︽2020 ᠣᠨ ᠤ ᠠᠪᠠᠭ᠎ᠠ ᠬᠤᠰᠢᠭᠤᠨ ᠤ ᠲᠤᠰ ᠱᠠᠲᠤᠨ ᠤ ᠲᠥᠰᠦᠪ ᠤᠨ ᠬᠦᠢᠴᠡᠳᠬᠡᠯ ᠪᠠ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢ ᠬᠢᠨᠠᠨ ᠪᠣᠳᠣᠬᠤ ᠠᠵᠢᠯ ᠤᠨ ᠮᠡᠳᠡᠭᠦᠯᠦᠯᠲᠡ︾᠎ ᠶᠢ ᠳᠡᠭᠡᠭᠰᠢ ᠮᠡᠳᠡᠭᠦᠯᠬᠦ ᠲᠤᠬᠠᠢ ᠠᠪᠠᠭ᠎ᠠ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠮᠡᠳᠡᠬᠦᠯᠤᠯᠳᠠ
ᠨᠡᠶᠢᠲᠡᠯᠡᠭᠰᠡᠨ ᠴᠠᠭ᠄
2021/11/17
ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠳᠤ᠄        ᠡᠳᠦᠭᠡ ︽2020 ᠣᠨ ᠤ ᠠᠪᠠᠭ᠎ᠠ ᠬᠤᠰᠢᠭᠤᠨ ᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ︾᠎ ᠶᠢ ᠮᠡᠲ᠋ᠧᠷᠢᠶᠠᠯ ᠤᠨ ᠬᠠᠮᠲᠤ ᠮᠡᠳᠡᠬᠦᠯᠪᠠ᠂ ᠬᠢᠨᠠᠨ ᠵᠥᠪᠯᠡᠬᠦ ᠪᠣᠯᠪᠠᠤ᠃                        2021 ᠣᠨ ᠤ 9 ᠰᠠᠷ᠎ᠠ ᠶᠢᠨ 22᠎ ᠤᠨ ᠡᠳᠤᠷ          2020 ᠣᠨ ᠤ ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ‌ᠡᠳ᠋       ᠎ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠮᠡᠳᠡᠬᠦᠯᠤᠯᠳᠠ              ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠦᠪᠯᠡᠯ ᠤᠨ ᠵᠥᠪᠰᠢᠶᠡᠷᠡᠭᠰᠡᠨ ᠬᠢᠨᠠᠨ ᠪᠤᠳᠤᠬᠤ ᠲᠥᠷᠥᠯ ᠵᠥᠢᠯ ᠤᠨ ᠲᠥᠯᠥᠪᠯᠡᠭᠡ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠰᠢᠭᠤ ᠬᠢᠨᠠᠨ ᠪᠤᠳᠤᠬᠤ ᠲᠣᠪᠴᠢᠶ᠎ᠠ ᠠᠴᠠ 2020 ᠣᠨ ᠤ ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠪᠠ᠃ ᠬᠢᠨᠠᠨ ᠪᠤᠳᠤᠬᠤ ᠶᠠᠪᠤᠴᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠬᠢᠨᠠᠨ ᠪᠤᠳᠤᠬᠤ ᠵᠥᠪᠯᠡᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠬᠢᠨᠠᠨ ᠪᠤᠳᠤᠬᠤ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠠ ᠪᠦᠲᠦᠮᠵᠢ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠭᠤᠣᠯᠳᠠᠯᠭ᠎ᠠ ᠲᠠᠢ ᠴᠢᠬᠤᠯᠠᠴᠢᠯᠠᠵᠤ᠂ ᠡᠳ᠋ ᠤᠨ ᠵᠠᠰᠠᠭ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠦᠢᠯᠡᠴᠢᠯᠡᠬᠦ ᠡᠬᠦᠷᠬᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠪᠡ᠃       ᠨᠢᠭᠡ᠂ 2020 ᠣᠨ ᠤ ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠤᠨ ᠬᠢᠨᠠᠨ ᠪᠤᠳᠤᠯᠲᠠ ᠶᠢᠨ ᠪᠠᠶᠢᠳᠠᠯ       2020 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 184,365.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 114.56%᠎ ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 12.68%᠎ ᠪᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 183,847.00 ᠲᠦᠮᠡᠨ ᠲᠥᠭᠦᠷᠢᠭ ᠲᠤ ᠬᠦᠷᠴᠦ᠂  ᠲᠤᠬᠢᠷᠠᠭᠤᠯᠤᠭᠰᠠᠨ ᠲᠦᠰᠦᠪ ᠢᠶᠠᠨ 114.24%᠎ ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 12.47%᠎ ᠪᠠᠷ ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠣᠷᠣᠯᠭ᠎ᠠ       14,668.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 107.80%᠎ ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 298.80%᠎ ᠢᠶᠠᠷ ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠵᠠᠷᠤᠯᠭ᠎ᠠ 14,424.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 106%᠎ ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 337.09%᠎ ᠪᠠᠷ ᠨᠡᠮᠡᠭᠳᠡᠪᠡ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ 10,724.