2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠬᠠᠶ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠮᠡᠳᠡᠭᠦᠯᠦᠯᠲᠡ
ᠨᠡᠶᠢᠲᠡᠯᠡᠭᠰᠡᠨ ᠴᠠᠭ᠄
2021/11/17
              ᠠᠪᠠᠭ᠎ᠠ ᠵᠠᠰᠠᠭ ᠦᠰᠦᠭ ﹇2021﹈ 193 ᠳ᠋ᠤᠭᠠᠷ ᠲᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠳᠤ᠄           ᠡᠳᠦᠭᠡ ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ ᠳᠡᠭᠡᠭᠰᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃                              2021 ᠣᠨ ᠤ 9 ᠰᠠᠷ᠎ᠠ ᠶᠢᠨ 22᠎ ᠤ ᠡᠳᠤᠷ      ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ          ᠦᠨᠤ ᠵᠢᠯ ᠠᠴᠠ ᠨᠠᠰᠢ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤ ᠲᠠᠶᠠᠭᠠᠷ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠥᠭᠵᠢᠯᠲᠡ ᠶᠢᠨ ᠦᠵᠡᠯᠳᠡ ᠶᠢ ᠦᠢᠯᠡᠳᠤᠯᠬᠡᠵᠢᠬᠦᠯᠤᠨ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠢᠳᠡᠪᠬᠢᠲᠡᠶ ᠬᠤᠪᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ ᠂ ᠡᠯ᠎ᠡ ᠲᠦᠷᠤᠯ ᠤᠨ ᠠᠵᠢᠯ ᠢᠶᠠᠨ ᠢᠯᠭᠤᠮ ᠤᠷᠤᠭᠰᠢᠳᠡᠢ ᠠᠬᠢᠭᠤᠯᠪᠠ᠃       ᠨᠢᠭᠡ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ       ︵ᠨᠢᠭᠡ︶ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ       2021 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ 13.78 ᠳ᠋ᠦᠩᠰᠢᠭᠤᠷ ᠲᠥᠭᠦᠷᠢᠭ ᠲᠤ ᠬᠦᠷᠴᠦ᠂ 14.3%᠎ ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.41 ᠳ᠋ᠦᠩᠰᠢᠭᠤᠷ ᠲᠥᠭᠦᠷᠢᠭ ᠬᠦᠷᠴᠦ᠂ 4.9%᠎ ᠪᠠᠷ ᠨᠡᠮᠡᠭᠳᠡᠪᠡ︔ ᠬᠤᠶᠠᠳᠤᠭᠠᠷ ᠠᠵᠤ ᠦᠶ᠋ᠯᠡᠰ ᠤᠨ ᠨᠡᠮᠡᠭᠳᠡᠯ ᠥᠷᠲᠡᠭ 5.41 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 20.9%᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6.96 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.1%᠎ ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠬᠡᠮᠵᠢᠶ᠎ᠠ 2.32 ᠳ᠋ᠦᠩᠰᠢᠭᠤᠷ ᠲᠥᠭᠦᠷᠢᠭ ᠲᠤ ᠬᠦᠷᠴᠦ᠂ 13.9%᠎ ᠪᠠᠷ ᠨᠡᠮᠡᠭᠳᠡᠪᠡ᠃ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠤᠯᠬᠤᠶᠢᠴᠠ ᠳᠤᠮᠳᠠᠴᠢ ᠣᠷᠣᠯᠭ᠎ᠠ 21790 ᠲᠥᠭᠦᠷᠢᠭ ᠲᠤ ᠬᠦᠷᠴᠦ᠂ 9.4%᠎ ᠪᠠᠷ ᠨᠡᠮᠡᠭᠳᠡᠪᠡ︔ ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠤ ᠪᠤᠯᠬᠤᠶᠢᠴᠠ ᠣᠷᠣᠯᠭ᠎ᠠ 11496 ᠲᠥᠭᠦᠷᠢᠭ ᠲᠤ ᠬᠦᠷᠴᠦ᠂ 12.6%᠎ ᠪᠠᠷ ᠨᠡᠮᠡᠭᠳᠡᠪᠡ᠃       ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 18.678 ᠲᠦᠮᠡᠨ ᠲᠥᠭᠦᠷᠢᠭ ᠪᠡᠶᠡᠯᠡᠭᠦᠯᠵᠦ ᠂ 10.5%᠎ ᠪᠠᠷ ᠪᠠᠭᠤᠷᠠᠪᠠ᠃ ᠳᠡᠭᠡᠷ᠎ᠡ ᠬᠠᠭᠠᠰ ᠵᠢᠯ ᠳᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 75.4%᠎ ᠪᠠᠷ ᠪᠠᠭᠤᠷᠠᠪᠠ᠃       ︵ᠬᠤᠶᠠᠷ︶ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠬᠦᠴᠤᠯᠠᠨ ᠠᠬᠢᠭᠤᠯᠪᠠ᠃       ⒈ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠳᠡᠢ ᠠᠳᠬᠤᠪᠠ᠃       2021 ᠣᠨ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠥᠢᠯ ᠢ 58 ᠳᠣᠭᠢᠷᠠᠭᠤᠯᠵᠤ᠂ ᠶᠡᠷᠦᠩᠬᠡᠶ ᠪᠠᠯᠠ ᠣᠷᠣᠭᠤᠯᠤᠯᠲᠠ 224 ᠳ᠋ᠦᠩᠰᠢᠭᠤᠷ ᠲᠥᠭᠦᠷᠢᠭ ᠲᠤ ᠬᠦᠷᠴᠤ᠂ ᠵᠢᠯ ᠤᠨ ᠳᠣᠲᠣᠷ᠎ᠠ 54.33 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠂ 30 ᠲᠥᠷᠥᠯ ᠵᠥᠢᠯ ᠢ ᠦᠷᠭᠦᠯᠵᠢᠯᠡᠨ ᠪᠠᠶᠢᠭᠤᠯᠵᠤ᠂ 28 ᠲᠥᠷᠥᠯ ᠵᠥᠢᠯ ᠢ ᠰᠢᠨ᠎ᠡ ᠪᠠᠷ ᠪᠠᠶᠢᠭᠤᠯᠵᠤ ᠂ ᠣᠲᠣ ᠪᠣᠯᠲᠠᠯ᠎ᠠ᠂ ᠪᠥᠬᠦ ᠬᠤᠰᠢᠭᠤᠨ ᠤ 41 ᠲᠥᠷᠥᠯ ᠵᠥᠢᠯ ᠢ ᠨᠢᠭᠡᠨᠲᠡ ᠪᠠᠷᠢᠯᠭ᠎ᠠ ᠰᠡᠷᠭᠦᠭᠡᠵᠦ᠂ 12.54 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠰᠡᠷᠭᠦᠭᠡᠭᠰᠡᠨ ᠨᠣᠷᠮ᠎ᠠ 70.7% ᠎ ᠳᠤ ᠬᠦᠷᠪᠡ᠃ ᠡᠭᠦᠨ ᠳᠤ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ ᠲᠥᠷᠥᠯ ᠵᠥᠢᠯ ᠤᠨ ᠬᠡᠷᠡᠭᠵᠢᠭᠦᠯᠬᠦ ᠲᠥᠯᠥᠪᠯᠡᠭᠡ ᠶᠢᠨ 13 ᠲᠥᠷᠥᠯ ᠵᠥᠢᠯ ᠢ ᠵᠢᠭᠰᠠᠭᠠᠨ ᠣᠷᠣᠭᠤᠯᠵᠤ᠂ ᠶᠡᠷᠦᠩᠬᠡᠶ ᠪᠠᠯᠠ ᠣᠷᠣᠭᠤᠯᠤᠯᠲᠠ 176.5 ᠳ᠋ᠦᠩᠰᠢᠭᠤᠷ ᠲᠥᠭᠦᠷᠢᠭ᠂ ᠵᠢᠯ ᠤᠨ ᠳᠣᠲᠣᠷ᠎ᠠ 32.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠄ 11 ᠲᠥᠷᠥᠯ ᠵᠥᠢᠯ ᠢ ᠦᠷᠭᠦᠯᠵᠢᠯᠡᠨ ᠪᠠᠶᠢᠭᠤᠯᠵᠤ᠂ 2 ᠲᠥᠷᠥᠯ ᠵᠥᠢᠯ ᠢ ᠰᠢᠨ᠎ᠡ ᠪᠠᠷ ᠪᠠᠶᠢᠭᠤᠯᠵᠤ᠂ ᠣᠲᠣ ᠪᠣᠯᠲᠠᠯ᠎ᠠ ᠨᠢᠭᠡᠨᠲᠡ 12 ᠲᠥᠷᠥᠯ ᠵᠥᠢᠯ ᠢ ᠪᠠᠷᠢᠯᠭ᠎ᠠ ᠰᠡᠷᠬᠦᠬᠡᠵᠤ᠂ 11.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠡᠬᠢᠯᠡᠭᠦᠯᠵᠤ ᠰᠡᠷᠭᠦᠭᠡᠭᠰᠡᠨ ᠨᠣᠷᠮ᠎ᠠ 92.3%᠎ ᠳᠤ ᠬᠥᠷᠪᠡ᠃ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠥᠢᠯ ᠢ ᠲᠠᠭᠤᠰᠬᠠᠵᠤ᠂ ᠴᠠᠭᠠᠨᠨᠠᠭᠤᠷ ᠴᠠᠬᠢᠯᠭᠠᠨ ᠤ ᠦᠢᠯᠡᠳᠪᠤᠷᠢ ᠶᠢᠨ ᠭᠤᠤᠯ ᠴᠣᠭᠴᠠ ᠶᠢᠨ ᠪᠠᠷᠢᠯᠭ᠎ᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ᠃ ᠴᠠᠭᠠᠨᠨᠠᠭᠤᠷ ᠨᠢᠭᠡᠳᠦᠭᠡᠷ ᠬᠤᠳᠳᠤᠭ᠂ ᠳ᠋ᠠ ᠠᠨ ᠤ ᠨᠡᠭᠦᠷᠡᠰᠦᠨ ᠠᠭᠤᠷᠬᠠᠶ ᠶᠢᠨ ᠭᠠᠷᠳᠠᠮ ᠬᠦᠢᠴᠡᠳᠬᠡᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃        ⒉ᠠᠵᠤ ᠦᠢᠯᠡᠰ ᠤᠨ ᠪᠦᠲᠦᠴᠡ ᠶᠢ ᠪᠦᠳᠤᠮᠵᠢᠳᠡᠢ ᠰᠢᠯᠢᠳᠡᠭᠵᠢᠭᠦᠯᠪᠠ       ᠮᠠᠯ ᠠᠵᠤ ᠠᠬᠤᠶ ᠶᠢᠨ ᠰᠠᠭᠤᠷᠢ ᠪᠦᠳᠤᠬᠡᠨ ᠪᠠᠶᠢᠭᠤᠯᠤᠯᠳᠠ ᠤᠯᠠᠮ ᠨᠢᠭᠡ ᠠᠯᠬᠤᠮ ᠪᠠᠬᠢᠵᠢᠪᠡ᠃ ᠮᠠᠯ ᠤᠨ ᠲᠤᠭ᠎ᠠ ᠲᠤᠯᠤᠭᠠᠢ ᠶᠢ ᠢᠳᠡᠪᠬᠢᠲᠡᠶ ᠬᠢᠵᠠᠭᠠᠷᠯᠠᠵᠤ᠂ ᠮᠠᠯ ᠤᠨ ᠪᠦᠲᠦᠴᠡ ᠶᠢ  ᠰᠢᠯᠢᠳᠡᠭᠵᠢᠬᠦᠯᠤᠨ᠂ ᠮᠠᠯ ᠤᠨ ᠶᠠᠰᠤ ᠴᠢᠨᠠᠷ ᠢ ᠳᠡᠭᠡᠭᠰᠢᠯᠡᠭᠦᠯᠪᠠ᠃ ᠡᠪᠡᠰᠦ ᠪᠡᠯᠴᠢᠭᠡᠷ ᠤᠨ ᠤᠷᠭᠤᠴᠠ ᠰᠠᠶᠢᠵᠢᠷᠠᠵᠤ᠂ ᠬᠤᠷᠠᠭ᠎ᠠ ᠲᠤᠰᠴᠤ ᠪᠤᠶᠢᠵᠢᠭᠤᠯᠬᠤ᠂ ᠬᠤᠨᠢ ᠢ ᠴᠥᠭᠡᠳᠬᠡᠨ ᠦᠬᠡᠷ ᠢ ᠨᠡᠮᠡᠭᠳᠡᠭᠦᠯᠬᠦ ᠠᠵᠢᠯ ᠢᠯᠭᠤᠮ ᠤᠷᠤᠭᠰᠢᠲᠠᠶ ᠶᠠᠪᠤᠭᠳᠠᠪᠠ᠃ ᠲᠡᠵᠢᠭᠡᠨ ᠦᠷᠡᠵᠢᠭᠦᠯᠬᠦ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠷᠦᠨ ᠨᠢᠦ ᠲᠡᠵᠢᠭᠡᠨ ᠦᠷᠡᠵᠢᠭᠦᠯᠬᠦ ᠲᠠᠯᠠᠪᠠᠶ᠂  ᠬᠠᠷᠠᠭᠠᠳᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ᠂ ᠮᠢᠬᠠᠨ ᠤ ᠦᠬᠡᠷ ᠲᠡᠵᠢᠭᠡᠨ ᠲᠠᠷᠭᠤᠯᠠᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ  ᠵᠥᠢᠯ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ᠃ ᠤᠷᠢᠶᠠᠩᠬᠠᠢ ᠬᠤᠨᠢ᠂ ᠠᠪᠠᠭ᠎ᠠ ᠬᠠᠷ᠎ᠠ ᠠᠳᠤᠭᠤ ᠶᠢ ᠬᠠᠮᠠᠭᠠᠯᠠᠨ ᠦᠷᠡᠵᠢᠭᠦᠯᠬᠦ ᠵᠢᠷᠤᠮᠵᠢᠯ ᠢ ᠬᠡᠷᠡᠭᠵᠢᠭᠦᠯᠪᠡ᠃ ᠪᠡᠯᠴᠢᠭᠡᠷ ᠰᠡᠯᠬᠦᠬᠦ᠂ ᠬᠢᠵᠢᠭ ᠰᠡᠷᠬᠡᠶᠢᠯᠡᠬᠦ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠠᠵᠤ ᠦᠢᠯᠡᠳᠪᠦᠷᠢ ᠶᠢᠨ ᠠᠵᠤ ᠠᠬᠤᠶ ᠢᠳᠡᠪᠬᠢᠲᠡᠶ ᠪᠠᠷ ᠠᠬᠢᠪᠠ᠃ ᠳᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ  ᠦᠢᠯᠡᠳᠬᠦᠨ ᠤ ᠥᠷᠲᠡᠭ 6.74 ᠳ᠋ᠦᠩᠰᠢᠭᠤᠷ ᠲᠥᠭᠦᠷᠢᠭ ᠲᠤ ᠬᠦᠷᠴᠦ᠂ 20.68% ᠨᠡᠮᠡᠭᠳᠡᠨ᠂ ᠨᠡᠮᠡᠭᠳᠡᠯ ᠥᠷᠲᠡᠭ 36.0% ᠨᠡᠮᠡᠭᠳᠡᠪᠡ᠃ ᠦᠢᠯᠡᠳᠬᠦᠨ ᠤ ᠦᠷᠲᠡᠭ ᠤᠨ ᠨᠡᠮᠡᠭᠳᠡᠯ ᠢ ᠭᠤᠣᠯᠳᠠᠭᠤ ᠠᠪᠠᠭ᠎ᠠ ᠬᠤᠰᠢᠭᠤᠨ ᠤ ᠯᠢᠥᠢ ᠨᠸᠡᠭ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠪᠴᠢᠶ᠎ᠠ ᠶᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠭᠤᠷᠴᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠩᠬᠢᠨᠢ ᠪᠠᠷ ᠦᠢᠯᠡᠳᠪᠦᠷᠢᠯᠡᠬᠦ ᠪᠠ ᠵᠢᠢ ᠳ᠋ᠦᠡᠭ ᠱᠦᠢᠨᠢ ᠶᠢᠨ ᠭᠠᠷᠤᠯᠲᠠ ᠶᠢ ᠨᠡᠮᠡᠭᠳᠡᠭᠦᠯᠬᠦ ᠶᠢ ᠠᠬᠢᠭᠤᠯᠪᠠ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠡᠮᠵᠢᠶ᠎ᠡ ᠶᠡᠬᠡᠪᠡᠷ ᠪᠠᠷ ᠨᠡᠮᠡᠭᠳᠡᠵᠦ᠂ 14.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 54.47%᠎ ᠪᠠᠷ ᠨᠡᠮᠡᠭᠳᠡᠵᠦ᠂ ᠦᠢᠯᠡᠳᠬᠦᠨ ᠤ ᠦᠷᠳᠡᠭ 3.58%᠎ ᠪᠠᠷ ᠨᠡᠮᠡᠭᠳᠡᠪᠡ᠃ ᠪᠥᠬᠦ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠢ 3.86 ᠳ᠋ᠦᠩᠰᠢᠭᠤᠷ ᠲᠥᠭᠦᠷᠢᠭ ᠪᠡᠶᠡᠯᠡᠭᠦᠯᠵᠦ᠂ 20.1%᠎ ᠪᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠪᠠᠭᠤᠷᠠᠯᠲᠠ ᠶᠢᠨ ᠨᠥᠯᠥᠭᠡ ᠠᠴᠠ ᠪᠣᠯᠵᠣ ᠂ ᠪᠠᠷᠢᠯᠭ᠎ᠠ ᠶᠢᠨ ᠦᠢᠯᠡᠰ ᠤᠨ ᠬᠦᠭᠵᠢᠯᠳᠠ ᠤᠳᠠᠭᠠᠰᠢᠷᠠᠵᠤ᠂ ᠡᠵᠡᠯᠡᠬᠦ ᠬᠠᠷᠢᠴᠠᠯ ᠨᠢ ᠪᠠᠭᠠᠰᠴᠤ᠂ ᠨᠥᠯᠥᠭᠡ ᠨᠢ ᠬᠢᠵᠠᠭᠠᠷᠲᠠᠶ ᠠᠴᠠ ᠪᠤᠯᠵᠤ ᠬᠤᠶᠠᠳᠤᠭᠠᠷ ᠠᠵᠤ ᠦᠢᠯᠡᠰ ᠮᠥᠨ ᠬᠦ ᠲᠦᠷᠭᠡᠨ ᠨᠡᠮᠡᠭᠳᠡᠯ ᠢ ᠪᠠᠳᠤᠯᠠᠪᠠ᠃       ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠦᠵᠡᠮᠵᠢ ᠶᠢᠨ ᠵᠢᠭᠤᠯᠴᠢᠯᠠᠯ ᠤᠨ ᠱᠤᠭᠤᠮ ᠳᠤ ᠢᠳᠡᠪᠬᠢᠲᠡᠶ ᠠᠭᠤᠰᠤᠯᠴᠠᠵᠤ᠂ ᠠᠳᠤᠭᠤᠨ ᠰᠣᠶᠣᠯ ᠤᠨ ᠠᠵᠤ ᠦᠢᠯᠡᠰ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ ᠠᠬᠢᠭᠤᠯᠪᠠ᠃ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 0.56 ᠲᠦᠮᠡᠨ ᠬᠥᠮᠦᠨ ᠤᠳᠠᠭ᠎ᠠ᠂ ᠠᠶᠠᠨᠴᠢᠳ ᠤᠨ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 132.9 ᠲᠦᠮᠡᠨ ᠬᠥᠮᠦᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 84.6% ᠪᠠ 73.4% ᠪᠠᠭᠤᠷᠠᠪᠠ︔ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 25 ᠲᠦᠮᠡᠨ ᠲᠣᠨ᠂ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 7606 ᠲᠦᠮᠡᠨ ᠲᠣᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 99.0% ᠪᠠ 248.3%᠎ ᠪᠠᠷ ᠨᠡᠮᠡᠭᠳᠡᠪᠡ᠃ ᠰᠢᠦᠳᠠᠨ ᠬᠤᠯᠪᠤᠭ᠎ᠠ ᠪᠠ ᠴᠢᠮᠡᠭᠡ ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 1911 ᠲᠦᠮᠡᠨ ᠲᠥᠭᠦᠷᠢᠭ ᠲᠤ ᠬᠦᠷᠴᠦ᠂ 0.4%᠎ ᠪᠠᠷ ᠨᠡᠮᠡᠭᠳᠡᠪᠡ᠃ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ 4.7%᠎ ᠪᠠᠷ ᠪᠠᠭᠤᠷᠠᠵᠤ᠂ ᠠᠰᠢᠭ ᠣᠯᠵᠠᠪᠤᠷᠢ ᠶᠢᠨ ᠪᠤᠰᠤ ᠴᠢᠨᠠᠷᠲᠠᠶ ᠦᠢᠯᠡᠴᠢᠯᠡᠭᠡᠨ ᠤ ᠦᠢᠯᠡᠰ 3.1%᠎ ᠪᠠᠷ ᠨᠡᠮᠡᠭᠳᠡᠪᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠢᠳᠡᠪᠬᠢᠲᠡᠶ ᠪᠠᠷ ᠲᠡᠳᠬᠦᠨ ᠲᠡᠮᠵᠢᠪᠠ᠃ ᠰᠠᠭᠤᠷᠢ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ 2021 ᠣᠨ ᠤ ᠵᠣᠨ ᠤ ᠤᠯᠠᠷᠢᠯ ᠤᠨ ᠮᠠᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠪᠡᠶᠡᠯᠡᠭᠦᠯᠪᠡ᠃ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ 23.91 ᠳ᠋ᠦᠩᠰᠢᠭᠤᠷ ᠲᠥᠭᠦᠷᠢᠭ ᠪᠠ 26.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 13.1% ᠪᠠ 12.7%᠎ ᠪᠠᠷ ᠨᠡᠮᠡᠭᠳᠡᠪᠡ᠃       ︵ᠭᠤᠷᠪᠠ︶ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠠ᠃      ᠲᠥᠯᠥᠪᠵᠢᠭᠦᠯᠭᠡ ᠪᠠᠷ ᠲᠠᠶᠢᠴᠢᠯᠠᠨ ᠵᠢᠯᠣᠭᠤᠳᠬᠤ ᠶᠢ ᠴᠢᠩᠭᠠᠳᠬᠠᠪᠠ᠃ ᠠᠪᠠᠭ᠎ᠠ ᠬᠤᠰᠢᠭᠤᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠣᠲᠣ ᠶᠠᠭ ᠨᠠᠷᠢᠯᠢᠬᠵᠢᠭᠤᠯᠤᠨ ᠵᠠᠰᠠᠪᠤᠷᠢ ᠣᠷᠣᠭᠤᠯᠵᠤ᠂ ᠣᠶᠢᠷ᠎ᠠ ᠶᠢᠨ ᠬᠤᠭᠤᠴᠠᠭᠠᠨ ᠳᠤ ᠳᠡᠪᠰᠢᠭᠦᠯᠦᠨ ᠲᠤᠰᠢᠶᠠᠬᠤ ᠪᠠᠷ ᠪᠡᠯᠡᠳᠬᠡᠵᠤ ᠪᠤᠢ᠃ ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠲᠥᠯᠥᠪᠵᠢᠭᠦᠯᠭᠡ ᠶᠢ ᠨᠢᠭᠡᠨᠲᠡ ᠨᠡᠶᠢᠲᠡᠯᠡᠵᠦ᠂ ᠨᠡᠭᠦᠷᠡᠰᠦ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠪᠥᠬᠦ ᠬᠡᠪᠴᠢᠶᠠᠨ ᠤ ᠵᠢᠭᠤᠯᠴᠢᠯᠠᠯ ᠵᠡᠷᠭᠡ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ ᠬᠢᠨᠠᠨ ᠬᠠᠷᠭᠤᠭᠤᠯᠬᠤ ᠪᠠᠷ ᠪᠠᠶᠢᠨ᠎ᠠ᠃ ᠠᠪᠠᠭ᠎ᠠ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ᠶᠢ ᠨᠢᠭᠡᠨᠲᠡ ᠪᠡᠶᠡᠯᠡᠭᠦᠯᠵᠤ᠂ ᠭᠠᠩᠭᠠᠨᠰᠢᠯᠢ ᠶᠢᠨ ᠤᠯᠤᠰ ᠤᠨ ᠲᠠᠯ᠎ᠠ ᠨᠤᠲᠤᠭ ᠤᠨ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃      ᠬᠤᠲᠠ ᠪᠠᠯᠭᠠᠰᠤᠨ ᠤ ᠪᠥᠲᠥᠭᠡᠨ ᠪᠠᠢᠭᠤᠯᠤᠯᠲᠠ ᠶᠢ ᠴᠢᠩᠭᠠᠳᠬᠠᠪᠠ᠃ ᠲᠡᠬᠡᠷ᠎ᠠ ᠬᠠᠭᠠᠰ ᠵᠢᠯ ᠳᠤ ᠬᠤᠲᠠ ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠳᠤ ᠨᠢᠭᠡᠨᠲᠡ 4960 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15 ᠬᠠᠭᠤᠴᠢᠨ ᠵᠢᠵᠢᠭ ᠲᠣᠭᠤᠷᠢᠭ ᠤᠨ ᠠᠰᠠᠷ ᠪᠠᠶᠢᠰᠢᠩ ᠤᠨ ᠭᠤᠤᠯ ᠴᠣᠭᠴᠠ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠬᠠᠭᠤᠴᠢᠨ ᠵᠢᠵᠢᠭ ᠲᠣᠭᠤᠷᠢᠭ ᠤᠨ ᠢᠵᠢ ᠪᠥᠷᠢᠳᠦᠭᠦᠯᠬᠦ ᠲᠦᠬᠦᠬᠡᠷᠤᠮᠵᠢ ᠶᠢ ᠥᠭᠡᠷᠡᠴᠢᠯᠡᠨ ᠵᠠᠰᠠᠵᠤ᠂ ᠤᠶᠤᠨᠲᠤ ᠠᠮᠤᠷ ᠲᠦᠪᠰᠢᠨ ᠤ ᠰᠡᠷᠭᠡᠶᠢᠯᠡᠯᠲᠡ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠤᠶᠤᠨᠲᠤ ᠠᠮᠤᠷ ᠲᠦᠪᠰᠢᠨ ᠤ ᠰᠡᠷᠭᠡᠶᠢᠯᠡᠯᠲᠡ᠂ ᠲᠥᠪᠯᠡᠷᠡᠭᠦᠯᠦᠨ ᠲᠤᠯᠠᠭᠠᠯᠯᠠᠭ᠎ᠠ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠨ ᠰᠢᠢᠳᠪᠤᠷᠢᠯᠡᠬᠦ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠵᠦ᠂ 3000 ᠪᠣᠳᠠᠰ ᠤᠨ ᠬᠤᠯᠪᠣᠭ᠎ᠠ ᠶᠢᠨ ᠤᠰᠤᠨ ᠤ ᠬᠡᠮᠵᠢᠭᠦᠷ ᠢ ᠰᠣᠯᠢᠪᠠ᠃       ᠰᠠᠭᠤᠷᠢ ᠲᠥᠬᠦᠭᠡᠷᠦᠮᠵᠢ ᠦᠷᠭᠦᠯᠵᠢᠯᠡᠨ ᠰᠠᠶᠢᠵᠢᠷᠠᠪᠠ᠃ 303 ᠤᠯᠤᠰ ᠤᠨ ᠵᠠᠮ ᠢ ᠰᠢᠨ᠎ᠡ ᠪᠠᠷ ᠪᠠᠶᠢᠭᠤᠯᠤᠨ ᠲᠡᠷᠭᠡ ᠨᠡᠪᠲᠡᠷᠡᠭᠦᠯᠵᠦ᠂ ᠬᠠᠭᠤᠴᠢᠨ ᠵᠠᠮ ᠢ ᠶᠠᠭ ᠰᠡᠯᠪᠢᠨ ᠵᠠᠰᠠᠵᠤ ᠪᠠᠶᠢᠨ᠎ᠠ᠃ ᠮᠠᠯᠵᠢᠬᠤ ᠣᠷᠣᠨ ᠤ ᠵᠠᠮ ᠬᠠᠷᠢᠯᠴᠠᠭ᠎ᠠ ᠶᠢᠨ ᠨᠥᠬᠦᠴᠡᠯ ᠢ ᠢᠳᠡᠪᠬᠢᠲᠡᠶ ᠰᠠᠶᠢᠵᠢᠷᠠᠭᠤᠯᠵᠤ᠂ ᠵᠠᠮ ᠤᠨ ᠰᠠᠭᠤᠷᠢ ᠶᠢ 16 ᠺᠢᠯᠣᠮᠧᠲᠷ᠂ ᠠᠯᠳᠠᠡᠬᠠᠩᠭᠠᠢ ᠠᠴᠠ ᠴᠠᠭᠠᠨᠨᠠᠭᠤᠷ ᠵᠢᠩ ᠨᠸᠡᠭ ᠴᠠᠬᠢᠯᠭᠠᠨ ᠦᠢᠯᠡᠳᠪᠤᠷᠢ ᠬᠦᠷᠬᠦ ᠬᠡᠰᠡᠭ ᠤᠨ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠨᠠᠷᠠᠳᠤ ᠵᠢᠵᠢᠭ ᠬᠥᠭᠦᠷᠭᠡ ᠶᠢᠨ ᠲᠥᠷᠥᠯ  ᠵᠥᠢᠯ ᠤᠨ ᠬᠢᠨᠠᠨ ᠵᠥᠪᠰᠢᠶᠡᠷᠡᠯ ᠢ ᠪᠡᠶᠡᠯᠡᠭᠦᠯᠵᠦ᠂ ᠵᠠᠮ ᠤᠨ ᠭᠠᠳᠠᠷᠭᠤ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ 3 ᠲᠥᠷᠥᠯ ᠵᠥᠢᠯ ᠤᠨ ᠪᠠᠷᠢᠯᠭ᠎ᠠ ᠶᠢ ᠦᠡᠳᠤᠰᠤᠨ ᠳᠤ ᠪᠠᠨ ᠪᠠᠶᠠᠯᠠᠬᠦᠯᠪᠠ᠃ 726 ᠠᠶᠢᠯ ᠲᠣᠰᠬᠤᠨ ᠳᠤᠭᠤᠶᠢᠯᠠᠩ ᠤᠨ ᠴᠡᠭ ᠪᠠᠶᠢᠷᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠮᠠᠯᠵᠢᠬᠤ ᠣᠷᠣᠨ ᠤ ᠵᠠᠰᠠᠮᠠᠯ ᠵᠠᠮ ᠤᠨ ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ 1513 ᠺᠢᠯᠣᠮᠧᠲᠷ ᠤᠨ ᠵᠠᠮ ᠤᠨ ᠭᠠᠳᠠᠷᠭᠤ ᠤᠨ ᠲᠠᠰ ᠤᠨ ᠦᠨᠡᠯᠡᠨ ᠲᠣᠭᠲᠠᠭᠠᠯᠲᠠ ᠶᠢ ᠪᠡᠶᠡᠯᠡᠭᠦᠯᠪᠡ᠃ ᠬᠥᠨᠳᠡᠯᠡᠨ ᠢᠶᠠᠷ ᠤᠰᠤ ᠲᠠᠲᠠᠬᠤ 90 ᠬᠤᠳᠳᠤᠭ ᠢ ᠰᠢᠨ᠎ᠡ ᠪᠠᠷ ᠪᠠᠶᠢᠭᠤᠯᠵᠤ᠂ ᠨᠡᠷᠡᠨ ᠤ ᠡᠨᠧᠷᠭᠢ ᠪᠠᠷ ᠤᠰᠤ ᠲᠠᠲᠠᠬᠤ 90 ᠢᠵᠢ ᠲᠥᠬᠦᠭᠡᠷᠦᠮᠵᠢ ᠶᠢ ᠢᠵᠢ ᠪᠦᠷᠢᠳᠦᠭᠦᠯᠪᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠤᠨ 2019 ᠣᠨ ᠤ ᠬᠠᠭᠤᠴᠢᠨ ᠬᠡᠮᠵᠢᠯᠲᠡ ᠶᠢᠨ ᠥᠭᠡᠷᠡᠴᠢᠯᠡᠯᠲᠡ ᠶᠢ ᠳᠠᠭᠤᠰᠬᠠᠵᠤ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠲᠤᠷᠰᠢᠯᠲᠠ ᠶᠢᠨ  ᠴᠡᠭ ᠤᠨ ᠴᠠᠬᠢᠯᠭᠠᠨ ᠢ ᠲᠡᠰ ᠳᠡᠪᠰᠢᠭᠦᠯᠵᠤ ︵ᠰᠢᠨ᠎ᠡ ᠡᠨᠧᠷᠭᠢ︶ ᠲᠣᠣᠷ ᠲᠤ ᠰᠢᠯᠵᠢᠭᠦᠯᠬᠦ ᠴᠠᠬᠢᠯᠭᠠᠨ ᠤ ᠢᠨᠵᠧᠨᠧᠷᠢᠩ᠂ 2020 ᠣᠨ ᠳᠤ ᠬᠤᠶᠠᠳᠤᠭᠠᠷ ᠪᠦᠯᠦᠭ ᠤᠨ ᠴᠠᠬᠢᠯᠭᠠᠨ ᠲᠦᠭᠡᠭᠡᠬᠦ ᠲᠣᠣᠷ ᠤᠨ ᠪᠦᠳᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠨᠥᠭᠡᠴᠡᠯᠡᠬᠦ ᠲᠦᠷᠦᠯ ᠵᠦᠢᠯ ᠤᠨ ᠭᠠᠷᠳᠠᠮ ᠢ ᠭᠦᠢᠴᠡᠳᠬᠡᠵᠦ᠂ ᠳᠣᠣᠷ᠎ᠠ ᠬᠠᠭᠠᠰ ᠵᠢᠯ ᠳᠤ ᠪᠠᠷᠢᠯᠭ᠎ᠠ ᠡᠬᠢᠯᠡᠭᠦᠯᠪᠡ᠃ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠤᠯ ᠵᠥᠢᠯ ᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢᠨ 90%᠎ ᠶᠢ ᠪᠡᠶᠡᠯᠡᠭᠦᠯᠵᠦ᠂ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠬᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠠ᠃      ︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠪᠠ᠃      ⒈ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠠ᠃      ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠤᠨ ᠢᠶᠠᠷ ᠰᠠᠶᠢᠳᠤᠷ ᠬᠢᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠦᠨᠡᠯᠡᠬᠦ ᠪᠠ ᠰᠢᠯᠭᠠᠨ ᠬᠢᠨᠠᠬᠤ ᠠᠵᠢᠯ ᠢ ᠥᠷᠨᠢᠭᠦᠯᠪᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶᠎ ᠲᠤ ᠬᠤᠯᠪᠣᠭᠳᠠᠭᠰᠠᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠥᠷᠨᠢᠭᠦᠯᠵᠦ᠂ ᠵᠢᠶᠦ᠋ᠨ ᠯᠢᠶᠠᠨ ᠢᠯᠴᠢ ᠬᠠᠩᠭᠠᠬᠤ ᠪᠢᠲᠡᠭᠦᠮᠵᠢᠯᠡᠭᠰᠡᠨ ᠮᠠᠶ᠋ᠢᠭ ᠤᠨ ᠨᠡᠭᠦᠷᠡᠰᠦ ᠬᠠᠳᠠᠭᠠᠯᠠᠬᠤ ᠫᠧᠩ ᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠠ᠃ ᠲᠤᠯᠠᠭᠠᠯᠯᠠᠭ᠎ᠠ ᠬᠠᠩᠭᠠᠬᠤ ᠠᠵᠤ ᠠᠬᠤᠶᠢᠯᠠᠯ ᠢ ᠱᠠᠯᠠᠪᠳᠠᠭᠤᠯᠵᠤ ᠬᠠᠮᠢᠶ᠎ᠠ ᠪᠥᠬᠦᠶ ᠪᠣᠬᠢᠷᠲᠤᠯ ᠢ ᠰᠡᠷᠭᠡᠶᠢᠯᠡᠨ ᠵᠠᠰᠠᠬᠤ  ᠲᠦᠬᠦᠬᠡᠷᠤᠮᠵᠢ ᠵᠢᠴᠢ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠶᠢ ᠲᠡᠭᠦᠯᠳᠡᠷᠵᠢᠭᠦᠯᠪᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠲᠤᠷ ᠬᠢᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠲᠤᠬᠢᠷᠠᠭᠤᠯᠤᠯᠳᠠ ᠶᠢ ᠴᠢᠩᠭᠠᠳᠬᠠᠪᠠ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠡᠨᠧᠷᠭᠢ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤᠷᠠᠳᠴᠤ᠂ ᠶᠦᠨ ᠵᠢᠢ ᠯᠢ᠂ ᠶᠢᠨ ᠳ᠋ᠢ᠂ ᠯᠦᠩ ᠰᠢᠩ ᠢ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠯᠲᠡ ᠬᠢᠵᠦ᠂ ᠵᠢᠢ ᠳ᠋ᠦᠡᠭ ᠱᠦᠢᠨᠢ᠂ ᠵᠢᠶᠦ᠋ᠨ ᠯᠢᠶᠠᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠡᠶᠡᠯᠡᠭᠦᠯᠪᠡ᠃ ᠡᠨᠧᠷᠭᠢ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃ ᠨᠢᠳᠤᠨᠤᠨ ᠤ ᠠᠳᠠᠯᠢ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠭᠠᠳᠤᠶ ᠪᠠᠶᠢᠭᠰᠠᠨ ᠪᠣᠯᠬᠤᠷ ᠦᠨᠤ ᠵᠢᠯ ᠬᠡᠪ ᠤᠨ ᠶᠣᠰᠣᠭᠠᠷ ᠦᠢᠯᠡᠳᠪᠦᠷᠢᠯᠡᠵᠦ᠂ ᠪᠤᠰᠤᠳ ᠦᠢᠯᠡᠴᠢᠯᠡᠭᠡᠨ ᠤ ᠦᠢᠯᠡᠰ ᠤᠨ ᠡᠨᠧᠷᠭᠢ ᠶᠢᠨ ᠬᠤᠷᠣᠭᠳᠠᠭᠤᠯᠤᠯ ᠢ ᠶᠡᠭᠡ ᠪᠠᠷ ᠨᠡᠮᠡᠭᠳᠡᠭᠦᠯᠵᠦ᠂ ᠲᠦᠷᠦᠭᠦᠦ ᠬᠠᠭᠠᠰ ᠵᠢᠯ ᠳᠤ ᠪᠦᠬᠦ ᠨᠡᠶᠢᠭᠡᠮ ᠤᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠣᠯᠵᠤ᠂ ᠭᠤᠷᠪᠠᠳᠤᠭᠠᠷ ᠤᠯᠠᠷᠢᠯ ᠳᠤ ᠪᠠᠭ᠎ᠠ ᠨᠡᠮᠡᠭᠳᠡᠯ ᠢ ᠪᠠᠲᠤᠯᠠᠵᠤ᠂ ᠪᠦᠬᠦ ᠵᠢᠯ ᠳᠤ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠬᠤ ᠪᠣᠯᠤᠨ᠎ᠠ᠃       ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠤᠭᠤᠷᠢᠭ ᠢ ᠵᠠᠭᠠᠭᠯᠠᠨ ᠲᠣᠭᠲᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠣᠳᠣᠬᠠᠨ ᠳᠤ ᠪᠡᠯᠬᠦᠳᠡᠢ ᠪᠠᠯᠭᠠᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠤᠭᠤᠷᠢᠭ ᠢ ᠵᠠᠭᠠᠭᠯᠠᠨ ᠲᠣᠭᠲᠠᠭᠠᠵᠤ ᠳᠣᠭᠢᠷᠠᠭᠤᠯᠬᠤ ᠠᠵᠢᠯ ᠤᠨ ᠲᠥᠰᠦᠯ ᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠪᠥᠬᠦ ᠬᠤᠰᠢᠭᠤᠨ ᠤ ᠤᠰᠤᠨ ᠤ ᠡᠬᠢ ᠰᠤᠷᠪᠤᠯᠵᠢ ᠳᠤ ᠬᠤᠯᠪᠣᠭᠳᠠᠬᠤ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ 7 ᠠᠵᠤ ᠠᠬᠤᠶᠢᠯᠠᠯ ᠳᠤ ᠴᠥᠮ ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠤᠭᠰᠠᠷᠠᠭᠰᠠᠨ ᠪᠥᠭᠡᠳ ᠰᠢᠯᠭᠠᠨ ᠠᠪᠤᠭᠰᠠᠨ ᠪᠠᠶᠢᠨ᠎ᠠ᠃ ᠬᠥᠳᠡᠭᠡ ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠳᠡᠭᠡ ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠲᠥᠰᠦᠯ ᠢ ᠶᠠᠭ ᠰᠠᠶ᠋ᠢᠬᠠᠨ ᠨᠠᠶᠢᠷᠠᠭᠤᠯᠤᠨ ᠵᠣᠬᠢᠶᠠᠵᠤ ᠪᠤᠢ᠃ ᠶᠢᠨ ᠳ᠋ᠢ ᠠᠭᠤᠷᠬᠠᠶ ᠶᠢᠨ ᠦᠢᠯᠡᠰ ᠤᠨ ᠪᠤᠬᠢᠷᠳᠤᠯ ᠤᠨ ᠬᠡᠰᠡᠭ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠭᠤᠯᠭᠠᠵᠤ᠂ ᠪᠥᠬᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠥᠬᠦ ᠬᠤᠰᠢᠭᠤᠨ ᠤ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠰᠬᠠᠢ ᠬᠠᠳᠠᠭᠠᠯᠠᠬᠤ ᠲᠠᠯᠠᠪᠤᠷ ᠲᠤ ᠬᠤᠯᠪᠣᠭᠳᠠᠭᠰᠠᠨ ᠠᠵᠤ ᠠᠬᠤᠶᠢᠯᠠᠯ 6 ᠪᠠᠶᠢᠵᠤ᠂ ᠴᠥᠮ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠳᠠᠭᠠᠯᠠᠬᠤ ᠪᠤᠶᠤ  ᠰᠢᠢᠳᠪᠤᠷᠢᠯᠡᠪᠡ᠃ ᠠᠶᠤᠯᠲᠠᠶ ᠬᠠᠶᠠᠭᠳᠠᠮᠠᠯ ᠪᠣᠳᠠᠰ ᠭᠠᠷᠭᠠᠬᠤ ᠠᠵᠤ ᠠᠬᠤᠶᠢᠯᠠᠯ 10᠂ ᠴᠥᠮ ᠠᠶᠤᠯᠲᠠᠶ ᠬᠠᠶᠠᠭᠳᠠᠮᠠᠯ ᠪᠣᠳᠠᠰ ᠢ ᠲᠦᠷ ᠴᠠᠭ ᠬᠠᠳᠠᠭᠠᠯᠠᠬᠤ ᠬᠥᠮᠥᠷᠭᠡ ᠪᠠᠶᠢᠭᠤᠯᠤᠭᠰᠠᠨ ᠪᠥᠭᠡᠳ ᠲᠤᠭᠳᠠᠭᠰᠡᠨ ᠴᠠᠭ ᠬᠤᠭᠤᠴᠠᠭᠠᠨ ᠤ ᠳᠣᠲᠣᠷ᠎ᠠ ᠠᠶᠤᠯᠲᠠᠶ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠡᠵᠡᠩᠨᠡᠬᠦ ᠵᠥᠪᠰᠢᠶᠡᠷᠡᠯ ᠲᠠᠢ ᠠᠵᠤ ᠠᠬᠤᠶᠢᠯᠠᠯ ᠳᠤ ᠨᠠᠶᠢᠳᠠᠵᠤ ᠰᠢᠯᠵᠢᠭᠦᠯᠦᠨ ᠰᠢᠢᠳᠪᠤᠷᠢᠯᠡᠬᠦᠯᠪᠠ᠃       ⒉ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠶᠢ ᠴᠢᠩᠭᠠᠳᠬᠠᠪᠠ᠃       ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠪᠠᠭ᠎ᠠ ᠬᠤᠰᠢᠭᠤᠨ ᠤ ᠭᠤᠷᠪᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠲᠥᠰᠦᠯ ︵2021 — 2025 ᠣᠨ︶︾᠎ ᠤᠨ ᠡᠬᠡ ᠨᠣᠤᠷᠠᠭ ᠨᠠᠶᠢᠷᠠᠭᠤᠯᠵᠤ ᠲᠠᠭᠤᠰᠬᠠᠪᠠ᠃ 1.9 ᠲᠦᠮᠡᠨ ᠮᠥ ᠶᠢᠨ ᠨᠤᠲᠤᠭ ᠪᠡᠯᠴᠢᠭᠡᠷ ᠢ ᠶᠡᠷᠦᠩᠬᠡᠶᠢᠯᠡᠨ ᠠᠰᠢᠭᠯᠠᠬᠤ ᠵᠢᠴᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠷᠰᠢᠯᠲᠠ ᠶᠢᠨ ᠴᠡᠭ ᠤᠨ ᠲᠥᠷᠥᠯ ᠵᠥᠢᠯ ᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠤᠢ ᠰᠢᠭᠤᠶ ᠶᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ 104.1 ᠲᠦᠮᠡᠨ ᠮᠥ ᠨᠤᠳᠤᠭ ᠲᠤ ᠬᠤᠯᠤᠭᠠᠨ᠎ᠠ ᠶᠢᠨ ᠬᠦᠨᠤᠬᠡᠯ ᠢ ᠰᠡᠷᠬᠡᠶᠢᠯᠡᠨ ᠵᠠᠰᠠᠵᠤ᠂ 80 ᠲᠦᠮᠡᠨ ᠮᠥ ᠳᠤ ᠬᠤᠷᠤᠬᠠᠢ ᠶᠢᠨ ᠬᠦᠨᠤᠬᠡᠯ ᠢ ᠰᠡᠷᠭᠡᠶᠢᠯᠡᠨ ᠵᠠᠰᠠᠵᠤ᠂ ᠣᠶ ᠰᠢᠭᠤᠶ ᠶᠢᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ 2.5 ᠲᠦᠮᠡᠨ ᠮᠥ᠂ ᠬᠤᠷᠣᠬᠠᠶ ᠶᠢᠨ ᠬᠥᠨᠥᠭᠡᠯ ᠢ 0.5 ᠲᠦᠮᠡᠨ ᠮᠥ ᠰᠡᠷᠭᠡᠶᠢᠯᠡᠨ ᠵᠠᠰᠠᠪᠠ᠃ 2.5 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠵᠤ᠂ 9.1 ᠲᠦᠮᠡᠨ ᠮᠤ᠋ ᠡᠯᠡᠰᠦᠨ ᠤ ᠡᠬᠢ ᠶᠢ ᠵᠠᠰᠠᠵᠤ᠂ 9.5 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠬᠤ ᠶᠢ ᠨᠠᠶᠢᠳᠠᠪᠤᠷᠢᠵᠢᠭᠤᠯᠵᠤ᠂ ᠰᠢᠷᠭᠤᠯᠵᠢ ᠶᠢᠨ ᠣᠶᠢᠵᠢᠭᠤᠯᠤᠯᠲᠠ ᠶᠢᠨ ᠲᠦᠷᠤᠯ ᠵᠥᠢᠯ ᠲᠤ ᠨᠢᠮᠪᠡᠭᠡ 100 ᠲᠦᠮᠡᠨ ᠰᠠᠭᠤᠷᠢ ᠲᠠᠷᠢᠬᠤ᠂ ᠤᠯᠠᠭᠠᠨ ᠪᠤᠷᠭᠠᠰᠤ 100 ᠲᠦᠮᠡᠨ ᠰᠠᠭᠤᠷᠢ ᠲᠠᠷᠢᠬᠤ᠂ 30 ᠲᠦᠮᠡᠨ ᠮᠤ᠋ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠲᠦᠷᠤᠯ ᠵᠥᠢᠯ ᠲᠤ ᠡᠳ᠋ ᠤᠨ ᠵᠠᠰᠠᠭ ᠤᠨ ᠬᠢᠨᠠᠨ ᠦᠨᠡᠯᠡᠯᠳᠡ ᠶᠢ ᠪᠡᠶᠡᠯᠡᠭᠦᠯᠵᠦ᠂ ᠳᠠᠭᠠᠭᠠᠴᠢᠯᠠᠯᠲᠠ ᠵᠠᠷᠯᠠᠬᠤ ᠪᠠᠷ ᠪᠡᠯᠡᠳᠬᠡᠪᠡ᠃ ᠨᠤᠲᠤᠭ ᠪᠡᠯᠴᠢᠭᠡᠷ ᠤᠨ ᠠᠮᠢ ᠠᠬᠤᠶ ᠰᠠᠶᠢᠵᠢᠷᠠᠵᠤ᠂ ᠪᠥᠬᠦ ᠬᠤᠰᠢᠭᠤᠨ ᠤ ᠡᠪᠡᠰᠦ ᠪᠡᠯᠴᠢᠭᠡᠷ ᠤᠨ ᠳᠤᠮᠳᠠᠴᠢ ᠤᠷᠭᠤᠴᠠ ᠤᠨ ᠬᠡᠮᠵᠢᠶ᠎ᠡ ᠨᠢ 7cm᠎ ᠲᠤ ᠬᠦᠷᠴᠤ᠂ ᠳᠤᠮᠳᠠᠴᠢ ᠪᠦᠷᠬᠦᠴᠡ ᠨᠢ 31.4%  ᠎ ᠲᠤ ᠬᠦᠷᠴᠤ᠂ ᠰᠢᠨ᠎ᠡ ᠰᠣᠷᠭᠤᠭ ᠡᠪᠡᠰᠦᠨ ᠤ ᠮᠥ ᠪᠦᠷᠢ ᠶᠢᠨ ᠳᠤᠮᠳᠠᠴᠢ ᠭᠠᠷᠤᠯᠳᠠ ᠨᠢ 27.52 kg᠎ ᠲᠤ ᠬᠦᠷᠴᠤ᠂ ᠬᠠᠭᠤᠷᠠᠶ ᠬᠦᠨᠳᠦ ᠶᠢᠨ ᠳᠤᠮᠳᠠᠴᠢ ᠭᠠᠷᠤᠯᠳᠠ ᠨᠢ 9.65 kg  ᠎ ᠲᠤ ᠬᠦᠷᠪᠡ᠃ ︽ᠠᠪᠠᠭ᠎ᠠ ᠬᠤᠰᠢᠭᠤᠨ ᠤ ᠪᠥᠬᠦ ᠤᠷᠤᠰᠬᠠᠯ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠰᠦᠯ︾᠎ ᠢ ᠡᠬᠢᠯᠡᠭᠦᠯᠵᠤ᠂ ᠭᠤᠣᠯ ᠪᠣᠯᠬᠤ ᠭᠤᠣᠯ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ ᠂ 36 ᠭᠤᠣᠯ 10 ᠨᠠᠭᠤᠷ ᠴᠥᠭᠦᠷᠥᠮ ᠳᠤ ᠬᠤᠯᠪᠣᠭᠳᠠᠪᠠ᠃ ᠭᠤᠣᠯ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ︽ᠬᠠᠪᠤᠷ ᠤᠨ ᠤᠯᠠᠷᠢᠯ︾᠎ ᠤᠨ ᠠᠵᠢᠯᠯᠠᠭ᠎ᠠ ᠶᠢ ᠥᠷᠨᠢᠭᠦᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠥᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠎ ᠤᠨ ᠪᠠᠶᠢᠭᠤᠯᠤᠯᠲᠠ ᠶᠢᠨ ᠣᠷᠣᠨ ᠲᠤᠭ᠎ᠠ ᠶᠢ ᠲᠥᠯᠬᠢᠨ ᠠᠬᠢᠭᠤᠯᠪᠠ᠃ ᠭᠠᠵᠠᠷ ᠰᠢᠷᠣᠶ ᠶᠢᠨ ᠵᠠᠰᠠᠯᠲᠠ ᠶᠢ ᠴᠢᠩᠭᠠᠳᠬᠠᠪᠠ᠃ ᠠᠭᠤᠷᠬᠠᠶ ᠶᠢᠨ ᠣᠷᠴᠢᠨ ᠠᠬᠤᠶ ᠶᠢᠨ ᠵᠠᠰᠠᠯᠲᠠ ᠶᠢ 2.26 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠪᠡ᠃ 