ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ᠄ | ᠡᠳᠦᠭᠡ ︽ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ 2019 ᠣᠨ ᠤ ᠬᠢᠨᠠᠨ ᠪᠤᠳᠤᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠪᠢᠴᠢᠭ ᠮᠠᠲ᠋ᠧᠷᠢᠶᠠᠯ ᠤᠨ ᠬᠠᠮᠲᠤ | ᠳᠡᠭᠡᠭᠰᠢ ᠮᠡᠳᠡᠭᠦᠯᠪᠡ᠂ ᠬᠢᠨᠠᠨ ᠵᠥᠪᠯᠡᠬᠦ ᠪᠣᠯᠪᠠᠤ᠃ | 2021 ᠣᠨ ᠤ 9 ᠰᠠᠷ᠎ᠠ ᠶᠢᠨ 22 | ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ 2019 ᠣᠨ ᠤ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ | | 2020 ᠣᠨ ᠤ 9 ᠰᠠᠷ᠎ᠠ ᠶᠢᠨ 28 ᠤ ᠡᠳᠦᠷ᠂ ᠬᠤᠰᠢᠭᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ | ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠳᠥᠷᠪᠡᠳᠦᠭᠡᠷ ᠣᠳᠠᠭᠠᠨ ᠤ ᠬᠤᠷᠠᠯ | ᠳᠡᠭᠡᠷ᠎ᠡ ︽ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2019 ᠣᠨ ᠤ ᠠᠪᠠᠭ᠎ᠠ ᠬᠤᠰᠢᠭᠤᠨ ᠤ | ᠲᠣᠰ ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ | ᠪᠤᠳᠤᠬᠤ ᠠᠵᠢᠯ ᠤᠨ ᠪᠠᠶᠢᠳᠠᠯ ᠤᠨ ᠮᠡᠳᠡᠭᠦᠯᠦᠯᠲᠡ︾ ᠬᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ ᠪᠤᠳᠤᠬᠤ ᠠᠵᠢᠯ ᠤᠨ ᠪᠠᠶᠢᠳᠠᠯ ᠤᠨ ᠮᠡᠳᠡᠭᠦᠯᠦᠯᠲᠡ ᠳᠤ ᠭᠤᠷᠪᠠᠨ | ᠵᠦᠢᠯ ᠤᠨ ᠬᠢᠨᠠᠨ ᠵᠥᠪᠯᠡᠬᠦ ᠰᠠᠨᠠᠯ ᠲᠤᠷᠠᠳᠪᠠ᠄ ᠨᠢᠭᠡ ᠳᠤ᠂ ᠠᠵᠢᠯ ᠣᠯᠭᠤᠯᠲᠠ᠂ ᠡᠮ ᠡᠮᠨᠡᠯᠭᠡ᠂ ᠨᠡᠶᠢᠭᠡᠮ ᠤᠨ | ᠪᠠᠲᠤᠯᠠᠭ᠎ᠠ᠂ ᠰᠤᠷᠭᠠᠨ ᠬᠥᠮᠦᠵᠢᠯ᠂ ᠬᠤᠲᠠ ᠶᠢᠨ ᠪᠥᠲᠥᠭᠡᠨ ᠪᠠᠶᠢᠭᠤᠯᠤᠯᠲᠠ᠂ ᠶᠠᠳᠠᠭᠤ ᠶᠢ ᠲᠡᠳᠬᠦᠬᠦ ᠵᠡᠷᠭᠡ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯᠯᠠᠭᠠᠨ ᠢ ᠨᠢᠭᠲᠠ ᠠᠩᠬᠠᠷᠴᠤ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠲᠤ ᠥᠷᠢᠲᠦᠭᠰᠡᠨ ᠪᠡᠯᠡ | ᠮᠦᠩᠭᠦ ᠵᠡᠷᠭᠡ ᠲᠠᠯ᠎ᠠ ᠪᠠᠷ ᠬᠢᠨᠠᠨ ᠪᠤᠳᠤᠵᠤ ᠬᠢᠨᠠᠯᠲᠠ ᠲᠠᠯᠪᠢᠨ᠎ᠠ︔ ᠬᠤᠶᠠᠷ ᠲᠤ᠂ ᠲᠤᠰᠬᠠᠶ ᠲᠦᠷᠦᠯ ᠤᠨ ᠪᠡᠯᠡ | ᠮᠥᠩᠭᠦ ᠶᠢᠨ ᠲᠦᠯᠦᠪᠦᠷᠢᠯᠡᠯᠲᠡ ᠪᠠ ᠬᠡᠷᠡᠭᠯᠡᠯᠲᠡ ᠶᠢ ᠲᠦᠷᠭᠡᠳᠬᠡᠨ᠎ᠡ︔ ᠭᠤᠷᠪᠠ ᠳᠤ᠂ ᠬᠢᠨᠠᠨ ᠪᠤᠳᠤᠬᠤ ᠠᠵᠢᠯ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ | ᠃ ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠤᠷᠠᠳᠤᠭᠰᠠᠨ ᠬᠢᠨᠠᠨ ᠵᠥᠪᠯᠡᠭᠰᠡᠨ ᠰᠠᠨᠠᠯ ᠢ ᠦᠨᠳᠦᠰᠦᠯᠡᠨ᠂ ᠬᠤᠯᠪᠣᠭᠳᠠᠯ ᠪᠥᠬᠦᠶ | ᠨᠢᠭᠡᠴᠡ ᠶᠢᠨ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠳᠤ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠱᠠᠯᠠᠪᠳᠠᠭᠤᠯᠪᠠ᠃ | 2019 ᠣᠨ ᠤ 8 ᠰᠠᠷ᠎ᠠ ᠠᠴᠠ 2020 ᠣᠨ ᠤ 7 ᠰᠠᠷ᠎ᠠ ᠪᠣᠯᠲᠠᠯ᠎ᠠ᠂ ᠬᠤᠰᠢᠭᠤ ᠲᠣᠰ ᠱᠠᠲᠤᠨ ᠤ | ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠳᠤ | ᠵᠤᠭᠤᠰ ᠤᠨ ᠲᠤᠭ᠎ᠠ ᠪᠠᠷ ᠬᠡᠮᠵᠢᠶᠡᠯᠡᠭᠰᠡᠨ 26 ᠠᠰᠠᠭᠤᠳᠠᠯ ᠢ ᠪᠠᠶᠢᠴᠠᠭᠠᠨ ᠭᠠᠷᠭᠠᠵᠤ᠂ ᠬᠠᠮᠢᠶᠠᠷᠤᠯᠲᠠ ᠨᠢ | ᠵᠢᠷᠤᠮᠵᠢᠭᠤᠨ ᠪᠤᠰᠤ 13.74 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠠᠶᠢᠴᠠᠭᠠᠨ ᠭᠠᠷᠭᠠᠪᠠ᠃ | ᠵᠤᠭᠤᠰ ᠤᠨ ᠲᠤᠭ᠎ᠠ ᠪᠠᠷ ᠬᠡᠮᠵᠢᠶᠡᠯᠡᠭᠰᠡᠨ ᠪᠣᠰᠤ 13 ᠠᠰᠠᠭᠤᠳᠠᠯ ᠢ ᠪᠠᠶᠢᠴᠠᠭᠠᠨ ᠭᠠᠷᠭᠠᠵᠤ᠂ ᠬᠤᠰᠢᠭᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ 6 ᠵᠦᠢᠯ ᠢ ᠰᠢᠯᠵᠢᠭᠦᠯᠦᠨ ᠬᠦᠷᠭᠡᠭᠰᠡᠨ ᠪᠠᠶᠢᠨ᠎ᠠ᠃ | 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ᠂ 13.65 ᠳ᠋ᠦᠩᠰᠢᠭᠤᠷ ᠲᠥᠭᠦᠷᠢᠭ ᠤᠨ ᠬᠠᠮᠢᠶᠠᠷᠤᠯᠲᠠ | ᠵᠢᠷᠤᠮᠵᠢᠭᠤᠨ ᠪᠤᠰᠤ ᠪᠠᠯᠠ ᠮᠥᠩᠭᠦ ᠶᠢ ᠴᠡᠭᠴᠡᠯᠡᠨ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 99.34% ᠳᠤ | ᠬᠦᠷᠪᠡ︔ ᠵᠣᠭᠤᠰ ᠤᠨ ᠲᠤᠭ᠎ᠠ ᠪᠠᠷ ᠬᠡᠮᠵᠢᠶᠡᠯᠡᠭᠰᠡᠨ ᠪᠣᠰᠤ ᠠᠰᠠᠭᠤᠳᠠᠯ ᠢ 12 ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 92.3% ᠳᠤ ᠬᠥᠷᠪᠡ︔ ᠬᠤᠰᠢᠭᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠰᠢᠢᠳᠪᠤᠷᠢᠯᠡᠭᠰᠡᠨ 6 ᠵᠦᠢᠯ ᠢ ᠨᠢᠭᠡᠨᠲᠡ | ᠬᠡᠷᠡᠭ ᠪᠣᠯᠭᠠᠨ ᠳᠡᠩᠰᠡᠯᠡᠵᠦ ᠪᠠᠶᠢᠴᠠᠭᠠᠪᠠ᠃ | ᠨᠢᠭᠡ᠂ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠠᠬᠢᠭᠤᠯᠤᠭᠰᠠᠨ ᠪᠠᠶᠢᠳᠠᠯ | ︵ᠨᠢᠭᠡ︶ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠵᠠᠰᠠᠭ ᠤᠨ ᠣᠷᠳᠣᠨ ᠤ | ᠭᠤᠣᠯ ᠤᠳᠤᠷᠢᠳᠤᠯᠭ᠎ᠠ ᠠᠴᠠ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠱᠠᠯᠠᠪᠳᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠭᠦᠨ ᠤ ᠬᠠᠮᠲᠤ ᠮᠡᠳᠡᠭᠦᠯᠦᠨ | ᠬᠦᠷᠭᠡᠭᠰᠡᠨ ︽2020 ᠣᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠠᠵᠢᠯ ᠤᠨ | ᠳ᠋ᠦᠩᠨᠡᠯᠲᠡ︾ ᠪᠠ ︽2020 ᠣᠨ ᠤ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ | ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠲᠤᠰᠬᠠᠶ | ᠰᠡᠳᠦᠪᠲᠦ ᠮᠡᠳᠡᠭᠦᠯᠦᠯᠲᠡ︾ ᠳᠤ ᠴᠣᠬᠤᠯᠠᠪᠤᠷᠢ ᠬᠢᠵᠦ᠂ 2021 ᠣᠨ ᠤ 9 ᠰᠠᠷ᠎ᠠ ᠶᠢᠨ 8 ᠤ ᠡᠳᠦᠷ᠂ ᠬᠤᠰᠢᠭᠤ | ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠣᠳᠠᠭᠠᠨ ᠤ ᠬᠤᠷᠠᠯ ᠠᠴᠠ ︽ᠬᠤᠰᠢᠭᠤ ᠲᠣᠰ | ᠱᠠᠲᠤᠨ ᠤ ᠲᠥᠰᠦᠪ ᠤᠨ ᠭᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ | ᠪᠤᠳᠤᠯᠲᠠ ᠶᠢᠨ 2020 ᠣᠨ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ︾ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠢᠨᠠᠨ | ᠪᠤᠳᠤᠬᠤ ᠵᠥᠪᠯᠡᠯ ᠤᠨ ᠡᠷᠬᠢᠯᠡᠭᠴᠢ ᠠᠴᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ | ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠠᠰᠠᠭᠤᠳᠠᠯ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ︽ᠨᠢᠭᠡᠨᠲᠡ ᠡᠪᠡᠳᠴᠢᠯᠡᠭᠰᠡᠨ ᠢ | ᠵᠠᠰᠠᠬᠤ︾᠂ ︽ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ︾ ᠶᠢ ᠬᠠᠷᠢᠯᠴᠠᠨ ᠤᠶᠠᠯᠳᠤᠭᠤᠯᠵᠤ᠂ ᠲᠦᠷᠢᠮ ᠤᠨ | ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶ ᠶᠢᠨ ᠬᠠᠷᠢᠭᠤᠴᠠᠯᠭ᠎ᠠ ᠶᠢᠨ ᠤᠬᠠᠮᠰᠠᠷ ᠪᠠ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠤᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ | ᠬᠤᠷᠢᠶᠠᠨ ᠤ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠤᠭᠰᠣᠯᠲᠠ ᠴᠢᠩᠭ᠎ᠠ᠂ ᠤᠯᠤᠰ | ᠲᠦᠷᠦ ᠶᠢᠨ ᠣᠬᠠᠮᠰᠠᠷ ᠦᠨᠳᠦᠷ᠂ ᠬᠠᠷᠢᠭᠤᠴᠠᠯᠭ᠎ᠠ ᠲᠠᠢ᠂ ᠴᠢᠳᠠᠪᠤᠷᠢ ᠲᠠᠢ᠂ ᠣᠪᠣᠷ ᠰᠤᠷᠲᠠᠯ ᠴᠢᠭᠡᠴᠢ ᠪᠠᠶᠢᠬᠤ | ᠱᠠᠭᠠᠷᠳᠠᠯᠭ᠎ᠠ ᠶᠣᠰᠣᠭᠠᠷ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭᠠᠲᠤ ᠰᠡᠳᠬᠢᠯᠭᠡ ᠲᠠᠢ ᠬᠢᠨᠠᠨ | ᠪᠤᠳᠤᠬᠤ ᠡᠩᠨᠡᠭᠡ ᠶᠢ ᠴᠢᠷᠮᠠᠶᠢᠨ ᠪᠠᠶᠢᠭᠤᠯᠵᠤ᠂ ᠬᠢᠨᠠᠨ ᠪᠤᠳᠤᠯᠳᠠ ᠶᠢ ᠲᠤᠰᠬᠠᠶᠢᠵᠢᠭᠤᠯᠬᠤ᠂ ᠠᠵᠢᠯ ᠮᠡᠷᠭᠡᠵᠢᠭᠦᠯᠬᠦ | ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠵᠤ᠂ ᠬᠢᠨᠠᠨ ᠪᠤᠳᠤᠬᠤ ᠦᠢᠯᠡᠰ ᠤᠨ ᠡᠷᠡᠭᠦᠯ ᠪᠥᠭᠡᠳ ᠡᠮᠬᠢ | ᠵᠢᠷᠤᠮ ᠲᠠᠢ ᠬᠥᠭᠵᠢᠬᠦ ᠶᠢ ᠪᠠᠳᠣᠯᠠᠪᠠ᠃ | ︵ᠬᠤᠶᠠᠷ︶ ᠮᠥᠷᠳᠡᠨ ᠱᠠᠯᠠᠪᠳᠠᠭᠤᠯᠬᠤ ᠶᠢ ᠴᠢᠩᠭᠠᠳᠬᠠᠪᠠ᠃ ᠬᠤᠰᠢᠭᠤ ᠬᠢᠨᠠᠨ ᠪᠤᠳᠤᠬᠤ ᠲᠣᠪᠴᠢᠶ᠎ᠠ ᠨᠢ | ᠬᠤᠰᠢᠭᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | ᠣᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠨ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃ ᠬᠢᠨᠠᠨ ᠪᠤᠳᠤᠬᠤ ᠬᠤᠭᠤᠴᠠᠭᠠᠨ ᠳᠤ᠂ ᠬᠢᠨᠠᠨ ᠪᠣᠳᠣᠯᠲᠠ | ᠬᠦᠯᠢᠶᠡᠵᠦ ᠪᠠᠶᠢᠭ᠎ᠠ ᠨᠢᠭᠡᠴᠡ ᠶᠢ ᠱᠠᠯᠠᠪᠳᠠᠭᠤᠯᠵᠤ ᠪᠠᠶᠢᠭᠠᠳ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ | ᠠᠰᠠᠭᠤᠳᠠᠯ ᠢ ᠲᠡᠷᠡ ᠳᠠᠷᠤᠶ ᠳᠤᠨᠢ ᠪᠠᠶᠢᠴᠠᠭᠠᠵᠤ ᠲᠡᠷᠡ ᠳᠠᠷᠤᠶ ᠳᠤᠨᠢ ᠴᠡᠭᠴᠡᠯᠡᠪᠡ᠃ ᠬᠢᠨᠠᠨ ᠪᠤᠳᠤᠯᠲᠠ | ᠳᠠᠭᠤᠰᠤᠭᠰᠠᠨ ᠤ ᠳᠠᠷᠠᠭ᠎ᠠ᠂ ᠬᠢᠨᠠᠨ ᠪᠤᠳᠤᠯᠲᠠ ᠶᠢᠨ ᠲᠣᠭᠲᠠᠭᠠᠯ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ | ᠠᠰᠠᠭᠤᠳᠠᠯ ᠤᠨ ᠲᠠᠩᠰᠠ ᠪᠠᠶᠢᠭᠤᠯᠤᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠲᠡᠰ ᠳᠠᠷᠠᠭ᠎ᠠ | ᠲᠠᠢ ᠭᠦᠢᠴᠡᠳᠭᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠎ᠠ᠃ ᠵᠢᠯ ᠤᠨ ᠡᠴᠦᠰ ᠲᠤ᠂ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠷᠥᠯ ᠵᠦᠢᠯ ᠳᠤ ᠪᠠᠶᠢᠴᠠᠭᠠᠨ ᠭᠠᠷᠭᠠᠭᠰᠠᠨ ᠠᠰᠠᠭᠤᠳᠠᠯ | ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠰᠬᠠᠶ ᠰᠡᠳᠦᠪ ᠢᠶᠠᠷ ᠮᠡᠳᠡᠭᠦᠯᠬᠦ ᠬᠡᠯᠪᠡᠷᠢ ᠪᠠᠷ ᠬᠤᠰᠢᠭᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠵᠦ᠂ ᠵᠣᠬᠢᠶᠠᠨ ᠪᠠᠶᠢᠭᠤᠯᠬᠤ ᠬᠡᠯᠲᠡᠰ ᠠᠴᠠ | ᠴᠡᠭᠴᠡᠯᠡᠨ ᠰᠠᠶᠢᠵᠢᠷᠠᠭᠤᠯᠤᠭᠰᠠᠨ ᠥᠬᠡᠶ ᠨᠢᠭᠡᠴᠡ ᠶᠢ ᠳᠠᠬᠢᠨᠲᠠ ᠱᠠᠯᠠᠪᠳᠠᠭᠤᠯᠪᠠ᠃ | ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠭᠲᠠᠭᠠᠪᠠ᠃ ᠴᠡᠭᠴᠡᠯᠡᠨ | ᠰᠠᠶᠢᠵᠢᠷᠠᠭᠤᠯᠬᠤ ᠠᠵᠢᠯ ᠢ ᠤᠷᠤᠭᠰᠢᠲᠠᠶ ᠠᠬᠢᠭᠤᠯᠬᠤ ᠪᠠ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ | ᠪᠠᠲᠤᠯᠠᠬᠤ ᠶᠢᠨ ᠲᠥᠯᠥᠭᠡ᠂ ᠬᠠᠮᠢᠶ᠎ᠠ ᠪᠥᠬᠦᠶ ᠨᠢᠭᠡᠴᠡ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠢᠳᠡᠪᠬᠢᠲᠡᠶ ᠪᠠᠷ ᠰᠤᠳᠤᠯᠤᠨ ᠪᠠᠶᠢᠷᠢᠯᠠᠭᠤᠯᠵᠤ᠂ ᠬᠡᠰᠡᠭ ᠪᠠᠶᠢᠭᠤᠯᠭ᠎ᠠ ᠨᠢᠭᠡᠴᠡ ᠨᠢ | ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ ᠴᠡᠭᠴᠡᠯᠡᠨ ᠰᠠᠶᠢᠵᠢᠷᠠᠭᠤᠯᠬᠤ | ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠢᠨᠠᠨ | ᠪᠤᠳᠤᠯᠲᠠ ᠶᠢᠨ ᠲᠣᠭᠲᠠᠭᠰᠠᠨ ᠴᠠᠭ ᠤᠨ | ᠬᠢᠵᠠᠭᠠᠷ ᠤᠨ ᠲᠣᠳᠣᠷ᠎ᠠ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠤ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠭᠡᠷᠡᠴᠢ ᠮᠠᠲ᠋ᠧᠷᠢᠶᠠᠯ ᠪᠣᠯᠤᠨ ᠴᠡᠭᠴᠡᠯᠡᠨ | ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠬᠤᠰᠢᠭᠤ ᠬᠢᠨᠠᠨ ᠪᠤᠳᠤᠬᠤ ᠲᠤᠪᠴᠢᠶᠠᠨ ᠳᠤ | ᠮᠡᠳᠡᠭᠦᠯᠦᠨ ᠬᠦᠷᠭᠡᠪᠡ᠃ | ᠬᠤᠶᠠᠷ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠶ ᠪᠠᠶᠢᠳᠠᠯ | ︵ᠨᠢᠭᠡ︶ 2019 ᠣᠨ ᠤ ᠬᠤᠰᠢᠭᠤ ᠲᠣᠰ ᠱᠠᠲᠤᠨ ᠤ ᠲᠥᠰᠦᠪ ᠤᠨ ᠭᠦᠢᠴᠡᠳᠭᠡᠯ ᠳᠤ ᠬᠢᠨᠠᠨ | ᠪᠤᠳᠤᠯᠲᠠ ᠬᠢᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ ᠬᠢᠨᠠᠨ ᠪᠤᠳᠤᠯᠲᠠ ᠪᠠᠷ ᠪᠠᠶᠢᠴᠠᠭᠠᠨ ᠭᠠᠷᠭᠠᠭᠰᠠᠨ | ᠠᠰᠠᠭᠤᠳᠠᠯ ᠢ ᠢᠳᠡᠪᠬᠢᠲᠡᠢ ᠠᠷᠭ᠎ᠠ ᠬᠡᠮᠵᠢᠶ᠎ᠡ ᠠᠪᠴᠦ ᠴᠡᠭᠴᠡᠯᠡᠨ ᠰᠠᠶᠢᠵᠢᠷᠠᠭᠤᠯᠪᠠ᠃ 2019 ᠣᠨ ᠤ ᠡᠴᠦᠰ | ᠪᠣᠯᠲᠠᠯ᠎ᠠ ᠳᠡᠭᠡᠳᠦ ᠱᠠᠲᠤᠨ ᠤ 45369 ᠲᠦᠮᠡᠨ ᠲᠥᠭᠦᠷᠢᠭ ᠤᠨ ᠲᠥᠯᠦᠪᠤᠷᠢᠯᠡᠬᠦ ᠶᠤᠰᠤᠲᠠᠢ ᠲᠤᠰᠬᠠᠶ ᠪᠠᠯᠠ | ᠮᠥᠩᠭᠦ ᠶᠢ ᠲᠥᠯᠦᠪᠤᠷᠢᠯᠡᠭᠰᠡᠨ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ | ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠳᠡᠭᠡᠳᠦ ᠱᠠᠲᠤᠨ ᠤ 71.52 ᠲᠦᠮᠡᠨ ᠲᠥᠭᠦᠷᠢᠭ ᠤᠨ ᠲᠤᠰᠬᠠᠢ | ᠪᠡᠯᠡ ᠮᠦᠩᠭᠦ ᠶᠢ ᠥᠯᠡᠳᠡᠭᠡᠭᠰᠡᠨ ᠠᠰᠠᠭᠤᠳᠠᠯ ᠳᠤ ᠴᠢᠭᠯᠡᠭᠦᠯᠦᠨ᠂ 2021 ᠣᠨ ᠤ 8 ᠰᠠᠷ᠎ᠠ ᠶᠢᠨ ᠰᠡᠭᠦᠯᠴᠢ | ᠪᠣᠯᠲᠠᠯ᠎ᠠ ᠨᠢᠭᠡᠨᠲᠡ 7 ᠲᠦᠮᠡᠨ ᠲᠥᠭᠦᠷᠢᠭ ᠢ ᠲᠥᠯᠦᠪᠤᠷᠢᠯᠡᠨ ᠥᠭᠪᠡ᠃ 524.49 ᠲᠦᠮᠡᠨ ᠲᠥᠭᠦᠷᠢᠭ ᠤᠨ | ᠪᠡᠯᠡᠳᠭᠡᠯ ᠵᠠᠷᠤᠳᠠᠯ ᠢ ᠬᠡᠪᠴᠢᠶ᠎ᠡ ᠠᠴᠠ ᠳᠠᠪᠠᠭᠤᠯᠤᠨ ᠵᠠᠷᠤᠴᠠᠭᠤᠯᠤᠭᠰᠠᠨ ᠠᠰᠠᠭᠤᠳᠠᠯ ᠤᠨ ᠲᠤᠬᠠᠶ ᠡᠳ᠋ ᠤᠨ | ᠵᠠᠰᠠᠭ ᠤᠨ ᠲᠣᠪᠴᠢᠶ᠎ᠠ ᠠᠴᠠ ᠬᠤᠶᠢᠰᠢᠳᠠ ︽ᠲᠥᠰᠦᠪ ᠤᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠴᠢᠩᠭ᠎ᠠ ᠵᠢᠷᠤᠮᠯᠠᠨ᠂ ᠪᠡᠯᠡᠳᠬᠡᠯ ᠵᠠᠷᠤᠳᠠᠯ ᠢ ᠵᠦᠢ ᠵᠣᠬᠢᠰᠲᠠᠶ ᠪᠠᠷ ᠲᠣᠬᠢᠷᠠᠭᠤᠯᠤᠨ ᠬᠡᠷᠡᠭᠯᠡᠨ᠎ᠡ ᠭᠡᠵᠦ ᠳᠤᠷᠠᠳᠤᠨ | ᠭᠠᠷᠭᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠬᠡᠶᠢᠰᠪᠤᠷᠢ ᠪᠠᠷ ᠬᠠᠰᠤᠭᠰᠠᠨ 19310. | 78 ᠲᠦᠮᠡᠨ ᠲᠥᠭᠦᠷᠢᠭ ᠤᠨ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ 20598.22 ᠲᠦᠮᠡᠨ | ᠲᠥᠭᠦᠷᠢᠭ ᠤᠨ ᠡᠳ᠋ ᠤᠨ ᠵᠠᠰᠠᠭ ᠤᠨ ᠭᠦᠢᠯᠭᠡᠭᠡᠨ ᠤ ᠪᠡᠯᠡ ᠮᠦᠩᠭᠦ ᠶᠢ ᠴᠠᠭ ᠲᠤᠬᠠᠶ ᠳᠤᠨᠢ ᠴᠡᠪᠡᠷᠯᠡᠨ ᠴᠡᠭᠴᠡᠯᠡᠭᠰᠡᠨ | ᠦᠭᠡᠶ ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 20009.46 ᠲᠦᠮᠡᠨ | ᠲᠥᠭᠦᠷᠢᠭ ᠤᠨ ᠭᠦᠢᠯᠭᠡᠭᠡᠨ ᠤ ᠪᠡᠯᠡ ᠮᠦᠩᠭᠦ ᠢ ᠴᠡᠭᠴᠡᠯᠡᠨ ᠴᠡᠪᠡᠷᠯᠡᠭᠰᠡᠨ ᠪᠠᠶᠢᠨ᠎ᠠ᠃ ᠨᠢᠭᠡᠳᠦᠭᠡᠷ ᠳᠡᠰ ᠤᠨ | ᠲᠥᠰᠦᠪ ᠤᠨ ᠪᠠᠶᠢᠭᠤᠯᠭ᠎ᠠ ᠨᠢᠭᠡᠴᠡ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠄ ᠬᠤᠰᠢᠭᠤ ᠰᠣᠶᠣᠯ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠲᠠᠷᠢᠶᠠᠯᠠᠩ ᠮᠠᠯ ᠠᠵᠤ | ᠠᠬᠤᠶ ᠰᠢᠨᠵᠢᠯᠡᠬᠦ ᠮᠡᠷᠭᠡᠵᠢᠯ ᠤᠨ ᠲᠤᠪᠴᠢᠶᠠᠨ ᠤ ᠲᠤᠰᠢᠶᠠᠬᠤ ᠶᠣᠰᠣᠲᠠᠶ ᠪᠠᠶᠢᠳᠠᠯ᠎ᠠ ᠲᠤᠰᠢᠶᠠᠭᠰᠠᠨ ᠦᠭᠡᠢ ᠡᠳ᠋ ᠤᠨ | ᠵᠠᠰᠠᠭ ᠤᠨ ᠣᠷᠣᠯᠭ᠎ᠠ ᠳᠤ ᠬᠤᠯᠪᠣᠭᠳᠠᠭᠰᠠᠨ 2.3 ᠲᠦᠮᠡᠨ ᠲᠥᠭᠦᠷᠢᠭ︔ ᠬᠤᠰᠢᠭᠤ ᠡᠳ᠋ ᠤᠨ ᠵᠠᠰᠠᠭ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠡᠷᠡᠭᠯᠡᠭᠡᠨ ᠤ ᠵᠥᠭᠡᠯᠡᠨ ᠲᠣᠨᠤᠭ ᠬᠤᠳᠠᠯᠳᠤᠨ | ᠠᠪᠬᠤ ᠳᠤ ᠬᠤᠯᠪᠣᠭᠳᠠᠭᠰᠠᠨ ᠵᠥᠪ ᠣᠨᠣᠪᠴᠢᠲᠠᠶ ᠲᠣᠭᠠᠴᠠᠭ᠎ᠠ ᠬᠢᠭᠰᠡᠨ ᠥᠬᠡᠶ 24.72 ᠲᠦᠮᠡᠨ ᠲᠥᠭᠦᠷᠢᠭ︔ | ᠬᠤᠰᠢᠭᠤ ᠴᠠᠭᠠᠨᠨᠠᠭᠤᠷ ᠪᠠᠯᠭᠠᠰᠤ᠂ ᠪᠠᠶᠠᠨᠳᠤᠭ ᠰᠣᠮᠣᠨ ᠤ ᠨᠢᠭᠲᠠᠯᠠᠨ ᠪᠣᠳᠣᠯᠲᠠ ᠶᠢᠨ ᠲᠦᠷᠦᠯ ᠤᠨ ᠬᠡᠷᠡᠭᠯᠯᠡᠲᠡ ᠨᠢ | ᠲᠣᠭᠲᠠᠭᠠᠯ ᠳᠤ ᠨᠡᠶᠢᠴᠡᠬᠦ ᠥᠬᠡᠶ ᠪᠠᠶᠢᠳᠠᠯ ᠳᠤ ᠬᠤᠯᠪᠣᠭᠳᠠᠭᠰᠠᠨ 4.7 ᠲᠦᠮᠡᠨ ᠲᠥᠭᠦᠷᠢᠭ ᠪᠠ ᠬᠤᠰᠢᠭᠤ | ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠣᠷᠣᠯᠭ᠎ᠠ ᠪᠠᠨ ᠭᠦᠢᠯᠭᠡᠭᠡᠨ ᠤ ᠲᠦᠷᠦᠯ ᠳᠤ ᠳᠠᠩᠰᠠᠯᠠᠨ | ᠤᠷᠤᠭᠤᠯᠤᠭᠰᠠᠨ 30 ᠲᠦᠮᠡᠨ ᠲᠥᠭᠦᠷᠢᠭ ᠤᠨ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ | | ︵ᠬᠤᠶᠠᠷ︶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ | 2019 ᠣᠨ ᠤ ᠭᠤᠷᠪᠠᠳᠤᠭᠠᠷ ᠤᠯᠠᠷᠢᠯ ᠳᠤ ᠤᠯᠤᠰ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠮᠥᠷᠳᠡᠨ ᠬᠢᠨᠠᠨ ᠪᠣᠳᠣᠬᠤ ᠶᠠᠪᠤᠴᠠ ᠳᠤ ᠬᠤᠰᠢᠭᠤ | ᠲᠦᠭᠡᠭᠡᠯ ᠣᠰᠤ ᠬᠠᠩᠭᠠᠬᠤ ᠤᠰᠤ ᠵᠠᠯᠠᠬᠤ ᠺᠣᠮᠫᠠᠨᠢ ᠨᠢ ᠴᠤᠬᠤᠯᠠᠪᠤᠷᠢ ᠪᠠ ᠠᠩᠬᠠᠨ ᠤ ᠵᠢᠷᠤᠭ ᠲᠥᠯᠥᠪᠯᠡᠭᠡ ᠪᠠᠷ | ᠪᠥᠲᠥᠭᠡᠨ ᠪᠠᠶᠢᠭᠤᠯᠤᠯᠲᠠ ᠶᠢᠨ ᠲᠦᠷᠦᠯ ᠢ ᠪᠡᠶᠡᠯᠡᠭᠦᠯᠦᠭᠰᠡᠨ ᠥᠬᠡᠶ ᠠᠰᠠᠭᠤᠳᠠᠯ ᠣᠷᠣᠰᠢᠵᠤ ᠪᠠᠶᠢᠬᠤ ᠶᠢ | ᠢᠯᠡᠷᠡᠭᠦᠯᠵᠦ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢᠭᠡᠨᠲᠡ ᠲᠦᠷ ᠬᠤᠶᠢᠰᠢᠯᠠᠭᠤᠯᠤᠨ | ᠬᠡᠷᠡᠭᠵᠢᠭᠦᠯᠬᠦ ᠲᠥᠷᠥᠯ ᠵᠦᠢᠯ ᠳᠤ ᠣᠷᠣᠭᠤᠯᠤᠭᠰᠠᠨ ᠪᠠᠶᠢᠨ᠎ᠠ᠃ | ︵ᠭᠤᠷᠪᠠ︶ ᠲᠤᠰᠬᠠᠶ ᠲᠦᠷᠦᠯ ᠤᠨ ᠬᠢᠨᠠᠨ ᠪᠤᠳᠤᠯᠳᠠ ᠪᠠ ᠲᠤᠰᠬᠠᠶ ᠲᠦᠷᠦᠯ ᠤᠨ ᠬᠢᠨᠠᠨ | ᠪᠤᠳᠤᠯᠳᠠ ᠶᠢᠨ ᠪᠠᠶᠢᠴᠠᠭᠠᠯᠲᠠ | ⒈2019 ᠣᠨ ᠳᠤ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ | ᠬᠢᠨᠠᠨ ᠪᠤᠳᠤᠯᠲᠠ ᠳᠤ ᠢᠯᠡᠷᠡᠭᠦᠯᠦᠭᠰᠡᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠲᠠᠩᠰᠠ | ᠡᠪᠬᠡᠮᠡᠯ ᠳᠤᠲᠠᠭᠳᠠᠭᠰᠠᠨ ᠠᠰᠠᠭᠤᠳᠠᠯ ᠢ ᠢᠯᠡᠷᠡᠭᠦᠯᠵᠦ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠨᠢ ᠬᠢᠨᠠᠨ | ᠪᠤᠳᠤᠯᠲᠠ ᠶᠢᠨ ᠰᠠᠨᠠᠭᠤᠯᠭ᠎ᠠ ᠶᠢ ᠭᠥᠯᠢᠶᠡᠨ ᠠᠪᠴᠤ᠂ ᠬᠤᠶᠢᠰᠢᠳᠠ ᠡᠮ ᠡᠮᠨᠡᠯᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠠᠩᠰᠠ ᠡᠪᠬᠡᠮᠡᠯ ᠤᠨ | ᠪᠡᠯᠡᠳᠬᠡᠯ ᠠᠵᠢᠯ ᠢ ᠰᠠᠶᠢᠲᠤᠷ ᠬᠢᠵᠦ᠂ ᠲᠤᠭ᠎ᠠ ᠪᠠᠷᠢᠮᠲᠠ ᠭᠡᠭᠡᠭᠳᠡᠬᠦ ᠵᠡᠷᠭᠡ ᠪᠠᠶᠢᠳᠠᠯ ᠳᠠᠬᠢᠨ ᠭᠠᠷᠬᠤ ᠶᠢ | ᠰᠡᠷᠭᠡᠶᠢᠯᠡᠨ᠎ᠡ ᠭᠡᠵᠦ ᠲᠤᠷᠠᠳᠪᠠ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠬᠢᠨ ᠳᠠᠪᠲᠠᠨ ᠳᠠᠩᠰᠠ | ᠴᠠᠶᠢᠷᠠᠭᠤᠯᠬᠤ ᠠᠰᠠᠭᠤᠳᠠᠯ ᠢ ᠨᠢᠭᠡᠨᠲᠡ ᠴᠡᠭᠴᠡᠯᠡᠨ ᠵᠠᠰᠠᠪᠠ︔ ᠬᠤᠪᠢ ᠬᠥᠮᠦᠨ ᠤ 51.87 ᠲᠦᠮᠡᠨ | ᠲᠥᠭᠦᠷᠢᠭ ᠤᠨ ᠡᠮ ᠡᠮᠨᠡᠯᠭᠡ ᠶᠢᠨ ᠵᠠᠷᠤᠳᠠᠯ ᠢ ᠲᠦᠷ ᠲᠥᠯᠦᠪᠤᠷᠢᠯᠡᠭᠡᠳ ᠬᠠᠷᠭᠤᠭᠤᠯᠤᠨ ᠴᠡᠪᠡᠷᠯᠡᠭᠡ ᠦᠭᠡᠢ | ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 25.54 ᠲᠦᠮᠡᠨ ᠲᠥᠭᠦᠷᠢᠭ ᠢ | ᠴᠡᠪᠡᠷᠯᠡᠨ ᠲᠢᠭᠯᠡᠪᠡ᠃ | ⒉2015 ᠣᠨ ᠠᠴᠠ 2019 ᠣᠨ ᠤ 9 ᠰᠠᠷ᠎ᠠ ᠪᠣᠯᠲᠠᠯ᠎ᠠ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠤᠨ ᠲᠤᠬᠠᠶ ᠲᠤᠰᠬᠠᠶ ᠬᠢᠨᠠᠨ | ᠪᠣᠳᠣᠯᠲᠠ ᠶᠢᠨ ᠪᠠᠶᠢᠴᠠᠭᠠᠯᠲᠠ ᠶᠢᠨ ᠳᠤᠮᠳᠠ 4.87 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢ ᠴᠠᠭ ᠲᠤᠬᠠᠶ ᠳᠤᠨᠢ ᠲᠤᠬᠢᠷᠠᠭᠤᠯᠤᠭᠰᠠᠨ ᠦᠭᠡᠶ ᠠᠰᠠᠭᠤᠳᠠᠯ ᠢ ᠢᠯᠡᠷᠡᠭᠦᠯᠵᠦ ᠨᠢᠭᠡᠨᠲᠡ | ᠴᠡᠭᠴᠡᠯᠡᠨ ᠵᠠᠰᠠᠪᠠ᠃ | ⒊ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ | ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠭᠡᠯ ᠤᠨ ᠬᠢᠨᠠᠨ | ᠪᠤᠳᠤᠯᠲᠠ ᠳᠤ 4.37 ᠲᠦᠮᠡᠨ ᠲᠥᠭᠦᠷᠢᠭ ᠤᠨ ᠪᠠᠷᠢᠯᠭ᠎ᠠ ᠶᠢᠨ ᠦᠨ᠎ᠡ ᠶᠢᠨ ᠯᠠᠪᠯᠠᠯᠭ᠎ᠠ ᠶᠢᠨ ᠦᠢᠯᠡᠴᠢᠯᠡᠭᠡᠨ ᠤ | ᠵᠠᠷᠤᠳᠠᠯ ᠢ ᠢᠯᠡᠭᠦᠦ ᠪᠣᠳᠣᠭᠰᠠᠨ᠂ ᠢᠨᠵᠧᠨᠧᠷᠢᠩ ᠤᠨ ᠳ᠋ᠦᠩᠨᠡᠨ ᠪᠤᠳᠤᠵᠤ ᠬᠢᠨᠠᠨ ᠬᠠᠷᠭᠤᠭᠤᠯᠬᠤ ᠳᠤ | ᠮᠠᠲ᠋ᠧᠷᠢᠶᠠᠯ ᠤᠨ ᠨᠢᠭᠡᠴᠢ ᠦᠨ᠎ᠡ ᠶᠢ ᠳᠤᠷ᠎ᠠ ᠪᠠᠷ ᠢᠶᠠᠨ ᠳᠣᠭᠢᠷᠠᠭᠤᠯᠵᠤ 337.48 ᠲᠦᠮᠡᠨ ᠲᠥᠭᠦᠷᠢᠭ ᠢᠯᠡᠭᠦᠦ | ᠪᠤᠳᠣᠭᠰᠠᠨ᠂ ᠦᠨ᠎ᠡ ᠶᠢᠨ ᠯᠠᠪᠯᠠᠯᠭ᠎ᠠ ᠶᠢᠨ ᠺᠣᠮᠫᠠᠨᠢ ᠶᠢᠨ ᠠᠯᠳᠠᠰᠢ ᠠᠴᠠ ᠪᠣᠯᠵᠣ ᠢᠨᠵᠧᠨᠧᠷᠢᠩ ᠤᠨ ᠬᠠᠩᠰᠢ ᠶᠢ | 20.15 ᠲᠦᠮᠡᠨ ᠲᠥᠭᠦᠷᠢᠭ ᠢᠯᠡᠭᠦᠤ ᠪᠣᠳᠣᠭᠰᠠᠨ᠂ ᠢᠨᠵᠧᠨᠧᠷᠢᠩ ᠤᠨ ᠭᠡᠷᠡᠴᠢ ᠶᠢᠨ ᠬᠠᠭᠤᠳᠠᠰᠤ ᠨᠢ | ᠪᠣᠳᠠᠲᠠᠶ ᠲᠠᠢ ᠨᠡᠶᠢᠴᠡᠬᠦ ᠥᠬᠡᠶ ᠪᠠᠶᠢᠵᠤ 6.2 ᠲᠦᠮᠡᠨ ᠲᠥᠭᠦᠷᠢᠭ ᠤᠨ ᠢᠨᠵᠧᠨᠧᠷᠢᠭ ᠤᠨ ᠪᠡᠯᠡ ᠮᠦᠩᠭᠦ ᠶᠢ | ᠢᠯᠡᠭᠦᠤ ᠪᠣᠳᠣᠭᠰᠠᠨ᠂ ᠨᠣᠭᠳᠠᠭᠤᠯᠬᠤ ᠪᠠᠷ ᠪᠠᠶᠢᠭ᠎ᠠ 329.76 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢᠨ ᠵᠠᠷᠤᠳᠠᠯ ᠤᠨ ᠲᠣᠭᠠᠴᠠᠭ᠎ᠠ ᠶᠢ ᠪᠤᠷᠤᠭᠤ ᠪᠣᠳᠣᠭᠰᠠᠨ᠂ ᠪᠠᠷᠢᠯᠭ᠎ᠠ ᠶᠢᠨ ᠡᠳ᠋ ᠤᠨ ᠶᠠᠪᠤᠳᠠᠯ ᠤᠨ | ᠬᠠᠷᠭᠤᠭᠤᠯᠤᠨ ᠪᠣᠳᠣᠯᠲᠠ ᠶᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠥᠬᠡᠶ ᠵᠢᠷᠭᠤᠭᠠᠨ ᠠᠰᠠᠭᠤᠳᠠᠯ ᠢ | ᠨᠢᠭᠡᠨᠲᠡ ᠴᠡᠭᠴᠡᠯᠡᠨ ᠨᠠᠶᠢᠳᠠᠪᠤᠷᠢᠵᠢᠭᠤᠯᠪᠠ᠃ ᠬᠢᠨᠠᠨ ᠪᠤᠳᠤᠬᠤ ᠡᠷᠬᠡ ᠲᠤᠰᠢᠶᠠᠯ ᠤᠨ ᠬᠡᠪᠴᠢᠶ᠎ᠡ ᠠᠴᠠ ᠳᠠᠪᠠᠭᠰᠠᠨ | ᠵᠢᠷᠭᠤᠭᠠᠨ ᠠᠰᠠᠭᠤᠳᠠᠯ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠳᠤ | ᠰᠢᠯᠵᠢᠭᠦᠯᠦᠨ ᠬᠦᠷᠭᠡᠵᠦ ᠤᠯᠠᠮ ᠴᠢᠨᠠᠭᠰᠢᠳᠠ ᠬᠢᠨᠠᠨ ᠬᠠᠷᠭᠤᠭᠤᠯᠵᠤ ᠰᠢᠢᠳᠪᠤᠷᠢᠯᠡᠪᠡ᠃ | ︵ᠳᠥᠷᠪᠡ︶ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠭᠡᠭᠰᠡᠨ | ᠪᠠᠶᠢᠳᠠᠯ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ | ⒈ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ | ᠳᠠᠷᠤᠭ᠎ᠠ ᠪᠠᠶ ᠰᠢᠶᠤᠤ ᠭᠤᠸᠠᠩ ᠨᠥᠬᠦᠷ ᠤᠨ ᠲᠤᠰᠢᠶᠠᠯ ᠤᠨ ᠬᠤᠭᠤᠴᠠᠭᠠᠨ ᠤ ᠬᠢᠨᠠᠨ ᠪᠤᠳᠤᠯᠲᠠ ᠳᠤ ᠵᠠᠷᠤᠯᠭ᠎ᠠ | ᠮᠡᠳᠡᠭᠦᠯᠬᠦ ᠵᠠᠷᠤᠳᠠᠯ ᠤᠨ ᠭᠠᠷ ᠭᠦᠢᠴᠡᠳᠭᠡᠯ ᠨᠢ ᠵᠢᠷᠤᠮᠵᠢᠭᠤᠨ ᠪᠤᠰᠤ ᠪᠠ 1409.95 ᠲᠦᠮᠡᠨ ᠲᠥᠭᠦᠷᠢᠭ ᠤᠨ | ᠥᠷᠢᠲᠦᠭᠰᠡᠨ ᠵᠣᠭᠤᠰ ᠢ ᠲᠠᠩᠰᠠᠨ ᠳᠤ ᠣᠷᠣᠭᠤᠯᠤᠨ ᠲᠣᠭᠠᠴᠠᠭ᠎ᠠ ᠬᠢᠭᠰᠡᠨ ᠥᠬᠡᠶ ᠠᠰᠠᠭᠤᠳᠠᠯ ᠢ ᠨᠢᠭᠡᠨᠲᠡ | ᠴᠡᠭᠴᠡᠯᠡᠨ ᠵᠠᠰᠠᠪᠠ︔ ᠲᠤᠰᠢᠶᠠᠬᠤ ᠶᠣᠰᠣᠲᠠᠶ ᠪᠠᠶᠢᠲᠠᠯ᠎ᠠ ᠲᠤᠰᠢᠶᠠᠭᠰᠠᠨ ᠥᠬᠡᠶ ᠡᠳ᠋ ᠤᠨ ᠵᠠᠰᠠᠭ ᠤᠨ ᠲᠤᠰᠬᠠᠶ | ᠳᠠᠩᠰᠠᠨ ᠤ ᠪᠡᠯᠡ ᠮᠦᠩᠭᠦ᠂ ᠲᠥᠰᠦᠪ ᠤᠨ ᠪᠡᠯᠡ ᠮᠦᠩᠭᠦᠨ ᠤ 0.96 ᠲᠥᠮᠡᠨ ᠲᠦᠭᠦᠷᠢᠭ ᠤᠨ ᠠᠰᠠᠭᠤᠳᠠᠯ ᠢ | ᠨᠢᠭᠡᠨᠲᠡ ᠴᠡᠭᠴᠡᠯᠡᠨ ᠰᠠᠶᠢᠵᠢᠷᠠᠭᠤᠯᠪᠠ︔ 31.78 ᠲᠦᠮᠡᠨ ᠲᠥᠭᠦᠷᠢᠭ ᠤᠨ ᠲᠦᠷ ᠲᠥᠯᠦᠪᠤᠷᠢᠯᠡᠭᠰᠡᠨ ᠪᠡᠯᠡ | ᠮᠦᠩᠭᠦ ᠶᠢ ᠤᠷᠲᠤ ᠬᠤᠭᠤᠴᠠᠭ᠎ᠠ ᠪᠠᠷ ᠳᠠᠩᠰᠠᠨ ᠳᠤ ᠪᠠᠶᠢᠯᠭᠠᠭᠰᠠᠨ ᠠᠰᠠᠭᠤᠳᠠᠯ ᠢ 2021 ᠣᠨ ᠤ 8 ᠰᠠᠷ᠎ᠠ ᠶᠢᠨ | ᠰᠡᠭᠦᠯᠴᠢ ᠪᠣᠯᠲᠠᠯ᠎ᠠ ᠨᠢᠭᠡᠨᠲᠡ 10.5 ᠲᠦᠮᠡᠨ ᠲᠥᠭᠦᠷᠢᠭ ᠢ ᠨᠢ ᠴᠡᠪᠡᠷᠯᠡᠨ ᠴᠡᠭᠴᠡᠯᠡᠪᠡ᠃ | ⒉ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ | ᠬᠡᠷ ᠤᠨ ᠡᠷᠬᠢᠯᠡᠭᠴᠢ ᠣᠳᠬᠠᠨᠳᠠᠯᠠᠢ ᠨᠥᠬᠦᠷ ᠤᠨ ᠲᠤᠰᠢᠶᠠᠯ ᠤᠨ ᠬᠤᠭᠤᠴᠠᠭᠠᠨ ᠳᠠᠬᠢ ᠬᠢᠨᠠᠨ ᠪᠤᠳᠤᠯᠲᠠ ᠳᠤ | ᠢᠯᠡᠷᠡᠭᠦᠯᠦᠭᠰᠡᠨ ᠲᠠᠩᠰᠠ ᠮᠡᠳᠡᠭᠦᠯᠬᠦ ᠲᠠᠰ ᠳᠠᠷᠠᠭᠠᠯᠠᠯ ᠵᠢᠴᠢ ᠨᠢᠭᠲᠠᠯᠠᠨ ᠪᠣᠳᠣᠬᠤ ᠲᠣᠭᠠᠴᠠᠭ᠎ᠠ ᠵᠢᠷᠤᠮᠵᠢᠭᠤᠨ ᠪᠤᠰᠤ | ᠪᠠ 