᠨ ᠤ 71.52 ᠲᠦᠮᠡᠨ ᠲᠥᠭᠦᠷᠢᠭ ᠤᠨ ᠲᠤᠰᠬᠠᠢ ᠪᠡᠯᠡ ᠮᠦᠩᠭᠦ ᠶᠢ ᠥᠯᠡᠳᠡᠭᠡᠭᠰᠡᠨ ᠠᠰᠠᠭᠤᠳᠠᠯ ᠳᠤ ᠴᠢᠭᠯᠡᠭᠦᠯᠦᠨ᠂ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 7 ᠲᠦᠮᠡᠨ ᠲᠥᠭᠦᠷᠢᠭ ᠢ ᠲᠥᠯᠦᠪᠤᠷᠢᠯᠡᠨ ᠥᠭᠪᠡ᠃ 524.49 ᠲᠦᠮᠡᠨ ᠲᠥᠭᠦᠷᠢᠭ ᠤᠨ ᠪᠡᠯᠡᠳᠭᠡᠯ ᠵᠠᠷᠤᠳᠠᠯ ᠢ ᠬᠡᠪᠴᠢᠶ᠎ᠡ ᠠᠴᠠ ᠳᠠᠪᠠᠭᠤᠯᠤᠨ ᠵᠠᠷᠤᠴᠠᠭᠤᠯᠤᠭᠰᠠᠨ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠲᠣᠪᠴᠢᠶ᠎ᠠ ᠠᠴᠠ ᠬᠤᠶᠢᠰᠢᠳᠠ ︽ᠲᠥᠰᠦᠪ ᠤᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠪᠡᠯᠡᠳᠬᠡᠯ ᠵᠠᠷᠤᠳᠠᠯ ᠢ ᠵᠦᠢ ᠵᠣᠬᠢᠰᠲᠠᠶ ᠪᠠᠷ ᠲᠣᠬᠢᠷᠠᠭᠤᠯᠤᠨ ᠬᠡᠷᠡᠭᠯᠡᠨ᠎ᠡ ᠭᠡᠵᠦ ᠳᠤᠷᠠᠳᠤᠨ ᠭᠠᠷᠭᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠬᠡᠶᠢᠰᠪᠤᠷᠢ ᠪᠠᠷ ᠬᠠᠰᠤᠭᠰᠠᠨ 19310.78 ᠲᠦᠮᠡᠨ ᠲᠥᠭᠦᠷᠢᠭ ᠤᠨ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ 20598.22 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠭᠦᠢᠯᠭᠡᠭᠡᠨ ᠤ ᠪᠡᠯᠡ ᠮᠦᠩᠭᠦ ᠶᠢ ᠴᠠᠭ ᠲᠤᠬᠠᠶ ᠳᠤᠨᠢ ᠴᠡᠪᠡᠷᠯᠡᠨ ᠴᠡᠭᠴᠡᠯᠡᠭᠰᠡᠨ ᠦᠭᠡᠶ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 20009.46 ᠲᠦᠮᠡᠨ ᠲᠥᠭᠦᠷᠢᠭ ᠤᠨ ᠭᠦᠢᠯᠭᠡᠭᠡᠨ ᠤ ᠪᠡᠯᠡ ᠮᠦᠩᠭᠦ ᠢ ᠴᠡᠭᠴᠡᠯᠡᠨ ᠴᠡᠪᠡᠷᠯᠡᠭᠰᠡᠨ ᠪᠠᠶᠢᠨ᠎ᠠ᠃ ᠨᠢᠭᠡᠳᠦᠭᠡᠷ ᠳᠡᠰ ᠤᠨ ᠲᠥᠰᠦᠪ ᠤᠨ ᠪᠠᠶᠢᠭᠤᠯᠭ᠎ᠠ ᠨᠢᠭᠡᠴᠡ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠬᠤᠰᠢᠭᠤ ᠰᠣᠶᠣᠯ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠮᠡᠷᠭᠡᠵᠢᠯ ᠤᠨ ᠲᠤᠪᠴᠢᠶᠠᠨ ᠤ ᠲᠤᠰᠢᠶᠠᠬᠤ ᠶᠣᠰᠣᠲᠠᠶ ᠪᠠᠶᠢᠳᠠᠯ᠎ᠠ ᠲᠤᠰᠢᠶᠠᠭᠰᠠᠨ ᠦᠭᠡᠢ ᠡᠳ᠋ ᠤᠨ ᠵᠠᠰᠠᠭ ᠤᠨ ᠣᠷᠣᠯᠭ᠎ᠠ ᠳᠤ ᠬᠤᠯᠪᠣᠭᠳᠠᠭᠰᠠᠨ 2.3 ᠲᠦᠮᠡᠨ ᠲᠥᠭᠦᠷᠢᠭ︔ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠷᠡᠭᠯᠡᠭᠡᠨ ᠤ ᠵᠥᠭᠡᠯᠡᠨ ᠲᠣᠨᠤᠭ ᠬᠤᠳᠠᠯᠳᠤᠨ ᠠᠪᠬᠤ ᠳᠤ ᠬᠤᠯᠪᠣᠭᠳᠠᠭᠰᠠᠨ ᠵᠥᠪ ᠣᠨᠣᠪᠴᠢᠲᠠᠶ ᠲᠣᠭᠠᠴᠠᠭ᠎ᠠ ᠬᠢᠭᠰᠡᠨ ᠥᠬᠡᠶ 24.72 ᠲᠦᠮᠡᠨ ᠲᠥᠭᠦᠷᠢᠭ︔ ᠬᠤᠰᠢᠭᠤ ᠴᠠᠭᠠᠨᠨᠠᠭᠤᠷ ᠪᠠᠯᠭᠠᠰᠤ᠂ ᠪᠠᠶᠠᠨᠳᠤᠭ ᠰᠣᠮᠣᠨ ᠤ ᠨᠢᠭᠲᠠᠯᠠᠨ ᠪᠣᠳᠣᠯᠲᠠ ᠶᠢᠨ ᠲᠦᠷᠦᠯ ᠤᠨ ᠬᠡᠷᠡᠭᠯᠯᠡᠲᠡ ᠨᠢ ᠲᠣᠭᠲᠠᠭᠠᠯ ᠳᠤ ᠨᠡᠶᠢᠴᠡᠬᠦ ᠥᠬᠡᠶ ᠪᠠᠶᠢᠳᠠᠯ ᠳᠤ ᠬᠤᠯᠪᠣᠭᠳᠠᠭᠰᠠᠨ 4.7 ᠲᠦᠮᠡᠨ ᠲᠥᠭᠦᠷᠢᠭ ᠪᠠ ᠬᠤᠰᠢᠭᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠣᠷᠣᠯᠭ᠎ᠠ ᠪᠠᠨ ᠭᠦᠢᠯᠭᠡᠭᠡᠨ ᠤ ᠲᠦᠷᠦᠯ ᠳᠤ ᠳᠠᠩᠰᠠᠯᠠᠨ ᠤᠷᠤᠭᠤᠯᠤᠭᠰᠠᠨ 30 ᠲᠦᠮᠡᠨ ᠲᠥᠭᠦᠷᠢᠭ ᠤᠨ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃       ︵ᠬᠤᠶᠠᠷ︶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ       2019 ᠣᠨ ᠤ ᠭᠤᠷᠪᠠᠳᠤᠭᠠᠷ ᠤᠯᠠᠷᠢᠯ ᠳᠤ ᠤᠯᠤᠰ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠮᠥᠷᠳᠡᠨ ᠬᠢᠨᠠᠨ ᠪᠣᠳᠣᠬᠤ ᠶᠠᠪᠤᠴᠠ ᠳᠤ ᠬᠤᠰᠢᠭᠤ ᠲᠦᠭᠡᠭᠡᠯ ᠣᠰᠤ ᠬᠠᠩᠭᠠᠬᠤ ᠤᠰᠤ ᠵᠠᠯᠠᠬᠤ ᠺᠣᠮᠫᠠᠨᠢ ᠨᠢ ᠴᠤᠬᠤᠯᠠᠪᠤᠷᠢ ᠪᠠ ᠠᠩᠬᠠᠨ ᠤ ᠵᠢᠷᠤᠭ ᠲᠥᠯᠥᠪᠯᠡᠭᠡ ᠪᠠᠷ ᠪᠥᠲᠥᠭᠡᠨ ᠪᠠᠶᠢᠭᠤᠯᠤᠯᠲᠠ ᠶᠢᠨ ᠲᠦᠷᠦᠯ ᠢ ᠪᠡᠶᠡᠯᠡᠭᠦᠯᠦᠭᠰᠡᠨ ᠥᠬᠡᠶ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡᠨᠲᠡ ᠲᠦᠷ ᠬᠤᠶᠢᠰᠢᠯᠠᠭᠤᠯᠤᠨ ᠬᠡᠷᠡᠭᠵᠢᠭᠦᠯᠬᠦ ᠲᠥᠷᠥᠯ ᠵᠦᠢᠯ ᠳᠤ ᠣᠷᠣᠭᠤᠯᠤᠭᠰᠠᠨ ᠪᠠᠶᠢᠨ᠎ᠠ᠃        ︵ᠭᠤᠷᠪᠠ︶ ᠲᠤᠰᠬᠠᠶ ᠲᠦᠷᠦᠯ ᠤᠨ ᠬᠢᠨᠠᠨ ᠪᠤᠳᠤᠯᠳᠠ ᠪᠠ ᠲᠤᠰᠬᠠᠶ ᠲᠦᠷᠦᠯ ᠤᠨ ᠬᠢᠨᠠᠨ ᠪᠤᠳᠤᠯᠳᠠ ᠶᠢᠨ ᠪᠠᠶᠢᠴᠠᠭᠠᠯᠲᠠ        ⒈2019 ᠣᠨ ᠳᠤ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠢᠨᠠᠨ ᠪᠤᠳᠤᠯᠲᠠ ᠳᠤ ᠢᠯᠡᠷᠡᠭᠦᠯᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠳᠤᠲᠠᠭᠳᠠᠭᠰᠠᠨ ᠠᠰᠠᠭᠤᠳᠠᠯ ᠢ ᠢᠯᠡᠷᠡᠭᠦᠯᠵᠦ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠨᠢ ᠬᠢᠨᠠᠨ ᠪᠤᠳᠤᠯᠲᠠ ᠶᠢᠨ ᠰᠠᠨᠠᠭᠤᠯᠭ᠎ᠠ ᠶᠢ ᠭᠥᠯᠢᠶᠡᠨ ᠠᠪᠴᠤ᠂ ᠬᠤᠶᠢᠰᠢᠳᠠ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠩᠰᠠ ᠡᠪᠬᠡᠮᠡᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠤᠭ᠎ᠠ ᠪᠠᠷᠢᠮᠲᠠ ᠭᠡᠭᠡᠭᠳᠡᠬᠦ ᠵᠡᠷᠭᠡ ᠪᠠᠶᠢᠳᠠᠯ ᠳᠠᠬᠢᠨ ᠭᠠᠷᠬᠤ ᠶᠢ ᠰᠡᠷᠭᠡᠶᠢᠯᠡᠨ᠎ᠡ ᠭᠡᠵᠦ ᠲᠤᠷᠠᠳᠪᠠ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠬᠢᠨ ᠳᠠᠪᠲᠠᠨ ᠳᠠᠩᠰᠠ ᠴᠠᠶᠢᠷᠠᠭᠤᠯᠬᠤ ᠠᠰᠠᠭᠤᠳᠠᠯ ᠢ ᠨᠢᠭᠡᠨᠲᠡ ᠴᠡᠭᠴᠡᠯᠡᠨ ᠵᠠᠰᠠᠪᠠ︔ ᠬᠤᠪᠢ ᠬᠥᠮᠦᠨ ᠤ 51.87 ᠲᠦᠮᠡᠨ ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠲᠦᠷ ᠲᠥᠯᠦᠪᠤᠷᠢᠯᠡᠭᠡᠳ ᠬᠠᠷᠭᠤᠭᠤᠯᠤᠨ ᠴᠡᠪᠡᠷᠯᠡᠭᠡ ᠦᠭᠡᠢ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 25.54 ᠲᠦᠮᠡᠨ ᠲᠥᠭᠦᠷᠢᠭ ᠢ ᠴᠡᠪᠡᠷᠯᠡᠨ ᠲᠢᠭᠯᠡᠪᠡ᠃        ⒉2015 ᠣᠨ ᠠᠴᠠ 2019 ᠣᠨ ᠤ 9 ᠰᠠᠷ᠎ᠠ ᠪᠣᠯᠲᠠᠯ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠤᠨ ᠲᠤᠬᠠᠶ ᠲᠤᠰᠬᠠᠶ ᠬᠢᠨᠠᠨ ᠪᠣᠳᠣᠯᠲᠠ ᠶᠢᠨ ᠪᠠᠶᠢᠴᠠᠭᠠᠯᠲᠠ ᠶᠢᠨ ᠳᠤᠮᠳᠠ 4.87 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠴᠠᠭ ᠲᠤᠬᠠᠶ ᠳᠤᠨᠢ ᠲᠤᠬᠢᠷᠠᠭᠤᠯᠤᠭᠰᠠᠨ ᠦᠭᠡᠶ ᠠᠰᠠᠭᠤᠳᠠᠯ ᠢ ᠢᠯᠡᠷᠡᠭᠦᠯᠵᠦ ᠨᠢᠭᠡᠨᠲᠡ ᠴᠡᠭᠴᠡᠯᠡᠨ ᠵᠠᠰᠠᠪᠠ᠃        ⒊ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠭᠡᠯ ᠤᠨ ᠬᠢᠨᠠᠨ ᠪᠤᠳᠤᠯᠲᠠ ᠳᠤ 4.37 ᠲᠦᠮᠡᠨ ᠲᠥᠭᠦᠷᠢᠭ ᠤᠨ ᠪᠠᠷᠢᠯᠭ᠎ᠠ ᠶᠢᠨ ᠦᠨ᠎ᠡ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠵᠠᠷᠤᠳᠠᠯ ᠢ ᠢᠯᠡᠭᠦᠦ ᠪᠣᠳᠣᠭᠰᠠᠨ᠂ ᠢᠨᠵᠧᠨᠧᠷᠢᠩ ᠤᠨ ᠳ᠋ᠦᠩᠨᠡᠨ ᠪᠤᠳᠤᠵᠤ ᠬᠢᠨᠠᠨ ᠬᠠᠷᠭᠤᠭᠤᠯᠬᠤ ᠳᠤ ᠮᠠᠲ᠋ᠧᠷᠢᠶᠠᠯ ᠤᠨ ᠨᠢᠭᠡᠴᠢ ᠦᠨ᠎ᠡ ᠶᠢ ᠳᠤᠷ᠎ᠠ ᠪᠠᠷ ᠢᠶᠠᠨ ᠳᠣᠭᠢᠷᠠᠭᠤᠯᠵᠤ 337.48 ᠲᠦᠮᠡᠨ ᠲᠥᠭᠦᠷᠢᠭ ᠢᠯᠡᠭᠦᠦ ᠪᠤᠳᠣᠭᠰᠠᠨ᠂ ᠦᠨ᠎ᠡ ᠶᠢᠨ ᠯᠠᠪᠯᠠᠯᠭ᠎ᠠ ᠶᠢᠨ ᠺᠣᠮᠫᠠᠨᠢ ᠶᠢᠨ ᠠᠯᠳᠠᠰᠢ ᠠᠴᠠ ᠪᠣᠯᠵᠣ ᠢᠨᠵᠧᠨᠧᠷᠢᠩ ᠤᠨ ᠬᠠᠩᠰᠢ ᠶᠢ 20.15 ᠲᠦᠮᠡᠨ ᠲᠥᠭᠦᠷᠢᠭ ᠢᠯᠡᠭᠦᠤ ᠪᠣᠳᠣᠭᠰᠠᠨ᠂ ᠢᠨᠵᠧᠨᠧᠷᠢᠩ ᠤᠨ ᠭᠡᠷᠡᠴᠢ ᠶᠢᠨ ᠬᠠᠭᠤᠳᠠᠰᠤ ᠨᠢ ᠪᠣᠳᠠᠲᠠᠶ ᠲᠠᠢ ᠨᠡᠶᠢᠴᠡᠬᠦ ᠥᠬᠡᠶ ᠪᠠᠶᠢᠵᠤ 6.2 ᠲᠦᠮᠡᠨ ᠲᠥᠭᠦᠷᠢᠭ ᠤᠨ ᠢᠨᠵᠧᠨᠧᠷᠢᠭ ᠤᠨ ᠪᠡᠯᠡ ᠮᠦᠩᠭᠦ ᠶᠢ ᠢᠯᠡᠭᠦᠤ ᠪᠣᠳᠣᠭᠰᠠᠨ᠂ ᠨᠣᠭᠳᠠᠭᠤᠯᠬᠤ ᠪᠠᠷ ᠪᠠᠶᠢᠭ᠎ᠠ 329.76 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢᠨ ᠵᠠᠷᠤᠳᠠᠯ ᠤᠨ ᠲᠣᠭᠠᠴᠠᠭ᠎ᠠ ᠶᠢ ᠪᠤᠷᠤᠭᠤ ᠪᠣᠳᠣᠭᠰᠠᠨ᠂ ᠪᠠᠷᠢᠯᠭ᠎ᠠ ᠶᠢᠨ ᠡᠳ᠋ ᠤᠨ ᠶᠠᠪᠤᠳᠠᠯ ᠤᠨ ᠬᠠᠷᠭᠤᠭᠤᠯᠤᠨ ᠪᠣᠳᠣᠯᠲᠠ ᠶᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠥᠬᠡᠶ ᠵᠢᠷᠭᠤᠭᠠᠨ ᠠᠰᠠᠭᠤᠳᠠᠯ ᠢ ᠨᠢᠭᠡᠨᠲᠡ ᠴᠡᠭᠴᠡᠯᠡᠨ ᠨᠠᠶᠢᠳᠠᠪᠤᠷᠢᠵᠢᠭᠤᠯᠪᠠ᠃ ᠬᠢᠨᠠᠨ ᠪᠤᠳᠤᠬᠤ ᠡᠷᠬᠡ ᠲᠤᠰᠢᠶᠠᠯ ᠤᠨ ᠬᠡᠪᠴᠢᠶ᠎ᠡ ᠠᠴᠠ ᠳᠠᠪᠠᠭᠰᠠᠨ ᠵᠢᠷᠭᠤᠭᠠᠨ ᠠᠰᠠᠭᠤᠳᠠᠯ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠤᠯᠠᠮ ᠴᠢᠨᠠᠭᠰᠢᠳᠠ ᠬᠢᠨᠠᠨ ᠬᠠᠷᠭᠤᠭᠤᠯᠵᠤ ᠰᠢᠢᠳᠪᠤᠷᠢᠯᠡᠪᠡ᠃        ︵ᠳᠥᠷᠪᠡ︶ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ        ⒈ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠳᠠᠷᠤᠭ᠎ᠠ ᠪᠠᠶ ᠰᠢᠶᠤᠤ ᠭᠤᠸᠠᠩ ᠨᠥᠬᠦᠷ ᠤᠨ ᠲᠤᠰᠢᠶᠠᠯ ᠤᠨ ᠬᠤᠭᠤᠴᠠᠭᠠᠨ ᠤ ᠬᠢᠨᠠᠨ ᠪᠤᠳᠤᠯᠲᠠ ᠳᠤ ᠵᠠᠷᠤᠯᠭ᠎ᠠ ᠮᠡᠳᠡᠭᠦᠯᠬᠦ ᠵᠠᠷᠤᠳᠠᠯ ᠤᠨ ᠭᠠᠷ ᠭᠦᠢᠴᠡᠳᠭᠡᠯ ᠨᠢ ᠵᠢᠷᠤᠮᠵᠢᠭᠤᠨ ᠪᠤᠰᠤ ᠪᠠ 1409.95 ᠲᠦᠮᠡᠨ ᠲᠥᠭᠦᠷᠢᠭ ᠤᠨ ᠥᠷᠢᠲᠦᠭᠰᠡᠨ ᠵᠣᠭᠤᠰ ᠢ ᠲᠠᠩᠰᠠᠨ ᠳᠤ ᠣᠷᠣᠭᠤᠯᠤᠨ ᠲᠣᠭᠠᠴᠠᠭ᠎ᠠ ᠬᠢᠭᠰᠡᠨ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠵᠠᠰᠠᠪᠠ︔ ᠲᠤᠰᠢᠶᠠᠬᠤ ᠶᠣᠰᠣᠲᠠᠶ ᠪᠠᠶᠢᠲᠠᠯ᠎ᠠ ᠲᠤᠰᠢᠶᠠᠭᠰᠠᠨ ᠥᠬᠡᠶ ᠡᠳ᠋ ᠤᠨ ᠵᠠᠰᠠᠭ ᠤᠨ ᠲᠤᠰᠬᠠᠶ ᠳᠠᠩᠰᠠᠨ ᠤ ᠪᠡᠯᠡ ᠮᠦᠩᠭᠦ᠂ ᠲᠥᠰᠦᠪ ᠤᠨ ᠪᠡᠯᠡ ᠮᠦᠩᠭᠦᠨ ᠤ 0.96 ᠲᠥᠮᠡᠨ ᠲᠦᠭᠦᠷᠢᠭ ᠤᠨ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠪᠠ︔ 31.78 ᠲᠦᠮᠡᠨ ᠲᠥᠭᠦᠷᠢᠭ ᠤᠨ ᠲᠦᠷ ᠲᠥᠯᠦᠪᠤᠷᠢᠯᠡᠭᠰᠡᠨ ᠪᠡᠯᠡ ᠮᠦᠩᠭᠦ ᠶᠢ ᠤᠷᠲᠤ ᠬᠤᠭᠤᠴᠠᠭ᠎ᠠ ᠪᠠᠷ ᠳᠠᠩᠰᠠᠨ ᠳᠤ ᠪᠠᠶᠢᠯᠭᠠᠭᠰᠠᠨ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 10.5 ᠲᠦᠮᠡᠨ ᠲᠥᠭᠦᠷᠢᠭ ᠢ ᠨᠢ ᠴᠡᠪᠡᠷᠯᠡᠨ ᠴᠡᠭᠴᠡᠯᠡᠪᠡ᠃        ⒉ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠣᠳᠬᠠᠨᠳᠠᠯᠠᠢ ᠨᠥᠬᠦᠷ ᠤᠨ ᠲᠤᠰᠢᠶᠠᠯ ᠤᠨ ᠬᠤᠭᠤᠴᠠᠭᠠᠨ ᠳᠠᠬᠢ ᠬᠢᠨᠠᠨ ᠪᠤᠳᠤᠯᠲᠠ ᠳᠤ ᠢᠯᠡᠷᠡᠭᠦᠯᠦᠭᠰᠡᠨ ᠲᠠᠩᠰᠠ ᠮᠡᠳᠡᠭᠦᠯᠬᠦ ᠲᠠᠰ ᠳᠠᠷᠠᠭᠠᠯᠠᠯ ᠵᠢᠴᠢ ᠨᠢᠭᠲᠠᠯᠠᠨ ᠪᠣᠳᠣᠬᠤ ᠲᠣᠭᠠᠴᠠᠭ᠎ᠠ ᠵᠢᠷᠤᠮᠵᠢᠭᠤᠨ ᠪᠤᠰᠤ ᠪᠠ 2.07 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢ ᠳᠠᠩᠰᠠᠨ ᠳᠤ ᠤᠷᠤᠭᠤᠯᠤᠭᠰᠠᠨ ᠦᠭᠡᠢ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃        ⒊ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠤᠤᠯ ᠤᠨ ᠲᠣᠪᠴᠢᠶᠠᠨ ᠳᠠᠷᠤᠭ᠎ᠠ ᠪᠣᠷᠣᠬᠦᠦ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ ᠢᠯᠡᠷᠡᠭᠦᠯᠦᠭᠰᠡᠨ ᠲᠠᠩᠰᠠ ᠮᠡᠳᠡᠭᠦᠯᠬᠦ ᠲᠠᠰ ᠳᠠᠷᠠᠭᠠᠯᠠᠯ ᠵᠢᠴᠢ ᠨᠢᠭᠲᠠᠯᠠᠨ ᠪᠤᠳᠤᠭᠴᠢ ᠶᠢᠨ ᠲᠣᠭᠠᠴᠠᠭ᠎ᠠ ᠵᠢᠷᠤᠮᠵᠢᠯ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ 146.31 ᠲᠦᠮᠡᠨ ᠲᠥᠭᠦᠷᠢᠭ ᠤᠨ ᠳᠠᠩᠰᠠᠨ ᠳᠠᠬᠢ ᠭᠦᠢᠯᠭᠡᠭᠡᠨ ᠤ ᠪᠡᠯᠡ ᠮᠦᠩᠭᠦ ᠶᠢ ᠴᠠᠭ ᠲᠤᠬᠠᠶ ᠳᠤᠨᠢ ᠴᠡᠪᠡᠷᠯᠡᠨ ᠳᠢᠭᠯᠡᠭᠰᠡᠨ ᠦᠭᠡᠶ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 33.18 ᠲᠦᠮᠡᠨ ᠲᠥᠭᠦᠷᠢᠭ ᠢ ᠴᠡᠪᠡᠷᠯᠡᠨ ᠳᠢᠭᠯᠡᠭᠰᠡᠨ ᠪᠠᠶᠢᠨ᠎ᠠ᠃ 466.13 ᠲᠦᠮᠡᠨ ᠲᠥᠭᠦᠷᠢᠭ ᠤᠨ ᠥᠷᠢᠲᠦᠭᠰᠡᠨ ᠵᠣᠭᠤᠰ ᠢ ᠳᠠᠩᠰᠠᠨ ᠳᠤ ᠣᠷᠣᠭᠤᠯᠤᠨ ᠲᠣᠭᠠᠴᠠᠭ᠎ᠠ ᠬᠢᠭᠰᠡᠨ ᠦᠭᠡᠢ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 281.15 ᠲᠦᠮᠡᠨ ᠲᠥᠭᠦᠷᠢᠭ ᠤᠨ ᠥᠷᠢᠲᠦᠭᠰᠡᠨ ᠪᠡᠯᠡ ᠮᠦᠩᠭᠦ ᠶᠢ ᠲᠥᠯᠦᠪᠤᠷᠢᠯᠡᠭᠰᠡᠨ ᠪᠠᠶᠢᠨ᠎ᠠ᠃       ⒊ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠡᠷᠳᠡᠨᠢ ᠨᠥᠬᠦᠷ ᠤᠨ ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠯᠲᠠ ᠪᠠᠷ ᠳᠡᠮᠵᠢᠨ᠂ ᠲᠣᠭᠲᠠᠮᠠᠯ ᠬᠥᠷᠥᠩᠭᠡ 2.78 ᠲᠦᠮᠡᠨ ᠲᠥᠭᠦᠷᠢᠭ ᠨᠡᠮᠡᠭᠳᠡᠭᠰᠡᠨ ᠪᠣᠯᠪᠠᠴᠤ ᠲᠠᠩᠰᠠᠨ ᠳᠤ ᠣᠷᠣᠭᠤᠯᠤᠭᠰᠠᠨ ᠥᠬᠡᠶ ᠵᠢᠴᠢ 2.68 ᠲᠦᠮᠡᠨ ᠲᠥᠭᠦᠷᠢᠭ ᠤᠨ ᠬᠥᠳᠡᠯᠮᠦᠷᠢ ᠦᠢᠯᠡᠴᠢᠯᠡᠭᠡᠨ ᠤ ᠰᠦᠢᠳᠭᠡᠯ ᠲᠤᠰᠢᠶᠠᠭᠰᠠᠨ ᠫᠢᠶᠣᠣ ᠪᠠᠷᠢᠮᠲᠠ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ 1.34 ᠲᠦᠮᠡᠨ ᠲᠥᠭᠦᠷᠢᠭ ᠤᠨ ᠵᠣᠴᠢᠯᠠᠬᠤ ᠵᠠᠷᠤᠳᠠᠯ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠠᠴᠠ ᠬᠤᠶᠢᠰᠢᠳᠠ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠶᠢᠮᠦᠷᠬᠦ ᠦᠵᠡᠭᠳᠡᠯ ᠭᠠᠷᠬᠤ ᠶᠢ ᠡᠷᠡᠰ  ᠬᠤᠷᠢᠭᠯᠠᠨ᠎ᠠ ᠭᠡᠵᠦ ᠳᠤᠷᠠᠳᠤᠨ ᠭᠠᠷᠭᠠᠪᠠ᠃      ᠭᠤᠷᠪᠠ᠂ ᠰᠢᠯᠵᠢᠭᠦᠯᠦᠨ ᠬᠦᠷᠭᠡᠵᠦ ᠰᠢᠢᠳᠪᠦᠷᠢᠯᠡᠭᠰᠡᠨ ᠪᠠᠶᠢᠳᠠᠯ      2019 ᠣᠨ ᠤ 8 ᠰᠠᠷ᠎ᠠ ᠠᠴᠠ 2020 ᠣᠨ ᠤ 7 ᠰᠠᠷ᠎ᠠ ᠪᠣᠯᠲᠠᠯ᠎ᠠ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ 6 ᠵᠦᠢᠯ ᠤᠨ ᠰᠢᠢᠳᠪᠤᠷᠢᠯᠡᠬᠦ ᠠᠰᠠᠭᠤᠳᠠᠯ ᠢ ᠰᠢᠯᠵᠢᠭᠦᠯᠦᠨ ᠬᠦᠷᠭᠡᠪᠡ᠄      ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠬᠢᠨᠠᠨ ᠪᠤᠳᠤᠯᠲᠠ ᠳᠤ ᠲᠥᠷᠥᠯ ᠵᠦᠢᠯ ᠤᠨ ᠲᠦᠢᠮᠣ ᠲᠥᠰᠦᠪ ᠠᠴᠠ ᠳᠠᠪᠠᠭᠰᠠᠨ᠂ ᠤᠷᠢᠳ ᠢᠶᠠᠷ ᠪᠠᠷᠢᠯᠭ᠎ᠠ ᠪᠠᠷᠢᠵᠤ ᠳᠠᠷᠠᠭ᠎ᠠ ᠨᠢ ᠳᠠᠭᠠᠭᠠᠴᠢᠯᠠᠯᠲᠠ ᠵᠠᠷᠯᠠᠬᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠢᠷᠤᠵᠤ ᠲᠥᠯᠥᠪᠯᠡᠬᠦ ᠶᠢᠨ ᠳᠠᠭᠠᠤ ᠪᠠᠷᠢᠯᠭ᠎ᠠ ᠪᠠᠷᠢᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠰᠠᠨ ᠥᠬᠡᠶ ᠪᠠᠷ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠠᠴᠠ ᠢᠨᠵᠧᠨᠧᠷᠢᠭ ᠢ ᠬᠠᠷᠠᠭᠠᠯᠵᠠᠭᠰᠠᠨ ᠬᠢᠷᠢ ᠬᠡᠮ ᠥᠬᠡᠶ ᠪᠠᠷᠢᠯᠭ᠎ᠠ ᠶᠢᠨ ᠨᠢᠭᠡᠴᠡ ᠳᠤ ᠳᠠᠭᠠᠭᠠᠴᠢᠯᠠᠭᠤᠯᠤᠨ ᠥᠭᠭᠦᠭᠰᠡᠨ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠦᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠨᠡᠮᠡᠭᠰᠡᠨ ᠵᠢᠷᠭᠤᠭᠠᠨ ᠠᠰᠠᠭᠤᠳᠠᠯ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢᠭᠡᠨᠲᠡ ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃      ᠳᠥᠷᠪᠡ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠠᠰᠠᠭᠤᠳᠠᠯ      ᠬᠤᠰᠢᠭᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠠᠰᠬᠠᠨ ᠨᠥᠬᠦᠷ ᠤᠨ ᠲᠤᠰᠢᠶᠠᠯ ᠤᠨ ᠬᠤᠭᠤᠴᠠᠭᠠᠨ ᠤ ᠬᠢᠨᠠᠨ ᠪᠤᠳᠤᠯᠲᠠ ᠳᠤ ᠲᠤᠰᠬᠠᠶ ᠬᠡᠷᠡᠭᠯᠡᠭᠡᠨ ᠤ ᠮᠠᠰᠢᠨ ᠲᠡᠷᠭᠡᠨ ᠤ ᠭᠠᠷ ᠭᠦᠢᠴᠡᠳᠭᠡᠯ ᠢᠶᠠᠨ ᠴᠠᠭ  ᠲᠤᠬᠠᠢ ᠳᠤᠨᠢ ᠭᠦᠢᠴᠡᠳᠭᠡᠭᠰᠡᠨ ᠦᠭᠡᠢ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠪᠠᠶᠢᠨ᠎ᠠ᠃      