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 66.64%᠎ ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 26.37%᠎ ᠪᠠᠷ ᠬᠠᠰᠤᠭᠳᠠᠪᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ 12,145.00 ᠲᠦᠮᠡᠨ ᠲᠥᠭᠦᠷᠢᠭ ᠲᠤ ᠬᠦᠷᠴᠦ᠂ ᠲᠥᠰᠦᠪ ᠤᠨ 82.87%᠎ ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 8.88%᠎ ᠪᠠᠷ ᠪᠠᠭᠠᠰᠪᠠ᠃       ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠨᠢ ᠭᠤᠤᠯᠳᠠᠭᠤ᠄       ︵ᠨᠢᠭᠡ︶ ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ       ⒈ ᠲᠦᠯᠤᠪᠤᠷᠢᠯᠡᠬᠦ ᠶᠤᠰᠤᠳᠡᠢ ᠪᠦᠬᠡᠳ ᠲᠦᠯᠤᠪᠤᠷᠢᠯᠡᠭᠡ ᠦᠬᠡᠢ ᠪᠠᠶᠢᠭ᠎ᠠ ᠳᠡᠭᠡᠳᠦ ᠱᠠᠲᠤᠨ ᠤ ᠲᠤᠰᠬᠠᠶ ᠲᠦᠷᠦᠯ ᠤᠨ ᠪᠡᠯᠡ ᠮᠥᠩᠭᠦ ᠶᠢ 23,500.60 ᠲᠦᠮᠡᠨ ᠲᠥᠭᠦᠷᠢᠭ ᠪᠠᠶᠢᠨ᠎ᠠ᠃       ⒉ ᠪᠡᠯᠡᠳᠬᠡᠯ ᠵᠠᠷᠤᠳᠠᠯ ᠢ ᠲᠣᠬᠢᠷᠠᠭᠤᠯᠤᠭᠰᠠᠨ ᠨᠢ ᠬᠦᠷᠤᠯᠴᠡᠭᠡ ᠦᠭᠡᠢ᠃ 2020 ᠣᠨ ᠤ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 124,397.00 ᠲᠦᠮᠡᠨ ᠲᠥᠭᠦᠷᠢᠭ ᠪᠠᠶᠢᠵᠤ᠂ ᠲᠣᠭᠲᠠᠭᠠᠯ ᠶᠣᠰᠣᠭᠠᠷ ᠪᠤᠯ ᠬᠠᠮᠤᠭ ᠤᠨ ᠪᠠᠭ᠎ᠠ ᠳᠤ ᠪᠠᠨ 1,244.00 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ ᠲᠣᠬᠢᠷᠠᠭᠤᠯᠪᠠᠯ ᠵᠤᠬᠢᠬᠤ ᠪᠠᠶᠢᠳᠠᠯ᠎ᠠ 1,000.00 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ ᠢ ᠪᠣᠳᠠᠲᠠᠶ ᠲᠤᠬᠢᠷᠠᠭᠤᠯᠤᠭᠰᠡᠨ ᠪᠠᠶᠢᠨ᠎ᠠ᠃       ⒊2020 ᠣᠨ ᠤ ᠡᠴᠦᠰ ᠪᠣᠯᠲᠠᠯ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 2,281.27 ᠲᠦᠮᠡᠨ ᠲᠥᠭᠦᠷᠢᠭ ᠬᠡᠶᠢᠰᠪᠤᠷᠢ ᠪᠠᠷ ᠬᠠᠰᠤᠵᠤ᠂ ︽ᠪᠤᠰᠤᠳ ᠬᠤᠷᠢᠶᠠᠬᠤ ᠶᠣᠰᠣᠲᠠᠶ ᠪᠡᠯᠡ ᠮᠦᠩᠬᠦᠨ︾᠎ ᠳᠤ ᠵᠢᠭᠰᠠᠭᠠᠵᠤ ᠬᠢᠨᠡᠨ ᠪᠤᠳᠤᠪᠠ᠃      ︵ᠬᠤᠶᠠᠷ︶ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ      ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠠ ᠲᠦᠰᠤᠪᠯᠡᠨ ᠪᠤᠳᠤᠯᠳᠠ ᠶᠢᠨ ᠰᠠᠯᠠᠭ᠎ᠠ ᠮᠥᠴᠢᠷ 2020 ᠣᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠢ ᠨᠠᠶᠢᠷᠠᠭᠤᠯᠤᠨ ᠵᠣᠬᠢᠶᠠᠭᠰᠠᠨ ᠥᠬᠡᠶ᠃       ︵ᠭᠤᠷᠪᠠ︶ ᠡᠳ᠋ ᠤᠨ ᠵᠠᠰᠠᠭ ᠤᠨ ᠬᠦᠢᠯᠬᠡᠬᠡᠨ ᠤ ᠪᠡᠯᠡ ᠮᠦᠩᠬᠦᠨ ᠤ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ       ᠬᠦᠢᠯᠬᠡᠬᠡᠨ ᠤ ᠪᠡᠯᠡ ᠮᠦᠩᠬᠦ ᠶᠢ ᠴᠠᠭ ᠲᠤᠬᠠᠶ ᠳᠤᠨᠢ ᠴᠡᠪᠡᠷᠯᠡᠵᠤ ᠲᠢᠭᠯᠡᠭᠰᠡᠨ ᠦᠬᠡᠢ᠃ 2020 ᠣᠨ ᠤ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠤᠳᠤᠯᠳᠠ ᠶᠢᠨ ᠲᠠᠩᠰᠠᠨ ᠳᠤ ᠲᠤᠰᠬᠠᠭᠰᠠᠨ ᠬᠤᠷᠢᠶᠠᠬᠤ ᠶᠣᠰᠣᠲᠠᠶ ᠪᠤᠰᠤᠳ ᠪᠡᠯᠡ ᠮᠦᠩᠬᠦᠨ ᠤ ᠵᠢᠯ ᠤᠨ ᠡᠴᠦᠰ ᠤᠨ ᠦᠯᠡᠳᠡᠪᠦᠷᠢ ᠲᠤᠭ᠎ᠠ 2,486.00 ᠲᠦᠮᠡᠨ ᠲᠥᠭᠦᠷᠢᠭ ᠲᠤ ᠬᠦᠷᠴᠦ᠂ ᠲᠤᠰᠢᠶᠠᠬᠤ ᠶᠣᠰᠣᠲᠠᠶ ᠪᠤᠰᠤᠳ ᠪᠡᠯᠡ ᠮᠦᠩᠬᠦᠨ ᠤ ᠵᠢᠯ ᠤᠨ ᠡᠴᠦᠰ ᠤᠨ ᠦᠯᠡᠳᠡᠪᠦᠷᠢ ᠲᠤᠭ᠎ᠠ 832.00 ᠲᠦᠮᠡᠨ ᠲᠥᠭᠦᠷᠢᠭ ᠪᠣᠢ᠃ ᠬᠤᠶᠠᠷ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠮᠥᠷᠳᠡᠨ ᠬᠢᠨᠠᠨ ᠪᠤᠳᠤᠭᠰᠠᠨ ᠪᠠᠶᠢᠳᠠᠯ ᠬᠢᠨᠠᠨ ᠪᠤᠳᠤᠬᠤ ᠲᠢᠩᠬᠢᠮ ᠤᠨ ᠲᠣᠬᠢᠷᠠᠭᠤᠯᠤᠯᠲᠠ ᠶᠣᠰᠣᠭᠠᠷ᠂ 2021 ᠣᠨ ᠤ ᠨᠢᠭᠡᠳᠦᠭᠡᠷ ᠤᠯᠠᠷᠢᠯ ᠤᠨ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠎ ᠳᠤ ᠬᠢᠨᠠᠨ ᠪᠤᠳᠤᠯᠲᠠ ᠬᠢᠪᠡ᠃ ᠭᠤᠤᠯᠳᠠᠭᠤ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ 15 ᠰᠦᠢᠳᠬᠡᠯ ᠬᠤᠷᠢᠶᠠᠬᠤ ᠰᠠᠯᠠᠭ᠎ᠠ ᠮᠥᠴᠢᠷ ᠵᠢᠴᠢ ᠨᠢᠭᠡ ᠬᠠᠮᠢᠶ᠎ᠠ ᠪᠥᠬᠦᠶ ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠨ ᠪᠤᠳᠤᠯᠲᠠ ᠬᠢᠭᠰᠡᠨ ᠤ ᠬᠠᠮᠲᠤ 2 ᠬᠠᠤᠯᠢ ᠬᠡᠷᠡᠭᠵᠢᠭᠦᠯᠬᠦ ᠰᠦᠢᠳᠬᠡᠯ ᠬᠤᠷᠢᠶᠠᠬᠤ  ᠥᠷᠲᠡᠭᠡ ᠳᠤ ᠬᠢᠨᠠᠨ ᠪᠤᠳᠤᠯᠲᠠ ᠬᠢᠵᠦ᠂ ᠬᠢᠨᠠᠨ ᠪᠤᠳᠤᠯᠲᠠ ᠪᠠᠷ ᠳᠡᠮᠵᠢᠨ ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ︾ ᠠᠰᠠᠭᠤᠳᠠᠯ ᠢᠯᠡᠷᠡᠭᠰᠡᠨ ᠥᠬᠡᠶ᠃        ᠭᠤᠷᠪᠠ᠂ ᠭᠤᠤᠯᠳᠠᠯᠭ᠎ᠠ ᠲᠠᠢ ᠲᠤᠰᠬᠠᠶ ᠲᠦᠷᠤᠯ ᠤᠨ ᠬᠢᠨᠠᠨ ᠪᠤᠳᠤᠯᠲᠠ ︵ᠬᠢᠨᠠᠨ ᠪᠤᠳᠤᠯᠲᠠ ᠶᠢᠨ ᠪᠠᠶᠢᠴᠠᠭᠠᠯᠲᠠ︶᠎ ᠶᠢᠨ ᠪᠠᠶᠢᠳᠠᠯ        ⒈ᠠᠪᠠᠭ᠎ᠠ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠤᠨ ᠲᠤᠰᠬᠠᠶ ᠲᠦᠷᠤᠯ ᠤᠨ ᠴᠡᠭᠴᠡᠯᠡᠨ ᠵᠠᠰᠠᠯᠲᠠ ᠶᠢᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠬᠤ ᠶᠠᠪᠤᠴᠠ ᠳᠤ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠬᠡᠷ ᠢ ᠪᠠᠷᠢᠮᠵᠢᠶ᠎ᠠ ᠶᠣᠰᠣᠭᠠᠷ 12,383.46 ᠲᠡᠭᠰᠢ ᠳᠥᠷᠪᠡᠯᠵᠢᠨ ᠮᠧᠲᠷ ᠪᠠᠶᠢᠭᠤᠯᠤᠭᠰᠠᠨ ᠥᠬᠡᠶ ᠪᠠᠶᠢᠳᠠᠯ ᠳᠤ ᠴᠢᠭᠯᠡᠭᠦᠯᠦᠨ᠂216.22 ᠲᠦᠮᠡᠨ ᠲᠥᠭᠦᠷᠢᠭ ᠤᠨ ᠬᠤᠷᠢᠶᠠᠬᠤ ᠶᠣᠰᠣᠲᠠᠶ ᠪᠠᠶᠢᠲᠠᠯ᠎ᠠ ᠬᠤᠷᠢᠶᠠᠭᠰᠠᠨ ᠥᠬᠡᠶ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠬᠡᠷ ᠢ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠵᠠᠷᠤᠳᠠᠯ ᠤᠨ  ᠠᠰᠠᠭᠤᠳᠠᠯ ᠤᠨ ᠲᠤᠬᠠᠶ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠣᠳᠣᠬᠤ ᠪᠠᠷ ᠳᠠᠮᠵᠢᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠎ ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ ᠵᠦᠪᠰᠢᠶᠠᠷᠡᠯ ᠤᠨ ᠲᠣᠭᠲᠠᠭᠠᠯ ᠤᠨ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠶᠢ ᠤᠯᠠᠮ ᠴᠢᠨᠠᠭᠰᠢᠳᠠ ᠠᠬᠢᠭᠤᠯᠪᠠ᠃       ⒉ᠠᠪᠠᠭ᠎ᠠ ᠬᠤᠰᠢᠭᠤᠨ ᠤ 2020 ᠣᠨ ᠳᠤ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢ ᠠᠬᠢᠭᠤᠯᠬᠤ ᠲᠤᠰᠬᠠᠶ ᠲᠦᠷᠤᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠮᠠᠨ ᠤ ᠬᠤᠰᠢᠭᠤ ᠨᠢ ᠠᠵᠤ ᠠᠬᠤᠶᠢᠯᠠᠯ ᠎ ᠳᠤ ᠲᠦᠬᠦᠮ ᠦᠵᠡᠬᠦᠯᠬᠦ ᠶᠢᠨ ᠲᠤᠰᠠᠳᠠ ᠪᠠᠷᠢᠯᠭ᠎ᠠ ᠶᠢᠨ ᠵᠥᠪᠰᠢᠶᠡᠷᠡᠯ᠂ ᠤᠰᠤ ᠳᠤᠯᠠᠭᠠᠯᠭ᠎ᠠ ᠬᠠᠩᠭᠠᠵᠤ ᠪᠠᠶᠢᠭ᠎ᠠ ᠪᠠᠶᠢᠳᠠᠯ ᠵᠢᠴᠢ ᠲᠥᠷᠥᠯ ᠵᠥᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠦᠨᠡᠯᠡᠯᠳᠡ ᠶᠢᠨ ᠬᠤᠭᠤᠴᠠᠭ᠎ᠠ ᠶᠢ ᠠᠷᠪᠢᠯᠠᠭᠰᠡᠨ ᠪᠠᠶᠢᠳᠠᠯ ᠵᠡᠷᠬᠡ 3 ᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠪᠤᠳᠤᠵᠤ᠂ 2 ᠨᠢᠭᠡᠴᠡ ᠂ 6 ᠲᠥᠷᠥᠯ ᠵᠥᠢᠯ ᠢ ᠰᠤᠭᠤᠴᠢᠨ ᠪᠠᠶᠢᠴᠠᠭᠠᠪᠠ᠃ ᠬᠢᠨᠠᠨ ᠪᠤᠳᠤᠬᠤ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠠᠪᠠᠭ᠎ᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠤᠭᠳᠠᠯᠴᠠᠭ᠎ᠠ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢ ᠠᠬᠢᠭᠤᠯᠬᠤ ᠡᠯ᠎ᠡ ᠵᠥᠢᠯ ᠤᠨ ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠨᠡᠯᠢᠶᠡᠳ ᠰᠠᠶᠢᠨ ᠲᠤᠤᠱᠯᠠᠭᠤᠯᠤᠨ ᠬᠡᠷᠡᠭᠵᠢᠭᠦᠯᠪᠡ᠃       ⒊2019 ᠣᠨ ᠤ ᠬᠠᠨᠳᠢᠪ ᠤᠨ ᠪᠡᠯᠡ ᠮᠥᠩᠭᠦ ᠡᠳ᠋ ᠪᠣᠳᠠᠰ ᠢ ᠴᠤᠭᠯᠠᠭᠤᠯᠤᠭᠰᠠᠨ᠂ ᠬᠠᠮᠢᠶᠠᠷᠤᠭᠰᠠᠨ᠂ ᠬᠡᠷᠡᠭᠯᠡᠭᠰᠡᠨ ᠪᠠᠶᠢᠳᠠᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠭᠰᠠᠨ ᠪᠠᠶᠢᠳᠠᠯ ᠠᠴᠠ ᠦᠵᠡᠪᠡᠯ᠂ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠠᠨᠳᠢᠪ ᠤᠨ ᠪᠠᠯᠠ ᠮᠥᠩᠭᠦ ᠶᠢ ᠭᠥᠯᠢᠶᠡᠨ ᠠᠪᠤᠭᠰᠠᠨ ᠬᠠᠮᠢᠶᠠᠷᠤᠯᠲᠠ ᠨᠢ ᠦᠨᠳᠦᠰᠦᠨ ᠳᠡᠭᠡᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠵᠦ᠂ ᠲᠤᠰᠬᠠᠶ ᠪᠡᠯᠡ ᠮᠦᠩᠬᠦ ᠶᠢ ᠲᠤᠰᠬᠠᠶ ᠵᠥᠢᠯ ᠳᠤ ᠬᠡᠷᠡᠭᠯᠡᠵᠦ᠂ ᠲᠥᠰᠦᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠬᠦᠯᠬᠦ ᠶᠢ ᠪᠠᠶᠠᠯᠠᠬᠦᠯᠦᠭᠰᠡᠨ ᠪᠠᠶᠢᠨ᠎ᠠ᠃       ⒋2016 ᠣᠨ ᠠᠴᠠ 2019 ᠣᠨ ᠪᠣᠯᠲᠠᠯᠠᠬᠢ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ ᠨᠥᠬᠦᠪᠥᠷᠢ ᠶᠢᠨ ᠪᠠᠯᠠ ᠮᠥᠩᠭᠦ ᠳᠤ ᠬᠢᠨᠠᠨ ᠪᠤᠳᠤᠯᠲᠠ ᠬᠢᠪᠡ᠃ ᠮᠠᠨ ᠤ ᠬᠤᠰᠢᠭᠤᠨ ᠤ 2016 ᠣᠨ ᠠᠴᠠ 2019 ᠣᠨ ᠪᠣᠯᠲᠠᠯᠠᠬᠢ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠨᠥᠬᠦᠪᠥᠷᠢ ᠶᠢᠨ ᠪᠠᠯᠠ ᠮᠥᠩᠭᠦ ᠶᠢ ᠲᠦᠯᠤᠪᠤᠷᠢᠯᠡᠨ ᠥᠭᠬᠦ ᠪᠠ ᠤᠯᠭᠤᠬᠤ᠂ ᠪᠠᠯᠠ ᠮᠦᠩᠭᠦᠨ ᠤ ᠬᠠᠮᠢᠶᠠᠷᠤᠯᠳᠠ ᠬᠡᠷᠡᠭᠯᠡᠯᠳᠡ᠂ ᠲᠥᠷᠥᠯ ᠵᠥᠢᠯ ᠤᠨ ᠲᠥᠯᠥᠪᠯᠡᠭᠡ ᠶᠢᠨ ᠬᠡᠷᠡᠭᠵᠢᠬᠦᠯᠤᠯᠳᠠ᠂ ᠬᠡᠷᠡᠭᠵᠢᠬᠦᠯᠤᠯᠳᠠ ᠶᠢᠨ ᠦᠷ᠎ᠡ ᠠᠰᠢᠭ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠬᠢᠨᠠᠨ ᠪᠤᠳᠤᠯᠲᠠ ᠬᠢᠪᠠ᠃ ᠬᠢᠨᠠᠨ ᠪᠤᠳᠤᠬᠤ ᠶᠠᠪᠤᠴᠠ ᠳᠤ 0.55 ᠲᠦᠮᠡᠨ ᠲᠦᠬᠦᠷᠢᠭ ᠤᠨ ᠮᠢᠬᠠᠨ ᠤ ᠦᠬᠡᠷ ᠤᠨ ᠨᠥᠬᠦᠪᠥᠷᠢ ᠶᠢ ᠢᠯᠡᠬᠦᠦ ᠲᠠᠷᠬᠠᠭᠠᠭᠰᠡᠨ ᠢ ᠢᠯᠡᠷᠡᠬᠦᠯᠵᠤ᠂ ᠲᠡᠳᠬᠦᠨ ᠳᠡᠮᠵᠢᠬᠦ ᠨᠥᠬᠦᠴᠡᠯ ᠳᠤ ᠨᠡᠶᠢᠴᠡᠬᠦ 12.5 ᠲᠦᠮᠡᠨ ᠲᠥᠭᠦᠷᠢᠭ ᠪᠤᠬ᠎ᠠ ᠶᠢᠨ ᠨᠥᠬᠦᠪᠥᠷᠢ ᠢ ᠲᠠᠷᠬᠠᠭᠠᠭᠰᠠᠨ ︵ᠤᠯᠭᠤᠬᠤ︶ ᠥᠬᠡᠶ ᠠᠰᠠᠭᠤᠳᠠᠯ ᠳᠤ ᠴᠢᠭᠯᠡᠬᠦᠯᠤᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠤᠳᠤᠯᠲᠠ ᠪᠠᠷ ᠳᠠᠮᠵᠢᠭᠤᠯᠤᠨ᠂ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠪᠠ᠃        ⒌ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠥᠢᠯ ᠤᠨ ᠬᠢᠨᠡᠨ ᠪᠤᠳᠤᠯᠳᠠ ᠶᠢ ᠪᠡᠶᠡᠯᠡᠭᠦᠯᠵᠦ᠂ ᠮᠠᠯᠵᠢᠬᠤ ᠣᠷᠣᠨ ᠤ ᠣᠳᠣᠬᠢᠴᠢᠯᠠᠭᠰᠠᠨ ᠤᠶᠤᠨᠲᠤ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠵᠢᠴᠢ ᠮᠣᠩᠭᠤᠯ ᠠᠳᠤᠭᠤᠨ ᠤ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ  ᠵᠥᠢᠯ ᠢ ᠭᠤᠤᠯᠳᠠᠯᠭ᠎ᠠ ᠲᠠᠢ ᠮᠥᠷᠳᠡᠨ᠂ ᠬᠢᠨᠠᠨ ᠪᠤᠳᠤᠯᠲᠠ ᠬᠢᠪᠠ ᠃ ᠬᠢᠨᠠᠨ ᠪᠤᠳᠤᠯᠲᠠ ᠶᠢᠨ ᠳ᠋ᠦᠩ ᠠᠴᠠ ᠦᠵᠡᠪᠡᠯ᠂ ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠥᠢᠯ ᠤᠨ ᠨᠢᠭᠲᠠᠯᠠᠨ ᠪᠤᠳᠤᠬᠤ ᠲᠣᠭᠠᠴᠠᠭ᠎ᠠ ᠦᠨᠳᠦᠰᠦᠨ ᠳᠡᠭᠡᠨ ᠵᠢᠷᠤᠮᠵᠢᠵᠤ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠦᠨᠡᠨ ᠪᠣᠳᠠᠲᠠᠶ᠂ ᠬᠠᠤᠯᠢ ᠳᠤ ᠨᠡᠶᠢᠴᠡᠨ᠎ᠡ᠃ ᠲᠦᠷᠤᠯ ᠵᠥᠢᠯ ᠢ ᠬᠡᠷᠡᠭᠵᠢᠭᠦᠯᠬᠦ ᠶᠠᠪᠤᠴᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠢᠨᠠᠨ ᠬᠠᠮᠢᠶᠠᠷᠬᠤ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠵᠢᠷᠤᠵᠤ ᠲᠥᠯᠥᠪᠯᠡᠬᠦ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠭᠡᠷ᠎ᠡ ᠵᠡᠷᠭᠡ ᠶᠢ ᠬᠠᠤᠯᠢ ᠶᠣᠰᠣᠭᠠᠷ ᠲᠣᠭᠲᠠᠭᠠᠵᠤ᠂ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠢᠷᠤᠮᠯᠡᠯ ᠢᠶᠠᠷ ᠭᠦᠢᠴᠡᠳᠬᠡᠪᠡ᠃       ⒍ᠠᠪᠠᠭ᠎ᠠ ᠬᠤᠰᠢᠭᠤᠨ ᠤ 2020 ᠣᠨ ᠤ 9 — 12 ᠰᠠᠷ᠎ᠠ ᠳᠤ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠪᠠᠯᠠ ᠮᠥᠩᠭᠦ ᠶᠢ ᠬᠤᠲᠠ ᠰᠢᠶᠠᠨ᠂ ᠦᠨᠳᠦᠰᠦᠨ ᠱᠠᠲᠤᠨ ᠳᠤ ᠰᠢᠭᠤᠳ ᠪᠠᠭᠤᠯᠭᠠᠬᠤ ᠪᠠᠷ ᠳᠠᠮᠵᠢᠨ᠂ ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠤᠨ ᠠᠷᠠᠳ ᠲᠤ ᠠᠰᠢᠭ ᠬᠦᠷᠲᠡᠭᠡᠬᠦ ᠲᠤᠰᠬᠠᠶ ᠲᠦᠷᠤᠯ ᠵᠥᠢᠯ ᠳᠤ ᠬᠢᠨᠠᠨ ᠪᠤᠳᠤᠯᠲᠠ ᠬᠢᠪᠠ᠃ ᠬᠢᠨᠠᠨ ᠪᠤᠳᠤᠬᠤ ᠶᠠᠪᠤᠴᠠ ᠳᠤ ᠬᠤᠰᠢᠭᠤ ᠡᠳ᠋ ᠤᠨ ᠵᠠᠰᠠᠭ ᠠᠴᠠ ᠳᠡᠭᠡᠳᠦ ᠱᠠᠲᠤᠨ ᠤ ᠪᠣᠳᠠᠲᠠᠶ ᠭᠤᠪᠢᠭᠤᠯᠤᠨ ᠣᠷᠣᠭᠤᠯᠤᠭᠰᠠᠨ 6142.83 ᠲᠦᠮᠡᠨ ᠲᠥᠭᠦᠷᠢᠭ ᠤᠨ ᠰᠢᠭᠤᠳ ᠬᠦᠷᠭᠡᠬᠦ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠬᠦᠢᠴᠡᠳ ᠲᠦᠯᠤᠪᠤᠷᠢᠯᠡᠭᠰᠡᠨ ᠥᠬᠡᠶ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠤᠳᠤᠯᠲᠠ ᠪᠠᠷ ᠳᠠᠮᠵᠢᠭᠤᠯᠤᠨ ᠰᠢᠭᠤᠳ ᠪᠠᠭᠤᠯᠭᠠᠬᠤ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠤᠯᠠᠮ ᠴᠢᠨᠠᠭᠰᠢᠳᠠ ᠵᠢᠷᠤᠮᠵᠢᠭᠤᠯᠪᠠ᠃      ⒎ᠠᠪᠠᠭ᠎ᠠ ᠬᠤᠰᠢᠭᠤᠨ ᠤ 2020 ᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢ ᠪᠡᠶᠡᠯᠡᠭᠦᠯᠪᠡ᠃ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠦᠩᠬᠦᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠦᠩᠬᠦᠨ ᠤ ᠬᠤᠪᠢᠶᠠᠷᠢᠯᠠᠯᠲᠠ ᠶᠢᠨ ᠬᠢᠨᠠᠯᠲᠠ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠦᠩᠬᠦᠨ ᠤ ᠲᠤᠰᠬᠠᠶ ᠪᠡᠯᠡ ᠮᠦᠩᠬᠦ ᠶᠢ ᠲᠤᠰᠬᠠᠢ ᠬᠡᠷᠡᠭᠯᠡᠬᠦ ᠶᠢ ᠪᠠᠳᠤᠯᠠᠪᠠ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠨᠢ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠥᠢᠯ ᠤᠨ ᠬᠢᠨᠡᠨ ᠬᠠᠮᠢᠶᠠᠷᠤᠯᠳᠠ ᠪᠠᠨ ᠴᠢᠩᠭᠠᠳᠬᠠᠵᠤ᠂ ᠲᠥᠷᠥᠯ ᠵᠥᠢᠯ ᠤᠨ ᠠᠬᠢᠴᠠ ᠪᠠ ᠲᠣᠭᠲᠠᠭᠠᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠬᠡᠷᠡᠭᠯᠡᠬᠦ ᠶᠢ ᠰᠠᠶᠢᠲᠤᠷ ᠠᠳᠬᠤᠪᠠ᠃      ⒏ᠠᠪᠠᠭ᠎ᠠ ᠬᠤᠰᠢᠭᠤᠨ ᠤ 2020 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠬᠤ ᠶᠠᠪᠤᠴᠠ ᠳᠤ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ 2014 ᠣᠨ ᠤ 10 ᠰᠠᠷ᠎ᠠ ᠠᠴᠠ 2018 ᠣᠨ ᠤ 12 ᠰᠠᠷ᠎ᠠ ᠪᠣᠯᠲᠠᠯ᠎ᠠ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠰᠢᠨ᠎ᠡ ᠬᠠᠭᠤᠴᠢᠨ ᠠᠷᠭ᠎ᠠ ᠪᠠᠷ 351 ᠲᠦᠮᠡᠨ ᠲᠥᠭᠦᠷᠢᠭ ᠢ ᠨᠥᠬᠦᠪᠥᠷᠢᠯᠡᠵᠤ ᠦᠭᠪᠠ︔ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠰᠢᠶᠠᠭᠰᠠᠨ ᠪᠠᠯᠠ ᠮᠥᠩᠭᠦ ᠬᠦᠷᠦᠯᠴᠡᠬᠦ ᠥᠬᠡᠶ ᠠᠴᠠ ᠪᠣᠯᠵᠣ᠂ ᠬᠤᠰᠢᠭᠤ ᠴᠠᠭ ᠠᠭᠤᠷ ᠤᠨ ᠲᠣᠪᠴᠢᠶ᠎ᠠ᠂ ᠬᠤᠰᠢᠭᠤ ᠨᠠᠷᠠᠨ ᠴᠠᠭ ᠠᠭᠤᠷ ᠤᠨ ᠥᠷᠲᠡᠭᠡ ᠶᠢᠨ 2014 ᠣᠨ ᠤ 10 ᠰᠠᠷ᠎ᠠ ᠠᠴᠠ 2020 ᠣᠨ ᠤ 12 ᠰᠠᠷ᠎ᠠ ᠪᠣᠯᠲᠠᠯᠠᠬᠢ ᠠᠵᠢᠯ ᠮᠡᠷᠭᠡᠵᠢᠯ ᠤᠨ ᠣᠨ ᠤ ᠮᠥᠩᠭᠦ 121.92 ᠲᠦᠮᠡᠨ ᠲᠥᠭᠦᠷᠢᠭ ᠢ ᠳᠤᠲᠠᠭᠤ ᠲᠤᠰᠢᠶᠠᠭᠰᠠᠨ ᠠᠰᠠᠭᠤᠳᠠᠯ ᠢ ᠢᠯᠡᠷᠡᠬᠦᠯᠤᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠤᠳᠤᠬᠤ ᠪᠠᠷ ᠳᠠᠮᠵᠢᠭᠤᠯᠤᠨ ᠂ ᠳᠡᠭᠡᠳᠦ ᠱᠠᠲᠤᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠵᠥᠢᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠶᠢ ᠵᠢᠷᠤᠮᠵᠢᠭᠤᠯᠪᠠ᠃       ⒐2021 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠬᠡᠷᠡᠭᠵᠢᠬᠦᠯᠤᠯᠳᠠ ᠶᠢ ᠮᠥᠷᠳᠡᠨ ᠬᠢᠨᠠᠨ ᠪᠤᠳᠤᠯᠲᠠ ᠶᠢ ᠪᠡᠶᠡᠯᠡᠭᠦᠯᠪᠡ᠃ ᠡᠵᠡᠩᠨᠡᠯᠲᠡ ᠶᠢᠨ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠠᠯ᠎ᠠ ᠪᠠᠷ ᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠦᠷᠢᠳᠤᠵᠤ ᠪᠠᠶᠢᠭ᠎ᠠ ᠲᠠᠩᠰᠠ ᠶᠢ ᠴᠠᠪᠠᠷᠯᠡᠬᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ᠂ ᠰᠦᠢᠳᠬᠡᠯ ᠢ ᠪᠠᠭᠤᠷᠠᠭᠤᠯᠬᠤ ᠶᠢ ᠴᠡᠭᠴᠡᠯᠡᠨ ᠵᠢᠷᠤᠮᠵᠢᠭᠤᠯᠬᠤ ᠵᠡᠷᠭᠡ ᠠᠵᠤ ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ ᠬᠢᠨᠠᠨ ᠪᠤᠳᠤᠯᠳᠠ ᠬᠢᠪᠠ᠃ ᠨᠡᠶᠢᠲᠡ 14 ᠰᠠᠯᠠᠭ᠎ᠠ ᠮᠥᠴᠢᠷ ᠪᠠᠶᠢᠭᠤᠯᠭ᠎ᠠ᠂ 30 ᠭᠠᠷᠤᠶ ᠲᠥᠷᠥᠯ ᠵᠥᠢᠯ ᠳᠤ ᠰᠤᠭᠤᠴᠢᠨ ᠪᠠᠶᠢᠴᠠᠭᠠᠯᠳᠠ ᠬᠢᠵᠤ᠂ ᠬᠤᠯᠪᠣᠭᠳᠠᠭᠰᠠᠨ ᠪᠠᠯᠠ ᠮᠥᠩᠭᠦ ᠨᠢ 1.42 ᠳ᠋ᠦᠩᠰᠢᠭᠤᠷ ᠲᠥᠭᠦᠷᠢᠭ ᠲᠤ  ᠬᠦᠷᠪᠡ᠂ ᠡᠭᠦᠨ ᠳᠤ᠄ ᠡᠳ᠋ ᠤᠨ ᠵᠠᠰᠠᠭ ᠤᠨ ᠪᠠᠯᠠ ᠮᠥᠩᠭᠦ ᠨᠢ 1.19 ᠳ᠋ᠦᠩᠰᠢᠭᠤᠷ ᠲᠥᠭᠦᠷᠢᠭ ᠪᠤᠢ᠃ ᠬᠢᠨᠠᠨ ᠪᠤᠳᠤᠬᠤ ᠶᠠᠪᠤᠴᠠ ᠳᠤ 2 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠲᠦᠯᠤᠪᠤᠷᠢᠯᠡᠨ ᠥᠭᠭᠦᠭᠰᠡᠨ ᠥᠬᠡᠶ ᠪᠠᠶᠢᠳᠠᠯ ᠢ ᠪᠠᠶᠢᠴᠠᠭᠠᠨ ᠢᠯᠡᠷᠡᠬᠦᠯᠪᠠ︔ 2020 ᠣᠨ ᠳᠤ ᠣᠨᠴᠠ ᠵᠠᠷᠢᠮ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠦᠪᠰᠢᠶᠠᠷᠡᠯ ᠦᠬᠡᠢ ᠪᠠᠷ ᠤᠷᠢᠳᠠᠪᠠᠷ ᠪᠠᠶᠢᠭᠤᠯᠬᠤ ᠠᠰᠠᠭᠤᠳᠠᠯ ᠳᠤ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠢ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠲᠤᠷᠠᠳᠪᠠ᠃       ⒑ᠠᠪᠠᠭ᠎ᠠ ᠬᠤᠰᠢᠭᠤᠨ ᠤ 2018 ᠣᠨ ᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠯᠠ ᠮᠦᠩᠭᠦᠨ ᠤ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠯᠲᠠ ᠶᠢᠨ ᠦᠷ᠎ᠡ ᠳ᠋ᠦᠩ ᠠᠴᠠ ᠦᠵᠡᠪᠡᠯ᠂ ᠠᠪᠠᠭ᠎ᠠ ᠬᠤᠰᠢᠭᠤᠨ ᠤ 2018 ᠣᠨ ᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠲᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠤᠨᠤᠭᠠᠬᠤ ᠲᠦᠷᠢᠮ᠂ ᠢᠨᠵᠧᠨᠧᠷᠢᠩ ᠤᠨ ᠬᠢᠨᠠᠨ ᠬᠠᠮᠢᠶᠠᠷᠤᠯᠳᠠ ᠶᠢᠨ ᠲᠦᠷᠢᠮ᠂ ᠭᠡᠷ᠎ᠡ ᠶᠢᠨ ᠲᠦᠷᠢᠮ ᠵᠡᠷᠭᠡ ᠶᠢ ᠨᠠᠶᠢᠳᠠᠪᠤᠷᠢᠵᠢᠭᠤᠯᠵᠤ᠂ ᠨᠢᠭᠲᠠᠯᠠᠨ ᠪᠤᠳᠤᠵᠤ ᠬᠢᠨᠡᠨ ᠬᠠᠷᠭᠤᠭᠤᠯᠤᠭᠰᠡᠨ ᠨᠢ ᠨᠡᠯᠢᠶᠡᠳ ᠵᠢᠷᠤᠮᠵᠢᠭᠤᠨ ᠪᠠᠶᠢᠵᠤ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠦᠨᠡᠨ ᠪᠣᠳᠠᠲᠠᠶ᠂ ᠬᠠᠤᠯᠢ ᠳᠤ ᠨᠡᠶᠢᠴᠡᠭᠰᠡᠨ ᠪᠠᠶᠢᠨ᠎ᠠ᠃       ⒒2020 ᠣᠨ ᠤ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪ ᠤᠨ ᠪᠡᠯᠡ ᠮᠥᠩᠭᠦ ᠡᠳ᠋ ᠪᠣᠳᠠᠰ ᠤᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠯᠲᠠ ᠠᠴᠠ᠂ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪ ᠤᠨ ᠪᠠᠯᠠ ᠮᠥᠩᠭᠦᠨ ᠤ ᠬᠠᠮᠢᠶᠠᠷᠤᠯᠲᠠ ᠨᠢ ᠦᠨᠳᠦᠰᠦᠨ ᠳᠡᠭᠡᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠵᠦ᠂ ᠲᠤᠰᠬᠠᠶ ᠪᠡᠯᠡ ᠮᠦᠩᠬᠦ ᠶᠢ ᠲᠤᠰᠬᠠᠶ ᠬᠡᠷᠡᠭᠯᠡᠬᠦ ᠶᠢ ᠪᠠᠶᠠᠯᠠᠬᠦᠯᠪᠠ᠃       ⒓ᠠᠪᠠᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠷᠰᠢᠶᠠᠵᠢᠯ᠂ ᠬᠤᠯᠪᠣᠭᠠᠲᠤ ᠬᠤᠷᠰᠢᠶ᠎ᠠ ᠵᠢᠴᠢ ᠲᠡᠭᠦᠨ ᠤ ᠬᠠᠷᠢᠶ᠎ᠠ ᠠᠵᠤ ᠠᠬᠤᠶᠢᠯᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠯᠳᠠ ᠶᠢᠨ ᠳᠤᠮᠳᠠ 2000 ᠣᠨ ᠠᠴᠠ 2012 ᠣᠨ ᠪᠣᠯᠲᠠᠯᠠᠬᠢ ᠲᠠᠩᠰᠠ ᠬᠠᠷ᠎ᠠ ᠶᠢᠨ ᠪᠠᠶᠢᠷᠢᠯᠠᠭᠤᠯᠤᠯᠲᠠ ᠪᠠ ᠨᠢᠭᠲᠠᠯᠠᠨ ᠪᠤᠳᠤᠯᠳᠠ ᠶᠢᠨ ᠲᠣᠭᠠᠴᠠᠭ᠎ᠠ ᠨᠢ ᠵᠢᠷᠤᠮᠵᠢᠯ ᠦᠭᠡᠢ ᠪᠠᠶᠢᠬᠤ︔ ᠵᠠᠷᠤᠯᠭ᠎ᠠ ᠳᠤ ᠮᠡᠳᠡᠭᠦᠯᠦᠭᠰᠡᠨ ᠬᠡᠰᠡᠭ ᠫᠢᠶᠣᠣ ᠪᠠᠷᠢᠮᠲᠠ ᠨᠢ ᠵᠢᠷᠤᠮᠵᠢᠯ ᠦᠭᠡᠢ ᠪᠠᠶᠢᠬᠤ︔ ᠳᠣᠲᠣᠭᠠᠳᠤ ᠶᠢᠨ ᠬᠢᠨᠠᠯᠲᠠ ᠲᠠᠯᠪᠢᠵᠤ ᠬᠢᠵᠠᠭᠠᠷᠯᠠᠬᠤ ᠲᠤᠭᠳᠠᠯᠴᠠᠭ᠎ᠠ ᠪᠦᠷᠢᠨ ᠲᠡᠭᠦᠯᠳᠡᠷ ᠪᠢᠰᠢ︔ ︽ᠭᠤᠷᠪᠠᠨ ᠴᠢᠬᠤᠯᠠ ᠨᠢᠭᠡ ᠶᠡᠭᠡ︾᠎ ᠶᠢᠨ ᠰᠢᠢᠳᠪᠤᠷᠢᠳᠤ ᠪᠤᠳᠤᠯᠭ᠎ᠠ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠬᠦ ᠲᠠᠯ᠎ᠠ ᠪᠠᠷ ᠬᠦᠴᠦᠨ ᠦᠭᠡᠢ ᠪᠠᠶᠢᠬᠤ ᠵᠡᠷᠬᠡ ᠬᠠᠮᠢᠶᠠᠷᠤᠯᠳᠠ ᠶᠢᠨ ᠲᠠᠯ᠎ᠠ ᠪᠠᠷ ᠬᠢ ᠠᠰᠠᠭᠤᠳᠠᠯ ᠢ ᠪᠠᠶᠢᠴᠠᠭᠠᠨ ᠢᠯᠡᠷᠡᠬᠦᠯᠵᠤ᠂ ᠮᠠᠨ ᠤ ᠲᠣᠪᠴᠢᠶ᠎ᠠ ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠪᠠ ᠵᠦᠢ ᠵᠣᠬᠢᠰᠲᠠᠶ ᠬᠢᠨᠠᠨ ᠪᠤᠳᠤᠯᠳᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠪᠠ᠃ ᠬᠢᠨᠠᠨ ᠪᠤᠳᠤᠬᠤ ᠡᠷᠬᠡ ᠲᠤᠰᠢᠶᠠᠯ ᠤᠨ ᠬᠡᠪᠴᠢᠶ᠎ᠡ ᠠᠴᠠ ᠳᠠᠪᠠᠭᠰᠠᠨ ᠠᠷᠪᠠᠨ ᠨᠢᠭᠡᠨ ᠠᠰᠠᠭᠤᠳᠠᠯ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠤᠯᠠᠮ ᠴᠢᠨᠠᠭᠰᠢᠳᠠ ᠬᠢᠨᠠᠨ ᠬᠠᠷᠭᠤᠭᠤᠯᠵᠤ ᠰᠢᠢᠳᠪᠤᠷᠢᠯᠡᠨ᠎ᠠ᠃       ᠳᠥᠷᠪᠡ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠥᠪ ᠬᠥᠷᠥᠩᠭᠡ ᠶᠢᠨ ᠲᠤᠰᠢᠶᠠᠯ ᠤᠨ ᠬᠤᠭᠤᠴᠠᠭᠠᠨ ᠳᠠᠬᠢ ᠬᠢᠨᠠᠨ ᠪᠤᠳᠤᠯᠲᠠ ᠶᠢ ᠬᠢᠨᠠᠮᠠᠭᠠᠶ ᠥᠷᠨᠢᠭᠦᠯᠪᠠ᠃ ᠨᠠᠷᠠᠨᠪᠤᠯᠠᠭ ᠰᠤᠮᠤᠨ ᠤ ᠵᠠᠰᠠᠭ ᠤᠨ ᠣᠷᠳᠣᠨ ᠤ ᠰᠤᠮᠤᠨ ᠳᠠᠷᠤᠭ᠎ᠠ ᠪᠤᠶᠠᠡᠳᠦ᠋ᠬᠦᠷᠠᠩ ᠨᠥᠬᠦᠷ ᠤᠨ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠬᠤ ᠲᠠᠢ ᠤᠶᠠᠯᠳᠤᠭᠤᠯᠤᠨ ᠲᠡᠭᠦᠨ ᠤ ᠲᠤᠰᠢᠶᠠᠯ ᠤᠨ ᠬᠤᠭᠤᠴᠠᠭᠠᠨ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠥᠪ ᠬᠦᠷᠦᠩᠭᠡ ᠳᠤ ᠬᠢᠨᠠᠨ ᠪᠤᠳᠤᠯᠳᠠ ᠬᠢᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠳᠤ ᠭᠤᠣᠯᠳᠠᠯᠭ᠎ᠠ ᠲᠠᠢ ᠬᠢᠨᠠᠨ ᠪᠤᠳᠤᠯᠳᠠ ᠬᠢᠪᠠ᠃ ᠬᠢᠨᠠᠨ ᠪᠤᠳᠤᠬᠤ ᠶᠠᠪᠤᠴᠠ ᠳᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠤᠷᠡᠬᠦᠯᠤᠨ ᠮᠠᠯᠵᠢᠭᠰᠡᠨ︔ ᠭᠠᠴᠠᠭᠠᠨ ᠤ ᠬᠠᠮᠲᠤ ᠶᠢᠨ ᠨᠤᠳᠤᠭ ᠪᠡᠯᠴᠢᠭᠡᠷ ᠤᠨ ᠱᠠᠩᠨᠠᠯ ᠨᠦᠬᠦᠪᠤᠷᠢ ᠶᠢᠨ ᠡᠭᠦᠷᠭᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠭᠰᠠᠨ ᠥᠬᠡᠶ︔ ᠳᠠᠬᠢᠨ ᠱᠠᠩᠨᠠᠬᠤ ᠠᠷᠭ᠎ᠠ ᠶᠢ ᠴᠠᠭ ᠲᠤᠬᠠᠶ ᠳᠤᠨᠢ ᠲᠣᠭᠲᠠᠭᠠᠭᠰᠠᠨ ᠥᠬᠡᠶ᠂ ᠳᠠᠬᠢᠨ ᠱᠠᠩᠨᠠᠬᠤ ᠪᠠᠯᠠ ᠮᠥᠩᠭᠦ ᠶᠢ ᠴᠠᠭ ᠲᠤᠬᠠᠶ ᠳᠤᠨᠢ ᠲᠠᠷᠬᠠᠭᠠᠭᠰᠠᠨ ᠥᠬᠡᠶ︔ ᠳ᠋ᠦᠩᠨᠡᠨ ᠰᠢᠯᠵᠢᠭᠦᠯᠦᠭᠰᠡᠨ ᠪᠠ ᠦᠯᠡᠳᠡᠪᠦᠷᠢ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠰᠢᠢᠳᠪᠤᠷᠢᠯᠡᠭᠰᠡᠨ ᠥᠬᠡᠶ ᠠᠰᠠᠭᠤᠳᠠᠯ ᠢ ᠢᠯᠡᠷᠡᠬᠦᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠯᠲᠠ ᠶᠢᠨ ᠰᠠᠨᠠᠭᠤᠯᠭ᠎ᠠ ᠳᠤᠷᠠᠳᠪᠠ᠃       ᠲᠠᠪᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠭᠰᠠᠨ ᠪᠠᠶᠢᠳᠠᠯ 2020 ᠣᠨ ᠤ 8 ᠰᠠᠷ᠎ᠠ ᠠᠴᠠ 2021 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠬᠢᠨᠠᠨ ᠪᠤᠳᠤᠬᠤ ᠲᠣᠪᠴᠢᠶ᠎ᠠ ᠠᠴᠠ 5 ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠭᠤᠤᠯ ᠤᠳᠤᠷᠢᠳᠬᠤ ᠺᠠᠳ᠋ᠷ ᠪᠣᠯᠤᠨ 1 ᠰᠤᠮᠤᠨ ᠤ ᠭᠤᠤᠯ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠪᠡ᠃ ᠬᠢᠨᠠᠨ ᠪᠤᠳᠤᠭᠰᠠᠨ ᠶᠡᠷᠦᠩᠬᠡᠶ ᠪᠠᠶᠢᠳᠠᠯ ᠠᠴᠠ ᠦᠵᠡᠪᠡᠯ᠂ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠡᠳ᠋ ᠤᠨ ᠵᠠᠰᠠᠭ ᠡᠳ᠋ ᠤᠨ ᠶᠠᠪᠤᠳᠠᠯ ᠤᠨ ᠲᠦᠷᠢᠮ ᠤᠨ ᠲᠣᠭᠲᠠᠭᠠᠯ ᠢ ᠦᠨᠳᠦᠰᠦᠨ ᠳᠡᠭᠡᠨ ᠬᠡᠷᠡᠭᠵᠢᠭᠦᠯᠵᠦ᠂ ᠲᠥᠰᠦᠪ ᠤᠨ ᠬᠠᠮᠢᠶᠠᠷᠤᠯᠲᠠ ᠪᠠ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠣᠭᠲᠠᠭᠠᠯ ᠳᠤ ᠨᠡᠶᠢᠴᠡᠬᠦ ᠪᠥᠭᠡᠳ ᠬᠠᠤᠯᠢ ᠳᠤ ᠨᠡᠶᠢᠴᠡᠬᠦ ᠪᠣᠯᠪᠠᠴᠤ ᠬᠡᠰᠡᠭ ᠨᠢᠭᠡᠴᠡ ᠳᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠨ᠎ᠠ᠃       ︵ᠨᠢᠭᠡ︶ ᠨᠠᠷᠠᠨᠪᠤᠯᠠᠭ ᠰᠤᠮᠤᠨ ᠤ ᠲᠠᠷᠤᠭ᠎ᠠ ᠪᠤᠶᠠᠡᠳᠦ᠋ᠬᠦᠷᠠᠩ ᠨᠥᠬᠦᠷ ᠤᠨ ᠲᠤᠰᠢᠶᠠᠯ ᠤᠨ ᠬᠤᠭᠤᠴᠠᠭᠠᠨ ᠤ ᠬᠢᠨᠠᠨ ᠪᠤᠳᠤᠯᠲᠠ ᠳᠤ ᠵᠠᠷᠤᠯᠭ᠎ᠠ ᠶᠢᠨ ᠬᠡᠪᠴᠢᠶ᠎ᠡ ᠶᠢ 1.82 ᠲᠦᠮᠡᠨ ᠲᠥᠭᠦᠷᠢᠭ ᠥᠷᠭᠡᠳᠬᠡᠭᠰᠡᠨ ᠪᠠᠶᠢᠳᠠᠯ ᠣᠷᠣᠰᠢᠵᠤ ᠪᠠᠶᠢᠬᠤ ᠶᠢ ᠢᠯᠡᠷᠡᠭᠦᠯᠪᠡ︔ ᠶᠡᠭᠡ ᠲᠣᠭᠠᠨ ᠤ ᠪᠠᠯᠠ ᠮᠥᠩᠭᠦ ᠶᠢ ᠬᠡᠷᠡᠭᠯᠡᠬᠦ ᠭᠠᠷᠳᠠᠮ ᠨᠢ ᠵᠢᠷᠤᠮᠵᠢᠯ ᠥᠬᠡᠶ︔ 457.52 ᠲᠦᠮᠡᠨ ᠲᠥᠭᠦᠷᠢᠭ ᠤᠨ ᠥᠷᠢ ᠥᠭᠴᠡᠭᠡ ᠶᠢ ᠳᠠᠩᠰᠠᠨ ᠳᠤ ᠤᠷᠤᠭᠤᠯᠵᠤ ᠬᠢᠨᠡᠨ ᠪᠤᠳᠤᠭᠰᠡᠨ ᠦᠭᠡᠢ ᠠᠰᠠᠭᠤᠳᠠᠯ᠃       ︵ᠬᠤᠶᠠᠷ︶ ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠳᠠᠷᠤᠭ᠎ᠠ ᠵᠢᠶᠤᠤ ᡁᠢ ᠹᠸᠡᠭ ᠨᠥᠬᠦᠷ ᠤᠨ ᠲᠤᠰᠢᠶᠠᠯ ᠳᠤ ᠪᠠᠶᠢᠭ᠎ᠠ ᠬᠤᠭᠤᠴᠠᠭᠠᠨ ᠳᠤ ᠬᠢᠨᠠᠨ ᠪᠤᠳᠤᠯᠲᠠ ᠳᠤ ᠰᠢᠨ᠎ᠡ ᠪᠠᠷ ᠨᠡᠮᠡᠭᠳᠡᠭᠰᠡᠨ 1254.04 ᠲᠦᠮᠡᠨ ᠲᠥᠭᠦᠷᠢᠭ ᠢ ᠲᠠᠩᠰᠠᠨ ᠳᠤ ᠣᠷᠣᠭᠤᠯᠤᠭᠰᠠᠨ ᠥᠬᠡᠶ᠂ ᠲᠠᠩᠰᠠᠨ ᠠᠴᠠ ᠭᠠᠳᠠᠨ᠎ᠠ ᠥᠷᠢᠲᠦᠭᠰᠡᠨ 730.58 ᠲᠦᠮᠡᠨ ᠲᠥᠭᠦᠷᠢᠭ ᠢ ᠲᠠᠩᠰᠠᠨ ᠳᠤ ᠣᠷᠣᠭᠤᠯᠤᠨ ᠬᠢᠨᠡᠨ ᠪᠤᠳᠤᠭᠰᠡᠨ ᠥᠬᠡᠶ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃       ︵ᠭᠤᠷᠪᠠ︶ ᠬᠤᠰᠢᠭᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ ᠬᠠᠰᠪᠠᠭᠠᠨ᠎ᠠ ᠨᠥᠬᠦᠷ ᠤᠨ ᠬᠢᠨᠠᠨ ᠪᠤᠳᠤᠯᠳᠠ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠳᠠᠮ ᠢ ᠬᠦᠢᠴᠡᠳᠬᠡᠭᠰᠡᠨ ᠥᠬᠡᠶ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 20.61 