ᠠᠪᠠᠭ᠎ᠠ ᠠᠶᠤᠯᠭᠦᠶ ᠵᠥᠪᠯᠡᠯ ᠲᠠᠷᠬᠠᠭᠠᠭᠰᠡᠨ ﹇2021﹈ 26 ᠳ᠋ᠤᠭᠠᠷ ᠲᠤᠭᠠᠳᠤ | ᠰᠢ ᠶᠢᠨ ᠫᠢᠩ ᠶᠡᠷᠦᠩᠬᠡᠶ ᠱᠦᠵᠢ ᠶᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠤᠨ | ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠦᠨ᠂ ᠡᠶ᠎ᠡ ᠵᠣᠬᠢᠴᠠᠯ ᠲᠠᠢ ᠲᠣᠭᠲᠠᠭᠤᠨ ᠠᠶᠤᠯᠭᠦᠶ | ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠪᠠᠲᠤᠯᠠᠬᠤ ᠶᠢᠨ ᠲᠤᠰᠠᠳᠠ᠂ ᠤᠳᠤ ᠥᠷᠭᠡᠨ ᠤᠯᠠᠨ | ᠬᠡᠷᠡᠭᠯᠡᠭᠴᠢᠳ ᠲᠤ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠤᠰᠤᠨ ᠤ ᠬᠡᠢ ᠶᠢ ᠠᠶᠤᠯᠭᠦᠶ ᠬᠡᠷᠡᠭᠯᠡᠬᠦ ᠶᠡᠷᠦ ᠶᠢᠨ ᠮᠡᠳᠡᠯᠭᠡ | | ⒈ ᠬᠢᠷᠢ ᠲᠡᠩᠴᠡᠭᠰᠡᠨ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠬᠤᠳᠠᠯᠳᠤᠭᠠᠴᠢᠨ ᠢ ᠰᠣᠩᠭᠤᠵᠤ᠂ | ᠰᠢᠩᠭᠡᠨᠵᠢᠮᠡᠯ ᠴᠢᠯᠠᠭᠤᠨ ᠲᠣᠰᠣᠨ ᠤ ᠬᠡᠶ ᠬᠠᠩᠭᠠᠬᠤ ᠪᠢᠴᠢᠭ ᠪᠠᠷᠢᠮᠳᠠ ᠪᠦᠷᠢᠨ ᠥᠷᠲᠡᠭᠡ ︵ᠴᠡᠭ︶ ᠳᠤ ᠬᠦᠷᠴᠦ | ᠬᠡᠶ ᠰᠣᠯᠢᠨ᠎ᠠ᠂ ᠳᠦᠭᠦᠷᠭᠡᠨ ᠰᠠᠪᠠᠯᠠᠬᠤ ᠵᠥᠪᠰᠢᠶᠡᠷᠡᠯ ᠤᠨ ᠦᠨᠡᠮᠯᠡᠯ ᠥᠬᠡᠶ ᠨᠢᠭᠡᠴᠡ ᠠᠴᠠ ᠬᠤᠳᠠᠯᠳᠤᠨ ᠠᠪᠬᠤ | ᠥᠬᠡᠶ ᠪᠠᠶᠢᠵᠤ᠂ ᠬᠤᠳᠠᠯᠳᠤᠨ ᠠᠪᠬᠤ ᠦᠶ᠎ᠠ ᠳᠤ ᠪᠠᠨ ᠪᠠᠷᠢᠮᠲᠠ ᠠᠪᠬᠤ ᠬᠡᠷᠡᠭᠲᠡᠶ᠃ | ⒉ ᠰᠢᠩᠬᠡᠨᠵᠢᠮᠡᠯ ᠬᠡᠢ ᠶᠢᠨ ᠪᠤᠯᠤᠳ ᠰᠠᠪᠠ ᠡᠷᠬᠡᠪᠰᠢ ᠵᠠᠬ᠎ᠠ ᠳᠡᠯᠭᠡᠭᠦᠷ ᠤᠨ ᠶᠠᠰᠤ ᠴᠢᠨᠠᠷ ᠤᠨ ᠬᠢᠨᠠᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠶ᠂ | ᠰᠢᠯᠭᠠᠨ ᠪᠠᠶᠢᠴᠠᠭᠠᠯᠭᠠᠭᠰᠠᠨ ᠦᠭᠡᠢ ᠶᠢ ᠨᠢ ᠬᠡᠷᠡᠭᠯᠡᠵᠦ ᠪᠣᠯᠬᠤ ᠦᠭᠡᠢ᠃ | ⒊ᠬᠢᠨᠡᠨ ᠪᠠᠶᠢᠴᠠᠭᠠᠯᠳᠠ ᠳᠤ ᠬᠢᠷᠢ ᠲᠡᠩᠴᠡᠭᠰᠡᠨ ᠪᠥᠭᠡᠳ ᠨᠢᠭᠡᠨᠲᠡ ᠪᠠᠶᠢᠴᠠᠭᠠᠨ ᠰᠢᠯᠭᠠᠭᠰᠠᠨ ᠡᠩ ᠤᠨ ᠭᠡᠷ | ᠪᠦᠯᠢ ᠶᠢᠨ ᠬᠡᠷᠡᠭᠯᠡᠬᠦ 15Kg ᠤᠨ ᠪᠤᠯᠤᠳ ᠰᠠᠪᠠ ᠶᠢᠨ ᠬᠡᠷᠡᠭᠯᠡᠬᠦ ᠬᠤᠭᠤᠴᠠᠭ᠎ᠠ ᠨᠢ 15 ᠵᠢᠯ᠂ | ᠦᠢᠯᠡᠳᠪᠦᠷᠢᠯᠡᠭᠰᠡᠨ ᠡᠳᠦᠷ ᠠᠴᠠ ᠡᠬᠢᠯᠡᠨ 4 ᠵᠢᠯ ᠳᠤ ᠨᠢᠭᠡ ᠤᠳᠠᠭ᠎ᠠ ᠪᠠᠶᠢᠴᠠᠭᠠᠨ ᠰᠢᠯᠭᠠᠵᠤ᠂ 50Kg ᠪᠤᠯᠤᠳ | ᠰᠠᠪᠠ ᠶᠢ 3 ᠵᠢᠯ ᠳᠤ ᠨᠢᠭᠡ ᠤᠳᠠᠭ᠎ᠠ ᠪᠠᠶᠢᠴᠠᠭᠠᠨ ᠰᠢᠯᠭᠠᠨ᠎ᠠ᠃ | ⒋ᠬᠡᠮᠵᠢᠶᠡᠨ ᠠᠴᠠ ᠬᠡᠲᠦᠷᠡᠲᠡᠯ᠎ᠡ ᠲᠦᠬᠦᠷᠬᠡᠬᠦ ᠦᠬᠡᠢ ᠪᠠᠶᠢᠬᠤ ︵15Kg ᠤᠨ ᠪᠤᠯᠤᠳ ᠰᠠᠪᠠᠨ ᠤ | ᠰᠠᠪᠠᠯᠠᠬᠤ ᠬᠡᠮᠵᠢᠶ᠎ᠡ ᠶᠢ 14᠂ 5Kg± 0᠂ 5Kg ᠭᠡᠵᠦ ᠲᠣᠭᠲᠠᠭᠠᠵᠠᠶ︔ 50Kg ᠤᠨ ᠪᠣᠯᠣᠳ ᠰᠠᠪᠠᠨ ᠤ | ᠰᠠᠪᠠᠯᠠᠬᠤ ᠬᠡᠮᠵᠢᠶ᠎ᠡ ᠶᠢ 49Kg±1Kg ᠭᠡᠵᠦ ᠲᠣᠭᠲᠠᠭᠠᠪᠠ︶ ᠬᠡᠷᠡᠭᠳᠡᠢ᠃ | ⒌ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠢᠯᠡ ᠭᠠᠯ ᠪᠠ ᠥᠨᠳᠥᠷ ᠳᠤᠯᠠᠭᠠᠨ ᠠᠴᠠ ᠬᠤᠯᠠ ᠪᠠᠶᠢᠯᠭᠠᠵᠤ | ᠂ ᠰᠢᠩᠭᠡᠵᠢᠮᠠᠯ ᠬᠡᠢ ᠶᠢ ᠪᠤᠰᠤᠳ ᠭᠠᠯ ᠤᠨ ᠰᠤᠷᠪᠤᠯᠵᠢ ᠲᠠᠢ ᠨᠢᠭᠡ ᠥᠷᠥᠭᠡᠨ ᠳᠤ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠪᠣᠯᠣᠳ ᠯᠣᠩᠬᠤᠨ ᠤ ᠡᠷᠬᠢᠨ ᠲᠣᠭᠤᠷᠢᠨ ᠤ ᠳᠤᠯᠠᠭᠠᠨ ᠤ ᠬᠡᠮᠵᠢᠶ᠎ᠡ 45 ᠭᠷᠠᠳᠦ᠋ᠰ ᠠᠴᠠ | ᠬᠡᠲᠦᠷᠡᠵᠦ ᠪᠣᠯᠬᠤ ᠦᠭᠡᠶ᠃ | ⒍ ᠭᠠᠯ᠂ ᠠᠭᠤᠷ᠂ ᠪᠤᠴᠠᠯᠤᠭᠰᠠᠨ ᠤᠰᠤ ᠪᠠᠷ ᠪᠣᠯᠣᠳ ᠰᠠᠪᠠ ᠶᠢ ᠬᠠᠯᠠᠭᠠᠬᠤ ᠶᠢ ᠴᠢᠩᠭ᠎ᠠ ᠴᠠᠭᠠᠵᠠᠯᠠᠵᠤ᠂ | ᠪᠣᠯᠣᠳ ᠰᠠᠪᠠᠨ ᠤ ᠳᠠᠷᠤᠯᠲᠠ ᠲᠦᠷᠭᠡᠨ ᠳᠡᠭᠡᠭᠰᠢᠯᠡᠵᠦ ᠰᠠᠨᠠᠭᠠᠨ ᠳᠤ ᠥᠬᠡᠶ ᠠᠳᠡᠯ ᠭᠠᠷᠬᠤ ᠠᠴᠠ ᠵᠠᠶᠢᠯᠠᠰᠬᠢᠬᠦ | ᠬᠡᠷᠡᠭᠲᠡᠶ᠃ | ⒎ ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠬᠡᠪᠲᠡᠭᠦᠯᠵᠦ ᠲᠠᠯᠪᠢᠬᠤ ᠪᠤᠶᠤ ᠲᠤᠩᠭᠤᠷᠠᠭᠤᠯᠵᠤ | ᠲᠠᠯᠪᠢᠬᠤ ᠶᠢ ᠴᠢᠩᠭ᠎ᠠ ᠴᠠᠭᠠᠵᠠᠯᠠᠵᠤ᠂ ᠡᠷᠬᠡᠪᠰᠢ ᠪᠤᠰᠤᠭ᠎ᠠ ᠪᠠᠷ ᠲᠠᠯᠪᠢᠬᠤ ᠬᠡᠷᠡᠭᠲᠡᠶ᠃ | ⒏ ᠬᠡᠷᠡᠭᠯᠡᠭᠴᠢ ᠶᠢᠨ ᠥᠪᠡᠰᠦᠪᠡᠨ ᠬᠡᠶ ᠳᠠᠮᠵᠢᠭᠤᠯᠬᠤ᠂ ᠦᠯᠡᠳᠡᠭᠳᠡᠯ ᠰᠢᠩᠭᠡᠨ ᠢᠶᠠᠨ ᠴᠢᠳᠬᠤᠬᠤ ᠶᠢ | ᠴᠢᠩᠭ᠎ᠠ ᠴᠠᠭᠠᠵᠠᠯᠠᠵᠤ᠂ ᠰᠢᠯᠭᠠᠨ ᠪᠠᠶᠢᠴᠠᠭᠠᠬᠤ ᠲᠡᠮᠳᠡᠭ ᠪᠠ ᠰᠠᠪᠠᠨ ᠤ ᠰᠢᠷ ᠤᠨ ᠥᠩᠭᠡ ᠶᠢ ᠥᠪᠡᠰᠦᠪᠡᠨ | ᠰᠣᠯᠢᠬᠤ ᠶᠢ ᠴᠢᠩᠭ᠎ᠠ ᠴᠠᠭᠠᠵᠠᠯᠠᠨ᠎ᠠ᠃ | ⒐ ᠰᠢᠩᠬᠡᠨᠵᠢᠮᠡᠯ ᠬᠡᠢ ᠶᠢᠨ ᠪᠤᠯᠤᠳ ᠰᠠᠪᠠ ᠪᠣᠯᠤᠨ ᠵᠤᠤᠬᠠᠨ ᠤ ᠬᠡᠷᠡᠭᠰᠡᠯ ᠢ ᠬᠤᠯᠪᠣᠭᠰᠠᠨ ᠭᠤᠮ | ᠬᠤᠭᠤᠯᠠᠶ ᠶᠢᠨ ᠬᠤᠶᠠᠷ ᠦᠵᠦᠭᠦᠷ ᠢ ᠡᠷᠬᠡᠪᠰᠢ ᠬᠤᠭᠤᠯᠠᠶ ᠶᠢᠨ ᠬᠠᠪᠴᠢᠭᠤᠷ ᠢᠶᠠᠷ ᠴᠢᠩᠭ᠎ᠠ ᠬᠠᠪᠴᠢᠵᠤ᠂ ᠪᠤᠯᠤᠳ | ᠰᠠᠪᠠ ᠪᠣᠯᠤᠨ ᠵᠤᠤᠬᠠᠨ ᠤ ᠭᠠᠳᠠᠷ ᠲᠠᠯ᠎ᠠ ᠶᠢᠨ ᠬᠤᠭᠤᠷᠣᠨᠳᠣᠬᠢ ᠵᠠᠶ ᠨᠢ 0᠂ 5 ᠮᠧᠲᠷ ᠠᠴᠠ ᠪᠠᠭ᠎ᠠ ᠪᠠᠶᠢᠵᠤ | ᠪᠣᠯᠬᠤ ᠦᠭᠡᠢ᠂ ᠭᠤᠮ ᠬᠤᠭᠤᠯᠠᠶ ᠶᠢᠨ ᠤᠷᠳᠤ ᠨᠢ 2 ᠮᠧᠲᠷ ᠠᠴᠠ ᠬᠡᠲᠦᠷᠡᠵᠦ ᠪᠣᠯᠬᠤ ᠦᠭᠡᠢ᠃ | ⒑ ᠰᠢᠲᠠᠮᠠᠬᠠᠶ ᠬᠡᠶ ᠶᠢᠨ ᠵᠤᠤᠬ᠎ᠠ ᠶᠢ ᠬᠤᠳᠠᠯᠳᠤᠨ ᠠᠪᠬᠤ ᠳᠠᠭᠠᠨ ᠦᠢᠯᠡᠳᠪᠤᠷᠢ ᠶᠢᠨ ᠨᠡᠷ᠎ᠡ᠂ | ᠦᠢᠯᠡᠳᠪᠤᠷᠢ ᠶᠢᠨ ᠬᠠᠶ᠋ᠢᠭ᠂ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ ᠪᠠ ᠠᠮᠤᠷ ᠲᠦᠪᠰᠢᠨ ᠢᠶᠠᠷ ᠬᠡᠷᠡᠭᠯᠡᠬᠦ | ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠨᠢᠮᠪᠠᠶ ᠪᠠᠶᠢᠴᠠᠭᠠᠨ ᠦᠵᠡᠵᠦ᠂ ︽ᠭᠤᠷᠪᠠ ᠥᠬᠡᠶ︾ ᠬᠠᠭᠤᠷᠮᠠᠭ ᠮᠠᠭᠤ | ᠦᠢᠯᠡᠳᠬᠦᠨ ᠬᠤᠳᠠᠯᠳᠤᠨ ᠠᠪᠬᠤ ᠠᠴᠠ ᠵᠠᠶᠢᠯᠠᠰᠬᠢᠬᠦ ᠬᠡᠷᠡᠭᠲᠡᠶ᠃ | ⒒ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠨᠣᠴᠣᠭᠠᠬᠤ ᠦᠶᠡᠰ᠂ ᠤᠷᠢᠳ ᠢᠶᠠᠷ ᠪᠣᠯᠣᠳ ᠰᠠᠪᠠᠨ | ᠳᠡᠭᠡᠷᠡᠬᠢ ᠨᠡᠭᠡᠯᠡᠬᠡᠶ ᠶᠢ ᠨᠡᠭᠡᠭᠡᠵᠦ᠂ ᠳᠠᠷᠠᠭ᠎ᠠ ᠨᠢ ᠵᠤᠤᠬ᠎ᠠ ᠢᠶᠠᠨ ᠨᠣᠴᠣᠭᠠᠨ᠎ᠠ᠃ ᠬᠡᠷᠡᠭᠯᠡᠵᠦ ᠪᠠᠷᠠᠭᠰᠠᠨ ᠤ ᠳᠠᠷᠠᠭ᠎ᠠ᠂ | ᠤᠷᠢᠳ ᠢᠶᠠᠷ ᠵᠤᠤᠬ᠎ᠠ ᠪᠠᠨ ᠬᠠᠭᠠᠵᠤ᠂ ᠳᠠᠷᠠᠭ᠎ᠠ ᠨᠢ ᠪᠣᠯᠣᠳ ᠰᠠᠪᠠᠨ ᠤ ᠨᠡᠭᠡᠯᠡᠬᠡᠶ ᠶᠢ ᠬᠠᠭᠠᠨ᠎ᠠ᠃ | ⒓ᠰᠢᠩᠬᠡᠨᠵᠢᠮᠡᠯ ᠬᠡᠢ ᠶᠢᠨ ᠪᠣᠯᠣᠳ ᠰᠠᠪᠠ ᠶᠢ ᠰᠣᠯᠢᠬᠤ ᠦᠶ᠎ᠡ ᠳᠤ᠂ ᠲᠠᠷᠤᠯᠳᠠ ᠲᠣᠬᠢᠷᠠᠭᠤᠯᠤᠭᠴᠢ ᠶᠢ | ᠰᠠᠯᠭᠠᠬᠤ ᠳᠤ ᠪᠠᠨ ᠲᠠᠷᠤᠯᠳᠠ ᠲᠣᠬᠢᠷᠠᠭᠤᠯᠤᠭᠴᠢ ᠶᠢᠨ ᠡᠮᠦᠨ᠎ᠡ ᠬᠡᠰᠡᠭ ᠤᠨ ᠨᠢᠭᠲᠠ ᠪᠢᠳᠠᠬᠦᠮᠵᠢᠯᠡᠬᠦ ᠭᠤᠮ | ᠴᠠᠭᠠᠷᠢᠭ ᠤᠨ ᠪᠦᠷᠢᠨ ᠪᠦᠲᠦᠨ ᠪᠠᠶᠢᠬᠤ ᠶᠢ ᠨᠠᠷᠢᠨ ᠪᠠᠶᠢᠴᠠᠭᠠᠬᠤ ᠬᠡᠷᠡᠭᠲᠡᠶ᠂ ᠡᠰᠡ ᠲᠡᠭᠡᠪᠡᠯ ᠬᠡᠷᠡᠭᠯᠡᠵᠦ ᠪᠣᠯᠬᠤ | ᠦᠭᠡᠢ︔ ᠲᠠᠷᠤᠯᠳᠠ ᠲᠤᠬᠢᠷᠠᠭᠤᠯᠤᠭᠴᠢ ᠶᠢ ᠤᠭᠰᠠᠷᠠᠬᠤ ᠳᠠᠭᠠᠨ ᠲᠠᠷᠤᠯᠳᠠ ᠲᠤᠬᠢᠷᠠᠭᠤᠯᠤᠭᠴᠢ ᠶᠢᠨ ᠡᠷᠬᠢᠬᠦᠯ ᠢ | ᠴᠢᠩᠭᠠᠯᠠᠬᠤ ᠶᠢᠨ ᠬᠠᠮᠲᠤ ᠪᠤᠯᠤᠤᠠ ᠰᠠᠪᠠᠨ ᠤ ᠨᠡᠭᠡᠯᠡᠬᠡᠶ ᠶᠢ ᠨᠡᠭᠡᠭᠡᠵᠦ᠂ ᠰᠠᠪᠤᠩ ᠲᠠᠢ ᠤᠰᠤ ᠪᠠᠷ ᠡᠯ᠎ᠡ | ᠵᠠᠯᠭᠠᠭᠠᠰᠤ ᠶᠢᠨ ᠭᠡᠢ ᠭᠤᠭᠤᠵᠢᠵᠤ ᠪᠠᠶᠢᠬᠤ ᠡᠰᠡᠬᠦ ᠶᠢ ᠪᠠᠶᠢᠴᠠᠭᠠᠨ᠎ᠠ᠃ | ⒔ᠲᠠᠷᠤᠯᠳᠠ ᠲᠣᠬᠢᠷᠠᠭᠤᠯᠬᠤ ᠨᠡᠭᠡᠯᠡᠬᠡᠶ ᠶᠢ ᠵᠥᠪ ᠣᠨᠣᠪᠴᠢᠲᠠᠶ ᠰᠣᠩᠭᠤᠨ ᠬᠡᠷᠡᠭᠯᠡᠵᠦ᠂ ᠳᠤᠮᠳᠠ | ᠳᠠᠷᠤᠯᠲᠠᠲᠤ ᠲᠠᠷᠤᠯᠳᠠ ᠲᠣᠬᠢᠷᠠᠭᠤᠯᠬᠤ ᠨᠡᠭᠡᠯᠡᠬᠡᠶ ᠶᠢ ᠬᠡᠷ ᠪᠦᠯᠢ ᠶᠢᠨ ᠬᠡᠷᠡᠭᠯᠡᠭᠡᠨ ᠤ ᠳᠣᠤᠷ᠎ᠠ ᠳᠠᠷᠤᠯᠲᠠᠲᠤ | ᠰᠢᠲᠠᠮᠠᠬᠠᠶ ᠬᠡᠶ ᠶᠢᠨ ᠵᠤᠤᠬ᠎ᠠ ᠳᠤ ᠤᠭᠰᠠᠷᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ⒕ᠰᠢᠲᠠᠮᠠᠬᠠᠶ ᠬᠡᠶ ᠶᠢᠨ ᠵᠤᠤᠬ᠎ᠠ ᠶᠢᠨ ᠬᠡᠷᠡᠭᠰᠡᠯ ᠢ ᠬᠡᠷᠡᠭᠯᠡᠬᠦ ᠦᠶ᠎ᠡ ᠳᠤ᠂ ᠬᠠᠵᠠᠭᠤ ᠳᠤᠨᠢ ᠬᠦᠮᠤᠨ ᠲᠠᠢ | ᠪᠠᠶᠢᠬᠤ ᠶᠢ ᠪᠠᠳᠤᠯᠠᠨ᠂ ᠵᠤᠤᠬ᠎ᠠ ᠶᠢᠨ ᠭᠠᠯ ᠰᠠᠯᠬᠢᠨ ᠳᠤ ᠦᠯᠢᠶᠡᠭᠳᠡᠨ ᠤᠨᠲᠠᠷᠠᠬᠤ ᠪᠤᠶᠤ ᠬᠤᠭᠤᠯᠠ ᠤᠮᠳ᠋ᠨ | ᠪᠢᠯᠬᠠᠨ ᠠᠰᠬᠠᠬᠤ ᠠᠴᠠ ᠪᠣᠯᠵᠣ᠂ ᠵᠤᠤᠬ᠎ᠠ ᠶᠢᠨ ᠭᠠᠯ ᠤᠨᠲᠠᠷᠠᠵᠣ ᠰᠢᠲᠠᠮᠠᠬᠠᠶ ᠬᠡᠶ ᠯᠡᠪᠡᠷᠡᠬᠦ ᠶᠢ ᠰᠡᠷᠭᠡᠶᠢᠯᠡᠵᠦ᠂ | ᠭᠠᠯ ᠢᠶᠠᠨ ᠤᠡᠳᠠᠷᠠᠭᠠᠭᠠᠳ ᠶᠠᠪᠤᠬᠤ ᠶᠢ ᠪᠠᠳᠤᠯᠠᠬᠤ ᠬᠡᠷᠡᠭᠲᠡᠶ᠃ | ⒖ ᠬᠡᠷ ᠪᠦᠯᠢ ᠶᠢᠨ ᠬᠡᠷᠡᠭᠯᠡᠭᠴᠢ ᠨᠢ ᠶᠠᠷᠤᠳᠡᠬᠡᠨ ᠰᠢᠩᠭᠡᠵᠢᠮᠠᠯ ᠴᠢᠯᠠᠭᠤᠨ ᠲᠣᠰᠣᠨ ᠤ ᠬᠡᠶ ᠶᠢᠨ ᠪᠣᠯᠣᠳ | ᠰᠠᠪᠠ ᠶᠢ ᠨᠢᠭᠡ ᠶᠢ ᠯᠠ ᠬᠠᠳᠠᠭᠠᠯᠠᠪᠠᠯ ᠵᠣᠬᠢᠨ᠎ᠠ᠃ | ᠬᠤᠶᠠᠷ᠂ ᠰᠢᠩᠭᠡᠨᠵᠢᠮᠡᠯ ᠴᠢᠯᠠᠭᠤᠨ ᠲᠤᠰᠤᠨ ᠬᠡᠢ ᠰᠠᠪᠠᠯᠠᠭᠰᠡᠨ ᠪᠤᠯᠤᠳ ᠰᠠᠪᠠ ᠶᠢ ᠬᠠᠳᠠᠭᠠᠯᠠᠬᠤ ᠠᠷᠭ᠎ᠠ | ⒈ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠭᠠᠵᠠᠷ ᠤᠨ ᠡᠵᠡᠩᠨᠡᠯᠲᠡ ᠶᠢᠨ ᠲᠢᠩᠬᠢᠮ ᠳᠤ ᠰᠢᠩᠬᠡᠨᠵᠢᠮᠡᠯ | ᠬᠡᠢ ᠶᠢᠨ ᠪᠤᠯᠤᠳ ᠰᠠᠪᠠ ᠬᠠᠳᠠᠭᠠᠯᠠᠬᠤ ᠪᠠ ᠬᠡᠷᠡᠭᠯᠡᠬᠦ ᠶᠢ ᠴᠠᠭᠠᠵᠠᠯᠠᠨ᠎ᠠ᠃ | ⒉ ᠭᠠᠵᠠᠷ ᠳᠣᠤᠷᠠᠬᠢ᠂ ᠬᠠᠭᠠᠰ ᠭᠠᠵᠠᠷ ᠳᠣᠤᠷᠠᠬᠢ ᠬᠡᠷ ᠪᠠ ᠲᠠᠯᠠᠪᠤᠷ ᠲᠤ ᠬᠠᠳᠠᠭᠠᠯᠠᠬᠤ ᠪᠤᠶᠤ ᠬᠡᠷᠡᠭᠯᠡᠬᠦ ᠶᠢ | ᠵᠥᠪᠰᠢᠶᠡᠷᠡᠬᠦ ᠥᠬᠡᠶ᠃ | ⒊ ᠪᠣᠯᠣᠳ ᠰᠠᠪᠠ ᠶᠢ ᠰᠢᠲᠠᠮ᠎ᠠ ᠨᠡᠷᠡᠨ ᠳᠤ ᠢᠯᠡ ᠰᠢᠷᠠᠭᠳᠠᠬᠤ᠂ ᠪᠣᠷᠣᠭᠠᠨ ᠳᠤ ᠨᠣᠷᠣᠭᠳᠠᠬᠤ ᠵᠢᠴᠢ | ᠴᠢᠭᠢᠭᠯᠢᠭ ᠭᠠᠵᠠᠷ ᠲᠤ ᠲᠠᠯᠪᠢᠬᠤ ᠶᠢ ᠴᠢᠩᠭ᠎ᠠ ᠴᠠᠭᠠᠵᠠᠯᠠᠨ᠎ᠠ᠃ | ⒋ ᠰᠢᠩᠬᠡᠨᠵᠢᠮᠡᠯ ᠬᠡᠢ ᠶᠢᠨ ᠪᠤᠯᠤᠳ ᠰᠠᠪᠠ ᠶᠢ ᠬᠠᠳᠠᠭᠠᠯᠠᠵᠤ ᠪᠠᠶᠢᠭ᠎ᠠ ᠬᠥᠮᠥᠷᠭᠡ ᠨᠢ ᠬᠥᠮᠦᠰ ᠤᠨ ᠰᠠᠭᠤᠵᠤ | ᠪᠠᠶᠢᠭ᠎ᠠ ᠭᠠᠵᠠᠷ ᠲᠠᠢ ᠨᠢᠭᠡ ᠯᠡ ᠪᠠᠷᠢᠯᠭ᠎ᠠ ᠶᠢᠨ ᠳᠣᠲᠣᠷ᠎ᠠ ᠪᠠᠶᠢᠵᠤ ᠪᠣᠯᠬᠤ ᠦᠭᠡᠢ ᠪᠥᠭᠡᠳ ᠠᠮᠤᠷ ᠲᠦᠪᠰᠢᠨ ᠤ | ᠵᠠᠶ ᠲᠠᠢ ᠪᠠᠶᠢᠯᠭᠠᠬᠤ ᠬᠡᠷᠡᠭᠳᠡᠢ᠃ | ⒌ ᠬᠤᠳᠠᠯᠳᠤᠭᠠᠨ ᠤ ᠭᠠᠵᠡᠷ᠂ ᠢᠳᠡᠭᠡᠨ ᠤᠮᠳᠠᠭᠠᠨ ᠤ ᠲᠠᠯᠠᠪᠤᠷ ᠤᠨ ᠲᠣᠭᠤᠭᠠᠨ ᠭᠡᠷ ᠲᠤ ᠨᠢᠭᠡ ᠠᠴᠠ | ᠢᠯᠡᠬᠦᠦ ᠪᠤᠯᠤᠳ ᠰᠠᠪᠠ ᠬᠡᠷᠡᠭᠯᠡᠪᠡᠯ ᠬᠠᠳᠠᠭᠠᠯᠠᠬᠤ ᠲᠠᠰᠤᠯᠭ᠎ᠠ ᠶᠢ ᠲᠤᠰᠠᠭᠠᠷ ᠪᠠᠶᠢᠷᠢᠯᠠᠭᠤᠯᠤᠨ᠂ ᠯᠣᠩᠬᠤ | ᠬᠠᠳᠠᠭᠠᠯᠠᠬᠤ ᠲᠠᠰᠤᠯᠭ᠎ᠠ ᠪᠣᠯᠭᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠄ | | ⑴ ᠥᠷᠥᠭᠡᠨ ᠤ ᠴᠣᠩᠬᠤ ᠶᠢ ᠨᠡᠭᠡᠭᠡᠵᠦ᠂ ᠲᠠᠯᠠᠪᠠᠢ ᠨᠢ ᠳᠠᠷᠤᠯᠲᠠ ᠪᠠᠭᠤᠷᠠᠭᠤᠯᠬᠤ ᠱᠠᠭᠠᠷᠳᠠᠯᠭ᠎ᠠ ᠳᠤ | ᠨᠡᠶᠢᠴᠡᠬᠦ ᠮᠥᠷᠲᠡᠭᠡᠨ ᠰᠠᠯᠬᠢ ᠵᠢᠪᠠᠷ ᠨᠡᠪᠲᠡᠷᠡᠬᠦ ᠳᠤ ᠰᠠᠶᠢᠨ ᠪᠠᠶᠢᠬᠤ ᠬᠡᠷᠡᠭᠳᠡᠢ᠃ | ⑵ᠥᠷᠥᠭᠡᠨ ᠤ ᠴᠠᠬᠢᠯᠭᠠᠨ ᠬᠡᠷᠡᠭᠯᠡᠭᠦᠷ ᠨᠢ ᠳᠡᠯᠪᠡᠷᠡᠯᠲᠡ ᠶᠢ ᠰᠡᠷᠭᠡᠶᠢᠯᠡᠬᠦ ᠴᠠᠬᠢᠯᠭᠠᠨ ᠬᠡᠷᠡᠭᠯᠡᠭᠦᠷ ᠪᠠᠶᠢᠬᠤ | ᠬᠡᠷᠡᠭᠲᠡᠶ︔ | ⑶ᠭᠡᠷ ᠤᠨ ᠱᠠᠯᠠ ᠤᠴᠢ ᠦᠯᠤ ᠡᠬᠦᠰᠬᠦ ᠭᠠᠳᠠᠷᠭᠤ ᠪᠠᠶᠢᠬᠤ ᠬᠡᠷᠡᠭᠲᠡᠶ︔ | ⑷ᠬᠥᠷᠰᠢ ᠵᠡᠷᠭᠡᠯᠡᠳᠡᠭᠡ ᠭᠡᠷ ᠪᠠᠶᠢᠰᠢᠩ ᠨᠢ ᠢᠯᠡ ᠭᠠᠯ ᠦᠬᠡᠢ᠂ ᠤᠴᠢ ᠦᠯᠤ ᠡᠬᠦᠰᠬᠦ ᠱᠠᠯᠠ ᠪᠠᠶᠢᠬᠤ | ᠬᠡᠷᠡᠭᠲᠡᠶ︔ | ⑸ ᠰᠢᠲᠠᠮᠠᠬᠠᠶ ᠬᠡᠶ ᠶᠢᠨ ᠥᠳᠬᠡᠴᠡ ᠶᠢᠨ ᠰᠠᠷᠠᠮᠵᠢᠯᠡᠬᠦᠯᠬᠦ ᠲᠦᠬᠦᠬᠡᠷᠤᠮᠵᠢ ᠲᠣᠬᠢᠷᠠᠭᠤᠯᠬᠤ ᠬᠡᠷᠡᠭᠲᠡᠶ︔ | ⑹ ᠠᠳᠠᠭ ᠪᠠᠭ᠎ᠠ ᠳᠠᠭᠠᠨ 8 ᠺᠢᠯᠣᠭ᠍ᠷᠠᠮ ᠬᠠᠭᠤᠷᠠᠶ ᠨᠤᠨᠲᠠᠭ ᠤᠨ ᠭᠠᠯ ᠤᠨᠲᠠᠷᠠᠭᠠᠭᠤᠷ ᠢ 2 ᠠᠴᠠ ᠳᠡᠭᠡᠭᠰᠢ | ᠲᠣᠬᠢᠷᠠᠭᠤᠯᠬᠤ ᠬᠡᠷᠡᠭᠲᠡᠶ᠃ | ᠭᠤᠷᠪᠠ᠂ ᠰᠢᠲᠠᠮᠠᠬᠠᠶ ᠬᠡᠶ ᠯᠡᠪᠡᠷᠡᠬᠦ ᠶᠢ ᠬᠡᠷᠬᠢᠨ ᠢᠯᠭᠠᠨ ᠲᠠᠨᠢᠬᠤ ᠪᠣᠶ | ⒈ ᠰᠢᠲᠠᠮᠠᠬᠠᠶ ᠬᠡᠶ ᠶᠢᠨ ᠲᠣᠰ ᠪᠡᠶ᠎ᠡ ᠨᠢ ᠥᠩᠭᠡ ᠥᠬᠡᠶ ᠦᠨᠦᠷ ᠥᠬᠡᠶ ᠬᠡᠶ ᠪᠡᠶᠡᠲᠦ ᠪᠠᠶᠢᠵᠤ᠂ ᠨᠢᠳᠦᠨ ᠳᠤ | ᠦᠵᠡᠭᠳᠡᠬᠦ ᠥᠬᠡᠶ ᠪᠠᠶᠢᠳᠠᠭ᠃ ᠬᠡᠷᠡᠭᠯᠡᠭᠴᠢᠳ ᠤᠨ ᠢᠯᠭᠠᠨ ᠲᠠᠨᠢᠬᠤ ᠳᠤ ᠲᠥᠬᠦᠮ ᠪᠣᠯᠭᠠᠬᠤ ᠶᠢᠨ ᠲᠤᠰᠠᠳᠠ᠂ | ᠰᠠᠭᠤᠭᠠᠯᠢ ᠠᠷᠠᠳ ᠲᠤ ᠬᠡᠷᠡᠭᠯᠡᠬᠦ ᠰᠢᠲᠠᠮᠠᠬᠠᠶ ᠬᠡᠶ ᠳᠤ ᠬᠦᠮᠤᠨ ᠤ ᠬᠦᠴᠤ ᠪᠠᠷ ᠠᠮᠠᠷᠬᠠᠨ ᠦᠨᠤᠷᠳᠡᠭᠳᠡᠬᠦ ᠨᠢᠭᠡ | ᠵᠥᠢᠯ ᠤᠨ ᠣᠨᠴᠠᠭᠠᠶ ᠦᠮᠡᠬᠡᠶ ᠦᠨᠦᠷ ᠤᠷᠤᠭᠤᠯᠤᠭᠰᠡᠨ ᠪᠠᠶᠢᠵᠤ᠂ ᠬᠥᠮᠦᠰ ᠲᠤ ᠠᠮᠠᠷᠬᠠᠨ ᠦᠨᠤᠷᠳᠦᠭᠳᠡᠨᠠ᠃ | ⒉ᠬᠡᠷᠪᠡ ᠡᠶᠢᠮᠦᠷᠬᠦᠦ ᠦᠮᠡᠬᠡᠶ ᠦᠨᠦᠷ ᠢ ᠣᠯᠵᠤ ᠦᠨᠦᠷᠲᠦᠪᠡᠯ ᠰᠢᠲᠠᠮᠠᠬᠠᠶ ᠬᠡᠢ ᠯᠡᠪᠡᠷᠡᠵᠦ ᠪᠠᠶᠢᠬᠤ | ᠡᠰᠡᠬᠦ ᠶᠢ ᠠᠩᠬᠠᠷᠬᠤ ᠬᠡᠷᠡᠭᠲᠡᠶ᠃ | ⒊ᠰᠠᠪᠤᠩ ᠲᠠᠢ ᠤᠰᠤ ᠶᠢ ᠰᠢᠲᠠᠮᠠᠬᠠᠶ ᠬᠡᠶ ᠶᠢᠨ ᠬᠡᠮᠵᠢᠭᠦᠷ᠂ ᠵᠤᠤᠬ᠎ᠠ ᠪᠠ ᠬᠤᠭᠤᠯᠠᠶ ᠶᠢᠨ ᠵᠠᠯᠭᠠᠭᠠᠰᠤ ᠳᠤ | ᠲᠦᠷᠬᠢᠵᠦ ᠪᠣᠯᠤᠨ᠎ᠠ᠂ ᠬᠥᠭᠡᠰᠦ ᠭᠠᠷᠤᠭᠰᠠᠨ ᠭᠠᠵᠠᠷ ᠪᠦᠬᠦᠨ ᠨᠢ ᠴᠥᠮ ᠰᠢᠲᠠᠮᠠᠬᠠᠶ ᠬᠡᠶ ᠯᠠᠪᠠᠷᠠᠵᠤ ᠪᠠᠶᠢᠬᠤ ᠭᠠᠵᠠᠷ | ᠪᠠᠶᠢᠵᠤ᠂ ᠪᠣᠯᠣᠳ ᠰᠠᠪᠠᠨ ᠤ ᠨᠡᠭᠡᠯᠡᠬᠡᠶ ᠶᠢ ᠳᠠᠷᠤᠶ ᠳᠤᠨᠢ ᠬᠠᠭᠠᠵᠤ᠂ ᠬᠡᠶ ᠬᠠᠩᠭᠠᠬᠤ ᠨᠢᠬᠡᠴᠠ ᠳᠤ ᠮᠡᠳᠡᠭᠦᠯᠬᠦ | ᠬᠡᠷᠡᠭᠲᠡᠶ᠃ | ⒋ ᠢᠯᠡ ᠭᠠᠯ ᠢᠶᠠᠷ ᠬᠡᠶ ᠯᠡᠪᠡᠷᠡᠭᠰᠡᠨ ᠢ ᠪᠠᠶᠢᠴᠠᠭᠠᠬᠤ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠪᠠᠴᠢᠮ ᠪᠠᠶᠢᠳᠠᠯ ᠢ ᠰᠢᠢᠳᠪᠦᠷᠢᠯᠡᠬᠦ ᠠᠷᠭ᠎ᠠ | ⒈ ᠰᠢᠩᠬᠡᠨᠵᠢᠮᠡᠯ ᠬᠡᠢ ᠶᠢᠨ ᠭᠤᠭᠤᠵᠢᠭᠰᠡᠨ ᠢ ᠪᠠᠴᠢᠮ ᠰᠢᠢᠳᠪᠤᠷᠢᠯᠡᠬᠦ ᠠᠷᠭ᠎ᠠ᠄ | ⑴ ᠬᠡᠢ ᠶᠢᠨ ᠢᠷᠡᠯᠲᠡ ᠶᠢ ᠦᠳᠲᠡᠷ ᠲᠦᠷᠭᠡᠨ ᠲᠠᠰᠤᠯᠵᠤ᠂ ᠪᠣᠯᠣᠳ ᠰᠠᠪᠠᠨ ᠤ ᠨᠡᠭᠡᠯᠡᠬᠡᠶ ᠶᠢ ᠬᠠᠭᠠᠵᠤ᠂ | ᠡᠭᠦᠳᠡ ᠴᠣᠩᠬᠤ ᠪᠠᠨ ᠨᠡᠭᠡᠭᠡᠵᠦ ᠠᠭᠠᠷ ᠨᠡᠪᠲᠡᠷᠡᠭᠦᠯᠦᠨ᠎ᠡ᠃ | ⑵ ᠶᠠᠮᠠᠷᠪᠠ ᠴᠠᠬᠢᠯᠭᠠᠨ ᠬᠡᠷᠡᠭᠰᠡᠯ ᠢ ᠬᠥᠳᠡᠯᠭᠡᠬᠦ ᠥᠬᠡᠶ᠂ ᠶᠠᠮᠠᠷᠪᠠ ᠰᠢᠲᠠᠮᠠᠬᠠᠶ ᠬᠡᠶ ᠶᠢᠨ ᠲᠥᠬᠦᠭᠡᠷᠦᠮᠵᠢ ᠶᠢ | ᠨᠡᠭᠡᠭᠡᠵᠦ ᠪᠣᠯᠬᠤ ᠥᠬᠡᠶ᠂ ᠲᠤᠬᠠᠶ ᠶᠢᠨ ᠲᠠᠯᠠᠪᠤᠷ ᠲᠤ ᠤᠲᠠᠰᠤ ᠲᠤᠰᠴᠤ ᠰᠣᠨᠣᠰᠬᠤ ᠪᠤᠶᠤ ᠤᠲᠠᠰᠤᠳᠠᠬᠤ ᠶᠢ | ᠴᠢᠩᠭ᠎ᠠ ᠴᠠᠭᠠᠵᠠᠯᠠᠨ᠎ᠠ᠃ | ⑶ ᠨᠡᠭᠡᠯᠡᠬᠡᠶ ᠠᠴᠠ ᠬᠡᠢ ᠠᠯᠳᠠᠵᠤ ᠭᠠᠯ ᠭᠠᠷᠪᠠᠯ᠂ ᠬᠠᠭᠤᠷᠠᠶ ᠨᠤᠨᠲᠠᠭ ᠤᠨ ᠭᠠᠯ ᠤᠨᠲᠠᠷᠠᠭᠠᠭᠤᠷ ᠢᠶᠠᠷ | ᠲᠡᠭᠦᠨ ᠤ ᠭᠠᠯ ᠭᠠᠷᠤᠭᠰᠠᠨ ᠤᠭ ᠬᠡᠰᠡᠭ ᠢ ᠰᠦᠷᠴᠢᠬᠦ ᠪᠤᠶᠤ ᠨᠦᠢᠲᠠᠨ ᠬᠥᠪᠥᠩ ᠬᠥᠨᠵᠢᠯᠡ ᠪᠤᠶᠤ ᠨᠦᠢᠲᠠᠨ | ᠪᠦᠰ ᠵᠡᠷᠭᠡ ᠪᠠᠷ ᠪᠦᠳᠡᠬᠡᠵᠤ ᠳᠠᠷᠤᠶ ᠳᠤᠨᠢ ᠨᠦᠢᠲᠠᠨ ᠠᠯᠴᠢᠭᠤᠷ ᠢᠶᠠᠷ ᠭᠠᠷ ᠢᠶᠠᠨ ᠣᠷᠢᠶᠠᠵᠤ ᠨᠡᠭᠡᠯᠡᠬᠡᠶ ᠶᠢ ᠬᠠᠭᠠᠨ᠎ᠠ | ᠃ | ⑷ ᠴᠦᠢᠳᠧᠩ ᠪᠤᠶᠤ ᠨᠣᠴᠣᠭᠠᠭᠤᠷ ᠢ ᠬᠡᠷᠡᠭᠯᠡᠵᠦ ᠪᠣᠯᠬᠤ ᠦᠭᠡᠢ᠂ ᠲᠠᠮᠠᠬᠢ ᠲᠠᠲᠠᠬᠤ ᠶᠢ ᠴᠢᠩᠭ᠎ᠠ | ᠴᠠᠭᠠᠵᠠᠯᠠᠨ᠎ᠠ᠃ | ⑸ᠭᠡᠷ ᠤᠨ ᠭᠠᠳᠠᠨᠠᠬᠢ ᠠᠶᠤᠯ ᠦᠭᠡᠶ ᠭᠠᠵᠠᠷ ᠲᠤ ᠬᠦᠷᠴᠦ ᠠᠪᠤᠷᠡᠨ ᠲᠤᠰᠠᠯᠠᠬᠤ ᠤᠳᠠᠰᠤ ᠶᠢ ᠤᠳᠠᠰᠤᠳᠠᠵᠤ | ᠂ ᠬᠡᠢ ᠬᠠᠩᠭᠠᠬᠤ ᠨᠢᠬᠡᠴᠠ ᠳᠤ ᠮᠡᠳᠡᠭᠳᠡᠵᠦ ᠬᠥᠮᠦᠨ ᠲᠣᠮᠢᠯᠠᠨ ᠰᠢᠢᠳᠪᠤᠷᠢᠯᠡᠬᠦᠯᠤᠨ᠎ᠠ᠃ | ⑹ ᠬᠡᠷᠡᠭ ᠶᠠᠪᠤᠳᠠᠯ ᠬᠦᠨᠳᠦ ᠨᠣᠴᠢᠲᠠᠶ ᠪᠠᠶᠢᠪᠠᠯ᠂ ᠳᠠᠷᠤᠶ ᠲᠦᠷᠭᠡᠨ ᠬᠥᠮᠦᠰ ᠢ ᠵᠣᠬᠢᠶᠠᠨ ᠪᠠᠶᠢᠭᠤᠯᠵᠤ | ᠲᠤᠬᠠᠶ ᠶᠢᠨ ᠲᠠᠯᠠᠪᠤᠷ ᠠᠴᠠ ᠵᠠᠶᠢᠯᠠᠭᠤᠯᠵᠤ᠂ ᠬᠥᠮᠦᠰ ᠤᠨ ᠣᠶᠢᠷᠠᠳᠬᠤ ᠶᠢ ᠴᠠᠭᠠᠵᠠᠯᠠᠨ᠎ᠠ᠃ | ⑺ ︽ᠴᠠᠭᠳᠠᠭ᠎ᠠ ᠳᠤ ᠮᠡᠳᠡᠭᠦᠯᠬᠦ ᠨᠢ ᠡᠷᠲᠡ ᠪᠤᠯ ᠬᠤᠬᠢᠷᠠᠯ ᠨᠢ ᠪᠠᠭ᠎ᠠ︾᠃ ᠳᠠᠷᠤᠶ ᠲᠦᠷᠭᠡᠨ ᠠᠮᠤᠷ | ᠲᠦᠪᠰᠢᠨ ᠭᠠᠵᠠᠷ ᠲᠤ ᠬᠦᠷᠴᠦ᠂ ᠤᠲᠠᠰᠤ ᠪᠠᠷ ᠮᠡᠳᠡᠬᠦᠯᠤᠨ᠂ ᠰᠢᠲᠠᠮᠠᠬᠠᠶ ᠬᠡᠶ ᠠᠴᠠ ᠭᠠᠯ ᠭᠠᠷᠤᠭᠰᠠᠨ ᠭᠡᠳᠡᠭ ᠢ | ᠲᠣᠳᠣᠷᠬᠠᠶ ᠶᠠᠷᠢᠵᠤ ᠥᠭᠬᠦ ᠶᠢᠨ ᠬᠠᠮᠲᠤ ᠭᠠᠯ ᠭᠠᠷᠤᠭᠰᠠᠨ ᠭᠠᠵᠠᠷ ᠢᠶᠠᠨ ᠲᠣᠳᠣᠷᠬᠠᠶ ᠲᠣᠳᠣᠷᠬᠠᠶᠢᠯᠠᠵᠤ᠂ ᠭᠠᠯ | ᠤᠨᠲᠠᠷᠠᠭᠠᠬᠤ ᠠᠩᠭᠢ ᠶᠢᠨ ᠬᠢᠨ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠦᠷᠴᠦ ᠭᠠᠯ ᠤᠨᠲᠠᠷᠠᠭᠠᠬᠤ ᠳᠤ | ᠲᠥᠬᠦᠮ ᠦᠵᠡᠭᠦᠯᠦᠨ᠎ᠡ᠃ | ⑻ ᠵᠡᠷᠭᠡᠯᠡᠳᠡᠭᠡ ᠠᠶᠢᠯ ᠤᠨ ᠰᠢᠩᠬᠡᠨᠵᠢᠮᠡᠯ ᠬᠡᠢ ᠯᠡᠪᠡᠷᠡᠵᠦ ᠪᠠᠶᠢᠬᠤ ᠶᠢ ᠣᠯᠵᠤ ᠮᠡᠳᠡᠪᠡᠯ ᠡᠭᠦᠳᠡ ᠲᠣᠭᠰᠢᠵᠤ | ᠮᠡᠳᠡᠭᠳᠡᠬᠦ ᠬᠡᠷᠡᠭᠲᠡᠶ᠂ ᠡᠭᠦᠳᠡᠨ ᠬᠤᠩᠬᠤ ᠶᠢ ᠳᠠᠷᠤᠵᠤ ᠪᠣᠯᠬᠤ ᠦᠭᠡᠢ᠃ | ⒉ ᠬᠡᠷᠪᠡ ᠲᠤᠬᠠᠶ ᠶᠢᠨ ᠲᠠᠯᠠᠪᠤᠷ ᠲᠤ ᠬᠦᠴᠢᠯᠲᠥ᠋ᠷᠥᠭᠴᠢ ᠳᠤᠲᠠᠭᠰᠠᠨ ᠪᠤᠶᠤ ᠬᠤᠣᠷᠳᠠᠭᠳᠠᠭᠰᠠᠳ ᠢ ᠣᠯᠵᠤ | ᠮᠡᠳᠡᠪᠡᠯ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠠᠪᠬᠤ ᠬᠡᠷᠡᠭᠲᠡᠶ᠄ | ⑴ ᠬᠤᠣᠷᠳᠠᠭᠳᠠᠭᠰᠠᠳ ᠢ ᠰᠠᠯᠬᠢ ᠰᠠᠶᠢᠨ ᠨᠡᠪᠲᠡᠷᠡᠬᠦ᠂ ᠠᠭᠠᠷ ᠰᠢᠨ᠎ᠡ ᠰᠣᠷᠭᠤᠭ ᠭᠠᠵᠠᠷ ᠲᠤ ᠳᠠᠷᠦ᠋ᠢᠬᠠᠨ | ᠰᠢᠯᠵᠢᠭᠦᠯᠵᠦ᠂ ᠳᠤᠯᠠᠭᠠᠯᠠᠬᠤ ᠶᠢ ᠠᠩᠬᠠᠷᠤᠨ᠎ᠠ᠃ | ⑵ ᠬᠦᠨᠳᠦ ᠬᠤᠣᠷᠳᠠᠭᠳᠠᠭᠰᠠᠳ ᠢ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠭᠦᠯᠦᠨ᠎ᠡ᠃ | | | ᠠᠪᠠᠭ᠎ᠠ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ | 2021 ᠤᠨ ᠤ 6 ᠰᠠᠷ᠎ᠠ ᠶᠢᠨ 25 ᠤ ᠡᠳᠤᠷ | |