2.07 ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢ ᠳᠠᠩᠰᠠᠨ ᠳᠤ ᠤᠷᠤᠭᠤᠯᠤᠭᠰᠠᠨ ᠦᠭᠡᠢ | ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ | ⒊ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠤᠤᠯ ᠤᠨ ᠲᠣᠪᠴᠢᠶᠠᠨ ᠳᠠᠷᠤᠭ᠎ᠠ ᠪᠣᠷᠣᠬᠦᠦ | ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ ᠢᠯᠡᠷᠡᠭᠦᠯᠦᠭᠰᠡᠨ ᠲᠠᠩᠰᠠ ᠮᠡᠳᠡᠭᠦᠯᠬᠦ | ᠲᠠᠰ ᠳᠠᠷᠠᠭᠠᠯᠠᠯ ᠵᠢᠴᠢ ᠨᠢᠭᠲᠠᠯᠠᠨ ᠪᠤᠳᠤᠭᠴᠢ ᠶᠢᠨ ᠲᠣᠭᠠᠴᠠᠭ᠎ᠠ ᠵᠢᠷᠤᠮᠵᠢᠯ ᠥᠬᠡᠶ ᠠᠰᠠᠭᠤᠳᠠᠯ ᠢ ᠨᠢᠭᠡᠨᠲᠡ | ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ 146.31 ᠲᠦᠮᠡᠨ ᠲᠥᠭᠦᠷᠢᠭ ᠤᠨ ᠳᠠᠩᠰᠠᠨ ᠳᠠᠬᠢ ᠭᠦᠢᠯᠭᠡᠭᠡᠨ ᠤ | ᠪᠡᠯᠡ ᠮᠦᠩᠭᠦ ᠶᠢ ᠴᠠᠭ ᠲᠤᠬᠠᠶ ᠳᠤᠨᠢ ᠴᠡᠪᠡᠷᠯᠡᠨ ᠳᠢᠭᠯᠡᠭᠰᠡᠨ ᠦᠭᠡᠶ ᠠᠰᠠᠭᠤᠳᠠᠯ ᠢ 2021 ᠣᠨ ᠤ 8 ᠰᠠᠷ᠎ᠠ ᠶᠢᠨ | ᠰᠡᠭᠦᠯᠴᠢ ᠪᠣᠯᠲᠠᠯ᠎ᠠ ᠨᠢᠭᠡᠨᠲᠡ 33.18 ᠲᠦᠮᠡᠨ ᠲᠥᠭᠦᠷᠢᠭ ᠢ ᠴᠡᠪᠡᠷᠯᠡᠨ ᠳᠢᠭᠯᠡᠭᠰᠡᠨ ᠪᠠᠶᠢᠨ᠎ᠠ᠃ 466.13 | ᠲᠦᠮᠡᠨ ᠲᠥᠭᠦᠷᠢᠭ ᠤᠨ ᠥᠷᠢᠲᠦᠭᠰᠡᠨ ᠵᠣᠭᠤᠰ ᠢ ᠳᠠᠩᠰᠠᠨ ᠳᠤ ᠣᠷᠣᠭᠤᠯᠤᠨ ᠲᠣᠭᠠᠴᠠᠭ᠎ᠠ ᠬᠢᠭᠰᠡᠨ ᠦᠭᠡᠢ | ᠠᠰᠠᠭᠤᠳᠠᠯ ᠢ 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 281.15 ᠲᠦᠮᠡᠨ ᠲᠥᠭᠦᠷᠢᠭ ᠤᠨ | ᠥᠷᠢᠲᠦᠭᠰᠡᠨ ᠪᠡᠯᠡ ᠮᠦᠩᠭᠦ ᠶᠢ ᠲᠥᠯᠦᠪᠤᠷᠢᠯᠡᠭᠰᠡᠨ ᠪᠠᠶᠢᠨ᠎ᠠ᠃ | ⒊ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ ᠡᠷᠳᠡᠨᠢ | ᠨᠥᠬᠦᠷ ᠤᠨ ᠲᠤᠰᠢᠶᠠᠯ ᠤᠨ ᠬᠤᠭᠤᠴᠠᠭᠠᠨ ᠳᠤ ᠬᠢᠨᠠᠨ ᠪᠤᠳᠤᠯᠲᠠ ᠪᠠᠷ ᠳᠡᠮᠵᠢᠨ᠂ ᠲᠣᠭᠲᠠᠮᠠᠯ ᠬᠥᠷᠥᠩᠭᠡ 2.78 | ᠲᠦᠮᠡᠨ ᠲᠥᠭᠦᠷᠢᠭ ᠨᠡᠮᠡᠭᠳᠡᠭᠰᠡᠨ ᠪᠣᠯᠪᠠᠴᠤ ᠲᠠᠩᠰᠠᠨ ᠳᠤ ᠣᠷᠣᠭᠤᠯᠤᠭᠰᠠᠨ ᠥᠬᠡᠶ ᠵᠢᠴᠢ 2.68 ᠲᠦᠮᠡᠨ | ᠲᠥᠭᠦᠷᠢᠭ ᠤᠨ ᠬᠥᠳᠡᠯᠮᠦᠷᠢ ᠦᠢᠯᠡᠴᠢᠯᠡᠭᠡᠨ ᠤ ᠰᠦᠢᠳᠭᠡᠯ ᠲᠤᠰᠢᠶᠠᠭᠰᠠᠨ ᠫᠢᠶᠣᠣ ᠪᠠᠷᠢᠮᠲᠠ ᠲᠣᠭᠲᠠᠭᠠᠯ ᠳᠤ | ᠨᠡᠶᠢᠴᠡᠬᠦ ᠥᠬᠡᠶ ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠠᠶᠢᠨ᠎ᠠ᠃ 1.34 ᠲᠦᠮᠡᠨ | ᠲᠥᠭᠦᠷᠢᠭ ᠤᠨ ᠵᠣᠴᠢᠯᠠᠬᠤ ᠵᠠᠷᠤᠳᠠᠯ ᠲᠣᠭᠲᠠᠭᠠᠯ ᠳᠤ ᠨᠡᠶᠢᠴᠡᠬᠦ ᠥᠬᠡᠶ ᠠᠰᠠᠭᠤᠳᠠᠯ ᠢ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠠᠴᠠ ᠬᠤᠶᠢᠰᠢᠳᠠ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠡᠶᠢᠮᠦᠷᠬᠦ ᠦᠵᠡᠭᠳᠡᠯ ᠭᠠᠷᠬᠤ ᠶᠢ ᠡᠷᠡᠰ ᠬᠤᠷᠢᠭᠯᠠᠨ᠎ᠠ ᠭᠡᠵᠦ ᠳᠤᠷᠠᠳᠤᠨ ᠭᠠᠷᠭᠠᠪᠠ᠃ | ᠭᠤᠷᠪᠠ᠂ ᠰᠢᠯᠵᠢᠭᠦᠯᠦᠨ ᠬᠦᠷᠭᠡᠵᠦ ᠰᠢᠢᠳᠪᠦᠷᠢᠯᠡᠭᠰᠡᠨ ᠪᠠᠶᠢᠳᠠᠯ | 2019 ᠣᠨ ᠤ 8 ᠰᠠᠷ᠎ᠠ ᠠᠴᠠ 2020 ᠣᠨ ᠤ 7 ᠰᠠᠷ᠎ᠠ ᠪᠣᠯᠲᠠᠯ᠎ᠠ᠂ ᠬᠤᠰᠢᠭᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ 6 ᠵᠦᠢᠯ ᠤᠨ ᠰᠢᠢᠳᠪᠤᠷᠢᠯᠡᠬᠦ ᠠᠰᠠᠭᠤᠳᠠᠯ ᠢ ᠰᠢᠯᠵᠢᠭᠦᠯᠦᠨ | ᠬᠦᠷᠭᠡᠪᠡ᠄ | ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠬᠢᠨᠠᠨ ᠪᠤᠳᠤᠯᠲᠠ ᠳᠤ ᠲᠥᠷᠥᠯ ᠵᠦᠢᠯ ᠤᠨ ᠲᠦᠢᠮᠣ | ᠲᠥᠰᠦᠪ ᠠᠴᠠ ᠳᠠᠪᠠᠭᠰᠠᠨ᠂ ᠤᠷᠢᠳ ᠢᠶᠠᠷ ᠪᠠᠷᠢᠯᠭ᠎ᠠ ᠪᠠᠷᠢᠵᠤ ᠳᠠᠷᠠᠭ᠎ᠠ ᠨᠢ ᠳᠠᠭᠠᠭᠠᠴᠢᠯᠠᠯᠲᠠ ᠵᠠᠷᠯᠠᠬᠤ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠢᠷᠤᠵᠤ ᠲᠥᠯᠥᠪᠯᠡᠬᠦ ᠶᠢᠨ ᠳᠠᠭᠠᠤ ᠪᠠᠷᠢᠯᠭ᠎ᠠ ᠪᠠᠷᠢᠬᠤ᠂ ᠪᠠᠷᠢᠯᠭ᠎ᠠ ᠶᠢᠨ | ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠰᠠᠨ ᠥᠬᠡᠶ ᠪᠠᠷ ᠳᠤᠷ᠎ᠠ ᠪᠠᠷ ᠢᠶᠠᠨ ᠪᠠᠷᠢᠯᠭ᠎ᠠ | ᠪᠠᠷᠢᠬᠤ᠂ ᠪᠥᠲᠥᠭᠡᠨ ᠪᠠᠶᠢᠭᠤᠯᠤᠯᠲᠠ ᠶᠢᠨ ᠨᠢᠭᠡᠴᠡ ᠠᠴᠠ ᠢᠨᠵᠧᠨᠧᠷᠢᠭ ᠢ ᠬᠠᠷᠠᠭᠠᠯᠵᠠᠭᠰᠠᠨ ᠬᠢᠷᠢ ᠬᠡᠮ ᠥᠬᠡᠶ | ᠪᠠᠷᠢᠯᠭ᠎ᠠ ᠶᠢᠨ ᠨᠢᠭᠡᠴᠡ ᠳᠤ ᠳᠠᠭᠠᠭᠠᠴᠢᠯᠠᠭᠤᠯᠤᠨ ᠥᠭᠭᠦᠭᠰᠡᠨ᠂ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ | ᠳᠤᠷ᠎ᠠ ᠪᠠᠷ ᠢᠶᠠᠨ ᠳᠡᠭᠡᠭᠰᠢᠯᠡᠭᠦᠯᠦᠨ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠨᠡᠮᠡᠭᠰᠡᠨ ᠵᠢᠷᠭᠤᠭᠠᠨ | ᠠᠰᠠᠭᠤᠳᠠᠯ ᠢ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢᠭᠡᠨᠲᠡ ᠬᠡᠷᠡᠭ | ᠪᠣᠯᠭᠠᠨ ᠳᠡᠩᠰᠡᠯᠡᠵᠦ ᠪᠠᠶᠢᠴᠠᠭᠠᠪᠠ᠃ | ᠳᠥᠷᠪᠡ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠠᠰᠠᠭᠤᠳᠠᠯ | ᠬᠤᠰᠢᠭᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠤᠨ ᠲᠡᠷᠢᠭᠦᠯᠡᠭᠴᠢ ᠠᠰᠬᠠᠨ ᠨᠥᠬᠦᠷ ᠤᠨ ᠲᠤᠰᠢᠶᠠᠯ ᠤᠨ | ᠬᠤᠭᠤᠴᠠᠭᠠᠨ ᠤ ᠬᠢᠨᠠᠨ ᠪᠤᠳᠤᠯᠲᠠ ᠳᠤ ᠲᠤᠰᠬᠠᠶ ᠬᠡᠷᠡᠭᠯᠡᠭᠡᠨ ᠤ ᠮᠠᠰᠢᠨ ᠲᠡᠷᠭᠡᠨ ᠤ ᠭᠠᠷ ᠭᠦᠢᠴᠡᠳᠭᠡᠯ ᠢᠶᠠᠨ ᠴᠠᠭ | ᠲᠤᠬᠠᠢ ᠳᠤᠨᠢ ᠭᠦᠢᠴᠡᠳᠭᠡᠭᠰᠡᠨ ᠦᠭᠡᠢ ᠠᠰᠠᠭᠤᠳᠠᠯ ᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ | ᠪᠡᠶᠡᠯᠡᠭᠦᠯᠦᠭᠡᠳᠦᠢ ᠪᠠᠶᠢᠨ᠎ᠠ᠃ | ᠲᠠᠪᠤ᠂ ᠲᠠᠷᠠᠭᠠᠴᠢ ᠶᠢᠨ ᠠᠯᠬᠤᠮ ᠤᠨ ᠠᠵᠢᠯ | ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠂ ᠬᠢᠨᠠᠨ ᠪᠤᠳᠤᠭᠰᠠᠨ | ᠰᠠᠨᠠᠯ ᠪᠠ ᠰᠠᠨᠠᠭᠤᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠨᠢᠭᠡ ᠳᠤ᠂ ᠬᠢᠨᠠᠨ | ᠪᠤᠳᠤᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠤᠨ ᠳᠠᠩᠰᠠᠯᠠᠯ ᠶᠣᠰᠣᠭᠠᠷ᠂ ᠰᠢᠯᠲᠠᠭᠠᠨ ᠢ ᠨᠢ ᠤᠯᠠᠮ | ᠴᠢᠨᠠᠭᠰᠢᠳᠠ ᠪᠠᠶᠢᠴᠠᠭᠠᠨ ᠳᠡᠯᠭᠡᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠴᠡᠭᠴᠡᠯᠡᠨ | ᠰᠠᠶᠢᠵᠢᠷᠠᠭᠤᠯᠬᠤ ᠡᠷᠴᠢᠮ ᠢ ᠲᠦᠷᠭᠡᠳᠬᠡᠨ ᠠᠬᠢᠭᠤᠯᠤᠨ᠎ᠠ︔ ᠬᠤᠶᠠᠷ ᠲᠤ᠂ ᠬᠠᠮᠢᠶ᠎ᠠ ᠪᠦᠬᠦᠢ ᠳᠦᠷᠢᠮ ᠢ | ᠲᠡᠭᠦᠯᠳᠡᠷᠵᠢᠭᠦᠯᠵᠦ᠂ ᠤᠷᠲᠤ ᠬᠤᠭᠤᠴᠠᠭᠠᠨ ᠤ ᠪᠦᠳᠦᠮᠵᠢᠲᠦ ᠲᠤᠭᠲᠠᠯᠴᠠᠭ᠎ᠠ ᠶᠢ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠢ ᠦᠨᠡᠨ ᠪᠣᠳᠠᠲᠠᠢ ᠶᠠᠪᠤᠭᠳᠠᠭᠤᠯᠤᠨ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠭᠤᠷᠪᠠ ᠳᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠴᠠᠭᠤᠯᠬᠤ ᠲᠤᠭᠲᠠᠯᠴᠠᠭ᠎ᠠ ᠪᠠ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠲᠤᠭᠲᠠᠯᠴᠠᠭ᠎ᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠡᠪᠡᠳᠴᠢᠯᠡᠭᠰᠡᠨ ᠢ ᠵᠠᠰᠠᠬᠤ᠂ ᠡᠪᠡᠳᠴᠢᠯᠡᠬᠦ ᠠᠴᠠ ᠡᠮᠦᠨ᠎ᠡ ᠰᠡᠷᠭᠡᠶᠢᠯᠡᠬᠦ ᠲᠠᠯ᠎ᠠ ᠪᠠᠷ ᠶᠡᠭᠡ | ᠬᠦᠴᠦ ᠤᠷᠤᠭᠤᠯᠬᠤ ᠬᠡᠷᠡᠭᠲᠡᠢ︔ ᠳᠥᠷᠪᠡ ᠳᠤ᠂ ᠬᠤᠰᠢᠭᠤ ᠬᠢᠨᠠᠨ ᠪᠤᠳᠤᠬᠤ ᠲᠣᠪᠴᠢᠶ᠎ᠠ ᠱᠠᠯᠠᠪᠳᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠬᠠᠮᠢᠶ᠎ᠠ ᠪᠥᠬᠦᠶ ᠨᠢᠭᠡᠴᠡ ᠶᠢ ᠱᠠᠯᠠᠪᠳᠠᠭᠤᠯᠤᠨ᠂ ᠴᠡᠭᠴᠡᠯᠡᠨ | ᠰᠠᠶᠢᠵᠢᠷᠠᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠲᠤᠳᠬᠠᠨ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠠᠪᠠᠭ᠎ᠠ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠨ᠎ᠡ᠃ | |