ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠳᠤ᠄ | ᠡᠳᠦᠭᠡ ︽2020 ᠣᠨ ᠤ ᠠᠪᠠᠭ᠎ᠠ ᠬᠤᠰᠢᠭᠤᠨ ᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ︾ ᠶᠢ | ᠮᠡᠲ᠋ᠧᠷᠢᠶᠠᠯ ᠤᠨ ᠬᠠᠮᠲᠤ ᠮᠡᠳᠡᠬᠦᠯᠪᠠ᠂ ᠬᠢᠨᠠᠨ ᠵᠥᠪᠯᠡᠬᠦ ᠪᠣᠯᠪᠠᠤ᠃ | | 2021 ᠣᠨ ᠤ 9 ᠰᠠᠷ᠎ᠠ ᠶᠢᠨ 22 ᠤᠨ ᠡᠳᠤᠷ | | 2020 ᠣᠨ ᠤ ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳᠡᠳ᠋ | ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠳᠠ ᠶᠢᠨ ᠠᠵᠢᠯ ᠤᠨ ᠮᠡᠳᠡᠬᠦᠯᠤᠯᠳᠠ | | ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠦᠪᠯᠡᠯ ᠤᠨ ᠵᠥᠪᠰᠢᠶᠡᠷᠡᠭᠰᠡᠨ ᠬᠢᠨᠠᠨ ᠪᠤᠳᠤᠬᠤ | ᠲᠥᠷᠥᠯ ᠵᠥᠢᠯ ᠤᠨ ᠲᠥᠯᠥᠪᠯᠡᠭᠡ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ | ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠰᠢᠭᠤ ᠬᠢᠨᠠᠨ ᠪᠤᠳᠤᠬᠤ ᠲᠣᠪᠴᠢᠶ᠎ᠠ ᠠᠴᠠ 2020 ᠣᠨ ᠤ | ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠪᠠ᠃ ᠬᠢᠨᠠᠨ ᠪᠤᠳᠤᠬᠤ ᠶᠠᠪᠤᠴᠠ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠣᠯᠤᠨ ᠰᠢ ᠶᠢᠨ | ᠫᠢᠩ ᠶᠡᠷᠦᠩᠬᠡᠢ ᠱᠦᠵᠢ ᠶᠢᠨ ᠲᠥᠪ ᠤᠨ ᠬᠢᠨᠠᠨ ᠪᠤᠳᠤᠬᠤ ᠵᠥᠪᠯᠡᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ | ᠬᠢᠨᠠᠨ ᠪᠤᠳᠤᠬᠤ ᠠᠵᠢᠯ ᠤᠨ ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠠ | ᠪᠦᠲᠦᠮᠵᠢ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠭᠤᠣᠯᠳᠠᠯᠭ᠎ᠠ ᠲᠠᠢ | ᠴᠢᠬᠤᠯᠠᠴᠢᠯᠠᠵᠤ᠂ ᠡᠳ᠋ ᠤᠨ ᠵᠠᠰᠠᠭ ᠤᠨ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠬᠤ᠂ ᠲᠦᠷᠦ ᠶᠢᠨ | ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ᠂ | ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ | ᠦᠢᠯᠡᠴᠢᠯᠡᠬᠦ ᠡᠬᠦᠷᠬᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠪᠡ᠃ | ᠨᠢᠭᠡ᠂ 2020 ᠣᠨ ᠤ ᠬᠤᠰᠢᠭᠤ ᠲᠣᠰ ᠱᠠᠲᠤᠨ ᠤ ᠲᠥᠰᠦᠪ ᠤᠨ ᠬᠦᠢᠴᠡᠳᠬᠡᠯ ᠤᠨ ᠬᠢᠨᠠᠨ | ᠪᠤᠳᠤᠯᠲᠠ ᠶᠢᠨ ᠪᠠᠶᠢᠳᠠᠯ | 2020 ᠣᠨ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ | ᠨᠡᠶᠢᠲᠡ 184,365.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 114. | 56% ᠪᠠᠷ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 12.68% ᠪᠠᠷ ᠨᠡᠮᠡᠭᠳᠡᠪᠡ︔ ᠡᠩ ᠤᠨ ᠤᠯᠠᠨ | ᠨᠡᠶᠢᠲᠡ ᠶᠢᠨ ᠲᠥᠰᠦᠪ ᠤᠨ ᠵᠠᠷᠤᠯᠭ᠎ᠠ 183,847.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠠᠨ | ᠲᠦᠰᠦᠪ ᠢᠶᠠᠨ 114.24% ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 12.47% ᠪᠠᠷ ᠨᠡᠮᠡᠭᠳᠡᠪᠡ︔ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ ᠣᠷᠣᠯᠭ᠎ᠠ 14,668.00 ᠲᠦᠮᠡᠨ | ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 107.80% ᠪᠠᠷ ᠪᠡᠶᠡᠯᠡᠭᠦᠯᠵᠦ᠂ ᠲᠦᠷᠦᠭᠦᠦ | ᠵᠢᠯ ᠤᠨ ᠬᠢ ᠠᠴᠠ 298.80% ᠢᠶᠠᠷ ᠨᠡᠮᠡᠭᠳᠡᠪᠡ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠬᠦᠨ ᠤ | ᠵᠠᠷᠤᠯᠭ᠎ᠠ 14,424.00 ᠲᠦᠮᠡᠨ ᠲᠥᠭᠦᠷᠢᠭ ᠲᠤ ᠬᠦᠷᠴᠦ᠂ ᠲᠤᠬᠢᠷᠠᠭᠤᠯᠤᠭᠰᠡᠨ ᠲᠥᠰᠦᠪ ᠢᠶᠠᠨ 106% ᠪᠠᠷ | ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 337.09% ᠪᠠᠷ ᠨᠡᠮᠡᠭᠳᠡᠪᠡ︔ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠲᠥᠰᠦᠪ ᠤᠨ ᠣᠷᠣᠯᠭ᠎ᠠ 10,724.00 ᠲᠦᠮᠡᠨ ᠲᠥᠭᠦᠷᠢᠭ ᠲᠤ ᠬᠦᠷᠴᠦ᠂ | ᠲᠤᠬᠢᠷᠠᠭᠤᠯᠤᠭᠰᠡᠨ ᠲᠥᠰᠦᠪ ᠢᠶᠠᠨ 66.64% ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 26. | 37% ᠪᠠᠷ ᠬᠠᠰᠤᠭᠳᠠᠪᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ 12, | 145.00 ᠲᠦᠮᠡᠨ ᠲᠥᠭᠦᠷᠢᠭ ᠲᠤ ᠬᠦᠷᠴᠦ᠂ ᠲᠥᠰᠦᠪ ᠤᠨ 82.87% ᠪᠠᠷ ᠪᠡᠶᠡᠯᠡᠭᠦᠯᠵᠦ᠂ ᠲᠦᠷᠦᠭᠦᠦ | ᠵᠢᠯ ᠤᠨ ᠬᠢ ᠠᠴᠠ 8.88% ᠪᠠᠷ ᠪᠠᠭᠠᠰᠪᠠ᠃ | ᠬᠢᠨᠠᠨ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠨᠢ ᠭᠤᠤᠯᠳᠠᠭᠤ᠄ | ︵ᠨᠢᠭᠡ︶ ᠡᠳ᠋ ᠤᠨ ᠵᠠᠰᠠᠭ ᠤᠨ ᠵᠠᠷᠤᠯᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ | ⒈ ᠲᠦᠯᠤᠪᠤᠷᠢᠯᠡᠬᠦ ᠶᠤᠰᠤᠳᠡᠢ ᠪᠦᠬᠡᠳ ᠲᠦᠯᠤᠪᠤᠷᠢᠯᠡᠭᠡ ᠦᠬᠡᠢ ᠪᠠᠶᠢᠭ᠎ᠠ ᠳᠡᠭᠡᠳᠦ ᠱᠠᠲᠤᠨ ᠤ ᠲᠤᠰᠬᠠᠶ | ᠲᠦᠷᠦᠯ ᠤᠨ ᠪᠡᠯᠡ ᠮᠥᠩᠭᠦ ᠶᠢ 23,500.60 ᠲᠦᠮᠡᠨ ᠲᠥᠭᠦᠷᠢᠭ ᠪᠠᠶᠢᠨ᠎ᠠ᠃ | ⒉ ᠪᠡᠯᠡᠳᠬᠡᠯ ᠵᠠᠷᠤᠳᠠᠯ ᠢ ᠲᠣᠬᠢᠷᠠᠭᠤᠯᠤᠭᠰᠠᠨ ᠨᠢ ᠬᠦᠷᠤᠯᠴᠡᠭᠡ ᠦᠭᠡᠢ᠃ 2020 ᠣᠨ ᠤ ᠡᠩ ᠤᠨ | ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ 124,397.00 ᠲᠦᠮᠡᠨ ᠲᠥᠭᠦᠷᠢᠭ ᠪᠠᠶᠢᠵᠤ᠂ ᠲᠣᠭᠲᠠᠭᠠᠯ | ᠶᠣᠰᠣᠭᠠᠷ ᠪᠤᠯ ᠬᠠᠮᠤᠭ ᠤᠨ ᠪᠠᠭ᠎ᠠ ᠳᠤ ᠪᠠᠨ 1,244.00 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ | ᠲᠣᠬᠢᠷᠠᠭᠤᠯᠪᠠᠯ ᠵᠤᠬᠢᠬᠤ ᠪᠠᠶᠢᠳᠠᠯ᠎ᠠ 1,000.00 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ ᠢ ᠪᠣᠳᠠᠲᠠᠶ | ᠲᠤᠬᠢᠷᠠᠭᠤᠯᠤᠭᠰᠡᠨ ᠪᠠᠶᠢᠨ᠎ᠠ᠃ | ⒊2020 ᠣᠨ ᠤ ᠡᠴᠦᠰ ᠪᠣᠯᠲᠠᠯ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 2, | 281.27 ᠲᠦᠮᠡᠨ ᠲᠥᠭᠦᠷᠢᠭ ᠬᠡᠶᠢᠰᠪᠤᠷᠢ ᠪᠠᠷ ᠬᠠᠰᠤᠵᠤ᠂ ︽ᠪᠤᠰᠤᠳ ᠬᠤᠷᠢᠶᠠᠬᠤ ᠶᠣᠰᠣᠲᠠᠶ ᠪᠡᠯᠡ ᠮᠦᠩᠬᠦᠨ︾ | ᠳᠤ ᠵᠢᠭᠰᠠᠭᠠᠵᠤ ᠬᠢᠨᠡᠨ ᠪᠤᠳᠤᠪᠠ᠃ | ︵ᠬᠤᠶᠠᠷ︶ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ | ᠪᠠᠶᠢᠭ᠎ᠠ ᠠᠰᠠᠭᠤᠳᠠᠯ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠪᠠ ᠲᠦᠰᠤᠪᠯᠡᠨ ᠪᠤᠳᠤᠯᠳᠠ ᠶᠢᠨ ᠰᠠᠯᠠᠭ᠎ᠠ ᠮᠥᠴᠢᠷ 2020 | ᠣᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠰᠦᠪ ᠢ ᠨᠠᠶᠢᠷᠠᠭᠤᠯᠤᠨ ᠵᠣᠬᠢᠶᠠᠭᠰᠠᠨ ᠥᠬᠡᠶ᠃ | ︵ᠭᠤᠷᠪᠠ︶ ᠡᠳ᠋ ᠤᠨ ᠵᠠᠰᠠᠭ ᠤᠨ ᠬᠦᠢᠯᠬᠡᠬᠡᠨ ᠤ ᠪᠡᠯᠡ ᠮᠦᠩᠬᠦᠨ ᠤ ᠬᠠᠮᠢᠶᠠᠷᠤᠯᠲᠠ ᠶᠢᠨ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ | ᠬᠦᠢᠯᠬᠡᠬᠡᠨ ᠤ ᠪᠡᠯᠡ ᠮᠦᠩᠬᠦ ᠶᠢ ᠴᠠᠭ ᠲᠤᠬᠠᠶ ᠳᠤᠨᠢ ᠴᠡᠪᠡᠷᠯᠡᠵᠤ ᠲᠢᠭᠯᠡᠭᠰᠡᠨ ᠦᠬᠡᠢ᠃ 2020 ᠣᠨ ᠤ | ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠤᠳᠤᠯᠳᠠ ᠶᠢᠨ ᠲᠠᠩᠰᠠᠨ ᠳᠤ ᠲᠤᠰᠬᠠᠭᠰᠠᠨ ᠬᠤᠷᠢᠶᠠᠬᠤ | ᠶᠣᠰᠣᠲᠠᠶ ᠪᠤᠰᠤᠳ ᠪᠡᠯᠡ ᠮᠦᠩᠬᠦᠨ ᠤ ᠵᠢᠯ ᠤᠨ ᠡᠴᠦᠰ ᠤᠨ ᠦᠯᠡᠳᠡᠪᠦᠷᠢ ᠲᠤᠭ᠎ᠠ 2,486.00 ᠲᠦᠮᠡᠨ | ᠲᠥᠭᠦᠷᠢᠭ ᠲᠤ ᠬᠦᠷᠴᠦ᠂ ᠲᠤᠰᠢᠶᠠᠬᠤ ᠶᠣᠰᠣᠲᠠᠶ ᠪᠤᠰᠤᠳ ᠪᠡᠯᠡ ᠮᠦᠩᠬᠦᠨ ᠤ ᠵᠢᠯ ᠤᠨ ᠡᠴᠦᠰ ᠤᠨ ᠦᠯᠡᠳᠡᠪᠦᠷᠢ | ᠲᠤᠭ᠎ᠠ 832.00 ᠲᠦᠮᠡᠨ ᠲᠥᠭᠦᠷᠢᠭ ᠪᠣᠢ᠃ | ᠬᠤᠶᠠᠷ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ | ᠮᠥᠷᠳᠡᠨ ᠬᠢᠨᠠᠨ ᠪᠤᠳᠤᠭᠰᠠᠨ ᠪᠠᠶᠢᠳᠠᠯ | ᠬᠢᠨᠠᠨ ᠪᠤᠳᠤᠬᠤ ᠲᠢᠩᠬᠢᠮ ᠤᠨ ᠲᠣᠬᠢᠷᠠᠭᠤᠯᠤᠯᠲᠠ ᠶᠣᠰᠣᠭᠠᠷ᠂ 2021 ᠣᠨ ᠤ ᠨᠢᠭᠡᠳᠦᠭᠡᠷ ᠤᠯᠠᠷᠢᠯ ᠤᠨ | ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ | ᠳᠤ ᠬᠢᠨᠠᠨ ᠪᠤᠳᠤᠯᠲᠠ ᠬᠢᠪᠡ᠃ ᠭᠤᠤᠯᠳᠠᠭᠤ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠡᠷᠭᠡ 15 ᠰᠦᠢᠳᠬᠡᠯ ᠬᠤᠷᠢᠶᠠᠬᠤ ᠰᠠᠯᠠᠭ᠎ᠠ ᠮᠥᠴᠢᠷ ᠵᠢᠴᠢ ᠨᠢᠭᠡ ᠬᠠᠮᠢᠶ᠎ᠠ ᠪᠥᠬᠦᠶ ᠠᠵᠤ | ᠠᠬᠤᠶᠢᠯᠠᠯ ᠳᠤ ᠭᠤᠤᠯᠳᠠᠯᠭ᠎ᠠ ᠲᠠᠢ ᠬᠢᠨᠠᠨ ᠪᠤᠳᠤᠯᠲᠠ ᠬᠢᠭᠰᠡᠨ ᠤ ᠬᠠᠮᠲᠤ 2 ᠬᠠᠤᠯᠢ ᠬᠡᠷᠡᠭᠵᠢᠭᠦᠯᠬᠦ ᠰᠦᠢᠳᠬᠡᠯ | ᠬᠤᠷᠢᠶᠠᠬᠤ ᠥᠷᠲᠡᠭᠡ ᠳᠤ ᠬᠢᠨᠠᠨ ᠪᠤᠳᠤᠯᠲᠠ ᠬᠢᠵᠦ᠂ ᠬᠢᠨᠠᠨ ᠪᠤᠳᠤᠯᠲᠠ ᠪᠠᠷ ᠳᠡᠮᠵᠢᠨ ︽ᠳᠤᠷ᠎ᠠ ᠪᠠᠷ ᠢᠶᠠᠨ | ᠰᠦᠢᠳᠬᠡᠯ ᠬᠤᠷᠢᠶᠠᠬᠤ︾ ᠠᠰᠠᠭᠤᠳᠠᠯ ᠢᠯᠡᠷᠡᠭᠰᠡᠨ ᠥᠬᠡᠶ᠃ | ᠭᠤᠷᠪᠠ᠂ ᠭᠤᠤᠯᠳᠠᠯᠭ᠎ᠠ ᠲᠠᠢ ᠲᠤᠰᠬᠠᠶ ᠲᠦᠷᠤᠯ ᠤᠨ ᠬᠢᠨᠠᠨ ᠪᠤᠳᠤᠯᠲᠠ ︵ᠬᠢᠨᠠᠨ ᠪᠤᠳᠤᠯᠲᠠ ᠶᠢᠨ | ᠪᠠᠶᠢᠴᠠᠭᠠᠯᠲᠠ︶ ᠶᠢᠨ ᠪᠠᠶᠢᠳᠠᠯ | ⒈ᠠᠪᠠᠭ᠎ᠠ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ | ᠠᠰᠠᠭᠤᠳᠠᠯ ᠤᠨ ᠲᠤᠰᠬᠠᠶ ᠲᠦᠷᠤᠯ ᠤᠨ ᠴᠡᠭᠴᠡᠯᠡᠨ ᠵᠠᠰᠠᠯᠲᠠ ᠶᠢᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ | ᠪᠤᠳᠤᠬᠤ ᠶᠠᠪᠤᠴᠠ ᠳᠤ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠬᠡᠷ ᠢ ᠪᠠᠷᠢᠮᠵᠢᠶ᠎ᠠ ᠶᠣᠰᠣᠭᠠᠷ 12,383. | 46 ᠲᠡᠭᠰᠢ ᠳᠥᠷᠪᠡᠯᠵᠢᠨ ᠮᠧᠲᠷ ᠪᠠᠶᠢᠭᠤᠯᠤᠭᠰᠠᠨ ᠥᠬᠡᠶ ᠪᠠᠶᠢᠳᠠᠯ ᠳᠤ ᠴᠢᠭᠯᠡᠭᠦᠯᠦᠨ᠂216.22 ᠲᠦᠮᠡᠨ | ᠲᠥᠭᠦᠷᠢᠭ ᠤᠨ ᠬᠤᠷᠢᠶᠠᠬᠤ ᠶᠣᠰᠣᠲᠠᠶ ᠪᠠᠶᠢᠲᠠᠯ᠎ᠠ ᠬᠤᠷᠢᠶᠠᠭᠰᠠᠨ ᠥᠬᠡᠶ ᠠᠭᠠᠷ ᠤᠨ ᠰᠡᠷᠭᠡᠶᠢᠯᠡᠯᠲᠡ ᠶᠢᠨ ᠭᠠᠵᠠᠷ | ᠳᠣᠤᠷᠠᠬᠢ ᠬᠡᠷ ᠢ ᠣᠨᠳᠣᠤ ᠭᠠᠵᠠᠷ ᠲᠤ ᠪᠥᠲᠥᠭᠡᠨ ᠪᠠᠶᠢᠭᠤᠯᠬᠤ ᠵᠠᠷᠤᠳᠠᠯ ᠤᠨ ᠠᠰᠠᠭᠤᠳᠠᠯ ᠤᠨ ᠲᠤᠬᠠᠶ ᠮᠠᠨ ᠤ | ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ | ᠳᠤᠷᠠᠳᠪᠠ᠃ ᠬᠢᠨᠠᠨ ᠪᠣᠳᠣᠬᠤ ᠪᠠᠷ ᠳᠠᠮᠵᠢᠭᠤᠯᠤᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ | ᠤᠨ ᠬᠠᠮᠢᠶ᠎ᠠ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠬᠢᠨᠠᠨ ᠵᠦᠪᠰᠢᠶᠠᠷᠡᠯ ᠤᠨ ᠲᠣᠭᠲᠠᠭᠠᠯ ᠤᠨ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠬᠦ ᠶᠢ ᠤᠯᠠᠮ ᠴᠢᠨᠠᠭᠰᠢᠳᠠ | ᠠᠬᠢᠭᠤᠯᠪᠠ᠃ | ⒉ᠠᠪᠠᠭ᠎ᠠ ᠬᠤᠰᠢᠭᠤᠨ ᠤ 2020 ᠣᠨ ᠳᠤ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠬᠦ ᠶᠢ | ᠠᠬᠢᠭᠤᠯᠬᠤ ᠲᠤᠰᠬᠠᠶ ᠲᠦᠷᠤᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠮᠠᠨ ᠤ ᠬᠤᠰᠢᠭᠤ ᠨᠢ ᠠᠵᠤ ᠠᠬᠤᠶᠢᠯᠠᠯ | ᠳᠤ ᠲᠦᠬᠦᠮ ᠦᠵᠡᠬᠦᠯᠬᠦ ᠶᠢᠨ ᠲᠤᠰᠠᠳᠠ ᠪᠠᠷᠢᠯᠭ᠎ᠠ ᠶᠢᠨ ᠵᠥᠪᠰᠢᠶᠡᠷᠡᠯ᠂ ᠤᠰᠤ ᠳᠤᠯᠠᠭᠠᠯᠭ᠎ᠠ ᠬᠠᠩᠭᠠᠵᠤ ᠪᠠᠶᠢᠭ᠎ᠠ | ᠪᠠᠶᠢᠳᠠᠯ ᠵᠢᠴᠢ ᠲᠥᠷᠥᠯ ᠵᠥᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠯᠭᠠᠨ ᠦᠨᠡᠯᠡᠯᠳᠡ ᠶᠢᠨ | ᠬᠤᠭᠤᠴᠠᠭ᠎ᠠ ᠶᠢ ᠠᠷᠪᠢᠯᠠᠭᠰᠡᠨ ᠪᠠᠶᠢᠳᠠᠯ ᠵᠡᠷᠬᠡ 3 ᠠᠭᠤᠯᠭ᠎ᠠ ᠶᠢ ᠭᠤᠤᠯᠳᠠᠯᠭ᠎ᠠ ᠲᠠᠢ ᠬᠢᠨᠠᠨ ᠪᠤᠳᠤᠵᠤ᠂ 2 ᠨᠢᠭᠡᠴᠡ | ᠂ 6 ᠲᠥᠷᠥᠯ ᠵᠥᠢᠯ ᠢ ᠰᠤᠭᠤᠴᠢᠨ ᠪᠠᠶᠢᠴᠠᠭᠠᠪᠠ᠃ ᠬᠢᠨᠠᠨ ᠪᠤᠳᠤᠬᠤ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ | ᠠᠪᠠᠭ᠎ᠠ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠲᠤᠭᠳᠠᠯᠴᠠᠭ᠎ᠠ ᠪᠠᠶᠢᠭᠤᠯᠵᠤ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠢ | ᠰᠢᠯᠢᠳᠡᠭᠵᠢᠭᠦᠯᠬᠦ ᠶᠢ ᠠᠬᠢᠭᠤᠯᠬᠤ ᠡᠯ᠎ᠡ ᠵᠥᠢᠯ ᠤᠨ ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠨᠡᠯᠢᠶᠡᠳ | ᠰᠠᠶᠢᠨ ᠲᠤᠤᠱᠯᠠᠭᠤᠯᠤᠨ ᠬᠡᠷᠡᠭᠵᠢᠭᠦᠯᠪᠡ᠃ | ⒊2019 ᠣᠨ ᠤ ᠬᠠᠨᠳᠢᠪ ᠤᠨ ᠪᠡᠯᠡ ᠮᠥᠩᠭᠦ ᠡᠳ᠋ ᠪᠣᠳᠠᠰ ᠢ ᠴᠤᠭᠯᠠᠭᠤᠯᠤᠭᠰᠠᠨ᠂ ᠬᠠᠮᠢᠶᠠᠷᠤᠭᠰᠠᠨ᠂ | ᠬᠡᠷᠡᠭᠯᠡᠭᠰᠡᠨ ᠪᠠᠶᠢᠳᠠᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠭᠰᠠᠨ ᠪᠠᠶᠢᠳᠠᠯ ᠠᠴᠠ ᠦᠵᠡᠪᠡᠯ᠂ | ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠠᠨᠳᠢᠪ ᠤᠨ ᠪᠠᠯᠠ ᠮᠥᠩᠭᠦ ᠶᠢ ᠭᠥᠯᠢᠶᠡᠨ | ᠠᠪᠤᠭᠰᠠᠨ ᠬᠠᠮᠢᠶᠠᠷᠤᠯᠲᠠ ᠨᠢ ᠦᠨᠳᠦᠰᠦᠨ ᠳᠡᠭᠡᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠵᠦ᠂ ᠲᠤᠰᠬᠠᠶ | ᠪᠡᠯᠡ ᠮᠦᠩᠬᠦ ᠶᠢ ᠲᠤᠰᠬᠠᠶ ᠵᠥᠢᠯ ᠳᠤ ᠬᠡᠷᠡᠭᠯᠡᠵᠦ᠂ ᠲᠥᠰᠦᠯ ᠤᠨ ᠱᠠᠭᠠᠷᠳᠠᠯᠭ᠎ᠠ ᠶᠣᠰᠣᠭᠠᠷ ᠬᠡᠷᠡᠭᠵᠢᠬᠦᠯᠬᠦ ᠶᠢ | ᠪᠠᠶᠠᠯᠠᠬᠦᠯᠦᠭᠰᠡᠨ ᠪᠠᠶᠢᠨ᠎ᠠ᠃ | ⒋2016 ᠣᠨ ᠠᠴᠠ 2019 ᠣᠨ ᠪᠣᠯᠲᠠᠯᠠᠬᠢ ︽ᠬᠤᠨᠢ ᠶᠢ ᠴᠥᠭᠡᠳᠬᠡᠵᠦ ᠦᠬᠡᠷ ᠢ ᠨᠡᠮᠡᠭᠳᠡᠭᠦᠯᠬᠦ︾ | ᠨᠥᠬᠦᠪᠥᠷᠢ ᠶᠢᠨ ᠪᠠᠯᠠ ᠮᠥᠩᠭᠦ ᠳᠤ ᠬᠢᠨᠠᠨ ᠪᠤᠳᠤᠯᠲᠠ ᠬᠢᠪᠡ᠃ ᠮᠠᠨ ᠤ ᠬᠤᠰᠢᠭᠤᠨ ᠤ 2016 ᠣᠨ ᠠᠴᠠ | 2019 ᠣᠨ ᠪᠣᠯᠲᠠᠯᠠᠬᠢ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾ ᠨᠥᠬᠦᠪᠥᠷᠢ ᠶᠢᠨ ᠪᠠᠯᠠ ᠮᠥᠩᠭᠦ ᠶᠢ | ᠲᠦᠯᠤᠪᠤᠷᠢᠯᠡᠨ ᠥᠭᠬᠦ ᠪᠠ ᠤᠯᠭᠤᠬᠤ᠂ ᠪᠠᠯᠠ ᠮᠦᠩᠭᠦᠨ ᠤ ᠬᠠᠮᠢᠶᠠᠷᠤᠯᠳᠠ ᠬᠡᠷᠡᠭᠯᠡᠯᠳᠡ᠂ ᠲᠥᠷᠥᠯ ᠵᠥᠢᠯ ᠤᠨ | ᠲᠥᠯᠥᠪᠯᠡᠭᠡ ᠶᠢᠨ ᠬᠡᠷᠡᠭᠵᠢᠬᠦᠯᠤᠯᠳᠠ᠂ ᠬᠡᠷᠡᠭᠵᠢᠬᠦᠯᠤᠯᠳᠠ ᠶᠢᠨ ᠦᠷ᠎ᠡ ᠠᠰᠢᠭ ᠵᠡᠷᠭᠡ ᠪᠠᠶᠢᠳᠠᠯ ᠳᠤ | ᠭᠤᠤᠯᠳᠠᠯᠭ᠎ᠠ ᠲᠠᠢ ᠬᠢᠨᠠᠨ ᠪᠤᠳᠤᠯᠲᠠ ᠬᠢᠪᠠ᠃ ᠬᠢᠨᠠᠨ ᠪᠤᠳᠤᠬᠤ ᠶᠠᠪᠤᠴᠠ ᠳᠤ 0.55 ᠲᠦᠮᠡᠨ ᠲᠦᠬᠦᠷᠢᠭ ᠤᠨ | ᠮᠢᠬᠠᠨ ᠤ ᠦᠬᠡᠷ ᠤᠨ ᠨᠥᠬᠦᠪᠥᠷᠢ ᠶᠢ ᠢᠯᠡᠬᠦᠦ ᠲᠠᠷᠬᠠᠭᠠᠭᠰᠡᠨ ᠢ ᠢᠯᠡᠷᠡᠬᠦᠯᠵᠤ᠂ ᠲᠡᠳᠬᠦᠨ ᠳᠡᠮᠵᠢᠬᠦ ᠨᠥᠬᠦᠴᠡᠯ ᠳᠤ | ᠨᠡᠶᠢᠴᠡᠬᠦ 12.5 ᠲᠦᠮᠡᠨ ᠲᠥᠭᠦᠷᠢᠭ ᠪᠤᠬ᠎ᠠ ᠶᠢᠨ ᠨᠥᠬᠦᠪᠥᠷᠢ ᠢ ᠲᠠᠷᠬᠠᠭᠠᠭᠰᠠᠨ ︵ᠤᠯᠭᠤᠬᠤ︶ ᠥᠬᠡᠶ | ᠠᠰᠠᠭᠤᠳᠠᠯ ᠳᠤ ᠴᠢᠭᠯᠡᠬᠦᠯᠤᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ | ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠤᠳᠤᠯᠲᠠ ᠪᠠᠷ ᠳᠠᠮᠵᠢᠭᠤᠯᠤᠨ᠂ ︽ᠬᠤᠨᠢ ᠶᠢ ᠴᠥᠭᠡᠳᠬᠡᠨ | ᠦᠬᠡᠷ ᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠪᠠ᠃ | ⒌ᠠᠪᠠᠭ᠎ᠠ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ | ᠲᠥᠷᠥᠯ ᠵᠥᠢᠯ ᠤᠨ ᠬᠢᠨᠡᠨ ᠪᠤᠳᠤᠯᠳᠠ ᠶᠢ ᠪᠡᠶᠡᠯᠡᠭᠦᠯᠵᠦ᠂ ᠮᠠᠯᠵᠢᠬᠤ ᠣᠷᠣᠨ ᠤ ᠣᠳᠣᠬᠢᠴᠢᠯᠠᠭᠰᠠᠨ ᠤᠶᠤᠨᠲᠤ ᠮᠠᠯ | ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠵᠢᠴᠢ ᠮᠣᠩᠭᠤᠯ ᠠᠳᠤᠭᠤᠨ ᠤ ᠰᠣᠶᠣᠯ ᠤᠨ ᠠᠵᠤ | ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠥᠢᠯ ᠢ ᠭᠤᠤᠯᠳᠠᠯᠭ᠎ᠠ ᠲᠠᠢ ᠮᠥᠷᠳᠡᠨ᠂ ᠬᠢᠨᠠᠨ ᠪᠤᠳᠤᠯᠲᠠ ᠬᠢᠪᠠ | ᠃ ᠬᠢᠨᠠᠨ ᠪᠤᠳᠤᠯᠲᠠ ᠶᠢᠨ ᠳ᠋ᠦᠩ ᠠᠴᠠ ᠦᠵᠡᠪᠡᠯ᠂ ᠠᠪᠠᠭ᠎ᠠ ᠬᠤᠰᠢᠭᠤᠨ ᠤ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠥᠢᠯ ᠤᠨ ᠨᠢᠭᠲᠠᠯᠠᠨ ᠪᠤᠳᠤᠬᠤ ᠲᠣᠭᠠᠴᠠᠭ᠎ᠠ | ᠦᠨᠳᠦᠰᠦᠨ ᠳᠡᠭᠡᠨ ᠵᠢᠷᠤᠮᠵᠢᠵᠤ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠦᠨᠡᠨ | ᠪᠣᠳᠠᠲᠠᠶ᠂ ᠬᠠᠤᠯᠢ ᠳᠤ ᠨᠡᠶᠢᠴᠡᠨ᠎ᠡ᠃ ᠲᠦᠷᠤᠯ ᠵᠥᠢᠯ ᠢ ᠬᠡᠷᠡᠭᠵᠢᠭᠦᠯᠬᠦ ᠶᠠᠪᠤᠴᠠ ᠳᠤ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠬᠢᠨᠠᠨ ᠬᠠᠮᠢᠶᠠᠷᠬᠤ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠵᠢᠷᠤᠵᠤ ᠲᠥᠯᠥᠪᠯᠡᠬᠦ᠂ ᠬᠢᠨᠠᠨ | ᠬᠠᠮᠢᠶᠠᠷᠬᠤ᠂ ᠪᠠᠷᠢᠯᠭ᠎ᠠ ᠪᠠᠷᠢᠬᠤ ᠭᠡᠷ᠎ᠡ ᠵᠡᠷᠭᠡ ᠶᠢ ᠬᠠᠤᠯᠢ ᠶᠣᠰᠣᠭᠠᠷ ᠲᠣᠭᠲᠠᠭᠠᠵᠤ᠂ ᠦᠨᠳᠦᠰᠦᠨ ᠪᠦᠳᠦᠭᠡᠨ | ᠪᠠᠶᠢᠭᠤᠯᠤᠯᠲᠠ ᠶᠢᠨ ᠵᠢᠷᠤᠮᠯᠡᠯ ᠢᠶᠠᠷ ᠭᠦᠢᠴᠡᠳᠬᠡᠪᠡ᠃ | ⒍ᠠᠪᠠᠭ᠎ᠠ ᠬᠤᠰᠢᠭᠤᠨ ᠤ 2020 ᠣᠨ ᠤ 9 — 12 ᠰᠠᠷ᠎ᠠ ᠳᠤ ᠰᠢᠨ᠎ᠡ ᠪᠠᠷ ᠨᠡᠮᠡᠭᠳᠡᠭᠰᠡᠨ ᠡᠳ᠋ ᠤᠨ | ᠵᠠᠰᠠᠭ ᠤᠨ ᠪᠠᠯᠠ ᠮᠥᠩᠭᠦ ᠶᠢ ᠬᠤᠲᠠ ᠰᠢᠶᠠᠨ᠂ ᠦᠨᠳᠦᠰᠦᠨ ᠱᠠᠲᠤᠨ ᠳᠤ ᠰᠢᠭᠤᠳ ᠪᠠᠭᠤᠯᠭᠠᠬᠤ ᠪᠠᠷ ᠳᠠᠮᠵᠢᠨ᠂ | ᠠᠵᠤ ᠠᠬᠤᠶᠢᠯᠠᠯ ᠳᠤ ᠬᠠᠷᠠᠭᠠᠯᠵᠠᠯ ᠦᠵᠡᠬᠦᠯᠤᠨ ᠠᠷᠠᠳ ᠲᠤ ᠠᠰᠢᠭ ᠬᠦᠷᠲᠡᠭᠡᠬᠦ ᠲᠤᠰᠬᠠᠶ ᠲᠦᠷᠤᠯ ᠵᠥᠢᠯ ᠳᠤ | ᠬᠢᠨᠠᠨ ᠪᠤᠳᠤᠯᠲᠠ ᠬᠢᠪᠠ᠃ ᠬᠢᠨᠠᠨ ᠪᠤᠳᠤᠬᠤ ᠶᠠᠪᠤᠴᠠ ᠳᠤ ᠬᠤᠰᠢᠭᠤ ᠡᠳ᠋ ᠤᠨ ᠵᠠᠰᠠᠭ ᠠᠴᠠ ᠳᠡᠭᠡᠳᠦ ᠱᠠᠲᠤᠨ ᠤ | ᠪᠣᠳᠠᠲᠠᠶ ᠭᠤᠪᠢᠭᠤᠯᠤᠨ ᠣᠷᠣᠭᠤᠯᠤᠭᠰᠠᠨ 6142.83 ᠲᠦᠮᠡᠨ ᠲᠥᠭᠦᠷᠢᠭ ᠤᠨ ᠰᠢᠭᠤᠳ ᠬᠦᠷᠭᠡᠬᠦ ᠪᠠᠯᠠ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠬᠦᠢᠴᠡᠳ ᠲᠦᠯᠤᠪᠤᠷᠢᠯᠡᠭᠰᠡᠨ ᠥᠬᠡᠶ ᠠᠰᠠᠭᠤᠳᠠᠯ ᠳᠤ | ᠴᠢᠭᠯᠡᠭᠦᠯᠦᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ | ᠰᠠᠨᠠᠭᠤᠯᠭ᠎ᠠ ᠳᠤᠷᠠᠳᠪᠠ᠃ ᠬᠢᠨᠠᠨ ᠪᠤᠳᠤᠯᠲᠠ ᠪᠠᠷ ᠳᠠᠮᠵᠢᠭᠤᠯᠤᠨ ᠰᠢᠭᠤᠳ ᠪᠠᠭᠤᠯᠭᠠᠬᠤ ᠪᠡᠯᠡ ᠮᠥᠩᠭᠦ ᠶᠢᠨ | ᠬᠠᠮᠢᠶᠠᠷᠤᠯᠲᠠ ᠪᠠ ᠬᠡᠷᠡᠭᠯᠡᠯᠲᠡ ᠶᠢ ᠤᠯᠠᠮ ᠴᠢᠨᠠᠭᠰᠢᠳᠠ ᠵᠢᠷᠤᠮᠵᠢᠭᠤᠯᠪᠠ᠃ | ⒎ᠠᠪᠠᠭ᠎ᠠ ᠬᠤᠰᠢᠭᠤᠨ ᠤ 2020 ᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ | ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢ | ᠪᠡᠶᠡᠯᠡᠭᠦᠯᠪᠡ᠃ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠠᠴᠠ ᠦᠵᠡᠪᠡᠯ᠂ ᠬᠤᠰᠢᠭᠤ ᠡᠳ᠋ ᠤᠨ | ᠵᠠᠰᠠᠭ ᠤᠨ ᠲᠣᠪᠴᠢᠶ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ | ᠮᠦᠩᠬᠦᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠦᠩᠬᠦᠨ ᠤ | ᠬᠤᠪᠢᠶᠠᠷᠢᠯᠠᠯᠲᠠ ᠶᠢᠨ ᠬᠢᠨᠠᠯᠲᠠ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠦᠩᠬᠦᠨ ᠤ ᠲᠤᠰᠬᠠᠶ ᠪᠡᠯᠡ ᠮᠦᠩᠬᠦ ᠶᠢ ᠲᠤᠰᠬᠠᠢ ᠬᠡᠷᠡᠭᠯᠡᠬᠦ ᠶᠢ ᠪᠠᠳᠤᠯᠠᠪᠠ᠃ ᠡᠯ᠎ᠡ | ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠨᠢ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠥᠢᠯ ᠤᠨ ᠬᠢᠨᠡᠨ | ᠬᠠᠮᠢᠶᠠᠷᠤᠯᠳᠠ ᠪᠠᠨ ᠴᠢᠩᠭᠠᠳᠬᠠᠵᠤ᠂ ᠲᠥᠷᠥᠯ ᠵᠥᠢᠯ ᠤᠨ ᠠᠬᠢᠴᠠ ᠪᠠ ᠲᠣᠭᠲᠠᠭᠠᠯ ᠶᠣᠰᠣᠭᠠᠷ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠶᠢ ᠬᠡᠷᠡᠭᠯᠡᠬᠦ ᠶᠢ ᠰᠠᠶᠢᠲᠤᠷ ᠠᠳᠬᠤᠪᠠ᠃ | ⒏ᠠᠪᠠᠭ᠎ᠠ ᠬᠤᠰᠢᠭᠤᠨ ᠤ 2020 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠬᠢᠨᠠᠨ | ᠪᠤᠳᠤᠯᠲᠠ ᠶᠢ ᠪᠡᠶᠡᠯᠡᠭᠦᠯᠪᠡ᠃ ᠬᠢᠨᠠᠨ ᠪᠤᠳᠤᠬᠤ ᠶᠠᠪᠤᠴᠠ ᠳᠤ ᠬᠤᠰᠢᠭᠤ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠠᠴᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠳᠤ 2014 ᠣᠨ ᠤ 10 ᠰᠠᠷ᠎ᠠ ᠠᠴᠠ | 2018 ᠣᠨ ᠤ 12 ᠰᠠᠷ᠎ᠠ ᠪᠣᠯᠲᠠᠯ᠎ᠠ ᠠᠵᠢᠯ ᠠᠴᠠ ᠪᠠᠨ ᠪᠠᠭᠤᠵᠤ ᠠᠮᠠᠷᠠᠭᠰᠠᠳ ᠲᠤ ᠰᠢᠨ᠎ᠡ ᠬᠠᠭᠤᠴᠢᠨ | ᠠᠷᠭ᠎ᠠ ᠪᠠᠷ 351 ᠲᠦᠮᠡᠨ ᠲᠥᠭᠦᠷᠢᠭ ᠢ ᠨᠥᠬᠦᠪᠥᠷᠢᠯᠡᠵᠤ ᠦᠭᠪᠠ︔ ᠳᠠᠭᠠᠳᠬᠠᠯ ᠳᠤ ᠣᠷᠣᠯᠴᠠᠭᠰᠠᠨ | ᠨᠢᠭᠡᠴᠡ ᠶᠢᠨ ᠲᠤᠰᠢᠶᠠᠭᠰᠠᠨ ᠪᠠᠯᠠ ᠮᠥᠩᠭᠦ ᠬᠦᠷᠦᠯᠴᠡᠬᠦ ᠥᠬᠡᠶ ᠠᠴᠠ ᠪᠣᠯᠵᠣ᠂ ᠬᠤᠰᠢᠭᠤ ᠴᠠᠭ ᠠᠭᠤᠷ ᠤᠨ | ᠲᠣᠪᠴᠢᠶ᠎ᠠ᠂ ᠬᠤᠰᠢᠭᠤ ᠨᠠᠷᠠᠨ ᠴᠠᠭ ᠠᠭᠤᠷ ᠤᠨ ᠥᠷᠲᠡᠭᠡ ᠶᠢᠨ 2014 ᠣᠨ ᠤ 10 ᠰᠠᠷ᠎ᠠ ᠠᠴᠠ 2020 | ᠣᠨ ᠤ 12 ᠰᠠᠷ᠎ᠠ ᠪᠣᠯᠲᠠᠯᠠᠬᠢ ᠠᠵᠢᠯ ᠮᠡᠷᠭᠡᠵᠢᠯ ᠤᠨ ᠣᠨ ᠤ ᠮᠥᠩᠭᠦ 121.92 ᠲᠦᠮᠡᠨ ᠲᠥᠭᠦᠷᠢᠭ ᠢ | ᠳᠤᠲᠠᠭᠤ ᠲᠤᠰᠢᠶᠠᠭᠰᠠᠨ ᠠᠰᠠᠭᠤᠳᠠᠯ ᠢ ᠢᠯᠡᠷᠡᠬᠦᠯᠤᠨ᠂ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠬᠤ ᠰᠠᠨᠠᠭᠤᠯᠭ᠎ᠠ ᠳᠤᠷᠠᠳᠪᠠ᠃ ᠬᠢᠨᠠᠨ ᠪᠤᠳᠤᠬᠤ ᠪᠠᠷ ᠳᠠᠮᠵᠢᠭᠤᠯᠤᠨ | ᠂ ᠳᠡᠭᠡᠳᠦ ᠱᠠᠲᠤᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠡᠯ᠎ᠡ ᠵᠥᠢᠯ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠶᠢ | ᠵᠢᠷᠤᠮᠵᠢᠭᠤᠯᠪᠠ᠃ | ⒐2021 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠬᠦᠯᠤᠯᠳᠠ ᠶᠢ ᠮᠥᠷᠳᠡᠨ ᠬᠢᠨᠠᠨ ᠪᠤᠳᠤᠯᠲᠠ ᠶᠢ ᠪᠡᠶᠡᠯᠡᠭᠦᠯᠪᠡ᠃ ᠡᠵᠡᠩᠨᠡᠯᠲᠡ ᠶᠢᠨ ᠣᠷᠴᠢᠨ | ᠨᠦᠬᠦᠴᠠᠯ ᠢ ᠰᠢᠯᠢᠳᠡᠭᠵᠢᠭᠦᠯᠬᠦ ᠲᠠᠯ᠎ᠠ ᠪᠠᠷ ᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ | ᠠᠵᠤ ᠠᠬᠤᠶᠢᠯᠠᠯ ᠳᠤ ᠦᠷᠢᠳᠤᠵᠤ ᠪᠠᠶᠢᠭ᠎ᠠ ᠲᠠᠩᠰᠠ ᠶᠢ ᠴᠠᠪᠠᠷᠯᠡᠬᠦ᠂ ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ᠂ ᠰᠦᠢᠳᠬᠡᠯ ᠢ ᠪᠠᠭᠤᠷᠠᠭᠤᠯᠬᠤ ᠶᠢ ᠴᠡᠭᠴᠡᠯᠡᠨ ᠵᠢᠷᠤᠮᠵᠢᠭᠤᠯᠬᠤ ᠵᠡᠷᠭᠡ ᠠᠵᠤ | ᠠᠬᠤᠶᠢᠯᠠᠯ ᠳᠤ ᠬᠤᠯᠪᠣᠭᠳᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠭᠤᠤᠯᠳᠠᠯᠭ᠎ᠠ ᠲᠠᠢ | ᠬᠢᠨᠠᠨ ᠪᠤᠳᠤᠯᠳᠠ ᠬᠢᠪᠠ᠃ ᠨᠡᠶᠢᠲᠡ 14 ᠰᠠᠯᠠᠭ᠎ᠠ ᠮᠥᠴᠢᠷ ᠪᠠᠶᠢᠭᠤᠯᠭ᠎ᠠ᠂ 30 ᠭᠠᠷᠤᠶ ᠲᠥᠷᠥᠯ ᠵᠥᠢᠯ ᠳᠤ | ᠰᠤᠭᠤᠴᠢᠨ ᠪᠠᠶᠢᠴᠠᠭᠠᠯᠳᠠ ᠬᠢᠵᠤ᠂ ᠬᠤᠯᠪᠣᠭᠳᠠᠭᠰᠠᠨ ᠪᠠᠯᠠ ᠮᠥᠩᠭᠦ ᠨᠢ 1.42 ᠳ᠋ᠦᠩᠰᠢᠭᠤᠷ ᠲᠥᠭᠦᠷᠢᠭ ᠲᠤ | ᠬᠦᠷᠪᠡ᠂ ᠡᠭᠦᠨ ᠳᠤ᠄ ᠡᠳ᠋ ᠤᠨ ᠵᠠᠰᠠᠭ ᠤᠨ ᠪᠠᠯᠠ ᠮᠥᠩᠭᠦ ᠨᠢ 1.19 ᠳ᠋ᠦᠩᠰᠢᠭᠤᠷ ᠲᠥᠭᠦᠷᠢᠭ ᠪᠤᠢ᠃ ᠬᠢᠨᠠᠨ | ᠪᠤᠳᠤᠬᠤ ᠶᠠᠪᠤᠴᠠ ᠳᠤ 2 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠲᠦᠯᠤᠪᠤᠷᠢᠯᠡᠨ | ᠥᠭᠭᠦᠭᠰᠡᠨ ᠥᠬᠡᠶ ᠪᠠᠶᠢᠳᠠᠯ ᠢ ᠪᠠᠶᠢᠴᠠᠭᠠᠨ ᠢᠯᠡᠷᠡᠬᠦᠯᠪᠠ︔ 2020 ᠣᠨ ᠳᠤ ᠣᠨᠴᠠ ᠵᠠᠷᠢᠮ ᠬᠤᠳᠠ ᠶᠢᠨ | ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠵᠦᠪᠰᠢᠶᠠᠷᠡᠯ ᠦᠬᠡᠢ ᠪᠠᠷ ᠤᠷᠢᠳᠠᠪᠠᠷ ᠪᠠᠶᠢᠭᠤᠯᠬᠤ | ᠠᠰᠠᠭᠤᠳᠠᠯ ᠳᠤ ᠮᠠᠨ ᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠵᠦᠢ ᠵᠣᠬᠢᠰᠲᠠᠶ ᠬᠢᠨᠠᠨ | ᠪᠤᠳᠤᠬᠤ ᠰᠠᠨᠠᠭᠤᠯᠭ᠎ᠠ ᠲᠤᠷᠠᠳᠪᠠ᠃ | ⒑ᠠᠪᠠᠭ᠎ᠠ ᠬᠤᠰᠢᠭᠤᠨ ᠤ 2018 ᠣᠨ ᠤ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠯᠠ ᠮᠦᠩᠭᠦᠨ ᠤ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ | ᠪᠤᠳᠤᠯᠲᠠ ᠶᠢᠨ ᠦᠷ᠎ᠡ ᠳ᠋ᠦᠩ ᠠᠴᠠ ᠦᠵᠡᠪᠡᠯ᠂ ᠠᠪᠠᠭ᠎ᠠ ᠬᠤᠰᠢᠭᠤᠨ ᠤ 2018 ᠣᠨ ᠤ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠤᠨ ᠬᠠᠤᠯᠢ ᠶᠢᠨ ᠡᠷᠬᠡᠲᠡᠨ ᠤ | ᠬᠠᠷᠢᠭᠤᠴᠠᠯᠭ᠎ᠠ ᠶᠢᠨ ᠲᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠤᠨᠤᠭᠠᠬᠤ ᠲᠦᠷᠢᠮ᠂ | ᠢᠨᠵᠧᠨᠧᠷᠢᠩ ᠤᠨ ᠬᠢᠨᠠᠨ ᠬᠠᠮᠢᠶᠠᠷᠤᠯᠳᠠ ᠶᠢᠨ ᠲᠦᠷᠢᠮ᠂ ᠭᠡᠷ᠎ᠡ ᠶᠢᠨ ᠲᠦᠷᠢᠮ ᠵᠡᠷᠭᠡ ᠶᠢ ᠨᠠᠶᠢᠳᠠᠪᠤᠷᠢᠵᠢᠭᠤᠯᠵᠤ᠂ | ᠨᠢᠭᠲᠠᠯᠠᠨ ᠪᠤᠳᠤᠵᠤ ᠬᠢᠨᠡᠨ ᠬᠠᠷᠭᠤᠭᠤᠯᠤᠭᠰᠡᠨ ᠨᠢ ᠨᠡᠯᠢᠶᠡᠳ ᠵᠢᠷᠤᠮᠵᠢᠭᠤᠨ ᠪᠠᠶᠢᠵᠤ᠂ ᠡᠳ᠋ ᠤᠨ ᠶᠠᠪᠤᠳᠠᠯ ᠤᠨ | ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠦᠨᠡᠨ ᠪᠣᠳᠠᠲᠠᠶ᠂ ᠬᠠᠤᠯᠢ ᠳᠤ ᠨᠡᠶᠢᠴᠡᠭᠰᠡᠨ ᠪᠠᠶᠢᠨ᠎ᠠ᠃ | ⒒2020 ᠣᠨ ᠤ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪ ᠤᠨ ᠪᠡᠯᠡ ᠮᠥᠩᠭᠦ | ᠡᠳ᠋ ᠪᠣᠳᠠᠰ ᠤᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠤᠨ ᠬᠢᠨᠠᠨ ᠪᠤᠳᠤᠯᠲᠠ ᠶᠢ ᠪᠡᠶᠡᠯᠡᠭᠦᠯᠪᠡ᠃ ᠬᠢᠨᠠᠨ | ᠪᠤᠳᠤᠯᠲᠠ ᠠᠴᠠ᠂ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪ ᠤᠨ ᠪᠠᠯᠠ | ᠮᠥᠩᠭᠦᠨ ᠤ ᠬᠠᠮᠢᠶᠠᠷᠤᠯᠲᠠ ᠨᠢ ᠦᠨᠳᠦᠰᠦᠨ ᠳᠡᠭᠡᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠵᠦ᠂ ᠲᠤᠰᠬᠠᠶ | ᠪᠡᠯᠡ ᠮᠦᠩᠬᠦ ᠶᠢ ᠲᠤᠰᠬᠠᠶ ᠬᠡᠷᠡᠭᠯᠡᠬᠦ ᠶᠢ ᠪᠠᠶᠠᠯᠠᠬᠦᠯᠪᠠ᠃ | ⒓ᠠᠪᠠᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠷᠰᠢᠶᠠᠵᠢᠯ᠂ ᠬᠤᠯᠪᠣᠭᠠᠲᠤ | ᠬᠤᠷᠰᠢᠶ᠎ᠠ ᠵᠢᠴᠢ ᠲᠡᠭᠦᠨ ᠤ ᠬᠠᠷᠢᠶ᠎ᠠ ᠠᠵᠤ ᠠᠬᠤᠶᠢᠯᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠶᠢ | ᠪᠡᠶᠡᠯᠡᠭᠦᠯᠪᠡ᠃ ᠬᠢᠨᠠᠨ ᠪᠤᠳᠤᠯᠳᠠ ᠶᠢᠨ ᠳᠤᠮᠳᠠ 2000 ᠣᠨ ᠠᠴᠠ 2012 ᠣᠨ ᠪᠣᠯᠲᠠᠯᠠᠬᠢ ᠲᠠᠩᠰᠠ | ᠬᠠᠷ᠎ᠠ ᠶᠢᠨ ᠪᠠᠶᠢᠷᠢᠯᠠᠭᠤᠯᠤᠯᠲᠠ ᠪᠠ ᠨᠢᠭᠲᠠᠯᠠᠨ ᠪᠤᠳᠤᠯᠳᠠ ᠶᠢᠨ ᠲᠣᠭᠠᠴᠠᠭ᠎ᠠ ᠨᠢ ᠵᠢᠷᠤᠮᠵᠢᠯ ᠦᠭᠡᠢ ᠪᠠᠶᠢᠬᠤ︔ | ᠵᠠᠷᠤᠯᠭ᠎ᠠ ᠳᠤ ᠮᠡᠳᠡᠭᠦᠯᠦᠭᠰᠡᠨ ᠬᠡᠰᠡᠭ ᠫᠢᠶᠣᠣ ᠪᠠᠷᠢᠮᠲᠠ ᠨᠢ ᠵᠢᠷᠤᠮᠵᠢᠯ ᠦᠭᠡᠢ ᠪᠠᠶᠢᠬᠤ︔ ᠳᠣᠲᠣᠭᠠᠳᠤ ᠶᠢᠨ | ᠬᠢᠨᠠᠯᠲᠠ ᠲᠠᠯᠪᠢᠵᠤ ᠬᠢᠵᠠᠭᠠᠷᠯᠠᠬᠤ ᠲᠤᠭᠳᠠᠯᠴᠠᠭ᠎ᠠ ᠪᠦᠷᠢᠨ ᠲᠡᠭᠦᠯᠳᠡᠷ ᠪᠢᠰᠢ︔ ︽ᠭᠤᠷᠪᠠᠨ ᠴᠢᠬᠤᠯᠠ ᠨᠢᠭᠡ ᠶᠡᠭᠡ︾ | ᠶᠢᠨ ᠰᠢᠢᠳᠪᠤᠷᠢᠳᠤ ᠪᠤᠳᠤᠯᠭ᠎ᠠ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠬᠦ ᠲᠠᠯ᠎ᠠ ᠪᠠᠷ ᠬᠦᠴᠦᠨ ᠦᠭᠡᠢ | ᠪᠠᠶᠢᠬᠤ ᠵᠡᠷᠬᠡ ᠬᠠᠮᠢᠶᠠᠷᠤᠯᠳᠠ ᠶᠢᠨ ᠲᠠᠯ᠎ᠠ ᠪᠠᠷ ᠬᠢ ᠠᠰᠠᠭᠤᠳᠠᠯ ᠢ ᠪᠠᠶᠢᠴᠠᠭᠠᠨ ᠢᠯᠡᠷᠡᠬᠦᠯᠵᠤ᠂ ᠮᠠᠨ ᠤ ᠲᠣᠪᠴᠢᠶ᠎ᠠ | ᠴᠡᠭᠴᠡᠯᠡᠨ ᠥᠭᠡᠷᠡᠴᠢᠯᠡᠬᠦ ᠱᠠᠭᠠᠷᠳᠠᠯᠭ᠎ᠠ ᠪᠠ ᠵᠦᠢ ᠵᠣᠬᠢᠰᠲᠠᠶ ᠬᠢᠨᠠᠨ ᠪᠤᠳᠤᠯᠳᠠ ᠶᠢᠨ ᠰᠠᠨᠠᠭᠤᠯᠭ᠎ᠠ ᠶᠢ ᠳᠤᠷᠠᠳᠤᠨ | ᠭᠠᠷᠭᠠᠪᠠ᠃ ᠬᠢᠨᠠᠨ ᠪᠤᠳᠤᠬᠤ ᠡᠷᠬᠡ ᠲᠤᠰᠢᠶᠠᠯ ᠤᠨ ᠬᠡᠪᠴᠢᠶ᠎ᠡ ᠠᠴᠠ ᠳᠠᠪᠠᠭᠰᠠᠨ ᠠᠷᠪᠠᠨ ᠨᠢᠭᠡᠨ ᠠᠰᠠᠭᠤᠳᠠᠯ ᠢ | ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ | ᠤᠯᠠᠮ ᠴᠢᠨᠠᠭᠰᠢᠳᠠ ᠬᠢᠨᠠᠨ ᠬᠠᠷᠭᠤᠭᠤᠯᠵᠤ ᠰᠢᠢᠳᠪᠤᠷᠢᠯᠡᠨ᠎ᠠ᠃ | ᠳᠥᠷᠪᠡ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠥᠪ ᠬᠥᠷᠥᠩᠭᠡ ᠶᠢᠨ | ᠲᠤᠰᠢᠶᠠᠯ ᠤᠨ ᠬᠤᠭᠤᠴᠠᠭᠠᠨ ᠳᠠᠬᠢ ᠬᠢᠨᠠᠨ ᠪᠤᠳᠤᠯᠲᠠ ᠶᠢ ᠬᠢᠨᠠᠮᠠᠭᠠᠶ ᠥᠷᠨᠢᠭᠦᠯᠪᠠ᠃ | ᠨᠠᠷᠠᠨᠪᠤᠯᠠᠭ ᠰᠤᠮᠤᠨ ᠤ ᠵᠠᠰᠠᠭ ᠤᠨ ᠣᠷᠳᠣᠨ ᠤ ᠰᠤᠮᠤᠨ ᠳᠠᠷᠤᠭ᠎ᠠ ᠪᠤᠶᠠᠡᠳᠦ᠋ᠬᠦᠷᠠᠩ ᠨᠥᠬᠦᠷ ᠤᠨ ᠲᠤᠰᠢᠶᠠᠯ ᠤᠨ | ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠬᠤ ᠲᠠᠢ | ᠤᠶᠠᠯᠳᠤᠭᠤᠯᠤᠨ ᠲᠡᠭᠦᠨ ᠤ ᠲᠤᠰᠢᠶᠠᠯ ᠤᠨ ᠬᠤᠭᠤᠴᠠᠭᠠᠨ ᠳᠠᠬᠢ ᠪᠠᠶᠢᠭᠠᠯᠢ ᠶᠢᠨ ᠡᠬᠢ ᠪᠠᠶᠠᠯᠢᠭ ᠤᠨ ᠥᠪ | ᠬᠦᠷᠦᠩᠭᠡ ᠳᠤ ᠬᠢᠨᠠᠨ ᠪᠤᠳᠤᠯᠳᠠ ᠬᠢᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠪᠣᠯᠤᠨ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠶᠢᠳᠠᠯ ᠳᠤ ᠭᠤᠣᠯᠳᠠᠯᠭ᠎ᠠ ᠲᠠᠢ ᠬᠢᠨᠠᠨ ᠪᠤᠳᠤᠯᠳᠠ ᠬᠢᠪᠠ᠃ ᠬᠢᠨᠠᠨ ᠪᠤᠳᠤᠬᠤ ᠶᠠᠪᠤᠴᠠ ᠳᠤ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠤᠷᠡᠬᠦᠯᠤᠨ ᠮᠠᠯᠵᠢᠭᠰᠡᠨ︔ ᠭᠠᠴᠠᠭᠠᠨ ᠤ ᠬᠠᠮᠲᠤ ᠶᠢᠨ ᠨᠤᠳᠤᠭ | ᠪᠡᠯᠴᠢᠭᠡᠷ ᠤᠨ ᠱᠠᠩᠨᠠᠯ ᠨᠦᠬᠦᠪᠤᠷᠢ ᠶᠢᠨ ᠡᠭᠦᠷᠭᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠭᠰᠠᠨ ᠥᠬᠡᠶ︔ | ᠳᠠᠬᠢᠨ ᠱᠠᠩᠨᠠᠬᠤ ᠠᠷᠭ᠎ᠠ ᠶᠢ ᠴᠠᠭ ᠲᠤᠬᠠᠶ ᠳᠤᠨᠢ ᠲᠣᠭᠲᠠᠭᠠᠭᠰᠠᠨ ᠥᠬᠡᠶ᠂ ᠳᠠᠬᠢᠨ ᠱᠠᠩᠨᠠᠬᠤ ᠪᠠᠯᠠ ᠮᠥᠩᠭᠦ ᠶᠢ | ᠴᠠᠭ ᠲᠤᠬᠠᠶ ᠳᠤᠨᠢ ᠲᠠᠷᠬᠠᠭᠠᠭᠰᠠᠨ ᠥᠬᠡᠶ︔ ᠳ᠋ᠦᠩᠨᠡᠨ ᠰᠢᠯᠵᠢᠭᠦᠯᠦᠭᠰᠡᠨ ᠪᠠ ᠦᠯᠡᠳᠡᠪᠦᠷᠢ ᠨᠥᠬᠦᠪᠥᠷᠢ ᠱᠠᠩᠨᠠᠯ ᠤᠨ | ᠪᠠᠯᠠ ᠮᠥᠩᠭᠦ ᠶᠢ ᠴᠠᠭ ᠲᠤᠬᠠᠶ ᠳᠤᠨᠢ ᠰᠢᠢᠳᠪᠤᠷᠢᠯᠡᠭᠰᠡᠨ ᠥᠬᠡᠶ ᠠᠰᠠᠭᠤᠳᠠᠯ ᠢ ᠢᠯᠡᠷᠡᠬᠦᠯᠵᠤ᠂ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠪᠠ ᠵᠦᠶ ᠵᠣᠬᠢᠰᠲᠠᠶ ᠬᠢᠨᠠᠨ ᠪᠤᠳᠤᠯᠲᠠ ᠶᠢᠨ ᠰᠠᠨᠠᠭᠤᠯᠭ᠎ᠠ ᠳᠤᠷᠠᠳᠪᠠ᠃ | ᠲᠠᠪᠤ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠭᠰᠠᠨ ᠪᠠᠶᠢᠳᠠᠯ | 2020 ᠣᠨ ᠤ 8 ᠰᠠᠷ᠎ᠠ ᠠᠴᠠ 2021 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠬᠢᠨᠠᠨ | ᠪᠤᠳᠤᠬᠤ ᠲᠣᠪᠴᠢᠶ᠎ᠠ ᠠᠴᠠ 5 ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠭᠤᠤᠯ | ᠤᠳᠤᠷᠢᠳᠬᠤ ᠺᠠᠳ᠋ᠷ ᠪᠣᠯᠤᠨ 1 ᠰᠤᠮᠤᠨ ᠤ ᠭᠤᠤᠯ ᠤᠳᠤᠷᠢᠳᠬᠤ ᠺᠠᠳ᠋ᠷ ᠤᠨ ᠠᠵᠤ ᠠᠬᠤᠶ ᠶᠢᠨ | ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠪᠡ᠃ ᠬᠢᠨᠠᠨ ᠪᠤᠳᠤᠭᠰᠠᠨ ᠶᠡᠷᠦᠩᠬᠡᠶ | ᠪᠠᠶᠢᠳᠠᠯ ᠠᠴᠠ ᠦᠵᠡᠪᠡᠯ᠂ ᠤᠳᠤᠷᠢᠳᠬᠤ ᠺᠠᠳ᠋ᠷ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠲᠥᠷᠥ ᠶᠢᠨ | ᠪᠣᠳᠣᠯᠭ᠎ᠠ᠂ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠡᠳ᠋ ᠤᠨ ᠵᠠᠰᠠᠭ ᠡᠳ᠋ ᠤᠨ | ᠶᠠᠪᠤᠳᠠᠯ ᠤᠨ ᠲᠦᠷᠢᠮ ᠤᠨ ᠲᠣᠭᠲᠠᠭᠠᠯ ᠢ ᠦᠨᠳᠦᠰᠦᠨ ᠳᠡᠭᠡᠨ ᠬᠡᠷᠡᠭᠵᠢᠭᠦᠯᠵᠦ᠂ ᠲᠥᠰᠦᠪ ᠤᠨ ᠬᠠᠮᠢᠶᠠᠷᠤᠯᠲᠠ ᠪᠠ | ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠣᠭᠲᠠᠭᠠᠯ ᠳᠤ ᠨᠡᠶᠢᠴᠡᠬᠦ | ᠪᠥᠭᠡᠳ ᠬᠠᠤᠯᠢ ᠳᠤ ᠨᠡᠶᠢᠴᠡᠬᠦ ᠪᠣᠯᠪᠠᠴᠤ ᠬᠡᠰᠡᠭ ᠨᠢᠭᠡᠴᠡ ᠳᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠨ᠎ᠠ᠃ | ︵ᠨᠢᠭᠡ︶ ᠨᠠᠷᠠᠨᠪᠤᠯᠠᠭ ᠰᠤᠮᠤᠨ ᠤ ᠲᠠᠷᠤᠭ᠎ᠠ ᠪᠤᠶᠠᠡᠳᠦ᠋ᠬᠦᠷᠠᠩ ᠨᠥᠬᠦᠷ ᠤᠨ ᠲᠤᠰᠢᠶᠠᠯ ᠤᠨ | ᠬᠤᠭᠤᠴᠠᠭᠠᠨ ᠤ ᠬᠢᠨᠠᠨ ᠪᠤᠳᠤᠯᠲᠠ ᠳᠤ ᠵᠠᠷᠤᠯᠭ᠎ᠠ ᠶᠢᠨ ᠬᠡᠪᠴᠢᠶ᠎ᠡ ᠶᠢ 1.82 ᠲᠦᠮᠡᠨ ᠲᠥᠭᠦᠷᠢᠭ ᠥᠷᠭᠡᠳᠬᠡᠭᠰᠡᠨ | ᠪᠠᠶᠢᠳᠠᠯ ᠣᠷᠣᠰᠢᠵᠤ ᠪᠠᠶᠢᠬᠤ ᠶᠢ ᠢᠯᠡᠷᠡᠭᠦᠯᠪᠡ︔ ᠶᠡᠭᠡ ᠲᠣᠭᠠᠨ ᠤ ᠪᠠᠯᠠ ᠮᠥᠩᠭᠦ ᠶᠢ ᠬᠡᠷᠡᠭᠯᠡᠬᠦ ᠭᠠᠷᠳᠠᠮ ᠨᠢ | ᠵᠢᠷᠤᠮᠵᠢᠯ ᠥᠬᠡᠶ︔ 457.52 ᠲᠦᠮᠡᠨ ᠲᠥᠭᠦᠷᠢᠭ ᠤᠨ ᠥᠷᠢ ᠥᠭᠴᠡᠭᠡ ᠶᠢ ᠳᠠᠩᠰᠠᠨ ᠳᠤ ᠤᠷᠤᠭᠤᠯᠵᠤ ᠬᠢᠨᠡᠨ | ᠪᠤᠳᠤᠭᠰᠡᠨ ᠦᠭᠡᠢ ᠠᠰᠠᠭᠤᠳᠠᠯ᠃ | ︵ᠬᠤᠶᠠᠷ︶ ᠬᠤᠰᠢᠭᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠤᠪᠴᠢᠶᠠᠨ ᠳᠠᠷᠤᠭ᠎ᠠ ᠵᠢᠶᠤᠤ ᡁᠢ ᠹᠸᠡᠭ ᠨᠥᠬᠦᠷ ᠤᠨ ᠲᠤᠰᠢᠶᠠᠯ ᠳᠤ ᠪᠠᠶᠢᠭ᠎ᠠ ᠬᠤᠭᠤᠴᠠᠭᠠᠨ ᠳᠤ | ᠬᠢᠨᠠᠨ ᠪᠤᠳᠤᠯᠲᠠ ᠳᠤ ᠰᠢᠨ᠎ᠡ ᠪᠠᠷ ᠨᠡᠮᠡᠭᠳᠡᠭᠰᠡᠨ 1254.04 ᠲᠦᠮᠡᠨ ᠲᠥᠭᠦᠷᠢᠭ ᠢ ᠲᠠᠩᠰᠠᠨ ᠳᠤ | ᠣᠷᠣᠭᠤᠯᠤᠭᠰᠠᠨ ᠥᠬᠡᠶ᠂ ᠲᠠᠩᠰᠠᠨ ᠠᠴᠠ ᠭᠠᠳᠠᠨ᠎ᠠ ᠥᠷᠢᠲᠦᠭᠰᠡᠨ 730.58 ᠲᠦᠮᠡᠨ ᠲᠥᠭᠦᠷᠢᠭ ᠢ | ᠲᠠᠩᠰᠠᠨ ᠳᠤ ᠣᠷᠣᠭᠤᠯᠤᠨ ᠬᠢᠨᠡᠨ ᠪᠤᠳᠤᠭᠰᠡᠨ ᠥᠬᠡᠶ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ | ︵ᠭᠤᠷᠪᠠ︶ ᠬᠤᠰᠢᠭᠤ ᠰᠣᠶᠣᠯ ᠲᠠᠮᠢᠷ ᠷᠠᠳᠢᠣ᠋ ᠲᠧᠯᠸᠢᠰ ᠵᠢᠭᠤᠯᠴᠢᠯᠠᠯ ᠤᠨ ᠲᠤᠪᠴᠢᠶᠠᠨ ᠤ ᠳᠠᠷᠤᠭ᠎ᠠ | ᠬᠠᠰᠪᠠᠭᠠᠨ᠎ᠠ ᠨᠥᠬᠦᠷ ᠤᠨ ᠬᠢᠨᠠᠨ ᠪᠤᠳᠤᠯᠳᠠ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠳᠠᠮ ᠢ | ᠬᠦᠢᠴᠡᠳᠬᠡᠭᠰᠡᠨ ᠥᠬᠡᠶ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 20.61 ᠲᠦᠮᠡᠨ ᠲᠥᠭᠦᠷᠢᠭ ᠪᠠᠶᠢᠬᠤ ᠶᠢ | ᠢᠯᠡᠷᠡᠭᠦᠯᠪᠡ︔ 7.14 ᠲᠦᠮᠡᠨ ᠲᠥᠭᠦᠷᠢᠭ ᠤᠨ ᠬᠦᠯᠢᠶᠡᠨ ᠵᠤᠴᠢᠯᠠᠬᠤ ᠵᠠᠷᠤᠳᠠᠯ ᠢ ᠲᠦᠯᠤᠪᠤᠷᠢᠯᠡᠭᠰᠡᠨ ᠨᠢ | ᠲᠣᠭᠲᠠᠭᠠᠯ ᠳᠤ ᠨᠡᠶᠢᠴᠡᠬᠦ ᠦᠭᠡᠶ︔ ᠭᠠᠳᠠᠭᠰᠢ ᠭᠠᠷᠤᠭᠰᠡᠨ ᠵᠠᠷᠤᠳᠠᠯ ᠢ ᠲᠠᠩᠰᠠ ᠴᠠᠶᠢᠷᠠᠭᠤᠯᠤᠭᠰᠡᠨ ᠨᠢ ᠲᠦᠷᠢᠮ | ᠲᠣᠭᠲᠠᠭᠠᠯ ᠳᠤ ᠨᠡᠶᠢᠴᠡᠬᠦ ᠥᠬᠡᠶ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 2.82 ᠲᠦᠮᠡᠨ ᠲᠥᠭᠦᠷᠢᠭ ᠪᠤᠢ︔ | ᠳᠠᠩᠰᠠᠨ ᠠᠴᠠ ᠭᠠᠳᠠᠨ᠎ᠠ ᠥᠷᠢᠲᠦᠭᠰᠡᠨ 582.96 ᠲᠦᠮᠡᠨ ᠲᠥᠭᠦᠷᠢᠭ ᠢ ᠳᠠᠩᠰᠠᠨ ᠳᠤ ᠤᠷᠤᠭᠤᠯᠤᠨ ᠬᠢᠨᠡᠨ | ᠪᠤᠳᠤᠭᠰᠡᠨ ᠦᠭᠡᠢ ᠠᠰᠠᠭᠤᠳᠠᠯ᠃ | ︵ᠳᠥᠷᠪᠡ︶ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠤᠤᠯ ᠤᠨ ᠲᠣᠪᠴᠢᠶᠠᠨ ᠳᠠᠷᠤᠭ᠎ᠠ | ᠬᠡᠷᠡᠯᠳᠤ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ᠂ ᠬᠦᠢᠯᠬᠡᠬᠡᠨ ᠤ ᠪᠡᠯᠡ | ᠮᠦᠩᠬᠦ ᠶᠢ ᠣᠷᠳᠣ ᠬᠤᠭᠤᠴᠠᠭ᠎ᠠ ᠪᠠᠷ ᠲᠠᠩᠰᠠᠨ ᠳᠤ ᠪᠠᠶᠢᠯᠭᠠᠵᠤ ᠪᠠᠶᠢᠬᠤ ᠶᠢ ᠢᠯᠡᠷᠡᠭᠦᠯᠪᠡ︔ ᠰᠠᠭᠤᠷᠢ ᠮᠥᠩᠭᠦᠨ ᠤ | ᠳᠠᠩᠰᠠᠨ ᠠᠴᠠ ᠪᠠᠩᠬᠢ ᠶᠢᠨ ᠳᠠᠩᠰᠠᠨ ᠤ ᠬᠡᠷᠡᠭᠵᠢᠬᠦᠯᠤᠯᠳᠠ ᠶᠢᠨ ᠵᠠᠷᠤᠳᠠᠯ᠂ ᠬᠤᠳᠠᠯᠳᠤᠨ ᠠᠪᠬᠤ ᠫᠢᠶᠣᠣ ᠵᠡᠷᠭᠡ | ᠵᠠᠷᠤᠯᠭ᠎ᠠ ᠳᠤ ᠵᠠᠷᠤᠴᠠᠭᠤᠯᠤᠭᠰᠡᠨ ᠠᠰᠠᠭᠤᠳᠠᠯ᠃ | ︵ᠲᠠᠪᠤ︶ ᠬᠤᠰᠢᠭᠤ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠬᠡᠨ ᠤ ᠲᠥᠪ ᠤᠨ | ᠤᠤᠯ ᠤᠨ ᠡᠷᠬᠢᠯᠡᠭᠴᠢ ᠬᠠᠰᠴᠢᠯᠠᠭᠤ ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ | ᠬᠦᠢᠯᠬᠡᠬᠡᠨ ᠤ ᠪᠡᠯᠡ ᠮᠦᠩᠬᠦ ᠶᠢ ᠣᠷᠳᠣ ᠬᠤᠭᠤᠴᠠᠭ᠎ᠠ ᠪᠠᠷ ᠲᠠᠩᠰᠠᠨ ᠳᠤ ᠪᠠᠶᠢᠯᠭᠠᠭᠰᠠᠨ ᠢ ᠪᠠᠶᠢᠴᠠᠭᠠᠨ ᠭᠠᠷᠭᠠᠵᠤ᠂ | ᠬᠤᠯᠪᠣᠭᠳᠠᠭᠰᠠᠨ ᠪᠠᠯᠠ ᠮᠥᠩᠭᠦ ᠨᠢ 11.51 ᠲᠦᠮᠡᠨ ᠲᠥᠭᠦᠷᠢᠭ ᠪᠣᠢ︔ 3.5 ᠲᠦᠮᠡᠨ ᠲᠥᠭᠦᠷᠢᠭ ᠤᠨ | ᠬᠦᠯᠢᠶᠠᠨ ᠵᠤᠴᠢᠯᠠᠬᠤ ᠰᠦᠢᠳᠬᠡᠯ ᠲᠦᠯᠤᠪᠤᠷᠢᠯᠡᠭᠰᠡᠨ ᠨᠢ ᠲᠣᠭᠲᠠᠭᠠᠯ ᠳᠤ ᠨᠡᠶᠢᠴᠡᠬᠦ ᠦᠭᠡᠶ︔ ᠵᠠᠰᠠᠭ ᠤᠨ | ᠣᠷᠳᠣᠨ ᠤ ᠬᠤᠳᠠᠯᠳᠤᠨ ᠠᠪᠬᠤ ᠭᠠᠷ ᠭᠦᠢᠴᠡᠳᠬᠡᠯ ᠢ ᠭᠦᠢᠴᠡᠳᠬᠡᠭᠰᠡᠨ ᠦᠭᠡᠢ᠂ ᠬᠤᠯᠪᠣᠭᠳᠠᠭᠰᠠᠨ ᠪᠡᠯᠡ | ᠮᠦᠩᠬᠦᠨ ᠤ ᠲᠤᠭ᠎ᠠ ᠨᠢ 2.33 ᠲᠦᠮᠡᠨ ᠲᠥᠭᠦᠷᠢᠭ ᠬᠦᠷᠦᠭᠰᠡᠨ ᠵᠡᠷᠬᠡ ᠠᠰᠠᠭᠤᠳᠠᠯ᠃ | ︵ᠵᠢᠷᠭᠤᠭ᠎ᠠ︶ ᠬᠤᠰᠢᠭᠤ ᠭᠥᠯᠢᠶᠡᠨ ᠵᠤᠴᠢᠯᠠᠬᠤ ᠭᠠᠵᠠᠷ ᠤᠨ ᠤᠤᠯ ᠤᠨ ᠡᠷᠬᠢᠯᠡᠭᠴᠢ ᠯᠢᠦ ᠬᠦᠶ ᠫᠢᠩ | ᠨᠥᠬᠦᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠤᠳᠤᠯᠲᠠ ᠳᠤ ᠵᠠᠰᠠᠭ ᠤᠨ ᠣᠷᠳᠣᠨ ᠤ ᠬᠤᠳᠠᠯᠳᠤᠨ | ᠠᠪᠬᠤ ᠲᠦᠷᠢᠮ ᠢ ᠬᠡᠷᠡᠭᠵᠢᠭᠦᠯᠦᠭᠰᠡᠨ ᠥᠬᠡᠶ ᠪᠠᠶᠢᠳᠠᠯ ᠣᠷᠣᠰᠢᠵᠤ ᠪᠠᠶᠢᠬᠤ ᠶᠢ ᠢᠯᠡᠷᠡᠭᠦᠯᠵᠦ᠂ ᠬᠤᠯᠪᠣᠭᠳᠠᠭᠰᠠᠨ | ᠵᠣᠭᠤᠰᠣᠨ ᠲᠤᠭ᠎ᠠ ᠨᠢ 59.96 ᠲᠦᠮᠡᠨ ᠲᠥᠭᠦᠷᠢᠭ ᠪᠤᠢ︔ ᠬᠤᠰᠢᠭᠤ ᠬᠦᠯᠢᠶᠠᠨ ᠵᠣᠴᠢᠯᠠᠬᠤ ᠭᠠᠵᠠᠷ ᠤᠨ | ᠬᠦᠢᠯᠬᠡᠬᠡᠨ ᠤ ᠪᠡᠯᠡ ᠮᠦᠩᠬᠦᠨ ᠤ ᠲᠠᠩᠰᠠ ᠪᠠᠨ ᠴᠠᠭ ᠲᠤᠬᠠᠶ ᠳᠤᠨᠢ ᠴᠡᠪᠡᠷᠯᠡᠭᠰᠡᠨ ᠥᠬᠡᠶ ᠠᠰᠠᠭᠤᠳᠠᠯ᠃ | ᠵᠢᠷᠭᠤᠭ᠎ᠠ᠂ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠬᠠᠤᠯᠢ ᠰᠠᠬᠢᠯᠭ᠎ᠠ ᠠᠴᠠ ᠵᠥᠷᠢᠴᠡᠭᠰᠡᠨ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠭᠰᠡᠨ ᠪᠠᠶᠢᠳᠠᠯ | ᠠᠪᠠᠭ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠲᠡᠭᠦᠨ ᠤ ᠬᠠᠷᠢᠶ᠎ᠠ ᠠᠵᠤ | ᠠᠬᠤᠶᠢᠯᠠᠯ ᠤᠨ ᠲᠤᠰᠬᠠᠶ ᠲᠦᠷᠤᠯ ᠤᠨ ᠬᠢᠨᠠᠨ ᠪᠤᠳᠤᠯᠲᠠ ᠪᠠᠷ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ ᠰᠢᠢᠳᠪᠤᠷᠢᠯᠡᠭᠰᠡᠨ ᠰᠠᠬᠢᠯᠭ᠎ᠠ ᠪᠠᠲᠤ ᠲᠦᠷᠢᠮ | ᠲᠣᠭᠲᠠᠭᠠᠯ ᠠᠴᠠ ᠵᠥᠷᠢᠴᠡᠭᠰᠡᠨ 11 ᠠᠰᠠᠭᠤᠳᠠᠯ ᠤᠨ ᠰᠦᠪᠡᠭᠴᠢ ᠪᠣᠶ᠂ ᠡᠭᠦᠨ ᠳᠤ ᠭᠤᠤᠯᠳᠠᠭᠤ ᠬᠤᠰᠢᠭᠤ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠠᠰᠠᠷ ᠵᠡᠷᠭᠡ ᠥᠪ ᠬᠥᠷᠥᠩᠭᠡ ᠳᠤ ᠪᠠᠨ ᠦᠨᠡᠯᠡᠨ | ᠵᠢᠱᠢᠯᠲᠡ ᠬᠢᠭᠰᠡᠨ ᠥᠬᠡᠶ︔ ᠰᠢᠢᠳᠪᠤᠷᠢᠯᠡᠭᠰᠡᠨ ᠥᠪ ᠬᠥᠷᠥᠩᠭᠡ ᠶᠢᠨ ᠣᠷᠣᠯᠭ᠎ᠠ ᠶᠢ ᠲᠠᠩᠰᠠᠨ ᠳᠤ | ᠣᠷᠣᠭᠤᠯᠤᠭᠰᠠᠨ ᠥᠬᠡᠶ ᠪᠠᠷ ᠲᠠᠩᠰᠠᠨ ᠠᠴᠠ ᠭᠠᠳᠠᠨ᠎ᠠ ᠵᠠᠷᠤᠯᠭ᠎ᠠ ᠳᠤ ᠬᠡᠷᠡᠭᠯᠡᠭᠰᠡᠨ︔ ᠤᠤᠯ ᠤᠨ ᠡᠷᠬᠢᠯᠡᠭᠴᠢ ᠦ᠋ | ᠶᠠᠨ ᠸᠧᠢ 3 ᠲᠥᠮᠡᠨ ᠲᠥᠭᠦᠷᠢᠭ ᠤᠨ ᠫᠢᠶᠤᠤ ᠪᠠᠷᠢᠮᠲᠠ ᠪᠠᠷ ᠨᠣᠯᠤᠤᠷ ᠰᠠᠮᠨᠠᠬᠤ ᠮᠠᠰᠢᠨ ᠬᠤᠳᠠᠯᠳᠤᠨ ᠠᠪᠤᠭᠰᠠᠨ | ᠳᠠᠩᠰᠠ ᠶᠢ ᠤᠷᠤᠭᠤᠯᠤᠭᠰᠡᠨ︔ ᠤᠤᠯ ᠤᠨ ᠡᠷᠬᠢᠯᠡᠭᠴᠢ ᠦ᠋ ᠶᠠᠨ ᠸᠧᠶ ᠠᠵᠤ ᠠᠬᠤᠶᠢᠯᠠᠯ ᠳᠤ ᠲᠤᠰᠢᠶᠠᠯ | ᠬᠠᠪᠰᠤᠷᠭᠠᠨ 0.5 ᠲᠦᠮᠡᠨ ᠲᠥᠭᠦᠷᠢᠭ ᠤᠨ ᠬᠠᠷᠠᠮᠵᠢ ᠠᠪᠤᠭᠰᠡᠨ︔ ᠰᠢᠨ᠎ᠡ ᠰᠦᠯᠵᠢᠶᠡᠨ ᠤ ᠢᠨᠵᠧᠨᠧᠷᠢᠩ ᠤᠨ | ᠲᠥᠷᠥᠯ ᠵᠥᠢᠯ ᠳᠤ ᠬᠤᠪᠢᠷᠠᠯᠲᠠ ᠭᠠᠷᠤᠭᠠᠳ ᠬᠤᠪᠢᠷᠠᠭᠤᠯᠬᠤ ᠭᠠᠷᠳᠠᠮ ᠢ ᠬᠦᠢᠴᠡᠳᠬᠡᠭᠰᠡᠨ ᠥᠬᠡᠶ︔ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠵᠠᠷᠤᠳᠠᠯ ᠵᠡᠷᠭᠡ ᠳᠤ ᠪᠠᠨ ᠳᠡᠭᠡᠳᠦ ᠱᠠᠲᠤᠨ ᠤ ᠡᠳ᠋ ᠤᠨ ᠵᠠᠰᠠᠭ ᠤᠨ ᠲᠤᠰᠬᠠᠶ | ᠪᠠᠯᠠ ᠮᠥᠩᠭᠦ ᠶᠢ ᠡᠵᠡᠯᠡᠨ ᠬᠡᠷᠡᠭᠯᠡᠭᠰᠡᠨ ᠵᠡᠷᠬᠡ ᠠᠰᠠᠭᠤᠳᠠᠯ᠃ | ᠳᠣᠯᠤᠭ᠎ᠠ᠂ ᠬᠤᠶᠢᠰᠢᠳᠠ ᠶᠢᠨ ᠬᠢᠨᠠᠨ ᠪᠤᠳᠤᠬᠤ ᠠᠵᠢᠯ ᠤᠨ ᠭᠤᠤᠯᠳᠠᠯᠭ᠎ᠠ ᠵᠢᠴᠢ ᠬᠢᠨᠠᠨ ᠪᠤᠳᠤᠬᠤ | ᠰᠠᠨᠠᠭᠤᠯᠭ᠎ᠠ | ᠬᠤᠰᠢᠭᠤ ᠬᠢᠨᠠᠨ ᠪᠤᠳᠤᠬᠤ ᠲᠣᠪᠴᠢᠶ᠎ᠠ ᠨᠢ ᠦᠷᠬᠦᠯᠵᠢᠯᠡᠨ ᠲᠥᠪ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ | ᠵᠣᠷᠢᠭ ᠰᠠᠨᠠᠭ᠎ᠠ ᠶᠢ ᠦᠷᠭᠦᠯᠵᠢᠯᠡᠨ ᠲᠤᠤᠱᠯᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ | ᠪᠠᠯᠠ ᠮᠥᠩᠭᠦ ᠶᠢ ᠴᠢᠩᠭ᠎ᠠ ᠡᠵᠡᠮᠳᠡᠵᠦ᠂ ᠴᠢᠬᠤᠯᠠ ᠶᠡᠭᠡ ᠲᠥᠷᠥᠯ ᠵᠥᠢᠯ ᠢ ᠠᠬᠢᠭᠤᠯᠬᠤ ᠪᠠ ᠴᠢᠬᠤᠯᠠ ᠶᠡᠭᠡ | ᠠᠵᠢᠯᠯᠠᠭ᠎ᠠ ᠶᠢᠨ ᠦᠢᠯᠡᠴᠢᠯᠡᠬᠡᠨ ᠤ ᠪᠠᠲᠤᠯᠠᠭ᠎ᠠ ᠳᠤ ᠬᠤᠯᠪᠣᠭᠳᠠᠬᠤ ᠪᠠᠯᠠ ᠮᠥᠩᠭᠦ ᠡᠳ᠋ ᠬᠥᠷᠥᠩᠭᠡ ᠵᠡᠷᠭᠡ | ᠵᠥᠢᠯᠡᠰ ᠲᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ | ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠬᠦᠢᠴᠡᠳᠬᠡᠨ᠎ᠠ︔ ᠬᠢᠨᠠᠨ ᠪᠤᠳᠤᠯᠳᠠ ᠶᠢᠨ | ᠵᠠᠳᠠᠯᠤᠯᠲᠠ ᠶᠢ ᠴᠢᠩᠭᠠᠳᠬᠠᠵᠤ᠂ ᠪᠠᠶᠢᠭᠤᠯᠤᠯ᠂ ᠲᠤᠭᠳᠠᠯᠴᠠᠭᠠᠨ ᠤ ᠲᠠᠯ᠎ᠠ ᠠᠴᠠ ᠠᠰᠠᠭᠤᠳᠠᠯ ᠤᠨ ᠰᠢᠯᠲᠠᠭᠠᠨ ᠢ | ᠵᠠᠳᠠᠯᠬᠤ ᠶᠢ ᠴᠢᠬᠤᠯᠠᠴᠢᠯᠠᠨ᠂ ᠬᠢᠨᠠᠨ ᠪᠤᠳᠤᠯᠳᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ︔ ᠬᠢᠨᠠᠨ ᠪᠤᠳᠤᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠦᠢᠯᠡᠳᠤᠯ ᠢ ᠤᠯᠠᠮ ᠴᠢᠨᠠᠭᠰᠢᠳᠠ ᠪᠠᠳᠠᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠦᠯᠤᠪᠵᠢᠬᠦᠯᠬᠦ ᠡᠷᠴᠢᠮ ᠢ ᠤᠯᠠᠮ ᠴᠢᠨᠠᠭᠰᠢᠳᠠ | ᠴᠢᠩᠭᠠᠳᠬᠠᠵᠤ᠂ ᠲᠥᠰᠦᠪ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠳ᠋ ᠤᠨ | ᠵᠠᠰᠠᠭ ᠤᠨ ᠦᠢᠯᠡᠴᠢᠯᠡᠬᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ | ᠬᠠᠮᠢᠶᠠᠷᠤᠯᠲᠠ ᠶᠢ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠨᠠᠩ ᠰᠠᠶᠢᠨ ᠬᠥᠭᠵᠢᠯᠲᠡ ᠶᠢ | ᠠᠬᠢᠭᠤᠯᠬᠤ ᠶᠢᠨ ᠲᠤᠰᠠᠳᠠ᠂ ᠬᠢᠨᠠᠨ ᠪᠤᠳᠤᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ | ᠳᠣᠤᠷᠠᠬᠢ ᠮᠡᠲᠦ ᠰᠠᠨᠠᠭᠤᠯᠭ᠎ᠠ ᠳᠤᠷᠠᠳᠤᠶ᠎ᠠ᠄ | ︵ᠨᠢᠭᠡ︶ ᠵᠠᠰᠠᠭ ᠤᠨ ᠣᠷᠳᠣᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ | ᠬᠦᠢᠴᠡᠳᠬᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠢᠭᠡ ᠳᠤ᠂ ᠡᠳ᠋ ᠤᠨ ᠵᠠᠰᠠᠭ ᠤᠨ ᠣᠷᠣᠯᠭ᠎ᠠ ᠶᠢ | ᠬᠤᠷᠢᠶᠠᠵᠤ ᠲᠤᠰᠢᠶᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ | ᠣᠷᠣᠯᠭ᠎ᠠ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠵᠤ᠂ ᠲᠤᠰᠢᠶᠠᠬᠤ ᠶᠣᠰᠣᠲᠠᠶ ᠶᠢ ᠨᠢ ᠴᠦᠮ | ᠲᠤᠰᠢᠶᠠᠯᠭᠠᠨ᠎ᠠ᠃ ᠬᠤᠶᠠᠷ ᠲᠤ᠂ ᠡᠯ᠎ᠡ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠪᠠ | ᠬᠦᠢᠴᠡᠳᠬᠡᠯ ᠤᠨ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠲᠦᠯᠬᠢᠨ ᠠᠬᠢᠭᠤᠯᠤᠨ᠎ᠠ᠃ | ︵ᠬᠤᠶᠠᠷ︶ ᠡᠳ᠋ ᠤᠨ ᠵᠠᠰᠠᠭ ᠤᠨ ᠪᠠᠯᠠ ᠮᠥᠩᠭᠦᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠡᠳ᠋ ᠤᠨ | ᠵᠠᠰᠠᠭ ᠤᠨ ᠪᠠᠯᠠ ᠮᠥᠩᠭᠦᠨ ᠤ ᠬᠡᠷᠡᠭᠯᠡᠯᠳᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠢᠭᠡ ᠳᠤ᠂ ᠡᠳ᠋ ᠤᠨ | ᠬᠦᠴᠦᠨ ᠡᠳ᠋ ᠤᠨ ᠢᠷᠡᠯᠲᠡ ᠶᠢ ᠤᠯᠠᠮ ᠴᠢᠨᠠᠭᠰᠢᠳᠠ ᠠᠭᠤᠳᠠᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ | ᠨᠢᠭᠡᠳᠦᠯᠲᠡᠶ ᠲᠦᠯᠤᠪᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠪᠠᠯᠠ ᠮᠥᠩᠭᠦ ᠶᠢ ᠡᠷᠬᠢᠯᠳᠤᠬᠦᠯᠤᠨ ᠠᠰᠢᠭᠯᠠᠨ᠎ᠠ᠃ | ᠬᠤᠶᠠᠷ ᠲᠤ᠂ ᠲᠤᠰᠬᠠᠶ ᠲᠦᠷᠤᠯ ᠤᠨ ᠪᠡᠯᠡ ᠮᠦᠩᠭᠦᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠲᠤᠰᠬᠠᠶ ᠪᠡᠯᠡ ᠮᠥᠩᠭᠦᠨ ᠤ ᠬᠡᠷᠡᠭᠯᠡᠯᠲᠡ ᠶᠢᠨ ᠨᠠᠷᠢᠯᠢᠭ ᠣᠨᠣᠪᠴᠢᠲᠤ ᠴᠢᠨᠠᠷ᠂ ᠠᠶᠤᠯᠭᠦᠶ ᠴᠢᠨᠠᠷ | ᠪᠠ ᠥᠨᠳᠥᠷ ᠪᠦᠲᠦᠮᠵᠢᠲᠦ ᠴᠢᠨᠠᠷ ᠢ ᠦᠨᠡᠨ ᠬᠦ ᠪᠠᠲᠤᠯᠠᠨ᠎ᠠ᠃ ᠲᠦᠷᠤᠯ ᠵᠥᠢᠯ ᠤᠨ ᠢᠨᠵᠧᠨᠧᠷᠢᠩ ᠢ ᠬᠡᠷᠡᠭᠵᠢᠭᠦᠯᠬᠦ | ᠠᠬᠢᠴᠠ ᠶᠢ ᠲᠦᠯᠬᠢᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ | ᠦᠨᠡᠨ ᠬᠦ ᠪᠠᠳᠠᠷᠠᠭᠤᠯᠤᠨ᠎ᠠ᠃ | ︵ᠭᠤᠷᠪᠠ︶ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ︿ᠬᠢᠨᠠᠨ ᠪᠤᠳᠤᠵᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠤᠷᠲᠤ ᠬᠤᠭᠤᠴᠠᠭᠠᠨ ᠤ ᠪᠦᠲᠦᠮᠵᠢᠲᠡᠶ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠰᠠᠨᠠᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ᠂ | ᠬᠤᠰᠢᠭᠤᠨ ᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ᠂ | ᠬᠢᠨᠠᠨ ᠪᠤᠳᠤᠯᠳᠠ ᠶᠢᠨ ︽ᠠᠵᠤ ᠠᠬᠤᠢ ᠶᠢᠨ ᠲᠤᠷᠰᠢᠯᠳᠠ︾ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ | ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠦᠷᠢᠮᠵᠢᠯᠲᠡ᠂ ᠤᠷᠳᠤ ᠬᠤᠭᠤᠴᠠᠭᠠᠳᠤ ᠴᠢᠨᠡᠷ ᠢ | ᠠᠬᠢᠭᠤᠯᠬᠤ ᠶᠢᠨ ᠬᠠᠮᠲᠤ ᠨᠠᠮ ᠤᠨ ᠬᠤᠷᠢᠶᠠᠨ ᠤ ᠵᠤᠬᠢᠴᠠᠮᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠵᠤᠬᠢᠴᠠᠮᠵᠢ᠂ ᠵᠠᠰᠠᠭ ᠤᠨ ᠣᠷᠳᠣᠨ ᠤ ᠨᠠᠶᠢᠳᠠᠪᠤᠷᠢᠵᠢᠭᠤᠯᠬᠤ ᠵᠤᠬᠢᠴᠠᠮᠵᠢ ᠶᠢ | ᠪᠠᠶᠢᠭᠤᠯᠤᠨ ᠪᠦᠷᠢᠨᠰᠢᠬᠦᠯᠵᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠬᠢᠨᠠᠨ ᠪᠤᠳᠤᠯᠳᠠ ᠶᠢᠨ ᠪᠠᠶᠢᠭᠤᠯᠭ᠎ᠠ ᠶᠢᠨ ᠱᠠᠯᠠᠪᠳᠠᠭᠤᠯᠤᠨ | ᠪᠠᠶᠢᠴᠠᠭᠠᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ | | |