60 ᠳ᠋ᠤᠭᠠᠷ ᠲᠣᠭᠠᠲᠤ | | ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠦᠷᠪᠢᠰᠤᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ | ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠬᠤ ᠪᠠᠶᠢᠳᠠᠯ ᠳᠤ ᠴᠢᠭᠯᠡᠭᠦᠯᠦᠨ᠂ ︽ | ᠭᠠᠳᠠᠭᠠᠳᠤ ᠠᠴᠠ ᠬᠠᠯᠳᠠᠪᠤᠷᠢᠯᠠᠬᠤ ᠠᠴᠠ ᠰᠡᠷᠬᠡᠶᠢᠯᠡᠵᠤ᠂ ᠳᠣᠲᠣᠭᠠᠳᠤ ᠳᠤ ᠲᠠᠬᠢᠨ ᠲᠡᠯᠬᠡᠷᠡᠬᠦ ᠶᠢ ᠰᠡᠷᠭᠡᠶᠢᠯᠡᠬᠦ︾ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠤᠯᠠᠮ ᠴᠢᠨᠠᠭᠰᠢᠳᠠ ᠪᠤᠳᠠᠳᠠᠶᠢᠵᠢᠭᠤᠯᠵᠤ᠂ ︽ᠲᠦᠷᠪᠡᠨ ᠲᠠᠯ᠎ᠠ ᠶᠢᠨ | ᠬᠠᠷᠢᠭᠤᠴᠠᠯᠭ᠎ᠠ︾ ᠶᠢ ᠡᠷᠡᠰ ᠨᠠᠶᠢᠳᠠᠪᠤᠷᠢᠵᠢᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠠᠩᠬᠠᠷᠬᠤ | ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠤᠡᠴᠠᠭᠠᠢ | ᠤᠴᠢᠷ ᠰᠢᠯᠳᠠᠭᠠᠨ ᠦᠬᠡᠢ ᠪᠤᠯ ᠬᠤᠰᠢᠭᠤᠨ ᠠᠴᠠ ᠭᠠᠳᠠᠭᠰᠢ ᠭᠠᠷᠬᠤ ᠦᠬᠡᠢ᠂ ᠳᠤᠮᠳᠠ ᠲᠡᠰ ᠤᠨ ᠲᠦᠭᠰᠢᠭᠦᠷᠢ | ᠶᠡᠬᠡᠲᠡᠶ ᠭᠠᠵᠠᠷ ᠣᠷᠣᠨ ᠳᠤ ᠤᠴᠢᠬᠤ ᠥᠬᠡᠶ ᠪᠠᠶᠢᠬᠤ ᠬᠡᠷᠡᠭᠳᠡᠢ᠃ ︵ᠤᠯᠤᠰ ᠵᠢᠴᠢ ᠡᠯ᠎ᠡ ᠭᠠᠵᠠᠷ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳᠦᠷ ᠪᠦᠷᠢ ᠶᠢᠨ ᠮᠡᠳᠡᠭᠡ ᠵᠠᠩᠭᠢ ᠨᠡᠶᠢᠲᠡᠯᠡᠬᠦ ᠪᠠᠷ ᠪᠠᠷᠢᠮᠵᠢᠶ᠎ᠠ | ᠪᠣᠯᠭᠠᠨ᠎ᠠ︶᠃ | ᠬᠤᠶᠠᠷ᠂ 14 ᠡᠳᠦᠷ ᠤᠨ ᠳᠣᠲᠣᠷ᠎ᠠ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ | ᠶᠠᠪᠤᠭᠰᠡᠨ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ | ᠬᠠᠯᠳᠠᠪᠤᠷᠢᠯᠠᠭᠰᠠᠳ ᠲᠠᠢ ᠬᠠᠮᠳᠤ ᠠᠭᠤᠯᠵᠠᠨ ᠵᠤᠷᠴᠢᠭᠰᠡᠨ ᠬᠥᠮᠦᠰ ᠬᠤᠰᠢᠭᠤᠨ ᠳᠤ ᠢᠷᠡᠭᠰᠡᠨ ᠤ ᠳᠠᠷᠠᠭ᠎ᠠ ᠴᠠᠭ | ᠲᠤᠬᠠᠢ ᠳᠤᠨᠢ ᠲᠤᠬᠠᠢ ᠶᠢᠨ ᠭᠠᠴᠠᠭ᠎ᠠ ︵ᠨᠡᠶᠢᠭᠡᠮ ᠲᠣᠭᠤᠷᠢᠭ︶᠂ ᠨᠢᠭᠡᠴᠡ ︵ᠰᠠᠭᠤᠭ᠎ᠠ ᠵᠣᠴᠢᠳ ᠤᠨ ᠪᠠᠭᠤᠳᠠᠯ︶ | ᠪᠤᠶᠤ ᠬᠤᠰᠢᠭᠤᠨ ᠤ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵0479 — 2028792︶᠂ | ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ︵0479 — 2022550︶ ᠳᠤ | ᠢᠳᠡᠪᠬᠢᠳᠡᠢ ᠪᠠᠷ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ | ᠬᠤᠰᠢᠭᠤᠨ ᠳᠤ ᠪᠤᠴᠠᠵᠤ ᠢᠷᠡᠭᠰᠡᠳ ᠢ ᠴᠥᠮ ︽14 ᠡᠳᠦᠷ ᠲᠤ ᠲᠥᠪᠯᠡᠷᠡᠭᠦᠯᠦᠨ ᠲᠤᠰᠠᠭᠠᠷᠯᠠᠬᠤ + 5 | ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠬᠡᠷᠡᠭᠵᠢᠭᠦᠯᠵᠦ᠂ ᠳᠤᠮᠳᠠ ᠲᠡᠰ ᠤᠨ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ | ᠢᠷᠡᠭᠰᠡᠳ ᠢ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠨ᠎ᠡ᠃ ᠠᠵᠢᠭᠯᠠᠯᠲᠠ ᠬᠢᠬᠦ 1᠂ 4᠂ | 7᠂ 10᠂ 14 ᠳ᠋ᠦᠭᠡᠷ ᠡᠳᠦᠷ ᠲᠤ ᠲᠣᠰ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ | ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠬᠤᠰᠢᠭᠤᠨ ᠤ ᠡᠮᠨᠡᠯᠭᠡ ᠶᠢᠨ | ᠬᠤᠷᠢᠶ᠎ᠠ ᠶᠢᠨ ᠬᠠᠯᠠᠭᠤᠷᠠᠬᠤ ᠡᠪᠡᠳᠴᠢᠳᠠᠨ ᠤ ᠡᠭᠦᠳᠡᠨ ᠡᠮᠨᠡᠯᠭᠡ ᠳᠤ ᠬᠦᠷᠴᠦ ᠪᠠᠶᠢᠴᠠᠭᠠᠨ ᠡᠮᠨᠡᠬᠦᠯᠬᠦ ᠬᠡᠷᠡᠭᠲᠡᠶ᠃ | ᠭᠤᠷᠪᠠ᠂ ᠳᠤᠮᠳᠠ ᠲᠡᠰ ᠤᠨ ᠲᠦᠭᠰᠢᠭᠦᠷᠢ ᠶᠡᠬᠡᠲᠡᠶ ᠭᠠᠵᠠᠷ ᠣᠷᠣᠨ ᠤ ᠪᠠᠶᠢᠭ᠎ᠠ ᠰᠢᠶᠠᠨ ᠲᠣᠭᠤᠷᠢᠭ ᠤᠨ | ᠪᠤᠰᠤᠳ ᠣᠷᠣᠨ ᠪᠦᠰᠡ ᠠᠴᠠ ᠬᠤᠰᠢᠭᠤᠨ ᠳᠤ ᠢᠷᠡᠭᠰᠡᠳ ᠴᠥᠮ 48 ᠴᠠᠭ ᠤᠨ ᠳᠣᠲᠣᠷᠠᠬᠢ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ ᠬᠡᠷᠡᠭᠳᠡᠢ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠥᠬᠡᠶ ᠪᠣᠯ ᠳᠠᠷᠦ᠋ᠢᠬᠠᠨ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠳᠤᠮᠳᠠ ᠲᠡᠰ ᠤᠨ ᠲᠦᠭᠰᠢᠭᠦᠷᠢ ᠶᠡᠬᠡᠲᠡᠶ | ᠪᠠᠶᠢᠭ᠎ᠠ ᠰᠢᠶᠠᠨ ᠲᠣᠭᠤᠷᠢᠭ ᠠᠴᠠ ᠬᠤᠰᠢᠭᠤᠨ ᠳᠤ ᠢᠷᠡᠭᠰᠡᠳ ᠢ ᠣᠯᠵᠤ ᠮᠡᠳᠡᠪᠡᠯ᠂ ᠳᠠᠷᠦ᠋ᠢᠬᠠᠨ ᠬᠤᠰᠢᠭᠤᠨ ᠤ | ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵0479 — 2028792︶ ᠲᠤ ᠮᠡᠳᠡᠭᠦᠯᠬᠦ ᠬᠡᠷᠡᠭᠲᠡᠶ᠃ | | ᠳᠥᠷᠪᠡ᠂ ᠲᠣᠰ ᠡᠳᠦᠷ ᠠᠴᠠ ᠡᠬᠢᠯᠡᠨ ᠨᠠᠭᠠᠳᠤᠮ ᠤᠨ ᠬᠤᠷᠠᠯ᠂ ᠤᠷᠠᠨ ᠰᠠᠶᠢᠬᠠᠨ ᠤ ᠲᠣᠭᠯᠠᠯᠲᠠ᠂ | ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠲᠦᠷ ᠵᠣᠭᠰᠣᠭᠠᠵᠤ | ᠂ ᠪᠣᠶ ᠪᠥᠬᠦᠶ ᠨᠡᠶᠢᠭᠡᠮ ᠲᠤᠭᠤᠷᠢᠭ ᠤᠨ ᠮᠠᠵᠢᠶᠠᠩ ᠨᠠᠭᠠᠳᠬᠤ ᠭᠠᠵᠠᠷ᠂ ᠰᠢᠲᠠᠷ᠎ᠠ ᠬᠦᠵᠤᠷ ᠲᠤᠭᠯᠠᠬᠤ ᠥᠷᠥᠭᠡ | ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠭᠤᠷᠬᠢ | ᠪᠣᠯᠪᠠᠰᠤᠷᠠᠯ ᠤᠨ ᠠᠵᠢᠯᠯᠠᠭ᠎ᠠ ᠶᠢ ᠲᠦᠷ ᠵᠣᠭᠰᠣᠭᠠᠨ᠎ᠠ᠃ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠬᠤᠳᠠᠯᠳᠤᠭᠠᠨ ᠤ ᠳᠡᠯᠭᠡᠭᠦᠷ ᠴᠢᠯᠤᠬᠡᠳᠤ ᠳᠡᠯᠭᠡᠭᠦᠷ᠂ ᠬᠤᠭᠤᠯᠠ ᠤᠮᠳᠠ ᠬᠤᠨᠤᠭ ᠪᠠᠭᠤᠳᠠᠯ᠂ ᠦᠵᠡᠮᠵᠢ ᠶᠢᠨ | ᠲᠤᠭᠤᠷᠢᠭ᠂ ᠰᠣᠶᠣᠯ ᠴᠡᠩᠭᠡᠯ ᠵᠡᠷᠭᠡ ᠬᠦᠮᠤᠨ ᠤᠯᠠᠨ ᠴᠤᠭᠯᠠᠷᠠᠬᠤ ᠭᠠᠵᠡᠷ ᠶᠠᠪᠤᠵᠤ ᠰᠠᠭᠤᠬᠤ ᠬᠦᠮᠤᠰ ᠤᠨ | ᠳᠤᠯᠠᠭᠠᠨ ᠤ ᠬᠡᠮᠵᠢᠶ᠎ᠡ ᠶᠢ ᠬᠡᠮᠵᠢᠬᠦ᠂ ᠡᠷᠡᠭᠦᠯ ᠮᠡᠨᠳᠦ ᠶᠢᠨ ᠺᠤᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠦᠨ᠎ᠡ᠃ ᠨᠢᠭᠲᠠ | ᠪᠢᠲᠡᠭᠦᠮᠵᠢᠯᠡᠭᠰᠡᠨ KTV᠂ ᠺᠢᠨᠣ᠋ ᠶᠢᠨ ᠣᠷᠳᠣᠨ᠂ ᠰᠦᠯᠵᠢᠶᠡᠨ ᠪᠠᠭᠠᠷ᠂ ᠲᠣᠭᠯᠠᠭᠠᠮ ᠤᠨ ᠲᠢᠩᠬᠢᠮ ᠵᠡᠷᠭᠡ ᠵᠤᠭ᠎ᠠ | ᠴᠡᠩᠭᠡᠯ ᠤᠨ ᠭᠠᠵᠠᠷ ᠤᠳ ᠬᠦᠮᠤᠨ ᠤ ᠲᠤᠭ᠎ᠠ ᠶᠢ ᠪᠠᠭᠠᠰᠬᠠᠵᠤ᠂ ᠦᠨᠡᠨ ᠨᠡᠷ᠎ᠡ ᠪᠠᠷ ᠲᠠᠩᠰᠠᠯᠠᠭᠤᠯᠬᠤ ᠶᠢ | ᠬᠡᠷᠡᠭᠵᠢᠬᠦᠯᠬᠦ ᠬᠡᠷᠡᠭᠳᠡᠢ᠃ ᠬᠠᠮᠢᠶ᠎ᠠ ᠪᠥᠬᠦᠶ ᠠᠵᠢᠯ ᠲᠥᠷᠥᠯ ᠤᠨ ᠠᠵᠢᠯᠲᠠᠨ ᠬᠤᠪᠢ ᠬᠥᠮᠦᠨ ᠤ ᠡᠷᠡᠭᠦᠯ ᠮᠡᠨᠳᠦ ᠶᠢᠨ | ᠬᠠᠮᠠᠭᠠᠯᠠᠯᠲᠠ ᠶᠢ ᠰᠠᠶᠢᠲᠤᠷ ᠬᠢᠵᠦ᠂ ᠪᠥᠬᠦ ᠶᠠᠪᠤᠴᠠ ᠳᠤ ᠠᠮᠠᠪᠴᠢ ᠵᠡᠭᠦᠬᠦ ᠶᠢᠨ ᠬᠠᠮᠲᠤ ᠲᠣᠭᠲᠠᠭᠠᠯ ᠶᠣᠰᠣᠭᠠᠷ | ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ ᠬᠤᠪᠢ ᠬᠥᠮᠦᠨ ᠤ ᠠᠷᠢᠭᠤᠳᠬᠠᠯ ᠬᠢᠵᠦ᠂ ᠪᠥᠬᠦ ᠶᠠᠪᠤᠴᠠ ᠳᠤ | ᠪᠡᠭᠡᠯᠡᠶ ᠵᠡᠷᠭᠡ ᠬᠠᠮᠠᠭᠠᠯᠠᠯᠲᠠ ᠶᠢᠨ ᠲᠥᠬᠦᠭᠡᠷᠦᠮᠵᠢ ᠶᠢ ᠵᠡᠭᠦᠬᠦ ᠬᠡᠷᠡᠭᠲᠡᠶ᠃ ᠡᠵᠡᠩᠨᠡᠭᠴᠢᠳ ᠪᠣᠯᠤᠨ ᠪᠦᠬᠦ ᠠᠵᠢᠯᠲᠠᠳ | ᠡᠷᠡᠭᠦᠯ ᠮᠡᠨᠳᠦ ᠶᠢᠨ ᠥᠷᠯᠥᠭᠡ ᠶᠢᠨ ᠪᠠᠶᠢᠴᠠᠭᠠᠯᠲᠠ ᠬᠢᠬᠦ ᠶᠢᠨ ᠬᠠᠮᠲᠤ ᠪᠦᠷᠢᠳᠬᠡᠨ ᠳᠠᠩᠰᠠᠯᠠᠭᠤᠯᠵᠤ᠂ ᠬᠠᠯᠠᠭᠤᠷᠠᠬᠤ | ᠵᠡᠷᠭᠡ ᠢᠯᠡᠷᠡᠯ ᠭᠠᠷᠪᠠᠯ ᠡᠷᠬᠡᠪᠰᠢ ᠠᠵᠢᠯ ᠤᠨ ᠪᠠᠶᠢᠷᠢ ᠠᠴᠠ ᠪᠠᠨ ᠰᠠᠯᠵᠤ ᠡᠮᠨᠡᠭᠦᠯᠬᠦ ᠬᠡᠷᠡᠭᠲᠡᠶ ᠪᠥᠭᠡᠳ ᠴᠠᠭ | ᠲᠤᠬᠠᠶ ᠳᠤᠨᠢ ᠮᠡᠳᠡᠭᠦᠯᠬᠦ ᠬᠡᠷᠡᠭᠲᠡᠶ᠃ | ᠨᠡᠶᠢᠭᠡᠮ ᠤᠨ ᠡᠯ᠎ᠡ ᠡᠲᠡᠭᠡᠳ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠰᠠᠶᠢᠳᠤᠷ ᠬᠢᠨᠠᠯᠲᠠ ᠲᠠᠯᠪᠢᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠥᠯᠥ ᠨᠠᠶᠢᠳᠠᠪᠤᠷᠢᠵᠢᠭᠤᠯᠬᠤ ᠵᠢᠴᠢ | ᠬᠠᠤᠯᠢ ᠠᠴᠠ ᠵᠥᠷᠢᠴᠡᠨ ᠡᠵᠡᠩᠨᠡᠬᠦ ᠠᠵᠢᠯᠯᠠᠭ᠎ᠠ ᠶᠢ ᠴᠠᠭ ᠲᠤᠬᠠᠶ ᠳᠤᠨᠢ ᠤᠲᠠᠰᠤ ᠪᠠᠷ ᠢᠯᠡᠴᠢᠯᠡᠨ ᠮᠡᠳᠡᠬᠦᠯᠤᠨ᠎ᠠ᠃ | ︵ᠵᠤᠭᠠᠴᠠᠭᠰᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ᠄ | 12301᠂ ᠬᠤᠰᠢᠭᠤᠨ ᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 110᠂ 0479 — | 2306866᠂ ᠬᠤᠰᠢᠭᠤᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ | ᠳᠤᠭᠤᠶᠢᠯᠠᠩ᠄ 13514794980︶᠃ | ᠲᠠᠪᠤ᠂ ︽ᠴᠢᠬᠤᠯᠠᠴᠢᠯᠭ᠎ᠠ ᠦᠭᠡᠢ ᠪᠣᠯ ᠡᠷᠬᠢᠯᠡᠬᠦ ᠦᠭᠡᠢ᠂ ᠬᠡᠨ ᠡᠷᠬᠢᠯᠡᠪᠡᠯ ᠬᠡᠨ ᠬᠠᠷᠢᠭᠤᠴᠠᠬᠤ︾ | ᠵᠠᠷᠴᠢᠮ ᠢ ᠪᠠᠷᠢᠮᠳᠠᠯᠠᠨ᠎ᠠ᠃ ᠤᠯᠠᠭᠠᠨ ᠴᠠᠭᠠᠨ ᠤ ᠶᠠᠪᠤᠳᠠᠯ ᠢ ᠳᠥᠭᠦᠮᠴᠢᠯᠡᠨ ᠬᠦᠢᠴᠡᠳᠬᠡᠬᠦ ᠶᠢ ᠰᠠᠨᠠᠭᠠᠴᠢᠯᠠᠵᠤ᠂ | ᠬᠤᠭᠤᠯᠠ ᠤᠮᠳ᠋ᠨ ᠶᠢᠨ ᠦᠢᠯᠡᠴᠢᠯᠡᠬᠡᠨ ᠤ ᠨᠢᠭᠡᠴᠡ 40 ᠬᠥᠮᠦᠨ ᠠᠴᠠ ᠳᠡᠭᠡᠭᠰᠢ᠂ 100 ᠬᠥᠮᠦᠨ ᠠᠴᠠ | ᠳᠣᠷᠣᠭᠰᠢ ᠳᠠᠶᠢᠯᠠᠯᠭ᠎ᠠ ᠶᠢ 3 ᠡᠳᠦᠷ ᠤᠨ ᠡᠮᠦᠨ᠎ᠡ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠮᠠᠯᠵᠢᠬᠤ ᠣᠷᠣᠨ ᠳᠤ 40 | ᠬᠥᠮᠦᠨ ᠠᠴᠠ ᠳᠡᠭᠡᠭᠰᠢ ᠬᠠᠮᠲᠤ ᠶᠢᠨ ᠳᠠᠶᠢᠯᠠᠯᠭ᠎ᠠ ᠶᠢ 3 ᠡᠳᠦᠷ ᠤᠨ ᠡᠮᠦᠨ᠎ᠡ ᠲᠤᠬᠠᠢ ᠶᠢᠨ ᠰᠤᠮᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠳᠠᠶᠢᠯᠠᠯᠭ᠎ᠠ ᠶᠢ ᠬᠦᠯᠢᠶᠡᠨ ᠠᠪᠤᠭᠰᠠᠨ ᠢᠳᠡᠭᠡᠨ | ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ ᠭᠤᠣᠯᠯᠠᠨ ᠡᠷᠬᠢᠯᠡᠭᠴᠢ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠡᠷᠡᠭᠵᠢᠭᠦᠯᠵᠦ ᠪᠣᠯᠬᠤᠶᠢᠴᠠ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠲᠣᠭᠲᠠᠭᠠᠵᠤ᠂ | ᠳᠠᠶᠢᠯᠠᠯᠭ᠎ᠠ ᠳᠤ ᠣᠷᠣᠯᠴᠠᠭᠰᠠᠳ ᠤᠨ ᠺᠣᠳ᠋ ᠰᠢᠷᠪᠢᠵᠦ ᠳᠠᠩᠰᠠᠯᠠᠬᠤ᠂ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ | ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ 1 ᠰᠠᠷ᠎ᠠ ᠶᠢᠨ ᠳᠣᠲᠣᠷ᠎ᠠ ᠬᠢᠯᠢ ᠶᠢᠨ ᠭᠠᠳᠠᠨ᠎ᠠ ᠪᠤᠶᠤ ᠤᠯᠤᠰ ᠤᠨ | ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠪᠤᠴᠠᠵᠤ ᠢᠷᠡᠭᠰᠡᠳ ᠢ ᠤᠷᠢᠵᠤ ᠳᠠᠶᠢᠯᠠᠯᠭ᠎ᠠ ᠳᠤ | ᠣᠷᠣᠯᠴᠠᠭᠤᠯᠵᠤ ᠪᠣᠯᠬᠤ ᠥᠬᠡᠶ᠂ ᠠᠶᠢᠮᠠᠭ ᠤᠨ ᠭᠠᠳᠠᠨ᠎ᠠ ᠠᠴᠠ ᠪᠤᠴᠠᠵᠤ ᠢᠷᠡᠭᠰᠡᠳ 48 ᠴᠠᠭ ᠤᠨ ᠳᠣᠲᠣᠷᠠᠬᠢ | ᠪᠥᠭᠡᠮ ᠬᠦᠴᠢᠯ ᠤᠨ ᠪᠠᠶᠢᠴᠠᠭᠠᠨ ᠰᠢᠯᠭᠠᠯᠳᠠ ᠶᠢᠨ ᠪᠢᠯᠢᠭ ᠴᠢᠨᠡᠷ ᠭᠡᠷᠡᠴᠢ ᠬᠠᠩᠭᠠᠬᠤ ᠶᠠᠪᠤᠬᠤ ᠬᠡᠷᠡᠭᠲᠡᠶ᠃ | ᠡᠯ᠎ᠡ ᠨᠢᠬᠡᠴᠠ᠂ ᠨᠡᠶᠢᠭᠡᠮ ᠤᠨ ᠪᠦᠯᠬᠦᠮ ᠵᠡᠷᠭᠡ ᠨᠢ ᠴᠢᠬᠤᠯᠠ ᠦᠭᠡᠢ ᠪᠣᠯ ᠡᠯ᠎ᠡ ᠲᠦᠷᠦᠯ ᠤᠨ ᠲᠤᠮᠤ | ᠬᠡᠯᠪᠡᠷᠢ ᠶᠢᠨ ᠬᠤᠷᠠᠯ᠂ ᠬᠦᠳᠡᠯᠬᠡᠬᠡᠨ ᠢ ᠡᠷᠬᠢᠯᠡᠵᠤ ᠪᠣᠯᠬᠤ ᠦᠭᠡᠢ᠂ ᠬᠢᠬᠦ ᠤᠳᠠᠭ᠎ᠠ ᠤᠳᠠᠭ᠎ᠠ ᠪᠠ ᠬᠡᠪᠴᠢᠶ᠎ᠡ ᠶᠢ | ᠬᠢᠵᠠᠭᠠᠷᠯᠠᠨ ᠡᠵᠡᠮᠳᠡᠬᠦ ᠬᠡᠷᠡᠭᠲᠡᠶ᠃ ᠦᠨᠡᠨᠬᠦ ᠡᠷᠭᠢᠯᠡᠬᠦ ᠴᠢᠬᠤᠯᠠ ᠲᠠᠢ ᠪᠣᠯ ᠬᠠᠷᠢᠶ᠎ᠠ ᠭᠠᠵᠠᠷ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠬᠡᠯᠳᠡᠰ ᠲᠤ ᠮᠡᠳᠡᠭᠦᠯᠦᠨ ᠳᠠᠩᠰᠠᠯᠠᠭᠤᠯᠵᠤ᠂ ᠡᠷᠭᠢᠯᠡᠬᠦ ᠨᠢᠭᠡᠴᠡ | ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ | ᠬᠦᠢᠴᠡᠳᠬᠡᠵᠤ᠂ ᠰᠡᠷᠭᠡᠶᠢᠯᠡᠨ ᠡᠵᠡᠮᠳᠡᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠥᠢᠯ ᠤᠨ ᠠᠵᠢᠯ ᠢ ᠴᠢᠩᠭ᠎ᠠ ᠰᠠᠶᠢᠲᠤᠷ ᠬᠢᠬᠦ | ᠬᠡᠷᠡᠭᠲᠡᠶ᠃ ᠪᠤᠰᠤᠳ ᠭᠠᠵᠡᠷ ᠠᠴᠠ ᠬᠤᠰᠢᠭᠤᠨ ᠳᠤ ᠢᠷᠡᠵᠤ ᠬᠤᠷᠠᠯ᠂ ᠬᠦᠳᠡᠯᠬᠡᠬᠡᠨ ᠳᠤ ᠣᠷᠣᠯᠴᠠᠭᠰᠠᠳ ᠡᠷᠬᠡᠪᠰᠢ | 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠬᠠᠩᠭᠠᠬᠤ | ᠬᠡᠷᠡᠭᠲᠡᠶ᠃ | ᠵᠢᠷᠭᠤᠭ᠎ᠠ᠂ ᠲᠤᠰᠬᠠᠶ ᠮᠡᠷᠭᠡᠵᠢᠯᠲᠡᠨ ᠠᠴᠠ᠂ ᠣᠳᠣᠬᠠᠨ ᠳᠤ᠂ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ | ᠬᠢᠬᠦ ᠪᠣᠯ ᠮᠥᠨ ᠬᠦ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠠᠮᠤᠷ ᠲᠦᠪᠰᠢᠨ | ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠮᠥᠨ ᠬᠡᠵᠤ ᠨᠤᠳᠠᠯᠠᠨ ᠰᠠᠨᠠᠭᠤᠯᠵᠤ ᠪᠠᠶᠢᠭ᠎ᠠ ᠪᠤᠯᠬᠤᠷ᠂ ᠥᠷᠭᠡᠨ ᠣᠯᠠᠨ | ᠰᠠᠭᠤᠭᠠᠯᠢ ᠠᠷᠡᠳ ᠡᠬᠦᠷᠬᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠬᠦᠢᠴᠡᠳᠬᠡᠵᠤ᠂ ᠸᠠᠺᠼᠢᠨ ᠤ | ᠲᠠᠷᠢᠯᠭ᠎ᠠ ᠶᠢ ᠱᠠᠭᠠᠷᠳᠠᠯᠭ᠎ᠠ ᠶᠤᠰᠤᠭᠠᠷ ᠬᠢᠯᠬᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ | ᠥᠷᠭᠡᠨ ᠤᠯᠠᠨ ᠰᠠᠭᠤᠭᠠᠯᠢ ᠠᠷᠠᠳ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠨᠡᠶᠢᠭᠡᠮ ᠤᠨ | ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠢᠳᠡᠪᠬᠢᠳᠡᠢ ᠣᠷᠣᠯᠴᠠᠬᠤ ᠪᠠ ᠬᠠᠮᠵᠢᠯᠴᠠᠬᠤ ᠶᠢ ᠴᠢᠩ | ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃ | | ᠠᠪᠠᠭ᠎ᠠ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ | 2021 ᠣᠨ ᠤ 8 ᠰᠠᠷ᠎ᠠ ᠶᠢᠨ 8 ᠤ ᠡᠳᠤᠷ |