ᠰᠢ ᠶᠢᠨ ᠫᠢᠡᠭ ᠶᠠᠷᠤᠩᠬᠡᠢ ᠱᠦᠵᠢ ᠶᠢᠨ ︽ᠠᠷᠡᠳ ᠲᠦᠮᠡᠨ ᠢ ᠲᠡᠬᠡᠳᠤᠯᠡᠨ᠂ ᠠᠮᠢ ᠨᠠᠰᠤ ᠶᠢ ᠲᠡᠬᠡᠳᠤᠯᠡᠬᠦ | ︾ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠡᠵᠡᠬᠡᠢ ᠲᠤᠤᠱᠯᠠᠭᠤᠯᠤᠨ᠂ ᠪᠦᠬᠦ ᠠᠷᠡᠳ ᠤᠨ ᠠᠶᠤᠯᠬᠦᠢ | ᠦᠢᠯᠡᠳᠪᠤᠷᠢᠯᠡᠯ ᠤᠨ ᠤᠬᠠᠮᠰᠠᠷ ᠢ ᠲᠡᠬᠡᠭᠰᠢᠯᠡᠬᠦᠯᠵᠤ᠂ ᠡᠶ᠎ᠡ ᠵᠤᠬᠢᠴᠠᠯ ᠲᠠᠢ᠂ ᠲᠤᠭᠳᠠᠭᠤᠨ ᠠᠶᠤᠯᠬᠦᠢ | ᠦᠢᠯᠡᠳᠪᠤᠷᠢᠯᠡᠯ ᠠᠮᠢᠳᠤᠷᠡᠯ ᠤᠨ ᠤᠷᠴᠢᠨ ᠢ ᠪᠠᠳᠤᠯᠠᠬᠤ ᠶᠢᠨ ᠲᠤᠰᠠᠳᠠ ᠦᠷᠬᠡᠨ ᠤᠯᠠᠨ ᠬᠡᠷᠡᠭᠯᠡᠭᠴᠢᠳ ᠲᠤ | ᠲᠤᠤᠷᠡᠬᠢ ᠮᠠᠳᠤ ᠮᠡᠳᠡᠭᠳᠡᠶ᠎ᠠ᠄ | ᠨᠢᠬᠡ᠂ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠬᠤᠳᠠᠯᠳᠤᠨ ᠠᠪᠬᠤ ᠠᠮᠤᠷ ᠲᠦᠪᠰᠢᠨ ᠤ | ᠱᠠᠭᠠᠷᠳᠠᠯᠭ᠎ᠠ | ︵ᠨᠢᠬᠡ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢᠨ ᠴᠢᠨᠡᠷ ᠴᠢᠡᠰᠠᠭ᠎ᠠ᠂ ᠪᠠᠷᠢᠮᠵᠢᠶᠠᠨ ᠤ ᠬᠢᠷᠢ | ᠲᠠᠩᠴᠡᠭᠰᠡᠨ ᠦᠨᠡᠮᠯᠡᠯ᠂ ᠰᠢᠯᠭᠠᠨ ᠪᠠᠶᠢᠴᠠᠭᠠᠭᠰᠡᠨ ᠬᠡᠷᠡᠴᠢ᠂ ᠦᠢᠯᠡᠳᠪᠤᠷᠢᠯᠡᠭᠰᠡᠨ ᠡᠳᠤᠷ ᠬᠤᠭᠤᠴᠠᠭ᠎ᠠ ᠵᠡᠷᠬᠡ | ᠪᠠᠶᠢᠬᠤ ᠬᠡᠷᠡᠭᠳᠡᠢ᠃ | ︵ᠬᠤᠶᠡᠷ︶ ︽ᠠᠶᠤᠯᠳᠡᠢ ᠬᠢᠮᠢ ᠶᠢᠨ ᠪᠤᠳᠠᠰ ᠤᠨ ᠡᠵᠡᠩᠨᠡᠯᠳᠡ ᠶᠢᠨ ᠵᠦᠪᠰᠢᠶᠠᠷᠡᠯ ᠤᠨ ᠦᠨᠡᠮᠯᠡᠯ︾ ᠤᠨ | ᠬᠢᠷᠢ ᠬᠡᠮ ᠲᠠᠢ ᠪᠠᠶᠢᠭᠤᠯᠭ᠎ᠠ ᠠᠴᠠ ᠮᠧᠲ᠋ᠢᠯ ᠠᠯᠺᠥᠤᠯ ᠤᠨ ᠰᠢᠳᠠᠮᠠᠬᠠᠢ ᠪᠠᠶᠠᠳᠤ ᠬᠤᠳᠠᠯᠳᠤᠨ ᠠᠪᠤᠪᠠᠯ ᠵᠤᠬᠢᠨ᠎ᠠ᠃ | ︵ᠭᠤᠷᠪᠡ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠬᠤᠳᠠᠯᠳᠤᠨ ᠠᠪᠤᠭᠰᠡᠨ ᠴᠠᠭ᠂ | ᠬᠤᠳᠠᠯᠳᠤᠨ ᠠᠪᠤᠭᠰᠡᠨ ᠪᠠᠶᠢᠭᠤᠯᠭ᠎ᠠ᠂ ᠬᠤᠳᠠᠯᠳᠤᠨ ᠠᠪᠤᠭᠰᠡᠨ ᠬᠡᠮᠵᠢᠶ᠎ᠠ ᠵᠠᠷᠬᠡ ᠮᠡᠳᠡᠭᠡ ᠵᠠᠩᠬᠢ ᠶᠢᠨ | ᠬᠠᠷᠠᠭᠠᠯᠵᠠᠭᠰᠡᠨ ᠲᠠᠩᠰᠠ ᠡᠪᠬᠡᠮᠡᠯ ᠪᠠᠶᠢᠪᠠᠯ ᠵᠤᠬᠢᠨ᠎ᠠ | ᠬᠤᠶᠡᠷ᠂ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠵᠦᠬᠡᠬᠡᠪᠤᠷᠢᠯᠡᠬᠦ ᠠᠮᠤᠷ ᠲᠦᠪᠰᠢᠨ ᠤ | ᠱᠠᠭᠠᠷᠳᠠᠯᠭ᠎ᠠ | ︵ᠨᠢᠬᠡ︶ ᠢᠳᠡᠬᠡᠨ ᠤᠮᠳᠠᠭᠠᠨ ᠤ ᠠᠵᠤ ᠠᠬᠤᠶᠢᠯᠡᠯ ᠨᠢ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ | ᠲᠤᠷᠡᠪᠡᠷ ᠵᠦᠬᠡᠬᠡᠪᠤᠷᠢᠯᠡᠵᠤ ᠪᠤᠯᠬᠤ ᠦᠬᠡᠢ᠂ ᠡᠷᠬᠡᠪᠰᠢ ᠠᠶᠤᠯᠳᠡᠢ ᠪᠤᠳᠠᠰ ᠵᠦᠬᠡᠬᠡᠪᠤᠷᠢᠯᠡᠬᠦ ᠬᠠᠷᠠᠭᠠᠯᠵᠠᠭᠰᠡᠨ ᠬᠢᠷᠢ | ᠬᠡᠮ ᠲᠠᠢ ᠪᠠᠶᠢᠭᠤᠯᠭ᠎ᠠ ᠠᠴᠠ ᠵᠦᠬᠡᠬᠡᠪᠤᠷᠢᠯᠡᠬᠦ ᠬᠡᠷᠡᠭᠳᠡᠢ᠃ | ︵ᠬᠤᠶᠡᠷ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠶᠡᠬᠦᠯᠡᠬᠦ ᠦᠶ᠎ᠠ ᠳᠤ ᠠᠮᠤᠷ ᠲᠦᠪᠰᠢᠨ ᠤ | ᠬᠠᠮᠢᠶᠠᠷᠤᠯᠳᠠ ᠶᠢᠨ ᠲᠤᠰᠬᠠᠢ ᠠᠵᠢᠯᠳᠠᠨ ᠠᠴᠠ ᠲᠤᠬᠠᠢ ᠶᠢᠨ ᠲᠠᠯᠠᠪᠤᠷ ᠤᠨ ᠬᠢᠨᠠᠯᠳᠠ ᠲᠤᠤᠷ᠎ᠠ ᠶᠠᠪᠤᠭᠳᠠᠭᠤᠯᠤᠨ᠎ᠠ᠃ | ︵ᠭᠤᠷᠪᠡ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠶᠡᠬᠦᠯᠡᠬᠦ ᠦᠶ᠎ᠠ ᠳᠤ ᠰᠠᠷᠠᠮᠵᠢᠬᠦᠯᠬᠦ ᠲᠡᠮᠳᠡᠭ | ᠲᠠᠯᠪᠢᠵᠤ ᠬᠠᠮᠢᠶ᠎ᠠ ᠦᠬᠡᠢ ᠬᠦᠮᠤᠰ ᠲᠤᠬᠠᠢ ᠶᠢᠨ ᠲᠠᠯᠠᠪᠤᠷ ᠲᠤ ᠤᠷᠤᠵᠤ ᠪᠤᠯᠬᠤ ᠦᠬᠡᠢ᠃ | ︵ᠲᠦᠷᠪᠡ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠶᠡᠬᠦᠯᠡᠬᠦ ᠳᠤ ᠲᠤᠬᠠᠢ ᠶᠢᠨ ᠲᠠᠯᠠᠪᠤᠷ ᠤᠨ | ᠠᠩᠬᠠᠷᠬᠤ ᠵᠥᠢᠯ᠄ | ⒈ ᠪᠠᠶᠠᠨ ᠳᠤ ᠪᠠᠨ ᠭᠠᠯ ᠠᠪᠴᠤ ᠶᠠᠪᠤᠬᠤ ᠶᠢ ᠡᠷᠡᠰ ᠬᠤᠷᠢᠭᠯᠠᠨ᠎ᠠ᠃ | ⒉ ᠭᠠᠷ ᠤᠳᠠᠰᠤ ᠵᠠᠷᠬᠡ ᠴᠢᠮᠡᠭᠡ ᠨᠠᠪᠳᠠᠷᠠᠬᠦᠯᠬᠡ ᠶᠢᠨ ᠪᠠᠭᠠᠵᠢ ᠪᠠ ᠡᠯᠧᠺᠲᠷᠤᠨ ᠲᠦᠬᠦᠬᠡᠷᠤᠮᠵᠢ ᠪᠠᠨ | ᠬᠠᠭᠠᠵᠤ ᠲᠠᠮᠠᠬᠢ ᠲᠠᠳᠠᠬᠤ ᠶᠢ ᠡᠷᠡᠰ ᠬᠤᠷᠢᠭᠯᠠᠨ᠎ᠠ᠃ | ⒊ ᠲᠠᠶᠢᠪᠤᠡᠭ ᠴᠡᠬᠢᠯᠭᠠᠨ ᠡᠬᠦᠰᠬᠡᠬᠦ ᠦᠬᠡᠢ ᠠᠵᠢᠯ ᠤᠨ ᠬᠤᠪᠴᠠᠰᠤ ᠪᠠ ᠬᠠᠳᠠᠭᠠᠰᠤ ᠦᠬᠡᠢ ᠠᠵᠢᠯ ᠤᠨ | ᠱᠠᠬᠠᠢ ᠭᠤᠳᠤᠯ ᠡᠮᠤᠰᠤᠨ᠎ᠠ᠃ | ⒋ᠲᠡᠷᠬᠡᠨ ᠤ ᠨᠤᠴᠤᠭᠠᠭᠤᠷ ᠢᠶᠠᠨ ᠤᠡᠳᠠᠷᠠᠭᠠᠬᠤ ᠬᠡᠷᠡᠭᠳᠡᠢ᠃ ᠠᠶᠤᠩᠭ᠎ᠠ ᠴᠠᠬᠢᠯᠭᠠᠨ ᠲᠠᠢ ᠴᠠᠭ ᠠᠭᠤᠷ | ᠤᠨ ᠪᠠᠶᠢᠳᠠᠯ ᠲᠤᠤᠷ᠎ᠠ ᠠᠶᠤᠩᠭ᠎ᠠ ᠴᠠᠬᠢᠯᠭᠠᠨ ᠠᠴᠠ ᠰᠡᠷᠬᠡᠶᠢᠯᠡᠬᠦ᠂ ᠴᠢᠬᠢᠭ ᠨᠤᠶᠢᠳᠠᠨ ᠠᠴᠠ ᠰᠡᠷᠬᠡᠶᠢᠯᠡᠬᠦ | ᠪᠦᠳᠤᠮᠵᠢᠳᠡᠢ ᠠᠷᠭ᠎ᠠ ᠬᠡᠮᠵᠢᠶ᠎ᠠ ᠠᠪᠬᠤ ᠶᠢ ᠪᠠᠳᠤᠯᠠᠨ᠎ᠠ᠃ | ⒌ ᠮᠧᠲ᠋ᠢᠯ ᠠᠯᠺᠤᠤᠯ᠂ ᠲᠤᠮᠤ ᠰᠠᠪᠠᠯᠠᠬᠤ ᠲᠡᠷᠬᠡ ᠨᠢ ᠮᠠᠲ᠋ᠧᠷᠢᠶᠠᠯ ᠢᠶᠠᠨ ᠶᠡᠬᠦᠯᠡᠬᠦ ᠦᠶ᠎ᠠ ᠳᠤ ᠪᠠᠨ | ᠲᠤᠰᠬᠠᠢ ᠬᠡᠷᠡᠭᠯᠡᠬᠡᠨ ᠤ ᠭᠠᠵᠡᠷ ᠵᠠᠯᠭᠠᠬᠤ ᠲᠠᠮᠵᠢᠭᠤᠯᠬᠤ ᠲᠦᠬᠦᠬᠡᠷᠤᠮᠵᠢ ︵ᠤᠷᠢᠶᠠᠯᠳᠠ ᠲᠠᠢ ᠬᠡᠯᠪᠡᠷᠢ︶ ᠬᠡᠷᠡᠭᠯᠡᠵᠤ᠂ | ᠬᠠᠪᠴᠢᠭᠤᠷ ᠪᠠ ᠭᠠᠵᠡᠷ ᠵᠠᠯᠭᠠᠬᠤ ᠬᠡᠰᠡᠭ ᠢᠶᠠᠷ ᠰᠠᠪᠠᠯᠠᠬᠤ ᠲᠡᠷᠬᠡ ᠪᠠ ᠶᠠᠬᠦᠯᠡᠬᠦ ᠲᠡᠷᠬᠡᠨ ᠤ ᠲᠦᠬᠦᠬᠡᠷᠤᠮᠵᠢ ᠶᠢ | ᠬᠠᠷᠢᠯᠴᠠᠨ ᠵᠠᠯᠭᠠᠨ᠎ᠠ᠃ ᠭᠠᠵᠡᠷ ᠵᠠᠯᠭᠠᠬᠤ ᠲᠦᠬᠦᠬᠡᠷᠤᠮᠵᠢ ᠶᠢ ᠰᠠᠪᠠᠨ ᠤ ᠠᠮᠠᠰᠠᠷ ᠶᠢ ᠨᠡᠬᠡᠬᠡᠬᠦ ᠠᠴᠠ ᠪᠠᠨ ᠡᠮᠤᠨ᠎ᠠ | ᠵᠠᠯᠭᠠᠬᠤ ᠬᠡᠷᠡᠭᠳᠡᠢ᠃ ᠶᠡᠬᠦᠯᠡᠬᠦ ᠠᠵᠢᠯ ᠲᠠᠭᠤᠰᠬᠠᠭᠠᠳ 2 ᠮᠢᠨᠦ᠋ᠲ ᠠᠴᠠ ᠲᠡᠬᠡᠭᠰᠢ ᠬᠤᠭᠤᠴᠠᠭ᠎ᠠ ᠲᠠᠢ | ᠵᠤᠭᠰᠤᠩᠭᠤᠶᠢᠷᠠᠭᠰᠡᠨ ᠪᠠᠶᠢᠳᠠᠯ ᠳᠤ ᠪᠠᠶᠢᠯᠭᠠᠭᠰᠡᠨ ᠤ ᠲᠠᠷᠠᠭ᠎ᠠ ᠰᠠᠶ᠋ᠢ ᠭᠠᠵᠡᠷ ᠵᠠᠯᠭᠠᠬᠤ ᠲᠦᠬᠦᠬᠡᠷᠤᠮᠵᠢ ᠶᠢ | ᠰᠠᠯᠭᠠᠨ᠎ᠠ᠃ | ⒍ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠰᠠᠪᠠᠨ ᠳᠤ ᠰᠠᠪᠠᠯᠠᠬᠤ ᠦᠶ᠎ᠠ ᠳᠤ ᠪᠠᠨ ᠶᠠᠬᠦᠯᠡᠬᠦ | ᠭᠤᠤᠷᠰᠤ ᠶᠢ ᠰᠠᠪᠠᠨ ᠤ ᠲᠤᠳᠤᠷ᠎ᠠ ᠬᠦᠢᠴᠡᠳ ᠤᠷᠤᠭᠤᠯᠤᠭᠰᠡᠨ ᠪᠠᠶᠢᠬᠤ ᠬᠡᠷᠡᠭᠳᠡᠢ᠃ | ⒎ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠰᠠᠪᠠᠯᠠᠬᠤ ᠶᠠᠪᠤᠴᠠ ᠳᠤ ᠯᠠᠪᠠᠷᠡᠬᠦ ᠠᠴᠠ ᠰᠠᠶᠢᠳᠤᠷ | ᠰᠡᠷᠬᠡᠶᠢᠯᠡᠬᠦ ᠬᠡᠷᠡᠭᠳᠡᠢ᠃ ᠶᠠᠬᠦᠯᠡᠬᠦ ᠠᠵᠢᠯᠯᠠᠭ᠎ᠠ ᠶᠠᠪᠤᠭᠳᠠᠭᠤᠯᠵᠤ ᠪᠠᠶᠢᠭ᠎ᠠ ᠠᠵᠢᠯᠳᠠᠨ ᠨᠢ ᠲᠤᠬᠠᠢ ᠶᠢᠨ ᠲᠠᠯᠠᠪᠤᠷ | ᠠᠴᠠ ᠲᠤᠷᠡᠪᠡᠷ ᠶᠠᠪᠤᠵᠤ ᠪᠤᠯᠬᠤ ᠦᠬᠡᠢ︔ ᠲᠠᠮᠵᠢᠭᠤᠯᠬᠤ ᠬᠦᠬᠡᠷᠬᠡ ᠳᠤ ᠠᠦ᠋ᠲ᠋ᠤ᠋ ᠬᠡᠮᠵᠢᠯᠳᠠ ᠶᠢᠨ ᠲᠦᠬᠦᠬᠡᠷᠤᠮᠵᠢ | ᠤᠭᠰᠠᠷᠠᠬᠤ ᠪᠤᠶᠤ ᠮᠧᠲ᠋ᠢᠯ ᠠᠯᠺᠤᠤᠯ ᠬᠠᠳᠠᠭᠠᠯᠠᠬᠤ ᠰᠠᠪᠠᠨ ᠳᠤ ᠲᠠᠶᠢᠪᠤᠡᠭ ᠴᠠᠬᠢᠯᠭᠠᠨ ᠢ ᠦᠬᠡᠶᠢᠰᠬᠡᠬᠦ ᠬᠤᠭᠤᠯᠠᠢ | ᠤᠭᠰᠠᠷᠠᠵᠤ᠂ ᠶᠡᠬᠦᠯᠡᠬᠦ ᠳᠤ ᠪᠠᠨ ᠰᠠᠪᠠᠯᠠᠬᠤ ᠲᠡᠷᠬᠡ ᠲᠠᠢ ᠬᠤᠯᠪᠤᠨ᠎ᠠ᠃ | ᠭᠤᠷᠪᠡ᠂ ᠬᠡᠷᠡᠭᠯᠡᠬᠡᠨ ᠤ ᠱᠠᠭᠠᠷᠳᠠᠯᠭ᠎ᠠ | ︵ᠨᠢᠬᠡ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢᠨ ᠶᠠᠷᠤᠩᠬᠡᠢ ᠬᠠᠳᠠᠭᠠᠯᠠᠬᠤ ᠬᠡᠮᠵᠢᠶ᠎ᠠ ᠨᠢ1 | ᠪᠤᠰᠤᠭ᠎ᠠ ᠲᠡᠭᠰᠢ ᠲᠦᠷᠪᠡᠯᠵᠢᠨ ᠮᠧᠲᠷ ᠠᠴᠠ ᠬᠡᠳᠤᠷᠡᠵᠤ ᠪᠤᠯᠬᠤ ᠦᠬᠡᠢ᠂ ᠬᠠᠳᠠᠭᠠᠯᠠᠭᠳᠠᠴᠠ ᠶᠢᠨ ᠢᠯᠡᠳᠬᠡᠮᠵᠢ ᠨᠢ | 0.9 ᠠᠴᠠ ᠬᠡᠳᠤᠷᠡᠵᠤ ᠪᠤᠯᠬᠤ ᠦᠬᠡᠢ᠃ | ︵ᠬᠤᠶᠡᠷ︶ ᠬᠠᠳᠠᠭᠠᠯᠠᠬᠤ ᠲᠠᠰᠤᠯᠭ᠎ᠠ ᠳᠤ ᠬᠠᠭᠤᠷᠠᠢ ᠨᠤᠡᠳᠠᠭᠳᠤ ᠭᠠᠯ ᠤᠡᠳᠠᠷᠠᠭᠠᠬᠤ ᠲᠦᠬᠦᠬᠡᠷᠤᠮᠵᠢ ᠶᠢ | 2 ᠪᠤᠶᠤ 2 ᠠᠴᠠ ᠲᠡᠬᠡᠭᠰᠢ ᠶᠢ ᠤᠭᠰᠠᠷᠠᠨ᠎ᠠ᠃ | ︵ᠭᠤᠷᠪᠡ︶ ᠬᠠᠳᠠᠭᠠᠯᠠᠬᠤ ᠲᠠᠰᠤᠯᠭ᠎ᠠ ᠳᠤ ᠰᠠᠯᠬᠢ ᠨᠠᠪᠳᠠᠷᠠᠬᠦ ᠶᠢ ᠪᠠᠳᠤᠯᠠᠬᠤ ᠬᠡᠷᠡᠭᠳᠡᠢ᠃ | ︵ᠲᠦᠷᠪᠡ︶ ᠬᠠᠳᠠᠭᠠᠯᠠᠬᠤ ᠲᠠᠰᠤᠯᠭᠠᠨ ᠤ ᠢᠯᠠ ᠭᠠᠵᠡᠷ ︽ᠠᠵᠢᠯᠳᠠᠨ ᠠᠴᠠ ᠪᠤᠰᠤᠳ ᠬᠦᠮᠤᠰ ᠲᠤᠷᠡᠪᠡᠷ | ᠤᠷᠤᠵᠤ ᠪᠤᠯᠬᠤ ᠦᠬᠡᠢ︾ ᠪᠠ ︽ᠲᠠᠮᠠᠬᠢ ᠲᠠᠳᠠᠬᠤ ᠶᠢ ᠴᠠᠭᠠᠵᠠᠯᠠᠨ᠎ᠠ︾ ᠬᠡᠬᠦ ᠮᠠᠳᠤ ᠶᠢᠨ ᠠᠮᠤᠷ ᠲᠦᠪᠰᠢᠨ ᠤ | ᠰᠠᠷᠠᠮᠵᠢᠬᠦᠯᠤᠯ ᠤᠨ ᠵᠠᠷ ᠨᠠᠭᠠᠨ᠎ᠠ᠃ | ︵ᠲᠠᠪᠤ︶ ᠬᠠᠯᠠᠭᠤᠨ ᠲᠤᠭᠤᠭᠠᠨ ᠤ ᠬᠤᠭᠤᠯᠠᠨ ᠬᠡᠷ ᠨᠢ ᠴᠠᠬᠢᠯᠭᠠᠨ ᠵᠤᠤᠬ᠎ᠠ᠂ ᠬᠠᠳᠠᠭᠤ ᠪᠠᠶᠠᠳᠤ ᠰᠫᠢᠷᠲ | ᠶᠢ ᠵᠤᠤᠬ᠎ᠠ ᠬᠡᠷᠡᠭᠯᠡᠵᠤ᠂ ᠮᠧᠲ᠋ᠢᠯ ᠠᠯᠺᠤᠤᠯ ᠤᠨ ᠵᠤᠤᠬ᠎ᠠ ᠵᠡᠷᠬᠡ ᠰᠢᠳᠠᠮᠠᠬᠠᠢ ᠪᠠᠶᠠᠳᠤ ᠬᠡᠷᠡᠭᠯᠡᠬᠦ ᠵᠤᠤᠬ᠎ᠠ ᠬᠡᠷᠡᠭᠯᠡᠵᠤ | ᠪᠤᠯᠬᠤ ᠦᠬᠡᠢ᠃ | ︵ᠵᠢᠷᠭᠤᠭ᠎ᠠ︶ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠤᠷᠤᠭᠤᠯᠵᠤ ᠭᠠᠷᠭᠠᠬᠤ ᠬᠤᠭᠤᠯᠠᠢ ᠳᠤ | ᠨᠡᠬᠡᠯᠡᠬᠡᠢ ᠤᠭᠰᠠᠷᠠᠨ᠎ᠠ᠃ ᠨᠡᠬᠡᠯᠡᠬᠡᠢ ᠵᠠᠯᠭᠠᠬᠤ ᠬᠡᠰᠡᠭ ᠲᠤ ᠯᠠᠪᠠᠷᠡᠬᠦ ᠦᠬᠡᠢ ᠶᠢ ᠪᠠᠳᠤᠯᠠᠬᠤ ᠨᠢᠭᠳᠠ ᠪᠢᠳᠠᠬᠦᠮᠵᠢᠯᠡᠵᠤ | ᠲᠠᠶᠢᠯᠬᠦ ᠮᠠᠲ᠋ᠧᠷᠢᠶᠠᠯ ᠢ ᠬᠡᠷᠡᠭᠯᠡᠵᠤ᠂ ᠴᠢᠯᠠᠭᠤ ᠬᠦᠪᠤᠡᠭ ᠢᠶᠠᠷ ᠬᠢᠭᠰᠡᠨ ᠵᠥᠢᠯᠡᠰ ᠢ ᠬᠡᠷᠡᠭᠯᠡᠬᠦ ᠶᠢ ᠴᠠᠭᠠᠵᠠᠯᠠᠨ᠎ᠠ᠃ | ︵ᠲᠤᠯᠤᠭ᠎ᠠ︶ ᠰᠢᠳᠠᠮᠠᠬᠠᠢ ᠬᠡᠢ ᠶᠢᠨ ᠦᠳᠬᠡᠴᠠ ᠶᠢ ᠰᠠᠷᠠᠮᠵᠢᠬᠦᠯᠤᠨ ᠮᠡᠳᠡᠬᠦᠯᠬᠦ ᠲᠤᠭᠳᠠᠮᠠᠯ ᠬᠡᠯᠪᠡᠷᠢ ᠶᠢᠨ | ᠲᠦᠬᠦᠬᠡᠷᠤᠮᠵᠢ ᠤᠭᠰᠠᠷᠠᠨ᠎ᠠ᠃ | ᠲᠦᠷᠪᠡ᠂ ᠠᠮᠤᠷ ᠲᠦᠪᠰᠢᠨ ᠤ ᠬᠠᠮᠢᠶᠠᠷᠤᠯᠳᠠ | ︵ᠨᠢᠬᠡ︶ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ᠂ ᠠᠮᠤᠷ ᠲᠦᠪᠰᠢᠨ ᠤ ᠬᠠᠮᠢᠶᠠᠷᠤᠯᠳᠠ ᠶᠢᠨ | ᠲᠦᠷᠢᠮ ᠪᠠ ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢ ᠬᠡᠷᠡᠭᠯᠡᠬᠦ ᠠᠮᠤᠷ ᠲᠦᠪᠰᠢᠨ ᠤ ᠲᠦᠷᠢᠮᠵᠢᠯ ᠢ | ᠲᠤᠭᠳᠠᠭᠠᠨ᠎ᠠ᠃ | ︵ᠬᠤᠶᠡᠷ︶ ᠠᠵᠢᠯᠳᠠᠨ ᠤ ᠠᠮᠤᠷ ᠲᠦᠪᠰᠢᠨ ᠤ ᠬᠦᠮᠤᠵᠢᠯ ᠪᠤᠯᠪᠠᠰᠤᠷᠠᠯ ᠢ ᠴᠢᠩᠭᠠᠳᠬᠠᠵᠤ᠂ ᠭᠤᠤᠯᠳᠠᠭᠤ | ᠮᠧᠲ᠋ᠢᠯ ᠠᠯᠺᠤᠤᠯ ᠤᠨ ᠰᠢᠳᠠᠮᠠᠬᠠᠢ ᠪᠠᠶᠠᠳᠤ ᠶᠢᠨ ᠠᠶᠤᠯ ᠡᠬᠦᠰᠬᠡᠬᠦ ᠤᠡᠴᠠᠯᠢᠭ᠂ ᠭᠠᠯ ᠤᠨ ᠠᠶᠤᠯ᠂ ᠲᠠᠯᠪᠠᠷᠠᠯᠳᠠ ᠶᠢ | ᠰᠡᠷᠬᠡᠶᠢᠯᠡᠬᠦ ᠠᠷᠭ᠎ᠠ ᠬᠡᠮᠵᠢᠶ᠎ᠠ᠂ ᠭᠠᠯ ᠤᠡᠳᠠᠷᠠᠭᠠᠭᠤᠷ ᠤᠨ ᠬᠡᠷᠡᠭᠯᠡᠬᠦ ᠠᠷᠭ᠎ᠠ᠂ ᠭᠠᠯ ᠤᠨ ᠠᠶᠤᠯ ᠠᠴᠠ ᠲᠤᠳᠠᠭᠠᠬᠤ | ᠠᠷᠭ᠎ᠠ ᠬᠡᠮᠵᠢᠶ᠎ᠠ ᠪᠠ ᠬᠦᠮᠤᠰ ᠢ ᠵᠤᠬᠢᠶᠠᠨ ᠪᠠᠶᠢᠭᠤᠯᠵᠤ ᠠᠶᠤᠯ ᠠᠴᠠ ᠵᠠᠶᠢᠯᠠᠬᠤ ᠠᠷᠭ᠎ᠠ ᠵᠠᠷᠬᠡ ᠶᠢ | ᠰᠤᠷᠤᠯᠴᠠᠭᠤᠯᠤᠨ᠎ᠠ᠃ | ︵ᠭᠤᠷᠪᠡ︶ ᠲᠤᠳᠤᠭᠠᠳᠤ ᠳᠤ ᠪᠠᠨ ᠭᠠᠯ ᠬᠡᠷᠡᠭᠯᠡᠬᠦ ᠬᠢᠨᠡᠨ ᠵᠦᠪᠰᠢᠶᠠᠷᠡᠯ ᠤᠨ ᠲᠦᠷᠢᠮ ᠢ ᠴᠢᠩᠭ᠎ᠠ | ᠲᠦᠷᠢᠮᠵᠢᠬᠦᠯᠵᠤ᠂ ᠲᠤᠬᠠᠢ ᠲᠠᠯᠠᠪᠠᠢ ᠶᠢᠨ ᠬᠢᠨᠡᠨ ᠬᠠᠮᠢᠶᠠᠷᠤᠯᠳᠠ ᠶᠢᠨ ᠠᠵᠢᠯᠳᠠᠨ ᠪᠠ ᠰᠡᠷᠬᠡᠶᠢᠯᠡᠬᠦ ᠠᠷᠭ᠎ᠠ ᠬᠡᠮᠵᠢᠶ᠎ᠠ | ᠶᠢ ᠨᠠᠶᠢᠳᠠᠪᠤᠷᠢᠵᠢᠭᠤᠯᠤᠨ᠎ᠠ᠃ | ︵ᠲᠦᠷᠪᠡ︶ ᠡᠳᠤᠷ ᠪᠤᠯᠭᠠᠨ ᠭᠠᠯ ᠰᠡᠷᠬᠡᠶᠢᠯᠡᠬᠦ ᠴᠠᠭᠳᠠᠨ ᠪᠠᠶᠢᠴᠠᠭᠠᠯᠳᠠ ᠬᠢᠵᠤ᠂ ᠲᠤᠭᠳᠠᠭᠰᠡᠨ | ᠬᠤᠭᠤᠴᠠᠭ᠎ᠠ ᠲᠠᠢ ᠠᠮᠤᠷ ᠲᠦᠪᠰᠢᠨ ᠪᠠᠶᠢᠴᠠᠭᠠᠯᠳᠠ ᠦᠷᠨᠢᠬᠦᠯᠬᠦ ᠶᠢᠨ ᠬᠠᠮᠳᠤ ᠴᠠᠭᠳᠠᠨ ᠪᠠᠶᠢᠴᠠᠭᠠᠯᠳᠠ᠂ | ᠪᠠᠶᠢᠴᠠᠭᠠᠯᠳᠠ ᠶᠢᠨ ᠠᠵᠢᠯᠳᠠᠨ᠂ ᠠᠭᠤᠯᠭ᠎ᠠ᠂ ᠪᠠᠶᠢᠷᠢᠰᠢᠯ ᠪᠠ ᠲᠠᠪᠳᠠᠮᠵᠢ ᠶᠢ ᠲᠤᠭᠳᠠᠭᠠᠨ᠎ᠠ᠃ | ︵ᠲᠠᠪᠤ︶ ᠭᠠᠯ ᠤᠨ ᠠᠶᠤᠯ ᠢ ᠪᠠᠴᠢᠮ ᠠᠷᠭᠠᠴᠠᠭᠠᠵᠤ ᠠᠪᠤᠷᠠᠨ ᠲᠤᠰᠠᠯᠠᠯᠳᠠ ᠬᠢᠬᠦ ᠲᠦᠰᠤᠯ ᠢ ᠵᠤᠬᠢᠶᠠᠨ | ᠪᠠᠶᠢᠭᠤᠯᠵᠤ ᠲᠤᠭᠳᠠᠭᠠᠬᠤ ᠶᠢᠨ ᠬᠠᠮᠳᠤ ᠲᠤᠭᠳᠠᠭᠰᠡᠨ ᠬᠤᠭᠤᠴᠠᠭ᠎ᠠ ᠲᠠᠢ ᠰᠤᠷᠢᠯᠳᠠ ᠬᠢᠨ᠎ᠠ᠃ | | ᠠᠪᠠᠭ᠎ᠠ ᠬᠤᠰᠢᠭᠤᠨ ᠤ ᠠᠶᠤᠯᠬᠦᠢ ᠦᠢᠯᠡᠳᠪᠤᠷᠢᠯᠡᠯ ᠤᠨ ᠵᠦᠪᠯᠡᠯ | 2021 ᠤᠨ ᠤ 6 ᠰᠠᠷ᠎ᠠ ᠶᠢᠨ 25 ᠤ ᠡᠳᠤᠷ | | | | |