2 ᠬᠠᠶᠠᠭᠳᠠᠮᠠᠯ ᠠᠭᠤᠷᠬᠠᠢ ᠶᠢᠨ ᠲᠤᠭᠤᠷᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠷᠥᠯ ᠵᠥᠢᠯ ᠢ ᠨᠢᠭᠡᠨᠲᠡ ᠠᠵᠢᠯ ᠡᠬᠢᠯᠡᠭᠦᠯᠵᠦ᠂ 1 ᠲᠥᠷᠥᠯ ᠵᠥᠢᠯ ᠢ ᠨᠢᠭᠡᠨᠲᠡ ᠬᠢᠨᠠᠨ ᠵᠥᠪᠰᠢᠶᠡᠷᠡᠪᠡ᠃ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠭᠰᠠᠨ 63  ᠵᠢᠷᠤᠭ ᠲᠦᠰᠤᠪ ᠤᠨ 59᠎ ᠶᠢ ᠴᠡᠭᠴᠡᠯᠡᠨ ᠵᠠᠰᠠᠪᠠ᠃        ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠠ᠃        ⒈ᠭᠤᠣᠯᠳᠠᠯᠭ᠎ᠠ ᠲᠠᠢ ᠬᠦᠷᠢᠶ᠎ᠠ ᠴᠡᠷ᠎ᠠ ᠳᠠᠬᠢ ᠥᠭᠡᠷᠡᠴᠢᠯᠡᠯᠲᠡ ᠶᠢ ᠪᠦᠬᠦ ᠬᠦᠴᠤᠨ ᠢᠶᠠᠷ ᠠᠬᠢᠭᠤᠯᠪᠠ᠃        ᠵᠠᠰᠠᠭ ᠤᠨ ᠶᠠᠪᠤᠳᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠴᠢᠩᠭᠠᠳᠬᠠᠪᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠠ᠃ ᠪᠥᠬᠦ ᠬᠤᠰᠢᠭᠤᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠨ᠂ ᠪᠦᠷᠢᠳᠬᠡᠨ ᠲᠠᠩᠰᠠᠯᠠᠵᠤ᠂ ᠬᠢᠨᠠᠨ ᠵᠥᠪᠰᠢᠶᠡᠷᠡᠬᠦ ᠵᠥᠢᠯᠡᠠᠰ ᠢ ᠰᠢᠯᠢᠳᠡᠭᠵᠢᠭᠦᠯᠦᠨ᠂ ᠮᠠᠲ᠋ᠧᠷᠢᠶᠠᠯ ᠢ ᠬᠠᠰᠤᠵᠤ᠂ ᠬᠦᠢᠴᠡᠳᠬᠡᠬᠦ ᠴᠠᠭ ᠤᠨ ᠬᠢᠵᠠᠭᠠᠷ ᠢ ᠪᠤᠭᠤᠨᠢᠰᠬᠠᠪᠠ︔ ᠣᠳᠣᠬᠠᠨ ᠳᠤ ᠲᠠᠪᠴᠠᠩ ᠤᠨ ᠬᠦᠢᠴᠡᠳᠬᠡᠬᠦ ᠲᠦᠷᠤᠯ ᠵᠥᠢᠯ 1571 ᠪᠠᠶᠢᠵᠤ᠂ ᠰᠦᠯᠵᠢᠶ᠎ᠡ ᠪᠠᠷ ᠬᠦᠢᠴᠡᠳᠬᠡᠬᠦ ᠨᠣᠷᠮ᠎ᠠ 94% ᠬᠦᠷᠴᠦ᠂ ᠮᠠᠲ᠋ᠧᠷᠢᠶᠠᠯ ᠢ ᠬᠠᠰᠤᠭᠰᠠᠨ ᠵᠥᠢᠯᠡᠰ 210 ᠬᠦᠷᠪᠠ᠃10 ᠰᠠᠯᠠᠭ᠎ᠠ ᠮᠥᠴᠢᠷ ᠤᠨ 67 ᠵᠥᠢᠯ ᠤᠨ ᠥᠨᠳᠥᠷ ᠳᠠᠪᠲᠠᠮᠵᠢ ᠶᠢᠨ ᠵᠥᠢᠯᠡᠰ ᠢ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠡᠬᠦ ᠶᠢ ᠨᠠᠶᠢᠳᠠᠵᠤ᠂ ᠴᠤᠩᠬᠤᠪᠴᠢ ᠲᠠᠪᠴᠠᠩ ᠤᠨ ᠰᠢᠢᠳᠪᠤᠷᠢᠯᠡᠭᠰᠡᠨ ᠲᠤᠭ᠎ᠠ 2668 ᠬᠤᠪᠢ ᠪᠠᠶᠢᠵᠤ᠂ ᠰᠤᠮᠤ ᠪᠠᠯᠭᠠᠰᠤᠨ ᠤ ᠰᠢᠢᠳᠪᠤᠷᠢᠯᠡᠭᠰᠡᠨ ᠲᠤᠭ᠎ᠠ 1222 ᠬᠤᠪᠢ ᠳᠤ ᠬᠥᠷᠪᠡ᠃ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠠᠪᠴᠠᠩ ᠨᠢ ᠢᠨᠲ᠋ᠤᠷ ᠰᠦᠯᠵᠢᠶ᠎ᠡ + ᠬᠢᠨᠠᠨ ᠬᠠᠮᠢᠶᠠᠷᠬᠤ ᠠᠵᠢᠯ ᠢ ᠢᠳᠡᠪᠬᠢᠲᠡᠶ ᠠᠬᠢᠭᠤᠯᠵᠤ᠂ ᠬᠢᠨᠠᠨ ᠬᠠᠮᠢᠶᠠᠷᠬᠤ ᠵᠥᠢᠯᠡᠰ ᠢ ᠡᠮᠬᠢᠯᠡᠨ ᠳᠢᠭᠯᠡᠬᠦ ᠶᠢ ᠪᠡᠶᠡᠯᠡᠭᠦᠯᠬᠦ ᠶᠢᠨ ᠬᠠᠮᠲᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠴᠤᠭᠯᠠᠭᠤᠯᠪᠠ᠃ ︽ᠬᠤᠶᠠᠷ ᠲᠤᠭᠳᠠᠮᠠᠯ ᠪᠤᠰᠤ ᠨᠢᠭᠡ ᠶᠢ ᠢᠯᠡ ᠨᠠᠶᠢᠳᠠᠯᠠᠬᠦ︾ ᠬᠠᠤᠯᠢ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠨᠡᠩ ᠵᠢᠷᠤᠮᠵᠢᠭᠤᠨ ᠪᠥᠭᠡᠳ ᠪᠦᠲᠦᠮᠵᠢᠲᠡᠶ ᠪᠣᠯᠭᠠᠪᠠ᠃ ︽ᠮᠸᠡᠭ ᠰᠤ᠋ ᠪᠠᠨ︾᠎ ᠤ ᠬᠡᠷᠡᠭᠯᠡᠯᠲᠡ ᠶᠢ ᠠᠬᠢᠭᠤᠯᠵᠤ᠂ ᠨᠢᠭᠡ ᠤᠳᠠᠭ᠎ᠠ ᠳᠤ 1503 ᠵᠥᠢᠯ ᠢ ᠬᠦᠢᠴᠡᠳᠬᠡᠵᠤ᠂ ᠲᠠᠨ ᠢ ᠬᠠᠪᠰᠤᠷᠤᠨ ᠬᠦᠢᠴᠡᠳᠬᠡᠬᠦ 14 ᠵᠥᠢᠯ ᠢ ᠪᠠᠶᠠᠯᠠᠬᠦᠯᠵᠤ᠂ 12000 ᠳᠠᠩᠰᠠᠯᠠᠭᠤᠯᠤᠭᠰᠠᠨ ᠬᠡᠷᠡᠭᠯᠡᠭᠴᠢ ᠶᠢ ᠪᠠᠭᠤᠯᠭᠠᠨ ᠠᠪᠴᠤ᠂ ᠬᠡᠷᠡᠭᠯᠡᠭᠴᠢ ᠶᠢᠨ ᠪᠦᠷᠬᠦᠴᠡ ᠶᠢᠨ ᠨᠣᠷᠮ᠎ᠠ 30%᠎ ᠳᠤ ᠬᠦᠷᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠵᠦᠢᠯᠡᠰ ᠢ ᠰᠢᠰᠲ᠋ᠧᠮ ᠤᠨ ᠬᠢᠨ ᠨᠡᠶᠢᠳᠡ 94 ᠬᠤᠪᠢ ᠬᠦᠯᠢᠶᠡᠨ ᠠᠪᠴᠤ ᠰᠢᠢᠳᠪᠤᠷᠢᠯᠡᠪᠠ᠃ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠪᠦᠬᠦᠯᠢ ᠴᠠᠭ ᠢ 2 ᠠᠵᠢᠯᠯᠠᠬᠤ ᠡᠳᠦᠷ ᠪᠣᠯᠭᠠᠨ ᠪᠤᠭᠤᠨᠢᠰᠵᠤ᠂ ᠥᠯᠥ ᠬᠥᠳᠡᠯᠬᠦ ᠬᠥᠷᠥᠩᠭᠡ ᠶᠢᠨ ᠬᠤᠪᠢ ᠬᠥᠮᠦᠨ ᠤ ᠡᠩ ᠤᠨ ᠳᠡᠩᠰᠡᠯᠡᠯᠲᠡ ᠶᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠶᠠᠯᠠᠬᠦᠯᠵᠤ᠂ ᠪᠠᠷᠢᠴᠠᠭᠠᠨ ᠤ ᠳᠡᠩᠰᠡᠯᠡᠯᠲᠡ ᠶᠢ 1 ᠠᠵᠢᠯᠯᠠᠬᠤ ᠡᠳᠦᠷ ᠤᠨ ᠳᠣᠲᠣᠷ᠎ᠠ ᠪᠠᠶᠠᠯᠠᠬᠦᠯᠵᠤ᠂ ᠴᠠᠭ ᠤᠨ ᠬᠢᠵᠠᠭᠠᠷ ᠶᠣᠰᠣᠭᠠᠷ ᠬᠦᠢᠴᠡᠳᠬᠡᠬᠦ ᠶᠢᠨ ᠡᠵᠡᠯᠡᠬᠦ ᠬᠠᠷᠢᠴᠠᠯ ᠢ 100%᠎ ᠳᠤ ᠬᠦᠷᠪᠠ᠃       ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠡᠵᠡᠬᠡᠶᠢᠷᠡᠬᠦᠯᠪᠡ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠥᠭᠵᠢᠭᠦᠯᠵᠦ᠂ ᠰᠦᠢᠳᠬᠡᠯ ᠢ ᠪᠠᠭᠤᠷᠠᠭᠤᠯᠤᠨ ᠭᠠᠶᠢᠯᠢ ᠬᠥᠩᠭᠡᠯᠡᠬᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠴᠤᠭᠯᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠰᠠᠷ᠎ᠠ ᠶᠢᠨ ᠳᠣᠭᠢᠷᠠᠭᠤᠯᠬᠤ ᠰᠢᠰᠲ᠋ᠧᠮ ᠢ ᠡᠬᠢᠯᠡᠨ ᠬᠡᠷᠡᠭᠯᠡᠪᠠ᠃ ︽ᠢᠲᠡᠭᠡᠮᠵᠢᠲᠡᠶ᠂ ᠵᠢᠭᠡᠯᠡᠯᠭᠡ ᠳᠤ ᠬᠢᠯᠪᠡᠷ ᠪᠠᠶᠢᠯᠭᠠᠬᠤ︾ ᠠᠵᠢᠯ ᠢ ᠢᠳᠡᠪᠬᠢᠲᠡᠶ ᠥᠷᠨᠢᠭᠦᠯᠪᠠ᠃ ᠨᠡᠶᠢᠲᠡᠯᠢᠭ ᠵᠢᠱᠢᠶ᠎ᠡ ᠶᠢ ᠤᠬᠠᠭᠤᠯᠬᠤ ᠠᠵᠢᠯ ᠢ ᠢᠳᠡᠪᠬᠢᠲᠡᠶ ᠠᠬᠢᠭᠤᠯᠵᠤ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠵᠤ᠂ ᠠᠪᠠᠭ᠎ᠠ ᠬᠤᠰᠢᠭᠤᠨ ᠤ ᠮᠠᠯᠴᠢᠳ ᠤᠨ ᠲᠤᠷᠡᠰᠤᠮᠵᠢ ᠰᠦᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ 2021 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠨᠡᠷᠡᠰ ᠤᠨ ᠵᠢᠭᠰᠠᠭᠠᠯᠳᠠ ᠳᠤ ᠣᠷᠣᠭᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠶᠢᠨ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠦᠷᠦᠩᠭᠡ ᠶᠢ ᠨᠢᠬᠡᠳᠬᠡᠵᠤ ᠬᠤᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠪᠠᠶᠢᠭᠤᠯᠪᠠ᠃       ⒉ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠪᠠ᠃      ᠳᠡᠭᠡᠷ᠎ᠡ ᠬᠠᠭᠠᠰ ᠵᠢᠯ ᠳᠤ 8 ᠲᠦᠷᠤᠯ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠥᠢᠯ ᠬᠡᠷᠡᠭᠵᠢᠭᠦᠯᠵᠦ᠂ 2.54 ᠳ᠋ᠦᠩᠰᠢᠭᠤᠷ ᠲᠥᠭᠦᠷᠢᠭ ᠤᠨ ᠠᠶᠢᠮᠠᠭ ᠤᠨ ᠭᠠᠳᠠᠨᠠᠬᠢ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠡᠭᠦᠨ ᠳᠤ ᠣᠷᠣᠨ ᠤ ᠭᠠᠳᠠᠨᠠᠬᠢ ᠪᠠᠯᠠ ᠮᠥᠩᠭᠦ ᠶᠢ 2.06 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ ᠰᠢᠯᠢ ᠶᠢᠨ ᠭᠤᠤᠯ ᠠᠶᠢᠮᠠᠭ ᠤᠨ 2021 ᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠠᠯᠤᠰ ᠬᠡᠲᠦ ᠶᠢᠨ᠂ ᠲᠠᠶᠢᠴᠢᠯᠡᠨ ᠳᠠᠭᠠᠭᠤᠯᠬᠤ ᠴᠢᠨᠠᠷᠲᠠᠶ ᠠᠷᠠᠯᠵᠢᠶᠠᠴᠢᠨ ᠤᠷᠢᠬᠤ ᠲᠥᠷᠥᠯ ᠵᠥᠢᠯ ᠢ ᠰᠦᠪᠡᠭᠴᠢᠯᠡᠨ ᠲᠥᠯᠥᠪᠯᠡᠵᠦ᠂ ᠠᠶᠢᠮᠠᠭ ᠤᠨ ᠱᠠᠲᠤᠨ ᠳᠤ ᠡᠮᠦᠨᠡᠬᠢ ᠬᠤᠭᠤᠴᠠᠭᠠᠨ ᠤ ᠯᠠᠪᠳᠠᠭᠤᠨ ᠪᠠᠲᠤᠲᠠᠶ᠂ ᠨᠥᠬᠦᠴᠡᠯ ᠪᠦᠷᠢᠨ ᠠᠷᠠᠯᠵᠢᠶᠠᠴᠢᠨ ᠤᠷᠢᠬᠤ ᠲᠥᠷᠥᠯ  ᠵᠥᠢᠯ ᠢ 15᠎ ᠠᠴᠠ ᠳᠡᠭᠡᠭᠰᠢ ᠬᠦᠷᠬᠡᠵᠤ᠂ ᠣᠳᠣᠬᠠᠨ ᠳᠤ ᠬᠥᠮᠥᠷᠭᠡ ᠳᠤ ᠬᠠᠳᠠᠭᠠᠯᠠᠵᠤ ᠪᠠᠶᠢᠭ᠎ᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠥᠢᠯ 51 ᠪᠠᠶᠢᠵᠤ᠂20 ᠲᠦᠷᠤᠯ ᠵᠥᠢᠯ ᠢ ᠠᠷᠠᠯᠵᠢᠶᠠᠴᠢᠨ ᠤᠷᠢᠬᠤ ᠲᠥᠷᠥᠯ ᠵᠥᠢᠯ ᠢᠶᠠᠷ 2021 ᠣᠨ ᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠥᠢᠯ ᠪᠤᠯᠭᠠᠪᠠ᠃       ︵ᠵᠢᠷᠭᠤᠭ᠎ᠠ︶ ᠠᠷᠠᠳ ᠤᠨ ᠠᠮᠢᠳᠤᠷᠠᠯ ᠢ ᠬᠦᠴᠤᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠪᠠ᠃       ⒈ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠤᠭᠳᠠᠭᠤᠨ ᠢᠶᠠᠷ ᠠᠬᠢᠭᠤᠯᠪᠠ᠃       ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠠᠪᠠᠭ᠎ᠠ ᠬᠤᠰᠢᠭᠤᠨ ᠤ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠪᠠᠶᠢᠭᠤᠯᠪᠠ᠃ ᠭᠠᠴᠠᠭᠠᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠶᠢᠨ ᠦᠢᠯᠡᠴᠢᠯᠡᠬᠡᠨ ᠤ ᠴᠢᠳᠠᠪᠬᠢ ᠶᠢ ᠳᠡᠭᠡᠭᠰᠢᠯᠡᠭᠦᠯᠦᠨ᠂ ᠶᠠᠳᠠᠭᠤ ᠬᠦᠴᠢᠷᠳᠡᠯᠲᠡᠶ ᠭᠠᠴᠠᠭ᠎ᠠ᠂ ᠲᠠᠩᠰᠠ ᠪᠠᠶᠢᠭᠤᠯᠵᠤ ᠺᠠᠷᠲ ᠤᠯᠭᠤᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠶ᠎ᠠ ᠪᠠᠨ ᠲᠠᠭᠠᠭᠠᠬᠤ ᠴᠢᠳᠠᠪᠤᠷᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠵᠤᠬᠢᠴᠠᠭᠤᠯᠤᠨ ᠵᠣᠯᠭᠠᠭᠤᠯᠬᠤ ᠪᠠ ᠠᠵᠤ ᠦᠶ᠋ᠯᠡᠰ ᠤᠨ ᠬᠥᠭᠵᠢᠯᠲᠡ ᠶᠢ ᠴᠢᠩᠭᠠᠷᠠᠭᠤᠯᠪᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠎ ᠢ ᠦᠷᠭᠦᠯᠵᠢᠯᠡᠨ ᠲᠥᠯᠬᠢᠨ ᠠᠬᠢᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠰᠠᠶᠢᠳᠤᠷ ᠪᠠᠷ ᠳ᠋ᠦᠩᠨᠡᠪᠠ᠃       ⒉ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠥᠭᠵᠢᠪᠡ       ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠠ᠃ ᠲᠤᠨᠤᠭ ᠲᠦᠬᠦᠬᠡᠷᠤᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠮᠣᠩᠭᠤᠯ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠢ ᠳᠠᠭᠤᠰᠬᠠᠵᠤ᠂ ᠮᠣᠩᠭᠤᠯ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠰᠤᠮᠤ ᠪᠠᠯᠭᠠᠰᠤ ᠶᠢᠨ ᠬᠡᠤᠬᠡᠳ ᠤᠨ ᠴᠡᠴᠡᠷᠯᠢᠭ ᠤᠨ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠪᠠ᠃ ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢᠨ ᠲᠥᠷᠥᠯ ᠵᠥᠢᠯ ᠤᠨ ᠵᠢᠷᠤᠭ ᠲᠦᠰᠤᠪ ᠤᠨ ᠭᠤᠤᠯ ᠴᠣᠭᠴᠠᠲᠤ ᠢᠨᠵᠧᠨᠧᠷᠢᠩ᠂ ᠶᠠᠩ ᠳ᠋ᠦ᠋ ᠰᠦᠮ᠎ᠡ ᠶᠢ ᠰᠡᠯᠪᠢᠨ ᠵᠠᠰᠠᠬᠤ ᠢᠨᠵᠧᠨᠧᠷᠢᠩ᠂ ᠦᠨᠳᠦᠰᠦᠲᠡᠨ ᠤ ᠪᠡᠶ᠎ᠡ ᠶᠢᠨ ᠲᠠᠮᠢᠷ ᠤᠨ ᠣᠷᠳᠣᠨ᠂ ᠠᠳᠤᠭᠤᠨ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ ᠤᠨ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠪᠠ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠢᠳᠡᠪᠬᠢᠲᠡᠶ ᠡᠷᠬᠢᠯᠡᠪᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠵᠢᠴᠢ ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢ ᠢᠳᠡᠪᠬᠢᠲᠡᠶ ᠠᠬᠢᠭᠤᠯᠵᠤ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠮᠠᠰᠢ ᠰᠠᠶᠢᠨ ᠪᠡᠶᠡᠯᠡᠭᠦᠯᠪᠡ᠃ ᠡᠷᠡᠭᠦᠯ ᠮᠡᠨᠳᠦ ᠶᠢ ᠠᠬᠢᠭᠤᠯᠬᠤ ᠬᠥᠮᠦᠵᠢᠯ ᠢ ᠴᠢᠩᠭᠠᠳᠬᠠᠵᠤ᠂ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠢ ᠵᠢᠷᠤᠮᠵᠢᠭᠤᠯᠤᠨ ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠪᠠ᠃ ᠬᠤᠰᠢᠭᠤ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠲᠥᠪ ᠪᠠ ᠴᠢᠰᠤ ᠨᠡᠪᠴᠢᠬᠦ ᠲᠠᠰᠤᠭ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃        ⒊ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ        ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠲᠠᠰᠤᠷᠠᠯᠲᠠ ᠦᠭᠡᠢ ᠲᠡᠭᠦᠯᠳᠡᠷᠵᠢᠪᠡ᠃ ᠠᠵᠢᠯ ᠣᠯᠭᠤᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠳᠤ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠦᠷᠭᠦᠯᠵᠢᠯᠡᠨ 3.8%᠎ ᠶᠢᠨ ᠳᠣᠲᠣᠷ᠎ᠠ ᠬᠢᠵᠠᠭᠠᠷᠯᠠᠪᠠ᠃ ᠪᠥᠬᠦ ᠬᠤᠰᠢᠭᠤᠨ ᠤ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 18700᠂ ᠪᠥᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠥᠷᠳᠡᠭᠰᠡᠳ ᠤᠨ ᠲᠤᠭ᠎ᠠ 10131᠎ ᠳᠤ ᠬᠦᠷᠴᠦ᠂ ᠪᠦᠬᠦᠨ ᠢ ᠰᠦᠯᠵᠢᠶᠡᠨ ᠳᠡᠭᠡᠷ᠎ᠡ ᠲᠠᠷᠬᠠᠭᠠᠬᠤ ᠶᠢ ᠪᠡᠶᠡᠯᠡᠭᠦᠯᠪᠡ᠃ ᠰᠦᠯᠵᠢᠶᠡᠨ ᠳᠡᠭᠡᠷ᠎ᠡ 9560 ᠬᠥᠮᠦᠨ ᠢ ᠭᠡᠷᠡᠴᠢᠯᠡᠨ ᠮᠠᠭᠠᠳᠯᠠᠬᠤ ᠶᠢ ᠪᠡᠶᠡᠯᠡᠭᠦᠯᠵᠦ᠂ ᠨᠦᠭᠴᠡᠭᠰᠡᠨ ᠪᠠᠶᠢᠳᠠᠯ᠎ᠠ ᠮᠡᠬᠡᠯᠡᠨ ᠠᠪᠤᠭᠰᠠᠨ 12.5 ᠲᠦᠮᠡᠨ ᠲᠥᠭᠦᠷᠢᠭ ᠤᠨ ᠰᠠᠭᠤᠷᠢ ᠮᠥᠩᠭᠦ ᠶᠢ ᠨᠡᠬᠡᠮᠵᠢᠯᠡᠨ ᠲᠤᠰᠢᠶᠠᠯᠭᠠᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ 3985 ᠲᠦᠮᠡᠨ ᠲᠥᠭᠦᠷᠢᠭ᠂ ᠠᠵᠢᠯ ᠮᠡᠷᠭᠡᠵᠢᠯ ᠤᠨ ᠣᠨ ᠤ ᠮᠥᠩᠭᠦ 692 ᠲᠦᠮᠡᠨ ᠲᠥᠭᠦᠷᠢᠭ ᠬᠤᠷᠢᠶᠠᠪᠠ᠃ 50 ᠠᠵᠤ ᠠᠬᠤᠶᠢᠯᠠᠯ᠂ 1072 ᠬᠥᠮᠦᠨ ᠪᠠᠶᠢᠵᠤ᠂ 697 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠠᠰᠤᠵᠤ ᠬᠡᠯᠲᠦᠷᠢᠭᠦᠯᠦᠨ᠂ 37.76 ᠲᠦᠮᠡᠨ ᠲᠥᠭᠦᠷᠢᠭ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠰᠤᠵᠤ ᠬᠡᠯᠲᠦᠷᠢᠭᠦᠯᠦᠨ᠂ 1372 ᠬᠥᠮᠦᠨ ᠳᠤ 11.9 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠪᠣᠳᠠᠲᠠᠶ ᠣᠷᠣᠯᠴᠠᠭᠰᠠᠨ ᠬᠥᠮᠦᠨ ᠤ ᠲᠤᠭ᠎ᠠ 29654 ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 97.9%᠎ ᠳᠤ ᠬᠥᠷᠪᠡ᠃ ᠣᠷᠣᠰᠢᠭᠤᠯᠭ᠎ᠠ ᠶᠢᠨ ᠭᠠᠵᠠᠷ ᠤᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠳᠠᠭᠠᠯᠲᠠ ᠢᠨᠵᠧᠨᠧᠷᠢᠩ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠬᠠᠯᠠᠮᠵᠢ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠶᠢ ᠵᠠᠰᠠᠨ ᠴᠢᠮᠡᠭᠯᠡᠵᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠷᠢᠯᠭ᠎ᠠ ᠶᠢ ᠲᠠᠭᠤᠰᠬᠠᠵᠤ᠂ ᠡᠮᠡᠭᠲᠡᠶᠢᠴᠦᠳ ᠬᠡᠦᠬᠡᠳ ᠤᠨ ᠠᠵᠢᠯ ᠢ ᠦᠷᠭᠦᠯᠵᠢᠯᠡᠨ ᠰᠠᠶᠢᠲᠤᠷ ᠬᠢᠪᠠ᠃       ᠠᠭᠤᠷᠬᠠᠶ᠂ ᠪᠠᠷᠢᠯᠭ᠎ᠠ ᠶᠢᠨ ᠬᠦᠷᠢᠶ᠎ᠡ ᠴᠡᠷ᠎ᠠ᠂ ᠠᠶᠤᠯ ᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶ᠎ᠠ ᠴᠡᠷ᠎ᠠ ᠳᠠᠬᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠪᠠ᠃ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠴᠢᠷᠮᠠᠶᠢᠨ ᠬᠠᠮᠠᠭᠠᠯᠠᠵᠤ᠂ ᠢᠳᠡᠭᠡᠨ ᠪᠠ ᠡᠮ ᠤᠨ ᠵᠥᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠢᠳᠡᠭᠡᠨ ᠪᠠ ᠡᠮ ᠤᠨ ᠵᠥᠢᠯ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠦᠨᠡᠮᠯᠡᠯ ᠬᠦᠢᠴᠡᠳᠬᠡᠬᠦ ᠵᠦᠢᠯᠡᠰ ᠤᠨ ᠦᠯᠡᠳᠡᠭᠰᠡᠨ ᠡᠷᠦᠬᠡ ᠶᠢᠨ ᠲᠤᠭ᠎ᠠ 1908 ᠡᠷᠦᠬᠡ ᠪᠠᠶᠢᠵᠤ᠂ ᠨᠢᠭᠡᠨᠲᠡ 1893 ᠡᠷᠦᠬᠡ ᠶᠢ ᠳᠠᠩᠰᠠᠯᠠᠭᠤᠯᠪᠠ᠃       ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ       ᠨᠢᠭᠡ ᠳᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠡᠭᠡ ᠪᠠᠷ ᠪᠠᠭᠤᠷᠠᠪᠠ᠃ ᠦᠨᠤ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠬᠤᠰᠢᠭᠤᠨ ᠤ ᠲᠣᠭᠲᠠᠮᠠᠯ ᠬᠦᠢᠷᠣᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢᠳᠤᠨᠤᠨ ᠤ 497.5 ᠪᠠᠶᠢᠭᠰᠠᠨ ᠠᠴᠠ ᠪᠠᠨ ᠪᠠᠭᠤᠷᠠᠭᠠᠳ 75.4 ᠪᠤᠯᠵᠤ᠂ ᠨᠠᠯᠢᠶᠠᠳ ᠶᠡᠭᠡ ᠬᠤᠪᠢᠷᠠᠯᠲᠠ ᠭᠠᠷᠪᠠ᠃ ᠲᠣᠮᠣ ᠲᠥᠷᠥᠯ  ᠵᠥᠢᠯ ᠤᠨ ᠳᠠᠶᠢᠴᠢᠯᠠᠯᠲᠠ ᠳᠤᠲᠠᠭᠳᠠᠵᠤ ᠪᠠᠶᠢᠬᠤ ᠪᠥᠭᠡᠳ ᠨᠢᠳᠤᠨᠤᠨ ᠤ ᠠᠳᠠᠯᠢ ᠬᠤᠭᠤᠴᠠᠭᠠᠨ ᠳᠤ ᠣᠨᠴᠠᠭᠠᠶ ᠪᠠᠶᠢᠳᠠᠯ ᠤᠨ ᠳᠡᠭᠡᠳᠦ ᠬᠤᠷᠳᠤᠴᠠ ᠪᠠᠷ ᠨᠡᠮᠡᠭᠳᠡᠭᠰᠡᠨ ᠠᠴᠠ ᠦᠨᠤ ᠵᠢᠯ ᠤᠷᠵᠢᠨᠤᠨ ᠤ ᠬᠢ ᠠᠴᠠ ᠨᠡᠯᠢᠶᠡᠳ ᠶᠡᠭᠡ ᠨᠡᠮᠡᠭᠳᠡᠯ ᠲᠠᠢ ᠪᠣᠯᠤᠭᠰᠠᠨ ᠪᠣᠯᠪᠠᠴᠤ ᠪᠥᠬᠦ ᠵᠢᠯ ᠤᠨ ᠬᠢ ᠠᠴᠠ ᠮᠥᠨ ᠯᠡ ᠶᠡᠭᠡ ᠬᠡᠮᠵᠢᠶ᠎ᠡ ᠪᠠᠷ ᠪᠠᠭᠤᠷᠠᠬᠤ ᠪᠣᠯᠤᠨ᠎ᠠ᠃       ᠬᠤᠶᠠᠷ ᠲᠤ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠤᠨ ᠨᠡᠮᠡᠭᠳᠡᠯ ᠨᠢ ᠲᠦᠷᠦ ᠶᠢᠨ ᠪᠤᠳᠤᠯᠭ᠎ᠠ ᠵᠢᠴᠢ ᠪᠤᠰᠤᠳᠴᠢ ᠲᠠᠯ᠎ᠠ ᠶᠢᠨ ᠨᠥᠯᠥᠭᠡ ᠠᠴᠠ ᠪᠤᠯᠵᠤ᠂ ᠦᠨᠤ ᠵᠢᠯ ᠤᠨ 3 ᠰᠠᠷ᠎ᠠ ᠠᠴᠠ ᠡᠬᠢᠯᠡᠨ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠤᠯᠤᠰ ᠤᠨ ᠴᠠᠬᠢᠯᠭᠠᠨ ᠤ ᠦᠨ᠎ᠡ ᠶᠢᠨ ᠨᠥᠬᠦᠪᠥᠷᠢ ᠶᠢᠨ ᠬᠡᠰᠡᠭ ︵ᠳᠤᠮᠳᠠᠴᠢ ᠪᠠᠷ 0.2 ᠲᠥᠭᠦᠷᠢᠭ \ ᠭᠷᠠᠳᠦ᠋ᠰ ᠣᠷᠴᠢᠮ︶᠎ ᠢ ᠦᠢᠯᠡᠳᠬᠦᠨ ᠤ ᠥᠷᠲᠡᠭ ᠲᠤ ᠣᠷᠣᠭᠤᠯᠬᠤ ᠥᠬᠡᠶ ᠪᠤᠯᠭᠠᠵᠤ᠂ ᠰᠠᠯᠬᠢᠨ ᠬᠦᠴᠦᠨ ᠤ ᠴᠠᠬᠢᠯᠭᠠᠨ ᠤ ᠦᠢᠯᠡᠳᠬᠦᠨ ᠤ ᠥᠷᠲᠡᠭ ᠤᠨ ᠨᠡᠮᠡᠭᠳᠡᠯ ᠢ ᠨᠡᠯᠢᠶᠡᠳ ᠶᠡᠭᠡ ᠪᠠᠷ ᠨᠥᠯᠥᠭᠡᠯᠡᠪᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠷᠴᠢᠮ ᠢ ᠴᠢᠩᠭᠠᠷᠠᠭᠰᠡᠨ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠴᠢᠳᠠᠪᠤᠷᠢ ᠬᠦᠷᠦᠯᠴᠡᠬᠦ ᠦᠭᠡᠢ ᠵᠡᠷᠭᠡ ᠰᠢᠯᠲᠠᠭᠠᠨ ᠠᠴᠠ ᠪᠤᠯᠵᠤ᠂  ᠵᠢᠢ ᠳ᠋ᠦᠡᠭ ᠱᠦᠢᠨᠢ᠂ ᠶᠢᠨ ᠳ᠋ᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠨᠥᠯᠥᠭᠡᠯᠡᠭᠳᠡᠪᠡ᠃        ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠨᠡᠯᠢᠶᠡᠳ ᠲᠤᠪᠤᠶᠢᠮ᠎ᠠ ᠪᠠᠶᠢᠨ᠎ᠠ᠃ ᠳᠡᠭᠡᠷ᠎ᠡ ᠬᠠᠭᠠᠰ ᠵᠢᠯ ᠳᠤ ᠮᠠᠨ ᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.87ᠳ᠋ᠦᠩᠰᠢᠭᠤᠷ ᠲᠥᠭᠦᠷᠢᠭ ᠪᠠᠶᠢᠵᠤ᠂ 10.5%᠎ ᠪᠠᠷ ᠪᠠᠭᠤᠷᠠᠪᠠ᠂ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9160 ᠲᠦᠮᠡᠨ ᠲᠥᠭᠦᠷᠢᠭ ᠬᠠᠰᠤᠭᠳᠠᠵᠤ᠂ 45.3%᠎ ᠪᠠᠷ ᠪᠠᠭᠤᠷᠠᠪᠠ᠃ ᠡᠩ ᠤᠨ ᠤᠯᠠᠨ ᠨᠡᠶᠢᠲᠡ ᠶᠢᠨ ᠲᠥᠰᠦᠪ ᠤᠨ ᠳᠣᠲᠣᠷᠠᠬᠢ ᠵᠠᠷᠤᠯᠭ᠎ᠠ ᠶᠢ 7.87 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 5.5%᠎ ᠪᠠᠷ ᠪᠠᠭᠤᠷᠠᠭᠤᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠴᠢᠮ ᠪᠠᠶᠢᠳᠠᠯ ᠢ ᠦᠷᠬᠦᠯᠵᠢᠯᠡᠨ ᠪᠦᠳᠤᠮᠵᠢᠳᠡᠢ ᠠᠷᠭᠠᠴᠠᠭᠠᠬᠤ ᠴᠢᠬᠤᠯᠠ ᠲᠠᠢ᠃        ᠭᠤᠷᠪᠠ᠂ ᠬᠤᠶᠢᠰᠢᠳᠠ ᠶᠢᠨ ᠭᠤᠣᠯ ᠠᠵᠢᠯ ᠡᠭᠦᠷᠭᠡ        ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠨᠤ ᠵᠢᠯ ᠤᠨ ᠠᠵᠢᠯ ᠢᠶᠠᠨ ᠨᠠᠩ ᠰᠠᠶᠢᠨ ᠪᠠᠶᠠᠯᠠᠬᠦᠯᠬᠦ ᠶᠢᠨ ᠲᠦᠯᠤᠬᠡ ᠬᠤᠶᠢᠰᠢᠳᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄        ︵ᠨᠢᠭᠡ︶ ᠳᠡᠭᠡᠳᠦ ᠱᠠᠲᠤᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠠᠳᠬᠤᠨ᠎ᠠ        ᠲᠥᠪ ᠤᠨ ᠨᠠᠶ᠋ᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠦᠷᠢᠶ᠎ᠠ ᠴᠡᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠰᠬᠠᠶ ᠲᠣᠭᠤᠷᠢᠨ ᠪᠠᠶᠢᠴᠠᠭᠠᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠳᠡ ᠶᠢ ᠤᠯᠠᠮ ᠨᠢᠭᠡ ᠠᠯᠬᠤᠮ  ᠦᠢᠯᠡᠳᠤᠯᠬᠡᠵᠢᠬᠦᠯᠤᠨ᠂ ᠲᠦᠷᠢᠮ ᠲᠤᠭᠳᠠᠭᠠᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠠᠵᠤ ᠦᠶ᠋ᠯᠡᠰ ᠤᠨ ᠬᠥᠭᠵᠢᠯᠲᠡ ᠶᠢ ᠵᠢᠷᠤᠮᠵᠢᠭᠤᠯᠤᠨ᠎ᠠ᠃        ︵ᠬᠤᠶᠠᠷ︶ ᠭᠤᠣᠯᠳᠠᠯᠭ᠎ᠠ ᠲᠠᠢ ᠲᠦᠷᠤᠯ ᠵᠥᠢᠯ ᠤᠨ ᠪᠦᠳᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢᠨ ᠡᠷᠴᠢᠮ ᠢ ᠪᠦᠬᠦ ᠬᠦᠴᠦᠨ ᠢᠶᠠᠷ ᠴᠢᠩᠭᠠᠳᠬᠠᠨ᠎ᠠ᠃        ᠪᠠᠶᠢᠭᠤᠯᠵᠤ ᠪᠠᠶᠢᠭ᠎ᠠ ᠲᠥᠷᠥᠯ ᠵᠥᠢᠯ ᠢ ᠲᠦᠷᠭᠡᠳᠬᠡᠨ ᠠᠬᠢᠭᠤᠯᠵᠤ᠂ ᠣᠨᠴᠠ ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠥᠢᠯ ᠢ ᠲᠦᠷᠬᠡᠳᠬᠡᠵᠤ᠂ ᠵᠢᠩ ᠨᠸᠡᠭ ᠡᠨᠧᠷᠭᠢ ᠶᠢᠨ ᠬᠡᠷᠡᠯ ᠴᠠᠬᠢᠯᠭᠠᠨ ᠂ ᠭᠦᠸᠧ ᠲᠢᠶᠠᠨ ᠰᠠᠯᠬᠢᠨ ᠴᠠᠬᠢᠯᠭᠠᠨ ᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠬᠤ ᠪᠠᠷ ᠴᠢᠷᠮᠠᠶᠢᠵᠤ᠂ ᠴᠠᠭᠠᠡᠨᠠᠭᠤᠷ ᠤᠨ ᠴᠠᠬᠢᠯᠭᠠᠨ ᠦᠢᠯᠡᠳᠪᠤᠷᠢ ᠶᠢᠨ ᠲᠥᠷᠥᠯ ᠵᠥᠢᠯ ᠢ ᠲᠦᠷᠭᠡᠳᠬᠡᠨ ᠠᠬᠢᠭᠤᠯᠬᠤ ᠶᠢᠨ ᠬᠠᠮᠲᠤ ᠲᠤᠨᠤᠭ ᠲᠥᠬᠦᠭᠡᠷᠦᠮᠵᠢ ᠵᠠᠬᠢᠶᠠᠯᠠᠬᠤ ᠠᠵᠢᠯ ᠢ ᠲᠦᠷᠭᠡᠬᠡᠨ ᠳᠠᠭᠤᠰᠬᠠᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠶ᠂ ᠡᠳ᠋ᠰᠢᠭᠦᠯᠬᠦ ᠠᠵᠤ ᠦᠢᠯᠡᠳᠪᠤᠷᠢ᠂ ᠨᠡᠶᠢᠭᠡᠮ ᠤᠨ ᠠᠵᠢᠯ ᠦᠢᠯᠡᠰ ᠤᠨ ᠲᠥᠷᠥᠯ ᠵᠥᠢᠯ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠵᠢᠯ ᠰᠡᠷᠬᠦᠬᠡᠭᠰᠡᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷᠳᠠᠮ ᠢ ᠡᠷᠲᠡᠬᠡᠨ ᠪᠦᠷᠢᠨ ᠬᠦᠢᠴᠡᠳ ᠪᠣᠯᠭᠠᠬᠤ ᠶᠢᠨ ᠬᠠᠮᠲᠤ ᠪᠠᠷᠢᠯᠭ᠎ᠠ ᠡᠬᠢᠯᠡᠭᠦᠯᠦᠨ ᠪᠥᠳᠥᠭᠡᠨ ᠪᠠᠶᠢᠭᠤᠯᠬᠤ ᠪᠠᠷ ᠴᠢᠷᠮᠠᠶᠢᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠥᠢᠯ ᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠭᠤᠤᠯᠳᠠᠯᠭ᠎ᠠ ᠲᠠᠢ ᠲᠥᠷᠥᠯ ᠵᠥᠢᠯ ᠤᠨ ᠰᠠᠯᠠᠭ᠎ᠠ ᠮᠥᠴᠢᠷ ᠵᠡᠷᠭᠡ ᠨᠢ ᠵᠣᠬᠢᠴᠠᠭᠤᠯᠤᠨ ᠨᠡᠪᠲᠡᠷᠡᠯᠴᠡᠬᠦ ᠶᠢ ᠰᠠᠶᠢᠲᠤᠷ ᠬᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠡᠶᠡᠯᠡᠭᠦᠯᠦᠨ᠎ᠡ᠃         ︵ᠭᠤᠷᠪᠠ︶ ᠠᠵᠤ ᠠᠬᠤᠶ ᠨᠡᠶᠢᠭᠡᠮ ᠤᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ         ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠶᠢᠲᠤᠷ ᠬᠠᠮᠠᠭᠠᠯᠠᠨ᠎ᠠ᠃ ᠲᠥᠷᠥᠯ ᠵᠥᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠠᠰᠠᠭᠤᠳᠠᠯ ᠲᠠᠢ ᠲᠥᠷᠥᠯ ᠵᠥᠢᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ ᠰᠢᠡᠵᠢᠯᠡᠬᠡᠨ ᠤ ᠭᠠᠶ ᠭᠠᠮᠰᠢᠭ ᠢ ᠵᠠᠰᠠᠬᠤ᠂ ᠮᠠᠯ ᠤᠨ ᠬᠢᠵᠢᠭ ᠢ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠨ᠎ᠠ᠃ ᠦᠯᠡᠳᠡᠪᠦᠷᠢ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠪᠡᠶᠡᠯᠡᠭᠦᠯᠵᠦ᠂ ᠮᠠᠯ ᠤᠨ ᠭᠠᠷᠭᠠᠯᠲᠠ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠶᠢ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠬᠡᠪ ᠤᠨ ᠴᠠᠬᠢᠯᠭᠠᠨ ᠬᠡᠷᠡᠭᠯᠡᠬᠦ ᠪᠠ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃         ︵ᠳᠥᠷᠪᠡ︶ ᠬᠥᠭᠵᠢᠯᠲᠡ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ         ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠦᠭᠵᠢᠯᠳᠠ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠢ ᠴᠢᠷᠮᠠᠶᠢᠨ ᠬᠤᠪᠢᠷᠠᠭᠤᠯᠤᠨ᠎ᠠ᠃ ᠮᠠᠨ ᠤ ᠬᠤᠰᠢᠭᠤᠨ ᠤ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠬᠤᠯᠠ ᠶᠡᠭᠡ ᠰᠤᠳᠤᠯᠭᠠᠨ ᠤ ᠰᠡᠳᠦᠪ ᠤᠨ ᠰᠤᠳᠤᠯᠭᠠᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠬᠥᠭᠵᠢᠯᠲᠡ ᠶᠢᠨ ᠵᠠᠭᠠᠭ ᠬᠢᠵᠠᠭᠠᠷ ᠪᠠ ᠪᠠᠶᠢᠷᠢᠰᠢᠯ ᠢ ᠲᠣᠳᠣᠷᠬᠠᠶᠢᠯᠠᠨ᠎ᠠ᠃ ᠬᠤᠶᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠣᠬᠢᠷᠠᠭᠤᠯᠬᠤ ᠠᠵᠢᠯ ᠢ ᠰᠠᠶᠢᠲᠤᠷ ᠬᠢᠨ᠎ᠠ᠃ ᠣᠲᠣ ᠶᠢᠨ ᠪᠠᠶᠢᠭ᠎ᠠ ᠳᠠᠪᠠᠭᠤᠯᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠵᠤ ᠦᠢᠯᠡᠰ ᠤᠨ ᠬᠡᠯᠬᠢᠶᠠᠵᠢᠯ ᠢ ᠤᠷᠲᠤᠳᠬᠠᠬᠤ ᠶᠢ ᠠᠬᠢᠭᠤᠯᠵᠤ᠂ ᠲᠥᠷᠥᠯ ᠵᠥᠢᠯ ᠤᠨ ᠨᠥᠭᠡᠴᠡᠯᠡᠯᠲᠡ ᠶᠢ ᠴᠢᠩᠭᠠᠳᠬᠠᠨ᠂ ᠲᠥᠷᠥᠯ ᠵᠥᠢᠯ ᠤᠨ ᠰᠢᠢᠳᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠥᠢᠯ ᠢ ᠰᠦᠪᠡᠭᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠲᠥᠷᠥᠯ ᠵᠥᠢᠯ ᠪᠠ ᠥᠨᠳᠥᠷ ᠬᠢᠷᠢ ᠲᠦᠪᠰᠢᠨ ᠲᠠᠢ ᠠᠵᠤ ᠦᠢᠯᠡᠰ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠮᠠᠨ ᠤ ᠬᠤᠰᠢᠭᠤᠨ ᠳᠤ ᠡᠷᠦᠬᠡ ᠠᠮᠠ ᠣᠷᠣᠭᠤᠯᠤᠨ᠎ᠠ᠃ ᠡᠨᠧᠷᠭᠢ ᠠᠷᠪᠢᠯᠠᠬᠤ ᠠᠵᠢᠯ ᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠢ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠨ᠎ᠠ᠃ ᠠᠵᠤ ᠠᠬᠤᠶ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠳᠤᠬᠢᠴᠢᠯᠠᠭᠰᠡᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃         ︵ᠲᠠᠪᠤ︶ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠤᠨ᠎ᠠ         ᠨᠠᠷᠢᠯᠢᠭ ᠤᠨᠤᠪᠴᠢᠳᠡᠢ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠠᠵᠢᠯ ᠢ ᠰᠠᠶᠢᠲᠤᠷ ᠬᠢᠨ᠎ᠠ᠃ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨᠬᠦ ᠪᠠᠲᠤᠯᠠᠵᠤ᠂ ᠨᠢᠭᠡᠳᠦᠭᠡᠷ ᠬᠡᠤᠬᠡᠳ ᠤᠨ ᠴᠡᠴᠡᠷᠯᠢᠭ ᠢ ᠠᠰᠢᠭᠯᠠᠯᠳᠠ ᠳᠤ ᠤᠷᠤᠯᠠᠭᠤᠯᠬᠤ ᠠᠵᠢᠯ ᠢ ᠰᠠᠶᠢᠲᠤᠷ ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠰᠣᠶᠣᠯ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠲᠠᠨᠢᠯᠳᠠ ᠤᠬᠠᠮᠰᠠᠷ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠡᠶ᠎ᠡ ᠲᠠᠮᠢᠷ ᠤᠨ ᠪᠤᠯᠪᠠᠰᠤᠷᠠᠯ ᠢ ᠴᠢᠩᠭᠠᠳᠬᠠᠵᠤ᠂ ᠶᠠᠩᠳᠤᠤ ᠰᠦᠮ᠎ᠡ ᠶᠢ ᠰᠡᠯᠪᠢᠨ ᠵᠠᠰᠠᠬᠤ᠂ ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢᠨ ᠲᠥᠷᠥᠯ ᠵᠥᠢᠯ᠂ ᠬᠤᠰᠢᠭᠤ ᠡᠮᠨᠡᠯᠭᠡ ᠶᠢᠨ ᠬᠤᠷᠢᠶ᠎ᠠ ᠶᠢᠨ ᠰᠢᠯᠭᠠᠨ ᠪᠠᠶᠢᠴᠠᠭᠠᠬᠤ ᠲᠥᠪ᠂ ᠴᠢᠰᠤ ᠨᠡᠪᠴᠢᠬᠦ ᠲᠠᠰᠤᠭ᠂ ᠬᠠᠯᠠᠮᠵᠢ ᠨᠠᠰᠤᠳᠠᠶᠢᠴᠤᠳ ᠤᠨ ᠨᠡᠶᠢᠲᠡ ᠶᠢᠨ ᠪᠠᠶᠢᠷᠢ ᠶᠢᠨ ᠲᠥᠷᠥᠯ ᠵᠥᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠳᠤᠮᠳᠠᠳᠤ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠰᠤᠮᠤ ᠪᠠᠯᠭᠠᠰᠤ ᠶᠢᠨ ᠬᠡᠤᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠪᠠᠯᠬᠦᠳᠡᠢ ᠪᠠᠯᠭᠠᠰᠤᠨ ᠤ ᠦᠨᠳᠦᠰᠦᠲᠡᠨ ᠤ ᠪᠡᠶ᠎ᠡ ᠲᠠᠮᠢᠷ ᠤᠨ ᠣᠷᠳᠣᠨ ᠤ ᠪᠠᠷᠢᠯᠭ᠎ᠠ ᠶᠢᠨ ᠠᠵᠢᠯ ᠡᠬᠢᠯᠡᠭᠦᠯᠦᠨ᠎ᠡ᠃    
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号