ᠡᠯᠧᠺᠲᠷᠣᠨ ᠬᠤᠳᠠᠯᠳᠤᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠳᠠᠶᠢᠴᠢᠯᠠᠬᠤ ᠰᠢᠨ᠎ᠡ ᠬᠢᠯᠠᠰ ᠴᠡᠭ ᠪᠣᠯᠪᠠ
ᠨᠡᠶᠢᠲᠡᠯᠡᠭᠰᠡᠨ ᠴᠠᠭ᠄
2021/12/13
    ᠣᠶᠢᠷ᠎ᠠ ᠳᠤ᠂ ᠰᠤᠷᠪᠤᠯᠵᠢᠯᠠᠭᠴᠢ ᠠᠪᠠᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠬᠦ ᠳᠤ᠂ ᠪᠠᠷᠠᠭᠠᠨ ᠤ ᠲᠠᠯᠪᠢᠭᠤᠷ ᠳᠡᠭᠡᠷ᠎ᠡ ᠲᠠᠯᠭᠡᠨ ᠦᠵᠡᠭᠦᠯᠵᠦ ᠪᠠᠶᠢᠭ᠎ᠠ ᠤᠯᠠᠨ ᠵᠦᠢᠯ ᠤᠨ ᠲᠠᠷᠢᠶᠠᠯᠠᠩ ᠮᠠᠯ ᠤᠨ ᠰᠢᠮ᠎ᠡ ᠶᠢᠨ ᠣᠨᠴᠠ ᠭᠠᠷᠤᠯᠲᠠ ᠰᠤᠷᠪᠤᠯᠵᠢᠯᠠᠭᠴᠢ ᠶᠢᠨ ᠬᠠᠷᠠᠭᠠᠨ ᠳᠤ ᠲᠤᠳᠤᠷᠠᠵᠤ ᠂ ᠴᠡᠪᠡᠷ ᠴᠡᠮᠴᠡᠭᠡᠷ ᠠᠵᠢᠯ ᠤᠨ ᠣᠷᠴᠢᠨ ᠲᠣᠭᠤᠷᠢᠨ ᠳᠤ ᠰᠦᠯᠵᠢᠶᠡᠨ ᠤ ᠭᠤᠤᠯ ᠨᠡᠪᠲᠡᠷᠡᠭᠦᠯᠦᠭᠴᠢ ᠨᠡᠷ ᠶᠠᠭ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ ᠪᠠᠶᠢᠬᠤ ᠲᠠᠢ ᠲᠠᠭᠠᠷᠠᠯᠳᠤᠯ᠎ᠠ᠃     ︽ᠪᠢᠳᠡᠨ ᠤ ᠤᠳᠠᠭ᠎ᠠ ᠪᠦᠷᠢ ᠶᠢᠨ ᠰᠢᠭᠤᠳ ᠨᠡᠪᠲᠡᠷᠡᠭᠦᠯᠭᠡ ᠶᠢ ᠪᠦᠬᠦ ᠤᠯᠤᠰ ᠤᠨ ᠡᠯ᠎ᠡ ᠭᠠᠵᠠᠷ ᠤᠨ ᠰᠦᠯᠵᠢᠶᠡᠨ ᠤ ᠨᠠᠶᠢᠵᠠ ᠨᠠᠷ ᠰᠣᠨᠢᠷᠬᠠᠵᠤ᠂ ᠡᠳᠦᠷ ᠪᠦᠷᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠ ᠭᠠᠷᠤᠯᠲᠠ ᠶᠢᠨ ᠪᠣᠷᠣᠯᠠᠭᠤᠯᠭ᠎ᠠ ᠴᠦ ᠨᠡᠯᠢᠶᠡᠳ ᠰᠠᠶᠢᠨ ᠪᠠᠶᠢᠳᠠᠭ᠃ ᠠᠳᠡ ᠬᠤᠰᠢᠭᠤ ᠵᠠᠰᠠᠭ ᠤᠨ ᠣᠷᠳᠣᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶᠠᠨ ᠠᠴᠠ ᠦᠢᠯᠡᠰ ᠴᠤᠭᠴᠠᠯᠠᠭᠴᠢᠳ ᠲᠤ ᠵᠤᠷᠢᠭᠤᠯᠤᠨ ᠡᠶᠢᠮᠦ ᠰᠠᠶᠢᠬᠠᠨ ᠲᠠᠪᠴᠠᠩ᠂ ᠡᠯᠧᠺᠲᠷᠣᠨ ᠬᠤᠳᠠᠯᠳᠤᠭᠠᠨ ᠤ ᠲᠤᠰᠬᠠᠶ ᠵᠢᠯᠣᠭᠤᠳᠬᠤ ᠪᠦᠯᠬᠦᠮ ᠬᠠᠩᠭᠠᠭᠰᠠᠨ ᠳᠤ ᠣᠨᠴᠠᠭᠠᠶᠢᠯᠠᠨ ᠲᠠᠯᠠᠷᠬᠠᠵᠤ ᠪᠠᠶᠢᠨ᠎ᠠ᠂ ᠡᠨᠡ ᠨᠢ ᠦᠢᠯᠡᠰ ᠴᠣᠭᠴᠠᠯᠠᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠤᠭᠰᠠᠨ ᠢᠶᠠᠷ ᠪᠠᠷᠠᠬᠤ ᠦᠭᠡᠢ ᠪᠠᠯᠠ ᠣᠷᠣᠭᠤᠯᠬᠤ ᠥᠬᠡᠶ ᠪᠠᠷ ᠦᠢᠯᠡᠰ ᠴᠣᠭᠴᠠᠯᠠᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠬᠢᠬᠦ ᠰᠠᠨᠠᠭ᠎ᠠ ᠲᠠᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠨᠠᠩ ᠣᠯᠠᠨ ᠣᠷᠣᠯᠴᠠᠬᠤ ᠶᠢ ᠬᠦᠰᠡᠵᠦ ᠪᠠᠶᠢᠨ᠎ᠠ︾ ᠭᠡᠵᠦ ᠰᠢᠭᠤᠳ ᠨᠡᠪᠲᠡᠷᠡᠭᠦᠯᠭᠡ ᠶᠢᠨ ᠲᠤᠰᠬᠠᠶ ᠲᠤᠰᠢᠶᠠᠯᠲᠠᠨ ᠾᠧ ᠡᠾᠦ᠋ᠢ ᠵᠢᠶᠦ᠋ᠨ ᠶᠡᠷᠢᠵᠤ ᠪᠠᠶᠢᠯ᠎ᠠ᠃     ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠳ᠋ᠤᠸᠠᠨ ᠶᠦᠩ ᠯᠢ ᠰᠤᠷᠪᠤᠯᠵᠢᠯᠠᠭᠴᠢ ᠳᠤ᠄ ︽ᠮᠠᠨ ᠤ ᠠᠪᠠᠭ᠎ᠠ ᠬᠤᠰᠢᠭᠤ ᠪᠣᠯ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ᠮᠥᠨ᠂ ᠡᠮᠦᠨᠡᠬᠢ ᠵᠢᠯ ᠭᠠᠷᠤᠶ ᠶᠢᠨ ᠴᠢᠷᠮᠠᠶᠢᠯᠭ᠎ᠠ ᠪᠠᠷ ᠳᠡᠮᠵᠢᠨ ᠭᠤᠷᠪᠠᠳᠤᠭᠠᠷ ᠳᠡᠰ ᠤᠨ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠠᠴᠠ ᠳᠠᠭᠠᠭᠠᠴᠢᠯᠠᠯᠲᠠ ᠵᠠᠷᠯᠠᠬᠤ ᠪᠠ ᠠᠯᠢ ᠣᠯᠠᠨ ᠪᠡᠯᠡᠳᠬᠡᠯ ᠠᠵᠢᠯ ᠢ ᠬᠢᠵᠦ᠂ ᠣᠳᠣᠬᠠᠨ ᠳᠤ ᠪᠣᠶ ᠪᠥᠬᠦᠶ ᠠᠵᠤ ᠠᠬᠤᠶᠢᠯᠠᠯ ᠨᠢᠭᠡᠨᠲᠡ ᠵᠢᠩᠬᠢᠨᠢ ᠪᠠᠷ  ᠠᠵᠢᠯ ᠡᠬᠢᠯᠡᠭᠦᠯᠦᠭᠰᠡᠨ ᠪᠠᠶᠢᠨ᠎ᠠ᠂ ᠣᠶᠢᠷ᠎ᠠ ᠶᠢᠨ ᠬᠡᠳᠦᠨ ᠡᠳᠦᠷ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ  ᠪᠤᠯᠪᠠᠰᠤᠷᠠᠯ ᠴᠦ ᠮᠠᠰᠢ ᠤᠷᠤᠭᠰᠢᠲᠠᠶ ᠶᠠᠪᠤᠭᠳᠠᠵᠤ᠂ ᠨᠠᠩ ᠣᠯᠠᠨ ᠬᠥᠮᠦᠨ ᠡᠨᠡ ᠬᠦ ᠠᠵᠢᠯ ᠳᠤ ᠤᠷᠤᠯᠴᠠᠨ᠂ ᠠᠵᠢᠯ ᠢᠶᠠᠨ  ᠤᠷᠤᠭᠰᠢᠲᠠᠢ ᠶᠠᠪᠤᠭᠳᠠᠭᠤᠯᠵᠤ ᠪᠠᠶᠢᠭ᠎ᠠ ᠨᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠥᠬᠦ ᠶᠠᠪᠤᠴᠠ ᠶᠢᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠠᠴᠠ ᠰᠠᠯᠵᠤ ᠴᠢᠳᠠᠬᠤ ᠥᠬᠡᠶ ᠶᠤᠮ᠂ ᠮᠦᠨᠴᠦ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠭᠤᠬᠤ᠂ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠦᠭᠰᠡᠨ ᠪᠠᠶᠢᠨ᠎ᠠ᠃ ᠵᠠᠯᠭᠠᠭᠠᠳ ᠪᠢᠳᠡ ᠬᠤᠰᠢᠭᠤ ᠳᠡᠰ ᠤᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠥᠪ ᠪᠠ ᠭᠤᠷᠪᠠᠳᠤᠭᠠᠷ ᠳᠡᠰ ᠤᠨ ᠲᠣᠬᠢᠷᠠᠭᠤᠯᠤᠨ ᠬᠦᠷᠭᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠪᠠᠭ᠎ᠠ ᠶᠢᠨ ᠣᠷᠣᠨ ᠨᠤᠲᠤᠭ ᠤᠨ ᠣᠨᠴᠠᠯᠢᠭ ᠢ ᠭᠦᠢᠴᠡᠳ ᠬᠠᠷᠠᠭᠤᠯᠤᠭᠰᠠᠨ ᠪᠦᠳᠦᠭᠡᠭᠳᠡᠭᠦᠨ ᠢ ᠡᠭᠦᠳᠦᠨ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠤᠯᠪᠠᠰᠤᠷᠠᠯ ᠢ ᠦᠷᠭᠦᠯᠵᠢᠯᠡᠨ ᠡᠷᠭᠢᠯᠡᠵᠦ᠂ ᠴᠢᠳᠠᠪᠤᠷᠢᠲᠠᠨ ᠬᠦᠮᠦᠵᠢᠭᠦᠯᠦᠨ᠂ ᠪᠤᠯᠪᠠᠰᠤᠷᠠᠯ ᠤᠨ ᠶᠠᠰᠤ ᠴᠢᠨᠠᠷ ᠢ ᠳᠣᠪᠤᠶᠢᠯᠭᠠᠵᠤ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠪᠥᠲᠥᠭᠡᠨ ᠪᠠᠶᠢᠭᠤᠯᠤᠯᠲᠠ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤ ᠪᠠᠬᠢ ᠰᠠᠭᠤᠷᠢ ᠶᠢ ᠲᠠᠯᠪᠢᠨ᠎ᠠ᠃ ᠰᠦᠯᠵᠢᠶᠡᠨ ᠤᠳᠤ ᠶᠢᠨ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ ᠠᠰᠢᠭᠯᠠᠯᠲᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠪᠠᠭ᠎ᠠ ᠬᠤᠨᠢᠨ ᠮᠢᠬ᠎ᠠ᠂ ᠦᠬᠡᠷ ᠤᠨ ᠮᠢᠬ᠎ᠠ᠂ ᠴᠡᠭᠡ᠂ ᠴᠠᠭᠠᠨ ᠢᠳᠡᠭᠡ ᠵᠡᠷᠭᠡ ᠤᠨᠴᠠᠯᠢᠬᠳᠤ ᠮᠠᠯ ᠤᠨ ᠠᠰᠢᠭ ᠰᠢᠮ᠎ᠡ ᠳᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠨᠡᠶᠢᠭᠡᠮ ᠤᠨ ᠪᠦᠯᠬᠦᠮ ᠤᠨ ᠡᠯᠧᠺᠲᠷᠣᠨ ᠬᠤᠳᠠᠯᠳᠤᠭ᠎ᠠ᠂ ︽ᠤᠨᠴᠠᠯᠢᠬᠳᠤ ᠠᠮᠲᠠᠲᠤ ᠢᠳᠡᠭᠡᠨ ᠤ ᠨᠠᠶᠢᠷ︾ ᠵᠡᠷᠭᠡ ᠡᠵᠡᠩᠨᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠦᠨ᠎ᠡ ᠭᠡᠵᠦ ᠪᠠᠶᠢᠯ᠎ᠠ᠃     ᠠᠪᠠᠭ᠎ᠠ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠨᠢ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠰᠢᠭᠤᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠬᠠᠮᠢᠶᠠᠷᠤᠯᠲᠠ ᠶᠢᠨ ᠲᠠᠪᠴᠠᠩ ᠵᠢᠴᠢ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠴᠢᠳᠠᠪᠤᠷᠢᠲᠠᠨ᠂ ᠪᠠᠯᠠ ᠮᠦᠩᠭᠦ᠂ ᠮᠡᠳᠡᠭᠡ ᠵᠠᠩᠭᠢ᠂ ᠪᠠᠷᠠᠭᠠᠨ ᠤ ᠭᠦᠢᠯᠭᠡᠭᠡ ᠶᠢ ᠲᠥᠪᠯᠡᠷᠡᠭᠦᠯᠦᠨ ᠬᠥᠭᠵᠢᠭᠦᠯᠬᠦ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠲᠥᠪ ᠢ ᠪᠠᠶᠢᠭᠤᠯᠤᠨ᠂ ᠵᠢᠯᠣᠭᠤᠳᠬᠤ ᠲᠥᠪ ᠤᠨ ᠦᠢᠯᠡᠳᠦᠯ ᠢ ᠪᠠᠳᠠᠷᠠᠭᠤᠯᠤᠨ᠎ᠠ᠃ ᠳᠠᠭᠠᠭᠠᠴᠢᠯᠠᠨ ᠪᠠᠶᠢᠭᠤᠯᠤᠭᠰᠠᠨ ᠠᠵᠤ ᠠᠬᠤᠶᠢᠯᠠᠯ ᠠᠴᠠ ᠡᠵᠡᠩᠨᠡᠵᠦ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠨᠡᠶᠢᠲᠡ ᠠᠴᠠ ᠲᠤᠬᠠᠶ ᠶᠢᠨ ᠭᠠᠵᠠᠷ ᠤᠨ ᠠᠵᠤ ᠠᠬᠤᠶᠢᠯᠠᠯ᠂ ᠰᠦᠯᠵᠢᠶᠡᠨ ᠤ ᠳᠡᠯᠭᠡᠭᠦᠷ᠂ ᠦᠢᠯᠡᠴᠢᠯᠡᠭᠡᠨ ᠤ ᠬᠤᠳᠠᠯᠳᠤᠭᠴᠢ᠂ ᠡᠵᠡᠩᠨᠡᠭᠴᠢ᠂ ᠠᠳᠠᠯ ᠦᠢᠯᠡᠰ ᠴᠣᠭᠴᠠᠯᠠᠭᠴᠢ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯᠲᠠᠨ ᠤ  ᠪᠤᠯᠪᠠᠰᠤᠷᠠᠯ᠂ ᠡᠵᠡᠩᠨᠡᠯᠲᠡ ᠶᠢᠨ ᠦᠢᠯᠡᠴᠢᠯᠡᠭᠡ᠂ ᠲᠤᠯᠭᠠᠭᠤᠷᠢᠯᠠᠯ ᠬᠠᠩᠭᠠᠬᠤ ᠵᠡᠷᠭᠡ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠢᠭᠡ ᠯᠡ ᠥᠷᠲᠡᠭᠡᠨ ᠤ ᠮᠠᠶ᠋ᠢᠭ ᠤᠨ  ᠰᠦᠢᠳᠬᠡᠯ ᠬᠤᠷᠢᠶᠠᠬᠤ ᠥᠬᠡᠶ ᠦᠢᠯᠡᠴᠢᠯᠡᠭᠡᠨ ᠤ ᠲᠥᠪ ᠢ ᠬᠠᠩᠭᠠᠨ᠎ᠠ᠃ ᠵᠠᠮ ᠬᠠᠷᠢᠯᠴᠠᠭ᠎ᠠ᠂ ᠰᠢᠤᠳᠠᠨ᠂ ᠬᠠᠩᠭᠠᠨ ᠪᠣᠷᠣᠯᠠᠭᠤᠯᠬᠤ ᠲᠠᠢ ᠬᠠᠮᠵᠢᠯᠴᠠᠬᠤ ᠪᠠᠷ ᠳᠡᠮᠵᠢᠨ᠂ ᠬᠤᠰᠢᠭᠤᠨ ᠳᠣᠲᠣᠷᠠᠬᠢ 4 ᠲᠦᠷᠭᠡᠨ ᠬᠦᠷᠭᠡᠬᠦ ᠠᠵᠤ ᠠᠬᠤᠶᠢᠯᠠᠯ ᠪᠣᠯᠤᠨ ᠰᠤᠮᠤ ᠪᠠᠯᠭᠠᠰᠤ ᠶᠢᠨ ᠮᠠᠰᠢᠨ ᠲᠡᠷᠭᠡᠨ ᠤ ᠥᠷᠲᠡᠭᠡ ᠶᠢ ᠡᠮᠬᠢᠯᠡᠨ ᠨᠡᠶᠢᠯᠡᠭᠦᠯᠵᠦ᠂ ᠰᠤᠮᠤ ᠪᠠᠯᠭᠠᠰᠣᠨ ᠤ ᠳᠣᠭᠢᠷᠠᠭᠤᠯᠤᠨ ᠬᠦᠷᠭᠡᠬᠦ ᠤᠳᠠᠭ᠎ᠠ ᠶᠢ ᠭᠠᠷᠠᠭ ᠪᠦᠷᠢ 5 ᠤᠳᠠᠭ᠎ᠠ᠂ ᠭᠠᠴᠠᠭ᠎ᠠ ᠲᠣᠰᠬᠤᠨ ᠤ ᠳᠣᠭᠢᠷᠠᠭᠤᠯᠤᠨ ᠬᠦᠷᠭᠡᠬᠦ ᠤᠳᠠᠭ᠎ᠠ ᠶᠢ ᠭᠠᠷᠠᠭ ᠪᠦᠷᠢ 3 ᠤᠳᠠᠭ᠎ᠠ ᠳᠣᠭᠢᠷᠠᠭᠤᠯᠤᠨ ᠬᠦᠷᠭᠡᠬᠦ ᠦᠢᠯᠡᠴᠢᠯᠡᠭᠡᠨ ᠤ ᠴᠢᠳᠠᠮᠵᠢ ᠶᠢ ᠪᠡᠶᠡᠯᠡᠭᠦᠯᠵᠦ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ︽ᠡᠴᠦᠰ ᠤᠨ ᠨᠢᠭᠡ ᠺᠢᠯᠣᠮᠧᠲᠷ︾᠎ ᠤᠨ ᠬᠤᠤᠰ ᠴᠢᠭᠯᠡᠯ ᠢᠶᠠᠷ ᠭᠦᠢᠯᠭᠡᠭᠡᠨ ᠳᠤ ᠣᠷᠣᠭᠤᠯᠬᠤ ᠶᠢ ᠠᠬᠢᠭᠤᠯᠪᠠ᠃ 400 ᠲᠡᠭᠰᠢ ᠳᠥᠷᠪᠡᠯᠵᠢᠨ ᠮᠧᠲᠷ ᠤᠨ ᠬᠥᠯᠳᠡᠭᠡᠬᠦ ᠦᠷᠦᠭᠡ᠂ 400 ᠲᠡᠭᠰᠢ ᠳᠥᠷᠪᠡᠯᠵᠢᠨ ᠮᠧᠲᠷ ᠤᠨ ᠲᠣᠭᠲᠠᠮᠠᠯ ᠳᠤᠯᠠᠭᠠᠨ ᠤ ᠦᠷᠦᠭᠡ᠂ 500 ᠲᠡᠭᠰᠢ ᠳᠥᠷᠪᠡᠯᠵᠢᠨ ᠮᠧᠲᠷ ᠤᠨ ᠢᠯᠭᠠᠨ ᠰᠠᠯᠭᠠᠬᠤ ᠦᠷᠦᠭᠡ ᠶᠢ ᠨᠢᠭᠡ ᠴᠣᠠᠠᠴᠠᠵᠢᠭᠤᠯᠥᠠᠰᠠᠨ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠪ ᠢ ᠪᠥᠲᠥᠭᠡᠨ ᠪᠠᠶᠢᠭᠤᠯᠵᠤ᠂ ᠭᠠᠷᠤᠯᠲᠠ ᠶᠢ ᠤᠷᠢᠳᠴᠢᠯᠠᠨ ᠬᠥᠯᠳᠡᠭᠡᠬᠦ᠂ ᠢᠯᠭᠠᠨ ᠰᠠᠯᠭᠠᠵᠤ ᠪᠣᠭᠤᠳᠠᠯᠯᠠᠬᠤ᠂ ᠡᠳ᠋ ᠪᠠᠷᠠᠭ᠎ᠠ ᠶᠢ ᠬᠥᠮᠥᠷᠭᠡᠯᠡᠨ ᠬᠠᠳᠠᠭᠠᠯᠠᠬᠤ᠂ ᠬᠥᠯᠳᠡᠭᠡᠵᠦ ᠬᠡᠯᠬᠢᠶᠡᠵᠢᠭᠦᠯᠦᠨ ᠲᠡᠭᠡᠭᠡᠪᠦᠷᠢᠯᠡᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠢ ᠪᠡᠶᠡᠯᠡᠭᠦᠯᠵᠦ ᠪᠤᠢ᠃     ᠮᠠᠨ ᠤ ᠬᠤᠰᠢᠭᠤᠨ ᠤ ᠰᠦᠯᠵᠢᠶᠡᠨ ᠤᠳᠤ ᠵᠢᠴᠢ  ︽ᠮᠠᠯᠴᠢᠨ ᠤ ᠳᠤᠷᠠᠰᠤᠮᠵᠢ︾᠂  ︽ᠮᠣᠩᠭᠤᠯ ᠢᠳᠡᠭᠡᠨ ᠤ ᠴᠤᠭᠯᠠᠭᠤᠯᠭ᠎ᠠ︾᠂  ︽ᠨᠣᠮᠢᠨ ᠳᠡᠯᠡᠬᠡᠢ︾᠂ ︽ᠬᠠᠴᠢᠨ ᠴᠢᠯᠠᠭᠤᠨ ᠤ ᠣᠷᠳᠣᠨ︾᠂  ︽ᠰᠣᠯᠢᠷ ᠤᠳᠤ︾ ᠵᠡᠷᠭᠡ ᠲᠡᠯᠭᠡᠭᠦᠷ ᠤᠨ ᠭᠠᠵᠠᠷ ᠣᠷᠣᠨ ᠤ ᠪᠦᠲᠦᠭᠡᠭᠳᠡᠬᠦᠨ ᠨᠢ ᠲᠢᠺ ᠲᠤᠺ᠂ ᠬᠤᠷᠳᠤᠨ ᠭᠠᠷ ᠵᠡᠷᠭᠡ ᠲᠠᠪᠴᠠᠩ ᠢᠶᠠᠷ ᠳᠡᠮᠵᠢᠨ᠂ ᠰᠢᠭᠤᠳ ᠨᠡᠪᠲᠡᠷᠡᠭᠦᠯᠬᠦ᠂ ᠬᠤᠷᠰᠢᠯᠴᠠᠬᠤ ᠵᠡᠷᠭᠡ ᠬᠡᠯᠪᠡᠷᠢ ᠪᠠᠷ ᠠᠪᠠᠭ᠎ᠠ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠣᠨᠴᠠ ᠭᠠᠷᠤᠯᠲᠠ ᠶᠢᠨ ᠬᠥᠭᠵᠢᠯᠲᠡ ᠶᠢᠨ ᠪᠥᠬᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠰᠢᠭᠤᠳ ᠨᠡᠪᠲᠡᠷᠡᠭᠦᠯᠭᠡ ᠨᠢ ᠨᠡᠶᠢᠲᠡ 23 ᠲᠦᠮᠡᠨ ᠬᠥᠮᠦᠨ ᠤᠳᠠᠭ᠎ᠠ ᠳᠤ ᠬᠦᠷᠴᠦ᠂ ᠪᠣᠷᠣᠯᠠᠭᠤᠯᠭ᠎ᠠ ᠶᠢᠨ ᠬᠠᠭᠤᠳᠠᠰᠤ ᠨᠡᠶᠢᠲᠡ 173 ᠬᠠᠭᠤᠳᠠᠰᠤ ᠪᠠᠶᠢᠵᠤ᠂ ᠰᠢᠭᠤᠳ ᠨᠡᠪᠲᠡᠷᠡᠭᠦᠯᠦᠭᠰᠡᠨ ᠪᠣᠷᠣᠯᠠᠭᠤᠯᠭ᠎ᠠ ᠶᠢᠨ ᠵᠣᠭᠤᠰ ᠤᠨ ᠲᠤᠭ᠎ᠠ ᠨᠡᠶᠢᠲᠡ 14 ᠲᠦᠮᠡᠨ ᠲᠥᠭᠦᠷᠢᠭ ᠲᠤ ᠬᠦᠷᠴᠦ᠂ ︽ᠡᠯᠧᠺᠲᠷᠣᠨ ᠬᠤᠳᠠᠯᠳᠤᠭ᠎ᠠ +  ᠢᠨᠲ᠋ᠧᠷ ᠰᠦᠯᠵᠢᠶ᠎ᠡ︾᠎ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠬᠦ ᠪᠠᠷ ᠳᠠᠮᠵᠢᠭᠤᠯᠤᠨ᠂ ᠡᠯᠧᠺᠲᠷᠣᠨ ᠬᠤᠳᠠᠯᠳᠤᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠪᠣᠢ᠃  ᠮᠠᠨ ᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠨᠢ ᠮᠠᠨ ᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ᠂ ᠦᠢᠯᠡᠴᠢᠯᠡᠭᠡᠨ ᠤ ᠴᠤᠭᠯᠠᠷᠠᠯ ᠤᠨ ᠣᠷᠣᠨ᠂ ᠲᠥᠷᠥ ᠶᠢᠨ ᠪᠣᠳᠣᠯᠭ᠎ᠠ ᠶᠢᠨ ᠵᠣᠯᠭᠠᠯᠲᠠ ᠶᠢᠨ ᠣᠷᠣᠨ ᠪᠣᠯᠤᠭᠰᠠᠨ ᠤ ᠬᠤᠪᠢ ᠳᠤ᠂ ᠪᠥᠬᠦ ᠬᠤᠰᠢᠭᠤᠨ ᠤ ᠲᠡᠷᠢᠭᠦᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠴᠢᠷᠮᠠᠶᠢᠨ ᠪᠠᠶᠢᠭᠤᠯᠵᠤ᠂ ᠦᠢᠯᠡᠴᠢᠯᠡᠭᠡᠨ ᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ︽ ᠡᠯᠧᠺᠲᠷᠣᠨ ᠬᠤᠳᠠᠯᠳᠤᠭ᠎ᠠ + ᠢᠨᠲ᠋ᠧᠷ ᠰᠦᠯᠵᠢᠶ᠎ᠡ︾᠎ ᠪᠠᠷ ᠤᠯᠠᠮᠵᠢᠯᠠᠯᠲᠤ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠠᠶᠢᠴᠢᠯᠠᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号