ᠠᠪᠠᠭ᠎ᠠ ᠵᠠᠰᠠᠭ ᠦᠰᠦᠭ ﹇2021﹈ 193 ᠳ᠋ᠤᠭᠠᠷ ᠲᠣᠭᠠᠲᠤ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠳᠤ᠄ | ᠡᠳᠦᠭᠡ ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠪᠢᠴᠢᠭ ᠮᠠᠲ᠋ᠧᠷᠢᠶᠠᠯ ᠢ ᠳᠠᠭᠠᠯᠳᠤᠭᠤᠯᠤᠨ ᠳᠡᠭᠡᠭᠰᠢ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠃ | | | 2021 ᠣᠨ ᠤ 9 ᠰᠠᠷ᠎ᠠ ᠶᠢᠨ 22 ᠤ ᠡᠳᠤᠷ | | ᠠᠪᠠᠭ᠎ᠠ ᠬᠤᠰᠢᠭᠤᠨ ᠤ 2021 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ | | ᠦᠨᠤ ᠵᠢᠯ ᠠᠴᠠ ᠨᠠᠰᠢ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠤᠷ᠎ᠠ᠂ ᠬᠤᠰᠢᠭᠤ ᠲᠠᠶᠠᠭᠠᠷ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠬᠥᠭᠵᠢᠯᠲᠡ ᠶᠢᠨ ᠦᠵᠡᠯᠳᠡ ᠶᠢ ᠦᠢᠯᠡᠳᠤᠯᠬᠡᠵᠢᠬᠦᠯᠤᠨ᠂ | ᠬᠥᠭᠵᠢᠯᠲᠡ ᠶᠢᠨ ᠠᠷᠭ᠎ᠠ ᠬᠡᠯᠪᠡᠷᠢ ᠪᠠᠨ ᠢᠳᠡᠪᠬᠢᠲᠡᠶ ᠬᠤᠪᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ | ᠂ ᠡᠯ᠎ᠡ ᠲᠦᠷᠤᠯ ᠤᠨ ᠠᠵᠢᠯ ᠢᠶᠠᠨ ᠢᠯᠭᠤᠮ ᠤᠷᠤᠭᠰᠢᠳᠡᠢ ᠠᠬᠢᠭᠤᠯᠪᠠ᠃ | ᠨᠢᠭᠡ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠭᠦᠢᠴᠡᠳᠬᠡᠭᠰᠡᠨ ᠪᠠᠶᠢᠳᠠᠯ | ︵ᠨᠢᠭᠡ︶ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ | 2021 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ | ᠦᠶ᠋ᠯᠡᠳᠪᠦᠷᠢᠯᠡᠯ ᠤᠨ ᠶᠡᠷᠦᠩᠬᠡᠶ ᠥᠷᠲᠡᠭ 13.78 ᠳ᠋ᠦᠩᠰᠢᠭᠤᠷ ᠲᠥᠭᠦᠷᠢᠭ ᠲᠤ ᠬᠦᠷᠴᠦ᠂ 14.3% ᠪᠠᠷ | ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.41 ᠳ᠋ᠦᠩᠰᠢᠭᠤᠷ ᠲᠥᠭᠦᠷᠢᠭ | ᠬᠦᠷᠴᠦ᠂ 4.9% ᠪᠠᠷ ᠨᠡᠮᠡᠭᠳᠡᠪᠡ︔ ᠬᠤᠶᠠᠳᠤᠭᠠᠷ ᠠᠵᠤ ᠦᠶ᠋ᠯᠡᠰ ᠤᠨ ᠨᠡᠮᠡᠭᠳᠡᠯ ᠥᠷᠲᠡᠭ 5.41 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 20.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ | 6.96 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 12.1% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ | ᠪᠤᠳᠠᠰ ᠢ ᠵᠢᠵᠢᠭᠯᠡᠨ ᠪᠤᠷᠤᠯᠠᠭᠤᠯᠤᠭᠰᠡᠨ ᠶᠡᠷᠦᠩᠬᠡᠶ ᠬᠡᠮᠵᠢᠶ᠎ᠠ 2.32 ᠳ᠋ᠦᠩᠰᠢᠭᠤᠷ ᠲᠥᠭᠦᠷᠢᠭ ᠲᠤ ᠬᠦᠷᠴᠦ᠂ 13. | 9% ᠪᠠᠷ ᠨᠡᠮᠡᠭᠳᠡᠪᠡ᠃ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠤᠯᠬᠤᠶᠢᠴᠠ ᠳᠤᠮᠳᠠᠴᠢ ᠣᠷᠣᠯᠭ᠎ᠠ 21790 ᠲᠥᠭᠦᠷᠢᠭ ᠲᠤ ᠬᠦᠷᠴᠦ᠂ 9.4% ᠪᠠᠷ ᠨᠡᠮᠡᠭᠳᠡᠪᠡ︔ | ᠮᠠᠯᠵᠢᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠤ ᠪᠤᠯᠬᠤᠶᠢᠴᠠ ᠣᠷᠣᠯᠭ᠎ᠠ | 11496 ᠲᠥᠭᠦᠷᠢᠭ ᠲᠤ ᠬᠦᠷᠴᠦ᠂ 12.6% ᠪᠠᠷ ᠨᠡᠮᠡᠭᠳᠡᠪᠡ᠃ | ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 18.678 ᠲᠦᠮᠡᠨ ᠲᠥᠭᠦᠷᠢᠭ ᠪᠡᠶᠡᠯᠡᠭᠦᠯᠵᠦ | ᠂ 10.5% ᠪᠠᠷ ᠪᠠᠭᠤᠷᠠᠪᠠ᠃ ᠳᠡᠭᠡᠷ᠎ᠡ ᠬᠠᠭᠠᠰ ᠵᠢᠯ ᠳᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ 75.4% ᠪᠠᠷ ᠪᠠᠭᠤᠷᠠᠪᠠ᠃ | ︵ᠬᠤᠶᠠᠷ︶ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠬᠦᠴᠤᠯᠠᠨ ᠠᠬᠢᠭᠤᠯᠪᠠ᠃ | ⒈ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠴᠢᠮᠳᠡᠢ ᠠᠳᠬᠤᠪᠠ᠃ | 2021 ᠣᠨ ᠳᠤ᠂ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠥᠢᠯ ᠢ | 58 ᠳᠣᠭᠢᠷᠠᠭᠤᠯᠵᠤ᠂ ᠶᠡᠷᠦᠩᠬᠡᠶ ᠪᠠᠯᠠ ᠣᠷᠣᠭᠤᠯᠤᠯᠲᠠ 224 ᠳ᠋ᠦᠩᠰᠢᠭᠤᠷ ᠲᠥᠭᠦᠷᠢᠭ ᠲᠤ ᠬᠦᠷᠴᠤ᠂ ᠵᠢᠯ ᠤᠨ | ᠳᠣᠲᠣᠷ᠎ᠠ 54.33 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ | ᠡᠭᠦᠨ ᠳᠤ᠂ 30 ᠲᠥᠷᠥᠯ ᠵᠥᠢᠯ ᠢ ᠦᠷᠭᠦᠯᠵᠢᠯᠡᠨ ᠪᠠᠶᠢᠭᠤᠯᠵᠤ᠂ 28 ᠲᠥᠷᠥᠯ ᠵᠥᠢᠯ ᠢ ᠰᠢᠨ᠎ᠡ ᠪᠠᠷ ᠪᠠᠶᠢᠭᠤᠯᠵᠤ | ᠂ ᠣᠲᠣ ᠪᠣᠯᠲᠠᠯ᠎ᠠ᠂ ᠪᠥᠬᠦ ᠬᠤᠰᠢᠭᠤᠨ ᠤ 41 ᠲᠥᠷᠥᠯ ᠵᠥᠢᠯ ᠢ ᠨᠢᠭᠡᠨᠲᠡ ᠪᠠᠷᠢᠯᠭ᠎ᠠ ᠰᠡᠷᠭᠦᠭᠡᠵᠦ᠂ 12.54 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠰᠡᠷᠭᠦᠭᠡᠭᠰᠡᠨ ᠨᠣᠷᠮ᠎ᠠ 70.7% | ᠳᠤ ᠬᠦᠷᠪᠡ᠃ ᠡᠭᠦᠨ ᠳᠤ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ ᠲᠥᠷᠥᠯ ᠵᠥᠢᠯ ᠤᠨ ᠬᠡᠷᠡᠭᠵᠢᠭᠦᠯᠬᠦ | ᠲᠥᠯᠥᠪᠯᠡᠭᠡ ᠶᠢᠨ 13 ᠲᠥᠷᠥᠯ ᠵᠥᠢᠯ ᠢ ᠵᠢᠭᠰᠠᠭᠠᠨ ᠣᠷᠣᠭᠤᠯᠵᠤ᠂ ᠶᠡᠷᠦᠩᠬᠡᠶ ᠪᠠᠯᠠ ᠣᠷᠣᠭᠤᠯᠤᠯᠲᠠ 176.5 | ᠳ᠋ᠦᠩᠰᠢᠭᠤᠷ ᠲᠥᠭᠦᠷᠢᠭ᠂ ᠵᠢᠯ ᠤᠨ ᠳᠣᠲᠣᠷ᠎ᠠ 32.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠣᠶ᠃ ᠡᠭᠦᠨ ᠳᠤ᠄ 11 ᠲᠥᠷᠥᠯ ᠵᠥᠢᠯ ᠢ ᠦᠷᠭᠦᠯᠵᠢᠯᠡᠨ ᠪᠠᠶᠢᠭᠤᠯᠵᠤ᠂ 2 | ᠲᠥᠷᠥᠯ ᠵᠥᠢᠯ ᠢ ᠰᠢᠨ᠎ᠡ ᠪᠠᠷ ᠪᠠᠶᠢᠭᠤᠯᠵᠤ᠂ ᠣᠲᠣ ᠪᠣᠯᠲᠠᠯ᠎ᠠ ᠨᠢᠭᠡᠨᠲᠡ 12 ᠲᠥᠷᠥᠯ ᠵᠥᠢᠯ ᠢ ᠪᠠᠷᠢᠯᠭ᠎ᠠ | ᠰᠡᠷᠬᠦᠬᠡᠵᠤ᠂ 11.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠵᠢᠯ ᠡᠬᠢᠯᠡᠭᠦᠯᠵᠤ | ᠰᠡᠷᠭᠦᠭᠡᠭᠰᠡᠨ ᠨᠣᠷᠮ᠎ᠠ 92.3% ᠳᠤ ᠬᠥᠷᠪᠡ᠃ ᠣᠨᠴᠠ ᠥᠨᠳᠥᠷ ᠬᠦᠴᠦᠳᠡᠯᠲᠦ ᠭᠠᠳᠠᠭᠰᠢ ᠬᠦᠷᠭᠡᠬᠦ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠥᠢᠯ ᠢ ᠲᠠᠭᠤᠰᠬᠠᠵᠤ᠂ ᠴᠠᠭᠠᠨᠨᠠᠭᠤᠷ ᠴᠠᠬᠢᠯᠭᠠᠨ ᠤ ᠦᠢᠯᠡᠳᠪᠤᠷᠢ ᠶᠢᠨ ᠭᠤᠤᠯ | ᠴᠣᠭᠴᠠ ᠶᠢᠨ ᠪᠠᠷᠢᠯᠭ᠎ᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠪᠠ᠃ ᠴᠠᠭᠠᠨᠨᠠᠭᠤᠷ ᠨᠢᠭᠡᠳᠦᠭᠡᠷ ᠬᠤᠳᠳᠤᠭ᠂ ᠳ᠋ᠠ | ᠠᠨ ᠤ ᠨᠡᠭᠦᠷᠡᠰᠦᠨ ᠠᠭᠤᠷᠬᠠᠶ ᠶᠢᠨ ᠭᠠᠷᠳᠠᠮ ᠬᠦᠢᠴᠡᠳᠬᠡᠯ ᠢ ᠢᠳᠡᠪᠬᠢᠲᠡᠶ ᠪᠠᠷ ᠲᠦᠯᠬᠢᠨ ᠠᠬᠢᠭᠤᠯᠪᠠ᠃ | ⒉ᠠᠵᠤ ᠦᠢᠯᠡᠰ ᠤᠨ ᠪᠦᠲᠦᠴᠡ ᠶᠢ ᠪᠦᠳᠤᠮᠵᠢᠳᠡᠢ ᠰᠢᠯᠢᠳᠡᠭᠵᠢᠭᠦᠯᠪᠠ | ᠮᠠᠯ ᠠᠵᠤ ᠠᠬᠤᠶ ᠶᠢᠨ ᠰᠠᠭᠤᠷᠢ ᠪᠦᠳᠤᠬᠡᠨ ᠪᠠᠶᠢᠭᠤᠯᠤᠯᠳᠠ ᠤᠯᠠᠮ ᠨᠢᠭᠡ ᠠᠯᠬᠤᠮ ᠪᠠᠬᠢᠵᠢᠪᠡ᠃ ᠮᠠᠯ ᠤᠨ | ᠲᠤᠭ᠎ᠠ ᠲᠤᠯᠤᠭᠠᠢ ᠶᠢ ᠢᠳᠡᠪᠬᠢᠲᠡᠶ ᠬᠢᠵᠠᠭᠠᠷᠯᠠᠵᠤ᠂ ᠮᠠᠯ ᠤᠨ ᠪᠦᠲᠦᠴᠡ ᠶᠢ ᠰᠢᠯᠢᠳᠡᠭᠵᠢᠬᠦᠯᠤᠨ᠂ ᠮᠠᠯ ᠤᠨ ᠶᠠᠰᠤ | ᠴᠢᠨᠠᠷ ᠢ ᠳᠡᠭᠡᠭᠰᠢᠯᠡᠭᠦᠯᠪᠠ᠃ ᠡᠪᠡᠰᠦ ᠪᠡᠯᠴᠢᠭᠡᠷ ᠤᠨ ᠤᠷᠭᠤᠴᠠ ᠰᠠᠶᠢᠵᠢᠷᠠᠵᠤ᠂ ᠬᠤᠷᠠᠭ᠎ᠠ ᠲᠤᠰᠴᠤ ᠪᠤᠶᠢᠵᠢᠭᠤᠯᠬᠤ᠂ | ᠬᠤᠨᠢ ᠢ ᠴᠥᠭᠡᠳᠬᠡᠨ ᠦᠬᠡᠷ ᠢ ᠨᠡᠮᠡᠭᠳᠡᠭᠦᠯᠬᠦ ᠠᠵᠢᠯ ᠢᠯᠭᠤᠮ ᠤᠷᠤᠭᠰᠢᠲᠠᠶ ᠶᠠᠪᠤᠭᠳᠠᠪᠠ᠃ ᠲᠡᠵᠢᠭᠡᠨ | ᠦᠷᠡᠵᠢᠭᠦᠯᠬᠦ ᠠᠵᠤ ᠦᠶᠢᠯᠡᠰᠵᠢᠯᠲᠡ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠷᠦᠨ ᠨᠢᠦ | ᠲᠡᠵᠢᠭᠡᠨ ᠦᠷᠡᠵᠢᠭᠦᠯᠬᠦ ᠲᠠᠯᠠᠪᠠᠶ᠂ ᠬᠠᠷᠠᠭᠠᠳᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ᠂ ᠮᠢᠬᠠᠨ ᠤ | ᠦᠬᠡᠷ ᠲᠡᠵᠢᠭᠡᠨ ᠲᠠᠷᠭᠤᠯᠠᠭᠤᠯᠬᠤ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠥᠢᠯ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠪᠠ᠃ ᠤᠷᠢᠶᠠᠩᠬᠠᠢ ᠬᠤᠨᠢ᠂ ᠠᠪᠠᠭ᠎ᠠ ᠬᠠᠷ᠎ᠠ ᠠᠳᠤᠭᠤ ᠶᠢ ᠬᠠᠮᠠᠭᠠᠯᠠᠨ ᠦᠷᠡᠵᠢᠭᠦᠯᠬᠦ | ᠵᠢᠷᠤᠮᠵᠢᠯ ᠢ ᠬᠡᠷᠡᠭᠵᠢᠭᠦᠯᠪᠡ᠃ ᠪᠡᠯᠴᠢᠭᠡᠷ ᠰᠡᠯᠬᠦᠬᠦ᠂ ᠬᠢᠵᠢᠭ ᠰᠡᠷᠬᠡᠶᠢᠯᠡᠬᠦ᠂ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ᠠᠵᠤ ᠦᠢᠯᠡᠳᠪᠦᠷᠢ ᠶᠢᠨ ᠠᠵᠤ ᠠᠬᠤᠶ ᠢᠳᠡᠪᠬᠢᠲᠡᠶ ᠪᠠᠷ ᠠᠬᠢᠪᠠ᠃ ᠳᠡᠭᠡᠷ᠎ᠡ ᠬᠠᠭᠠᠰ ᠵᠢᠯ ᠳᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 6.74 | ᠳ᠋ᠦᠩᠰᠢᠭᠤᠷ ᠲᠥᠭᠦᠷᠢᠭ ᠲᠤ ᠬᠦᠷᠴᠦ᠂ 20.68% ᠨᠡᠮᠡᠭᠳᠡᠨ᠂ ᠨᠡᠮᠡᠭᠳᠡᠯ ᠥᠷᠲᠡᠭ 36.0% ᠨᠡᠮᠡᠭᠳᠡᠪᠡ᠃ | ᠦᠢᠯᠡᠳᠬᠦᠨ ᠤ ᠦᠷᠲᠡᠭ ᠤᠨ ᠨᠡᠮᠡᠭᠳᠡᠯ ᠢ ᠭᠤᠣᠯᠳᠠᠭᠤ ᠠᠪᠠᠭ᠎ᠠ ᠬᠤᠰᠢᠭᠤᠨ ᠤ ᠯᠢᠥᠢ ᠨᠸᠡᠭ ᠰᠢᠨ᠎ᠡ ᠡᠨᠧᠷᠭᠢ ᠶᠢᠨ | ᠬᠢᠵᠠᠭᠠᠷᠲᠤ ᠺᠣᠮᠫᠠᠨᠢ ᠶᠢᠨ ᠬᠡᠪᠴᠢᠶ᠎ᠠ ᠶᠢ ᠳᠡᠭᠡᠭᠰᠢᠯᠡᠭᠦᠯᠬᠦ᠂ ᠥᠪᠥᠷ ᠮᠣᠩᠭᠤᠯ ᠤᠨ ᠭᠤᠷᠴᠢ ᠠᠭᠤᠷᠬᠠᠢ ᠶᠢᠨ | ᠦᠢᠯᠡᠰ ᠤᠨ ᠬᠢᠵᠠᠭᠠᠷᠲᠤ ᠺᠣᠮᠫᠠᠨᠢ ᠶᠢᠨ ᠵᠢᠩᠬᠢᠨᠢ ᠪᠠᠷ ᠦᠢᠯᠡᠳᠪᠦᠷᠢᠯᠡᠬᠦ ᠪᠠ ᠵᠢᠢ ᠳ᠋ᠦᠡᠭ ᠱᠦᠢᠨᠢ ᠶᠢᠨ ᠭᠠᠷᠤᠯᠲᠠ ᠶᠢ | ᠨᠡᠮᠡᠭᠳᠡᠭᠦᠯᠬᠦ ᠶᠢ ᠠᠬᠢᠭᠤᠯᠪᠠ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠡᠮᠵᠢᠶ᠎ᠡ ᠶᠡᠬᠡᠪᠡᠷ ᠪᠠᠷ ᠨᠡᠮᠡᠭᠳᠡᠵᠦ᠂ | 14.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 54.47% ᠪᠠᠷ ᠨᠡᠮᠡᠭᠳᠡᠵᠦ᠂ ᠦᠢᠯᠡᠳᠬᠦᠨ ᠤ ᠦᠷᠳᠡᠭ 3. | 58% ᠪᠠᠷ ᠨᠡᠮᠡᠭᠳᠡᠪᠡ᠃ ᠪᠥᠬᠦ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠢ 3.86 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 20.1% ᠪᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠪᠠᠭᠤᠷᠠᠯᠲᠠ ᠶᠢᠨ ᠨᠥᠯᠥᠭᠡ ᠠᠴᠠ ᠪᠣᠯᠵᠣ | ᠂ ᠪᠠᠷᠢᠯᠭ᠎ᠠ ᠶᠢᠨ ᠦᠢᠯᠡᠰ ᠤᠨ ᠬᠦᠭᠵᠢᠯᠳᠠ ᠤᠳᠠᠭᠠᠰᠢᠷᠠᠵᠤ᠂ ᠡᠵᠡᠯᠡᠬᠦ ᠬᠠᠷᠢᠴᠠᠯ ᠨᠢ ᠪᠠᠭᠠᠰᠴᠤ᠂ ᠨᠥᠯᠥᠭᠡ ᠨᠢ | ᠬᠢᠵᠠᠭᠠᠷᠲᠠᠶ ᠠᠴᠠ ᠪᠤᠯᠵᠤ ᠬᠤᠶᠠᠳᠤᠭᠠᠷ ᠠᠵᠤ ᠦᠢᠯᠡᠰ ᠮᠥᠨ ᠬᠦ ᠲᠦᠷᠭᠡᠨ ᠨᠡᠮᠡᠭᠳᠡᠯ ᠢ ᠪᠠᠳᠤᠯᠠᠪᠠ᠃ | ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠴᠢᠩᠭᠠᠷᠠᠪᠠ᠃ ᠰᠢᠯᠢ ᠶᠢᠨ ᠭᠤᠤᠯ ᠤᠨ ᠮᠢᠩᠭᠠᠨ | ᠭᠠᠵᠠᠷ ᠤᠨ ᠦᠵᠡᠮᠵᠢ ᠶᠢᠨ ᠵᠢᠭᠤᠯᠴᠢᠯᠠᠯ ᠤᠨ ᠱᠤᠭᠤᠮ ᠳᠤ ᠢᠳᠡᠪᠬᠢᠲᠡᠶ ᠠᠭᠤᠰᠤᠯᠴᠠᠵᠤ᠂ ᠠᠳᠤᠭᠤᠨ ᠰᠣᠶᠣᠯ ᠤᠨ | ᠠᠵᠤ ᠦᠢᠯᠡᠰ ᠤᠨ ᠲᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠢ ᠠᠬᠢᠭᠤᠯᠪᠠ᠃ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 0.56 ᠲᠦᠮᠡᠨ ᠬᠥᠮᠦᠨ ᠤᠳᠠᠭ᠎ᠠ᠂ ᠠᠶᠠᠨᠴᠢᠳ ᠤᠨ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ 132.9 ᠲᠦᠮᠡᠨ ᠬᠥᠮᠦᠨ ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 84.6% ᠪᠠ 73.4% ᠪᠠᠭᠤᠷᠠᠪᠠ︔ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 25 ᠲᠦᠮᠡᠨ ᠲᠣᠨ᠂ ᠪᠠᠷᠠᠭᠠᠨ ᠤ | ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ 7606 ᠲᠦᠮᠡᠨ ᠲᠣᠨ ᠺᠢᠯᠣᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 99.0% ᠪᠠ 248.3% ᠪᠠᠷ ᠨᠡᠮᠡᠭᠳᠡᠪᠡ᠃ ᠰᠢᠦᠳᠠᠨ ᠬᠤᠯᠪᠤᠭ᠎ᠠ ᠪᠠ ᠴᠢᠮᠡᠭᠡ | ᠬᠤᠯᠪᠣᠭᠠᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ 1911 ᠲᠦᠮᠡᠨ ᠲᠥᠭᠦᠷᠢᠭ ᠲᠤ ᠬᠦᠷᠴᠦ᠂ 0. | 4% ᠪᠠᠷ ᠨᠡᠮᠡᠭᠳᠡᠪᠡ᠃ ᠠᠰᠢᠭ ᠣᠯᠵᠠᠪᠤᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ 4.7% ᠪᠠᠷ ᠪᠠᠭᠤᠷᠠᠵᠤ᠂ | ᠠᠰᠢᠭ ᠣᠯᠵᠠᠪᠤᠷᠢ ᠶᠢᠨ ᠪᠤᠰᠤ ᠴᠢᠨᠠᠷᠲᠠᠶ ᠦᠢᠯᠡᠴᠢᠯᠡᠭᠡᠨ ᠤ ᠦᠢᠯᠡᠰ 3.1% ᠪᠠᠷ ᠨᠡᠮᠡᠭᠳᠡᠪᠡ᠃ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ | ᠬᠥᠭᠵᠢᠯᠲᠡ ᠶᠢ ᠢᠳᠡᠪᠬᠢᠲᠡᠶ ᠪᠠᠷ ᠲᠡᠳᠬᠦᠨ ᠲᠡᠮᠵᠢᠪᠠ᠃ ᠰᠠᠭᠤᠷᠢ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ | ᠠᠵᠢᠯ ᠢ ᠰᠠᠶᠢᠲᠤᠷ ᠬᠢᠵᠦ᠂ 2021 ᠣᠨ ᠤ ᠵᠣᠨ ᠤ ᠤᠯᠠᠷᠢᠯ ᠤᠨ ᠮᠠᠯ ᠠᠵᠤ ᠠᠬᠤᠶ ᠶᠢᠨ ᠨᠡᠶᠢᠳᠡᠮ | ᠪᠠᠶᠢᠴᠠᠭᠠᠯᠲᠠ᠂ ᠨᠤᠲᠤᠭ ᠪᠡᠯᠴᠢᠭᠡᠷ ᠤᠨ ᠬᠢᠨᠠᠨ ᠬᠡᠮᠵᠢᠯᠲᠡ ᠶᠢᠨ ᠦᠨᠡᠯᠡᠯᠲᠡ ᠶᠢ ᠪᠡᠶᠡᠯᠡᠭᠦᠯᠪᠡ᠃ ᠮᠥᠩᠭᠦᠨ | ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ 23.91 ᠳ᠋ᠦᠩᠰᠢᠭᠤᠷ | ᠲᠥᠭᠦᠷᠢᠭ ᠪᠠ 26.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ | 13.1% ᠪᠠ 12.7% ᠪᠠᠷ ᠨᠡᠮᠡᠭᠳᠡᠪᠡ᠃ | ︵ᠭᠤᠷᠪᠠ︶ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠠ᠃ | | ᠲᠥᠯᠥᠪᠵᠢᠭᠦᠯᠭᠡ ᠪᠠᠷ ᠲᠠᠶᠢᠴᠢᠯᠠᠨ ᠵᠢᠯᠣᠭᠤᠳᠬᠤ ᠶᠢ ᠴᠢᠩᠭᠠᠳᠬᠠᠪᠠ᠃ ᠠᠪᠠᠭ᠎ᠠ ᠬᠤᠰᠢᠭᠤᠨ ᠤ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ | ᠠᠵᠢᠯ ᠢ ᠪᠡᠶᠡᠯᠡᠭᠦᠯᠵᠦ᠂ ᠣᠲᠣ ᠶᠠᠭ ᠨᠠᠷᠢᠯᠢᠬᠵᠢᠭᠤᠯᠤᠨ ᠵᠠᠰᠠᠪᠤᠷᠢ ᠣᠷᠣᠭᠤᠯᠵᠤ᠂ ᠣᠶᠢᠷ᠎ᠠ ᠶᠢᠨ ᠬᠤᠭᠤᠴᠠᠭᠠᠨ ᠳᠤ | ᠳᠡᠪᠰᠢᠭᠦᠯᠦᠨ ᠲᠤᠰᠢᠶᠠᠬᠤ ᠪᠠᠷ ᠪᠡᠯᠡᠳᠬᠡᠵᠤ ᠪᠤᠢ᠃ ᠬᠥᠳᠡᠭᠡ ᠲᠣᠰᠬᠤᠨ ᠤ ᠴᠠᠬᠢᠯᠭᠠᠨ ᠲᠣᠤᠷ ᠤᠨ | ᠲᠥᠯᠥᠪᠵᠢᠭᠦᠯᠭᠡ ᠶᠢ ᠨᠢᠭᠡᠨᠲᠡ ᠨᠡᠶᠢᠲᠡᠯᠡᠵᠦ᠂ ᠨᠡᠭᠦᠷᠡᠰᠦ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠪᠥᠬᠦ | ᠬᠡᠪᠴᠢᠶᠠᠨ ᠤ ᠵᠢᠭᠤᠯᠴᠢᠯᠠᠯ ᠵᠡᠷᠭᠡ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ ᠬᠢᠨᠠᠨ | ᠬᠠᠷᠭᠤᠭᠤᠯᠬᠤ ᠪᠠᠷ ᠪᠠᠶᠢᠨ᠎ᠠ᠃ ᠠᠪᠠᠭ᠎ᠠ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠥᠲᠥᠯᠪᠦᠷᠢ ᠶᠢ ᠨᠢᠭᠡᠨᠲᠡ ᠪᠡᠶᠡᠯᠡᠭᠦᠯᠵᠤ᠂ | ᠭᠠᠩᠭᠠᠨᠰᠢᠯᠢ ᠶᠢᠨ ᠤᠯᠤᠰ ᠤᠨ ᠲᠠᠯ᠎ᠠ ᠨᠤᠲᠤᠭ ᠤᠨ ᠴᠡᠴᠡᠷᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠡᠬᠢᠯᠡᠭᠦᠯᠪᠡ᠃ | ᠬᠤᠲᠠ ᠪᠠᠯᠭᠠᠰᠤᠨ ᠤ ᠪᠥᠲᠥᠭᠡᠨ ᠪᠠᠢᠭᠤᠯᠤᠯᠲᠠ ᠶᠢ ᠴᠢᠩᠭᠠᠳᠬᠠᠪᠠ᠃ ᠲᠡᠬᠡᠷ᠎ᠠ ᠬᠠᠭᠠᠰ ᠵᠢᠯ ᠳᠤ ᠬᠤᠲᠠ | ᠪᠠᠯᠭᠠᠰᠤᠨ ᠤ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠳᠤ ᠨᠢᠭᠡᠨᠲᠡ 4960 ᠲᠦᠮᠡᠨ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 15 ᠬᠠᠭᠤᠴᠢᠨ ᠵᠢᠵᠢᠭ ᠲᠣᠭᠤᠷᠢᠭ ᠤᠨ ᠠᠰᠠᠷ | ᠪᠠᠶᠢᠰᠢᠩ ᠤᠨ ᠭᠤᠤᠯ ᠴᠣᠭᠴᠠ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠬᠠᠭᠤᠴᠢᠨ | ᠵᠢᠵᠢᠭ ᠲᠣᠭᠤᠷᠢᠭ ᠤᠨ ᠢᠵᠢ ᠪᠥᠷᠢᠳᠦᠭᠦᠯᠬᠦ ᠲᠦᠬᠦᠬᠡᠷᠤᠮᠵᠢ ᠶᠢ ᠥᠭᠡᠷᠡᠴᠢᠯᠡᠨ ᠵᠠᠰᠠᠵᠤ᠂ ᠤᠶᠤᠨᠲᠤ ᠠᠮᠤᠷ | ᠲᠦᠪᠰᠢᠨ ᠤ ᠰᠡᠷᠭᠡᠶᠢᠯᠡᠯᠲᠡ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠤᠶᠤᠨᠲᠤ ᠠᠮᠤᠷ ᠲᠦᠪᠰᠢᠨ ᠤ | ᠰᠡᠷᠭᠡᠶᠢᠯᠡᠯᠲᠡ᠂ ᠲᠥᠪᠯᠡᠷᠡᠭᠦᠯᠦᠨ ᠲᠤᠯᠠᠭᠠᠯᠯᠠᠭ᠎ᠠ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ᠂ | ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠨ ᠰᠢᠢᠳᠪᠤᠷᠢᠯᠡᠬᠦ᠂ ᠬᠤᠲᠠ ᠪᠠᠯᠭᠠᠰᠤ ᠶᠢᠨ ᠤᠰᠤ | ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠵᠦ᠂ 3000 ᠪᠣᠳᠠᠰ ᠤᠨ | ᠬᠤᠯᠪᠣᠭ᠎ᠠ ᠶᠢᠨ ᠤᠰᠤᠨ ᠤ ᠬᠡᠮᠵᠢᠭᠦᠷ ᠢ ᠰᠣᠯᠢᠪᠠ᠃ | ᠰᠠᠭᠤᠷᠢ ᠲᠥᠬᠦᠭᠡᠷᠦᠮᠵᠢ ᠦᠷᠭᠦᠯᠵᠢᠯᠡᠨ ᠰᠠᠶᠢᠵᠢᠷᠠᠪᠠ᠃ 303 ᠤᠯᠤᠰ ᠤᠨ ᠵᠠᠮ ᠢ ᠰᠢᠨ᠎ᠡ ᠪᠠᠷ | ᠪᠠᠶᠢᠭᠤᠯᠤᠨ ᠲᠡᠷᠭᠡ ᠨᠡᠪᠲᠡᠷᠡᠭᠦᠯᠵᠦ᠂ ᠬᠠᠭᠤᠴᠢᠨ ᠵᠠᠮ ᠢ ᠶᠠᠭ ᠰᠡᠯᠪᠢᠨ ᠵᠠᠰᠠᠵᠤ ᠪᠠᠶᠢᠨ᠎ᠠ᠃ ᠮᠠᠯᠵᠢᠬᠤ ᠣᠷᠣᠨ ᠤ | ᠵᠠᠮ ᠬᠠᠷᠢᠯᠴᠠᠭ᠎ᠠ ᠶᠢᠨ ᠨᠥᠬᠦᠴᠡᠯ ᠢ ᠢᠳᠡᠪᠬᠢᠲᠡᠶ ᠰᠠᠶᠢᠵᠢᠷᠠᠭᠤᠯᠵᠤ᠂ ᠵᠠᠮ ᠤᠨ ᠰᠠᠭᠤᠷᠢ ᠶᠢ 16 ᠺᠢᠯᠣᠮᠧᠲᠷ᠂ | ᠠᠯᠳᠠᠡᠬᠠᠩᠭᠠᠢ ᠠᠴᠠ ᠴᠠᠭᠠᠨᠨᠠᠭᠤᠷ ᠵᠢᠩ ᠨᠸᠡᠭ ᠴᠠᠬᠢᠯᠭᠠᠨ ᠦᠢᠯᠡᠳᠪᠤᠷᠢ ᠬᠦᠷᠬᠦ ᠬᠡᠰᠡᠭ ᠤᠨ ᠵᠠᠰᠠᠮᠠᠯ ᠵᠠᠮ ᠤᠨ ᠶᠠᠰᠤ | ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠨᠠᠷᠠᠳᠤ ᠵᠢᠵᠢᠭ ᠬᠥᠭᠦᠷᠭᠡ ᠶᠢᠨ ᠲᠥᠷᠥᠯ | ᠵᠥᠢᠯ ᠤᠨ ᠬᠢᠨᠠᠨ ᠵᠥᠪᠰᠢᠶᠡᠷᠡᠯ ᠢ ᠪᠡᠶᠡᠯᠡᠭᠦᠯᠵᠦ᠂ ᠵᠠᠮ ᠤᠨ ᠭᠠᠳᠠᠷᠭᠤ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ | 3 ᠲᠥᠷᠥᠯ ᠵᠥᠢᠯ ᠤᠨ ᠪᠠᠷᠢᠯᠭ᠎ᠠ ᠶᠢ ᠦᠡᠳᠤᠰᠤᠨ ᠳᠤ ᠪᠠᠨ ᠪᠠᠶᠠᠯᠠᠬᠦᠯᠪᠠ᠃ 726 ᠠᠶᠢᠯ ᠲᠣᠰᠬᠤᠨ | ᠳᠤᠭᠤᠶᠢᠯᠠᠩ ᠤᠨ ᠴᠡᠭ ᠪᠠᠶᠢᠷᠢ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠮᠠᠯᠵᠢᠬᠤ ᠣᠷᠣᠨ ᠤ ᠵᠠᠰᠠᠮᠠᠯ ᠵᠠᠮ ᠤᠨ | ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ | 1513 ᠺᠢᠯᠣᠮᠧᠲᠷ ᠤᠨ ᠵᠠᠮ ᠤᠨ ᠭᠠᠳᠠᠷᠭᠤ ᠤᠨ ᠲᠠᠰ ᠤᠨ ᠦᠨᠡᠯᠡᠨ ᠲᠣᠭᠲᠠᠭᠠᠯᠲᠠ ᠶᠢ ᠪᠡᠶᠡᠯᠡᠭᠦᠯᠪᠡ᠃ | ᠬᠥᠨᠳᠡᠯᠡᠨ ᠢᠶᠠᠷ ᠤᠰᠤ ᠲᠠᠲᠠᠬᠤ 90 ᠬᠤᠳᠳᠤᠭ ᠢ ᠰᠢᠨ᠎ᠡ ᠪᠠᠷ ᠪᠠᠶᠢᠭᠤᠯᠵᠤ᠂ ᠨᠡᠷᠡᠨ ᠤ ᠡᠨᠧᠷᠭᠢ ᠪᠠᠷ ᠤᠰᠤ | ᠲᠠᠲᠠᠬᠤ 90 ᠢᠵᠢ ᠲᠥᠬᠦᠭᠡᠷᠦᠮᠵᠢ ᠶᠢ ᠢᠵᠢ ᠪᠦᠷᠢᠳᠦᠭᠦᠯᠪᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠤᠨ | 2019 ᠣᠨ ᠤ ᠬᠠᠭᠤᠴᠢᠨ ᠬᠡᠮᠵᠢᠯᠲᠡ ᠶᠢᠨ ᠥᠭᠡᠷᠡᠴᠢᠯᠡᠯᠲᠡ ᠶᠢ ᠳᠠᠭᠤᠰᠬᠠᠵᠤ᠂ ᠣᠳᠣᠬᠢᠴᠢᠯᠠᠭᠰᠠᠨ ᠮᠠᠯ ᠠᠵᠤ | ᠠᠬᠤᠢ ᠶᠢᠨ ᠲᠤᠷᠰᠢᠯᠲᠠ ᠶᠢᠨ ᠴᠡᠭ ᠤᠨ ᠴᠠᠬᠢᠯᠭᠠᠨ ᠢ ᠲᠡᠰ ᠳᠡᠪᠰᠢᠭᠦᠯᠵᠤ ︵ᠰᠢᠨ᠎ᠡ ᠡᠨᠧᠷᠭᠢ︶ ᠲᠣᠣᠷ ᠲᠤ | ᠰᠢᠯᠵᠢᠭᠦᠯᠬᠦ ᠴᠠᠬᠢᠯᠭᠠᠨ ᠤ ᠢᠨᠵᠧᠨᠧᠷᠢᠩ᠂ 2020 ᠣᠨ ᠳᠤ ᠬᠤᠶᠠᠳᠤᠭᠠᠷ ᠪᠦᠯᠦᠭ ᠤᠨ ᠴᠠᠬᠢᠯᠭᠠᠨ ᠲᠦᠭᠡᠭᠡᠬᠦ | ᠲᠣᠣᠷ ᠤᠨ ᠪᠦᠳᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠨᠥᠭᠡᠴᠡᠯᠡᠬᠦ ᠲᠦᠷᠦᠯ ᠵᠦᠢᠯ ᠤᠨ ᠭᠠᠷᠳᠠᠮ ᠢ | ᠭᠦᠢᠴᠡᠳᠬᠡᠵᠦ᠂ ᠳᠣᠣᠷ᠎ᠠ ᠬᠠᠭᠠᠰ ᠵᠢᠯ ᠳᠤ ᠪᠠᠷᠢᠯᠭ᠎ᠠ ᠡᠬᠢᠯᠡᠭᠦᠯᠪᠡ᠃ ᠡᠯᠧᠺᠲᠷᠣᠨ ᠬᠤᠳᠠᠯᠳᠤᠭ᠎ᠠ ᠶᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠤᠯ ᠵᠥᠢᠯ ᠢ ᠡᠮᠬᠢ ᠵᠢᠷᠤᠮ ᠲᠠᠢ ᠲᠦᠯᠬᠢᠨ | ᠠᠬᠢᠭᠤᠯᠪᠠ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠤᠷᠢᠳᠴᠢᠯᠠᠨ | ᠰᠡᠷᠡᠮᠵᠢᠯᠡᠭᠦᠯᠬᠦ ᠲᠤᠭᠳᠠᠯᠴᠠᠭ᠎ᠠ ᠶᠢᠨ ᠪᠠᠶᠢᠭᠤᠯᠤᠯᠲᠠ ᠶᠢᠨ 90% ᠶᠢ ᠪᠡᠶᠡᠯᠡᠭᠦᠯᠵᠦ᠂ ᠦᠶᠡᠷ ᠢ ᠰᠡᠷᠭᠡᠶᠢᠯᠡᠬᠦ | ᠤᠷᠢᠳᠴᠢᠯᠠᠨ ᠰᠡᠷᠡᠮᠵᠢᠯᠡᠭᠦᠯᠬᠦ ᠴᠢᠳᠠᠪᠬᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠠ᠃ | ︵ᠳᠥᠷᠪᠡ︶ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠪᠠ᠃ | ⒈ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠠ᠃ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ | ᠪᠠᠶᠢᠴᠠᠭᠠᠬᠤ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ | ᠬᠦᠴᠤᠨ ᠢᠶᠠᠷ ᠰᠠᠶᠢᠳᠤᠷ ᠬᠢᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢ ᠶᠢᠨ ᠣᠷᠣᠨ ᠤ | ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ᠂ ᠦᠨᠡᠯᠡᠬᠦ ᠪᠠ | ᠰᠢᠯᠭᠠᠨ ᠬᠢᠨᠠᠬᠤ ᠠᠵᠢᠯ ᠢ ᠥᠷᠨᠢᠭᠦᠯᠪᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵VOCs︶ ᠲᠤ | ᠬᠤᠯᠪᠣᠭᠳᠠᠭᠰᠠᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠥᠷᠨᠢᠭᠦᠯᠵᠦ᠂ ᠵᠢᠶᠦ᠋ᠨ ᠯᠢᠶᠠᠨ | ᠢᠯᠴᠢ ᠬᠠᠩᠭᠠᠬᠤ ᠪᠢᠲᠡᠭᠦᠮᠵᠢᠯᠡᠭᠰᠡᠨ ᠮᠠᠶ᠋ᠢᠭ ᠤᠨ ᠨᠡᠭᠦᠷᠡᠰᠦ ᠬᠠᠳᠠᠭᠠᠯᠠᠬᠤ ᠫᠧᠩ ᠤᠨ ᠲᠥᠷᠥᠯ ᠵᠥᠢᠯ ᠤᠨ | ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠠ᠃ ᠲᠤᠯᠠᠭᠠᠯᠯᠠᠭ᠎ᠠ ᠬᠠᠩᠭᠠᠬᠤ ᠠᠵᠤ ᠠᠬᠤᠶᠢᠯᠠᠯ ᠢ ᠱᠠᠯᠠᠪᠳᠠᠭᠤᠯᠵᠤ | ᠬᠠᠮᠢᠶ᠎ᠠ ᠪᠥᠬᠦᠶ ᠪᠣᠬᠢᠷᠲᠤᠯ ᠢ ᠰᠡᠷᠭᠡᠶᠢᠯᠡᠨ ᠵᠠᠰᠠᠬᠤ ᠲᠦᠬᠦᠬᠡᠷᠤᠮᠵᠢ ᠵᠢᠴᠢ ᠰᠦᠯᠵᠢᠶᠡᠨ ᠳᠡᠭᠡᠷᠡᠬᠢ ᠬᠢᠨᠠᠨ ᠬᠡᠮᠵᠢᠬᠦ | ᠲᠥᠬᠦᠭᠡᠷᠦᠮᠵᠢ ᠶᠢ ᠲᠡᠭᠦᠯᠳᠡᠷᠵᠢᠭᠦᠯᠪᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠢᠯ ᠢ ᠰᠠᠶᠢᠲᠤᠷ ᠬᠢᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠲᠤᠬᠢᠷᠠᠭᠤᠯᠤᠯᠳᠠ ᠶᠢ | ᠴᠢᠩᠭᠠᠳᠬᠠᠪᠠ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ | ᠭᠤᠣᠯᠳᠠᠯᠭ᠎ᠠ ᠲᠠᠢ ᠠᠵᠤ ᠠᠬᠤᠶᠢᠯᠠᠯ ᠳᠤ ᠡᠨᠧᠷᠭᠢ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤᠷᠠᠳᠴᠤ᠂ | ᠶᠦᠨ ᠵᠢᠢ ᠯᠢ᠂ ᠶᠢᠨ ᠳ᠋ᠢ᠂ ᠯᠦᠩ ᠰᠢᠩ ᠢ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠯᠲᠡ ᠬᠢᠵᠦ᠂ ᠵᠢᠢ ᠳ᠋ᠦᠡᠭ | ᠱᠦᠢᠨᠢ᠂ ᠵᠢᠶᠦ᠋ᠨ ᠯᠢᠶᠠᠨ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠡᠶᠡᠯᠡᠭᠦᠯᠪᠡ᠃ | ᠡᠨᠧᠷᠭᠢ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃ ᠨᠢᠳᠤᠨᠤᠨ ᠤ ᠠᠳᠠᠯᠢ ᠬᠤᠭᠤᠴᠠᠭᠠᠨ ᠳᠤ | ᠠᠰᠢᠭᠯᠠᠯᠲᠠ ᠳᠤ ᠣᠷᠣᠭᠤᠯᠤᠭᠠᠳᠤᠶ ᠪᠠᠶᠢᠭᠰᠠᠨ ᠪᠣᠯᠬᠤᠷ ᠦᠨᠤ ᠵᠢᠯ ᠬᠡᠪ ᠤᠨ ᠶᠣᠰᠣᠭᠠᠷ ᠦᠢᠯᠡᠳᠪᠦᠷᠢᠯᠡᠵᠦ᠂ | ᠪᠤᠰᠤᠳ ᠦᠢᠯᠡᠴᠢᠯᠡᠭᠡᠨ ᠤ ᠦᠢᠯᠡᠰ ᠤᠨ ᠡᠨᠧᠷᠭᠢ ᠶᠢᠨ ᠬᠤᠷᠣᠭᠳᠠᠭᠤᠯᠤᠯ ᠢ ᠶᠡᠭᠡ ᠪᠠᠷ ᠨᠡᠮᠡᠭᠳᠡᠭᠦᠯᠵᠦ᠂ ᠲᠦᠷᠦᠭᠦᠦ | ᠬᠠᠭᠠᠰ ᠵᠢᠯ ᠳᠤ ᠪᠦᠬᠦ ᠨᠡᠶᠢᠭᠡᠮ ᠤᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢᠨ | ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠣᠯᠵᠤ᠂ ᠭᠤᠷᠪᠠᠳᠤᠭᠠᠷ ᠤᠯᠠᠷᠢᠯ ᠳᠤ ᠪᠠᠭ᠎ᠠ ᠨᠡᠮᠡᠭᠳᠡᠯ ᠢ ᠪᠠᠲᠤᠯᠠᠵᠤ᠂ ᠪᠦᠬᠦ | ᠵᠢᠯ ᠳᠤ ᠨᠡᠯᠢᠶᠡᠳ ᠶᠡᠭᠡ ᠬᠡᠮᠵᠢᠶ᠎ᠡ ᠪᠠᠷ ᠪᠠᠭᠤᠷᠠᠬᠤ ᠪᠣᠯᠤᠨ᠎ᠠ᠃ | ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠤᠭᠤᠷᠢᠭ ᠢ ᠵᠠᠭᠠᠭᠯᠠᠨ ᠲᠣᠭᠲᠠᠭᠠᠬᠤ | ᠠᠵᠢᠯ ᠢ ᠢᠳᠡᠪᠬᠢᠲᠡᠶ ᠥᠷᠨᠢᠭᠦᠯᠵᠦ᠂ ᠣᠳᠣᠬᠠᠨ ᠳᠤ ᠪᠡᠯᠬᠦᠳᠡᠢ ᠪᠠᠯᠭᠠᠰᠤᠨ ᠤ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠲᠤᠭᠤᠷᠢᠭ ᠢ ᠵᠠᠭᠠᠭᠯᠠᠨ ᠲᠣᠭᠲᠠᠭᠠᠵᠤ ᠳᠣᠭᠢᠷᠠᠭᠤᠯᠬᠤ ᠠᠵᠢᠯ ᠤᠨ ᠲᠥᠰᠦᠯ ᠢ | ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠪᠥᠬᠦ ᠬᠤᠰᠢᠭᠤᠨ ᠤ ᠤᠰᠤᠨ ᠤ ᠡᠬᠢ ᠰᠤᠷᠪᠤᠯᠵᠢ ᠳᠤ | ᠬᠤᠯᠪᠣᠭᠳᠠᠬᠤ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ 7 ᠠᠵᠤ ᠠᠬᠤᠶᠢᠯᠠᠯ ᠳᠤ ᠴᠥᠮ | ᠪᠣᠬᠢᠷ ᠤᠰᠤ ᠶᠢ ᠰᠢᠢᠳᠪᠤᠷᠢᠯᠡᠬᠦ ᠲᠥᠬᠦᠭᠡᠷᠦᠮᠵᠢ ᠤᠭᠰᠠᠷᠠᠭᠰᠠᠨ ᠪᠥᠭᠡᠳ ᠰᠢᠯᠭᠠᠨ ᠠᠪᠤᠭᠰᠠᠨ ᠪᠠᠶᠢᠨ᠎ᠠ᠃ ᠬᠥᠳᠡᠭᠡ | ᠲᠣᠰᠬᠤᠨ ᠤ ᠣᠷᠴᠢᠨ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠥᠳᠡᠭᠡ ᠲᠣᠰᠬᠤᠨ ᠤ ᠣᠷᠴᠢᠨ | ᠠᠬᠤᠶ ᠶᠢ ᠶᠡᠷᠦᠩᠬᠡᠶᠢᠯᠡᠨ ᠵᠠᠰᠠᠬᠤ ᠲᠥᠰᠦᠯ ᠢ ᠶᠠᠭ ᠰᠠᠶ᠋ᠢᠬᠠᠨ ᠨᠠᠶᠢᠷᠠᠭᠤᠯᠤᠨ ᠵᠣᠬᠢᠶᠠᠵᠤ ᠪᠤᠢ᠃ ᠶᠢᠨ ᠳ᠋ᠢ | ᠠᠭᠤᠷᠬᠠᠶ ᠶᠢᠨ ᠦᠢᠯᠡᠰ ᠤᠨ ᠪᠤᠬᠢᠷᠳᠤᠯ ᠤᠨ ᠬᠡᠰᠡᠭ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠᠭᠤᠯᠭᠠᠵᠤ᠂ | ᠪᠥᠬᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠤᠨ ᠠᠶᠤᠯ | ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠪᠥᠬᠦ ᠬᠤᠰᠢᠭᠤᠨ ᠤ | ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠲᠤᠰᠬᠠᠢ ᠬᠠᠳᠠᠭᠠᠯᠠᠬᠤ ᠲᠠᠯᠠᠪᠤᠷ ᠲᠤ ᠬᠤᠯᠪᠣᠭᠳᠠᠭᠰᠠᠨ ᠠᠵᠤ | ᠠᠬᠤᠶᠢᠯᠠᠯ 6 ᠪᠠᠶᠢᠵᠤ᠂ ᠴᠥᠮ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠳᠠᠭᠠᠯᠠᠬᠤ ᠪᠤᠶᠤ ᠰᠢᠢᠳᠪᠤᠷᠢᠯᠡᠪᠡ᠃ | ᠠᠶᠤᠯᠲᠠᠶ ᠬᠠᠶᠠᠭᠳᠠᠮᠠᠯ ᠪᠣᠳᠠᠰ ᠭᠠᠷᠭᠠᠬᠤ ᠠᠵᠤ ᠠᠬᠤᠶᠢᠯᠠᠯ 10᠂ ᠴᠥᠮ ᠠᠶᠤᠯᠲᠠᠶ ᠬᠠᠶᠠᠭᠳᠠᠮᠠᠯ ᠪᠣᠳᠠᠰ ᠢ ᠲᠦᠷ | ᠴᠠᠭ ᠬᠠᠳᠠᠭᠠᠯᠠᠬᠤ ᠬᠥᠮᠥᠷᠭᠡ ᠪᠠᠶᠢᠭᠤᠯᠤᠭᠰᠠᠨ ᠪᠥᠭᠡᠳ ᠲᠤᠭᠳᠠᠭᠰᠡᠨ ᠴᠠᠭ ᠬᠤᠭᠤᠴᠠᠭᠠᠨ ᠤ ᠳᠣᠲᠣᠷ᠎ᠠ ᠠᠶᠤᠯᠲᠠᠶ | ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠡᠵᠡᠩᠨᠡᠬᠦ ᠵᠥᠪᠰᠢᠶᠡᠷᠡᠯ ᠲᠠᠢ ᠠᠵᠤ ᠠᠬᠤᠶᠢᠯᠠᠯ ᠳᠤ ᠨᠠᠶᠢᠳᠠᠵᠤ | ᠰᠢᠯᠵᠢᠭᠦᠯᠦᠨ ᠰᠢᠢᠳᠪᠤᠷᠢᠯᠡᠬᠦᠯᠪᠠ᠃ | ⒉ᠠᠮᠢ ᠠᠬᠤᠶ ᠶᠢᠨ ᠬᠠᠮᠠᠭᠠᠯᠠᠯᠲᠠ ᠬᠢᠭᠡᠳ ᠪᠥᠲᠥᠭᠡᠨ ᠪᠠᠶᠢᠭᠤᠯᠤᠯᠲᠠ ᠶᠢ ᠴᠢᠩᠭᠠᠳᠬᠠᠪᠠ᠃ | ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠱᠠᠩᠨᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠪᠠᠭ᠎ᠠ ᠬᠤᠰᠢᠭᠤᠨ ᠤ | ᠭᠤᠷᠪᠠᠳᠤᠭᠠᠷ ᠬᠤᠭᠤᠴᠠᠭᠠᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠱᠠᠩᠨᠠᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠲᠥᠰᠦᠯ ︵2021 — 2025 ᠣᠨ︶︾ ᠤᠨ ᠡᠬᠡ | ᠨᠣᠤᠷᠠᠭ ᠨᠠᠶᠢᠷᠠᠭᠤᠯᠵᠤ ᠲᠠᠭᠤᠰᠬᠠᠪᠠ᠃ 1.9 ᠲᠦᠮᠡᠨ ᠮᠥ ᠶᠢᠨ ᠨᠤᠲᠤᠭ ᠪᠡᠯᠴᠢᠭᠡᠷ ᠢ ᠶᠡᠷᠦᠩᠬᠡᠶᠢᠯᠡᠨ ᠠᠰᠢᠭᠯᠠᠬᠤ | ᠵᠢᠴᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠷᠰᠢᠯᠲᠠ ᠶᠢᠨ ᠴᠡᠭ ᠤᠨ ᠲᠥᠷᠥᠯ ᠵᠥᠢᠯ ᠢ ᠪᠡᠶᠡᠯᠡᠭᠦᠯᠪᠡ᠃ | ᠨᠤᠲᠤᠭ ᠪᠡᠯᠴᠢᠭᠡᠷ ᠤᠨ ᠤᠢ ᠰᠢᠭᠤᠶ ᠶᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ | ᠴᠢᠩᠭᠠᠳᠬᠠᠵᠤ᠂ 104.1 ᠲᠦᠮᠡᠨ ᠮᠥ ᠨᠤᠳᠤᠭ ᠲᠤ ᠬᠤᠯᠤᠭᠠᠨ᠎ᠠ ᠶᠢᠨ ᠬᠦᠨᠤᠬᠡᠯ ᠢ ᠰᠡᠷᠬᠡᠶᠢᠯᠡᠨ ᠵᠠᠰᠠᠵᠤ᠂ 80 | ᠲᠦᠮᠡᠨ ᠮᠥ ᠳᠤ ᠬᠤᠷᠤᠬᠠᠢ ᠶᠢᠨ ᠬᠦᠨᠤᠬᠡᠯ ᠢ ᠰᠡᠷᠭᠡᠶᠢᠯᠡᠨ ᠵᠠᠰᠠᠵᠤ᠂ ᠣᠶ ᠰᠢᠭᠤᠶ ᠶᠢᠨ ᠬᠤᠯᠤᠭᠠᠨ᠎ᠠ ᠶᠢᠨ | ᠬᠥᠨᠥᠭᠡᠯ ᠢ ᠰᠡᠷᠭᠡᠶᠢᠯᠡᠨ ᠵᠠᠰᠠᠬᠤ ᠲᠠᠯᠠᠪᠠᠶ 2.5 ᠲᠦᠮᠡᠨ ᠮᠥ᠂ ᠬᠤᠷᠣᠬᠠᠶ ᠶᠢᠨ ᠬᠥᠨᠥᠭᠡᠯ ᠢ 0.5 ᠲᠦᠮᠡᠨ ᠮᠥ | ᠰᠡᠷᠭᠡᠶᠢᠯᠡᠨ ᠵᠠᠰᠠᠪᠠ᠃ 2.5 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠵᠤ᠂ 9.1 ᠲᠦᠮᠡᠨ ᠮᠤ᠋ ᠡᠯᠡᠰᠦᠨ ᠤ | ᠡᠬᠢ ᠶᠢ ᠵᠠᠰᠠᠵᠤ᠂ 9.5 ᠲᠦᠮᠡᠨ ᠮᠤ᠋ ᠡᠯᠡᠰᠦᠷᠬᠡᠭ ᠭᠠᠵᠠᠷ ᠢ ᠵᠠᠰᠠᠬᠤ ᠶᠢ ᠨᠠᠶᠢᠳᠠᠪᠤᠷᠢᠵᠢᠭᠤᠯᠵᠤ᠂ ᠰᠢᠷᠭᠤᠯᠵᠢ ᠶᠢᠨ | ᠣᠶᠢᠵᠢᠭᠤᠯᠤᠯᠲᠠ ᠶᠢᠨ ᠲᠦᠷᠤᠯ ᠵᠥᠢᠯ ᠲᠤ ᠨᠢᠮᠪᠡᠭᠡ 100 ᠲᠦᠮᠡᠨ ᠰᠠᠭᠤᠷᠢ ᠲᠠᠷᠢᠬᠤ᠂ ᠤᠯᠠᠭᠠᠨ ᠪᠤᠷᠭᠠᠰᠤ | 100 ᠲᠦᠮᠡᠨ ᠰᠠᠭᠤᠷᠢ ᠲᠠᠷᠢᠬᠤ᠂ 30 ᠲᠦᠮᠡᠨ ᠮᠤ᠋ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ | ᠲᠦᠷᠤᠯ ᠵᠥᠢᠯ ᠲᠤ ᠡᠳ᠋ ᠤᠨ ᠵᠠᠰᠠᠭ ᠤᠨ ᠬᠢᠨᠠᠨ ᠦᠨᠡᠯᠡᠯᠳᠡ ᠶᠢ ᠪᠡᠶᠡᠯᠡᠭᠦᠯᠵᠦ᠂ ᠳᠠᠭᠠᠭᠠᠴᠢᠯᠠᠯᠲᠠ ᠵᠠᠷᠯᠠᠬᠤ ᠪᠠᠷ | ᠪᠡᠯᠡᠳᠬᠡᠪᠡ᠃ ᠨᠤᠲᠤᠭ ᠪᠡᠯᠴᠢᠭᠡᠷ ᠤᠨ ᠠᠮᠢ ᠠᠬᠤᠶ ᠰᠠᠶᠢᠵᠢᠷᠠᠵᠤ᠂ ᠪᠥᠬᠦ ᠬᠤᠰᠢᠭᠤᠨ ᠤ ᠡᠪᠡᠰᠦ ᠪᠡᠯᠴᠢᠭᠡᠷ ᠤᠨ | ᠳᠤᠮᠳᠠᠴᠢ ᠤᠷᠭᠤᠴᠠ ᠤᠨ ᠬᠡᠮᠵᠢᠶ᠎ᠡ ᠨᠢ 7cm ᠲᠤ ᠬᠦᠷᠴᠤ᠂ ᠳᠤᠮᠳᠠᠴᠢ ᠪᠦᠷᠬᠦᠴᠡ ᠨᠢ 31.4% ᠲᠤ | ᠬᠦᠷᠴᠤ᠂ ᠰᠢᠨ᠎ᠡ ᠰᠣᠷᠭᠤᠭ ᠡᠪᠡᠰᠦᠨ ᠤ ᠮᠥ ᠪᠦᠷᠢ ᠶᠢᠨ ᠳᠤᠮᠳᠠᠴᠢ ᠭᠠᠷᠤᠯᠳᠠ ᠨᠢ 27.52 kg ᠲᠤ ᠬᠦᠷᠴᠤ᠂ | ᠬᠠᠭᠤᠷᠠᠶ ᠬᠦᠨᠳᠦ ᠶᠢᠨ ᠳᠤᠮᠳᠠᠴᠢ ᠭᠠᠷᠤᠯᠳᠠ ᠨᠢ 9.65 kg ᠲᠤ ᠬᠦᠷᠪᠡ᠃ ︽ᠠᠪᠠᠭ᠎ᠠ ᠬᠤᠰᠢᠭᠤᠨ ᠤ ᠪᠥᠬᠦ | ᠤᠷᠤᠰᠬᠠᠯ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠰᠦᠯ︾ ᠢ ᠡᠬᠢᠯᠡᠭᠦᠯᠵᠤ᠂ | ᠭᠤᠣᠯ ᠪᠣᠯᠬᠤ ᠭᠤᠣᠯ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠵᠤ | ᠂ 36 ᠭᠤᠣᠯ 10 ᠨᠠᠭᠤᠷ ᠴᠥᠭᠦᠷᠥᠮ ᠳᠤ ᠬᠤᠯᠪᠣᠭᠳᠠᠪᠠ᠃ ᠭᠤᠣᠯ ᠨᠠᠭᠤᠷ ᠴᠥᠭᠦᠷᠥᠮ ᠢ ᠬᠠᠮᠢᠶᠠᠷᠴᠤ | ᠬᠠᠮᠠᠭᠠᠯᠠᠬᠤ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠵᠤ᠂ ᠤᠰᠤᠨ ᠤ ᠡᠬᠢ ᠪᠠᠶᠠᠯᠢᠭ ᠤᠨ | ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠥᠷᠢᠮ ᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ | ᠤᠨ ᠪᠠᠶᠢᠭᠤᠯᠤᠯᠲᠠ ᠶᠢᠨ ᠣᠷᠣᠨ ᠲᠤᠭ᠎ᠠ ᠶᠢ ᠲᠥᠯᠬᠢᠨ ᠠᠬᠢᠭᠤᠯᠪᠠ᠃ ᠭᠠᠵᠠᠷ ᠰᠢᠷᠣᠶ ᠶᠢᠨ ᠵᠠᠰᠠᠯᠲᠠ ᠶᠢ | ᠴᠢᠩᠭᠠᠳᠬᠠᠪᠠ᠃ ᠠᠭᠤᠷᠬᠠᠶ ᠶᠢᠨ ᠣᠷᠴᠢᠨ ᠠᠬᠤᠶ ᠶᠢᠨ ᠵᠠᠰᠠᠯᠲᠠ ᠶᠢ 2.26 ᠲᠡᠭᠰᠢ ᠳᠥᠷᠪᠡᠯᠵᠢᠨ ᠺᠢᠯᠣᠮᠧᠲᠷ | ᠪᠡᠶᠡᠯᠡᠭᠦᠯᠪᠡ᠃ 2 ᠬᠠᠶᠠᠭᠳᠠᠮᠠᠯ ᠠᠭᠤᠷᠬᠠᠢ ᠶᠢᠨ ᠲᠤᠭᠤᠷᠢᠭ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ | ᠵᠠᠰᠠᠬᠤ ᠲᠥᠷᠥᠯ ᠵᠥᠢᠯ ᠢ ᠨᠢᠭᠡᠨᠲᠡ ᠠᠵᠢᠯ ᠡᠬᠢᠯᠡᠭᠦᠯᠵᠦ᠂ 1 ᠲᠥᠷᠥᠯ ᠵᠥᠢᠯ ᠢ ᠨᠢᠭᠡᠨᠲᠡ ᠬᠢᠨᠠᠨ ᠵᠥᠪᠰᠢᠶᠡᠷᠡᠪᠡ᠃ | ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠶᠢ ᠲᠤᠰᠬᠠᠶ ᠴᠡᠭᠴᠡᠯᠡᠨ ᠵᠠᠰᠠᠭᠰᠠᠨ 63 ᠵᠢᠷᠤᠭ ᠲᠦᠰᠤᠪ ᠤᠨ 59 ᠶᠢ | ᠴᠡᠭᠴᠡᠯᠡᠨ ᠵᠠᠰᠠᠪᠠ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠠ᠃ | ⒈ᠭᠤᠣᠯᠳᠠᠯᠭ᠎ᠠ ᠲᠠᠢ ᠬᠦᠷᠢᠶ᠎ᠠ ᠴᠡᠷ᠎ᠠ ᠳᠠᠬᠢ ᠥᠭᠡᠷᠡᠴᠢᠯᠡᠯᠲᠡ ᠶᠢ ᠪᠦᠬᠦ ᠬᠦᠴᠤᠨ ᠢᠶᠠᠷ ᠠᠬᠢᠭᠤᠯᠪᠠ᠃ | ᠵᠠᠰᠠᠭ ᠤᠨ ᠶᠠᠪᠤᠳᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠴᠢᠩᠭᠠᠳᠬᠠᠪᠠ᠃ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠪᠠ᠃ ᠪᠥᠬᠦ ᠬᠤᠰᠢᠭᠤᠨ ᠤ ᠰᠠᠯᠠᠭ᠎ᠠ ᠮᠥᠴᠢᠷ ᠤᠨ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠨ᠂ ᠪᠦᠷᠢᠳᠬᠡᠨ ᠲᠠᠩᠰᠠᠯᠠᠵᠤ᠂ ᠬᠢᠨᠠᠨ ᠵᠥᠪᠰᠢᠶᠡᠷᠡᠬᠦ ᠵᠥᠢᠯᠡᠠᠰ ᠢ | ᠰᠢᠯᠢᠳᠡᠭᠵᠢᠭᠦᠯᠦᠨ᠂ ᠮᠠᠲ᠋ᠧᠷᠢᠶᠠᠯ ᠢ ᠬᠠᠰᠤᠵᠤ᠂ ᠬᠦᠢᠴᠡᠳᠬᠡᠬᠦ ᠴᠠᠭ ᠤᠨ ᠬᠢᠵᠠᠭᠠᠷ ᠢ ᠪᠤᠭᠤᠨᠢᠰᠬᠠᠪᠠ︔ | ᠣᠳᠣᠬᠠᠨ ᠳᠤ ᠲᠠᠪᠴᠠᠩ ᠤᠨ ᠬᠦᠢᠴᠡᠳᠬᠡᠬᠦ ᠲᠦᠷᠤᠯ ᠵᠥᠢᠯ 1571 ᠪᠠᠶᠢᠵᠤ᠂ ᠰᠦᠯᠵᠢᠶ᠎ᠡ ᠪᠠᠷ ᠬᠦᠢᠴᠡᠳᠬᠡᠬᠦ | ᠨᠣᠷᠮ᠎ᠠ 94% ᠬᠦᠷᠴᠦ᠂ ᠮᠠᠲ᠋ᠧᠷᠢᠶᠠᠯ ᠢ ᠬᠠᠰᠤᠭᠰᠠᠨ ᠵᠥᠢᠯᠡᠰ 210 ᠬᠦᠷᠪᠠ᠃10 ᠰᠠᠯᠠᠭ᠎ᠠ ᠮᠥᠴᠢᠷ ᠤᠨ | 67 ᠵᠥᠢᠯ ᠤᠨ ᠥᠨᠳᠥᠷ ᠳᠠᠪᠲᠠᠮᠵᠢ ᠶᠢᠨ ᠵᠥᠢᠯᠡᠰ ᠢ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠤᠷᠢᠯᠡᠬᠦ ᠶᠢ | ᠨᠠᠶᠢᠳᠠᠵᠤ᠂ ᠴᠤᠩᠬᠤᠪᠴᠢ ᠲᠠᠪᠴᠠᠩ ᠤᠨ ᠰᠢᠢᠳᠪᠤᠷᠢᠯᠡᠭᠰᠡᠨ ᠲᠤᠭ᠎ᠠ 2668 ᠬᠤᠪᠢ ᠪᠠᠶᠢᠵᠤ᠂ ᠰᠤᠮᠤ | ᠪᠠᠯᠭᠠᠰᠤᠨ ᠤ ᠰᠢᠢᠳᠪᠤᠷᠢᠯᠡᠭᠰᠡᠨ ᠲᠤᠭ᠎ᠠ 1222 ᠬᠤᠪᠢ ᠳᠤ ᠬᠥᠷᠪᠡ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠠᠪᠴᠠᠩ ᠨᠢ ᠢᠨᠲ᠋ᠤᠷ ᠰᠦᠯᠵᠢᠶ᠎ᠡ + ᠬᠢᠨᠠᠨ ᠬᠠᠮᠢᠶᠠᠷᠬᠤ ᠠᠵᠢᠯ ᠢ ᠢᠳᠡᠪᠬᠢᠲᠡᠶ ᠠᠬᠢᠭᠤᠯᠵᠤ᠂ | ᠬᠢᠨᠠᠨ ᠬᠠᠮᠢᠶᠠᠷᠬᠤ ᠵᠥᠢᠯᠡᠰ ᠢ ᠡᠮᠬᠢᠯᠡᠨ ᠳᠢᠭᠯᠡᠬᠦ ᠶᠢ ᠪᠡᠶᠡᠯᠡᠭᠦᠯᠬᠦ ᠶᠢᠨ ᠬᠠᠮᠲᠤ ᠬᠠᠤᠯᠢ ᠬᠡᠷᠡᠭᠵᠢᠭᠦᠯᠬᠦ ᠮᠡᠳᠡᠭᠡ | ᠵᠠᠩᠭᠢ ᠶᠢ ᠴᠤᠭᠯᠠᠭᠤᠯᠪᠠ᠃ ︽ᠬᠤᠶᠠᠷ ᠲᠤᠭᠳᠠᠮᠠᠯ ᠪᠤᠰᠤ ᠨᠢᠭᠡ ᠶᠢ ᠢᠯᠡ ᠨᠠᠶᠢᠳᠠᠯᠠᠬᠦ︾ ᠬᠠᠤᠯᠢ | ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ | ᠨᠡᠩ ᠵᠢᠷᠤᠮᠵᠢᠭᠤᠨ ᠪᠥᠭᠡᠳ ᠪᠦᠲᠦᠮᠵᠢᠲᠡᠶ ᠪᠣᠯᠭᠠᠪᠠ᠃ ︽ᠮᠸᠡᠭ ᠰᠤ᠋ ᠪᠠᠨ︾ ᠤ ᠬᠡᠷᠡᠭᠯᠡᠯᠲᠡ ᠶᠢ ᠠᠬᠢᠭᠤᠯᠵᠤ᠂ | ᠨᠢᠭᠡ ᠤᠳᠠᠭ᠎ᠠ ᠳᠤ 1503 ᠵᠥᠢᠯ ᠢ ᠬᠦᠢᠴᠡᠳᠬᠡᠵᠤ᠂ ᠲᠠᠨ ᠢ ᠬᠠᠪᠰᠤᠷᠤᠨ ᠬᠦᠢᠴᠡᠳᠬᠡᠬᠦ 14 ᠵᠥᠢᠯ ᠢ | ᠪᠠᠶᠠᠯᠠᠬᠦᠯᠵᠤ᠂ 12000 ᠳᠠᠩᠰᠠᠯᠠᠭᠤᠯᠤᠭᠰᠠᠨ ᠬᠡᠷᠡᠭᠯᠡᠭᠴᠢ ᠶᠢ ᠪᠠᠭᠤᠯᠭᠠᠨ ᠠᠪᠴᠤ᠂ ᠬᠡᠷᠡᠭᠯᠡᠭᠴᠢ ᠶᠢᠨ | ᠪᠦᠷᠬᠦᠴᠡ ᠶᠢᠨ ᠨᠣᠷᠮ᠎ᠠ 30% ᠳᠤ ᠬᠦᠷᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ | ᠵᠦᠢᠯᠡᠰ ᠢ ᠰᠢᠰᠲ᠋ᠧᠮ ᠤᠨ ᠬᠢᠨ ᠨᠡᠶᠢᠳᠡ 94 ᠬᠤᠪᠢ ᠬᠦᠯᠢᠶᠡᠨ ᠠᠪᠴᠤ ᠰᠢᠢᠳᠪᠤᠷᠢᠯᠡᠪᠠ᠃ ᠠᠵᠤ ᠠᠬᠤᠶᠢᠯᠠᠯ ᠤᠨ | ᠨᠡᠭᠡᠭᠡᠨ ᠡᠷᠭᠢᠯᠡᠬᠦ ᠪᠦᠬᠦᠯᠢ ᠴᠠᠭ ᠢ 2 ᠠᠵᠢᠯᠯᠠᠬᠤ ᠡᠳᠦᠷ ᠪᠣᠯᠭᠠᠨ ᠪᠤᠭᠤᠨᠢᠰᠵᠤ᠂ ᠥᠯᠥ ᠬᠥᠳᠡᠯᠬᠦ ᠬᠥᠷᠥᠩᠭᠡ ᠶᠢᠨ | ᠬᠤᠪᠢ ᠬᠥᠮᠦᠨ ᠤ ᠡᠩ ᠤᠨ ᠳᠡᠩᠰᠡᠯᠡᠯᠲᠡ ᠶᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠠᠶᠠᠯᠠᠬᠦᠯᠵᠤ᠂ | ᠪᠠᠷᠢᠴᠠᠭᠠᠨ ᠤ ᠳᠡᠩᠰᠡᠯᠡᠯᠲᠡ ᠶᠢ 1 ᠠᠵᠢᠯᠯᠠᠬᠤ ᠡᠳᠦᠷ ᠤᠨ ᠳᠣᠲᠣᠷ᠎ᠠ ᠪᠠᠶᠠᠯᠠᠬᠦᠯᠵᠤ᠂ ᠴᠠᠭ ᠤᠨ ᠬᠢᠵᠠᠭᠠᠷ | ᠶᠣᠰᠣᠭᠠᠷ ᠬᠦᠢᠴᠡᠳᠬᠡᠬᠦ ᠶᠢᠨ ᠡᠵᠡᠯᠡᠬᠦ ᠬᠠᠷᠢᠴᠠᠯ ᠢ 100% ᠳᠤ ᠬᠦᠷᠪᠠ᠃ | ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠡᠵᠡᠬᠡᠶᠢᠷᠡᠬᠦᠯᠪᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠠ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠥᠭᠵᠢᠭᠦᠯᠵᠦ᠂ | ᠰᠦᠢᠳᠬᠡᠯ ᠢ ᠪᠠᠭᠤᠷᠠᠭᠤᠯᠤᠨ ᠭᠠᠶᠢᠯᠢ ᠬᠥᠩᠭᠡᠯᠡᠬᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ | ᠦᠷᠳᠡᠭ ᠢ ᠪᠠᠭᠤᠷᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠂ ︽ᠬᠤᠶᠠᠷ ᠢ ᠢᠯᠡ ᠨᠡᠶᠢᠲᠡᠯᠡᠬᠦ︾ | ᠮᠡᠳᠡᠭᠡ ᠵᠠᠩᠭᠢ ᠴᠤᠭᠯᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠢᠲᠡᠭᠡᠮᠵᠢ ᠶᠢᠨ ᠲᠤᠭᠳᠠᠯᠴᠠᠭ᠎ᠠ ᠶᠢᠨ | ᠪᠠᠶᠢᠭᠤᠯᠤᠯᠲᠠ ᠶᠢᠨ ᠰᠠᠷ᠎ᠠ ᠶᠢᠨ ᠳᠣᠭᠢᠷᠠᠭᠤᠯᠬᠤ ᠰᠢᠰᠲ᠋ᠧᠮ ᠢ ᠡᠬᠢᠯᠡᠨ ᠬᠡᠷᠡᠭᠯᠡᠪᠠ᠃ ︽ᠢᠲᠡᠭᠡᠮᠵᠢᠲᠡᠶ᠂ | ᠵᠢᠭᠡᠯᠡᠯᠭᠡ ᠳᠤ ᠬᠢᠯᠪᠡᠷ ᠪᠠᠶᠢᠯᠭᠠᠬᠤ︾ ᠠᠵᠢᠯ ᠢ ᠢᠳᠡᠪᠬᠢᠲᠡᠶ ᠥᠷᠨᠢᠭᠦᠯᠪᠠ᠃ ᠨᠡᠶᠢᠲᠡᠯᠢᠭ ᠵᠢᠱᠢᠶ᠎ᠡ ᠶᠢ ᠤᠬᠠᠭᠤᠯᠬᠤ | ᠠᠵᠢᠯ ᠢ ᠢᠳᠡᠪᠬᠢᠲᠡᠶ ᠠᠬᠢᠭᠤᠯᠵᠤ᠂ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ | ᠠᠵᠢᠯ ᠢ ᠠᠬᠢᠭᠤᠯᠵᠤ᠂ ᠠᠪᠠᠭ᠎ᠠ ᠬᠤᠰᠢᠭᠤᠨ ᠤ ᠮᠠᠯᠴᠢᠳ ᠤᠨ ᠲᠤᠷᠡᠰᠤᠮᠵᠢ ᠰᠦᠨ ᠤ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢ 2021 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ | ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ ᠨᠡᠷᠡᠰ ᠤᠨ ᠵᠢᠭᠰᠠᠭᠠᠯᠳᠠ ᠳᠤ ᠣᠷᠣᠭᠤᠯᠪᠠ᠃ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠳᠤ ᠶᠢᠨ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠦᠷᠦᠩᠭᠡ ᠶᠢ | ᠨᠢᠬᠡᠳᠬᠡᠵᠤ ᠬᠤᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠪᠠᠶᠢᠭᠤᠯᠪᠠ᠃ | ⒉ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠪᠠ᠃ | ᠳᠡᠭᠡᠷ᠎ᠡ ᠬᠠᠭᠠᠰ ᠵᠢᠯ ᠳᠤ 8 ᠲᠦᠷᠤᠯ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠥᠢᠯ | ᠬᠡᠷᠡᠭᠵᠢᠭᠦᠯᠵᠦ᠂ 2.54 ᠳ᠋ᠦᠩᠰᠢᠭᠤᠷ ᠲᠥᠭᠦᠷᠢᠭ ᠤᠨ ᠠᠶᠢᠮᠠᠭ ᠤᠨ ᠭᠠᠳᠠᠨᠠᠬᠢ ᠪᠠᠯᠠ ᠮᠥᠩᠭᠦ ᠶᠢ ᠣᠷᠣᠭᠤᠯᠤᠨ | ᠠᠪᠴᠢᠷᠠᠵᠤ᠂ ᠡᠭᠦᠨ ᠳᠤ ᠣᠷᠣᠨ ᠤ ᠭᠠᠳᠠᠨᠠᠬᠢ ᠪᠠᠯᠠ ᠮᠥᠩᠭᠦ ᠶᠢ 2.06 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠪᠠ᠃ ᠰᠢᠯᠢ ᠶᠢᠨ ᠭᠤᠤᠯ ᠠᠶᠢᠮᠠᠭ ᠤᠨ 2021 ᠣᠨ ᠤ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠠᠯᠤᠰ ᠬᠡᠲᠦ ᠶᠢᠨ᠂ ᠲᠠᠶᠢᠴᠢᠯᠡᠨ ᠳᠠᠭᠠᠭᠤᠯᠬᠤ | ᠴᠢᠨᠠᠷᠲᠠᠶ ᠠᠷᠠᠯᠵᠢᠶᠠᠴᠢᠨ ᠤᠷᠢᠬᠤ ᠲᠥᠷᠥᠯ ᠵᠥᠢᠯ ᠢ ᠰᠦᠪᠡᠭᠴᠢᠯᠡᠨ ᠲᠥᠯᠥᠪᠯᠡᠵᠦ᠂ ᠠᠶᠢᠮᠠᠭ ᠤᠨ ᠱᠠᠲᠤᠨ ᠳᠤ | ᠡᠮᠦᠨᠡᠬᠢ ᠬᠤᠭᠤᠴᠠᠭᠠᠨ ᠤ ᠯᠠᠪᠳᠠᠭᠤᠨ ᠪᠠᠲᠤᠲᠠᠶ᠂ ᠨᠥᠬᠦᠴᠡᠯ ᠪᠦᠷᠢᠨ ᠠᠷᠠᠯᠵᠢᠶᠠᠴᠢᠨ ᠤᠷᠢᠬᠤ ᠲᠥᠷᠥᠯ ᠵᠥᠢᠯ ᠢ | 15 ᠠᠴᠠ ᠳᠡᠭᠡᠭᠰᠢ ᠬᠦᠷᠬᠡᠵᠤ᠂ ᠣᠳᠣᠬᠠᠨ ᠳᠤ ᠬᠥᠮᠥᠷᠭᠡ ᠳᠤ ᠬᠠᠳᠠᠭᠠᠯᠠᠵᠤ ᠪᠠᠶᠢᠭ᠎ᠠ ᠠᠷᠠᠯᠵᠢᠶᠠᠴᠢᠨ ᠤᠷᠢᠵᠤ | ᠪᠠᠯᠠ ᠣᠷᠣᠭᠤᠯᠬᠤ ᠲᠥᠷᠥᠯ ᠵᠥᠢᠯ 51 ᠪᠠᠶᠢᠵᠤ᠂20 ᠲᠦᠷᠤᠯ ᠵᠥᠢᠯ ᠢ ᠠᠷᠠᠯᠵᠢᠶᠠᠴᠢᠨ ᠤᠷᠢᠬᠤ ᠲᠥᠷᠥᠯ | ᠵᠥᠢᠯ ᠢᠶᠠᠷ 2021 ᠣᠨ ᠤ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠥᠢᠯ ᠪᠤᠯᠭᠠᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠬᠦᠴᠤᠯᠡᠨ ᠰᠠᠶᠢᠵᠢᠷᠠᠭᠤᠯᠵᠤ᠂ ᠣᠯᠠᠨ ᠨᠡᠶᠢᠲᠡ ᠶᠢᠨ | ᠦᠢᠯᠡᠴᠢᠯᠡᠬᠡᠨ ᠤ ᠬᠢᠷᠢ ᠲᠦᠪᠰᠢᠨ ᠢ ᠳᠡᠭᠡᠭᠰᠢᠯᠡᠭᠦᠯᠪᠠ᠃ | ⒈ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠲᠤᠭᠳᠠᠭᠤᠨ ᠢᠶᠠᠷ ᠠᠬᠢᠭᠤᠯᠪᠠ᠃ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠠᠪᠠᠭ᠎ᠠ | ᠬᠤᠰᠢᠭᠤᠨ ᠤ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠪᠠᠶᠢᠭᠤᠯᠪᠠ᠃ ᠭᠠᠴᠠᠭᠠᠨ ᠤ | ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠶᠠᠳᠠᠭᠤ ᠬᠦᠴᠢᠷᠳᠡᠯᠲᠡᠶ ᠭᠠᠴᠠᠭ᠎ᠠ ᠶᠢᠨ | ᠦᠢᠯᠡᠴᠢᠯᠡᠬᠡᠨ ᠤ ᠴᠢᠳᠠᠪᠬᠢ ᠶᠢ ᠳᠡᠭᠡᠭᠰᠢᠯᠡᠭᠦᠯᠦᠨ᠂ ᠶᠠᠳᠠᠭᠤ ᠬᠦᠴᠢᠷᠳᠡᠯᠲᠡᠶ ᠭᠠᠴᠠᠭ᠎ᠠ᠂ ᠲᠠᠩᠰᠠ ᠪᠠᠶᠢᠭᠤᠯᠵᠤ | ᠺᠠᠷᠲ ᠤᠯᠭᠤᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠪᠠᠶ᠎ᠠ ᠪᠠᠨ ᠲᠠᠭᠠᠭᠠᠬᠤ ᠴᠢᠳᠠᠪᠤᠷᠢ ᠶᠢ | ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠵᠤᠬᠢᠴᠠᠭᠤᠯᠤᠨ ᠵᠣᠯᠭᠠᠭᠤᠯᠬᠤ ᠪᠠ ᠠᠵᠤ ᠦᠶ᠋ᠯᠡᠰ ᠤᠨ | ᠬᠥᠭᠵᠢᠯᠲᠡ ᠶᠢ ᠴᠢᠩᠭᠠᠷᠠᠭᠤᠯᠪᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ | ᠢ ᠦᠷᠭᠦᠯᠵᠢᠯᠡᠨ ᠲᠥᠯᠬᠢᠨ ᠠᠬᠢᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠪᠠᠨ ᠰᠠᠶᠢᠳᠤᠷ ᠪᠠᠷ ᠳ᠋ᠦᠩᠨᠡᠪᠠ᠃ | | ⒉ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠬᠥᠭᠵᠢᠪᠡ | ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠪᠠ᠃ ᠲᠤᠨᠤᠭ ᠲᠦᠬᠦᠬᠡᠷᠤᠮᠵᠢ ᠶᠢᠨ ᠨᠥᠬᠦᠴᠡᠯ ᠢ ᠰᠠᠶᠢᠵᠢᠷᠠᠭᠤᠯᠤᠨ᠂ | ᠮᠣᠩᠭᠤᠯ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠢ ᠳᠠᠭᠤᠰᠬᠠᠵᠤ᠂ ᠮᠣᠩᠭᠤᠯ ᠳᠤᠮᠳᠠᠳᠤ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠠᠰᠠᠷ᠂ ᠰᠤᠮᠤ ᠪᠠᠯᠭᠠᠰᠤ ᠶᠢᠨ ᠬᠡᠤᠬᠡᠳ ᠤᠨ | ᠴᠡᠴᠡᠷᠯᠢᠭ ᠤᠨ ᠲᠥᠷᠥᠯ ᠵᠥᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠪᠠ᠃ | ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢᠨ ᠲᠥᠷᠥᠯ ᠵᠥᠢᠯ ᠤᠨ ᠵᠢᠷᠤᠭ ᠲᠦᠰᠤᠪ ᠤᠨ ᠭᠤᠤᠯ ᠴᠣᠭᠴᠠᠲᠤ | ᠢᠨᠵᠧᠨᠧᠷᠢᠩ᠂ ᠶᠠᠩ ᠳ᠋ᠦ᠋ ᠰᠦᠮ᠎ᠡ ᠶᠢ ᠰᠡᠯᠪᠢᠨ ᠵᠠᠰᠠᠬᠤ ᠢᠨᠵᠧᠨᠧᠷᠢᠩ᠂ ᠦᠨᠳᠦᠰᠦᠲᠡᠨ ᠤ ᠪᠡᠶ᠎ᠡ ᠶᠢᠨ ᠲᠠᠮᠢᠷ ᠤᠨ | ᠣᠷᠳᠣᠨ᠂ ᠠᠳᠤᠭᠤᠨ ᠰᠣᠶᠣᠯ ᠤᠨ ᠠᠵᠤ ᠦᠶ᠋ᠯᠡᠰ ᠤᠨ ᠬᠦᠷᠢᠶᠡᠯᠡᠩ ᠤᠨ ᠲᠥᠷᠥᠯ ᠵᠥᠢᠯ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠪᠠ᠃ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ | ᠪᠡᠯᠭᠡᠯᠡᠬᠦ ᠰᠢᠷᠢᠰ ᠠᠵᠢᠯᠯᠠᠭ᠎ᠠ ᠶᠢ ᠢᠳᠡᠪᠬᠢᠲᠡᠶ ᠡᠷᠬᠢᠯᠡᠪᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠵᠢᠴᠢ | ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠰᠢᠨ᠎ᠡ | ᠲᠢᠳᠢᠮᠯᠢᠭ ᠸᠠᠺᠼᠢᠨ ᠤ ᠲᠠᠷᠢᠯᠭ᠎ᠠ ᠶᠢ ᠢᠳᠡᠪᠬᠢᠲᠡᠶ ᠠᠬᠢᠭᠤᠯᠵᠤ᠂ ᠰᠡᠷᠭᠡᠶᠢᠯᠡᠨ ᠡᠵᠡᠮᠳᠡᠬᠦ ᠡᠭᠦᠷᠭᠡ ᠪᠠᠨ ᠮᠠᠰᠢ ᠰᠠᠶᠢᠨ | ᠪᠡᠶᠡᠯᠡᠭᠦᠯᠪᠡ᠃ ᠡᠷᠡᠭᠦᠯ ᠮᠡᠨᠳᠦ ᠶᠢ ᠠᠬᠢᠭᠤᠯᠬᠤ ᠬᠥᠮᠦᠵᠢᠯ ᠢ ᠴᠢᠩᠭᠠᠳᠬᠠᠵᠤ᠂ ᠡᠷᠡᠭᠦᠯ ᠮᠡᠨᠳᠦ ᠶᠢᠨ ᠡᠯᠧᠺᠲᠷᠣᠨ | ᠲᠠᠩᠰᠠ ᠡᠪᠬᠡᠮᠡᠯ ᠢ ᠵᠢᠷᠤᠮᠵᠢᠭᠤᠯᠤᠨ ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠬᠡᠷᠡᠭᠵᠢᠭᠦᠯᠪᠠ᠃ ᠬᠤᠰᠢᠭᠤ ᠡᠮᠨᠡᠯᠭᠡ ᠶᠢᠨ ᠬᠤᠷᠢᠶᠠᠨ ᠤ ᠰᠢᠯᠭᠠᠨ ᠪᠠᠶᠢᠴᠠᠭᠠᠬᠤ ᠲᠥᠪ ᠪᠠ ᠴᠢᠰᠤ ᠨᠡᠪᠴᠢᠬᠦ | ᠲᠠᠰᠤᠭ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ | ⒊ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ | ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠲᠠᠰᠤᠷᠠᠯᠲᠠ ᠦᠭᠡᠢ ᠲᠡᠭᠦᠯᠳᠡᠷᠵᠢᠪᠡ᠃ ᠠᠵᠢᠯ | ᠣᠯᠭᠤᠯᠲᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠳᠡᠭᠡᠷ᠎ᠡ ᠬᠠᠭᠠᠰ ᠵᠢᠯ ᠳᠤ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠦᠷᠭᠦᠯᠵᠢᠯᠡᠨ 3.8% ᠶᠢᠨ ᠳᠣᠲᠣᠷ᠎ᠠ ᠬᠢᠵᠠᠭᠠᠷᠯᠠᠪᠠ᠃ | ᠪᠥᠬᠦ ᠬᠤᠰᠢᠭᠤᠨ ᠤ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 18700᠂ ᠪᠥᠬᠦ | ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠥᠷᠳᠡᠭᠰᠡᠳ ᠤᠨ ᠲᠤᠭ᠎ᠠ 10131 ᠳᠤ ᠬᠦᠷᠴᠦ᠂ | ᠪᠦᠬᠦᠨ ᠢ ᠰᠦᠯᠵᠢᠶᠡᠨ ᠳᠡᠭᠡᠷ᠎ᠡ ᠲᠠᠷᠬᠠᠭᠠᠬᠤ ᠶᠢ ᠪᠡᠶᠡᠯᠡᠭᠦᠯᠪᠡ᠃ ᠰᠦᠯᠵᠢᠶᠡᠨ ᠳᠡᠭᠡᠷ᠎ᠡ 9560 ᠬᠥᠮᠦᠨ ᠢ | ᠭᠡᠷᠡᠴᠢᠯᠡᠨ ᠮᠠᠭᠠᠳᠯᠠᠬᠤ ᠶᠢ ᠪᠡᠶᠡᠯᠡᠭᠦᠯᠵᠦ᠂ ᠨᠦᠭᠴᠡᠭᠰᠡᠨ ᠪᠠᠶᠢᠳᠠᠯ᠎ᠠ ᠮᠡᠬᠡᠯᠡᠨ ᠠᠪᠤᠭᠰᠠᠨ 12.5 ᠲᠦᠮᠡᠨ | ᠲᠥᠭᠦᠷᠢᠭ ᠤᠨ ᠰᠠᠭᠤᠷᠢ ᠮᠥᠩᠭᠦ ᠶᠢ ᠨᠡᠬᠡᠮᠵᠢᠯᠡᠨ ᠲᠤᠰᠢᠶᠠᠯᠭᠠᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠮᠥᠩᠭᠦ 3985 ᠲᠦᠮᠡᠨ ᠲᠥᠭᠦᠷᠢᠭ᠂ ᠠᠵᠢᠯ ᠮᠡᠷᠭᠡᠵᠢᠯ ᠤᠨ ᠣᠨ ᠤ ᠮᠥᠩᠭᠦ 692 ᠲᠦᠮᠡᠨ ᠲᠥᠭᠦᠷᠢᠭ | ᠬᠤᠷᠢᠶᠠᠪᠠ᠃ 50 ᠠᠵᠤ ᠠᠬᠤᠶᠢᠯᠠᠯ᠂ 1072 ᠬᠥᠮᠦᠨ ᠪᠠᠶᠢᠵᠤ᠂ 697 ᠲᠦᠮᠡᠨ ᠲᠥᠭᠦᠷᠢᠭ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠠᠰᠤᠵᠤ ᠬᠡᠯᠲᠦᠷᠢᠭᠦᠯᠦᠨ᠂ 37.76 ᠲᠦᠮᠡᠨ ᠲᠥᠭᠦᠷᠢᠭ ᠤᠨ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠰᠤᠵᠤ ᠬᠡᠯᠲᠦᠷᠢᠭᠦᠯᠦᠨ᠂ 1372 ᠬᠥᠮᠦᠨ ᠳᠤ 11.9 | ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠣᠷᠣᠯᠠᠨ ᠲᠤᠰᠢᠶᠠᠪᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠪᠣᠳᠠᠲᠠᠶ ᠣᠷᠣᠯᠴᠠᠭᠰᠠᠨ ᠬᠥᠮᠦᠨ ᠤ | ᠲᠤᠭ᠎ᠠ 29654 ᠪᠠᠶᠢᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 97.9% ᠳᠤ ᠬᠥᠷᠪᠡ᠃ | ᠣᠷᠣᠰᠢᠭᠤᠯᠭ᠎ᠠ ᠶᠢᠨ ᠭᠠᠵᠠᠷ ᠤᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠳᠠᠭᠠᠯᠲᠠ ᠢᠨᠵᠧᠨᠧᠷᠢᠩ ᠢ | ᠢᠳᠡᠪᠬᠢᠲᠡᠶ ᠪᠠᠷ ᠳᠥᠯᠭᠢᠨ ᠠᠬᠢᠭᠤᠯᠵᠤ᠂ ᠬᠠᠯᠠᠮᠵᠢ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ ᠪᠠᠶᠢᠷᠢ ᠶᠢ ᠵᠠᠰᠠᠨ | ᠴᠢᠮᠡᠭᠯᠡᠵᠦ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠠᠷᠢᠯᠭ᠎ᠠ ᠶᠢ | ᠲᠠᠭᠤᠰᠬᠠᠵᠤ᠂ ᠡᠮᠡᠭᠲᠡᠶᠢᠴᠦᠳ ᠬᠡᠦᠬᠡᠳ ᠤᠨ ᠠᠵᠢᠯ ᠢ ᠦᠷᠭᠦᠯᠵᠢᠯᠡᠨ ᠰᠠᠶᠢᠲᠤᠷ ᠬᠢᠪᠠ᠃ | ᠠᠭᠤᠷᠬᠠᠶ᠂ ᠪᠠᠷᠢᠯᠭ᠎ᠠ ᠶᠢᠨ ᠬᠦᠷᠢᠶ᠎ᠡ ᠴᠡᠷ᠎ᠠ᠂ ᠠᠶᠤᠯ ᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ | ᠬᠦᠷᠢᠶ᠎ᠠ ᠴᠡᠷ᠎ᠠ ᠳᠠᠬᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ | ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠪᠠ᠃ ᠵᠠᠬ᠎ᠠ ᠳᠡᠯᠭᠡᠭᠦᠷ ᠤᠨ ᠲᠣᠭᠲᠠᠭᠤᠨ | ᠪᠠᠶᠢᠳᠠᠯ ᠢ ᠴᠢᠷᠮᠠᠶᠢᠨ ᠬᠠᠮᠠᠭᠠᠯᠠᠵᠤ᠂ ᠢᠳᠡᠭᠡᠨ ᠪᠠ ᠡᠮ ᠤᠨ ᠵᠥᠢᠯ ᠤᠨ ᠠᠮᠤᠷ ᠲᠦᠪᠰᠢᠨ ᠢ ᠬᠢᠨᠠᠨ ᠬᠠᠮᠢᠶᠠᠷᠬᠤ | ᠠᠵᠢᠯ ᠢ ᠰᠠᠶᠢᠲᠤᠷ ᠬᠢᠵᠦ᠂ ᠢᠳᠡᠭᠡᠨ ᠪᠠ ᠡᠮ ᠤᠨ ᠵᠥᠢᠯ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠦᠨᠡᠮᠯᠡᠯ | ᠬᠦᠢᠴᠡᠳᠬᠡᠬᠦ ᠵᠦᠢᠯᠡᠰ ᠤᠨ ᠦᠯᠡᠳᠡᠭᠰᠡᠨ ᠡᠷᠦᠬᠡ ᠶᠢᠨ ᠲᠤᠭ᠎ᠠ 1908 ᠡᠷᠦᠬᠡ ᠪᠠᠶᠢᠵᠤ᠂ ᠨᠢᠭᠡᠨᠲᠡ 1893 | ᠡᠷᠦᠬᠡ ᠶᠢ ᠳᠠᠩᠰᠠᠯᠠᠭᠤᠯᠪᠠ᠃ | ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ | ᠨᠢᠭᠡ ᠳᠤ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠡᠭᠡ ᠪᠠᠷ ᠪᠠᠭᠤᠷᠠᠪᠠ᠃ ᠦᠨᠤ ᠵᠢᠯ ᠤᠨ | ᠳᠡᠭᠡᠷ᠎ᠡ ᠬᠠᠭᠠᠰ ᠵᠢᠯ ᠳᠤ᠂ ᠪᠦᠭᠦ ᠬᠤᠰᠢᠭᠤᠨ ᠤ ᠲᠣᠭᠲᠠᠮᠠᠯ ᠬᠦᠢᠷᠣᠩᠭᠡ ᠶᠢᠨ ᠪᠠᠯᠠ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠨᠢᠳᠤᠨᠤᠨ ᠤ 497.5 ᠪᠠᠶᠢᠭᠰᠠᠨ ᠠᠴᠠ ᠪᠠᠨ ᠪᠠᠭᠤᠷᠠᠭᠠᠳ 75.4 ᠪᠤᠯᠵᠤ᠂ ᠨᠠᠯᠢᠶᠠᠳ | ᠶᠡᠭᠡ ᠬᠤᠪᠢᠷᠠᠯᠲᠠ ᠭᠠᠷᠪᠠ᠃ ᠲᠣᠮᠣ ᠲᠥᠷᠥᠯ ᠵᠥᠢᠯ ᠤᠨ ᠳᠠᠶᠢᠴᠢᠯᠠᠯᠲᠠ ᠳᠤᠲᠠᠭᠳᠠᠵᠤ ᠪᠠᠶᠢᠬᠤ ᠪᠥᠭᠡᠳ | ᠨᠢᠳᠤᠨᠤᠨ ᠤ ᠠᠳᠠᠯᠢ ᠬᠤᠭᠤᠴᠠᠭᠠᠨ ᠳᠤ ᠣᠨᠴᠠᠭᠠᠶ ᠪᠠᠶᠢᠳᠠᠯ ᠤᠨ ᠳᠡᠭᠡᠳᠦ ᠬᠤᠷᠳᠤᠴᠠ ᠪᠠᠷ ᠨᠡᠮᠡᠭᠳᠡᠭᠰᠡᠨ ᠠᠴᠠ | ᠦᠨᠤ ᠵᠢᠯ ᠤᠷᠵᠢᠨᠤᠨ ᠤ ᠬᠢ ᠠᠴᠠ ᠨᠡᠯᠢᠶᠡᠳ ᠶᠡᠭᠡ ᠨᠡᠮᠡᠭᠳᠡᠯ ᠲᠠᠢ ᠪᠣᠯᠤᠭᠰᠠᠨ ᠪᠣᠯᠪᠠᠴᠤ ᠪᠥᠬᠦ ᠵᠢᠯ ᠤᠨ ᠬᠢ ᠠᠴᠠ | ᠮᠥᠨ ᠯᠡ ᠶᠡᠭᠡ ᠬᠡᠮᠵᠢᠶ᠎ᠡ ᠪᠠᠷ ᠪᠠᠭᠤᠷᠠᠬᠤ ᠪᠣᠯᠤᠨ᠎ᠠ᠃ | ᠬᠤᠶᠠᠷ ᠲᠤ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠤᠨ ᠨᠡᠮᠡᠭᠳᠡᠯ ᠨᠢ ᠲᠦᠷᠦ ᠶᠢᠨ ᠪᠤᠳᠤᠯᠭ᠎ᠠ | ᠵᠢᠴᠢ ᠪᠤᠰᠤᠳᠴᠢ ᠲᠠᠯ᠎ᠠ ᠶᠢᠨ ᠨᠥᠯᠥᠭᠡ ᠠᠴᠠ ᠪᠤᠯᠵᠤ᠂ ᠦᠨᠤ ᠵᠢᠯ ᠤᠨ 3 ᠰᠠᠷ᠎ᠠ ᠠᠴᠠ ᠡᠬᠢᠯᠡᠨ᠂ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠤᠯᠤᠰ ᠤᠨ ᠴᠠᠬᠢᠯᠭᠠᠨ ᠤ ᠦᠨ᠎ᠡ ᠶᠢᠨ ᠨᠥᠬᠦᠪᠥᠷᠢ ᠶᠢᠨ | ᠬᠡᠰᠡᠭ ︵ᠳᠤᠮᠳᠠᠴᠢ ᠪᠠᠷ 0.2 ᠲᠥᠭᠦᠷᠢᠭ \ ᠭᠷᠠᠳᠦ᠋ᠰ ᠣᠷᠴᠢᠮ︶ ᠢ ᠦᠢᠯᠡᠳᠬᠦᠨ ᠤ ᠥᠷᠲᠡᠭ ᠲᠤ ᠣᠷᠣᠭᠤᠯᠬᠤ | ᠥᠬᠡᠶ ᠪᠤᠯᠭᠠᠵᠤ᠂ ᠰᠠᠯᠬᠢᠨ ᠬᠦᠴᠦᠨ ᠤ ᠴᠠᠬᠢᠯᠭᠠᠨ ᠤ ᠦᠢᠯᠡᠳᠬᠦᠨ ᠤ ᠥᠷᠲᠡᠭ ᠤᠨ ᠨᠡᠮᠡᠭᠳᠡᠯ ᠢ ᠨᠡᠯᠢᠶᠡᠳ | ᠶᠡᠭᠡ ᠪᠠᠷ ᠨᠥᠯᠥᠭᠡᠯᠡᠪᠡ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠷᠴᠢᠮ ᠢ ᠴᠢᠩᠭᠠᠷᠠᠭᠰᠡᠨ᠂ | ᠴᠠᠬᠢᠯᠭᠠᠨ ᠬᠦᠴᠦᠨ ᠤ ᠬᠠᠩᠭᠠᠯᠭ᠎ᠠ ᠶᠢᠨ ᠴᠢᠳᠠᠪᠤᠷᠢ ᠬᠦᠷᠦᠯᠴᠡᠬᠦ ᠦᠭᠡᠢ ᠵᠡᠷᠭᠡ ᠰᠢᠯᠲᠠᠭᠠᠨ ᠠᠴᠠ ᠪᠤᠯᠵᠤ᠂ ᠵᠢᠢ | ᠳ᠋ᠦᠡᠭ ᠱᠦᠢᠨᠢ᠂ ᠶᠢᠨ ᠳ᠋ᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠨᠥᠯᠥᠭᠡᠯᠡᠭᠳᠡᠪᠡ᠃ | ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠯᠡ ᠨᠡᠯᠢᠶᠡᠳ ᠲᠤᠪᠤᠶᠢᠮ᠎ᠠ | ᠪᠠᠶᠢᠨ᠎ᠠ᠃ ᠳᠡᠭᠡᠷ᠎ᠡ ᠬᠠᠭᠠᠰ ᠵᠢᠯ ᠳᠤ ᠮᠠᠨ ᠤ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 1.87ᠳ᠋ᠦᠩᠰᠢᠭᠤᠷ ᠲᠥᠭᠦᠷᠢᠭ ᠪᠠᠶᠢᠵᠤ᠂ 10.5% ᠪᠠᠷ ᠪᠠᠭᠤᠷᠠᠪᠠ᠂ ᠡᠭᠦᠨ ᠳᠤ ᠭᠠᠶᠢᠯᠢ | ᠲᠠᠲᠠᠪᠤᠷᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9160 ᠲᠦᠮᠡᠨ ᠲᠥᠭᠦᠷᠢᠭ ᠬᠠᠰᠤᠭᠳᠠᠵᠤ᠂ 45. | 3% ᠪᠠᠷ ᠪᠠᠭᠤᠷᠠᠪᠠ᠃ ᠡᠩ ᠤᠨ ᠤᠯᠠᠨ ᠨᠡᠶᠢᠲᠡ ᠶᠢᠨ ᠲᠥᠰᠦᠪ ᠤᠨ ᠳᠣᠲᠣᠷᠠᠬᠢ ᠵᠠᠷᠤᠯᠭ᠎ᠠ ᠶᠢ 7.87 | ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 5.5% ᠪᠠᠷ ᠪᠠᠭᠤᠷᠠᠭᠤᠯᠵᠤ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠴᠢᠮ ᠪᠠᠶᠢᠳᠠᠯ ᠢ ᠦᠷᠬᠦᠯᠵᠢᠯᠡᠨ ᠪᠦᠳᠤᠮᠵᠢᠳᠡᠢ ᠠᠷᠭᠠᠴᠠᠭᠠᠬᠤ ᠴᠢᠬᠤᠯᠠ ᠲᠠᠢ᠃ | ᠭᠤᠷᠪᠠ᠂ ᠬᠤᠶᠢᠰᠢᠳᠠ ᠶᠢᠨ ᠭᠤᠣᠯ ᠠᠵᠢᠯ ᠡᠭᠦᠷᠭᠡ | ᠮᠠᠨ ᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠨᠤ ᠵᠢᠯ ᠤᠨ ᠠᠵᠢᠯ ᠢᠶᠠᠨ ᠨᠠᠩ | ᠰᠠᠶᠢᠨ ᠪᠠᠶᠠᠯᠠᠬᠦᠯᠬᠦ ᠶᠢᠨ ᠲᠦᠯᠤᠬᠡ ᠬᠤᠶᠢᠰᠢᠳᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠄ | ︵ᠨᠢᠭᠡ︶ ᠳᠡᠭᠡᠳᠦ ᠱᠠᠲᠤᠨ ᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠪᠥᠬᠦ ᠬᠦᠴᠦᠨ ᠢᠶᠠᠷ ᠰᠠᠶᠢᠲᠤᠷ ᠠᠳᠬᠤᠨ᠎ᠠ | ᠲᠥᠪ ᠤᠨ ᠨᠠᠶ᠋ᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠤ | ᠠᠰᠠᠭᠤᠳᠠᠯ ᠤᠨ ᠲᠤᠰᠬᠠᠶ ᠱᠠᠯᠠᠪᠳᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠦᠷᠢᠶ᠎ᠠ | ᠴᠡᠷ᠎ᠠ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠲᠤᠰᠬᠠᠶ ᠲᠣᠭᠤᠷᠢᠨ ᠪᠠᠶᠢᠴᠠᠭᠠᠬᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠵᠡᠷᠭᠡ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠳᠡ ᠶᠢ ᠤᠯᠠᠮ ᠨᠢᠭᠡ ᠠᠯᠬᠤᠮ ᠦᠢᠯᠡᠳᠤᠯᠬᠡᠵᠢᠬᠦᠯᠤᠨ᠂ | ᠲᠦᠷᠢᠮ ᠲᠤᠭᠳᠠᠭᠠᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠠᠵᠤ ᠦᠶ᠋ᠯᠡᠰ ᠤᠨ | ᠬᠥᠭᠵᠢᠯᠲᠡ ᠶᠢ ᠵᠢᠷᠤᠮᠵᠢᠭᠤᠯᠤᠨ᠎ᠠ᠃ | ︵ᠬᠤᠶᠠᠷ︶ ᠭᠤᠣᠯᠳᠠᠯᠭ᠎ᠠ ᠲᠠᠢ ᠲᠦᠷᠤᠯ ᠵᠥᠢᠯ ᠤᠨ ᠪᠦᠳᠦᠭᠡᠨ ᠪᠠᠶᠢᠭᠤᠯᠤᠯᠲᠠ ᠪᠠ ᠪᠡᠯᠡ | ᠣᠷᠣᠭᠤᠯᠤᠯᠲᠠ ᠶᠢᠨ ᠡᠷᠴᠢᠮ ᠢ ᠪᠦᠬᠦ ᠬᠦᠴᠦᠨ ᠢᠶᠠᠷ ᠴᠢᠩᠭᠠᠳᠬᠠᠨ᠎ᠠ᠃ | ᠪᠠᠶᠢᠭᠤᠯᠵᠤ ᠪᠠᠶᠢᠭ᠎ᠠ ᠲᠥᠷᠥᠯ ᠵᠥᠢᠯ ᠢ ᠲᠦᠷᠭᠡᠳᠬᠡᠨ ᠠᠬᠢᠭᠤᠯᠵᠤ᠂ ᠣᠨᠴᠠ ᠥᠨᠳᠥᠷ ᠬᠦᠴᠦᠳᠡᠯᠲᠦ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠥᠢᠯ ᠢ ᠲᠦᠷᠬᠡᠳᠬᠡᠵᠤ᠂ ᠵᠢᠩ ᠨᠸᠡᠭ ᠡᠨᠧᠷᠭᠢ ᠶᠢᠨ ᠬᠡᠷᠡᠯ ᠴᠠᠬᠢᠯᠭᠠᠨ | ᠂ ᠭᠦᠸᠧ ᠲᠢᠶᠠᠨ ᠰᠠᠯᠬᠢᠨ ᠴᠠᠬᠢᠯᠭᠠᠨ ᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠬᠤ ᠪᠠᠷ ᠴᠢᠷᠮᠠᠶᠢᠵᠤ᠂ | ᠴᠠᠭᠠᠡᠨᠠᠭᠤᠷ ᠤᠨ ᠴᠠᠬᠢᠯᠭᠠᠨ ᠦᠢᠯᠡᠳᠪᠤᠷᠢ ᠶᠢᠨ ᠲᠥᠷᠥᠯ ᠵᠥᠢᠯ ᠢ ᠲᠦᠷᠭᠡᠳᠬᠡᠨ ᠠᠬᠢᠭᠤᠯᠬᠤ ᠶᠢᠨ ᠬᠠᠮᠲᠤ ᠲᠤᠨᠤᠭ | ᠲᠥᠬᠦᠭᠡᠷᠦᠮᠵᠢ ᠵᠠᠬᠢᠶᠠᠯᠠᠬᠤ ᠠᠵᠢᠯ ᠢ ᠲᠦᠷᠭᠡᠬᠡᠨ ᠳᠠᠭᠤᠰᠬᠠᠬᠤ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠶ᠂ | ᠡᠳ᠋ᠰᠢᠭᠦᠯᠬᠦ ᠠᠵᠤ ᠦᠢᠯᠡᠳᠪᠤᠷᠢ᠂ ᠨᠡᠶᠢᠭᠡᠮ ᠤᠨ ᠠᠵᠢᠯ ᠦᠢᠯᠡᠰ ᠤᠨ ᠲᠥᠷᠥᠯ ᠵᠥᠢᠯ ᠤᠨ ᠪᠥᠲᠥᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠵᠢᠯ ᠰᠡᠷᠬᠦᠬᠡᠭᠰᠡᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠭᠤᠣᠯᠳᠠᠯᠭ᠎ᠠ ᠲᠠᠢ ᠰᠢᠨ᠎ᠡ ᠪᠠᠷ ᠪᠠᠶᠢᠭᠤᠯᠬᠤ | ᠲᠥᠷᠥᠯ ᠵᠦᠢᠯ ᠤᠨ ᠭᠠᠷᠳᠠᠮ ᠢ ᠡᠷᠲᠡᠬᠡᠨ ᠪᠦᠷᠢᠨ ᠬᠦᠢᠴᠡᠳ ᠪᠣᠯᠭᠠᠬᠤ ᠶᠢᠨ ᠬᠠᠮᠲᠤ ᠪᠠᠷᠢᠯᠭ᠎ᠠ ᠡᠬᠢᠯᠡᠭᠦᠯᠦᠨ | ᠪᠥᠳᠥᠭᠡᠨ ᠪᠠᠶᠢᠭᠤᠯᠬᠤ ᠪᠠᠷ ᠴᠢᠷᠮᠠᠶᠢᠨ᠎ᠠ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠥᠢᠯ ᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ | ᠭᠤᠤᠯᠳᠠᠯᠭ᠎ᠠ ᠲᠠᠢ ᠲᠥᠷᠥᠯ ᠵᠥᠢᠯ ᠤᠨ ᠰᠠᠯᠠᠭ᠎ᠠ ᠮᠥᠴᠢᠷ ᠵᠡᠷᠭᠡ ᠨᠢ ᠵᠣᠬᠢᠴᠠᠭᠤᠯᠤᠨ ᠨᠡᠪᠲᠡᠷᠡᠯᠴᠡᠬᠦ ᠶᠢ ᠰᠠᠶᠢᠲᠤᠷ | ᠬᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠡᠶᠡᠯᠡᠭᠦᠯᠦᠨ᠎ᠡ᠃ | ︵ᠭᠤᠷᠪᠠ︶ ᠠᠵᠤ ᠠᠬᠤᠶ ᠨᠡᠶᠢᠭᠡᠮ ᠤᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ | ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠨ ᠰᠢᠢᠳᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠶᠢᠲᠤᠷ ᠬᠠᠮᠠᠭᠠᠯᠠᠨ᠎ᠠ᠃ ᠲᠥᠷᠥᠯ | ᠵᠥᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ | ᠳᠣᠲᠣᠷᠠᠬᠢ ᠪᠠᠯᠠ ᠣᠷᠣᠭᠤᠯᠤᠯᠲᠠ ᠶᠢᠨ ᠠᠰᠠᠭᠤᠳᠠᠯ ᠲᠠᠢ ᠲᠥᠷᠥᠯ ᠵᠥᠢᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠰᠠᠶᠢᠲᠤᠷ ᠬᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ᠂ ᠭᠠᠵᠠᠷ | ᠰᠢᠡᠵᠢᠯᠡᠬᠡᠨ ᠤ ᠭᠠᠶ ᠭᠠᠮᠰᠢᠭ ᠢ ᠵᠠᠰᠠᠬᠤ᠂ ᠮᠠᠯ ᠤᠨ ᠬᠢᠵᠢᠭ ᠢ ᠰᠡᠷᠭᠡᠶᠢᠯᠡᠬᠦ᠂ ᠣᠶ ᠰᠢᠭᠤᠶ ᠨᠤᠲᠤᠭ ᠪᠡᠯᠴᠢᠭᠡᠷ ᠤᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠨ᠎ᠠ᠃ ᠦᠯᠡᠳᠡᠪᠦᠷᠢ ᠰᠠᠯᠬᠢᠨ | ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯ ᠢ ᠪᠡᠶᠡᠯᠡᠭᠦᠯᠵᠦ᠂ ᠮᠠᠯ ᠤᠨ | ᠭᠠᠷᠭᠠᠯᠲᠠ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠶᠢ ᠰᠠᠶᠢᠲᠤᠷ ᠠᠳᠬᠤᠵᠤ᠂ ᠠᠵᠤ | ᠦᠢᠯᠡᠳᠪᠦᠷᠢ ᠶᠢᠨ ᠬᠡᠪ ᠤᠨ ᠴᠠᠬᠢᠯᠭᠠᠨ ᠬᠡᠷᠡᠭᠯᠡᠬᠦ ᠪᠠ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ | ᠠᠵᠢᠯ ᠢ ᠰᠠᠶᠢᠲᠤᠷ ᠬᠢᠨ᠎ᠡ᠃ | ︵ᠳᠥᠷᠪᠡ︶ ᠬᠥᠭᠵᠢᠯᠲᠡ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠦᠨ᠎ᠡ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠦᠭᠵᠢᠯᠳᠠ ᠶᠢ ᠪᠠᠷᠢᠮᠲᠠᠯᠠᠵᠤ᠂ | ᠬᠥᠭᠵᠢᠯᠲᠡ ᠶᠢᠨ ᠠᠷᠭ᠎ᠠ ᠬᠡᠯᠪᠡᠷᠢ ᠢ ᠴᠢᠷᠮᠠᠶᠢᠨ ᠬᠤᠪᠢᠷᠠᠭᠤᠯᠤᠨ᠎ᠠ᠃ ᠮᠠᠨ ᠤ ᠬᠤᠰᠢᠭᠤᠨ ᠤ ᠲᠤᠰᠬᠠᠶ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠴᠢᠬᠤᠯᠠ ᠶᠡᠭᠡ ᠰᠤᠳᠤᠯᠭᠠᠨ ᠤ ᠰᠡᠳᠦᠪ ᠤᠨ ᠰᠤᠳᠤᠯᠭᠠᠨ ᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠰᠠᠶᠢᠲᠤᠷ ᠬᠢᠵᠦ᠂ ᠬᠥᠭᠵᠢᠯᠲᠡ ᠶᠢᠨ ᠵᠠᠭᠠᠭ ᠬᠢᠵᠠᠭᠠᠷ ᠪᠠ ᠪᠠᠶᠢᠷᠢᠰᠢᠯ ᠢ ᠲᠣᠳᠣᠷᠬᠠᠶᠢᠯᠠᠨ᠎ᠠ᠃ | ᠬᠤᠶᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠣᠬᠢᠷᠠᠭᠤᠯᠬᠤ ᠠᠵᠢᠯ ᠢ ᠰᠠᠶᠢᠲᠤᠷ ᠬᠢᠨ᠎ᠠ᠃ ᠣᠲᠣ ᠶᠢᠨ | ᠪᠠᠶᠢᠭ᠎ᠠ ᠳᠠᠪᠠᠭᠤᠯᠢᠭ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠵᠤ ᠦᠢᠯᠡᠰ ᠤᠨ | ᠬᠡᠯᠬᠢᠶᠠᠵᠢᠯ ᠢ ᠤᠷᠲᠤᠳᠬᠠᠬᠤ ᠶᠢ ᠠᠬᠢᠭᠤᠯᠵᠤ᠂ ᠲᠥᠷᠥᠯ ᠵᠥᠢᠯ ᠤᠨ ᠨᠥᠭᠡᠴᠡᠯᠡᠯᠲᠡ ᠶᠢ ᠴᠢᠩᠭᠠᠳᠬᠠᠨ᠂ ᠲᠥᠷᠥᠯ | ᠵᠥᠢᠯ ᠤᠨ ᠰᠢᠢᠳᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠲᠥᠷᠥᠯ ᠵᠥᠢᠯ ᠢ | ᠰᠦᠪᠡᠭᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠴᠢᠨᠠᠷ ᠰᠠᠶᠢᠲᠠᠶ ᠲᠥᠷᠥᠯ ᠵᠥᠢᠯ ᠪᠠ ᠥᠨᠳᠥᠷ ᠬᠢᠷᠢ ᠲᠦᠪᠰᠢᠨ ᠲᠠᠢ ᠠᠵᠤ ᠦᠢᠯᠡᠰ ᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ ᠮᠠᠨ ᠤ ᠬᠤᠰᠢᠭᠤᠨ ᠳᠤ ᠡᠷᠦᠬᠡ ᠠᠮᠠ ᠣᠷᠣᠭᠤᠯᠤᠨ᠎ᠠ᠃ ᠡᠨᠧᠷᠭᠢ | ᠠᠷᠪᠢᠯᠠᠬᠤ ᠠᠵᠢᠯ ᠢ ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠢ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠨ᠎ᠠ᠃ ᠠᠵᠤ ᠠᠬᠤᠶ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠤᠳᠤᠬᠢᠴᠢᠯᠠᠭᠰᠡᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠲᠠᠪᠤ︶ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠤᠨ᠎ᠠ | ᠨᠠᠷᠢᠯᠢᠭ ᠤᠨᠤᠪᠴᠢᠳᠡᠢ ᠪᠠᠷ ᠶᠠᠳᠠᠭᠤ ᠶᠢ ᠲᠡᠳᠬᠦᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠲᠠᠢ ᠵᠣᠯᠭᠠᠭᠤᠯᠬᠤ ᠠᠵᠢᠯ ᠢ ᠰᠠᠶᠢᠲᠤᠷ ᠬᠢᠨ᠎ᠠ᠃ ᠰᠤᠷᠭᠠᠨ | ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ ᠰᠤᠷᠭᠠᠨ ᠬᠥᠮᠦᠵᠢᠯ ᠤᠨ ᠶᠠᠰᠤ | ᠴᠢᠨᠠᠷ ᠢ ᠦᠨᠡᠨᠬᠦ ᠪᠠᠲᠤᠯᠠᠵᠤ᠂ ᠨᠢᠭᠡᠳᠦᠭᠡᠷ ᠬᠡᠤᠬᠡᠳ ᠤᠨ ᠴᠡᠴᠡᠷᠯᠢᠭ ᠢ ᠠᠰᠢᠭᠯᠠᠯᠳᠠ ᠳᠤ ᠤᠷᠤᠯᠠᠭᠤᠯᠬᠤ ᠠᠵᠢᠯ ᠢ | ᠰᠠᠶᠢᠲᠤᠷ ᠬᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠰᠣᠶᠣᠯ ᠤᠨ ᠣᠷᠳᠣᠨ ᠤ | ᠪᠠᠶᠢᠭᠤᠯᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠲᠠᠨᠢᠯᠳᠠ ᠤᠬᠠᠮᠰᠠᠷ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠪᠡᠶ᠎ᠡ ᠲᠠᠮᠢᠷ ᠤᠨ ᠪᠤᠯᠪᠠᠰᠤᠷᠠᠯ ᠢ ᠴᠢᠩᠭᠠᠳᠬᠠᠵᠤ᠂ ᠶᠠᠩᠳᠤᠤ ᠰᠦᠮ᠎ᠡ ᠶᠢ ᠰᠡᠯᠪᠢᠨ ᠵᠠᠰᠠᠬᠤ᠂ | ᠤᠯᠠᠭᠠᠨᠮᠥ᠋ᠴᠢᠷ ᠤᠨ ᠰᠠᠭᠤᠷᠢ ᠲᠦᠬᠦᠬᠡᠷᠤᠮᠵᠢ ᠶᠢᠨ ᠲᠥᠷᠥᠯ ᠵᠥᠢᠯ᠂ ᠬᠤᠰᠢᠭᠤ ᠡᠮᠨᠡᠯᠭᠡ ᠶᠢᠨ ᠬᠤᠷᠢᠶ᠎ᠠ ᠶᠢᠨ | ᠰᠢᠯᠭᠠᠨ ᠪᠠᠶᠢᠴᠠᠭᠠᠬᠤ ᠲᠥᠪ᠂ ᠴᠢᠰᠤ ᠨᠡᠪᠴᠢᠬᠦ ᠲᠠᠰᠤᠭ᠂ ᠬᠠᠯᠠᠮᠵᠢ ᠨᠠᠰᠤᠳᠠᠶᠢᠴᠤᠳ ᠤᠨ ᠨᠡᠶᠢᠲᠡ ᠶᠢᠨ | ᠪᠠᠶᠢᠷᠢ ᠶᠢᠨ ᠲᠥᠷᠥᠯ ᠵᠥᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠳᠤᠮᠳᠠᠳᠤ ᠶᠢᠨ ᠵᠢᠭᠠᠨ | ᠰᠤᠷᠭᠠᠯᠲᠠ ᠶᠢᠨ ᠲᠤᠷᠰᠢᠯᠲᠠ ᠶᠢᠨ ᠠᠰᠠᠷ᠂ ᠰᠤᠮᠤ ᠪᠠᠯᠭᠠᠰᠤ ᠶᠢᠨ ᠬᠡᠤᠬᠡᠳ ᠤᠨ ᠴᠡᠴᠡᠷᠯᠢᠭ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ᠂ ᠪᠠᠯᠬᠦᠳᠡᠢ ᠪᠠᠯᠭᠠᠰᠤᠨ ᠤ ᠦᠨᠳᠦᠰᠦᠲᠡᠨ ᠤ | ᠪᠡᠶ᠎ᠡ ᠲᠠᠮᠢᠷ ᠤᠨ ᠣᠷᠳᠣᠨ ᠤ ᠪᠠᠷᠢᠯᠭ᠎ᠠ ᠶᠢᠨ ᠠᠵᠢᠯ ᠡᠬᠢᠯᠡᠭᠦᠯᠦᠨ᠎ᠡ᠃ | |