ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠳᠤ᠄ | ᠡᠳᠦᠭᠡ ︽ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠲᠦᠰᠤᠪ ᠤᠨ ᠪᠤᠳᠤᠯᠳᠠ | ᠶᠢ ᠬᠦᠢᠴᠡᠳᠬᠡᠭᠰᠡᠨ ᠪᠠᠶᠢᠳᠠᠯ︾ ᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ ᠮᠡᠳᠡᠭᠦᠯᠦᠶ᠎ᠡ᠂ ᠬᠢᠨᠠᠨ ᠵᠥᠪᠯᠡᠬᠦ | ᠪᠣᠯᠪᠠᠤ᠃ | | | 2021 ᠣᠨ ᠤ 9 ᠰᠠᠷ᠎ᠠ ᠶᠢᠨ 22 ᠤ ᠡᠳᠤᠷ | | ᠠᠪᠠᠭ᠎ᠠ ᠬᠤᠰᠢᠭᠤᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠦᠰᠤᠪ ᠤᠨ ᠪᠤᠳᠤᠯᠳᠠ ᠶᠢ | ᠭᠦᠢᠴᠡᠳᠬᠡᠭᠰᠡᠨ ᠪᠠᠶᠢᠳᠠᠯ | | ᠳᠡᠭᠡᠷ᠎ᠡ ᠬᠠᠭᠠᠰ ᠵᠢᠯ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠲᠣᠭᠲᠠᠭᠤᠨ ᠢ ᠪᠠᠳᠤᠯᠠᠨ ᠤᠷᠤᠭᠰᠢᠯᠠᠨ | ᠳᠠᠪᠰᠢᠬᠤ ᠠᠵᠢᠯ ᠤᠨ ᠦᠨᠳᠦᠰᠦᠨ ᠬᠥᠭ ᠠᠶᠠᠰ ᠢ ᠪᠠᠷᠢᠮᠲᠠᠯᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠷᠢᠨ ᠨᠢᠮᠪᠠᠶ ᠲᠦᠰᠤᠪᠯᠡᠨ ᠪᠣᠳᠣᠵᠤ᠂ ᠠᠵᠢᠯᠴᠢ ᠠᠷᠪᠢᠴᠢ ᠠᠷᠪᠢᠯᠠᠨ | ᠭᠠᠮᠨᠠᠬᠤ ᠵᠤᠷᠢᠭ ᠰᠠᠨᠠᠭ᠎ᠠ ᠶᠢ ᠪᠠᠲᠤ ᠪᠠᠬᠢ ᠪᠤᠶ ᠪᠣᠯᠭᠠᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ | ᠲᠦᠯᠤᠪᠵᠢᠬᠦᠯᠵᠤ᠂ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠡᠳ᠋ ᠤᠨ ᠵᠠᠰᠠᠭ ᠤᠨ | ᠡᠷᠬᠢᠯᠳᠡ ᠶᠢᠨ ᠲᠦᠭᠰᠢᠭᠦᠷᠢ ᠶᠢ ᠦᠨᠡᠨᠬᠦ ᠰᠡᠷᠭᠡᠶᠢᠯᠡᠨ ᠡᠵᠡᠮᠳᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠰᠠᠶᠢᠲᠤᠷ ᠬᠢᠬᠦ ᠶᠢ ᠠᠬᠢᠭᠤᠯᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠪᠦᠳᠤᠮᠵᠢᠳᠡᠢ ᠠᠷᠭᠠᠴᠠᠬᠤ ᠤᠷᠢᠳᠠᠯ ᠳᠣᠤᠷ᠎ᠠ ︽ᠵᠠᠷᠤᠯᠭ᠎ᠠ ᠶᠢ ᠨᠡᠮᠡᠭᠳᠡᠭᠦᠯᠦᠨ ᠣᠷᠣᠯᠭ᠎ᠠ | ᠪᠠᠭᠠᠰᠬᠠᠬᠤ︾ ᠶᠢᠨ ᠡᠳ᠋ ᠤᠨ ᠵᠠᠰᠠᠭ ᠤᠨ ᠡᠷᠬᠢᠯᠳᠠ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠠᠷᠭᠠᠴᠠᠵᠤ᠂ | ᠡᠳ᠋ ᠤᠨ ᠵᠠᠰᠠᠭ ᠤᠨ ᠪᠠᠯᠠ ᠮᠥᠩᠭᠦ ᠶᠢᠨ ᠲᠤᠯᠭᠠᠭᠤᠷᠢᠯᠠᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠪᠥᠬᠦ | ᠬᠤᠰᠢᠭᠤᠨ ᠤ ᠠᠵᠤ ᠠᠬᠤᠶ ᠶᠢᠨ ᠡᠷᠬᠢᠯᠳᠠ ᠶᠢᠨ ᠲᠣᠭᠲᠠᠭᠤᠨ ᠢ ᠪᠠᠳᠤᠯᠠᠵᠤ᠂ ᠰᠢᠨ᠎ᠠ ᠠᠬᠢᠯᠳᠠ ᠲᠠᠢ ᠪᠤᠯᠭᠠᠬᠤ᠂ | ᠲᠥᠰᠦᠪ ᠢ ᠬᠦᠢᠴᠡᠳᠬᠡᠭᠰᠡᠨ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠵᠠᠷᠤᠯᠭ᠎ᠠ ᠶᠢ ᠴᠥᠮ ︽ᠬᠤᠤᠰ ᠬᠠᠭᠠᠰ ᠠᠴᠠ ᠳᠡᠭᠡᠭᠰᠢ ᠪᠠᠶᠢᠯᠭᠠᠬᠤ︾ ᠡᠭᠦᠷᠭᠡ ᠶᠢ | ᠳᠠᠪᠠᠭᠤᠯᠤᠨ ᠪᠡᠶᠡᠯᠡᠭᠦᠯᠵᠦ᠂ ᠪᠥᠬᠦ ᠠᠶᠢᠮᠠᠭ ᠲᠤ ᠨᠡᠯᠢᠶᠡᠳ ᠰᠠᠶᠢᠨ ᠨᠡᠷᠡᠰ ᠤᠨ ᠵᠢᠭᠰᠠᠭᠠᠯᠳᠠ ᠳᠤ ᠤᠷᠤᠵᠤ᠂ | ᠭᠤᠤᠯᠳᠠᠯᠭ᠎ᠠ ᠲᠠᠢ ᠵᠠᠷᠤᠯᠭ᠎ᠠ ᠶᠢ ᠬᠦᠴᠦᠲᠡᠶ ᠪᠠᠲᠤᠯᠠᠪᠠ᠃ | ᠨᠢᠭᠡ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ | ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠪᠡᠶᠡᠯᠡᠭᠦᠯᠦᠭᠰᠡᠨ | ᠪᠠᠶᠢᠳᠠᠯ | ᠲᠡᠬᠡᠷ᠎ᠠ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | 18,678 