ᠲᠠᠪᠤ᠂ ᠲᠠᠷᠠᠭᠠᠴᠢ ᠶᠢᠨ ᠠᠯᠬᠤᠮ ᠤᠨ ᠠᠵᠢᠯ      ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠂ ᠬᠢᠨᠠᠨ ᠪᠤᠳᠤᠭᠰᠠᠨ ᠰᠠᠨᠠᠯ ᠪᠠ ᠰᠠᠨᠠᠭᠤᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠨᠢᠭᠡ ᠳᠤ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠤᠨ ᠳᠠᠩᠰᠠᠯᠠᠯ ᠶᠣᠰᠣᠭᠠᠷ᠂ ᠰᠢᠯᠲᠠᠭᠠᠨ ᠢ ᠨᠢ ᠤᠯᠠᠮ ᠴᠢᠨᠠᠭᠰᠢᠳᠠ ᠪᠠᠶᠢᠴᠠᠭᠠᠨ ᠳᠡᠯᠭᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢ ᠲᠦᠷᠭᠡᠳᠬᠡᠨ ᠠᠬᠢᠭᠤᠯᠤᠨ᠎ᠠ︔ ᠬᠤᠶᠠᠷ ᠲᠤ᠂ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠳᠦᠮᠵᠢᠲᠦ ᠲᠤᠭᠲᠠᠯᠴᠠᠭ᠎ᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠪᠣᠳᠠᠲᠠᠢ ᠶᠠᠪᠤᠭᠳᠠᠭᠤᠯᠤᠨ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠴᠠᠭᠤᠯᠬᠤ ᠲᠤᠭᠲᠠᠯᠴᠠᠭ᠎ᠠ ᠪᠠ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠲᠤᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠪᠡᠳᠴᠢᠯᠡᠭᠰᠡᠨ ᠢ ᠵᠠᠰᠠᠬᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ ᠲᠠᠯ᠎ᠠ ᠪᠠᠷ ᠶᠡᠭᠡ ᠬᠦᠴᠦ ᠤᠷᠤᠭᠤᠯᠬᠤ ᠬᠡᠷᠡᠭᠲᠡᠢ︔ ᠳᠥᠷᠪᠡ ᠳᠤ᠂ ᠬᠤᠰᠢᠭᠤ ᠬᠢᠨᠠᠨ ᠪᠤᠳᠤᠬᠤ ᠲᠣᠪᠴᠢᠶ᠎ᠠ ᠱᠠᠯᠠᠪᠳᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢ ᠱᠠᠯᠠᠪᠳᠠᠭᠤᠯᠤᠨ᠂ ᠴᠡᠭᠴᠡᠯᠡᠨ ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠨ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠪᠠᠭ᠎ᠠ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号