ᠲᠦᠮᠡᠨ ᠲᠥᠭᠦᠷᠢᠭ ᠪᠠᠶᠢᠬᠤ ᠶᠢ ᠢᠯᠡᠷᠡᠭᠦᠯᠪᠡ︔ 7.14 ᠲᠦᠮᠡᠨ ᠲᠥᠭᠦᠷᠢᠭ ᠤᠨ ᠬᠦᠯᠢᠶᠡᠨ ᠵᠤᠴᠢᠯᠠᠬᠤ ᠵᠠᠷᠤᠳᠠᠯ ᠢ ᠲᠦᠯᠤᠪᠤᠷᠢᠯᠡᠭᠰᠡᠨ ᠨᠢ ᠲᠣᠭᠲᠠᠭᠠᠯ ᠳᠤ ᠨᠡᠶᠢᠴᠡᠬᠦ ᠦᠭᠡᠶ︔ ᠭᠠᠳᠠᠭᠰᠢ ᠭᠠᠷᠤᠭᠰᠡᠨ ᠵᠠᠷᠤᠳᠠᠯ ᠢ ᠲᠠᠩᠰᠠ ᠴᠠᠶᠢᠷᠠᠭᠤᠯᠤᠭᠰᠡᠨ ᠨᠢ ᠲᠦᠷᠢᠮ ᠲᠣᠭᠲᠠᠭᠠᠯ ᠳᠤ ᠨᠡᠶᠢᠴᠡᠬᠦ ᠥᠬᠡᠶ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 2.82 ᠲᠦᠮᠡᠨ ᠲᠥᠭᠦᠷᠢᠭ ᠪᠤᠢ︔ ᠳᠠᠩᠰᠠᠨ ᠠᠴᠠ ᠭᠠᠳᠠᠨ᠎ᠠ ᠥᠷᠢᠲᠦᠭᠰᠡᠨ 582.96 ᠲᠦᠮᠡᠨ ᠲᠥᠭᠦᠷᠢᠭ ᠢ ᠳᠠᠩᠰᠠᠨ ᠳᠤ ᠤᠷᠤᠭᠤᠯᠤᠨ ᠬᠢᠨᠡᠨ ᠪᠤᠳᠤᠭᠰᠡᠨ ᠦᠭᠡᠢ ᠠᠰᠠᠭᠤᠳᠠᠯ᠃        ︵ᠳᠥᠷᠪᠡ︶ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠤᠤᠯ ᠤᠨ ᠲᠣᠪᠴᠢᠶᠠᠨ ᠳᠠᠷᠤᠭ᠎ᠠ ᠬᠡᠷᠡᠯᠳᠤ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ᠂ ᠬᠦᠢᠯᠬᠡᠬᠡᠨ ᠤ ᠪᠡᠯᠡ ᠮᠦᠩᠬᠦ ᠶᠢ ᠣᠷᠳᠣ ᠬᠤᠭᠤᠴᠠᠭ᠎ᠠ ᠪᠠᠷ ᠲᠠᠩᠰᠠᠨ ᠳᠤ ᠪᠠᠶᠢᠯᠭᠠᠵᠤ ᠪᠠᠶᠢᠬᠤ ᠶᠢ ᠢᠯᠡᠷᠡᠭᠦᠯᠪᠡ︔ ᠰᠠᠭᠤᠷᠢ ᠮᠥᠩᠭᠦᠨ ᠤ ᠳᠠᠩᠰᠠᠨ ᠠᠴᠠ ᠪᠠᠩᠬᠢ ᠶᠢᠨ ᠳᠠᠩᠰᠠᠨ ᠤ ᠬᠡᠷᠡᠭᠵᠢᠬᠦᠯᠤᠯᠳᠠ ᠶᠢᠨ ᠵᠠᠷᠤᠳᠠᠯ᠂ ᠬᠤᠳᠠᠯᠳᠤᠨ ᠠᠪᠬᠤ ᠫᠢᠶᠣᠣ ᠵᠡᠷᠭᠡ ᠵᠠᠷᠤᠯᠭ᠎ᠠ ᠳᠤ ᠵᠠᠷᠤᠴᠠᠭᠤᠯᠤᠭᠰᠡᠨ ᠠᠰᠠᠭᠤᠳᠠᠯ᠃        ︵ᠲᠠᠪᠤ︶ ᠬᠤᠰᠢᠭᠤ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠬᠡᠨ ᠤ ᠲᠥᠪ ᠤᠨ ᠤᠤᠯ ᠤᠨ ᠡᠷᠬᠢᠯᠡᠭᠴᠢ ᠬᠠᠰᠴᠢᠯᠠᠭᠤ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ ᠬᠦᠢᠯᠬᠡᠬᠡᠨ ᠤ ᠪᠡᠯᠡ ᠮᠦᠩᠬᠦ ᠶᠢ ᠣᠷᠳᠣ ᠬᠤᠭᠤᠴᠠᠭ᠎ᠠ ᠪᠠᠷ ᠲᠠᠩᠰᠠᠨ ᠳᠤ ᠪᠠᠶᠢᠯᠭᠠᠭᠰᠠᠨ ᠢ ᠪᠠᠶᠢᠴᠠᠭᠠᠨ ᠭᠠᠷᠭᠠᠵᠤ᠂ ᠬᠤᠯᠪᠣᠭᠳᠠᠭᠰᠠᠨ ᠪᠠᠯᠠ ᠮᠥᠩᠭᠦ ᠨᠢ 11.51 ᠲᠦᠮᠡᠨ ᠲᠥᠭᠦᠷᠢᠭ ᠪᠣᠢ︔ 3.5 ᠲᠦᠮᠡᠨ ᠲᠥᠭᠦᠷᠢᠭ ᠤᠨ ᠬᠦᠯᠢᠶᠠᠨ ᠵᠤᠴᠢᠯᠠᠬᠤ ᠰᠦᠢᠳᠬᠡᠯ ᠲᠦᠯᠤᠪᠤᠷᠢᠯᠡᠭᠰᠡᠨ ᠨᠢ ᠲᠣᠭᠲᠠᠭᠠᠯ ᠳᠤ ᠨᠡᠶᠢᠴᠡᠬᠦ ᠦᠭᠡᠶ︔ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ᠂ ᠬᠤᠯᠪᠣᠭᠳᠠᠭᠰᠠᠨ ᠪᠡᠯᠡ ᠮᠦᠩᠬᠦᠨ ᠤ ᠲᠤᠭ᠎ᠠ ᠨᠢ 2.33 ᠲᠦᠮᠡᠨ ᠲᠥᠭᠦᠷᠢᠭ ᠬᠦᠷᠦᠭᠰᠡᠨ ᠵᠡᠷᠬᠡ ᠠᠰᠠᠭᠤᠳᠠᠯ᠃       ︵ᠵᠢᠷᠭᠤᠭ᠎ᠠ︶ ᠬᠤᠰᠢᠭᠤ ᠭᠥᠯᠢᠶᠡᠨ ᠵᠤᠴᠢᠯᠠᠬᠤ ᠭᠠᠵᠠᠷ ᠤᠨ ᠤᠤᠯ ᠤᠨ ᠡᠷᠬᠢᠯᠡᠭᠴᠢ ᠯᠢᠦ ᠬᠦᠶ ᠫᠢᠩ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠬᠡᠷᠡᠭᠵᠢᠭᠦᠯᠦᠭᠰᠡᠨ ᠥᠬᠡᠶ ᠪᠠᠶᠢᠳᠠᠯ ᠣᠷᠣᠰᠢᠵᠤ ᠪᠠᠶᠢᠬᠤ ᠶᠢ ᠢᠯᠡᠷᠡᠭᠦᠯᠵᠦ᠂ ᠬᠤᠯᠪᠣᠭᠳᠠᠭᠰᠠᠨ ᠵᠣᠭᠤᠰᠣᠨ ᠲᠤᠭ᠎ᠠ ᠨᠢ 59.96 ᠲᠦᠮᠡᠨ ᠲᠥᠭᠦᠷᠢᠭ ᠪᠤᠢ︔  ᠬᠤᠰᠢᠭᠤ ᠬᠦᠯᠢᠶᠠᠨ ᠵᠣᠴᠢᠯᠠᠬᠤ ᠭᠠᠵᠠᠷ ᠤᠨ ᠬᠦᠢᠯᠬᠡᠬᠡᠨ ᠤ ᠪᠡᠯᠡ ᠮᠦᠩᠬᠦᠨ ᠤ ᠲᠠᠩᠰᠠ ᠪᠠᠨ ᠴᠠᠭ ᠲᠤᠬᠠᠶ ᠳᠤᠨᠢ ᠴᠡᠪᠡᠷᠯᠡᠭᠰᠡᠨ ᠥᠬᠡᠶ ᠠᠰᠠᠭᠤᠳᠠᠯ᠃       ᠵᠢᠷᠭᠤᠭ᠎ᠠ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠭᠰᠡᠨ ᠪᠠᠶᠢᠳᠠᠯ      ᠠᠪᠠᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠲᠡᠭᠦᠨ ᠤ ᠬᠠᠷᠢᠶ᠎ᠠ ᠠᠵᠤ ᠠᠬᠤᠶᠢᠯᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠪᠠᠷ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠰᠢᠢᠳᠪᠤᠷᠢᠯᠡᠭᠰᠡᠨ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ 11 ᠠᠰᠠᠭᠤᠳᠠᠯ ᠤᠨ ᠰᠦᠪᠡᠭᠴᠢ ᠪᠣᠶ᠂ ᠡᠭᠦᠨ ᠳᠤ ᠭᠤᠤᠯᠳᠠᠭᠤ ᠬᠤᠰᠢᠭᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠠᠰᠠᠷ ᠵᠡᠷᠭᠡ ᠥᠪ ᠬᠥᠷᠥᠩᠭᠡ ᠳᠤ ᠪᠠᠨ ᠦᠨᠡᠯᠡᠨ ᠵᠢᠱᠢᠯᠲᠡ ᠬᠢᠭᠰᠡᠨ ᠥᠬᠡᠶ︔ ᠰᠢᠢᠳᠪᠤᠷᠢᠯᠡᠭᠰᠡᠨ ᠥᠪ ᠬᠥᠷᠥᠩᠭᠡ ᠶᠢᠨ ᠣᠷᠣᠯᠭ᠎ᠠ ᠶᠢ ᠲᠠᠩᠰᠠᠨ ᠳᠤ ᠣᠷᠣᠭᠤᠯᠤᠭᠰᠠᠨ ᠥᠬᠡᠶ ᠪᠠᠷ ᠲᠠᠩᠰᠠᠨ ᠠᠴᠠ ᠭᠠᠳᠠᠨ᠎ᠠ ᠵᠠᠷᠤᠯᠭ᠎ᠠ ᠳᠤ ᠬᠡᠷᠡᠭᠯᠡᠭᠰᠡᠨ︔ ᠤᠤᠯ ᠤᠨ ᠡᠷᠬᠢᠯᠡᠭᠴᠢ ᠦ᠋ ᠶᠠᠨ ᠸᠧᠢ 3 ᠲᠥᠮᠡᠨ ᠲᠥᠭᠦᠷᠢᠭ ᠤᠨ ᠫᠢᠶᠤᠤ ᠪᠠᠷᠢᠮᠲᠠ ᠪᠠᠷ ᠨᠣᠯᠤᠤᠷ ᠰᠠᠮᠨᠠᠬᠤ ᠮᠠᠰᠢᠨ ᠬᠤᠳᠠᠯᠳᠤᠨ ᠠᠪᠤᠭᠰᠠᠨ ᠳᠠᠩᠰᠠ ᠶᠢ ᠤᠷᠤᠭᠤᠯᠤᠭᠰᠡᠨ︔ ᠤᠤᠯ ᠤᠨ ᠡᠷᠬᠢᠯᠡᠭᠴᠢ ᠦ᠋ ᠶᠠᠨ ᠸᠧᠶ ᠠᠵᠤ ᠠᠬᠤᠶᠢᠯᠠᠯ ᠳᠤ ᠲᠤᠰᠢᠶᠠᠯ ᠬᠠᠪᠰᠤᠷᠭᠠᠨ 0.5 ᠲᠦᠮᠡᠨ ᠲᠥᠭᠦᠷᠢᠭ ᠤᠨ ᠬᠠᠷᠠᠮᠵᠢ ᠠᠪᠤᠭᠰᠡᠨ︔ ᠰᠢᠨ᠎ᠡ ᠰᠦᠯᠵᠢᠶᠡᠨ ᠤ ᠢᠨᠵᠧᠨᠧᠷᠢᠩ ᠤᠨ ᠲᠥᠷᠥᠯ ᠵᠥᠢᠯ ᠳᠤ ᠬᠤᠪᠢᠷᠠᠯᠲᠠ ᠭᠠᠷᠤᠭᠠᠳ ᠬᠤᠪᠢᠷᠠᠭᠤᠯᠬᠤ ᠭᠠᠷᠳᠠᠮ ᠢ ᠬᠦᠢᠴᠡᠳᠬᠡᠭᠰᠡᠨ ᠥᠬᠡᠶ︔ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ ᠵᠡᠷᠭᠡ ᠳᠤ ᠪᠠᠨ ᠳᠡᠭᠡᠳᠦ ᠱᠠᠲᠤᠨ ᠤ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠡᠵᠡᠯᠡᠨ ᠬᠡᠷᠡᠭᠯᠡᠭᠰᠡᠨ ᠵᠡᠷᠬᠡ ᠠᠰᠠᠭᠤᠳᠠᠯ᠃       