ᠵᠠᠰᠠᠭ ᠤᠨ ᠶᠠᠪᠤᠳᠠᠯ ᠤᠨ ᠰᠤᠷᠪᠣᠯᠵᠢᠯᠠᠭ᠎ᠠ ︽ᠲᠥᠷᠪᠡ ᠶᠢ ᠭᠦᠢᠴᠡᠳᠭᠡᠬᠦ︾ ︵ᠲᠦᠷᠦ ᠶᠢᠨ ᠪᠣᠳᠣᠯᠭ᠎ᠠ ᠶᠢᠨ ᠲᠠᠶᠢᠯᠦᠮᠵᠢ ᠶᠢᠨ ᠶᠢᠨ ᠲᠤᠬᠠᠢ ᠰᠤᠷᠪᠣᠯᠵᠢᠯᠠᠭ᠎ᠠ︶
ᠨᠡᠶᠢᠲᠡᠯᠡᠭᠰᠡᠨ ᠴᠠᠭ᠄
2021/12/13
      ᠤᠶᠢᠷ᠎ᠡ ᠳᠤ᠂ ᠠᠪᠠᠭ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠳᠠᠷᠤᠭ᠎ᠠ ᠴᠢ ᠵᠢᠩ ᠵᠢᠩ ᠣᠷᠢᠯᠠᠭ᠎ᠠ ᠪᠠᠷ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠤᠷᠪᠤᠯᠵᠢᠯᠠᠭ᠎ᠠ ᠳᠤ ᠤᠷᠤᠯᠴᠠᠵᠤ᠂ ᠰᠤᠷᠪᠣᠯᠵᠢᠯᠠᠭ᠎ᠠ ᠲᠤᠮᠳᠠ᠂ ᠮᠠᠨ ᠤ ᠬᠤᠰᠢᠭᠤᠨ ᠤ ᠤᠳᠤᠬᠠᠨ ᠤ ︽ᠲᠥᠷᠪᠡ ᠶᠢ ᠭᠦᠢᠴᠡᠳᠭᠡᠬᠦ︾ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠣᠯᠠᠨ ᠳᠤ ᠲᠠᠨᠢᠯᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠲᠡᠭᠡᠷ᠎ᠡ ᠭᠦᠢᠴᠡᠳᠭᠡᠬᠦ᠂ ᠨᠢᠭᠡᠯᠡ ᠣᠳᠠᠭ᠎ᠠ ᠳᠤ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ︾᠎ ᠪᠠᠷ ᠭᠠᠷᠳᠠᠴᠠ ᠪᠣᠯᠭᠠᠵᠤ᠂ ᠬᠠᠯᠭᠤᠨ ᠲᠤᠳᠤᠨᠤ ᠣᠪᠤᠷ ᠢᠶᠠᠷ ᠦᠢᠯᠡᠴᠢᠯᠡᠵᠦ᠂ ᠲᠠᠷᠤᠢ ᠲᠥᠷᠭᠡᠨ ᠭᠦᠢᠴᠡᠳᠭᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠪᠦᠬᠦ ᠬᠦᠴᠦᠨ ᠢᠶᠠᠷ ᠴᠤᠭᠴᠠᠯᠠᠵᠤ᠂ ᠪᠦᠬᠦ ᠬᠤᠰᠢᠭᠤᠨ ᠤ ᠡᠵᠡᠩᠨᠡᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠠᠬᠢᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠢ ᠭᠦᠨᠵᠡᠭᠡᠶᠢᠷᠡᠭᠦᠯᠦᠨ ᠪᠣᠳᠠᠳᠠᠶᠢᠵᠢᠭᠤᠯᠬᠤ ᠶᠢ ᠠᠬᠢᠭᠤᠯᠪᠠ᠃       ︽ᠮᠦᠩᠬᠡ ᠰᠤᠪᠠᠭ᠂ ᠨᠢᠭᠡ ᠰᠦᠯᠵᠢᠶ᠎ᠡ ᠪᠠᠷ ᠭᠦᠢᠴᠡᠳᠭᠡᠬᠦ︾ ᠠᠵᠤ ᠠᠬᠤᠶᠢᠯᠠᠯ ᠪᠠ ᠣᠯᠠᠨ ᠲᠥᠮᠡᠨ ᠤ ᠣᠴᠢᠷ ᠶᠠᠪᠤᠳᠠᠯ ᠢ ᠭᠦᠢᠴᠡᠳᠭᠡᠬᠦ ᠢ ︽ᠣᠯᠠᠨ ᠰᠠᠯᠠᠭ᠎ᠠ ᠮᠦᠴᠢᠷ︾᠎ ᠠᠴᠠ ︽ᠨᠢᠭᠡ ᠰᠠᠯᠠᠭ᠎ᠠ ᠮᠦᠴᠢᠷ︾᠎ ᠲᠤ ᠭᠦᠢᠴᠡᠳᠭᠡᠬᠦ᠂ ︽ᠣᠯᠠᠨ ᠴᠤᠩᠬᠤᠪᠴᠢ︾᠎ ᠠᠴᠠ ︽ᠨᠢᠭᠡ ᠴᠣᠩᠬᠤᠪᠴᠢ︾ ᠲᠡᠰᠢ ᠬᠤᠪᠢᠷᠠᠭᠤᠯᠬᠤ ᠶᠢ ᠪᠡᠶᠡᠯᠡᠭᠦᠯᠦᠨ᠂ ︽ᠰᠠᠯᠠᠭ᠎ᠠ ᠮᠦᠴᠢᠷ ᠭᠦᠢᠴᠡᠳᠭᠡᠬᠦ︾᠎ ᠠᠴᠠ ︽ᠵᠠᠰᠠᠭ ᠤᠨ ᠤᠷᠳᠤᠨ ᠭᠦᠢᠴᠡᠳᠭᠡᠬᠦ︾ ᠲᠡᠰᠢ ᠬᠤᠪᠢᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠲᠡᠭᠡᠷ᠎ᠡ ᠭᠦᠢᠴᠡᠳᠭᠡᠵᠦ ᠪᠣᠯᠬᠤ᠂ ᠰᠦᠯᠵᠢᠶᠡᠨ ᠲᠡᠭᠡᠷ᠎ᠡ ᠠᠮᠠᠷᠬᠠᠨ ᠭᠦᠢᠴᠡᠳᠭᠡᠬᠦ᠂ ᠰᠦᠯᠵᠢᠶᠡᠨ ᠲᠡᠭᠡᠷ᠎ᠡ ᠦᠷ᠎ᠡ ᠪᠦᠳᠦᠮᠵᠢ ᠲᠠᠢ ᠭᠦᠢᠴᠡᠳᠭᠡᠬᠦ ᠶᠢ ᠪᠡᠶᠡᠯᠡᠭᠦᠯᠦᠨ᠂ ︽ᠲᠤᠭ᠎ᠠ ᠪᠠᠷᠢᠮᠲᠠ ᠶᠢ ᠳᠠᠮᠵᠢᠭᠤᠯᠤᠨ᠂ ᠠᠵᠤ ᠠᠬᠤᠶᠢᠯᠠᠯ ᠣᠯᠠᠨ ᠲᠥᠮᠡᠨ ᠢ ᠪᠠᠭ᠎ᠠ ᠭᠦᠶᠦᠯᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠷᠴᠢᠨ ᠢ ᠴᠤᠭᠴᠠᠯᠠᠨ᠎ᠠ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠴᠢᠷ ᠢ ᠬᠦᠯᠢᠶᠡᠨ ᠠᠪᠬᠤ᠂ ᠡᠮᠬᠢᠯᠡᠬᠦ᠂ ᠰᠢᠯᠢᠳᠡᠭᠵᠢᠭᠦᠯᠬᠦ ᠬᠢᠨᠠᠨ ᠵᠦᠪᠰᠢᠶᠡᠷᠡᠯ ᠤᠨ ᠶᠠᠪᠤᠳᠠᠯ ᠢ ᠴᠢᠩᠭᠠᠳᠬᠠᠵᠤ᠂ ᠮᠠᠲ᠋ᠧᠷᠢᠶᠠᠯ ᠢ ᠪᠠᠭᠠᠰᠬᠠᠵᠤ᠂ ᠭᠦᠢᠴᠡᠳᠭᠡᠯ ᠤᠨ ᠬᠤᠭᠤᠴᠠᠭ᠎ᠠ ᠶᠢ ᠪᠣᠭᠤᠨᠢᠰᠬᠠᠨ᠂ ᠣᠳᠣᠬᠠᠨ ᠪᠣᠯᠲᠠᠯ᠎ᠠ ᠲᠠᠪᠴᠠᠩ ᠢᠶᠠᠷ ᠭᠦᠯᠢᠶᠡᠨ ᠠᠪᠤᠭᠰᠠᠨ ᠶᠠᠪᠤᠳᠠᠯ 1430 ᠲᠦᠷᠦᠯ ᠪᠠᠶᠢᠨ᠎ᠠ᠃ ᠡᠭᠦᠨ ᠳᠤ᠄ ᠬᠢᠨᠠᠨ ᠵᠦᠪᠰᠢᠶᠡᠷᠡᠯ ᠤᠨ ᠭᠦᠢᠴᠡᠳᠭᠡᠬᠦ ᠶᠠᠪᠤᠳᠠᠯ 837᠂ ᠣᠯᠠᠨ ᠨᠡᠶᠢᠲᠡ ᠶᠢᠨ ᠦᠢᠯᠡᠴᠢᠯᠡᠭᠡᠨ ᠤ ᠭᠦᠢᠴᠡᠳᠭᠡᠬᠦ ᠶᠠᠪᠤᠳᠠᠯ 593 ᠪᠣᠯᠣᠨ᠎ᠠ᠃ ᠬᠦᠯᠢᠶᠡᠨ ᠠᠪᠬᠤ᠂ ᠡᠮᠬᠢᠯᠡᠬᠦ᠂ ᠨᠡᠶᠢᠲᠡᠯᠡᠬᠦ ᠠᠵᠢᠯ ᠢ ᠪᠦᠬᠦᠨ ᠢ ᠭᠦᠢᠴᠡᠳᠭᠡᠨ᠂ ᠰᠦᠯᠵᠢᠶᠡᠨ ᠲᠡᠭᠡᠷ᠎ᠡ ᠭᠦᠢᠴᠡᠳᠭᠡᠭᠰᠡᠨ ᠨᠤᠷᠮ᠎ᠠ 94%᠂ ᠪᠦᠬᠦ ᠶᠠᠪᠤᠴᠠ ᠶᠢ ᠰᠦᠯᠵᠢᠶᠡᠨ ᠲᠡᠭᠡᠷ᠎ᠡ ᠭᠦᠢᠴᠡᠳᠭᠡᠭᠰᠡᠨ ᠨᠤᠷᠮ᠎ᠠ ᠨᠢ 64%᠎ ᠳᠤ ᠬᠦᠷᠴᠦ᠂ ᠶᠠᠪᠤᠳᠠᠯ ᠤᠴᠢᠷ ᠢ ᠡᠮᠬᠢᠯᠡᠨ ᠲᠢᠭᠯᠡᠭᠰᠡᠨ ᠨᠤᠷᠮ᠎ᠠ ᠨᠢ 42%᠎ ᠲᠤ ᠬᠦᠷᠦᠨ᠂ ᠡᠯᠧᠺᠲᠷᠦᠨ ᠭᠡᠷᠡᠴᠢ ᠦᠨᠡᠮᠯᠡᠯ ᠤᠨ ᠭᠡᠷᠡᠴᠢ ᠪᠠᠷᠢᠮᠲᠠ ᠶᠢ ᠰᠠᠶᠢᠳᠤᠷ ᠲᠢᠭᠯᠡᠨ᠂ ᠡᠯᠧᠺᠲᠷᠦᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠺᠤᠮᠫᠢᠥ᠋ᠲ᠋ᠧᠷ ᠲᠤ ᠤᠷᠤᠭᠤᠯᠬᠤ ᠠᠵᠢᠯ ᠢ ᠲᠦᠷᠭᠡᠳᠬᠡᠵᠦ᠂ ᠬᠢᠨᠠᠨ ᠵᠦᠪᠰᠢᠶᠡᠷᠡᠯ ᠤᠨ ᠰᠢᠰᠲ᠋ᠧᠮ ᠳᠤ ᠭᠡᠷᠡᠴᠢ ᠦᠨᠡᠮᠯᠡᠯ ᠤᠨ ᠬᠡᠷᠡᠭᠯᠡᠭᠡ ᠶᠢ ᠪᠠᠭᠠᠭᠰᠬᠠᠨ ᠭᠡᠯᠳᠦᠷᠢᠭᠦᠯᠵᠦ᠂ ᠠᠵᠤ ᠠᠬᠤᠶᠢᠯᠠᠯ ᠤᠯᠠᠨ ᠲᠥᠮᠡᠨ ᠳᠤ ᠲᠦᠭᠦᠮ ᠦᠵᠡᠭᠦᠯᠦᠨ᠂ ᠤᠳᠤᠬᠠᠨ ᠪᠣᠯᠲᠠᠯ᠎ᠠ ᠮᠠᠲ᠋ᠧᠷᠢᠶᠠᠯ ᠢ ᠪᠠᠭᠠᠭᠰᠬᠠᠭᠰᠠᠨ ᠵᠦᠢᠯ ᠨᠢ 220 ᠪᠠᠶᠢᠵᠤ᠂ ᠲᠠᠮᠠᠭ᠎ᠠ ᠲᠠᠢ ᠡᠯᠧᠺᠲᠷᠦᠨ ᠬᠡᠷᠡᠭᠴᠢ ᠦᠨᠡᠮᠯᠡᠯ 12091 ᠬᠠᠭᠤᠳᠠᠰᠤ ᠪᠣᠯᠪᠠ᠃       ︽ᠮᠦᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ︾ ︽ ᠮᠦᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ︾᠎ ᠶᠢ ᠠᠵᠤ ᠠᠬᠤᠶᠢᠯᠠᠯ ᠣᠯᠠᠨ ᠲᠥᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠵᠠᠰᠠᠭ ᠤᠨ ᠶᠠᠪᠤᠳᠠᠯ ᠦᠢᠯᠡᠴᠢᠯᠡᠭᠡᠨ ᠤ ︽ᠠᠯᠠᠭᠠᠨ ᠲᠡᠭᠡᠷ᠎ᠡ ᠭᠦᠢᠴᠡᠳᠭᠡᠬᠦ︾᠎ ᠨᠢ ᠪᠦᠬᠦ ᠲᠠᠯ᠎ᠠ ᠪᠠᠷ ᠲᠥᠯᠬᠢᠨ ᠠᠬᠢᠭᠤᠯᠵᠤ᠂ ︽ ᠨᠢᠭᠡ ᠳᠠᠪᠴᠠᠩ᠂ ᠣᠯᠠᠨ ᠠᠷᠭ᠎ᠠ ᠵᠠᠮ᠂ ᠦᠷᠭᠡᠨ ᠢᠶᠠᠷ ᠪᠦᠷᠬᠦᠭᠦᠯᠬᠦ︾ ᠰᠡᠳᠬᠢᠴᠡ ᠶᠤᠰᠣᠭᠠᠷ᠂ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠢᠶᠠᠷ ᠭᠤᠣᠯ ᠠᠷᠭ᠎ᠠ ᠪᠣᠯᠭᠠᠭᠰᠠᠨ ᠰᠢᠯᠵᠢᠮᠡᠯ ᠪᠢᠴᠢᠯ ᠵᠢᠵᠢᠭ ᠰᠤᠹᠲ᠂ ᠣᠯᠠᠨ ᠨᠠᠶᠢᠲᠡ ᠶᠢᠨ ᠳᠠᠪᠴᠠᠩ ᠵᠡᠷᠭᠡ ᠣᠯᠠᠨ ᠠᠷᠭ᠎ᠠ ᠵᠠᠮ ᠢ ᠬᠠᠮᠲᠤ ᠳᠤᠨᠢ ᠬᠡᠷᠡᠭᠯᠡᠭᠰᠡᠨ᠂ ᠨᠢᠭᠡᠳᠦᠯᠲᠡᠢ ᠂ ᠲᠥᠷᠢᠮᠵᠢᠭᠰᠡᠨ ︽ ᠮᠦᠩᠭᠡ ᠰᠣᠪᠠᠭ᠂ ᠠᠯᠠᠭᠠᠨ ᠲᠡᠭᠡᠷ᠎ᠡ ᠭᠦᠢᠴᠡᠳᠭᠡᠬᠦ︾ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠵᠤ᠂ ︽ ᠮᠦᠩᠭᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠢ ᠥᠷᠭᠡᠨ ᠣᠯᠠᠨ ᠲᠥᠮᠡᠨ ᠤ ᠦᠵᠡᠬᠦ ᠲᠤᠷᠠᠲᠠᠢ᠂ ︽ᠰᠣᠨᠢᠷᠬᠠᠯ ᠢ ᠲᠠᠲᠠᠭᠰᠠᠨ ᠬᠡᠷᠡᠭᠯᠡᠬᠦ ᠳᠤ ᠲᠥᠭᠦᠮ᠂ ᠲᠤᠷ᠎ᠠ ᠪᠠᠭ᠋ᠠᠲᠠᠢ᠂ ᠵᠠᠪᠠᠯ ᠠᠩᠬᠠᠷᠤᠨ ᠦᠵᠡᠬᠦ︾ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠠᠪᠴᠠᠩ ᠪᠣᠯᠭᠠᠨ ᠴᠤᠭᠴᠠᠯᠠᠨ᠎ᠠ᠃       ᠣᠳᠣᠬᠠᠨ ᠪᠣᠯᠲᠠᠯ᠎ᠠ ᠮᠠᠨ ᠤ ᠬᠤᠰᠢᠭᠤᠨ ᠳᠤ ᠳᠠᠩᠰᠠᠯᠠᠭᠤᠯᠤᠭᠰᠠᠨ ᠬᠡᠷᠡᠭᠯᠡᠭᠴᠢ 12000 ᠪᠠᠶᠢᠵᠤ᠂ ᠬᠡᠷᠡᠭᠯᠡᠭᠴᠢ ᠶᠢᠨ ᠪᠦᠷᠬᠦᠴᠡ ᠶᠢᠨ ᠨᠤᠷᠮ᠎ᠠ ᠨᠢ 30%᠎ ᠳᠤ ᠬᠦᠷᠪᠡ᠃ ᠮᠠᠨ ᠤ ᠬᠤᠰᠢᠭᠤᠨ ᠤ ᠣᠰᠤᠨ ᠤ ᠰᠦᠢᠳᠭᠡᠯ ᠲᠤᠰᠢᠶᠠᠵᠤ ᠬᠤᠷᠢᠶᠠᠬᠤ ᠪᠠ ᠡᠮᠨᠡᠯᠭᠡ ᠶᠢᠨ ᠳ᠋ᠤᠭᠠᠷ ᠠᠪᠬᠤ ᠵᠡᠷᠭᠡ 2 ᠲᠦᠷᠦᠯ ᠤᠨ ᠦᠨᠳᠦᠷ ᠳᠠᠪᠲᠠᠮᠵᠢᠲᠤ ᠬᠡᠷᠡᠭᠯᠡᠭᠡᠨ ᠤ ᠰᠤᠹᠲ ᠶᠢ ︽ ᠮᠦᠩᠬᠡ ᠰᠣᠪᠠᠭ︾᠎ ᠲᠤ ᠤᠷᠤᠭᠤᠯᠵᠤ᠂ ᠬᠤᠶᠠᠷ ᠳᠣᠯᠠᠭᠠᠯᠠᠯᠭ᠎ᠠ ᠬᠠᠩᠭᠠᠬᠤ ᠠᠵᠤ ᠠᠬᠤᠶᠢᠯᠠᠯ ᠨᠢ ᠶᠠᠭ ᠳᠤᠯᠠᠭᠠᠯᠠᠯᠭ᠎ᠠ ᠶᠢᠨ ᠰᠦᠢᠳᠭᠡᠯ ᠲᠤᠰᠢᠶᠠᠵᠤ ᠬᠤᠷᠢᠶᠠᠬᠤ ᠠᠵᠢᠯ ᠢ ︽ᠮᠦᠩᠭᠡ ᠰᠤᠪᠠᠭ ᠲᠤ ᠤᠷᠤᠭᠤᠯᠬᠤ ᠠᠵᠢᠯ ᠢ ᠲᠥᠯᠬᠢᠨ ᠠᠬᠢᠭᠤᠯᠵᠤ᠂ 8 ᠰᠠᠷ᠎ᠠ ᠶᠢᠨ ᠰᠡᠭᠦᠯᠴᠢ ᠠᠴᠠ ᠡᠬᠢᠯᠡᠨ ᠬᠡᠷᠡᠭᠯᠡᠭᠡᠨ ᠳᠤ ᠤᠷᠤᠭᠤᠯᠤᠭᠰᠠᠨ ᠪᠠᠶᠢᠨ᠎ᠠ᠃       ︽ᠮᠦᠩᠭᠡ ᠰᠤᠪᠠᠭ᠂ ᠨᠢᠭᠡᠯᠡ ᠣᠳᠠᠭ᠎ᠠ ᠭᠦᠢᠴᠡᠳᠭᠡᠬᠦ︾ ︽ᠨᠢᠭᠡᠯᠡ ᠣᠳᠠᠭ᠎ᠠ ᠳᠤ ᠭᠦᠢᠴᠡᠳᠭᠡᠬᠦ︾ ᠭᠡᠳᠡᠭ ᠨᠢ ︽ᠨᠢᠭᠡ ᠣᠴᠢᠷ ᠢ ᠨᠢᠭᠡᠯᠡ ᠣᠳᠠᠭ᠎ᠠ ᠳᠤ ᠭᠦᠢᠴᠡᠳᠭᠡᠬᠦ︾᠎ ᠶᠢ ᠵᠢᠭᠠᠵᠤ ᠪᠠᠶᠢᠨ᠎ᠠ᠃ ᠠᠵᠤ ᠠᠬᠤᠶᠢᠯᠠᠯ ᠪᠠ ᠣᠯᠠᠨ ᠲᠥᠮᠡᠨ ᠤ ᠤᠴᠢᠷ ᠶᠠᠪᠤᠳᠠᠯ ᠢ ᠭᠦᠢᠴᠡᠳᠭᠡᠬᠦ ᠳᠤ ᠪᠠᠨ ᠣᠯᠠᠨ ᠰᠠᠯᠠᠭ᠎ᠠ ᠮᠦᠴᠢᠷ᠂ ᠣᠯᠠᠨ ᠭᠤᠭᠴᠤᠭ᠎ᠠ ᠳᠠᠮᠵᠢᠨ ᠭᠦᠢᠴᠡᠳᠭᠡᠬᠦ ᠶᠢ ᠣᠯᠠᠨ ᠭᠤᠭᠴᠤᠭ᠎ᠠ ᠶᠢ ᠨᠢᠭᠡᠳᠭᠡᠬᠦ᠂ ᠲᠡᠰ ᠲᠡᠷᠡᠮ ᠢ ᠰᠢᠯᠢᠳᠡᠭᠵᠢᠭᠦᠯᠬᠦ ᠪᠠᠷ ᠳᠠᠮᠵᠢᠨ ᠠᠵᠤ ᠠᠬᠤᠶᠢᠯᠠᠯ ᠪᠠ ᠣᠯᠠᠨ ᠲᠥᠮᠡᠨ ᠳᠤ ᠲᠦᠭᠦᠮ ᠦᠵᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠶᠠᠪᠤᠳᠠᠯ ᠤᠨ ᠬᠢᠨᠠᠨ ᠵᠦᠪᠰᠢᠶᠡᠷᠡᠯ︾᠎ ᠠᠴᠠ ᠠᠵᠤ ᠠᠬᠤᠶᠢᠯᠠᠯ ᠪᠠ ᠣᠯᠠᠨ ᠲᠥᠮᠡᠨ ᠳᠤ ᠦᠢᠯᠡᠴᠢᠯᠡᠬᠦ ︽ᠨᠢᠭᠡ ᠶᠠᠪᠤᠳᠠᠯ︾ ᠪᠣᠯᠭᠠᠨ ᠦᠢᠯᠡᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠮᠦᠩᠭᠡ ᠰᠤᠪᠠᠭ᠂ ᠨᠢᠭᠡᠯᠡ ᠣᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠴᠣᠩᠬᠤᠪᠴᠢ ᠪᠠ ᠲᠦᠷᠦ ᠶᠢᠨ ᠪᠣᠳᠣᠯᠭ᠎ᠠ ᠶᠢᠨ ᠯᠠᠪᠯᠠᠯᠲᠠ ᠶᠢᠨ ᠴᠤᠩᠬᠤᠪᠴᠢ ᠶᠢ ᠲᠤᠬᠢᠷᠠᠭᠤᠯᠵᠤ᠂ ︽ᠠᠪᠠᠭ᠎ᠠ ᠬᠤᠰᠢᠭᠤᠨ ᠤ ︿ᠮᠦᠩᠭᠡ ᠰᠣᠪᠠᠭ᠂ ᠨᠢᠭᠡᠯᠡ ᠣᠳᠠᠭ᠎ᠠ ᠳᠤ ᠭᠦᠢᠴᠡᠳᠭᠡᠬᠦ﹀᠎ ᠶᠢ ᠪᠦᠬᠦ ᠲᠠᠯ᠎ᠠ ᠪᠠᠷ ᠲᠥᠯᠬᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠦᠰᠦᠯ︾᠎ ᠢ ᠲᠤᠭᠲᠠᠭᠠᠨ᠂ ︽ᠨᠢᠭᠡᠯᠡ ᠲᠡᠭᠡᠷ᠎ᠡ ᠮᠡᠳᠡᠭᠳᠡᠬᠦ᠂ ᠨᠢᠭᠡ ᠢᠵᠢ ᠨᠠᠷᠢᠨ ᠪᠦᠷᠢᠳᠭᠡᠯ᠂ ᠨᠢᠭᠡᠯᠡ ᠣᠳᠠᠭ᠎ᠠ ᠳᠤ ᠬᠠᠮᠳᠤᠷᠠᠨ ᠭᠦᠢᠴᠡᠳᠭᠡᠬᠦ ᠂ ᠨᠢᠭᠡᠯᠡ ᠣᠳᠠᠭ᠎ᠠ ᠳᠤ ᠭᠦᠢᠴᠡᠳᠭᠡᠬᠦ᠂ ᠨᠢᠭᠡ ᠴᠤᠩᠬᠤ ᠪᠠᠷ ᠦᠨᠡᠮᠯᠡᠯ ᠲᠠᠷᠬᠠᠭᠠᠬᠤ︾᠎ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠲᠡᠭᠡᠷ᠎ᠡ 103 ᠲᠦᠷᠦᠯ ᠤᠨ ᠨᠢᠭᠡᠯᠡ ᠣᠳᠠᠭ᠎ᠠ ᠳᠤ ᠭᠦᠢᠴᠡᠳᠭᠡᠬᠦ ᠦᠢᠯᠡᠴᠢᠯᠡᠭᠡᠨ ᠤ ᠠᠭᠤᠯᠭ᠎ᠠ ᠶᠢ ᠨᠠᠶᠢᠲᠡᠯᠡᠵᠦ᠂ ᠣᠳᠣᠬᠠᠨ ᠪᠣᠯᠲᠠᠯ᠎ᠠ 876 ᠲᠦᠷᠦᠯ ᠢ ᠨᠢᠭᠡᠯᠡ ᠣᠳᠠᠭ᠎ᠠ ᠳᠤ ᠭᠦᠢᠴᠡᠳᠭᠡᠪᠡ᠃ ︽ᠮᠦᠩᠭᠡ ᠰᠤᠪᠠᠭ᠂ ᠲᠠᠨ ᠢ ᠬᠠᠪᠰᠤᠷᠤᠨ ᠭᠦᠢᠴᠡᠳᠭᠡᠬᠦ︾ ︽ᠮᠦᠩᠭᠡ ᠰᠤᠪᠠᠭ᠂ ᠲᠠᠨ ᠢ ᠬᠠᠪᠰᠤᠷᠤᠨ ᠭᠦᠢᠴᠡᠳᠭᠡᠬᠦ︾ ᠪᠣᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠲᠤ ᠲᠦᠰᠢᠭᠯᠡᠨ᠂ ᠤᠷᠤᠯᠠᠨ ᠭᠦᠢᠴᠡᠳᠭᠡᠭᠴᠢ ᠠᠴᠠ ᠭᠤᠣᠯᠳᠠᠯᠭ᠎ᠠ ᠲᠠᠢ ᠲᠦᠷᠦᠯ ᠵᠦᠢᠯ ᠭᠤᠶᠤᠴᠢᠯᠠᠭᠴᠢ ᠳᠤ ᠲᠦᠷᠦ ᠶᠢᠨ ᠪᠣᠳᠣᠯᠭ᠎ᠠ ᠶᠢᠨ ᠯᠠᠪᠯᠠᠯᠭ᠎ᠠ᠂ ᠵᠤᠬᠢᠴᠠᠭᠤᠯᠤᠨ ᠠᠬᠢᠭᠤᠯᠬᠤ᠂ ᠵᠤᠬᠢᠴᠠᠭᠤᠯᠤᠨ ᠭᠦᠢᠴᠡᠳᠭᠡᠬᠦ᠂ ᠬᠠᠪᠰᠤᠷᠤᠨ ᠭᠦᠢᠴᠡᠳᠭᠡᠬᠦ ᠵᠡᠷᠭᠡ ᠦᠨ᠎ᠡ ᠲᠥᠯᠦᠪᠤᠷᠢ ᠦᠭᠡᠢ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠳᠦᠮᠵᠢᠲᠡᠢ ᠬᠠᠩᠭᠠᠨ᠂ ᠬᠢᠨᠠᠨ ᠵᠦᠪᠰᠢᠶᠡᠷᠡᠯ ᠤᠨ ᠲᠡᠰ ᠲᠡᠷᠡᠮ ᠢ ᠰᠢᠯᠢᠳᠡᠭᠵᠢᠭᠦᠯᠵᠦ᠂ ︽ᠠᠵᠤ ᠠᠬᠤᠶᠢᠯᠠᠯ ᠭᠦᠢᠴᠡᠳᠭᠡᠬᠦ︾᠎ ᠠᠴᠠ ︽ᠵᠠᠰᠠᠭ ᠤᠨ ᠤᠷᠳᠤᠨ ᠭᠦᠢᠴᠡᠳᠭᠡᠬᠦ︾ ᠲᠡᠰᠢ ᠬᠤᠪᠢᠷᠠᠭᠤᠯᠤᠨ᠂ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠲᠦᠷᠦᠯ ᠵᠦᠢᠯ ᠢ ᠡᠷᠳᠡᠬᠡᠨ ᠲᠤᠭᠲᠠᠭᠠᠵᠤ᠂ ᠡᠷᠳᠡᠬᠡᠨ ᠠᠵᠢᠯ ᠡᠬᠢᠯᠡᠭᠦᠯᠵᠦ᠂ ᠡᠷᠲᠡ ᠠᠴᠠ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠎ᠠ᠃        ᠬᠤᠰᠢᠭᠤ ᠲᠡᠰ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠬᠤᠶᠠᠳᠤᠭᠠᠷ ᠳᠠᠪᠬᠤᠷᠭ᠎ᠠ ᠳᠤ ︽ᠮᠦᠩᠭᠡ ᠰᠣᠪᠠᠭ᠂ ᠲᠠᠨ ᠢ ᠬᠠᠪᠰᠤᠷᠤᠨ ᠭᠦᠢᠴᠡᠳᠭᠡᠬᠦ︾ ᠴᠤᠩᠬᠤᠪᠴᠢ ᠭᠠᠷᠭᠠᠵᠤ᠂ ᠲᠤᠰᠬᠠᠢ ᠠᠵᠢᠯᠲᠠᠨ ᠠᠴᠠ ᠠᠵᠤ ᠠᠬᠤᠶᠢᠯᠠᠯ ᠳᠤ ᠯᠠᠪᠯᠠᠯᠲᠠ ᠬᠠᠩᠭᠠᠬᠤ᠂ ᠵᠢᠯᠤᠭᠤᠳᠤᠨ ᠭᠦᠢᠴᠡᠳᠭᠡᠬᠦ᠂ ᠤᠷᠤᠯᠠᠨ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ ᠵᠡᠷᠭᠡ ᠦᠢᠯᠡᠴᠢᠯᠡᠭᠡ ᠬᠠᠩᠭᠠᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠨ ᠢᠶᠠᠷ ᠪᠦᠷᠢᠯᠳᠦᠭᠰᠡᠨ ︽ᠲᠠᠨ ᠢ ᠬᠠᠪᠰᠤᠷᠤᠨ ᠭᠦᠢᠴᠡᠳᠭᠡᠬᠦ ᠠᠵᠢᠯ ᠤᠨ ᠡᠩᠨᠡᠭᠡ︾᠎ ᠶᠢ ᠪᠠᠶᠢᠭᠤᠯᠵᠤ᠂ ᠲᠠᠨ ᠢ ᠬᠠᠪᠰᠤᠷᠤᠨ ᠭᠦᠢᠴᠡᠳᠭᠡᠬᠦ ᠠᠵᠢᠯ ᠲᠦᠷᠦᠯ ᠪᠠ ᠬᠠᠮᠢᠶ᠎ᠠ ᠪᠦᠬᠦᠢ ᠭᠠᠷᠳᠠᠮ ᠢ ᠲᠤᠭᠲᠠᠭᠠᠨ᠎ᠠ᠃ ᠤᠳᠤᠬᠠᠨ ᠪᠣᠯᠲᠠᠯ᠎ᠠ ︽ᠲᠠᠨ ᠢ ᠬᠠᠪᠰᠤᠷᠤᠨ ᠭᠦᠢᠴᠡᠳᠭᠡᠬᠦ︾ ᠶᠠᠪᠤᠳᠠᠯ 14᠎ ᠢ ᠭᠦᠢᠴᠡᠳᠭᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号