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 2,195 ᠲᠦᠮᠡᠨ ᠲᠥᠭᠦᠷᠢᠭ | ᠬᠠᠰᠤᠭᠳᠠᠵᠤ᠂ 10.5% ᠪᠠᠷ ᠪᠠᠭᠤᠷᠠᠵᠤ᠂ ᠵᠢᠯ ᠤᠨ ᠡᠬᠢᠨ ᠤ ᠲᠥᠰᠦᠪ ᠤᠨ 83.01% ᠶᠢ ᠪᠡᠶᠡᠯᠡᠭᠦᠯᠵᠤ᠂ | ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠤ ᠳᠣᠲᠣᠷ᠎ᠠ᠂ ᠣᠷᠣᠯᠭ᠎ᠠ ᠶᠢᠨ ᠶᠡᠷᠦᠩᠬᠡᠶ ᠬᠡᠮᠵᠢᠶ᠎ᠡ ᠲᠠᠪᠤᠳᠤᠭᠠᠷ︔ | ᠨᠡᠮᠡᠭᠳᠡᠯ ᠤᠨ ᠬᠤᠷᠳᠤᠴᠠ ᠶᠢᠰᠤᠳᠤᠬᠡᠷ ᠲᠤ ᠵᠢᠭᠰᠠᠭᠠᠭᠳᠠᠪᠠ᠃ ᠲᠦᠷᠦᠯ ᠵᠦᠢᠯ ᠬᠤᠪᠢᠶᠠᠵᠤ ᠦᠵᠡᠪᠡᠯ᠂ | ᠭᠠᠶᠢᠯᠢ ᠶᠢᠨ ᠣᠷᠣᠯᠭ᠎ᠠ ᠶᠢ 11,048 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9, | 160 ᠲᠦᠮᠡᠨ ᠲᠥᠭᠦᠷᠢᠭ ᠪᠠᠭᠠᠰᠴᠤ᠂ 45.3% ᠪᠠᠷ ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ ᠶᠢ 7, | 630 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6,965 ᠲᠦᠮᠡᠨ ᠲᠥᠭᠦᠷᠢᠭ | ᠨᠡᠮᠡᠭᠳᠡᠵᠦ᠂ 1,047.4% ᠪᠠᠷ ᠨᠡᠮᠡᠭᠳᠡᠪᠡ᠃ ᠭᠠᠶᠢᠯᠢ ᠶᠢᠨ ᠣᠷᠣᠯᠭ᠎ᠠ᠂ ᠭᠠᠶᠢᠯᠢ ᠶᠢᠨ ᠪᠤᠰᠤ ᠣᠷᠣᠯᠭ᠎ᠠ ᠶᠢᠨ | ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠨᠢ 59.1%᠄ 40.9% | ᠪᠣᠯᠤᠨ᠎ᠠ᠃ ᠰᠠᠯᠠᠭ᠎ᠠ ᠮᠥᠴᠢᠷ ᠬᠤᠪᠢᠶᠠᠨ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠬᠥᠮᠥᠷᠭᠡ ᠳᠤ ᠤᠷᠤᠭᠤᠯᠤᠭᠰᠡᠨ ᠭᠠᠶᠢᠯᠢ ᠶᠢᠨ ᠣᠷᠣᠯᠭ᠎ᠠ 11,299 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9,114 ᠲᠦᠮᠡᠨ ᠲᠥᠭᠦᠷᠢᠭ ᠪᠠᠭᠠᠰᠴᠤ᠂ 44.6% ᠪᠠᠷ ᠪᠠᠭᠤᠷᠠᠪᠠ︔ ᠡᠳ᠋ ᠤᠨ | ᠵᠠᠰᠠᠭ ᠤᠨ ᠰᠠᠯᠠᠭ᠎ᠠ ᠮᠥᠴᠢᠷ ᠤᠨ ᠬᠥᠮᠥᠷᠭᠡ ᠳᠤ ᠣᠷᠣᠭᠤᠯᠤᠭᠰᠠᠨ ᠣᠷᠣᠯᠭ᠎ᠠ 7,379 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6,919 ᠲᠦᠮᠡᠨ ᠲᠥᠭᠦᠷᠢᠭ ᠨᠡᠮᠡᠭᠳᠡᠵᠦ᠂ 1,504.1% ᠪᠠᠷ | ᠨᠡᠮᠡᠭᠳᠡᠪᠠ᠃ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠣᠷᠣᠯᠭ᠎ᠠ ᠶᠢᠨ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠠᠷᠢᠴᠠᠯ ᠨᠢ 60.5%᠄ 39.51% ᠪᠣᠯᠤᠨ᠎ᠠ᠃ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠶᠢ 78,672 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4,545 | ᠲᠦᠮᠡᠨ ᠲᠥᠭᠦᠷᠢᠭ ᠪᠠᠭᠠᠰᠴᠤ᠂ 5.5% ᠪᠠᠷ ᠪᠠᠭᠤᠷᠠᠵᠤ᠂ ᠲᠣᠬᠢᠷᠠᠭᠤᠯᠤᠯᠲᠠ ᠶᠢᠨ ᠲᠥᠰᠦᠪ ᠤᠨ 82.7% ᠶᠢ | ᠪᠡᠶᠡᠯᠡᠭᠦᠯᠪᠡ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ | ᠪᠡᠶᠡᠯᠡᠭᠦᠯᠦᠭᠰᠡᠨ ᠪᠠᠶᠢᠳᠠᠯ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠣᠷᠣᠯᠭ᠎ᠠ 745 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 329 ᠲᠦᠮᠡᠨ | ᠲᠥᠭᠦᠷᠢᠭ ᠨᠡᠮᠡᠭᠳᠡᠨ᠂ 79.1% ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ | ᠲᠥᠰᠦᠪ ᠤᠨ ᠵᠠᠷᠤᠯᠭ᠎ᠠ 688 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 210 | ᠲᠦᠮᠡᠨ ᠲᠥᠭᠦᠷᠢᠭ ᠨᠡᠮᠡᠭᠳᠡᠨ᠂ 43.9% ᠨᠡᠮᠡᠭᠳᠡᠪᠠ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ | ᠪᠡᠶᠡᠯᠡᠭᠦᠯᠦᠭᠰᠡᠨ ᠪᠠᠶᠢᠳᠠᠯ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ | ᠣᠷᠣᠯᠭ᠎ᠠ 3,357 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 348 ᠲᠦᠮᠡᠨ | ᠲᠥᠭᠦᠷᠢᠭ ᠨᠡᠮᠡᠭᠳᠡᠨ᠂ 11.6% ᠨᠡᠮᠡᠭᠳᠡᠪᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢ | 2,818 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 155 ᠲᠦᠮᠡᠨ ᠲᠥᠭᠦᠷᠢᠭ | ᠪᠠᠭᠠᠰᠴᠤ᠂ 5.2% ᠢᠶᠠᠷ ᠪᠠᠭᠤᠷᠠᠪᠠ᠃ | ᠬᠤᠶᠠᠷ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠬᠦᠢᠴᠡᠳᠬᠡᠭᠰᠡᠨ ᠪᠠᠶᠢᠳᠠᠯ ᠤᠨ ᠲᠤᠬᠠᠢ | ᠵᠠᠳᠠᠯᠤᠯᠲᠠ | ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 10.5% ᠪᠠᠭᠠᠰᠪᠠ᠃ ᠣᠷᠣᠯᠭ᠎ᠠ ᠶᠢᠨ ᠨᠡᠮᠡᠭᠳᠡᠯ ᠬᠠᠰᠤᠭᠳᠠᠯ ᠤᠨ ᠰᠢᠯᠲᠠᠭᠠᠨ ᠭᠡᠪᠡᠯ᠄ ᠨᠢᠭᠡ ᠳᠤ ᠡᠨᠡ ᠵᠢᠯ ᠤᠨ | ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠠᠳᠠᠯᠢ ᠬᠤᠭᠤᠴᠠᠭᠠᠨ ᠤ ᠬᠢ ᠠᠴᠠ 10,317 ᠲᠦᠮᠡᠨ | ᠲᠥᠭᠦᠷᠢᠭ ᠬᠠᠰᠤᠭᠳᠠᠪᠠ ︵ᠲᠦᠷᠦᠭᠦᠦ ᠵᠢᠯ ᠤᠨ ᠠᠳᠠᠯᠢ ᠬᠤᠭᠤᠴᠠᠭᠠᠨ ᠳᠤ 14,932 ᠲᠦᠮᠡᠨ ᠲᠥᠭᠦᠷᠢᠭ | ᠬᠥᠮᠥᠷᠭᠡ ᠳᠤ ᠣᠷᠣᠭᠤᠯᠪᠠ᠂ ᠡᠭᠦᠨ ᠳᠤ ᠨᠡᠭᠦᠷᠡᠰᠦᠨ ᠤ ᠬᠦᠷᠢᠶ᠎ᠠ ᠴᠠᠷ᠎ᠠ ᠳᠠᠬᠢ ᠬᠠᠤᠯᠢ ᠲᠦᠷᠢᠮ ᠢ ᠵᠦᠷᠢᠴᠡᠭᠰᠡᠨ ᠢ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠᠷ ᠲᠠᠮᠵᠢᠨ ᠲᠤᠰᠢᠶᠠᠭᠠᠳᠤᠶ ᠭᠠᠶᠢᠯᠢ ᠶᠢᠨ ᠵᠣᠭᠤᠰ ᠢ 9,573 ᠲᠦᠮᠡᠨ | ᠲᠥᠭᠦᠷᠢᠭ ᠬᠥᠮᠥᠷᠭᠡ ᠳᠤ ᠣᠷᠣᠭᠤᠯᠪᠠ︶᠂ ᠬᠤᠶᠠᠷ ᠲᠤ ᠨᠡᠭᠦᠷᠡᠰᠦᠨ ᠤ ᠬᠦᠷᠢᠶ᠎ᠠ ᠴᠡᠷ᠎ᠠ ᠳᠠᠬᠢ ᠬᠠᠤᠯᠢ ᠲᠦᠷᠢᠮ ᠢ | ᠵᠦᠷᠢᠴᠡᠭᠰᠡᠨ ᠢ ᠲᠤᠰᠬᠠᠶ ᠵᠦᠢᠯ ᠢᠶᠠᠷ ᠴᠡᠭᠴᠡᠯᠡᠨ ᠵᠠᠰᠠᠵᠤ ᠲᠣᠷᠭᠠᠵᠤ ᠬᠤᠷᠢᠶᠠᠨ ᠠᠪᠤᠭᠰᠠᠨ ᠣᠷᠣᠯᠭ᠎ᠠ 5,473 | ᠲᠦᠮᠡᠨ ᠲᠥᠭᠦᠷᠢᠭ ᠢ ᠬᠥᠮᠥᠷᠭᠡ ᠳᠤ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5,473 ᠲᠦᠮᠡᠨ | ᠲᠥᠭᠦᠷᠢᠭ ᠨᠡᠮᠡᠭᠳᠡᠪᠡ᠃ | ︵ᠬᠤᠶᠠᠷ︶ ᠭᠤᠤᠯ ᠴᠣᠭᠴᠠ ᠶᠢᠨ ᠭᠠᠶᠢᠯᠢ ᠶᠢᠨ ᠲᠥᠷᠥᠯ ᠤᠨ ᠲᠤᠯᠭᠠᠭᠤᠷᠢᠯᠠᠬᠤ ᠦᠢᠯᠡᠳᠤᠯ ᠨᠡᠯᠢᠶᠡᠳ | ᠲᠤᠪᠤᠶᠢᠮ᠎ᠠ᠃ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠭᠠᠶᠢᠯᠢ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 45.3% ᠪᠠᠭᠠᠰᠴᠤ᠂ ᠡᠭᠦᠨ ᠤ ᠳᠣᠲᠣᠷ᠎ᠠ ᠠᠵᠤ ᠠᠬᠤᠶ ᠶᠢᠨ ᠡᠷᠬᠢᠯᠳᠡ ᠳᠤ | ᠬᠤᠯᠪᠣᠭᠳᠠᠬᠤ ᠨᠡᠮᠡᠭᠳᠡᠯ ᠦᠷᠳᠡᠭ ᠤᠨ ᠭᠠᠶᠢᠯᠢ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ | ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠡᠬᠢ ᠪᠠᠶᠠᠯᠢᠭ ᠤᠨ ᠭᠠᠶᠢᠯᠢ ᠵᠡᠷᠭᠡ ᠭᠤᠣᠯ ᠴᠣᠭᠴᠠ ᠶᠢᠨ | ᠭᠠᠶᠢᠯᠢ ᠶᠢᠨ ᠲᠥᠷᠥᠯ ᠢ ᠨᠡᠶᠢᠲᠡ4, 955 ᠲᠦᠮᠡᠨ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1,570 | ᠲᠦᠮᠡᠨ ᠲᠥᠭᠦᠷᠢᠭ ᠨᠡᠮᠡᠭᠳᠡᠵᠦ᠂ 46.4% ᠪᠠᠷ ᠨᠡᠮᠡᠭᠳᠡᠪᠡ ︵ᠡᠭᠦᠨ ᠳᠤ᠄ ᠨᠡᠮᠡᠭᠳᠡᠯ ᠥᠷᠲᠡᠭ ᠤᠨ ᠭᠠᠶᠢᠯᠢ᠂ | ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠢᠴᠢ | ᠡᠬᠢ ᠪᠠᠶᠠᠯᠢᠭ ᠤᠨ ᠭᠠᠶᠢᠯᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 954 ᠲᠦᠮᠡᠨ ᠲᠥᠭᠦᠷᠢᠭ᠂ 262 | ᠲᠦᠮᠡᠨ ᠲᠥᠭᠦᠷᠢᠭ᠂ 187 ᠲᠦᠮᠡᠨ ᠲᠥᠭᠦᠷᠢᠭ ᠪᠠ 167 ᠲᠦᠮᠡᠨ ᠲᠥᠭᠦᠷᠢᠭ ᠨᠡᠮᠡᠭᠳᠡᠪᠡ︶᠂ ᠭᠠᠶᠢᠯᠢ ᠶᠢᠨ | ᠣᠷᠣᠯᠭ᠎ᠠ ᠶᠢ 7.8 ᠵᠠᠭᠤᠨ ᠤ ᠨᠢᠭᠡᠴᠢ ︵2020 ᠣᠨ ᠤ ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 20,208 ᠲᠦᠮᠡᠨ ᠲᠥᠭᠦᠷᠢᠭ᠂ | 1570/20208≈7.8% ᠪᠠᠷ ᠪᠡᠶᠡᠯᠡᠭᠦᠯᠪᠡ︶᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ᠂ ᠬᠤᠳᠠ | ᠪᠠᠯᠭᠠᠰᠤᠨ ᠤ ᠭᠠᠵᠠᠷ ᠰᠢᠷᠣᠶ ᠶᠢ ᠬᠡᠷᠡᠭᠯᠡᠬᠦ ᠭᠠᠶᠢᠯᠢ᠂ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ | ᠭᠠᠶᠢᠯᠢ ᠵᠡᠷᠭᠡ ᠣᠷᠣᠨ ᠨᠤᠲᠤᠭ ᠤᠨ ᠭᠠᠶᠢᠯᠢ ᠶᠢᠨ ᠲᠦᠷᠦᠯ ᠵᠦᠢᠯ ᠨᠡᠶᠢᠳᠡ 6,093 ᠲᠦᠮᠡᠨ ᠲᠥᠭᠦᠷᠢᠭ ᠢ | ᠪᠡᠶᠡᠯᠡᠭᠦᠯᠪᠡ᠂ ᠡᠭᠦᠨ ᠤ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠳᠠᠯᠢ | ᠬᠤᠭᠤᠴᠠᠭᠠᠨ ᠤ ᠬᠢ ᠠᠴᠠ 10,317 ᠲᠦᠮᠡᠨ ᠲᠥᠭᠦᠷᠢᠭ ᠪᠠᠭᠠᠰᠴᠤ᠂ ᠪᠤᠰᠤᠳ ᠵᠦᠢᠯ ᠤᠳ ᠲᠤ ᠴᠥᠮ | ᠨᠠᠯᠢᠶᠠᠳ ᠶᠡᠭᠡ ᠬᠤᠪᠢᠷᠠᠯᠲᠠ ᠭᠠᠷᠤᠭᠰᠡᠨ ᠦᠭᠡᠢ᠃ | ︵ᠭᠤᠷᠪᠠ︶ ᠪᠥᠬᠦ ᠵᠢᠯ ᠤᠨ ᠡᠭᠦᠷᠭᠡ ᠶᠢᠨ ᠲᠤᠯᠭᠠᠭᠤᠷᠢᠯᠠᠬᠤ ᠴᠡᠭ ᠢ ᠯᠠᠪᠳᠠᠭᠤᠨ ᠢᠶᠠᠷ ᠠᠬᠢᠭᠤᠯᠪᠠ᠃ | 2021 ᠣᠨ ᠳᠤ ᠮᠠᠨ ᠤ ᠬᠤᠰᠢᠭᠤᠨ ᠤ ᠪᠦᠭᠦ ᠵᠢᠯ ᠤᠨ ᠣᠷᠣᠯᠭ᠎ᠠ ᠶᠢᠨ ᠡᠭᠦᠷᠭᠡ 22,500 ᠲᠦᠮᠡᠨ ᠲᠥᠭᠦᠷᠢᠭ | ᠂ ᠳᠡᠭᠡᠷ᠎ᠡ ᠬᠠᠭᠠᠰ ᠵᠢᠯ ᠳᠤ ᠵᠢᠯ ᠤᠨ ᠡᠬᠢᠨ ᠤ ᠲᠥᠰᠦᠪ ᠤᠨ ᠢᠶᠠᠨ 83.01% ᠶᠢ ᠪᠡᠶᠡᠯᠡᠭᠦᠯᠪᠡ᠃ | ᠣᠷᠣᠯᠭ᠎ᠠ ᠶᠢᠨ ᠭᠤᠣᠯ ᠲᠤᠯᠭᠠᠭᠤᠷᠢᠯᠠᠭᠴᠢ ᠴᠡᠭ᠄ ᠨᠢᠭᠡ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ | ᠬᠡᠢ ᠵᠢᠴᠢ ᠤᠰᠤᠨ ᠤ ᠡᠨᠧᠷᠬᠢ ᠪᠠ ᠬᠠᠩᠭᠠᠯᠭ᠎ᠠ ᠶᠢᠨ ᠦᠢᠯᠡᠰ ᠲᠤ 7,255 ᠲᠦᠮᠡᠨ ᠲᠥᠭᠦᠷᠢᠭ ︵ᠡᠭᠦᠨ ᠳᠤ᠄ | ᠵᠢᠩ ᠨᠸᠡᠭ ᠰᠢᠯᠢ ᠶᠢᠨ ᠭᠤᠣᠯ ᠤᠨ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠳᠤ 2,181 ᠲᠦᠮᠡᠨ | ᠲᠥᠭᠦᠷᠢᠭ᠂ ᠵᠦᠩ ᠨᠸᠡᠭ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ | ᠺᠣᠮᠫᠠᠨᠢ ᠳᠤ 1,857 ᠲᠦᠮᠡᠨ ᠲᠥᠭᠦᠷᠢᠭ ᠤᠨ ᠪᠡᠯᠡ ᠣᠷᠣᠭᠤᠯᠪᠠ︶︔ ᠬᠤᠶᠠᠷ᠂ ᠠᠭᠤᠷᠬᠠᠶ ᠶᠢᠨ ᠦᠢᠯᠡᠰ ᠲᠤ | 2,080 ᠲᠦᠮᠡᠨ ᠲᠥᠭᠦᠷᠢᠭ ︵ᠡᠭᠦᠨ ᠳᠤ᠄ ᠠᠪᠠᠭ᠎ᠠ ᠬᠤᠰᠢᠭᠤᠨ ᠤ ᠵᠥᠩ ᠢᠦᠶ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠬᠢᠵᠠᠭᠠᠷᠲᠤ ᠺᠣᠮᠫᠠᠨᠢ 949 ᠲᠦᠮᠡᠨ ᠲᠥᠭᠦᠷᠢᠭ︶︔ ᠭᠤᠷᠪᠠ᠂ ᠪᠠᠷᠢᠯᠭ᠎ᠠ ᠶᠢᠨ ᠦᠢᠯᠡᠰ 645 | ᠲᠦᠮᠡᠨ ᠲᠥᠭᠦᠷᠢᠭ︔ ᠲᠦᠷᠪᠡ᠂ ᠮᠥᠩᠭᠦᠨ ᠭᠦᠢᠯᠭᠡᠭᠡᠨ ᠤ ᠦᠢᠯᠡᠰ ᠲᠤ 364 ᠲᠦᠮᠡᠨ ᠲᠥᠭᠦᠷᠢᠭ︔ ᠲᠠᠪᠤ᠂ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠲᠤ 240 ᠲᠦᠮᠡᠨ ᠲᠥᠭᠦᠷᠢᠭ︔ ᠵᠢᠷᠭᠤᠭ᠎ᠠ᠂ | ᠦᠢᠯᠡᠳᠬᠦ ᠦᠢᠯᠡᠰ 184 ᠲᠦᠮᠡᠨ ᠲᠥᠭᠦᠷᠢᠭ︔ ᠳᠣᠯᠤᠭ᠎ᠠ᠂ ᠲᠦᠷᠢᠶᠡᠰᠦᠯᠡᠬᠦ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠬᠡᠨ ᠤ ᠦᠢᠯᠡᠰ 178 ᠲᠦᠮᠡᠨ ᠲᠥᠭᠦᠷᠢᠭ︔ ᠨᠠᠢᠮᠠ᠂ ᠪᠤᠰᠤᠳ ᠵᠥᠢᠯ ᠳᠤ 335 | ᠲᠦᠮᠡᠨ ᠲᠥᠭᠦᠷᠢᠭ︔ ᠶᠢᠰᠦ᠂ ᠭᠠᠶᠢᠯᠢ ᠶᠢᠨ ᠪᠤᠰᠤ ᠣᠷᠣᠯᠭ᠎ᠠ 7,630 ᠲᠦᠮᠡᠨ ᠲᠥᠭᠦᠷᠢᠭ ︵ᠨᠡᠭᠦᠷᠡᠰᠦᠨ ᠤ | ᠬᠦᠷᠢᠶ᠎ᠠ ᠴᠡᠷ᠎ᠠ ᠳᠠᠬᠢ ᠬᠠᠤᠯᠢ ᠲᠦᠷᠢᠮ ᠢ ᠵᠥᠷᠢᠴᠡᠭᠰᠡᠨ ᠲᠤᠰᠬᠠᠶ ᠵᠦᠢᠯ ᠢᠶᠠᠷ ᠴᠡᠭᠴᠡᠯᠡᠨ ᠵᠠᠰᠠᠭᠰᠠᠨ ᠬᠥᠮᠥᠷᠭᠡ ᠳᠤ | ᠤᠷᠤᠭᠤᠯᠤᠭᠰᠡᠨ 6,168 ᠲᠦᠮᠡᠨ ᠲᠥᠭᠦᠷᠢᠭ᠂ ᠪᠤᠰᠤᠳ ᠵᠦᠢᠯ ᠤᠨ ᠣᠷᠣᠯᠭ᠎ᠠ 1,462 ᠲᠦᠮᠡᠨ ᠲᠥᠭᠦᠷᠢᠭ︶ | ᠃ | ︵ᠲᠦᠷᠪᠡ︶ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠨ᠎ᠠ᠃ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠳᠤ ᠡᠵᠡᠯᠡᠬᠦ ᠬᠠᠷᠢᠴᠠᠯ ᠨᠢ 40.9% ᠪᠠᠶᠢᠵᠤ᠂ ᠪᠥᠬᠦ ᠠᠶᠢᠮᠠᠭ ᠤᠨ ᠳᠤᠮᠳᠠᠴᠢ ᠬᠢᠷᠢ | ᠲᠦᠪᠰᠢᠨ ︵30.3%︶ ᠠᠴᠠ 10.6 ᠵᠠᠭᠤᠨ ᠤ ᠨᠢᠭᠡᠴᠢ ᠥᠨᠳᠥᠷ ᠪᠣᠯᠪᠠ᠃ ᠭᠠᠶᠢᠯᠢ ᠶᠢᠨ ᠪᠤᠰᠤ | ᠣᠷᠣᠯᠭ᠎ᠠ ᠨᠢ ᠬᠡᠳᠦ᠋ᠢᠪᠡᠷ ᠡᠳ᠋ ᠤᠨ ᠵᠠᠰᠠᠭ ᠤᠨ ᠣᠷᠣᠯᠭ᠎ᠠ ᠶᠢᠨ ᠳᠤᠲᠠᠭᠤᠳᠠᠯ ᠢ ᠲᠦᠷ ᠨᠥᠬᠦᠪᠥᠷᠢᠯᠡᠭᠰᠡᠨ ᠪᠣᠯᠪᠠᠴᠤ | ᠲᠣᠭᠲᠠᠪᠤᠷᠢᠲᠤ ᠴᠢᠨᠠᠷ ᠢᠶᠠᠷ ᠠᠨᠠᠶ ᠪᠠᠶᠢᠵᠤ᠂ ᠵᠣᠬᠢᠬᠤ ᠬᠡᠮᠵᠢᠶᠡᠨ ᠳᠡᠭᠡᠷ᠎ᠡ ᠣᠷᠣᠯᠭ᠎ᠠ ᠶᠢᠨ ᠶᠠᠰᠤ ᠴᠢᠨᠠᠷ ᠢ | ᠨᠥᠯᠥᠭᠡᠯᠡᠭᠰᠡᠨ ᠪᠠᠶᠢᠨ᠎ᠠ᠃ | ︵ᠲᠠᠪᠤ︶ ᠡᠯ᠎ᠡ ᠵᠦᠢᠯ ᠤᠨ ᠵᠠᠷᠤᠯᠭ᠎ᠠ ᠶᠢᠨ ᠭᠦᠢᠴᠡᠳᠬᠡᠬᠦ ᠲᠤᠭ᠎ᠠ ᠶᠢ ᠨᠡᠯᠢᠶᠡᠳ ᠰᠠᠶᠢᠨ ᠪᠡᠶᠡᠯᠡᠭᠦᠯᠪᠠ᠃ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 78, | 672 ᠲᠦᠮᠡᠨ ᠲᠥᠭᠦᠷᠢᠭ ᠪᠡᠶᠡᠯᠡᠭᠦᠯᠵᠦ᠂ ᠵᠠᠷᠤᠯᠭ᠎ᠠ ᠶᠢᠨ ᠠᠬᠢᠴᠠ ᠶᠢ 75.7% ᠳᠤ ᠬᠦᠷᠭᠡᠵᠦ᠂ ᠪᠥᠬᠦ | ᠠᠶᠢᠮᠠᠭ ᠤᠨ ᠡᠯ᠎ᠡ ᠬᠤᠰᠢᠭᠤ ᠰᠢᠶᠠᠨ ᠳᠤ ᠨᠢᠭᠡᠳᠦᠭᠡᠷ ᠲᠤ ᠵᠢᠭᠰᠠᠭᠠᠭᠳᠠᠪᠠ᠃ ᠡᠭᠦᠨ ᠤ ᠳᠣᠲᠣᠷ᠎ᠠ᠂ ᠴᠠᠯᠢᠩ ᠤᠨ | ᠴᠢᠨᠠᠷᠲᠠᠶ ᠵᠠᠷᠤᠯᠭ᠎ᠠ 23,260 ᠲᠦᠮᠡᠨ ᠲᠥᠭᠦᠷᠢᠭ ︵ᠡᠭᠦᠨ ᠤ ᠳᠣᠲᠣᠷ᠎ᠠ᠄ ᠠᠵᠢᠯ ᠳᠤ ᠪᠠᠶᠢᠭ᠎ᠠ ᠠᠵᠢᠯᠳᠠᠨ ᠤ | ᠴᠠᠯᠢᠩ 17,803 ᠲᠦᠮᠡᠨ ᠲᠥᠭᠦᠷᠢᠭ᠂ ᠠᠵᠢᠯᠳᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ 5, | 457 ᠲᠦᠮᠡᠨ ᠲᠥᠭᠦᠷᠢᠭ ᠪᠣᠯᠤᠨ᠎ᠠ︶᠂ ᠲᠥᠰᠦᠪ ᠢ 57.1% ᠪᠠᠷ ᠪᠡᠶᠡᠯᠡᠭᠦᠯᠪᠠ︔ ᠠᠷᠠᠳ ᠤᠨ ᠠᠮᠢᠳᠤᠷᠠᠯ ᠤᠨ | ᠵᠠᠷᠤᠯᠭ᠎ᠠ ︵ᠪᠦᠬᠦ ᠰᠢᠰᠲ᠋ᠧᠮ︶ 61,549 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3,390 ᠲᠦᠮᠡᠨ ᠲᠥᠭᠦᠷᠢᠭ ᠪᠠᠭᠠᠰᠴᠤ᠂ 5.2% ᠢᠶᠠᠷ ᠪᠠᠭᠤᠷᠠᠵᠤ᠂ ᠡᠩ ᠤᠨ | ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 78.2% ᠢ ᠡᠵᠡᠯᠡᠪᠡ᠃ | ᠭᠤᠷᠪᠠ᠂ ᠦᠨᠤ ᠵᠢᠯ ᠤᠨ ᠡᠳ᠋ ᠤᠨ ᠵᠠᠰᠠᠭ ᠤᠨ ᠵᠢᠱᠢᠭᠰᠡᠨ ᠪᠠᠶᠢᠳᠠᠯ | 2021 ᠣᠨ ᠤ ᠪᠥᠬᠦ ᠵᠢᠯ ᠤᠨ ᠡᠳ᠋ ᠤᠨ ᠵᠠᠰᠠᠭ ᠤᠨ ᠪᠠᠶᠢᠳᠠᠯ ᠵᠢᠱᠢᠯᠲᠡ ᠪᠠᠷ᠂ ᠮᠠᠨ ᠤ ᠬᠤᠰᠢᠭᠤᠨ ᠤ | ᠪᠥᠬᠦ ᠵᠢᠯ ᠤᠨ ᠡᠳ᠋ ᠤᠨ ᠵᠠᠰᠠᠭ ᠤᠨ ᠪᠠᠶᠢᠳᠠᠯ ᠵᠢᠱᠢᠯᠲᠡ ᠪᠠᠷ 14.2 ᠳ᠋ᠦᠩᠰᠢᠭᠤᠷ ᠲᠥᠭᠦᠷᠢᠭ᠂ ᠡᠭᠦᠨ ᠳᠤ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 29,500 ᠲᠦᠮᠡᠨ ᠲᠥᠭᠦᠷᠢᠭ ᠢ ᠪᠡᠶᠡᠯᠡᠭᠦᠯᠵᠦ᠂ | ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ ︵ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠶᠢᠨ ᠰᠢᠯᠵᠢᠭᠦᠯᠦᠨ ᠥᠭᠬᠦ ᠣᠷᠣᠯᠭ᠎ᠠ ᠪᠠᠭᠲᠠᠨ᠎ᠠ︶ 85,836 ᠲᠦᠮᠡᠨ ᠲᠥᠭᠦᠷᠢᠭ᠂ ᠲᠤᠰᠬᠠᠶ | ᠰᠢᠯᠵᠢᠭᠦᠯᠦᠨ ᠥᠭᠬᠦ ᠵᠠᠷᠤᠯᠭ᠎ᠠ 19,517 ᠲᠦᠮᠡᠨ ᠲᠥᠭᠦᠷᠢᠭ᠂ ᠲᠡᠬᠡᠷ᠎ᠠ ᠬᠠᠭᠠᠰ ᠵᠢᠯ ᠤᠨ ᠦᠯᠡᠳᠡᠪᠦᠷᠢ | ᠣᠷᠣᠯᠭ᠎ᠠ 518 ᠲᠦᠮᠡᠨ ᠲᠥᠭᠦᠷᠢᠭ᠂ ᠵᠠᠰᠠᠭ ᠤᠨ ᠣᠷᠳᠣᠨ ᠤ ᠡᠩ ᠤᠨ ᠦᠷᠢ ᠥᠭᠴᠡᠭᠡ ᠶᠢᠨ ᠰᠢᠯᠵᠢᠭᠦᠯᠦᠨ | ᠵᠢᠭᠡᠯᠡᠭᠦᠯᠦᠭᠰᠡᠨ ᠣᠷᠣᠯᠭ᠎ᠠ 8,000 ᠲᠦᠮᠡᠨ ᠲᠥᠭᠦᠷᠢᠭ ᠪᠣᠯᠤᠨ᠎ᠠ᠃ | ᠳᠥᠷᠪᠡ᠂ ᠳᠠᠷᠠᠭ᠎ᠠ ᠠᠯᠬᠤᠮ ᠤᠨ ᠭᠤᠤᠯᠳᠠᠯᠭ᠎ᠠ ᠲᠠᠢ ᠠᠵᠢᠯ | ︵ᠨᠢᠭᠡ︶ ᠣᠷᠣᠯᠭ᠎ᠠ ᠶᠢᠨ ᠨᠡᠮᠡᠭᠳᠡᠯ ᠢ ᠵᠣᠬᠢᠶᠠᠨ ᠪᠠᠶᠢᠭᠤᠯᠬᠤ ᠠᠵᠢᠯ ᠢ ᠢᠳᠡᠪᠬᠢᠲᠡᠶ ᠰᠠᠶᠢᠲᠤᠷ ᠬᠢᠨ᠎ᠠ᠃ | ᠡᠳ᠋ ᠤᠨ ᠵᠠᠰᠠᠭ ᠤᠨ ᠣᠷᠣᠯᠭ᠎ᠠ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ | ᠡᠯ᠎ᠡ ᠲᠦᠷᠤᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ | ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠯᠭ᠎ᠠ ᠶᠢᠨ ᠲᠠᠲᠠᠪᠤᠷᠢᠯᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠣᠷᠣᠯᠭ᠎ᠠ ᠶᠢᠨ ᠪᠠᠶᠢᠳᠠᠯ ᠢ | ᠢᠳᠡᠪᠬᠢᠲᠡᠶ ᠪᠠᠷ ᠨᠡᠪᠲᠡᠷᠡᠯᠴᠡᠨ ᠣᠶᠢᠯᠠᠭᠠᠵᠤ᠂ ᠪᠠᠶᠢᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠤᠨ ᠮᠠᠭᠠᠳᠯᠠᠵᠤ᠂ | ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠠ | ᠴᠡᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠲᠦᠷᠤᠯ ᠢᠶᠠᠷ ᠴᠡᠭᠴᠡᠯᠡᠨ ᠵᠠᠰᠠᠬᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠢ ᠨᠡᠬᠡᠮᠵᠢᠯᠡᠬᠦ ᠪᠠ ᠬᠤᠬᠢᠷᠠᠯ ᠢ ᠪᠠᠭᠠᠰᠬᠠᠬᠤ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ᠵᠠᠩᠬᠢᠯᠠᠭ᠎ᠠ ᠶᠢᠨ ᠭᠤᠭᠴᠤᠭ᠎ᠠ ᠳᠤ ᠡᠳ᠋ ᠤᠨ ᠵᠠᠰᠠᠭ ᠤᠨ ᠣᠷᠣᠯᠭ᠎ᠠ ᠶᠢ ᠦᠯᠡᠳᠡᠬᠡᠨ ᠡᠵᠡᠯᠡᠬᠦ ᠶᠢ | ᠰᠡᠷᠬᠡᠶᠢᠯᠡᠨ ᠬᠤᠷᠢᠭᠯᠠᠨ᠎ᠠ᠃ | ︵ᠬᠤᠶᠠᠷ︶ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠵᠠᠷᠤᠯᠭ᠎ᠠ ᠶᠢᠨ | ᠬᠡᠷᠡᠭᠴᠡᠭᠡ ᠶᠢ ᠪᠠᠲᠤᠯᠠᠨ᠎ᠠ᠃ ︽ᠲᠥᠰᠦᠪ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ | ᠲᠥᠰᠦᠪ ᠤᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠵᠠᠷᠤᠯᠭ᠎ᠠ ᠶᠢ ᠡᠵᠡᠮᠳᠡᠬᠦ ᠴᠢᠳᠠᠪᠬᠢ ᠶᠢ | ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠨ᠎ᠠ᠃ ᠠᠷᠪᠢᠯᠠᠨ ᠭᠠᠮᠨᠠᠬᠤ ᠵᠤᠷᠢᠭ ᠰᠠᠨᠠᠭ᠎ᠠ ᠶᠢ | ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠳᠠᠬᠢ ︽ᠭᠤᠷᠪᠠ ᠶᠢ ᠪᠠᠲᠤᠯᠠᠬᠤ︾ ᠵᠠᠷᠤᠯᠭ᠎ᠠ ᠶᠢ | ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠡᠩ ᠤᠨ | ᠴᠢᠨᠠᠷᠲᠠᠶ ᠵᠠᠷᠤᠯᠭ᠎ᠠ ᠶᠢ ᠵᠦᠢ ᠵᠣᠬᠢᠰᠲᠠᠶ ᠪᠠᠷ ᠪᠠᠭᠠᠰᠬᠠᠵᠤ᠂ ᠪᠦᠲᠦᠮᠵᠢ ᠠᠨᠠᠢ ᠪᠠ ᠦᠷ᠎ᠡ ᠠᠰᠢᠭ ᠢᠶᠠᠷ ᠠᠨᠠᠢ | ᠲᠦᠷᠤᠯ ᠵᠥᠢᠯ ᠢ ᠬᠦᠴᠦᠨ ᠦᠭᠡᠢ ᠪᠣᠯᠭᠠᠵᠤ᠂ ᠰᠢᠨ᠎ᠡ ᠪᠠᠷ ᠨᠡᠮᠡᠭᠳᠡᠭᠦᠯᠬᠦ ᠲᠦᠷᠤᠯ ᠵᠥᠢᠯ ᠢ ᠴᠢᠩᠭ᠎ᠠ ᠡᠵᠡᠮᠳᠡᠵᠤ᠂ | ᠪᠠᠴᠢᠮ ᠬᠡᠷᠡᠭᠴᠡᠭᠡᠨ ᠤ ᠪᠤᠰᠤ᠂ ᠪᠠᠶᠢᠩᠭᠤ ᠶᠢᠨ ᠪᠤᠰᠤ ᠵᠠᠷᠤᠯᠭ᠎ᠠ ᠶᠢ ᠶᠡᠬᠡᠪᠡᠷ ᠪᠠᠭᠠᠰᠬᠠᠨ᠎ᠠ᠃ | ︵ᠭᠤᠷᠪᠠ︶ ᠪᠥᠬᠦ ᠵᠢᠯ ᠤᠨ ᠥᠷᠢ ᠥᠭᠴᠡᠭᠡ ᠶᠢ ᠴᠠᠶᠢᠷᠠᠭᠤᠯᠬᠤ ᠡᠭᠦᠷᠭᠡ ᠶᠢ ᠴᠢᠷᠮᠠᠶᠢᠨ ᠪᠠᠶᠠᠯᠠᠬᠦᠯᠤᠨ᠎ᠠ᠃ | 2021 ᠣᠨ ᠳᠤ᠂ ᠮᠠᠨ ᠤ ᠬᠤᠰᠢᠭᠤᠨ ᠤ ᠳᠠᠯᠳᠠ ᠥᠷᠢ ᠦᠭᠴᠡᠭᠡ ᠶᠢ ᠴᠠᠶᠢᠷᠠᠭᠤᠯᠬᠤ ᠡᠭᠦᠷᠭᠡ ᠪᠠᠨ 1.84 | ᠳ᠋ᠦᠩᠰᠢᠭᠤᠷ ᠲᠥᠭᠦᠷᠢᠭ᠂ ᠳᠡᠭᠡᠷ᠎ᠡ ᠬᠠᠭᠠᠰ ᠵᠢᠯ ᠳᠤ ᠨᠢᠭᠡᠨᠲᠡ 0.95 ᠳ᠋ᠦᠩᠰᠢᠭᠤᠷ ᠲᠥᠭᠦᠷᠢᠭ ᠤᠨ ᠳᠠᠯᠳᠠ | ᠥᠭᠴᠡᠭᠡ ᠶᠢ ᠴᠠᠶᠢᠷᠠᠭᠤᠯᠵᠤ᠂ ᠲᠥᠯᠥᠪᠯᠡᠭᠡ ᠪᠠᠨ 51.8% ᠪᠠᠷ ᠪᠡᠶᠡᠯᠡᠭᠦᠯᠪᠡ᠃ ᠳᠣᠤᠷ᠎ᠠ ᠬᠠᠭᠠᠰ ᠵᠢᠯ ᠳᠤ᠂ | ᠮᠠᠨ ᠤ ᠬᠤᠰᠢᠭᠤ 0.89 ᠳ᠋ᠦᠩᠰᠢᠭᠤᠷ ᠲᠥᠭᠦᠷᠢᠭ ᠤᠨ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ᠂ ᠰᠢᠨ᠎ᠡ ᠪᠠᠷ | ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠᠷ 6,500 ᠲᠦᠮᠡᠨ ᠲᠥᠭᠦᠷᠢᠭ ᠤᠨ ᠥᠷᠢ | ᠥᠭᠴᠡᠭᠡ ᠶᠢ ᠰᠢᠢᠳᠪᠤᠷᠢᠯᠡᠵᠤ᠂ ᠪᠤᠰᠤᠳ ᠪᠠᠯᠠ ᠮᠥᠩᠭᠦ ᠶᠢ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠪᠠᠷ ᠳᠠᠮᠵᠢᠭᠤᠯᠵᠤ ᠰᠢᠢᠳᠪᠤᠷᠢᠯᠡᠨ᠎ᠠ᠃ | ︵ᠳᠥᠷᠪᠡ︶ ᠰᠢᠭᠤᠳ ᠭᠤᠪᠢᠭᠤᠯᠬᠤ ᠪᠠᠯᠠ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠨ᠎ᠠ᠃ 2021 ᠣᠨ ᠤ ᠳᠡᠭᠡᠷ᠎ᠡ ᠬᠠᠭᠠᠰ ᠵᠢᠯ ᠪᠣᠯᠲᠠᠯ᠎ᠠ᠂ ᠮᠠᠨ ᠤ ᠬᠤᠰᠢᠭᠤ | ᠰᠢᠭᠤᠳ ᠭᠤᠪᠢᠭᠤᠯᠬᠤ ᠪᠠᠯᠠ ᠮᠦᠩᠬᠦ ᠶᠢᠨ ᠬᠥᠳᠡᠯᠦᠩᠭᠦᠶ ᠬᠢᠨᠠᠨ ᠡᠵᠡᠮᠳᠡᠬᠦ ᠰᠢᠰᠲ᠋ᠧᠮ ᠤᠨ ᠳᠡᠭᠡᠳᠦ ᠱᠠᠲᠤᠨ ᠠᠴᠠ | ᠪᠠᠭᠤᠯᠭᠠᠭᠰᠠᠨ ᠲᠥᠪ ᠤᠨ ᠰᠢᠭᠤᠳ ᠭᠤᠪᠢᠭᠤᠯᠬᠤ ᠡᠯ᠎ᠡ ᠳᠦᠷᠣᠯ ᠤᠨ ᠪᠠᠯᠠ ᠮᠥᠩᠭᠦ ᠨᠠᠶᠢᠲᠠ 5,432 ᠲᠦᠮᠡᠨ | ᠲᠥᠭᠦᠷᠢᠭ ᠬᠦᠷᠴᠤ᠂ ᠪᠠᠯᠠ ᠮᠦᠩᠬᠦ ᠶᠢᠨ ᠭᠦᠢᠴᠡᠳᠬᠡᠬᠦ ᠲᠤᠭ᠎ᠠ ᠶᠢ ᠪᠦᠭᠦᠠ ᠢ ᠡᠯ᠎ᠡ ᠬᠤᠯᠪᠣᠭᠳᠠᠯ ᠪᠦᠭᠦᠢ ᠰᠠᠯᠠᠭ᠎ᠠ | ᠮᠥᠴᠢᠷ ᠲᠤ ᠬᠤᠪᠢᠶᠠᠷᠢᠯᠠᠨ ᠥᠭᠴᠦ᠂ ᠬᠤᠪᠢᠶᠠᠷᠢᠯᠠᠯᠲᠠ ᠶᠢᠨ ᠨᠣᠷᠮ᠎ᠠ ᠶᠢ 100% ᠳᠤ ᠬᠦᠷᠪᠠ᠃ ᠰᠢᠭᠤᠳ | ᠭᠤᠪᠢᠭᠤᠯᠬᠤ ᠪᠡᠯᠡ ᠮᠥᠩᠭᠦ ᠶᠢᠨ ᠪᠠᠶᠢᠩᠭᠤ ᠶᠢᠨ ᠬᠢᠨᠠᠯᠲᠠ ᠲᠠᠯᠪᠢᠬᠤ ᠵᠤᠬᠢᠴᠠᠮᠵᠢ ᠶᠣᠰᠣᠭᠠᠷ᠂ ᠬᠢᠨᠠᠨ ᠡᠵᠡᠮᠳᠡᠬᠦ | ᠰᠢᠰᠲ᠋ᠧᠮ ᠤᠨ ᠰᠢᠭᠤᠳ ᠭᠤᠪᠢᠭᠤᠯᠬᠤ ᠪᠠᠯᠠ ᠮᠥᠩᠭᠦ ᠶᠢᠨ ᠡᠬᠡ ᠲᠠᠩᠰᠠ ᠪᠠᠶᠢᠭᠤᠯᠵᠦ᠂ ᠰᠢᠭᠤᠳ ᠭᠤᠪᠢᠭᠤᠯᠬᠤ | ᠪᠠᠯᠠ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠷ ᠳᠡᠮᠵᠢᠨ᠂ ᠡᠯ᠎ᠡ ᠲᠥᠰᠦᠪ ᠤᠨ ᠰᠠᠯᠠᠭ᠎ᠠ | ᠮᠥᠴᠢᠷ ᠢ ᠱᠠᠯᠠᠪᠳᠠᠭᠤᠯᠵᠤ ᠰᠢᠭᠤᠳ ᠭᠤᠪᠢᠭᠤᠯᠬᠤ ᠪᠠᠯᠠ ᠮᠥᠩᠭᠦ ᠶᠢ ᠳᠣᠭᠢᠷᠠᠭᠤᠯᠤᠨ ᠬᠡᠷᠡᠭᠯᠡᠬᠦ ᠪᠠ ᠵᠠᠷᠤᠯᠭ᠎ᠠ ᠶᠢᠨ | ᠠᠬᠢᠴᠠ ᠶᠢ ᠲᠦᠷᠭᠡᠳᠬᠡᠨ᠂ ᠬᠠᠮᠢᠶ᠎ᠠ ᠪᠥᠬᠦᠶ ᠲᠥᠰᠦᠪ ᠤᠨ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ | ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠮᠡᠳᠡᠭᠡ ᠵᠠᠩᠭᠢ ᠶᠢ | ᠴᠠᠭ ᠲᠤᠬᠠᠶ ᠳᠤᠨᠢ ᠬᠢᠨᠠᠨ ᠡᠵᠡᠮᠳᠡᠬᠦ ᠰᠢᠰᠲ᠋ᠧᠮ ᠳᠤ ᠣᠷᠣᠭᠤᠯᠵᠤ᠂ ᠰᠢᠭᠤᠳ ᠭᠤᠪᠢᠭᠤᠯᠬᠤ ᠪᠠᠯᠠ ᠮᠥᠩᠭᠦ ᠪᠠᠷ | ᠠᠵᠤ ᠠᠬᠤᠶᠢᠯᠠᠯ ᠳᠤ ᠰᠢᠭᠤᠳ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠪᠠᠯᠠ | ᠮᠥᠩᠭᠦ ᠶᠢᠨ ᠠᠯᠢ ᠲᠦᠷᠭᠡᠨ ᠢᠶᠠᠷ ᠦᠷ᠎ᠡ ᠠᠰᠢᠭ ᠤᠯᠬᠤ ᠶᠢ ᠠᠬᠢᠭᠤᠯᠤᠨ᠎ᠠ᠃ | ︵ᠲᠠᠪᠤ︶ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ | ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠲᠡᠬᠡᠳᠤ ᠱᠠᠲᠤᠨ ᠤ ᠱᠠᠭᠠᠷᠳᠠᠯᠭ᠎ᠠ ᠶᠤᠰᠤᠭᠠᠷ᠂ ᠦᠨᠤ ᠵᠢᠯ ᠤᠨ 9 ᠰᠠᠷ᠎ᠠ ᠳᠤ ᠲᠥᠰᠦᠪ ᠤᠨ | ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢᠶᠠᠷ 2022 ᠣᠨ ᠤ ᠲᠥᠰᠦᠪ᠂ ᠲᠥᠰᠦᠪ ᠤᠨ | ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ ᠰᠢᠰᠲ᠋ᠧᠮ ᠢ ᠨᠠᠶᠢᠷᠠᠭᠤᠯᠤᠨ ᠵᠣᠬᠢᠶᠠᠵᠤ ᠠᠵᠢᠯᠯᠠᠭᠤᠯᠤᠭᠰᠠᠨ ᠤ | ᠳᠠᠷᠠᠭ᠎ᠠ᠂ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ ᠬᠦᠢᠴᠡᠳᠬᠡᠬᠦ᠂ ᠲᠥᠰᠦᠪ ᠤᠨ ᠬᠦᠢᠴᠡᠳᠬᠡᠯ ᠤᠨ | ᠮᠡᠳᠡᠭᠦᠯᠬᠦ ᠬᠦᠰᠦᠨᠦᠭᠲᠦ ᠵᠡᠷᠭᠡ ᠠᠵᠢᠯ ᠤᠨ ᠪᠠᠷᠢᠮᠵᠢᠶᠠᠵᠢᠯᠳᠠ᠂ ᠠᠦ᠋ᠲ᠋ᠣᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠲᠥᠰᠦᠪ ᠤᠨ ᠬᠠᠮᠢᠶᠠᠷᠤᠯᠲᠠ ᠶᠢᠨ ᠪᠥᠬᠦ ᠶᠠᠪᠤᠴᠠ ᠶᠢ ᠬᠥᠳᠡᠯᠦᠩᠭᠦᠶ ᠪᠠᠷ ᠲᠤᠰᠬᠠᠬᠤ ᠪᠠ | ᠪᠦᠲᠦᠮᠵᠢᠲᠡᠶ ᠡᠵᠡᠮᠳᠡᠬᠦ ᠶᠢ ᠪᠡᠶᠡᠯᠡᠭᠦᠯᠵᠦ᠂ ᠡᠯ᠎ᠡ ᠱᠠᠲᠤᠨ ᠤ ᠲᠥᠰᠦᠪ ᠤᠨ ᠬᠠᠮᠢᠶᠠᠷᠤᠯᠲᠠ ᠶᠢᠨ ᠵᠢᠷᠤᠮᠵᠢᠭᠤᠨ | ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠳᠡᠭᠡᠳᠦ ᠱᠠᠲᠤᠨ ᠤ ᠡᠯ᠎ᠡ ᠲᠦᠷᠦᠯ ᠤᠨ ᠪᠡᠯᠡ ᠮᠥᠩᠭᠦ ᠶᠢ ᠲᠠᠮᠠᠴᠠᠨ ᠤᠯᠬᠤ ᠪᠠᠷ | ᠴᠢᠷᠮᠠᠶᠢᠨ᠎ᠠ᠃ ᠨᠢᠭᠡ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠨᠡᠪᠲᠡᠷᠡᠯᠴᠡᠬᠦ ᠪᠠ ᠬᠠᠷᠢᠯᠴᠠᠬᠤ ᠠᠵᠢᠯ ᠢ | ᠬᠢᠨᠠᠮᠠᠭᠠᠶ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ᠂ ᠬᠦᠴᠢᠷᠳᠡᠯ ᠲᠠᠢ ᠪᠣᠳᠠᠲᠤ | ᠪᠠᠶᠢᠳᠠᠯ ᠢ ᠢᠳᠡᠪᠬᠢᠲᠡᠶ ᠪᠠᠷ ᠲᠤᠰᠬᠠᠵᠤ᠂ ᠡᠯ᠎ᠡ ᠲᠦᠷᠦᠯ ᠤᠨ ᠡᠳ᠋ ᠤᠨ ᠬᠦᠴᠦᠨ ᠤ ᠴᠢᠨᠠᠷᠲᠠᠶ ᠨᠥᠬᠦᠪᠥᠷᠢ ᠪᠠ | ᠲᠤᠰᠬᠠᠶ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠡᠳ᠋ ᠤᠨ ᠬᠦᠴᠦᠨ ᠤ ᠬᠦᠷᠦᠯᠴᠡᠬᠦ ᠦᠭᠡᠢ ᠵᠥᠢᠯᠡᠰ ᠢ | ᠨᠥᠬᠦᠪᠥᠷᠢᠯᠡᠨ᠂ ᠡᠳ᠋ ᠤᠨ ᠵᠠᠰᠠᠭ ᠤᠨ ᠳᠤᠲᠠᠭᠤᠳᠠᠯ ᠢ ᠪᠠᠭᠠᠰᠬᠠᠵᠤ᠂ ᠲᠥᠰᠦᠪ ᠤᠨ ᠢᠯᠭᠤᠮ ᠤᠷᠤᠭᠰᠢᠲᠠᠶ | ᠬᠡᠷᠡᠭᠵᠢᠭᠦᠯᠦᠭᠳᠡᠬᠦ ᠪᠠ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠦᠨᠡᠡᠬᠦ ᠪᠠᠲᠤᠯᠠᠨ᠎ᠠ᠃ ᠬᠤᠶᠠᠷ ᠲᠤ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ | ᠤᠯᠬᠤ ᠪᠠᠷ ᠢᠳᠡᠪᠬᠢᠲᠡᠶ ᠴᠢᠷᠮᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠴᠠᠶᠢᠷᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠣᠷᠣᠨ ᠨᠤᠲᠤᠭ ᠤᠨ ᠡᠳ᠋ ᠤᠨ ᠬᠦᠴᠦᠨ ᠬᠦᠷᠦᠯᠴᠡᠬᠦ ᠦᠬᠡᠢ ᠲᠠᠷᠤᠯᠳᠠ ᠶᠢ ᠪᠠᠭᠠᠰᠬᠠᠨ᠎ᠠ᠃ | |