ᠳᠣᠯᠤᠭ᠎ᠠ᠂ ᠬᠤᠶᠢᠰᠢᠳᠠ ᠶᠢᠨ ᠬᠢᠨᠠᠨ ᠪᠤᠳᠤᠬᠤ ᠠᠵᠢᠯ ᠤᠨ ᠭᠤᠤᠯᠳᠠᠯᠭ᠎ᠠ ᠵᠢᠴᠢ ᠬᠢᠨᠠᠨ ᠪᠤᠳᠤᠬᠤ ᠰᠠᠨᠠᠭᠤᠯᠭ᠎ᠠ       ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠦᠷᠬᠦᠯᠵᠢᠯᠡᠨ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠪᠠᠯᠠ ᠮᠥᠩᠭᠦ ᠶᠢ ᠴᠢᠩᠭ᠎ᠠ ᠡᠵᠡᠮᠳᠡᠵᠦ᠂ ᠴᠢᠬᠤᠯᠠ ᠶᠡᠭᠡ ᠲᠥᠷᠥᠯ ᠵᠥᠢᠯ ᠢ ᠠᠬᠢᠭᠤᠯᠬᠤ ᠪᠠ ᠴᠢᠬᠤᠯᠠ ᠶᠡᠭᠡ ᠠᠵᠢᠯᠯᠠᠭ᠎ᠠ ᠶᠢᠨ ᠦᠢᠯᠡᠴᠢᠯᠡᠬᠡᠨ ᠤ ᠪᠠᠲᠤᠯᠠᠭ᠎ᠠ ᠳᠤ ᠬᠤᠯᠪᠣᠭᠳᠠᠬᠤ ᠪᠠᠯᠠ ᠮᠥᠩᠭᠦ ᠡᠳ᠋ ᠬᠥᠷᠥᠩᠭᠡ ᠵᠡᠷᠭᠡ ᠵᠥᠢᠯᠡᠰ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠬᠦᠢᠴᠡᠳᠬᠡᠨ᠎ᠠ︔ ᠬᠢᠨᠠᠨ ᠪᠤᠳᠤᠯᠳᠠ ᠶᠢᠨ ᠵᠠᠳᠠᠯᠤᠯᠲᠠ ᠶᠢ ᠴᠢᠩᠭᠠᠳᠬᠠᠵᠤ᠂ ᠪᠠᠶᠢᠭᠤᠯᠤᠯ᠂ ᠲᠤᠭᠳᠠᠯᠴᠠᠭᠠᠨ ᠤ ᠲᠠᠯ᠎ᠠ ᠠᠴᠠ ᠠᠰᠠᠭᠤᠳᠠᠯ ᠤᠨ ᠰᠢᠯᠲᠠᠭᠠᠨ ᠢ ᠵᠠᠳᠠᠯᠬᠤ ᠶᠢ ᠴᠢᠬᠤᠯᠠᠴᠢᠯᠠᠨ᠂ ᠬᠢᠨᠠᠨ ᠪᠤᠳᠤᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠢᠯᠡᠳᠤᠯ ᠢ ᠤᠯᠠᠮ ᠴᠢᠨᠠᠭᠰᠢᠳᠠ ᠪᠠᠳᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃       ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠦᠯᠤᠪᠵᠢᠬᠦᠯᠬᠦ ᠡᠷᠴᠢᠮ ᠢ ᠤᠯᠠᠮ ᠴᠢᠨᠠᠭᠰᠢᠳᠠ ᠴᠢᠩᠭᠠᠳᠬᠠᠵᠤ᠂ ᠲᠥᠰᠦᠪ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠦᠢᠯᠡᠴᠢᠯᠡᠬᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠨᠠᠩ ᠰᠠᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠳᠣᠤᠷᠠᠬᠢ ᠮᠡᠲᠦ ᠰᠠᠨᠠᠭᠤᠯᠭ᠎ᠠ ᠳᠤᠷᠠᠳᠤᠶ᠎ᠠ᠄       ︵ᠨᠢᠭᠡ︶ ᠵᠠᠰᠠᠭ ᠤᠨ ᠣᠷᠳᠣᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠬᠦᠢᠴᠡᠳᠬᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠣᠷᠣᠯᠭ᠎ᠠ ᠶᠢ ᠬᠤᠷᠢᠶᠠᠵᠤ ᠲᠤᠰᠢᠶᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠣᠷᠣᠯᠭ᠎ᠠ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠵᠤ᠂ ᠲᠤᠰᠢᠶᠠᠬᠤ ᠶᠣᠰᠣᠲᠠᠶ ᠶᠢ ᠨᠢ ᠴᠦᠮ ᠲᠤᠰᠢᠶᠠᠯᠭᠠᠨ᠎ᠠ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠪᠠ ᠬᠦᠢᠴᠡᠳᠬᠡᠯ ᠤᠨ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠲᠦᠯᠬᠢᠨ ᠠᠬᠢᠭᠤᠯᠤᠨ᠎ᠠ᠃      ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦᠨ ᠤ ᠬᠡᠷᠡᠭᠯᠡᠯᠳᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠢᠭᠡ ᠳᠤ᠂ ᠡᠳ᠋ ᠤᠨ ᠬᠦᠴᠦᠨ ᠡᠳ᠋ ᠤᠨ ᠢᠷᠡᠯᠲᠡ ᠶᠢ ᠤᠯᠠᠮ ᠴᠢᠨᠠᠭᠰᠢᠳᠠ ᠠᠭᠤᠳᠠᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠦᠯᠤᠪᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠪᠠᠯᠠ ᠮᠥᠩᠭᠦ ᠶᠢ ᠡᠷᠬᠢᠯᠳᠤᠬᠦᠯᠤᠨ ᠠᠰᠢᠭᠯᠠᠨ᠎ᠠ᠃ ᠬᠤᠶᠠᠷ ᠲᠤ᠂ ᠲᠤᠰᠬᠠᠶ ᠲᠦᠷᠤᠯ ᠤᠨ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠰᠬᠠᠶ ᠪᠡᠯᠡ ᠮᠥᠩᠭᠦᠨ ᠤ ᠬᠡᠷᠡᠭᠯᠡᠯᠲᠡ ᠶᠢᠨ ᠨᠠᠷᠢᠯᠢᠭ ᠣᠨᠣᠪᠴᠢᠲᠤ ᠴᠢᠨᠠᠷ᠂ ᠠᠶᠤᠯᠭᠦᠶ ᠴᠢᠨᠠᠷ ᠪᠠ ᠥᠨᠳᠥᠷ ᠪᠦᠲᠦᠮᠵᠢᠲᠦ ᠴᠢᠨᠠᠷ ᠢ ᠦᠨᠡᠨ ᠬᠦ ᠪᠠᠲᠤᠯᠠᠨ᠎ᠠ᠃ ᠲᠦᠷᠤᠯ ᠵᠥᠢᠯ ᠤᠨ ᠢᠨᠵᠧᠨᠧᠷᠢᠩ ᠢ ᠬᠡᠷᠡᠭᠵᠢᠭᠦᠯᠬᠦ ᠠᠬᠢᠴᠠ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠤᠨ᠎ᠠ᠃       ︵ᠭᠤᠷᠪᠠ︶ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ﹀᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ᠂ ᠬᠢᠨᠠᠨ ᠪᠤᠳᠤᠯᠳᠠ ᠶᠢᠨ ︽ᠠᠵᠤ ᠠᠬᠤᠢ ᠶᠢᠨ ᠲᠤᠷᠰᠢᠯᠳᠠ︾᠎ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠦᠷᠢᠮᠵᠢᠯᠲᠡ᠂ ᠤᠷᠳᠤ ᠬᠤᠭᠤᠴᠠᠭᠠᠳᠤ ᠴᠢᠨᠡᠷ ᠢ ᠠᠬᠢᠭᠤᠯᠬᠤ ᠶᠢᠨ ᠬᠠᠮᠲᠤ ᠨᠠᠮ ᠤᠨ ᠬᠤᠷᠢᠶᠠᠨ ᠤ ᠵᠤᠬᠢᠴᠠᠮᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠵᠤᠬᠢᠴᠠᠮᠵᠢ᠂ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠬᠤ ᠵᠤᠬᠢᠴᠠᠮᠵᠢ ᠶᠢ ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠬᠢᠨᠠᠨ ᠪᠤᠳᠤᠯᠳᠠ ᠶᠢᠨ ᠪᠠᠶᠢᠭᠤᠯᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠴᠢᠩᠭᠠᠳᠬᠠᠨ᠎ᠠ᠃        
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号